ᠰᠢᠨᠬᠤᠸᠠ ᠬᠣᠷᠢᠶᠠᠨ᠎ᠤ ᠪᠡᠭᠡᠵᠢᠩ᠎ᠤᠨ 9 ᠳ᠋ᠦ᠍ᠭᠡᠷ ᠰᠠᠷ᠎ᠠ ᠵᠢᠨ 20᠎ᠤ ᠡᠳᠦᠷ᠎ᠤᠨ ᠴᠠᠬᠢᠯᠭ᠋ᠠᠨ ᠮᠡᠳᠡᠭᠡ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 9 ᠳ᠋ᠦ᠍ᠭᠡᠷ ᠰᠠᠷ᠎ᠠ ᠵᠢᠨ 20᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠲᠦᠷᠭᠡᠳᠬᠡᠨ ᠠᠬᠢᠭᠤᠯᠬᠤ ᠲᠤᠬᠠᠢ ᠬᠣᠯᠪᠣᠭᠳᠠᠯ ᠪᠦᠬᠦᠢ ᠠᠵᠢᠯ᠎ᠢ ᠰᠤᠳᠤᠯᠵᠤ᠂ 《ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ ᠳᠠᠩᠰᠠ ᠵᠢ ᠴᠠᠢ᠌ᠷᠠᠭᠤᠯᠬᠤ ᠲᠤᠰᠬᠠᠢ ᠠᠵᠢᠯᠯᠠᠭ᠋ᠠᠨ᠎ᠤ ᠲᠥᠰᠥᠯ》᠎ᠢ ᠬᠢᠨᠠᠨ ᠪᠠᠲᠤᠯᠠᠵᠤ᠂ ᠠᠵᠤ ᠠᠬᠤᠢ ᠵᠢᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠬᠤ ᠵᠢ ᠰᠢᠮᠳᠠᠭᠤᠯᠤᠨ ᠪᠠᠢ᠌ᠴᠠᠭ᠋ᠠᠵᠤ ᠰᠤᠳᠤᠯᠤᠭᠰᠠᠨ ᠪᠠᠢ᠌ᠳᠠᠯ᠎ᠤᠨ ᠮᠡᠳᠡᠭᠦᠯᠦᠯᠲᠡ ᠵᠢ ᠰᠣᠨᠣᠰᠴᠤ᠂ 《ᠨᠠᠰᠤᠨ᠎ᠳᠤ ᠥᠯᠥ ᠭᠦᠷᠦᠭᠰᠡᠳ᠎ᠤᠨ ᠰᠦᠯᠵᠢᠶᠡᠨ᠎ᠤ ᠬᠠᠮᠠᠭ᠋ᠠᠯᠠᠯᠲᠠ ᠵᠢᠨ ᠳᠦᠷᠢᠮ (ᠲᠥᠰᠥᠯ)》᠎ᠢ ᠬᠢᠨᠠᠨ ᠪᠠᠲᠤᠯᠠᠪᠠ᠃
ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠠᠢ᠌ᠳᠠᠯ᠎ᠤᠨ ᠬᠤᠪᠢᠷᠠᠯᠲᠠ ᠪᠣᠯᠣᠨ ᠮᠠᠨ᠎ᠤ ᠤᠯᠤᠰ᠎ᠤᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠱᠠᠲᠤᠴᠢ ᠴᠢᠨᠠᠷᠲᠠᠢ ᠣᠨᠴᠠᠯᠢᠭ᠎ᠢ ᠭᠦᠨᠵᠡᠭᠡᠢ ᠵᠠᠳᠠᠯᠤᠨ ᠡᠵᠡᠮᠳᠡᠵᠦ᠂ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠠᠵᠤ ᠦᠢ᠍ᠯᠡᠳᠪᠦᠷᠢ ᠵᠢᠨ ᠬᠥᠭᠵᠢᠯᠲᠡ ᠵᠢᠨ ᠶᠠᠰᠤ ᠴᠢᠨᠠᠷ᠂ ᠦᠷ᠎ᠡ ᠠᠰᠢᠭ ᠬᠢᠭᠡᠳ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠲᠡᠰ ᠳᠡᠪᠰᠢᠭᠦᠯᠬᠦ ᠵᠢ ᠠᠬᠢᠭᠤᠯᠬᠤ ᠪᠠ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠵᠢ ᠵᠡᠷᠭᠡ᠎ᠳᠤ᠎ᠨᠢ ᠠᠳᠬᠤᠬᠤ ᠵᠢ ᠪᠠᠷᠢᠮᠲᠠᠯᠠᠵᠤ᠂ ᠲᠡᠷᠢᠭᠦᠨ᠎ᠤ ᠦᠢ᠍ᠯᠡᠳᠬᠡᠯ᠎ᠤᠨ ᠦᠢ᠍ᠯᠡᠰ᠎ᠢ ᠲᠦᠷᠭᠡᠳᠬᠡᠨ ᠬᠥᠭᠵᠢᠭᠦᠯᠵᠦ᠂ ᠲᠣᠭ᠋ᠠᠴᠢᠯᠠᠭᠰᠠᠨ ᠠᠵᠤ ᠦᠢ᠍ᠯᠡᠰᠵᠢᠯᠲᠡ ᠪᠠ ᠠᠵᠤ ᠦᠢ᠍ᠯᠡᠰ᠎ᠤᠨ ᠲᠣᠭ᠋ᠠᠴᠢᠯᠠᠯᠲᠠ ᠵᠢ ᠬᠠᠮᠵᠢᠯᠴᠠᠭᠤᠯᠤᠨ ᠠᠬᠢᠭᠤᠯᠵᠤ᠂ ᠳᠤᠲᠠᠭᠳᠠᠯ᠎ᠢ ᠨᠥᠬᠥᠪᠦᠷᠢᠯᠡᠨ᠂ ᠳᠠᠪᠠᠭᠤᠯᠢᠭ᠎ᠢ ᠪᠠᠳᠠᠷᠠᠭᠤᠯᠵᠤ᠂ ᠰᠢᠨ᠎ᠡ ᠳᠠᠪᠠᠭᠤᠯᠢᠭ ᠡᠭᠦᠳᠬᠦ᠎ᠳᠤ ᠬᠦᠴᠦᠯᠡᠬᠦ ᠬᠡᠷᠡᠭᠲᠡᠢ᠃ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠨᠡᠭᠡᠭᠡᠯᠲᠡ ᠵᠢ ᠥᠷᠭᠡᠳᠬᠡᠬᠦ ᠵᠢ ᠪᠠᠷᠢᠮᠲᠠᠯᠠᠵᠤ᠂ ᠡᠯ᠎ᠡ ᠲᠦᠷᠦᠯ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠢᠳᠡᠪᠬᠢᠵᠢᠯ᠎ᠢ ᠭᠦᠢ᠍ᠴᠡᠳ ᠲᠠᠢ᠍ᠢ᠍ᠴᠢᠯᠠᠨ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠲᠤᠰᠠᠯᠠᠬᠤ ᠦᠢ᠍ᠯᠡᠳᠦᠯ᠎ᠢ ᠪᠠᠳᠠᠷᠠᠭᠤᠯᠵᠤ᠂ ᠭᠣᠣᠯ ᠴᠣᠭᠴᠠ ᠵᠢᠨ ᠴᠢᠳᠠᠮᠵᠢᠲᠤ ᠣᠷᠣᠨ᠎ᠤ ᠪᠠᠢ᠌ᠯᠳᠤᠬᠤ ᠪᠣᠳᠣᠯᠭ᠎ᠠ᠎ᠪᠠᠷ ᠠᠵᠤ ᠦᠢ᠍ᠯᠡᠰ᠎ᠤᠨ ᠵᠦᠢ ᠵᠣᠬᠢᠰᠲᠠᠢ ᠪᠠᠢ᠌ᠷᠢᠯᠠᠭᠤᠯᠤᠯᠲᠠ ᠵᠢ ᠳᠠᠭ᠋ᠠᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠶᠠᠷ ᠵᠠᠬ᠎ᠠ ᠳᠡᠯᠭᠡᠭᠦᠷ ᠬᠣᠶᠠᠷ ᠵᠦᠢ᠍ᠯ᠎ᠤᠨ ᠡᠬᠢ ᠪᠠᠶᠠᠯᠢᠭ᠎ᠢ ᠰᠠᠢ᠌ᠲᠤᠷ ᠠᠰᠢᠭᠯᠠᠵᠤ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠠᠬᠢᠭᠤᠯᠬᠤ ᠬᠥᠳᠡᠯᠭᠡᠭᠴᠢ ᠬᠦᠴᠦᠨ ᠪᠠ ᠠᠮᠢᠵᠢᠷᠠᠯ᠎ᠤᠨ ᠬᠦᠴᠦᠨ᠎ᠢ ᠦᠨᠡᠨ ᠬᠦ᠌ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠳᠡᠭᠡᠷ᠎ᠡ᠂ ᠠᠵᠤ ᠠᠬᠤᠢ᠌ᠯᠠᠯ᠎ᠤᠨ ᠳᠠᠩᠰᠠᠨ ᠵᠣᠭᠣᠰ᠎ᠢ ᠥᠷᠢᠲᠦᠬᠦ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠪᠣᠯ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠬᠢᠭᠡᠳ ᠪᠡᠯᠡ ᠣᠷᠣᠭᠤᠯᠤᠯᠲᠠ ᠵᠢᠨ ᠵᠢᠱ᠌ᠢᠯᠲᠡ᠂ ᠠᠵᠤ ᠠᠬᠤᠢ ᠵᠢᠨ ᠦᠷᠭᠦᠯᠵᠢᠯᠡᠨ ᠰᠠᠢ᠌ᠵᠢᠷᠠᠬᠤ᠎ᠲᠠᠢ ᠬᠣᠯᠪᠣᠭᠳᠠᠵᠤ ᠪᠠᠢ᠌ᠭ᠎ᠠ ᠪᠣᠯᠬᠣᠷ ᠡᠷᠬᠡᠪᠰᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠬᠡᠷᠡᠭᠲᠡᠢ᠃ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ ᠲᠤᠰ ᠭᠠᠵᠠᠷ ᠣᠷᠣᠨ᠎ᠤ᠎ᠪᠠᠨ ᠥᠷᠢ ᠰᠢᠷᠢ ᠵᠢ ᠴᠠᠢ᠌ᠷᠠᠭᠤᠯᠬᠤ ᠠᠵᠢᠯ᠎ᠳᠤ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠵᠦ᠂ ᠵᠠᠰᠠᠭ᠎ᠤᠨ ᠣᠷᠳᠣᠨ᠎ᠤ ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ ᠠᠰᠠᠭᠤᠳᠠᠯ᠎ᠢ ᠰᠢᠮᠳᠠᠭᠤᠯᠤᠨ ᠰᠢᠢ᠍ᠳᠪᠦᠷᠢᠯᠡᠵᠦ᠂ ᠠᠵᠤ ᠠᠬᠤᠢ᠌ᠯᠠᠯ᠎ᠤᠳ᠎ᠤᠨ ᠬᠣᠭᠣᠷᠣᠨᠳᠣᠬᠢ ᠬᠠᠷᠢᠯᠴᠠᠨ ᠥᠷᠢᠲᠦᠵᠦ ᠪᠠᠢ᠌ᠭ᠎ᠠ 《ᠬᠡᠯᠬᠢᠶ᠎ᠡ》 ᠵᠢ ᠠᠯᠳᠠᠷᠠᠭ᠋ᠠᠵᠤ᠂ ᠲᠥᠪ᠎ᠤᠨ ᠠᠵᠤ ᠠᠬᠤᠢ᠌ᠯᠠᠯ ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠲᠦᠷᠦᠭᠦᠯᠡᠨ ᠲᠥᠯᠥᠬᠦ ᠬᠡᠷᠡᠭᠲᠡᠢ᠃ ᠦᠨᠡᠨ ᠪᠣᠳᠠᠲᠠᠢ᠎ᠪᠠᠷ ᠲᠥᠯᠥᠵᠦ ᠳᠠᠭᠤᠰᠬᠠᠬᠤ ᠵᠢ ᠲᠤᠪᠤᠢ᠍ᠢ᠍ᠯᠭ᠋ᠠᠵᠦ᠂ ᠲᠦᠷᠦ ᠵᠢᠨ ᠪᠣᠳᠣᠯᠭ᠎ᠠ᠎ᠪᠠᠷ ᠳᠡᠮᠵᠢᠬᠦ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠ ᠬᠢᠨᠠᠯᠲᠠ ᠲᠠᠯᠪᠢᠵᠤ ᠬᠢᠨᠠᠨ ᠰᠢᠯᠭ᠋ᠠᠬᠤ ᠵᠢ ᠴᠢᠩᠭ᠋ᠠᠳᠬᠠᠵᠤ᠂ ᠲᠥᠯᠥᠬᠦ ᠶᠣᠰᠣᠲᠠᠢ ᠵᠢ᠎ᠨᠢ ᠪᠦᠬᠦᠨ᠎ᠢ ᠴᠢᠷᠮᠠᠢ᠌ᠨ ᠲᠥᠯᠥᠵᠦ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠬᠦᠴᠦᠯᠡᠨ ᠪᠠᠶ᠋ᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠳᠤ᠂ ᠠᠵᠤ ᠠᠬᠤᠢ ᠵᠢᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠬᠤ ᠵᠢ ᠰᠢᠮᠳᠠᠭᠤᠯᠤᠨ ᠪᠠᠢ᠌ᠴᠠᠭ᠋ᠠᠵᠤ ᠰᠤᠳᠤᠯᠤᠭᠰᠠᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠠᠢ᠃ ᠬᠤᠷᠠᠯ ᠳᠡᠭᠡᠷ᠎ᠡ᠂ ᠰᠢᠮᠳᠠᠭᠤᠯᠤᠨ ᠪᠠᠢ᠌ᠴᠠᠭ᠋ᠠᠨ ᠰᠤᠳᠤᠯᠤᠯᠲᠠ᠎ᠪᠠᠷ ᠢᠯᠡᠷᠡᠭᠦᠯᠦᠭᠰᠡᠨ ᠠᠰᠠᠭᠤᠳᠠᠯ᠎ᠤᠳ᠎ᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠢᠮᠠᠭᠲᠠ ᠠᠩᠬᠠᠷᠴᠤ᠂ 《ᠠᠰᠠᠭᠤᠳᠠᠯ᠎ᠤᠨ ᠨᠠᠷᠢᠨ ᠳᠠᠨᠭ᠌ᠰᠠ》 ᠵᠢ 《ᠬᠠᠷᠢᠭᠤᠴᠠᠯᠭ᠎ᠠ ᠵᠢᠨ ᠨᠠᠷᠢᠨ ᠳᠠᠨᠭ᠌ᠰᠠ》 ᠪᠣᠯᠭ᠋ᠠᠵᠤ᠂ ᠨᠢᠭᠡᠳ ᠨᠢᠭᠡ᠎ᠪᠠᠷ ᠰᠠᠢ᠌ᠲᠤᠷ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠤᠨ᠂ ᠨᠢᠭᠡ᠎ᠠᠴᠠ ᠨᠥᠭᠥᠭᠡ ᠵᠢ ᠮᠡᠳᠡᠵᠦ ᠴᠡᠭᠴᠡᠯᠡᠨ ᠰᠠᠢ᠌ᠵᠢᠷᠠᠭᠤᠯᠤᠭᠰᠠᠨ ᠦᠷ᠎ᠡ ᠪᠦᠲᠦᠭᠡᠯ᠎ᠢ ᠥᠷᠭᠡᠳᠬᠡᠨ᠂ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ ᠴᠠᠭ᠎ᠢ᠎ᠨᠢ ᠲᠠᠭ᠋ᠠᠷᠠᠭᠤᠯᠤᠨ 《ᠳᠠᠬᠢᠨ ᠪᠠᠢ᠌ᠴᠠᠭ᠋ᠠᠵᠤ》᠂ ᠨᠡᠢ᠌ᠲᠡᠯᠡᠭᠰᠡᠨ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠬᠦᠴᠦᠯᠡᠨ ᠠᠬᠢᠭᠤᠯᠬᠤ ᠬᠡᠷᠡᠭᠲᠡᠢ᠃ ᠰᠢᠮᠳᠠᠭᠤᠯᠤᠨ ᠪᠠᠢ᠌ᠴᠠᠭ᠋ᠠᠨ ᠰᠤᠳᠤᠯᠤᠯᠲᠠ᠎ᠪᠠᠷ ᠴᠤᠭᠯᠠᠭᠤᠯᠤᠭᠰᠠᠨ ᠰᠠᠨᠠᠯ ᠰᠠᠨᠠᠭᠤᠯᠭᠠᠨᠤᠭᠤᠳ ᠵᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠢᠷᠡᠬᠦ ᠵᠢᠯ᠎ᠤᠨ ᠠᠵᠤ ᠠᠬᠤᠢ ᠵᠢᠨ ᠠᠵᠢᠯ᠎ᠤᠨ ᠲᠥᠯᠥᠪᠯᠡᠭᠡ᠎ᠲᠠᠢ᠎ᠪᠠᠨ ᠤᠶᠠᠯᠳᠤᠭᠤᠯᠤᠨ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠭᠦᠨᠵᠡᠭᠡᠢ ᠰᠤᠳᠤᠯᠵᠤ᠂ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢ ᠨᠡᠢ᠌ᠲᠡᠯᠡᠬᠦ ᠪᠠ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠲᠦᠷᠭᠡᠳᠬᠡᠨ ᠠᠬᠢᠭᠤᠯᠵᠤ᠂ ᠠᠵᠤ ᠠᠬᠤᠢ ᠵᠢᠨ ᠦᠷᠭᠦᠯᠵᠢᠯᠡᠨ ᠰᠠᠢ᠌ᠵᠢᠷᠠᠬᠤ ᠬᠠᠨᠳᠤᠰᠢ ᠵᠢ ᠤᠯᠠᠮ ᠪᠡᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠳᠤ᠂ ᠨᠠᠰᠤᠨ᠎ᠳᠤ ᠥᠯᠥ ᠬᠦᠷᠦᠭᠰᠡᠳ ᠪᠣᠯ ᠤᠯᠤᠰ ᠣᠷᠣᠨ᠎ᠤ ᠢᠷᠡᠭᠡᠳᠦᠢ᠂ ᠦᠨᠳᠦᠰᠦᠲᠡᠨ᠎ᠤ ᠬᠦᠰᠡᠯ ᠮᠥᠨ᠃ ᠨᠠᠰᠤᠨ᠎ᠳᠤ ᠥᠯᠥ ᠭᠦᠷᠦᠭᠰᠡᠳ᠎ᠤᠨ ᠰᠦᠯᠵᠢᠶᠡᠨ᠎ᠤ ᠬᠠᠮᠠᠭ᠋ᠠᠯᠠᠯᠲᠠ ᠵᠢᠨ ᠬᠠᠤᠯᠢᠵᠢᠯ᠎ᠤᠨ ᠲᠤᠰᠠᠯᠠᠯᠲᠠ ᠵᠢ ᠴᠢᠩᠭ᠋ᠠᠳᠬᠠᠵᠤ᠂ ᠬᠣᠯᠪᠣᠭᠳᠠᠯ ᠪᠦᠬᠦᠢ ᠡᠯ᠎ᠡ ᠲᠠᠯ᠎ᠠ᠎ᠠᠴᠠ ᠨᠠᠰᠤᠨ᠎ᠳᠤ ᠥᠯᠥ ᠭᠦᠷᠦᠭᠰᠡᠳ᠎ᠤᠨ ᠰᠦᠯᠵᠢᠶᠡᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠬᠣᠯᠪᠣᠭᠳᠠᠯ ᠪᠦᠬᠦᠢ ᠠᠵᠤ ᠠᠬᠤᠢ᠌ᠯᠠᠯ᠎ᠤᠳ ᠳᠦᠷᠢᠮ᠎ᠢ ᠢᠳᠡᠪᠬᠢᠲᠡᠢ ᠨᠠᠢ᠌ᠳᠠᠪᠤᠷᠢᠵᠢᠭᠤᠯᠬᠤ᠂ ᠲᠣᠭᠲᠠᠭ᠋ᠠᠯ᠎ᠳᠤ ᠨᠡᠢ᠌ᠴᠡᠭᠦᠯᠦᠨ ᠡᠵᠡᠩᠨᠡᠬᠦ ᠵᠢ ᠵᠢᠯᠣᠭᠣᠳᠤᠨ ᠳᠡᠮᠵᠢᠵᠦ᠂ ᠨᠠᠰᠤᠨ᠎ᠳᠤ ᠥᠯᠥ ᠭᠦᠷᠦᠭᠰᠡᠳ᠎ᠤᠨ ᠲᠣᠷᠨᠢᠨ ᠪᠣᠢ᠌ᠵᠢᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ ᠳᠡᠭᠡᠷ᠎ᠡ ᠪᠠᠰᠠ ᠪᠤᠰᠤᠳ ᠵᠦᠢ᠍ᠯ᠎ᠢ ᠰᠤᠳᠤᠯᠵᠠᠢ᠃