ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
 ᠰᠢ ᠵᠢᠨ ᠫᠢᠩ ᠰᠢᠨ᠎ᠡ ᠴᠠᠭ ᠦᠶ᠎ᠡ ᠵᠢᠨ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠵᠡᠭᠦᠨ ᠬᠤᠶ᠋ᠢᠲᠤ ᠣᠷᠣᠨ᠎ᠤ ᠴᠢᠬᠤᠯᠠ ᠡᠭᠦᠷᠭᠡ ᠵᠢ ᠪᠠᠲᠤ ᠡᠵᠡᠮᠳᠡᠵᠦ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠨᠡᠶ᠋ᠢᠲᠡᠯᠡᠭᠰᠡᠨ ᠴᠠᠭ᠄ 2023-09-13

    ᠰᠢᠨᠬᠤᠸᠠ ᠬᠤᠷᠢᠶ᠎ᠠ ᠵᠢᠨ ᠬᠠᠷᠪᠢᠨ᠎ᠤ 9 ᠰᠠᠷ᠎ᠠ ᠵᠢᠨ 9᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 7᠎ᠤ ᠦᠳᠡ ᠵᠢᠨ ᠬᠤᠶ᠋ᠢᠨ᠎ᠠ ᠬᠠᠷᠠᠮᠥ᠋ᠷᠡᠨ ᠮᠤᠵᠢ ᠵᠢᠨ ᠬᠠᠷᠪᠢᠨ ᠬᠤᠳᠠ᠎ᠳᠤ ᠰᠢᠨ᠎ᠡ ᠴᠠᠭ ᠦᠶ᠎ᠡ ᠵᠢᠨ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ ᠵᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠰᠢᠨ᠎ᠡ ᠰᠢᠪᠲᠤᠯᠤᠯᠲᠠ ᠵᠢ ᠪᠡᠶᠡᠯᠡᠭᠦᠯᠬᠦ ᠲᠤᠬᠠᠢ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠵᠡᠭᠦᠨ ᠬᠤᠶ᠋ᠢᠲᠤ ᠣᠷᠣᠨ᠎ᠤ ᠤᠯᠤᠰ᠎ᠤᠨ 《ᠲᠠᠪᠤᠨ ᠶᠡᠭᠡ ᠠᠮᠤᠷ ᠲᠦᠪᠰᠢᠨ》᠎ᠢ ᠬᠠᠮᠠᠭ᠋ᠠᠯᠠᠬᠤ ᠳᠤᠮᠳᠠᠬᠢ ᠴᠢᠬᠤᠯᠠ ᠡᠭᠦᠷᠭᠡ ᠵᠢ ᠪᠠᠲᠤ ᠡᠵᠡᠮᠳᠡᠵᠦ᠂ ᠴᠢᠨᠠᠷ ᠰᠠᠶ᠋ᠢᠲᠠᠢ ᠬᠥᠭᠵᠢᠭᠦᠯᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠪᠠ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠭᠡᠬᠦ ᠡᠨᠡ ᠬᠦ᠌ ᠪᠠᠶ᠋ᠢᠯᠳᠤᠬᠤ ᠪᠣᠳᠣᠯᠭ᠎ᠠ ᠵᠢᠨ ᠡᠭᠦᠷᠭᠡ ᠵᠢ ᠪᠠᠲᠤ ᠡᠵᠡᠮᠳᠡᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠦᠨ᠂ ᠬᠠᠷᠠᠯᠲᠠ᠎ᠪᠠᠷ ᠤᠳᠤᠷᠢᠳᠤᠮᠵᠢ ᠪᠤᠯᠭ᠋ᠠᠬᠤ ᠪᠠ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠳᠠᠪᠠᠭᠤᠯᠢᠭ ᠵᠶ᠋ᠠᠨ ᠪᠠᠬᠢᠵᠢᠭᠦᠯᠬᠦ᠂ ᠳᠤᠲᠠᠭᠤᠳᠠᠯ ᠵᠶ᠋ᠠᠨ ᠨᠥᠬᠦᠪᠦᠷᠢᠯᠡᠬᠦ ᠵᠢ ᠤᠶᠠᠯᠳᠤᠭᠤᠯᠬᠤ ᠵᠢ ᠪᠠᠷᠢᠮᠲᠠᠯᠠᠵᠤ᠂ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠪᠠ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ᠂ ᠬᠠᠷᠠᠯᠲᠠ᠎ᠪᠠᠨ ᠰᠤᠯᠠᠷᠠᠭᠤᠯᠤᠯ ᠦᠭᠡᠢ ᠪᠠᠷᠢᠮᠲᠠᠯᠠᠵᠤ᠂ ᠵᠣᠷᠢᠭᠲᠠᠢ ᠬᠢᠵᠦ ᠵᠣᠷᠢᠭᠲᠠᠢ ᠠᠵᠢᠯᠯᠠᠵᠤ ᠪᠣᠳᠠᠲᠠᠢ ᠠᠵᠢᠯᠯᠠᠵᠤ᠂ ᠴᠢᠨᠠᠷ ᠰᠠᠶ᠋ᠢᠲᠠᠢ ᠬᠥᠭᠵᠢᠭᠰᠡᠨ᠂ ᠦᠷᠭᠦᠯᠵᠢᠯᠡᠨ ᠬᠥᠭᠵᠢᠨ ᠮᠠᠨᠳᠤᠬᠤ ᠰᠢᠨ᠎ᠡ ᠵᠠᠮ ᠵᠶ᠋ᠠᠷ ᠴᠢᠷᠮᠠᠶ᠋ᠢᠨ ᠵᠠᠮᠨᠠᠵᠤ᠂ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃


    9 ᠰᠠᠷ᠎ᠠ ᠵᠢᠨ 7᠎ᠤ ᠦᠳᠡ ᠵᠢᠨ ᠬᠤᠶ᠋ᠢᠨ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠠᠷᠠᠮᠥ᠋ᠷᠡᠨ ᠮᠤᠵᠢ ᠵᠢᠨ ᠬᠠᠷᠪᠢᠨ ᠬᠤᠳᠠ᠎ᠳᠤ ᠰᠢᠨ᠎ᠡ ᠴᠠᠭ ᠦᠶ᠎ᠡ ᠵᠢᠨ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ   ᠮᠠᠨᠳᠤᠭᠤᠯᠬᠤ ᠵᠢ   ᠠᠬᠢᠭᠤᠯᠬᠤ   ᠶᠠᠷᠢᠯᠴᠠᠬᠤ   ᠬᠤᠷᠠᠯ᠎ᠢ   ᠡᠷᠭᠢᠯᠡᠨ   ᠬᠤᠷᠠᠯᠳᠤᠭᠤᠯᠬᠤ ᠵᠢᠨ   ᠬᠠᠮᠲᠤ   ᠴᠢᠬᠤᠯᠠ   ᠶᠠᠷᠢᠶ᠎ᠠ ᠲᠠᠯᠪᠢᠪᠠ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠢᠨ ᠪᠦᠸᠧ ᠭᠦ᠋ ᠰᠡᠭᠦᠳᠡᠷᠯᠡᠪᠡ

    ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠶ᠋ᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ᠎ᠳᠤ ᠣᠷᠣᠯᠴᠠᠪᠠ᠃
    ᠶᠠᠷᠢᠯᠴᠠᠬᠤ ᠬᠤᠷᠠᠯ ᠳᠡᠭᠡᠷ᠎ᠡ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠷᠭᠢᠯᠡᠭᠴᠢ ᠵᠧᠩ ᠱᠠᠨ ᠵᠢᠶᠧ᠂ ᠯᠢᠶᠣᠤᠨᠢᠩ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠬᠤᠤ ᠫᠧᠩ᠂ ᠭᠢᠷᠢᠨ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠵᠢᠩ ᠵᠢᠶᠦ᠋ᠨ ᠬᠠᠢ᠂ ᠬᠠᠷᠠᠮᠥ᠋ᠷᠡᠨ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠰᠢᠦᠢ ᠴᠢᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠤᠷᠢᠳ ᠬᠤᠵᠢᠳ ᠦᠭᠡ ᠬᠡᠯᠡᠵᠦ᠂ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠠᠵᠢᠯ᠎ᠢ ᠠᠬᠢᠭᠤᠯᠬᠤ ᠪᠠᠶ᠋ᠢᠳᠠᠯ᠎ᠤᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃
    ᠤᠯᠠᠨ᠎ᠤ ᠶᠠᠷᠢᠬᠤ ᠵᠢ ᠰᠣᠨᠣᠰᠤᠭᠰᠠᠨ᠎ᠤ ᠲᠠᠷᠠᠭ᠎ᠠ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ 2018 ᠣᠨ᠎ᠤ 9 ᠰᠠᠷ᠎ᠠ᠎ᠳᠤ ᠮᠦᠭᠳᠡᠨ᠎ᠳᠤ ᠵᠡᠭᠦᠨ ᠬᠤᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠵᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠰᠠᠨ᠎ᠠᠴᠠ ᠨᠠᠭ᠋ᠠᠰᠢ᠂ ᠵᠡᠭᠦᠨ ᠬᠤᠶ᠋ᠢᠲᠤ ᠵᠢᠨ ᠭᠤᠷᠪᠠᠨ ᠮᠤᠵᠢ ᠵᠢᠴᠢ ᠥᠪᠥᠷ ᠮᠣᠩᠭᠤᠯ᠎ᠤᠨ᠎ᠬᠢᠨ ᠵᠡᠭᠦᠨ ᠬᠤᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠠᠯ᠎ᠠ᠎ᠪᠠᠷ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠭᠠᠷᠭ᠋ᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ 《ᠲᠣᠭᠲᠠᠪᠤᠷᠢᠵᠢᠭᠤᠯᠤᠭᠴᠢ》 ᠵᠢᠨ ᠦᠢ᠍ᠯᠡᠳᠦᠯ ᠴᠢᠨᠠᠭᠰᠢᠳᠠ ᠪᠠᠬᠢᠵᠢᠵᠦ᠂ ᠠᠵᠤ ᠦᠢ᠍ᠯᠡᠰ᠎ᠤᠨ ᠠᠮᠤᠷ ᠲᠦᠪᠰᠢᠨ᠎ᠤ ᠰᠠᠭᠤᠷᠢ ᠲᠠᠰᠤᠷᠠᠯᠳᠡ ᠦᠭᠡᠢ ᠪᠠᠬᠢᠵᠢᠵᠦ᠂ ᠡᠨᠧᠷᠭᠢ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠦᠢ᠍ᠯᠡᠳᠦᠯ ᠲᠠᠰᠤᠷᠠᠯᠳᠡ ᠦᠭᠡᠢ ᠴᠢᠩᠭ᠋ᠠᠷᠠᠵᠤ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠲᠠᠰᠤᠷᠠᠯᠳᠡ ᠦᠭᠡᠢ ᠪᠠᠬᠢᠵᠢᠭᠦᠯᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠲᠣᠭᠲᠠᠭᠤᠨ ᠵᠶ᠋ᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠲᠡ᠎ᠳᠤ ᠰᠢᠨ᠎ᠡ ᠳᠦᠷᠰᠦ ᠪᠠᠶ᠋ᠢᠳᠠᠯ ᠢᠯᠡᠷᠡᠵᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠵᠡᠭᠦᠨ ᠬᠤᠶ᠋ᠢᠲᠤ ᠣᠷᠣᠨ᠎ᠤ ᠡᠬᠢ ᠪᠠᠶᠠᠯᠢᠭ᠎ᠤᠨ ᠨᠥᠬᠦᠴᠡᠯ ᠨᠡᠯᠢᠶᠡᠳ ᠰᠠᠶ᠋ᠢᠨ᠂ ᠠᠵᠤ ᠦᠢ᠍ᠯᠡᠰ᠎ᠤᠨ ᠰᠠᠭᠤᠷᠢ ᠨᠡᠯᠢᠶᠡᠳ ᠵᠤᠵᠠᠭ᠋ᠠᠨ᠂ ᠣᠷᠣᠨ ᠪᠠᠶ᠋ᠢᠷᠢ ᠵᠢᠨ ᠳᠠᠪᠠᠭᠤᠯᠢᠭ ᠥᠪᠡᠷᠮᠢᠴᠡ᠂ ᠬᠥᠭᠵᠢᠯᠲᠡ ᠵᠢᠨ ᠳᠠᠯᠳᠠ ᠬᠦᠴᠦᠨ ᠯᠤᠲᠤ ᠶᠡᠭᠡ ᠪᠠᠶ᠋ᠢᠳᠠᠭ᠃ ᠣᠳᠣᠬᠠᠨ᠎ᠳᠤ᠂ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠴᠢᠬᠤᠯᠠ ᠶᠡᠭᠡ ᠠᠵᠠ ᠲᠣᠭᠢᠶᠠᠯ ᠲᠤᠯᠭ᠋ᠠᠷᠠᠵᠤ ᠪᠠᠶ᠋ᠢᠨ᠎ᠠ᠄ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠡᠶᠡᠯᠡᠭᠦᠯᠬᠦ᠎ᠨᠢ ᠵᠡᠭᠦᠨ ᠬᠤᠶ᠋ᠢᠲᠤ ᠣᠷᠣᠨ᠎ᠤ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠪᠣᠯᠣᠨ ᠠᠵᠤ ᠦᠢ᠍ᠯᠡᠰ᠎ᠤᠨ ᠳᠠᠪᠠᠭᠤᠯᠢᠭ ᠵᠶ᠋ᠠᠨ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ᠎ᠳᠤ ᠠᠰᠢᠬᠲᠠᠢ; ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠵᠡᠭᠦᠨ ᠬᠤᠶ᠋ᠢᠲᠤ ᠣᠷᠣᠨ᠎ᠤ ᠴᠢᠬᠤᠯᠠ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠰᠠᠭᠤᠷᠢ ᠵᠢ ᠤᠯᠠᠮ ᠴᠢᠨᠠᠭᠰᠢᠳᠠ ᠲᠤᠪᠤᠶ᠋ᠢᠯᠭ᠋ᠠᠪᠠ; ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠵᠡᠭᠦᠨ ᠬᠤᠶ᠋ᠢᠲᠤ ᠣᠷᠣᠨ᠎ᠤ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠬᠤ ᠦᠢ᠍ᠯᠡᠳᠦᠯ᠎ᠢ ᠴᠢᠩᠭ᠋ᠠᠳᠬᠠᠬᠤ ᠴᠢᠬᠤᠯᠠᠲᠠᠢ᠃ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠢᠨ᠎ᠡ ᠠᠶᠠᠨ᠎ᠳᠤ᠂ ᠵᠡᠭᠦᠨ ᠬᠤᠶ᠋ᠢᠲᠤ ᠣᠷᠣᠨ᠎ᠤ᠎ᠬᠢᠨ ᠯᠠᠪᠲᠠᠢ ᠰᠦᠷ ᠵᠢᠪᠬᠤᠭ᠎ᠠ᠎ᠪᠠᠨ ᠳᠠᠬᠢᠨᠲᠠ ᠪᠠᠳᠠᠷᠠᠭᠤᠯᠵᠤ᠂ ᠳᠠᠬᠢᠨᠲᠠ ᠰᠢᠯᠢᠳᠡᠭ ᠠᠮᠵᠢᠯᠲᠠ ᠣᠯᠬᠤ ᠵᠢ ᠢᠲᠡᠭᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠵᠡᠭᠦᠨ ᠬᠤᠶ᠋ᠢᠲᠤ ᠵᠢᠨ ᠣᠨᠴᠠᠯᠢᠭ᠎ᠲᠠᠢ ᠳᠠᠪᠠᠭᠤᠯᠢᠭ ᠪᠦᠬᠦᠢ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠨ ᠪᠠᠶ᠋ᠢᠭᠤᠯᠬᠤ ᠬᠡᠷᠡᠭᠲᠡᠢ᠃ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ   ᠠᠬᠢᠭᠤᠯᠬᠤ ᠵᠢᠨ   ᠦᠨᠳᠦᠰᠦ   ᠰᠠᠭᠤᠷᠢ᠎ᠨᠢ   ᠪᠣᠳᠠᠲᠤ   ᠴᠣᠭᠴᠠ ᠵᠢᠨ   ᠠᠵᠤ   ᠠᠬᠤᠢ ᠎ᠳᠤ ᠪᠤᠢ᠂ ᠵᠠᠩᠭᠢᠯᠠᠭ᠎ᠠ᠎ᠨᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠪᠤᠢ᠂ ᠴᠢᠭᠯᠡᠯ᠎ᠨᠢ ᠠᠵᠤ ᠦᠢ᠍ᠯᠡᠰ᠎ᠤᠨ ᠳᠡᠰ ᠳᠡᠪᠰᠢᠬᠦ᠎ᠳᠤ ᠪᠤᠢ᠃ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠡᠨᠡ ᠬᠦ᠌ ᠵᠠᠩᠭᠢᠯᠠᠭ᠎ᠠ ᠵᠢ ᠴᠢᠩᠭ᠎ᠠ ᠠᠳᠬᠤᠵᠤ᠂ ᠬᠠᠳᠠᠭ᠋ᠠᠯᠠᠯᠲᠠ ᠵᠢᠨ ᠬᠡᠮᠵᠢᠶ᠎ᠡ ᠵᠢ ᠪᠠᠬᠢᠵᠢᠭᠦᠯᠬᠦ᠂ ᠨᠡᠮᠡᠭᠳᠡᠯ᠎ᠤᠨ ᠬᠡᠮᠵᠢᠶ᠎ᠡ ᠵᠢ ᠥᠷᠭᠡᠳᠬᠡᠬᠦ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ᠂ ᠨᠡᠮᠡᠯᠲᠡ ᠦᠷᠳᠡᠭ᠎ᠢ ᠳᠡᠭᠡᠭᠰᠢᠯᠡᠭᠦᠯᠭᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠤᠯᠠᠮᠵᠢᠯᠠᠯᠲᠤ ᠦᠢ᠍ᠯᠡᠳᠬᠦ ᠦᠢ᠍ᠯᠡᠰ᠎ᠤᠨ ᠲᠣᠭ᠋ᠠᠴᠢᠯᠠᠭᠰᠠᠨ᠂ ᠰᠦᠯᠵᠢᠶᠡᠵᠢᠭᠰᠡᠨ᠂ ᠣᠶᠤᠨᠴᠢᠯᠠᠭᠰᠠᠨ ᠥᠭᠡᠷᠡᠴᠢᠯᠡᠯᠲᠡ ᠵᠢ ᠲᠦᠷᠭᠡᠳᠬᠡᠵᠦ᠂ ᠠᠵᠤ ᠦᠢ᠍ᠯᠡᠰ᠎ᠤᠨ ᠬᠡᠯᠬᠢᠶ᠎ᠡ ᠵᠢ ᠳᠡᠭᠡᠳᠦ ᠳᠣᠣᠷᠠᠳᠤ ᠬᠡᠯᠬᠢᠶ᠎ᠡ ᠲᠡᠶ᠋ᠢᠰᠢ ᠤᠷᠲᠤᠳᠬᠠᠬᠤ ᠵᠢ ᠠᠬᠢᠭᠤᠯᠵᠤ᠂ ᠨᠡᠯᠢᠶᠡᠳ ᠲᠡᠭᠦᠯᠳᠡᠷᠵᠢᠭᠰᠡᠨ ᠠᠵᠤ ᠦᠢ᠍ᠯᠡᠰ᠎ᠤᠨ ᠬᠡᠯᠬᠢᠶ᠎ᠡ ᠪᠠ ᠠᠵᠤ ᠦᠢ᠍ᠯᠡᠰ᠎ᠤᠨ ᠪᠦᠯᠦᠭᠵᠢᠯ᠎ᠢ ᠪᠤᠢ ᠪᠤᠯᠭ᠋ᠠᠬᠤ ᠬᠡᠷᠡᠭᠲᠡᠢ᠃ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ ᠵᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠨᠡᠶ᠋ᠢᠳᠬᠡᠵᠦ ᠰᠢᠯᠢᠳᠡᠭᠵᠢᠭᠦᠯᠦᠨ᠂ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠵᠦ᠂ ᠨᠡᠩ ᠤᠯᠠᠨ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠢ ᠡᠵᠡᠮᠰᠢᠬᠦ ᠬᠡᠷᠡᠭᠲᠡᠢ᠃ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠢ ᠢᠳᠡᠪᠬᠢᠲᠡᠢ ᠪᠣᠶ᠋ᠢᠵᠢᠭᠤᠯᠵᠤ᠂ ᠠᠵᠢᠯ ᠲᠥᠷᠥᠯ ᠵᠶ᠋ᠠᠷ ᠬᠠᠮᠲᠤᠷᠠᠯᠴᠠᠬᠤ ᠵᠢ ᠴᠢᠩᠭ᠋ᠠᠳᠬᠠᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠨᠠᠶ᠋ᠢᠳᠠᠪᠤᠷᠢᠵᠢᠭᠤᠯᠤᠨ ᠣᠨᠳᠣᠣᠰᠢᠭᠤᠯᠬᠤ ᠵᠢ ᠲᠦᠷᠭᠡᠳᠬᠡᠬᠦ ᠬᠡᠷᠡᠭᠲᠡᠢ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ᠎ᠤ ᠦᠢ᠍ᠯᠡᠳᠬᠦ ᠦᠢ᠍ᠯᠡᠰ᠂ ᠡᠯᠸᠺᠲᠷᠤᠨ ᠮᠡᠳᠡᠭᠡ ᠵᠠᠩᠭᠢ ᠵᠡᠷᠭᠡ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠢᠳᠡᠪᠬᠢᠲᠡᠢ ᠪᠣᠶ᠋ᠢᠵᠢᠭᠤᠯᠵᠤ᠂ ᠢᠷᠡᠭᠡᠳᠦᠢ ᠵᠢᠨ ᠠᠵᠤ ᠦᠢ᠍ᠯᠡᠰ᠎ᠢ ᠢᠳᠡᠪᠬᠢᠲᠡᠢ ᠬᠥᠭᠵᠢᠭᠦᠯᠦᠨ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠪᠴᠢᠯᠡᠨ ᠪᠤᠢ ᠪᠤᠯᠭ᠋ᠠᠵᠤ᠂ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠴᠢᠩᠭ᠋ᠠᠷᠠᠭᠤᠯᠬᠤ ᠬᠡᠷᠡᠭᠲᠡᠢ᠃ ᠰᠠᠯᠬᠢᠨ ᠬᠦᠴᠦᠨ᠎ᠤ ᠴᠠᠭᠢᠯᠭ᠋ᠠᠨ᠂ ᠭᠡᠷᠡᠯ ᠴᠠᠭᠢᠯᠭ᠋ᠠᠨ᠂ ᠴᠥᠮ᠎ᠡ ᠵᠢᠨ ᠴᠠᠭᠢᠯᠭ᠋ᠠᠨ ᠵᠡᠷᠭᠡ ᠴᠡᠪᠡᠷ ᠡᠨᠧᠷᠭᠢ ᠵᠢ ᠲᠦᠷᠭᠡᠪᠴᠢᠯᠡᠨ ᠬᠥᠭᠵᠢᠭᠦᠯᠵᠦ᠂ ᠰᠠᠯᠬᠢᠨ ᠭᠡᠷᠡᠯ ᠢᠯᠴᠢ ᠴᠥᠮ᠎ᠡ ᠵᠢᠨ ᠨᠥᠭᠡᠴᠡᠯᠡᠯᠲᠡ ᠵᠢ ᠨᠢᠭᠡ ᠴᠣᠭᠴᠠᠵᠢᠭᠤᠯᠤᠭᠰᠠᠨ ᠡᠨᠧᠷᠭᠢ ᠵᠢᠨ ᠰᠠᠭᠤᠷᠢᠨ᠎ᠢ ᠪᠦᠲᠦᠭᠡᠨ ᠪᠠᠶ᠋ᠢᠭᠤᠯᠬᠤ ᠬᠡᠷᠡᠭᠲᠡᠢ᠃ ᠠᠮᠢ ᠠᠬᠤᠢ ᠵᠢᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠵᠢ ᠴᠢᠩᠭ᠋ᠠᠳᠬᠠᠵᠤ᠂ ᠵᠡᠭᠦᠨ ᠬᠤᠶ᠋ᠢᠲᠤ ᠣᠷᠣᠨ᠎ᠤ ᠠᠮᠢ ᠠᠬᠤᠢ ᠣᠷᠴᠢᠨ ᠲᠣᠭᠤᠷᠢᠨ ᠪᠠ ᠠᠮᠢᠳᠤ ᠪᠣᠳᠠᠰ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠰᠢᠭᠯᠡᠨ᠂ ᠤᠳᠤ ᠦᠶ᠎ᠡ ᠵᠢᠨ ᠠᠮᠢᠳᠤ ᠪᠣᠳᠠᠰ᠂ ᠲᠣᠮᠣ ᠳ᠋ᠠᠶ᠋ᠢᠲ᠋ᠠ ᠵᠡᠷᠭᠡ ᠰᠢᠨ᠎ᠡ᠎ᠪᠠᠷ ᠬᠥᠭᠵᠢᠭᠰᠡᠨ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠵᠦ᠂ ᠮᠥᠰᠥ ᠴᠠᠰᠤᠨ᠎ᠤ ᠠᠵᠤ ᠠᠬᠤᠢ ᠪᠠ ᠲᠠᠯᠠᠢ ᠲᠠᠩᠭᠢᠰ᠎ᠤᠨ ᠠᠵᠤ ᠠᠬᠤᠢ ᠵᠢ ᠬᠥᠭᠵᠢᠭᠦᠯᠬᠦ ᠬᠡᠷᠡᠭᠲᠡᠢ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠢ ᠬᠥᠭᠵᠢᠭᠦᠯᠦᠨ ᠮᠠᠨᠳᠤᠭᠤᠯᠬᠤ ᠲᠤᠰᠬᠠᠢ ᠠᠵᠢᠯᠯᠠᠭ᠎ᠠ ᠵᠢ ᠬᠡᠷᠡᠭᠵᠢᠭᠦᠯᠦᠨ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠭᠤᠣᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠴᠢᠬᠤᠯᠠ ᠠᠵᠢᠯ ᠲᠦᠷᠦᠯ ᠪᠠ ᠵᠠᠩᠭᠢᠯᠠᠭ᠎ᠠ ᠵᠢᠨ ᠬᠦᠷᠢᠶ᠎ᠡ ᠲᠡᠶ᠋ᠢᠰᠢ ᠲᠥᠪᠯᠡᠷᠡᠬᠦ ᠵᠢ ᠠᠬᠢᠭᠤᠯᠵᠤ᠂ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠬᠤ ᠦᠢ᠍ᠯᠡᠳᠦᠯ᠎ᠢ ᠴᠢᠩᠭ᠋ᠠᠳᠬᠠᠬᠤ ᠬᠡᠷᠡᠭᠲᠡᠢ᠃ ᠲᠥᠪ᠎ᠤᠨ ᠪᠠ ᠣᠷᠣᠨ ᠨᠤᠲᠤᠭ᠎ᠤᠨ ᠬᠠᠮᠲᠤᠷᠠᠯᠴᠠᠭ᠋ᠠᠨ᠎ᠤ ᠵᠠᠭᠪᠤᠷ᠎ᠤᠨ ᠰᠢᠨ᠎ᠡ ᠵᠢ ᠡᠭᠦᠳᠴᠦ᠂ ᠲᠥᠪ ᠪᠠ ᠣᠷᠣᠨ ᠨᠤᠲᠤᠭ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠣᠷᠣᠨ ᠨᠤᠲᠤᠭ᠎ᠤᠨ ᠠᠵᠤ ᠠᠬᠤᠢ ᠵᠢᠨ ᠬᠥᠭᠵᠢᠯᠲᠡ ᠵᠢ ᠨᠡᠩ ᠰᠠᠶ᠋ᠢᠲᠤᠷ ᠳᠠᠶ᠋ᠢᠴᠢᠯᠠᠬᠤ ᠬᠡᠷᠡᠭᠲᠡᠢ᠃   ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠡᠷᠡᠭᠦᠯ ᠵᠶ᠋ᠠᠷ ᠬᠥᠭᠵᠢᠬᠦ ᠵᠢ ᠲᠡᠮᠵᠢᠨ ᠵᠣᠷᠢᠭᠵᠢᠭᠤᠯᠵᠤ᠂ ᠬᠥᠲᠥᠯᠥᠨ ᠵᠢᠯᠤᠭᠤᠳᠴᠤ᠂ ᠳᠤᠮᠳᠠ ᠪᠠᠭ᠎ᠠ ᠠᠵᠤ ᠠᠬᠤᠶ᠋ᠢᠯᠠᠯ᠎ᠳᠤ ᠬᠠᠨᠳᠤᠭᠤᠯᠤᠭᠰᠠᠨ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ ᠨᠡᠩ ᠤᠯᠠᠨ ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ᠂ ᠤᠯᠠᠨ ᠲᠦᠷᠦᠯ᠎ᠤᠨ ᠥᠮᠴᠢᠯᠡᠯ᠎ᠤᠨ ᠳᠦᠷᠢᠮᠲᠦ ᠠᠵᠤ ᠠᠬᠤᠶ᠋ᠢᠯᠠᠯ᠎ᠤᠨ ᠬᠠᠮᠲᠤ᠎ᠪᠠᠷ ᠬᠥᠭᠵᠢᠬᠦ ᠰᠠᠶ᠋ᠢᠨ ᠰᠠᠶ᠋ᠢᠬᠠᠨ ᠪᠠᠶ᠋ᠢᠳᠠᠯ᠎ᠢ ᠪᠤᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠣᠳᠣᠬᠢᠴᠢᠯᠠᠭᠰᠠᠨ ᠲᠣᠮᠣ ᠲᠠᠷᠢᠶᠠᠯᠠᠩ᠎ᠢ ᠬᠥᠭᠵᠢᠭᠦᠯᠬᠦ᠎ᠪᠠᠷ ᠭᠤᠣᠯ ᠰᠢᠪᠲᠤᠯᠬᠤ ᠴᠢᠭᠯᠡᠯ ᠪᠤᠯᠭ᠋ᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠤᠯᠤᠰ᠎ᠤᠨ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠵᠤ ᠬᠠᠩᠭ᠋ᠠᠯᠭ᠎ᠠ ᠵᠢ ᠪᠠᠲᠤᠯᠠᠬᠤ 《ᠲᠣᠭᠲᠠᠪᠤᠷᠢᠵᠢᠭᠤᠯᠤᠭᠴᠢ》 ᠪᠤᠯᠬᠤ ᠪᠣᠯ ᠵᠡᠭᠦᠨ ᠬᠤᠶ᠋ᠢᠲᠤ ᠣᠷᠣᠨ᠎ᠤ ᠲᠡᠷᠢᠭᠦᠨ ᠴᠢᠬᠤᠯᠠ ᠬᠠᠷᠢᠭᠤᠴᠠᠯᠭ᠎ᠠ ᠡᠭᠦᠷᠭᠡᠯᠡᠯ ᠪᠣᠯᠣᠨ᠎ᠠ᠃ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠲᠦᠷᠭᠡᠳᠬᠡᠨ ᠪᠡᠶᠡᠯᠡᠭᠦᠯᠵᠦ᠂ ᠠᠮᠤ ᠪᠤᠳᠠᠭ᠋ᠠᠨ᠎ᠤ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠵᠦ᠂ ᠡᠩ᠎ᠤᠨ ᠦᠶ᠎ᠡ᠎ᠳᠤ ᠤᠨᠠᠯᠲᠠ᠎ᠲᠠᠢ᠂   ᠬᠠᠩᠭ᠋ᠠᠯᠭ᠎ᠠ ᠭᠦᠢ᠍ᠴᠡᠳ᠂ ᠬᠡᠲᠦᠷᠡᠮᠡᠬᠡᠢ ᠪᠠᠶ᠋ᠢᠳᠠᠯ ᠳᠣᠣᠷ᠎ᠠ ᠳᠠᠭ᠋ᠠᠭ᠋ᠠᠵᠤ ᠳᠡᠶ᠋ᠢᠯᠭᠦ᠂ ᠨᠠᠶ᠋ᠢᠳᠠᠪᠤᠷᠢᠲᠠᠢ ᠪᠠᠶ᠋ᠢᠬᠤ ᠵᠢ ᠪᠠᠲᠤᠯᠠᠬᠤ ᠬᠡᠷᠡᠭᠲᠡᠢ᠃ ᠣᠷᠣᠭᠤᠯᠤᠯᠲᠠ᠎ᠪᠠᠨ ᠨᠡᠮᠡᠭᠳᠡᠭᠦᠯᠦᠨ᠂ ᠦᠨᠳᠦᠰᠦᠨ ᠲᠠᠷᠢᠶᠠᠨ ᠭᠠᠵᠠᠷ᠎ᠢ ᠤᠷᠢᠳ ᠵᠶ᠋ᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠶ᠋ᠢᠭᠤᠯᠵᠤ᠂ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠬᠡᠷᠡᠭᠵᠢᠭᠦᠯᠬᠦ ᠬᠡᠪᠴᠢᠶ᠎ᠡ ᠵᠢ ᠵᠡᠷᠭᠡ᠎ᠳᠤᠨᠢ ᠥᠷᠭᠡᠳᠬᠡᠨ᠂ ᠭᠤᠣᠯ ᠨᠠᠭᠤᠷ᠎ᠢ ᠬᠤᠯᠪᠣᠨ ᠨᠡᠪᠲᠡᠷᠡᠭᠦᠯᠬᠦ᠂ ᠲᠣᠮᠣ ᠭᠡᠯᠪᠡᠷᠢ ᠵᠢᠨ ᠤᠰᠤᠯᠠᠯᠲᠠ ᠵᠢᠨ ᠣᠷᠣᠨ᠎ᠢ ᠦᠷᠭᠦᠯᠵᠢᠯᠡᠨ ᠪᠠᠶ᠋ᠢᠭᠤᠯᠵᠤ ᠥᠭᠡᠷᠡᠴᠢᠯᠡᠬᠦ ᠢᠨᠵᠧᠨᠧᠷᠢᠩ᠎ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠦᠷ᠎ᠡ ᠵᠢᠨ ᠦᠢ᠍ᠯᠡᠰ᠎ᠢ ᠬᠥᠭᠵᠢᠭᠦᠯᠬᠦ ᠠᠵᠢᠯᠯᠠᠭ᠎ᠠ ᠵᠢ ᠬᠡᠷᠡᠭᠵᠢᠭᠦᠯᠦᠨ᠂ ᠲᠠᠷᠢᠶᠠᠯᠠᠬᠤ᠎ᠳᠤ ᠲᠣᠬᠢᠷᠠᠬᠤ᠂ ᠭᠠᠩᠳᠠᠵᠤ ᠤᠰᠤᠲᠤᠪᠠᠴᠤ ᠬᠤᠷᠢᠶᠠᠯᠲᠠ ᠵᠢ ᠪᠠᠲᠤᠯᠠᠬᠤ᠂ ᠥᠨᠳᠥᠷ ᠤᠨᠠᠯᠲᠠ ᠲᠣᠭᠲᠠᠭᠤᠨ ᠬᠤᠷᠢᠶᠠᠯᠲᠠ᠎ᠲᠠᠢ ᠣᠳᠣᠬᠢᠴᠢᠯᠠᠭᠰᠠᠨ ᠰᠠᠶ᠋ᠢᠨ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠬᠤ ᠬᠡᠷᠡᠭᠲᠡᠢ᠃ ᠬᠠᠮ ᠢᠳᠡᠭᠡᠨ᠎ᠤ ᠦᠵᠡᠯᠲᠡ ᠵᠢ ᠦᠢ᠍ᠯᠡᠳᠦᠯᠭᠡᠵᠢᠭᠦᠯᠵᠦ᠂ ᠵᠡᠭᠦᠨ ᠬᠤᠶ᠋ᠢᠲᠤ ᠵᠢᠨ ᠡᠯ᠎ᠡ ᠲᠥᠷᠥᠯ᠎ᠤᠨ ᠡᠬᠢ ᠪᠠᠶᠠᠯᠢᠭ᠎ᠢ ᠵᠦᠢ ᠵᠣᠬᠢᠰᠲᠠᠢ ᠨᠡᠭᠡᠭᠡᠨ ᠠᠰᠢᠭᠯᠠᠵᠤ᠂ ᠣᠳᠣ ᠦᠶ᠎ᠡ ᠵᠢᠨ ᠠᠮᠢ ᠠᠬᠤᠢ ᠵᠢᠨ ᠲᠡᠵᠢᠭᠡᠨ ᠦᠷᠡᠵᠢᠭᠦᠯᠬᠦ ᠦᠢ᠍ᠯᠡᠰ᠎ᠢ ᠢᠳᠡᠪᠬᠢᠲᠡᠢ ᠬᠥᠭᠵᠢᠭᠦᠯᠵᠦ᠂ ᠠᠮᠤ ᠪᠤᠳᠠᠭ᠎ᠠ ᠠᠵᠤ ᠠᠬᠤᠢ ᠵᠢᠨ ᠲᠠᠷᠢᠮᠠᠯ ᠲᠡᠵᠢᠭᠡᠯ ᠪᠣᠷᠳᠤᠭ᠎ᠠ ᠵᠢ ᠨᠢᠭᠡᠳᠦᠯᠲᠡᠢ ᠲᠥᠯᠥᠪᠵᠢᠭᠦᠯᠬᠦ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭ᠋ᠠᠰᠤᠨ᠎ᠤ ᠠᠵᠤ ᠠᠬᠤᠢ ᠵᠢ ᠵᠡᠷᠭᠡ᠎ᠳᠤᠨᠢ ᠬᠥᠭᠵᠢᠭᠦᠯᠬᠦ ᠠᠵᠤ ᠦᠢ᠍ᠯᠡᠰ᠎ᠤᠨ ᠰᠢᠰᠲ᠋ᠧᠮ᠎ᠢ ᠪᠤᠶ ᠪᠤᠯᠭ᠋ᠠᠵᠤ᠂ ᠲᠠᠷᠢᠶᠠᠯᠠᠩ᠎ᠢ ᠲᠣᠮᠣ ᠠᠵᠤ ᠦᠢ᠍ᠯᠡᠰ ᠪᠣᠯᠭ᠋ᠠᠨ ᠪᠠᠶ᠋ᠢᠭᠤᠯᠬᠤ ᠬᠡᠷᠡᠭᠲᠡᠢ᠃ ᠲᠠᠷᠢᠶᠠᠯᠠᠩ᠎ᠤᠨ ᠪᠦᠲᠦᠭᠡᠭᠳᠡᠬᠦᠨ᠎ᠢ ᠠᠩᠬ᠎ᠠ ᠪᠤᠯᠪᠠᠰᠤᠷᠠᠭᠤᠯᠬᠤ ᠪᠠ ᠨᠠᠷᠢᠯᠢᠭ ᠪᠤᠯᠪᠠᠰᠤᠷᠠᠭᠤᠯᠬᠤ ᠵᠢ ᠬᠠᠮᠵᠢᠯᠴᠠᠨ ᠠᠬᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠂ ᠦᠷᠳᠡᠭ᠎ᠤᠨ ᠬᠡᠯᠬᠢᠶ᠎ᠡ ᠵᠢ ᠳᠡᠭᠡᠭᠰᠢᠯᠡᠭᠦᠯᠵᠦ᠂ ᠲᠠᠷᠢᠶᠠᠯᠠᠩ᠎ᠤᠨ ᠬᠥᠭᠵᠢᠯᠲᠡ ᠵᠢᠨ ᠣᠷᠣᠨ ᠵᠠᠢ ᠵᠢ ᠥᠷᠭᠡᠳᠬᠡᠨ᠂ ᠲᠠᠷᠢᠶᠠᠯᠠᠩ᠎ᠤᠨ ᠦᠷ᠎ᠡ ᠠᠰᠢᠭ᠎ᠢ ᠨᠡᠮᠡᠭᠳᠡᠭᠦᠯᠬᠦ ᠪᠠ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠵᠢᠨ ᠰᠢᠰᠲ᠋ᠧᠮ᠎ᠢ ᠲᠦᠷᠭᠡᠨ ᠪᠠᠶ᠋ᠢᠭᠤᠯᠵᠤ᠂ ᠳᠣᠲᠣᠭ᠋ᠠᠳᠤ ᠭᠠᠳᠠᠭ᠋ᠠᠳᠤ᠎ᠳᠤ ᠨᠡᠭᠡᠭᠡᠯᠲᠡ ᠬᠢᠵᠦ ᠬᠠᠮᠲᠤᠷᠠᠯᠴᠠᠬᠤ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠵᠡᠭᠦᠨ ᠬᠤᠶ᠋ᠢᠲᠤ ᠣᠷᠣᠨ ᠪᠣᠯ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠡᠭᠦᠳᠡ ᠡᠷᠦᠭᠡ ᠮᠥᠨ᠂ ᠮᠠᠨ᠎ᠤ ᠤᠯᠤᠰ ᠵᠡᠭᠦᠨ ᠬᠤᠶ᠋ᠢᠲᠤ ᠠᠽᠢᠶ᠎ᠠ ᠵᠢᠨ ᠣᠷᠣᠨ ᠪᠦᠰᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠣᠰ ᠣᠷᠴᠢᠯ᠎ᠢ ᠬᠤᠯᠪᠣᠨ ᠨᠡᠪᠲᠡᠷᠡᠭᠦᠯᠬᠦ ᠳᠤᠮᠳᠠᠬᠢ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠰᠠᠭᠤᠷᠢ ᠪᠠ ᠦᠢ᠍ᠯᠡᠳᠦᠯ ᠡᠳᠦᠷ ᠢᠷᠡᠬᠦᠶ᠎ᠡ ᠲᠣᠪᠣᠶ᠋ᠢᠮ᠎ᠠ ᠪᠣᠯᠵᠤ ᠪᠠᠶ᠋ᠢᠨ᠎ᠠ᠃ ᠬᠤᠰᠢᠭᠤᠷᠠᠯ᠎ᠤᠨ ᠤᠬᠠᠮᠰᠠᠷ᠂ ᠨᠡᠭᠡᠭᠡᠯᠲᠡ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠵᠡᠭᠦᠨ ᠬᠡᠰᠡᠭ᠎ᠤᠨ ᠲᠠᠯᠠᠢ ᠳᠠᠭ᠋ᠠᠤ ᠣᠷᠣᠨ ᠪᠣᠯᠣᠨ ᠪᠡᠭᠡᠵᠢᠩ ᠲᠢᠶᠠᠨᠵᠢᠨ ᠾᠧᠪᠧᠢ᠎ᠯᠦᠭᠡ ᠵᠢᠨ ᠬᠠᠷᠢᠯᠴᠠᠭ᠎ᠠ ᠵᠢ ᠴᠢᠩᠭ᠋ᠠᠳᠬᠠᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠭᠦᠨᠵᠡᠭᠡᠢ ᠠᠭᠤᠰᠤᠯᠴᠠᠵᠤ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠢ ᠰᠢᠯᠤᠭᠤᠳᠬᠠᠬᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠣᠰ ᠣᠷᠴᠢᠯ᠎ᠢ ᠬᠤᠯᠪᠣᠨ ᠨᠡᠪᠲᠡᠷᠡᠭᠦᠯᠬᠦ ᠳᠤᠮᠳᠠ ᠨᠡᠩ ᠶᠡᠭᠡ ᠦᠢ᠍ᠯᠡᠳᠦᠯ ᠪᠠᠳᠠᠷᠠᠭᠤᠯᠬᠤ ᠬᠡᠷᠡᠭᠲᠡᠢ᠃ ᠵᠡᠭᠦᠨ ᠬᠤᠶ᠋ᠢᠲᠤ ᠣᠷᠣᠨ᠎ᠤ ᠤᠳᠤ ᠦᠶ᠎ᠡ ᠵᠢᠨ ᠰᠠᠭᠤᠷᠢ ᠲᠥᠬᠦᠭᠡᠷᠦᠮᠵᠢ ᠵᠢᠨ ᠰᠢᠰᠲ᠋ᠧᠮ᠎ᠢ ᠰᠢᠰᠲ᠋ᠧᠮ᠎ᠲᠠᠢ ᠪᠠᠶ᠋ᠢᠷᠢᠰᠢᠭᠤᠯᠤᠨ ᠪᠦᠲᠦᠭᠡᠨ ᠪᠠᠶ᠋ᠢᠭᠤᠯᠵᠤ᠂ ᠴᠢᠯᠠᠭᠤᠨ ᠲᠣᠰᠣ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠬᠤᠭᠤᠯᠠᠢ᠂ ᠲᠦᠷᠭᠡᠨ᠎ᠤ ᠲᠡᠮᠦᠷ ᠵᠠᠮ᠎ᠤᠨ ᠲᠣᠣᠷ ᠪᠣᠯᠣᠨ ᠲᠡᠮᠦᠷ ᠵᠠᠮ᠎ᠤᠨ ᠲᠣᠣᠷ᠂ ᠰᠢᠨ᠎ᠡ ᠭᠡᠯᠪᠡᠷᠢ ᠵᠢᠨ ᠴᠠᠭᠢᠯᠭ᠋ᠠᠨ ᠲᠣᠣᠷ ᠪᠣᠯᠣᠨ ᠴᠠᠭᠢᠯᠭ᠋ᠠᠨ ᠬᠦᠴᠦᠨ᠎ᠢ ᠭᠠᠳᠠᠭᠰᠢ ᠬᠦᠷᠭᠡᠬᠦ ᠵᠠᠮ᠂ ᠰᠢᠨ᠎ᠡ ᠨᠢᠭᠡ ᠦᠶ᠎ᠡ ᠵᠢᠨ ᠰᠢᠯᠵᠢᠭᠡ ᠴᠢᠮᠡᠭᠡ ᠬᠤᠯᠪᠤᠭ᠎ᠠ ᠪᠣᠯᠣᠨ ᠳ᠋ᠠᠶ᠋ᠢᠲ᠋ᠠ ᠵᠢᠨ ᠲᠣᠣᠷ᠎ᠢ ᠲᠦᠷᠭᠡᠨ ᠨᠤᠲᠠᠯᠠᠬᠤ ᠪᠠ ᠪᠦᠲᠦᠭᠡᠨ ᠪᠠᠶ᠋ᠢᠭᠤᠯᠵᠤ᠂ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠬᠥᠭᠵᠢᠬᠦ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠭᠡ ᠪᠤᠯᠤᠩ᠎ᠤᠨ ᠣᠷᠣᠨ᠎ᠤ ᠪᠦᠲᠦᠭᠡᠨ ᠪᠠᠶ᠋ᠢᠭᠤᠯᠤᠯᠲᠠ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠵᠡᠷᠭᠡ ᠤᠯᠤᠰ᠎ᠤᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ᠎ᠯᠤᠭ᠎ᠠ ᠵᠢᠨ ᠵᠣᠯᠭ᠋ᠠᠯᠴᠠᠭ᠎ᠠ ᠵᠢ ᠴᠢᠩᠭ᠋ᠠᠳᠬᠠᠵᠤ᠂ ᠵᠡᠭᠦᠨ ᠬᠤᠶ᠋ᠢᠲᠤ ᠣᠷᠣᠨ᠎ᠤ ᠪᠦᠭᠦ ᠤᠯᠤᠰ᠎ᠤᠨ ᠨᠢᠭᠡᠳᠦᠯᠲᠡᠢ ᠶᠡᠭᠡ ᠵᠠᠬ᠎ᠠ ᠳᠡᠯᠭᠡᠭᠦᠷ᠎ᠲᠤ ᠨᠡᠩ ᠰᠠᠶ᠋ᠢᠲᠤᠷ ᠠᠭᠤᠰᠤᠯᠴᠠᠬᠤ ᠵᠢ ᠠᠬᠢᠭᠤᠯᠬᠤ ᠬᠡᠷᠡᠭᠲᠡᠢ᠃ ᠳᠦᠷᠢᠮ᠂ ᠲᠣᠭᠲᠠᠭ᠋ᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠬᠦ ᠬᠡᠷᠡᠭᠲᠡᠢ᠃ ᠪᠣᠭᠤᠮᠲᠠ᠎ᠪᠠᠷ ᠥᠩᠭᠡᠷᠡᠬᠦ ᠴᠢᠳᠠᠪᠤᠷᠢ ᠪᠠ ᠳᠥᠭᠦᠮᠴᠢᠯᠡᠯᠲᠡ ᠵᠢᠨ ᠬᠡᠮᠵᠢᠶ᠎ᠡ ᠵᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠬᠥᠮᠥᠨ ᠠᠮᠠ ᠵᠢᠨ ᠪᠦᠬᠦᠯᠢ ᠴᠣᠭᠴᠠ ᠵᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠬᠥᠮᠥᠨ ᠠᠮᠠ ᠵᠢᠨ ᠴᠢᠨᠠᠷ ᠰᠠᠶ᠋ᠢᠲᠠᠢ ᠬᠥᠭᠵᠢᠯᠲᠡ᠎ᠪᠠᠷ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠲᠤᠯᠭ᠋ᠠᠭᠤᠷᠢᠯᠠᠬᠤ ᠬᠡᠷᠡᠭᠲᠡᠢ᠃ ᠲᠦᠭᠡᠮᠡᠯ ᠬᠠᠷᠠᠭ᠋ᠠᠯᠵᠠᠯᠲᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡ ᠵᠢ ᠶᠡᠭᠡ᠎ᠪᠠᠷ ᠬᠥᠭᠵᠢᠭᠦᠯᠵᠦ᠂ ᠭᠡᠷ ᠪᠦᠯᠢ ᠵᠢᠨ ᠦᠷᠡᠵᠢᠯ ᠠᠰᠠᠷᠠᠬᠤ ᠰᠤᠷᠭ᠋ᠠᠨ ᠬᠥᠮᠦᠵᠢᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠵᠣᠬᠢᠬᠤ ᠦᠷᠡᠵᠢᠯ᠎ᠤᠨ ᠨᠣᠷᠮ᠎ᠠ ᠪᠠ ᠬᠥᠮᠥᠨ ᠠᠮᠠ ᠵᠢᠨ ᠬᠡᠪᠴᠢᠶ᠎ᠡ ᠵᠢ ᠪᠠᠲᠤᠯᠠᠬᠤ ᠬᠡᠷᠡᠭᠲᠡᠢ᠃ ᠰᠠᠭᠤᠷᠢ ᠰᠤᠷᠭ᠋ᠠᠨ ᠬᠥᠮᠦᠵᠢᠯ᠎ᠢ ᠶᠡᠭᠡ᠎ᠪᠠᠷ ᠬᠥᠭᠵᠢᠭᠦᠯᠵᠦ᠂ ᠵᠡᠭᠦᠨ ᠬᠤᠶ᠋ᠢᠲᠤ ᠵᠢᠨ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠭᠦ ᠵᠢ ᠳᠡᠮᠵᠢᠬᠦ ᠡᠷᠴᠢᠮ ᠵᠶ᠋ᠠᠨ ᠨᠡᠮᠡᠭᠳᠡᠭᠦᠯᠵᠦ᠂ ᠪᠦᠭᠦ ᠠᠷᠠᠳ ᠢᠯᠠᠩᠭᠤᠶ᠎ᠠ ᠵᠠᠯᠠᠭᠤᠴᠤᠳ᠎ᠤᠨ ᠰᠤᠷᠭ᠋ᠠᠨ ᠬᠥᠮᠦᠵᠢᠯ ᠭᠦᠷᠲᠡᠭᠦ ᠲᠦᠪᠰᠢᠨ᠎ᠢ ᠳᠡᠭᠡᠭᠰᠢᠯᠡᠭᠦᠯᠵᠦ᠂ ᠬᠥᠮᠥᠨ ᠠᠮᠠ ᠵᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠵᠢ ᠡᠭᠦᠳᠬᠦ ᠠᠵᠤ ᠦᠢ᠍ᠯᠡᠰ᠎ᠤᠨ ᠣᠷᠴᠢᠨ ᠨᠥᠬᠦᠴᠡᠯ᠎ᠢ ᠰᠢᠯᠢᠳᠡᠭᠵᠢᠭᠦᠯᠵᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠴᠢᠩᠭ᠋ᠠᠳᠬᠠᠵᠤ᠂ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠲᠦᠷᠦ ᠵᠢᠨ ᠪᠣᠳᠣᠯᠭ᠎ᠠ ᠵᠢᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠨᠡᠩ ᠤᠯᠠᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ ᠲᠠᠪᠴᠠᠩ᠎ᠢ ᠪᠠᠶ᠋ᠢᠭᠤᠯᠵᠤ᠂ ᠵᠡᠭᠦᠨ ᠬᠤᠶ᠋ᠢᠲᠤ ᠣᠷᠣᠨ᠎ᠤ ᠴᠢᠳᠠᠪᠤᠷᠢᠲᠠᠨ᠎ᠢ ᠦᠯᠡᠳᠡᠭᠡᠬᠦ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠳᠡᠮᠵᠢᠬᠦ ᠬᠡᠷᠡᠭᠲᠡᠢ᠃ ᠬᠢᠯᠢ ᠳᠠᠭ᠋ᠠᠤ ᠣᠷᠣᠨ᠎ᠤ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ᠂ ᠡᠨᠧᠷᠭᠢ᠂ ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠵᠢᠨ ᠲᠥᠯᠦᠪᠵᠢᠭᠦᠯᠭᠡ ᠪᠠᠶ᠋ᠢᠷᠢᠰᠢᠭᠤᠯᠤᠯᠲᠠ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠬᠢᠯᠢ ᠳᠠᠭ᠋ᠠᠤ ᠠᠶ᠋ᠢᠯ ᠲᠣᠰᠬᠤᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠭᠦ ᠲᠠᠯ᠎ᠠ᠎ᠪᠠᠷ ᠠᠬᠢᠭᠤᠯᠵᠤ᠂ ᠣᠲᠣ ᠵᠢᠨ ᠪᠠᠶ᠋ᠢᠭ᠎ᠠ ᠬᠥᠮᠥᠨ ᠠᠮᠠ ᠵᠢ ᠴᠢᠷᠮᠠᠶ᠋ᠢᠨ ᠦᠯᠡᠳᠡᠭᠡᠬᠦ ᠵᠢᠨ ᠬᠠᠮᠲᠤ ᠬᠢᠯᠢ ᠳᠠᠭ᠋ᠠᠤ ᠵᠢᠨ ᠠᠷᠠᠯᠵᠢᠶ᠎ᠠ᠂ ᠬᠢᠯᠢ ᠳᠠᠭ᠋ᠠᠤ ᠵᠢᠨ ᠵᠢᠭᠤᠯᠴᠢᠯᠠᠯ ᠪᠠ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠬᠦ ᠵᠢ ᠵᠣᠷᠢᠭᠵᠢᠭᠤᠯᠵᠤ᠂ ᠬᠢᠯᠢ ᠳᠠᠭ᠋ᠠᠤ ᠬᠤᠲᠠ᠎ᠳᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠪᠠᠶ᠋ᠢᠭᠤᠯᠬᠤ ᠵᠢ ᠳᠡᠮᠵᠢᠵᠦ᠂ ᠰᠢᠶᠠᠨ᠎ᠤ ᠬᠤᠲᠠ ᠪᠣᠯᠣᠨ ᠵᠢᠵᠢᠭ ᠬᠤᠲᠠ ᠪᠠᠯᠭ᠋ᠠᠰᠤ ᠵᠢ ᠬᠠᠪᠰᠤᠷᠤᠨ ᠠᠵᠤ ᠦᠢ᠍ᠯᠡᠰ᠎ᠤᠨ ᠳᠠᠭ᠋ᠠᠭ᠋ᠠᠴᠠ ᠵᠢᠨ ᠴᠢᠳᠠᠪᠤᠷᠢ ᠪᠣᠯᠣᠨ ᠬᠥᠮᠥᠨ ᠠᠮᠠ ᠵᠢ ᠲᠥᠪᠯᠡᠷᠡᠭᠦᠯᠬᠦ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ᠃ ᠬᠢᠯᠢ ᠬᠢᠵᠠᠭ᠋ᠠᠷ ᠣᠷᠣᠨ᠎ᠢ ᠬᠠᠮᠠᠭ᠋ᠠᠯᠠᠬᠤ ᠨᠠᠩ ᠬᠦᠴᠦᠲᠡᠢ ᠨᠥᠬᠦᠪᠦᠷᠢ ᠥᠭᠬᠦ ᠵᠡᠷᠭᠡ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠤᠯᠤᠰ ᠲᠦᠷᠦ ᠵᠢᠨ ᠠᠮᠢ ᠠᠬᠤᠢ ᠵᠢ ᠴᠢᠨᠠᠭᠰᠢᠳᠠ ᠰᠢᠯᠢᠳᠡᠭᠵᠢᠭᠦᠯᠵᠦ᠂ ᠬᠤᠳᠠᠯᠳᠤᠭ᠎ᠠ ᠡᠷᠭᠢᠯᠡᠭᠦ ᠰᠠᠶ᠋ᠢᠨ ᠰᠠᠶ᠋ᠢᠬᠠᠨ ᠣᠷᠴᠢᠨ ᠨᠥᠬᠦᠴᠡᠯ᠎ᠢ ᠪᠤᠢ ᠪᠤᠯᠭ᠋ᠠᠬᠤ ᠬᠡᠷᠡᠭᠲᠡᠢ᠃ ᠵᠡᠭᠦᠨ ᠬᠤᠶ᠋ᠢᠲᠤ ᠵᠢᠨ ᠶᠠᠫᠤᠨ᠎ᠢ ᠡᠰᠡᠷᠭᠦᠴᠡᠬᠦ ᠬᠤᠯᠪᠣᠭ᠋ᠠᠲᠤ ᠴᠡᠷᠢᠭ᠎ᠤᠨ ᠵᠣᠷᠢᠭ ᠰᠠᠨᠠᠭ᠎ᠠ᠂ ᠳ᠋ᠠᠴᠢᠩ᠎ᠤᠨ ᠵᠣᠷᠢᠭ ᠰᠠᠨᠠᠭ᠎ᠠ (ᠲᠡᠮᠦᠷ ᠬᠥᠮᠥᠨ᠎ᠤ ᠵᠣᠷᠢᠭ ᠰᠠᠨᠠᠭ᠎ᠠ)᠂ ᠤᠮᠠᠷᠠᠲᠤ ᠵᠢᠨ ᠶᠡᠭᠡ ᠠᠲᠠᠷ ᠬᠠᠭ᠋ᠠᠯᠪᠤᠷᠢᠯᠠᠬᠤ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠨᠠᠮ᠎ᠤᠨ ᠭᠡᠰᠢᠭᠦᠨ᠂ ᠺᠠᠳ᠋ᠷ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ ᠵᠢ ᠪᠤᠢ ᠪᠤᠯᠭ᠋ᠠᠵᠤ᠂ ᠠᠵᠢᠯ ᠬᠢᠵᠦ ᠦᠢ᠍ᠯᠡᠰ ᠪᠣᠰᠬᠠᠬᠤ ᠬᠠᠯᠠᠭᠤᠨ ᠰᠡᠳᠬᠢᠯᠭᠡ ᠵᠢ᠎ᠨᠢ ᠬᠥᠭᠵᠢᠭᠡᠬᠦ ᠬᠡᠷᠡᠭᠲᠡᠢ᠃ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠢᠯᠵᠠᠷᠠᠬᠤ᠎ᠠᠴᠠ ᠵᠢᠷᠦᠬᠡᠰᠢᠶᠡᠬᠦ᠂   ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠨᠠᠮ᠎ᠤᠨ ᠭᠡᠰᠢᠭᠦᠨ᠂ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ᠎ᠤᠨ ᠠᠷᠢᠭᠤᠨ ᠴᠢᠬᠡᠴᠢ᠎ᠪᠠᠷ ᠥᠪᠡᠷ᠎ᠢ᠎ᠪᠠᠨ ᠱᠠᠭ᠋ᠠᠷᠳᠠᠬᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ᠂ ᠠᠷᠢᠭᠤᠨ ᠴᠢᠬᠡᠴᠢ᠎ᠪᠠᠷ ᠠᠵᠢᠯ ᠬᠢᠬᠦ ᠵᠢ ᠱᠠᠯᠠᠪᠳᠠᠭᠤᠯᠬᠤ ᠬᠡᠷᠡᠭᠲᠡᠢ᠃ ᠦᠵᠡᠯ ᠰᠠᠨᠠᠭ᠎ᠠ᠎ᠪᠠᠨ ᠴᠢᠯᠦᠭᠡᠯᠡᠨ᠂   ᠦᠵᠡᠯᠲᠡ᠎ᠪᠠᠨ ᠬᠤᠪᠢᠷᠠᠭᠤᠯᠵᠤ᠂ ᠵᠠᠬ᠎ᠠ ᠳᠡᠯᠭᠡᠭᠦᠷ᠎ᠤᠨ ᠤᠬᠠᠮᠰᠠᠷ᠂ ᠦᠢ᠍ᠯᠡᠴᠢᠯᠡᠭᠡᠨ᠎ᠤ ᠤᠬᠠᠮᠰᠠᠷ ᠵᠶ᠋ᠠᠨ ᠴᠢᠩᠭ᠋ᠠᠳᠬᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠲᠡᠪᠴᠢᠬᠦ ᠬᠡᠷᠡᠭᠲᠡᠢ᠃ ᠵᠠᠰᠠᠭ᠎ᠤᠨ ᠣᠷᠳᠣᠨ ᠪᠠ ᠬᠤᠳᠠᠯᠳᠤᠭ᠋ᠠᠨ᠎ᠤ ᠬᠤᠭᠤᠷᠣᠨᠳᠣᠭᠢ ᠳᠣᠲᠣᠨᠣ ᠴᠢᠬᠡᠴᠢ ᠨᠢᠭᠡᠳᠦᠯᠲᠡᠢ ᠰᠢᠨ᠎ᠡ ᠭᠡᠯᠪᠡᠷᠢ ᠵᠢᠨ ᠬᠠᠷᠢᠴᠠᠭ᠎ᠠ ᠵᠢ ᠪᠦᠭᠦ ᠲᠠᠯ᠎ᠠ᠎ᠪᠠᠷ ᠪᠠᠶ᠋ᠢᠭᠤᠯᠵᠤ᠂ ᠨᠠᠮ᠎ᠤᠨ ᠭᠡᠰᠢᠭᠦᠨ᠂ ᠺᠠᠳ᠋ᠷᠴᠤᠳ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠵᠦ᠂ ᠬᠦᠴᠢᠷ ᠵᠣᠪᠠᠯᠠᠩ᠎ᠢ᠎ᠨᠢ ᠰᠠᠨᠠᠭ᠋ᠠᠴᠢᠯᠠᠭ᠎ᠠ᠎ᠠᠴᠠ᠎ᠪᠠᠨ ᠠᠷᠢᠯᠭ᠋ᠠᠬᠤ ᠮᠥᠷᠲᠡᠭᠡᠨ ᠪᠠᠰᠠ ᠠᠷᠢᠭᠤᠨ ᠴᠢᠬᠡᠴᠢ ᠵᠢᠨ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃   ᠬᠠᠤᠯᠢᠵᠢᠯ᠎ᠤᠨ ᠰᠡᠳᠬᠢᠬᠦᠢ ᠪᠠ ᠬᠠᠤᠯᠢᠵᠢᠯ᠎ᠤᠨ ᠠᠷᠭ᠎ᠠ ᠭᠡᠯᠪᠡᠷᠢ᠎ᠪᠠᠷ ᠠᠰᠠᠭᠤᠳᠠᠯ᠎ᠢ ᠰᠢᠢ᠍ᠳᠪᠦᠷᠢᠯᠡᠬᠦ᠂ ᠵᠥᠷᠢᠴᠡᠯ᠎ᠢ ᠰᠢᠢ᠍ᠳᠪᠦᠷᠢᠯᠡᠬᠦ᠂ ᠬᠠᠷᠢᠴᠠᠭ᠎ᠠ ᠵᠢ ᠵᠣᠬᠢᠴᠠᠭᠤᠯᠬᠤ᠎ᠳᠠᠭᠠᠨ ᠴᠢᠳᠠᠮᠠᠭ᠋ᠠᠢ ᠪᠠᠶ᠋ᠢᠵᠤ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠵᠢ ᠪᠠᠶ᠋ᠢᠩᠭᠤᠵᠢᠭᠤᠯᠤᠨ ᠥᠷᠨᠢᠭᠦᠯᠵᠦ᠂ ᠡᠯ᠎ᠡ ᠲᠦᠷᠦᠯ᠎ᠤᠨ ᠡᠵᠡᠩᠨᠡᠯᠲᠡ ᠵᠢᠨ ᠭᠤᠣᠯ ᠴᠣᠭᠴᠠ᠎ᠳᠤ ᠲᠣᠭᠲᠠᠭᠤᠨ᠂ ᠢᠯᠡ ᠲᠣᠳᠣ᠂ ᠵᠢᠷᠤᠮᠵᠢᠯ᠎ᠲᠠᠢ᠂ ᠵᠢᠱ᠌ᠢᠵᠦ ᠪᠣᠯᠬᠤᠶ᠋ᠢᠴᠠ ᠬᠠᠤᠯᠢᠵᠢᠯ᠎ᠤᠨ ᠣᠷᠴᠢᠨ ᠨᠥᠬᠦᠴᠡᠯ᠎ᠢ ᠡᠭᠦᠳᠴᠦ ᠥᠭᠬᠦ ᠬᠡᠷᠡᠭᠲᠡᠢ᠃ ᠣᠷᠣᠨ ᠨᠤᠲᠤᠭ᠎ᠤᠨ ᠥᠷᠢ ᠥᠭᠴᠡᠭᠡ ᠵᠢᠨ ᠠᠶᠤᠯ ᠲᠦᠭᠰᠢᠭᠦᠷᠢ ᠵᠢ ᠲᠦᠷᠭᠡᠨ ᠨᠠᠮᠳᠠᠭ᠋ᠠᠵᠤ᠂ ᠳᠤᠮᠳᠠ ᠪᠠᠭ᠎ᠠ ᠭᠡᠯᠪᠡᠷᠢ ᠵᠢᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠶᠤᠯ ᠲᠦᠭᠰᠢᠭᠦᠷᠢ ᠵᠢ ᠲᠦᠷᠭᠡᠨ ᠰᠢᠢ᠍ᠳᠪᠦᠷᠢᠯᠡᠵᠦ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠴᠢᠩᠭ᠋ᠠᠳᠬᠠᠵᠤ᠂ ᠡᠷᠡᠭᠦᠯ ᠡᠩᠬᠡ ᠮᠥᠩᠭᠦᠨ ᠭᠦᠢ᠍ᠯᠭᠡᠭᠡᠨ᠎ᠤ ᠣᠷᠴᠢᠨ ᠨᠥᠬᠦᠴᠡᠯ᠎ᠢ ᠳᠠᠭᠢᠨ ᠴᠣᠭᠴᠠᠯᠠᠬᠤ ᠬᠡᠷᠡᠭᠲᠡᠢ᠃ ᠵᠡᠭᠦᠨ ᠬᠤᠶ᠋ᠢᠲᠤ ᠣᠷᠣᠨ ᠪᠣᠯᠣᠨ ᠲᠥᠪ᠎ᠤᠨ ᠪᠠ ᠲᠦᠷᠦ ᠵᠢᠨ ᠪᠠᠶ᠋ᠢᠭᠤᠯᠭ᠎ᠠ᠂ ᠵᠡᠭᠦᠨ ᠡᠮᠦᠨᠡᠲᠦ ᠲᠠᠯᠠᠢ ᠳᠠᠭ᠋ᠠᠤ ᠣᠷᠣᠨ᠎ᠤ ᠺᠠᠳ᠋ᠷ᠎ᠲᠠᠢ ᠲᠤᠰᠢᠶᠠᠯ ᠡᠭᠦᠷᠭᠡᠯᠡᠬᠦ ᠲᠦᠷ ᠴᠠᠭ ᠲᠤᠰᠢᠶᠠᠯ ᠡᠭᠦᠷᠭᠡᠯᠡᠬᠦ ᠪᠠ ᠬᠤᠣᠰ ᠴᠢᠭᠯᠡᠯ ᠵᠶ᠋ᠠᠷ ᠰᠣᠯᠢᠯᠴᠠᠬᠤ ᠵᠢ ᠴᠢᠩᠭ᠋ᠠᠳᠬᠠᠵᠤ᠂ ᠺᠠᠳ᠋ᠷ᠎ᠤᠨ ᠡᠩᠨᠡᠭᠡᠨ᠎ᠤ ᠪᠦᠲᠦᠴᠡ ᠵᠢ ᠰᠢᠯᠢᠳᠡᠭᠵᠢᠭᠦᠯᠦᠨ᠂ ᠲᠤᠰᠬᠠᠶ᠋ᠢᠵᠢᠭᠰᠠᠨ ᠬᠡᠪ ᠴᠢᠨᠠᠷ᠎ᠢ ᠳᠡᠭᠡᠭᠰᠢᠯᠡᠭᠦᠯᠭᠦ ᠬᠡᠷᠡᠭᠲᠡᠢ᠃   ᠴᠢᠩᠭ᠎ᠠ ᠬᠠᠮᠢᠶᠠᠷᠬᠤ ᠪᠠ ᠬᠠᠶ᠋ᠢᠷᠠᠯᠠᠨ ᠬᠠᠯᠠᠮᠵᠢᠯᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ 《ᠭᠤᠷᠪᠠ ᠵᠢ ᠢᠯᠭ᠋ᠠᠬᠤ》 ᠵᠢ ᠨᠠᠶ᠋ᠢᠳᠠᠪᠤᠷᠢᠵᠢᠭᠤᠯᠵᠤ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠬᠤ ᠪᠠ ᠬᠠᠮᠠᠭ᠋ᠠᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠴᠢᠳᠠᠪᠤᠷᠢ᠎ᠲᠠᠢ ᠵᠢ᠎ᠨᠢ ᠳᠡᠪᠰᠢᠭᠦᠯᠬᠦ᠂ ᠰᠢᠯᠢᠳᠡᠭ᠎ᠢ᠎ᠨᠢ ᠱᠠᠩᠨᠠᠬᠤ᠂ ᠶᠡᠷᠦᠮᠳᠡᠭ᠎ᠢ᠎ᠨᠢ ᠪᠠᠭᠤᠯᠭ᠋ᠠᠬᠤ᠂ ᠰᠢᠭ᠋ᠠᠷᠤ ᠵᠢ᠎ᠨᠢ ᠰᠢᠭᠰᠢᠭᠳᠡᠭᠦᠯᠬᠦ ᠰᠠᠶ᠋ᠢᠨ ᠰᠠᠶ᠋ᠢᠬᠠᠨ ᠪᠠᠶ᠋ᠢᠳᠠᠯ᠎ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠪᠣᠯ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢᠨ ᠦᠨᠳᠦᠰᠦᠨ ᠪᠠᠲᠤᠯᠠᠭ᠎ᠠ ᠮᠥᠨ᠃ ᠨᠢᠭᠡᠳᠦᠭᠡᠷ ᠪᠦᠯᠦᠭ᠂ ᠬᠤᠶᠠᠳᠤᠭ᠋ᠠᠷ ᠪᠦᠯᠦᠭ᠎ᠤᠨ ᠭᠤᠣᠯ ᠰᠡᠳᠦᠪᠲᠦ ᠬᠥᠮᠦᠵᠢᠯ᠎ᠢ ᠵᠣᠯᠭ᠋ᠠᠭᠤᠯᠵᠤ ᠬᠤᠯᠪᠣᠯᠳᠤᠭᠤᠯᠬᠤ ᠵᠢ ᠴᠢᠬᠤᠯᠠᠴᠢᠯᠠᠨ ᠰᠠᠶ᠋ᠢᠲᠤᠷ ᠠᠳᠬᠤᠵᠤ᠂ ᠨᠠᠮ᠎ᠤᠨ ᠲᠥᠪ ᠬᠤᠷᠢᠶ᠎ᠠ ᠵᠢᠨ ᠳᠤᠷᠠᠳᠤᠭᠰᠠᠨ ᠬᠠᠷᠠᠯᠲᠠ ᠱᠠᠭ᠋ᠠᠷᠳᠠᠯᠭ᠎ᠠ ᠪᠣᠯᠣᠨ ᠡᠯ᠎ᠡ ᠵᠦᠢ᠍ᠯ᠎ᠤᠨ ᠭᠤᠣᠯᠳᠠᠯᠭ᠎ᠠ᠎ᠲᠠᠢ ᠠᠷᠭ᠎ᠠ ᠬᠡᠮᠵᠢᠶ᠎ᠡ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ᠃ ᠤᠨᠤᠯ᠎ᠤᠨ ᠰᠤᠷᠤᠯᠴᠠᠯᠭ᠎ᠠ ᠵᠢ ᠭᠦᠨᠵᠡᠭᠡᠶ᠋ᠢᠷᠡᠭᠦᠯᠵᠦ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠠᠨ ᠨᠢᠭᠲᠠᠷᠠᠭᠤᠯᠤᠨ ᠰᠦᠭ ᠰᠦᠨᠡᠰᠦ᠎ᠪᠠᠨ ᠱᠤᠭᠤᠵᠤ᠂ ᠨᠠᠮ᠎ᠤᠨ ᠭᠡᠰᠢᠭᠦᠨ᠂ ᠺᠠᠳ᠋ᠷ᠎ᠤᠨ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ ᠵᠢ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠢᠲᠡᠭᠡᠯ ᠵᠣᠷᠢᠭ ᠵᠶ᠋ᠠᠨ ᠨᠡᠮᠡᠭᠳᠡᠭᠦᠯᠵᠦ᠂ ᠵᠣᠷᠢᠭ ᠰᠠᠨᠠᠭ᠎ᠠ᠎ᠪᠠᠨ ᠬᠥᠪᠴᠢᠯᠡᠬᠦ ᠬᠡᠷᠡᠭᠲᠡᠢ᠃ ᠪᠠᠶ᠋ᠢᠴᠠᠭ᠋ᠠᠨ ᠰᠤᠳᠤᠯᠤᠯᠲᠠ ᠵᠢ ᠶᠡᠭᠡ᠎ᠪᠠᠷ ᠥᠷᠨᠢᠭᠦᠯᠵᠦ᠂ ᠨᠠᠮ᠎ᠤᠨ ᠭᠡᠰᠢᠭᠦᠨ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ᠎ᠤᠨ ᠰᠢᠨᠵᠢᠯᠡᠬᠦ ᠤᠬᠠᠭ᠋ᠠᠨᠴᠢ᠎ᠪᠠᠷ ᠠᠵᠢᠯ ᠵᠶ᠋ᠠᠨ ᠲᠥᠯᠥᠪᠵᠢᠭᠦᠯᠬᠦ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ᠃ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠪᠠᠷ ᠭᠤᠣᠯᠳᠠᠭᠤᠯᠵᠤ᠂ ᠨᠠᠮ᠎ᠤᠨ ᠭᠡᠰᠢᠭᠦᠨ᠂ ᠺᠠᠳ᠋ᠷ᠎ᠢ ᠬᠥᠮᠥᠵᠢᠭᠦᠯᠦᠨ ᠵᠢᠯᠤᠭᠤᠳᠴᠤ ᠪᠠᠶ᠋ᠢᠭ᠋ᠠᠳ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠠᠷᠠᠳ ᠲᠦᠮᠡᠨ ᠵᠶ᠋ᠠᠷ ᠭᠤᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠲᠤᠭᠤᠰᠢᠯᠠᠭᠤᠯᠵᠤ᠂ ᠰᠢᠨᠵᠢᠯᠡᠬᠦ ᠤᠬᠠᠭ᠋ᠠᠨᠴᠢ ᠣᠪᠣᠷ ᠪᠣᠯᠣᠨ ᠪᠣᠳᠠᠲᠠᠢ ᠵᠢ ᠡᠷᠭᠢᠮᠯᠡᠭᠦ ᠵᠣᠷᠢᠭ ᠰᠠᠨᠠᠭ᠎ᠠ᠎ᠪᠠᠷ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ᠃   ᠪᠠᠶ᠋ᠢᠴᠠᠭ᠋ᠠᠨ ᠦᠵᠡᠵᠦ ᠴᠡᠭᠴᠡᠯᠡᠨ ᠰᠠᠶ᠋ᠢᠵᠢᠷᠠᠭᠤᠯᠬᠤ ᠵᠢ ᠴᠢᠩᠭ᠋ᠠᠳᠬᠠᠵᠤ᠂ ᠨᠠᠮ᠎ᠤᠨ ᠭᠡᠰᠢᠭᠦᠨ᠂ ᠺᠠᠳ᠋ᠷ᠎ᠢ ᠱᠠᠯᠠᠪᠳᠠᠭᠤᠯᠤᠨ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢᠨ ᠲᠠᠯ᠎ᠠ᠎ᠪᠠᠷ᠎ᠬᠢ ᠠᠰᠠᠭᠤᠳᠠᠯ᠎ᠳᠤ ᠵᠥᠪ ᠵᠶ᠋ᠠᠷ ᠬᠠᠨᠳᠤᠬᠤ ᠪᠠ ᠰᠢᠢ᠍ᠳᠪᠦᠷᠢᠯᠡᠵᠦ᠂ ᠰᠢᠨ᠎ᠡ ᠰᠤᠷᠲᠠᠯ ᠲᠥᠪ ᠰᠤᠷᠲᠠᠯ ᠵᠶ᠋ᠠᠷ ᠠᠷᠠᠳ ᠤᠯᠠᠨ᠎ᠤ ᠬᠥᠭᠵᠢᠯᠲᠡ ᠵᠢᠨ ᠢᠲᠡᠭᠡᠯ ᠵᠣᠷᠢᠭ᠎ᠢ ᠬᠥᠭᠵᠢᠭᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ ᠬᠠᠮᠤᠭ᠎ᠤᠨ ᠰᠡᠭᠦᠯ᠎ᠳᠤ᠂ ᠦᠶᠡᠷ᠎ᠤᠨ ᠬᠤᠭᠤᠴᠠᠭ᠋ᠠᠨ᠎ᠳᠤ ᠣᠷᠣᠭᠰᠠᠨ᠎ᠠᠴᠠ ᠨᠠᠭ᠋ᠠᠰᠢ᠂ ᠵᠡᠭᠦᠨ ᠬᠤᠶ᠋ᠢᠲᠤ ᠵᠢᠨ ᠵᠠᠷᠢᠮ ᠭᠠᠵᠠᠷ ᠣᠷᠣᠨ ᠬᠦᠨᠳᠦ ᠨᠣᠴᠢᠲᠠᠢ ᠦᠶᠡᠷ ᠤᠰᠤᠲᠤᠯ᠎ᠤᠨ ᠭᠠᠮᠰᠢᠭ᠎ᠲᠤ ᠤᠴᠠᠷᠠᠪᠠ᠃ ᠨᠠᠮ᠎ᠤᠨ ᠲᠥᠪ ᠬᠤᠷᠢᠶ᠎ᠠ᠎ᠠᠴᠠ ᠦᠶᠡᠷ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠪᠠ ᠭᠠᠮᠰᠢᠭ᠎ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ ᠪᠠᠶ᠋ᠢᠭᠤᠯᠬᠤ ᠲᠤᠬᠠᠢ ᠪᠦᠭᠦ ᠲᠠᠯ᠎ᠠ ᠵᠢᠨ ᠪᠠᠶ᠋ᠢᠷᠢᠯᠠᠭᠤᠯᠤᠯᠲᠠ ᠬᠢᠵᠡᠢ᠃ ᠵᠡᠭᠦᠨ ᠬᠤᠶ᠋ᠢᠲᠤ ᠵᠢᠨ ᠭᠤᠷᠪᠠᠨ ᠮᠤᠵᠢ ᠵᠢᠴᠢ ᠥᠪᠥᠷ ᠮᠣᠩᠭᠤᠯ᠎ᠤᠨ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠭᠠᠮᠰᠢᠭ᠎ᠤᠨ ᠳᠠᠷᠠᠭ᠋ᠠᠬᠢ ᠰᠡᠷᠭᠦᠭᠡᠵᠦ ᠲᠠᠭᠢᠨ ᠪᠦᠲᠦᠭᠡᠨ ᠪᠠᠶ᠋ᠢᠭᠤᠯᠬᠤ ᠡᠯ᠎ᠡ ᠵᠦᠢ᠍ᠯ᠎ᠤᠨ ᠠᠵᠢᠯ᠎ᠢ ᠦᠨᠡᠨ ᠬᠦ᠌ ᠰᠠᠶ᠋ᠢᠲᠤᠷ ᠠᠳᠬᠤᠵᠤ᠂ ᠭᠠᠮᠰᠢᠭᠳᠠᠭᠰᠠᠨ ᠤᠯᠠᠨ ᠲᠦᠮᠡᠨ᠎ᠤ ᠳᠤᠯᠠᠭ᠋ᠠᠨ ᠪᠦᠯᠢᠶᠡᠨ ᠡᠪᠦᠯᠵᠢᠬᠦ ᠵᠢ ᠦᠨᠡᠨ ᠬᠦ᠌ ᠪᠠᠲᠤᠯᠠᠵᠤ᠂ ᠭᠠᠮᠰᠢᠭᠳᠠᠭᠰᠠᠨ ᠣᠷᠣᠨ᠎ᠤ ᠰᠤᠷᠤᠬ᠍ᠴᠢᠳ᠎ᠢ ᠰᠤᠷᠭ᠋ᠠᠭᠤᠯᠢ᠎ᠳᠤ ᠰᠠᠭᠤᠯᠭ᠋ᠠᠬᠤ ᠵᠢ ᠦᠨᠡᠨ ᠬᠦ᠌ ᠪᠠᠲᠤᠯᠠᠵᠤ᠂ ᠭᠠᠮᠰᠢᠭᠳᠠᠭᠰᠠᠨ ᠣᠷᠣᠨ᠎ᠤ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ᠎ᠢ ᠳᠠᠷᠤᠢ ᠲᠦᠷᠭᠡᠨ ᠰᠡᠷᠭᠦᠭᠡᠬᠦ ᠵᠢ ᠬᠦᠰᠡᠵᠦ ᠪᠠᠶ᠋ᠢᠨ᠎ᠠ᠃ ᠨᠠᠮᠤᠷ᠎ᠤᠨ ᠦᠶᠡᠷ᠎ᠢ ᠳᠡᠭᠡᠳᠦ ᠬᠡᠮᠵᠢᠶ᠎ᠡ᠎ᠪᠠᠷ ᠰᠡᠷᠡᠮᠵᠢᠯᠡᠵᠦ᠂ ᠠᠶᠤᠯ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠪᠡᠯᠡᠳᠬᠡᠯ᠎ᠢ ᠰᠠᠶ᠋ᠢᠲᠤᠷ ᠬᠢᠵᠦ᠂ ᠪᠡᠯᠡᠳᠬᠡᠯ᠎ᠲᠠᠢ ᠪᠣᠯ ᠪᠠᠯᠠᠳᠠᠬᠤ ᠦᠭᠡᠢ ᠪᠠᠶ᠋ᠢᠬᠤ ᠬᠡᠷᠡᠭᠲᠡᠢ ᠭᠡᠵᠦ ᠴᠢᠬᠤᠯᠠᠴᠢᠯᠠᠪᠠ᠃
    ᠳ᠋ᠢᠩ ᠰᠢᠤᠸᠠᠢ ᠰᠢᠶᠠᠩ ᠶᠠᠷᠢᠶᠠᠨ᠎ᠳᠠᠭᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠠᠭ ᠦᠶ᠎ᠡ ᠵᠢᠨ ᠡᠭᠦᠷᠭᠡ ᠬᠠᠷᠢᠭᠤᠴᠠᠯᠭ᠎ᠠ ᠵᠢ ᠪᠠᠲᠤ ᠡᠵᠡᠮᠳᠡᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠵᠢ ᠪᠠᠷᠢᠮᠲᠠᠯᠠᠵᠤ᠂ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠰᠢᠪᠲᠤᠯᠤᠯᠲᠠ᠎ᠲᠠᠢ ᠪᠤᠯᠬᠤ ᠵᠢ ᠠᠬᠢᠭᠤᠯᠵᠤ᠂ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠨᠠᠩ ᠰᠠᠶ᠋ᠢᠲᠤᠷ ᠦᠢ᠍ᠯᠡᠴᠢᠯᠡᠬᠦ ᠬᠡᠷᠡᠭᠲᠡᠢ᠃ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠵᠢᠨ ᠰᠢᠨ᠎ᠡ ᠵᠢ ᠡᠭᠦᠳᠬᠦ ᠥᠨᠳᠦᠷᠯᠢᠭ᠎ᠢ ᠲᠦᠷᠭᠡᠳᠬᠡᠨ ᠪᠠᠶ᠋ᠢᠭᠤᠯᠵᠤ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ ᠬᠡᠷᠡᠭᠯᠡᠯᠲᠡ ᠵᠢ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨ᠎ᠡ ᠵᠢ ᠡᠭᠦᠳᠬᠦ᠎ᠪᠠᠷ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠲᠣᠭᠲᠠᠭᠤᠨ ᠵᠶ᠋ᠠᠷ ᠥᠷᠭᠡᠳᠬᠡᠵᠦ᠂ ᠬᠥᠭᠵᠢᠯᠲᠡ ᠵᠢᠨ ᠳᠣᠲᠣᠭ᠋ᠠᠳᠤ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃ ᠠᠷᠠᠳ ᠲᠦᠮᠡᠨ ᠵᠶ᠋ᠠᠷ ᠭᠤᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠤᠶ ᠪᠤᠯᠭ᠋ᠠᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠨᠢᠭᠡ ᠪᠦᠷᠢ ᠵᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠢᠯᠡᠳᠬᠡᠪᠡ᠃
    ᠯᠢ ᠭᠠᠨ ᠵᠢᠶᠧ᠂ ᠾᠧ ᠯᠢ ᠹᠧᠩ᠂ ᠮᠦ᠍ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠨᠥᠬᠦᠳ ᠶᠠᠷᠢᠯᠴᠠᠬᠤ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠲᠦᠷᠭᠡᠳᠬᠡᠨ ᠠᠬᠢᠭᠤᠯᠬᠤ᠎ᠳᠤ ᠬᠣᠯᠪᠣᠭᠳᠠᠭᠰᠠᠨ ᠠᠵᠢᠯ᠎ᠤᠳ᠎ᠤᠨ ᠲᠤᠬᠠᠢ ᠰᠤᠳᠤᠯᠪᠠ
ᠰᠢ ᠵᠢᠨ ᠫᠢᠩ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠰᠣᠶᠣᠯ᠎ᠤᠨ ᠢᠲᠡᠭᠡᠯ ᠵᠶ᠋ᠠᠨ ᠪᠠᠲᠤᠳᠬᠠᠵᠤ ᠨᠡᠭᠡᠭᠡᠯᠲᠡᠲᠡᠢ ᠪᠠᠭᠲᠠᠭ᠋ᠠᠮᠵᠢᠲᠠᠢ ᠪᠠᠶ᠋ᠢᠬᠤ ᠵᠢ ᠪᠠᠷᠢᠮᠲᠠᠯᠠᠵᠤ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠦᠵᠡᠯ ᠰᠠᠨᠠᠭ᠋ᠠᠨ᠎ᠤ ᠪᠠᠲᠤᠯᠠᠭ᠎ᠠ ᠬᠦᠴᠦᠷᠬᠡᠭ ᠶᠡᠭᠡ ᠣᠶᠤᠨ ᠰᠠᠨᠠᠭ᠋ᠠᠨ᠎ᠤ ᠬᠦᠴᠦᠨ ᠰᠣᠶᠣᠯ᠎ᠤᠨ ᠠᠰᠢᠭᠲᠠᠢ ᠨᠥᠬᠦᠴᠡᠯ᠎ᠢ ᠬᠠᠩᠭ᠋ᠠᠬᠤ ᠬᠡᠷᠡᠭᠲᠡᠢ ᠼᠠᠢ ᠴᠢ ᠪᠦᠬᠦ ᠤᠯᠤᠰ᠎ᠤᠨ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ᠎ᠤᠨ ᠠᠵᠢᠯ᠎ᠤᠨ ᠬᠤᠷᠠᠯ᠎ᠳᠤ ᠤᠷᠤᠯᠴᠠᠵᠦ ᠶᠠᠷᠢᠶ᠎ᠡ ᠲᠠᠯᠪᠢᠵᠠᠢ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠠᠨ ᠬᠤᠷᠠᠯᠳᠤᠭᠤᠯᠵᠤ 《ᠣᠷᠣᠯᠭ᠎ᠠ ᠪᠠᠭ᠋ᠠᠲᠠᠢ ᠬᠥᠮᠥᠨ ᠠᠮᠠ ᠵᠢ ᠬᠥᠳᠡᠯᠦᠩᠭᠦᠢ᠎ᠪᠠᠷ ᠬᠢᠨᠠᠨ ᠰᠢᠨᠵᠢᠬᠦ ᠵᠢ ᠴᠢᠩᠭ᠋ᠠᠳᠬᠠᠨ ᠲᠡᠰ ᠲᠥᠷᠥᠯ ᠬᠤᠪᠢᠶᠠᠨ ᠨᠡᠢ᠌ᠭᠡᠮ᠎ᠤᠨ ᠲᠤᠰᠠᠯᠠᠯᠲᠠ ᠵᠢ ᠰᠠᠢ᠌ᠲᠤᠷ ᠬᠢᠬᠦ ᠲᠤᠬᠠᠢ ᠰᠠᠨᠠᠯ》 ᠵᠡᠷᠭᠡ ᠵᠢ ᠶᠠᠷᠢᠯᠴᠠᠵᠤ ᠪᠠᠲᠤᠯᠠᠪᠠ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠪᠠ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠭᠤᠷᠪᠠᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠵᠤ ᠠᠶᠠᠨᠳᠠᠭ᠋ᠠᠨ ᠭᠠᠭᠴᠠᠭ᠋ᠠᠷ ᠡᠵᠡᠮᠰᠢᠬᠦ ᠭᠣᠭᠴᠣᠭ᠎ᠠ ᠵᠢᠨ ᠬᠢᠨᠠᠯᠲᠠ ᠬᠠᠮᠢᠶᠠᠷᠤᠯᠲᠠ ᠵᠢᠨ ᠪᠠᠢ᠌ᠭᠤᠯᠤᠮᠵᠢ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ ᠯᠢ ᠴᠢᠶᠠᠩ ᠸᠠᠩ ᠬᠤ᠌ ᠨᠢᠩ ᠼᠠᠢ ᠴᠢ ᠣᠷᠣᠯᠴᠠᠪᠠ
 
            