ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-07-03

    ᠠᠶᠤᠯ ᠦᠭᠡᠢ ᠦᠢ᠍ᠯᠡᠳᠪᠦᠷᠢᠯᠡᠯ᠎ᠤᠨ ᠬᠦᠨᠳᠦ ᠶᠡᠬᠡ ᠠᠶᠤᠯ ᠲᠦᠭᠰᠢᠭᠦᠷᠢ ᠪᠠ ᠡᠨᠳᠡᠯ᠎ᠤᠨ ᠲᠡᠯᠳᠠ ᠭᠡᠮ᠎ᠢ       ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ 《ᠭᠡᠷ᠎ᠤᠨ ᠬᠡᠷᠡᠭᠰᠡᠯ᠎ᠤᠨ ᠬᠡᠷᠡᠭᠯᠡᠭᠡ ᠵᠢ ᠠᠬᠢᠭᠤᠯᠬᠤ ᠲᠤᠬᠠᠢ ᠠᠷᠭ᠎ᠠ ᠬᠡᠮᠵᠢᠶ᠎ᠡ    ᠎ᠨᠦᠭᠦᠳ》᠎ᠢ ᠬᠢᠨᠠᠨ ᠵᠥᠪᠯᠡᠵᠦ ᠪᠠᠲᠤᠯᠠᠪᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠺᠣᠨᠰᠦ᠋ᠯ        ᠎ᠤᠨ ᠬᠠᠮᠠᠭ᠋ᠠᠯᠠᠯᠲᠠ ᠪᠠ ᠬᠠᠮᠵᠢᠯᠴᠠᠭ᠋ᠠᠨ᠎ᠤ ᠳᠦᠷᠢᠮ (ᠡᠬᠡ ᠨᠣᠣᠷᠠᠭ)》᠎ᠢ ᠬᠢᠨᠠᠨ ᠵᠥᠪᠯᠡᠵᠦ ᠪᠠᠲᠤᠯᠠᠪᠠ              《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠬᠡᠯ᠎ᠤᠨ       ᠬᠠᠤᠯᠢ (ᠵᠠᠰᠠᠪᠤᠷᠢ ᠣᠷᠣᠭᠤᠯᠤᠭᠰᠠᠨ ᠡᠬᠡ ᠨᠣᠣᠷᠠᠭ)》 ᠵᠢ ᠶᠠᠷᠢᠯᠴᠠᠪᠠ


      ᠰᠢᠨᠬᠤᠸᠠ ᠬᠣᠷᠢᠶᠠᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 29᠎ᠤ ᠡᠳᠦᠷ᠎ᠤᠨ ᠴᠠᠬᠢᠯᠭ᠋ᠠᠨ ᠮᠡᠳᠡᠭᠡ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 6 ᠳ᠋ᠤᠭ᠋ᠠᠷ ᠰᠠᠷ᠎ᠠ ᠵᠢᠨ 29᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠦᠨᠳᠦ ᠶᠡᠬᠡ ᠠᠶᠤᠯ ᠲᠦᠭᠰᠢᠭᠦᠷᠢ ᠪᠠ ᠡᠨᠳᠡᠯ᠎ᠤᠨ ᠲᠠᠯᠳᠠ ᠭᠡᠮ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ 《ᠭᠡᠷ᠎ᠤᠨ ᠬᠡᠷᠡᠭᠰᠡᠯ᠎ᠤᠨ ᠬᠡᠷᠡᠭᠯᠡᠭᠡ ᠵᠢ ᠠᠬᠢᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠬᠢᠨᠠᠨ ᠵᠥᠪᠯᠡᠵᠦ ᠪᠠᠲᠤᠯᠠᠪᠠ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠺᠣᠨᠰᠦ᠋ᠯ᠎ᠤᠨ ᠬᠠᠮᠠᠭ᠋ᠠᠯᠠᠯᠲᠠ ᠪᠠ ᠬᠠᠮᠵᠢᠯᠴᠠᠭ᠋ᠠᠨ᠎ᠤ ᠳᠦᠷᠢᠮ (ᠡᠬᠡ ᠨᠣᠣᠷᠠᠭ)》᠎ᠢ ᠬᠢᠨᠠᠨ ᠵᠥᠪᠯᠡᠵᠦ ᠪᠠᠲᠤᠯᠠᠪᠠ᠃    《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠬᠡᠯ᠎ᠤᠨ ᠬᠠᠤᠯᠢ (ᠵᠠᠰᠠᠪᠤᠷᠢ ᠣᠷᠣᠭᠤᠯᠤᠭᠰᠠᠨ ᠡᠬᠡ ᠨᠣᠣᠷᠠᠭ)》 ᠵᠢ ᠶᠠᠷᠢᠯᠴᠠᠪᠠ᠃
      ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠨᠢᠩᠰᠢᠶᠠ ᠵᠢᠨ ᠢᠷᠭ᠋ᠠᠢ ᠵᠢᠨ 《6 • 21》᠎ᠤ ᠣᠨᠴᠠ ᠬᠦᠨᠳᠦ ᠶᠡᠬᠡ ᠰᠢᠲᠠᠮᠠᠬᠠᠢ ᠬᠡᠢ ᠵᠢᠨ ᠳᠡᠯᠪᠡᠷᠡᠯᠲᠡ ᠵᠢᠨ ᠡᠨᠳᠡᠯ᠎ᠳᠤ ᠣᠯᠠᠨ ᠬᠥᠮᠥᠨ ᠰᠢᠷᠬᠠᠲᠤᠵᠤ᠂ ᠨᠡᠢ᠌ᠭᠡᠮ᠎ᠤᠨ ᠨᠥᠯᠥᠭᠡ ᠶᠡᠬᠡ᠂ ᠰᠤᠷᠭ᠋ᠠᠮᠵᠢ ᠲᠤᠢ᠌ᠯ᠎ᠤᠨ ᠭᠦᠨᠵᠡᠭᠡᠢ ᠪᠠᠢ᠌ᠨ᠎ᠠ᠃ ᠶᠡᠷᠦᠩᠬᠡᠢ ᠱᠦᠵᠢ ᠰᠢ ᠵᠢᠨ ᠫᠢᠩ ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠦᠨᠳᠦ ᠶᠡᠬᠡ ᠠᠶᠤᠯ ᠲᠦᠭᠰᠢᠭᠦᠷᠢ ᠪᠣᠯᠣᠨ ᠡᠨᠳᠡᠯ᠎ᠤᠨ ᠲᠠᠯᠳᠠ ᠭᠡᠮ ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ 《ᠴᠠᠭ ᠦᠷᠭᠦᠯᠵᠢ ᠰᠠᠨᠠᠭ᠋ᠠᠰᠢᠷᠠᠨ ᠵᠣᠪᠠᠨᠢᠬᠤ》 ᠬᠠᠷᠢᠭᠤᠴᠠᠯᠭ᠋ᠠᠲᠤ ᠰᠡᠳᠬᠢᠯᠭᠡ᠎ᠪᠠᠷ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠪᠣᠳᠠᠲᠠᠢ ᠪᠥᠭᠡᠳ ᠨᠠᠷᠢᠯᠢᠭ ᠠᠳᠬᠤᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠦᠨᠳᠦ ᠣᠨᠴᠠ ᠶᠡᠬᠡ ᠡᠨᠳᠡᠯ ᠭᠠᠷᠬᠤ ᠵᠢ ᠪᠦᠲᠦᠮᠵᠢᠲᠡᠶ ᠰᠡᠷᠭᠡᠢ᠌ᠯᠡᠵᠦ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠎ᠢ ᠪᠠᠲᠤᠯᠠᠬᠤ ᠬᠡᠷᠡᠭᠲᠡᠢ᠃ ᠭᠣᠣᠯ ᠵᠥᠷᠢᠴᠡᠯ᠎ᠢ ᠴᠢᠩᠭ᠎ᠠ ᠠᠳᠬᠤᠵᠤ᠂ ᠪᠡᠯᠡᠳᠬᠡᠮᠵᠢ ᠲᠥᠬᠦᠭᠡᠷᠦᠮᠵᠢ ᠵᠢᠨ ᠣᠷᠴᠢᠨ ᠲᠣᠭᠣᠷᠢᠨ᠎ᠤ 《ᠠᠯᠳᠠᠭ᠎ᠠ ᠳᠤᠲᠠᠭᠳᠠᠯ》᠎ᠢ ᠪᠠᠢ᠌ᠴᠠᠭ᠋ᠠᠬᠤ᠎ᠪᠠᠷ ᠪᠠᠷᠠᠬᠤ ᠦᠭᠡᠢ᠂ ᠨᠡᠩ ᠴᠤ᠌ ᠬᠥᠮᠥᠨ᠎ᠤ ᠬᠦᠴᠦᠨ ᠵᠦᠢ᠍ᠯ᠎ᠤᠨ 《ᠡᠮᠵᠡᠭ ᠲᠠᠯ᠎ᠠ》 ᠵᠢ ᠨᠥᠬᠥᠪᠦᠷᠢᠯᠡᠵᠦ᠂ ᠤᠯᠠᠨ ᠨᠡᠶ᠋ᠢᠲᠡ ᠵᠢᠨ ᠠᠮᠤᠷ ᠲᠦᠪᠰᠢᠨ᠎ᠤ ᠤᠬᠠᠮᠰᠠᠷ ᠪᠣᠯᠣᠨ ᠲᠤᠬᠠᠢ᠌ᠯᠠᠭᠰᠠᠨ ᠠᠵᠢᠯ ᠡᠷᠭᠢᠯᠡᠭᠰᠡᠳ᠎ᠤᠨ ᠠᠮᠤᠷ ᠲᠦᠪᠰᠢᠨ᠎ᠤ ᠬᠠᠷᠢᠭᠤᠴᠠᠯᠭ᠎ᠠ᠂ ᠠᠮᠤᠷ ᠲᠦᠪᠰᠢᠨ᠎ᠤ ᠤᠷ᠎ᠠ ᠴᠢᠳᠠᠪᠤᠷᠢ ᠵᠢᠨ ᠳᠡᠭᠡᠭᠰᠢᠯᠡᠯᠲᠡ ᠵᠢ ᠶᠡᠬᠡ᠎ᠪᠠᠷ ᠠᠬᠢᠭᠤᠯᠬᠤ ᠬᠡᠷᠡᠭᠲᠡᠢ᠃ ᠦᠩᠭᠡᠨ ᠲᠠᠯ᠎ᠠ ᠪᠠ ᠦᠨᠳᠦᠰᠦ᠎ᠠᠴᠠ᠎ᠨᠢ ᠵᠡᠷᠭᠡ᠎ᠪᠠᠷ ᠵᠠᠰᠠᠬᠤ ᠵᠢ ᠴᠢᠩᠭ᠋ᠠᠳᠬᠠᠵᠤ᠂ ᠰᠢᠲᠠᠮᠠᠬᠠᠢ ᠬᠡᠢ᠂ ᠪᠠᠷᠢᠯᠭ᠎ᠠ ᠵᠢᠨ ᠠᠵᠢᠯ᠂ ᠵᠠᠮ ᠲᠡᠭᠡᠭᠡᠪᠦᠷᠢ ᠵᠡᠷᠭᠡ ᠭᠣᠣᠯᠳᠠᠯᠭ᠎ᠠ᠎ᠲᠠᠢ ᠠᠵᠢᠯ ᠲᠦᠷᠦᠯ᠎ᠤᠨ ᠬᠦᠷᠢᠶᠡᠨ᠎ᠳᠤ ᠴᠢᠭᠯᠡᠭᠦᠯᠦᠨ᠂ ᠣᠳᠣᠬᠠᠨ᠎ᠤ ᠲᠣᠪᠣᠢ᠌ᠮ᠎ᠠ ᠠᠰᠠᠭᠤᠳᠠᠯ᠎ᠢ ᠱᠠᠯᠠᠪᠳᠠᠨ ᠰᠢᠢ᠍ᠳᠪᠦᠷᠢᠯᠡᠬᠦ ᠵᠢᠨ ᠬᠠᠮᠲᠤ᠂ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠡᠬᠢ ᠢᠷᠡᠯᠲᠡ᠎ᠠᠴᠠ᠎ᠨᠢ ᠪᠠᠭ᠋ᠠᠰᠬᠠᠵᠤ᠂ ᠲᠠᠯᠳᠠ ᠭᠡᠮ᠎ᠢ ᠪᠠᠢ᠌ᠩᠭᠤ ᠵᠠᠰᠠᠭᠰᠠᠨ ᠴᠦ᠍ ᠢᠮᠠᠭᠲᠠ ᠣᠷᠣᠰᠢᠬᠤ᠂ ᠡᠨᠳᠡᠯ᠎ᠢ ᠣᠯᠠᠨᠲᠠ ᠴᠠᠭ᠋ᠠᠵᠠᠯᠠᠪᠠᠴᠤ ᠠᠷᠢᠯᠭ᠋ᠠᠵᠤ ᠳᠡᠢ᠌ᠯᠬᠦ ᠦᠭᠡᠢ ᠠᠰᠠᠭᠤᠳᠠᠯ ᠎ᠠᠴᠠ ᠵᠠᠢ᠌ᠯᠠᠰᠬᠢᠬᠦ ᠬᠡᠷᠡᠭᠲᠡᠢ᠃ 《ᠨᠢᠭᠡ ᠶᠠᠪᠤᠳᠠᠯ》 ᠎ᠤᠨ ᠲᠣᠭᠣᠷᠢᠨ᠎ᠳᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶ᠎ᠠ ᠪᠦᠬᠦᠢ ᠬᠠᠷᠢᠭᠤᠴᠠᠯᠭ᠎ᠠ ᠵᠢ ᠪᠦᠬᠦ ᠬᠡᠯᠬᠢᠶ᠎ᠡ᠎ᠪᠠᠷ ᠲᠣᠳᠣᠷᠬᠠᠢ᠌ᠯᠠᠵᠤ᠂ ᠬᠤᠪᠢᠶᠠᠷᠢᠯᠠᠬᠤ ᠪᠠ ᠨᠠᠢ᠌ᠳᠠᠪᠤᠷᠢᠵᠢᠭᠤᠯᠵᠤ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠴᠢᠩᠭ᠎ᠠ᠂ ᠪᠣᠳᠠᠲᠠᠢ ᠪᠥᠭᠡᠳ ᠨᠠᠷᠢᠯᠢᠭ ᠠᠷᠭ᠎ᠠ ᠬᠡᠮᠵᠢᠶ᠎ᠡ ᠠᠪᠴᠤ᠂ ᠴᠢᠩᠭ᠎ᠠ ᠬᠢᠨᠠᠨ ᠬᠠᠮᠢᠶᠠᠷᠴᠤ᠂ ᠬᠠᠰᠢ ᠶᠠᠰᠢ ᠬᠠᠨᠳᠤᠬᠤ ᠦᠭᠡᠢ ᠪᠠᠢ᠌ᠵᠤ᠂ ᠬᠠᠤᠯᠢ ᠬᠡᠷᠡᠭᠵᠢᠭᠦᠯᠬᠦ᠎ᠳᠤ 《ᠠᠭᠤᠵᠢᠮ ᠰᠤᠯᠠ ᠵᠠᠳᠠᠭ᠋ᠠᠢ》 ᠪᠠᠢ᠌ᠬᠤ ᠵᠢ ᠡᠷᠡᠰ ᠬᠣᠷᠢᠭᠯᠠᠵᠤ᠂ ᠬᠠᠷᠢᠭᠤᠴᠠᠯᠭ᠎ᠠ ᠪᠣᠯᠣᠨ ᠳᠠᠷᠤᠯᠲᠠ ᠵᠢ ᠦᠨᠡᠨ ᠬᠦ᠌ ᠦᠨᠳᠦᠰᠦᠨ ᠱᠠᠲᠤᠨ᠎ᠳᠤ ᠬᠦᠷᠲᠡᠯ᠎ᠡ ᠨᠠᠢ᠌ᠳᠠᠪᠤᠷᠢᠵᠢᠭᠤᠯᠵᠤ᠂ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ᠎ᠳᠤ᠎ᠪᠠᠨ ᠠᠰᠠᠭᠤᠳᠠᠯ᠎ᠢ ᠢᠯᠡᠷᠡᠭᠦᠯᠦᠨ᠂ ᠠᠰᠠᠭᠤᠳᠠᠯ᠎ᠢ ᠰᠢᠢ᠍ᠳᠪᠦᠷᠢᠯᠡᠵᠦ᠂ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ ᠭᠡᠵᠡᠢ᠃
      ᠬᠤᠷᠠᠯ᠎ᠠᠴᠠ᠂ ᠭᠡᠷ᠎ᠤᠨ ᠬᠡᠷᠡᠭᠰᠡᠯ᠎ᠤᠨ ᠬᠡᠷᠡᠭᠯᠡᠭᠡ᠎ᠳᠤ ᠬᠣᠯᠪᠣᠭᠳᠠᠬᠤ ᠬᠦᠷᠢᠶ᠎ᠡ ᠬᠡᠪᠴᠢᠶ᠎ᠡ ᠣᠯᠠᠨ᠂ ᠳᠡᠭᠡᠳᠦ ᠳᠣᠣᠷᠠᠳᠤ ᠤᠷᠤᠰᠬᠠᠯ᠎ᠤᠨ ᠬᠡᠯᠬᠢᠶ᠎ᠡ ᠤᠷᠲᠤ᠂ ᠬᠡᠪᠴᠢᠶ᠎ᠡ ᠪᠠᠭᠲᠠᠭ᠋ᠠᠮᠵᠢ ᠶᠡᠬᠡ ᠪᠣᠯᠬᠣᠷ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠳᠠᠢ᠌ᠴᠢᠯᠠᠨ ᠬᠥᠭᠵᠢᠭᠡᠬᠦ᠎ᠨᠢ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠨᠡᠮᠡᠭᠳᠡᠯ ᠪᠠ ᠠᠵᠤ ᠠᠬᠤᠢ ᠵᠢᠨ ᠰᠡᠷᠭᠦᠯᠲᠡ ᠵᠢ ᠳᠠᠢ᠌ᠴᠢᠯᠠᠬᠤ᠎ᠳᠤ ᠠᠰᠢᠭᠲᠠᠢ ᠶᠤᠮ᠃ ᠲᠦᠷᠦ ᠵᠢᠨ ᠪᠣᠳᠣᠯᠭ᠎ᠠ ᠵᠢᠨ ᠬᠠᠮ ᠠᠷᠭ᠎ᠠ ᠬᠡᠮᠵᠢᠶ᠎ᠡ ᠵᠢ ᠰᠠᠢ᠌ᠲᠤᠷ ᠬᠡᠷᠡᠭᠯᠡᠵᠦ᠂ ᠭᠡᠷ᠎ᠤᠨ ᠬᠡᠷᠡᠭᠰᠡᠯ᠎ᠤᠨ ᠬᠡᠷᠡᠭᠯᠡᠭᠡ ᠵᠢ ᠠᠬᠢᠭᠤᠯᠬᠤ ᠲᠦᠷᠦ ᠵᠢᠨ ᠪᠣᠳᠣᠯᠭ᠎ᠠ ᠵᠢ ᠬᠠᠭᠤᠴᠢᠨ ᠰᠠᠭᠤᠭ᠋ᠠᠯᠢ ᠲᠣᠭᠣᠷᠢᠭ᠎ᠤᠨ ᠥᠭᠡᠷᠡᠴᠢᠯᠡᠯᠲᠡ᠂ ᠣᠷᠣᠨ ᠰᠠᠭᠤᠴᠠ ᠵᠢᠨ ᠨᠠᠰᠤᠵᠢᠯ ᠎ᠳᠤ ᠲᠣᠬᠢᠷᠠᠭᠰᠠᠨ ᠥᠭᠡᠷᠡᠴᠢᠯᠡᠯᠲᠡ᠂ ᠠᠷᠠᠳ᠎ᠲᠤ ᠲᠦᠬᠦᠮ ᠦᠵᠡᠭᠦᠯᠬᠦ ᠠᠮᠢᠳᠤᠷᠠᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠂ ᠬᠠᠶᠠᠭᠳᠠᠮᠠᠯ ᠬᠠᠭᠤᠴᠢᠨ ᠡᠳ᠋ ᠪᠣᠳᠠᠰ᠎ᠢ ᠬᠣᠷᠢᠶᠠᠨ ᠠᠪᠬᠤ ᠲᠣᠣᠷ ᠰᠦᠯᠵᠢᠶ᠎ᠡ ᠵᠢ ᠲᠡᠭᠦᠯᠳᠡᠷᠵᠢᠭᠦᠯᠬᠦ ᠵᠡᠷᠭᠡ ᠲᠦᠷᠦ ᠵᠢᠨ ᠪᠣᠳᠣᠯᠭ᠎ᠠ᠎ᠲᠠᠢ ᠵᠣᠯᠭ᠋ᠠᠭᠤᠯᠤᠨ ᠬᠠᠮᠵᠢᠯᠴᠠᠭᠤᠯᠬᠤ ᠪᠠ ᠬᠠᠮᠲᠤᠷᠠᠨ ᠬᠦᠴᠦᠯᠡᠵᠦ᠂ ᠬᠡᠷᠡᠭᠯᠡᠭᠡ ᠵᠢ ᠠᠬᠢᠭᠤᠯᠬᠤ ᠨᠡᠢ᠌ᠯᠡᠮᠡᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠬᠠᠩᠭ᠋ᠠᠯᠭ᠎ᠠ ᠵᠢᠨ ᠶᠠᠰᠤ ᠴᠢᠨᠠᠷ ᠪᠠ ᠬᠢᠷᠢ ᠲᠦᠪᠰᠢᠨ᠎ᠢ ᠳᠡᠭᠡᠭᠰᠢᠯᠡᠭᠦᠯᠵᠦ᠂ ᠠᠵᠤ ᠠᠬᠤᠢ᠌ᠯᠠᠯ᠎ᠤᠨ ᠨᠡᠩ ᠤᠯᠠᠨ ᠥᠪᠡᠷᠮᠢᠴᠡ ᠴᠢᠨᠠᠷᠲᠠᠢ᠂ ᠵᠠᠬᠢᠶᠠᠯᠠᠭ᠎ᠠ ᠵᠢᠨ ᠮᠠᠶᠢᠭ᠎ᠤᠨ ᠭᠡᠷ᠎ᠤᠨ ᠬᠡᠷᠡᠭᠰᠡᠯ᠎ᠤᠨ ᠲᠠᠸᠠᠷ ᠬᠠᠩᠭ᠋ᠠᠬᠤ ᠵᠢ ᠵᠣᠷᠢᠭᠵᠢᠭᠤᠯᠵᠤ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠬᠦᠰᠡᠯ ᠡᠷᠡᠮᠡᠯᠵᠡᠯ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠠᠮᠢᠳᠤᠷᠠᠯ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠭᠰᠠᠨ ᠪᠠᠢ᠌ᠨ᠎ᠠ᠃
      ᠬᠤᠷᠠᠯ᠎ᠠᠴᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠺᠣᠨᠰᠦ᠋ᠯ᠎ᠤᠨ ᠬᠠᠮᠠᠭ᠋ᠠᠯᠠᠯᠲᠠ ᠪᠠ ᠬᠠᠮᠵᠢᠯᠴᠠᠭ᠋ᠠᠨ᠎ᠤ ᠳᠦᠷᠢᠮ (ᠡᠬᠡ ᠨᠣᠣᠷᠠᠭ)》᠎ᠢ ᠬᠢᠨᠠᠨ ᠵᠥᠪᠯᠡᠵᠦ ᠪᠠᠲᠤᠯᠠᠪᠠ᠃ ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠭᠠᠳᠠᠭ᠋ᠠᠳᠤ᠎ᠳᠠᠬᠢ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠪᠣᠯᠣᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠭᠠᠳᠠᠭ᠋ᠠᠳᠤ᠎ᠳᠠᠬᠢ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ ᠲᠦᠷᠭᠡᠨ ᠪᠠᠢ᠌ᠭᠤᠯᠵᠤ᠂ ᠮᠠᠨ᠎ᠤ ᠤᠯᠤᠰ᠎ᠤᠨ ᠭᠠᠳᠠᠭ᠋ᠠᠳᠤ᠎ᠳᠤ ᠪᠠᠢ᠌ᠭ᠎ᠠ ᠠᠷᠠᠳ ᠢᠷᠭᠡᠨ᠂ ᠬᠠᠤᠯᠢ ᠵᠢᠨ ᠡᠷᠬᠡᠲᠡᠨ᠂ ᠬᠠᠤᠯᠢ ᠵᠢᠨ ᠡᠷᠬᠡᠲᠡᠨ᠎ᠤ ᠪᠤᠰᠤ ᠵᠣᠬᠢᠶᠠᠨ ᠪᠠᠢ᠌ᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠨᠡᠩ ᠰᠠᠢ᠌ᠲᠤᠷ ᠪᠠᠲᠤᠯᠠᠬᠤ ᠬᠡᠷᠡᠭᠲᠡᠢ ᠭᠡᠵᠡᠢ᠃
      ᠬᠤᠷᠠᠯ᠎ᠠᠴᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠬᠡᠯ᠎ᠤᠨ ᠬᠠᠤᠯᠢ (ᠵᠠᠰᠠᠪᠤᠷᠢ ᠣᠷᠣᠭᠤᠯᠤᠭᠰᠠᠨ ᠡᠬᠡ ᠨᠣᠣᠷᠠᠭ)》 ᠵᠢ ᠶᠠᠷᠢᠯᠴᠠᠨ ᠵᠠᠷᠴᠢᠮ ᠳᠡᠭᠡᠷ᠎ᠡ᠎ᠪᠠᠨ ᠪᠠᠲᠤᠯᠠᠵᠤ᠂ ᠵᠠᠰᠠᠪᠤᠷᠢ ᠣᠷᠣᠭᠤᠯᠤᠭᠰᠠᠨ ᠡᠬᠡ ᠨᠣᠣᠷᠠᠭ᠎ᠢ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠲᠣᠭᠲᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ᠎ᠤ ᠠᠵᠤ ᠠᠬᠤᠢ ᠵᠢᠨ ᠪᠠᠢ᠌ᠳᠠᠯ ᠪᠣᠯᠣᠨ ᠠᠵᠤ ᠠᠬᠤᠢ ᠵᠢᠨ ᠠᠵᠢᠯ᠎ᠢ ᠵᠠᠳᠠᠯᠤᠨ ᠰᠤᠳᠤᠯᠪᠠ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ
ᠯᠢ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠠᠢ
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠪᠠ ᠭᠠᠮᠰᠢᠭ᠎ᠤᠨ ᠳᠠᠷᠠᠭ᠋ᠠᠬᠢ ᠰᠡᠷᠭᠦᠭᠡᠵᠦ ᠳᠠᠭᠢᠨ ᠪᠦᠲᠦᠭᠡᠨ ᠪᠠᠢ᠌ᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ
ᠯᠢ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠶᠠᠳᠤᠭ᠋ᠠᠷ ᠪᠦᠬᠦᠳᠡ ᠬᠤᠷᠠᠯ᠎ᠢ ᠡᠷᠬᠢᠯᠡᠨ ᠬᠤᠷᠠᠯᠳᠤᠭᠤᠯᠪᠠ
 ᠰᠢ ᠵᠢᠨ ᠫᠢᠩ ᠰᠢᠨ᠎ᠡ ᠴᠠᠭ ᠦᠶ᠎ᠡ ᠵᠢᠨ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠵᠡᠭᠦᠨ ᠬᠤᠶ᠋ᠢᠲᠤ ᠣᠷᠣᠨ᠎ᠤ ᠴᠢᠬᠤᠯᠠ ᠡᠭᠦᠷᠭᠡ ᠵᠢ ᠪᠠᠲᠤ ᠡᠵᠡᠮᠳᠡᠵᠦ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
 
            