ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢ ᠭᠦᠨᠵᠡᠭᠡᠢ ᠠᠬᠢᠭᠤᠯᠵᠤ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠤᠳᠠᠭ᠋ᠠᠨ ᠳᠠᠭ᠋ᠠᠭ᠋ᠠᠮᠠᠭ᠋ᠠᠢ ᠳᠠᠶ᠋ᠢᠯᠠᠯᠳᠤᠭ᠋ᠠᠨ᠎ᠤ ᠢᠯᠠᠯᠲᠠ ᠵᠢ ᠵᠠᠪᠠᠯ ᠲᠡᠮᠡᠴᠡᠨ ᠣᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2024-01-11

    ᠯᠢ ᠴᠢᠶᠠᠩ ᠵᠤᠤ ᠯᠧ ᠵᠢᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠪᠠ ᠯᠢ ᠰᠢ ᠬᠤᠷᠠᠯ᠎ᠢ ᠡᠷᠭᠢᠯᠡᠪᠡ

    ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 8᠎ᠤ ᠦᠳᠡ ᠵᠢᠨ ᠡᠮᠦᠨ᠎ᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠵᠢᠨ ᠠᠷᠪᠠᠨ ᠵᠢᠯ ᠢᠯᠵᠠᠷᠠᠯ᠎ᠢ ᠴᠥᠬᠦᠷᠡᠰᠢ ᠦᠭᠡᠢ ᠬᠦᠴᠦᠲᠡᠢ ᠡᠰᠡᠷᠭᠦᠴᠡᠬᠦ ᠵᠢ ᠪᠠᠷᠢᠮᠲᠠᠯᠠᠭᠰᠠᠨ ᠵᠶ᠋ᠠᠷ᠂ ᠢᠯᠵᠠᠷᠠᠯ᠎ᠢ ᠡᠰᠡᠷᠭᠦᠴᠡᠬᠦ ᠲᠡᠮᠡᠴᠡᠯ ᠳᠡᠶ᠋ᠢᠯᠦᠩᠭᠦᠢ ᠴᠢᠨᠠᠷᠲᠠᠢ ᠢᠯᠠᠯᠲᠠ ᠣᠯᠵᠤ ᠪᠦᠭᠦ ᠲᠠᠯ᠎ᠠ᠎ᠪᠠᠷ ᠪᠠᠬᠢᠵᠢᠭ᠌ᠰᠡᠨ ᠪᠠᠶ᠋ᠢᠨ᠎ᠠ᠂ ᠭᠡᠪᠡᠴᠦ ᠪᠠᠶ᠋ᠢᠳᠠᠯ ᠮᠥᠨ ᠬᠦ᠌ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶ᠋ᠢᠨ᠎ᠠ᠃ ᠪᠢᠳᠡ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠰᠢᠨ᠎ᠡ ᠪᠠᠶ᠋ᠢᠳᠠᠯ ᠰᠢᠨ᠎ᠡ ᠬᠠᠨᠳᠤᠰᠢ ᠵᠢ ᠰᠡᠷᠭᠡᠭ ᠵᠶ᠋ᠠᠷ ᠲᠠᠨᠢᠵᠤ᠂ ᠢᠯᠵᠠᠷᠠᠯ᠎ᠤᠨ ᠠᠰᠠᠭᠤᠳᠠᠯ᠎ᠤᠨ ᠡᠭᠦᠰᠴᠦ ᠪᠠᠶ᠋ᠢᠭ᠎ᠠ ᠬᠥᠷᠥᠰᠥ ᠰᠢᠷᠣᠢ ᠪᠠ ᠨᠥᠬᠦᠴᠡᠯ᠎ᠢ ᠰᠡᠷᠭᠡᠭ ᠵᠶ᠋ᠠᠷ ᠲᠠᠨᠢᠵᠤ᠂ ᠡᠭᠦᠷᠢᠳᠡ ᠵᠣᠭᠰᠣᠰᠢ ᠦᠭᠡᠢ ᠪᠠᠶ᠋ᠢᠬᠤ ᠬᠠᠳᠠᠨ ᠵᠣᠷᠢᠭ ᠪᠠ ᠡᠷᠡᠰ ᠪᠠᠷᠢᠮᠲᠠᠯᠠᠯ ᠵᠶ᠋ᠠᠷ ᠤᠨᠢᠨ ᠳᠡᠭᠡᠷ᠎ᠡ᠎ᠨᠢ ᠬᠦᠴᠦᠯᠡᠨ᠂ ᠦᠷᠭᠦᠯᠵᠢᠯᠡᠨ ᠬᠦᠴᠦᠯᠡᠵᠦ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠤᠳᠠᠭ᠋ᠠᠨ ᠳᠠᠭ᠋ᠠᠭ᠋ᠠᠮᠠᠭ᠋ᠠᠢ ᠳᠠᠶ᠋ᠢᠯᠠᠯᠳᠤᠭ᠋ᠠᠨ᠎ᠤ ᠢᠯᠠᠯᠲᠠ ᠵᠢ ᠵᠠᠪᠠᠯ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃


    1 ᠰᠠᠷ᠎ᠠ ᠵᠢᠨ 8᠎ᠤ ᠡᠳᠦᠷ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠵᠢᠦᠢ ᠫᠧᠩ ᠰᠡᠭᠦᠳᠡᠷᠯᠡᠪᠡ

    ᠰᠢ ᠵᠢᠨ ᠫᠢᠩ᠂ 2023 ᠣᠨ ᠪᠣᠯ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠬᠤ ᠡᠭᠢᠯᠡᠯᠲᠡ ᠵᠢᠨ ᠵᠢᠯ ᠮᠥᠨ᠃ ᠨᠠᠮ᠎ᠤᠨ ᠲᠥᠪ ᠬᠤᠷᠢᠶ᠎ᠠ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢ ᠭᠤᠶ᠋ᠢᠪᠢᠰᠢ ᠦᠭᠡᠢ ᠠᠬᠢᠭᠤᠯᠵᠤ᠂ ᠪᠦᠭᠦ ᠨᠠᠮ᠎ᠳᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠨᠠᠮ᠎ᠤᠨ ᠰᠢᠨ᠎ᠡ ᠵᠢ ᠡᠭᠦᠳᠦᠭᠰᠡᠨ ᠣᠨᠣᠯ ᠵᠶ᠋ᠠᠷ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ ᠵᠢ ᠱᠤᠭᠤᠬᠤ ᠵᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠥᠷᠥ ᠵᠢᠨ ᠬᠢᠨᠠᠯᠲᠠ ᠵᠢ ᠪᠣᠳᠠᠲᠠᠶ᠋ᠢᠵᠢᠭᠤᠯᠬᠤ᠂ ᠣᠨᠣᠪᠴᠢᠲᠠᠢ ᠪᠤᠯᠭ᠋ᠠᠬᠤ᠂ ᠪᠠᠶ᠋ᠢᠩᠭᠤᠵᠢᠭᠤᠯᠬᠤ ᠵᠢ ᠬᠦᠴᠦᠯᠡᠨ ᠠᠬᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠲᠣᠪᠣᠶ᠋ᠢᠮ᠎ᠠ ᠠᠰᠠᠭᠤᠳᠠᠯ᠎ᠢ ᠬᠦᠴᠦᠯᠡᠨ ᠴᠡᠭᠴᠡᠯᠡᠵᠦ᠂ ᠨᠠᠮ᠎ᠤᠨ ᠭᠡᠰᠢᠭᠦᠨ᠂ ᠺᠠᠳ᠋ᠷᠴᠤᠳ᠎ᠤᠨ ᠡᠩᠨᠡᠭᠡᠨ᠎ᠳᠠᠬᠢ ᠤᠯᠠᠨ᠎ᠢ ᠲᠦᠢ᠍ᠪᠡᠭᠡᠭᠴᠢ ᠵᠢ ᠡᠷᠡᠰ ᠠᠷᠢᠯᠭ᠋ᠠᠵᠤ᠂ ᠨᠠᠮ᠎ᠤᠨ ᠭᠡᠰᠢᠭᠦᠨ᠂ ᠺᠠᠳ᠋ᠷᠴᠤᠳ᠎ᠤᠨ ᠬᠠᠮᠢᠶᠠᠷᠤᠯᠲᠠ ᠬᠢᠨᠠᠯᠲᠠ ᠵᠢ ᠴᠢᠩᠭ᠎ᠠ ᠪᠣᠳᠠᠲᠠᠢ ᠴᠢᠩᠭ᠋ᠠᠳᠬᠠᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠰᠢᠨ᠎ᠡ ᠠᠶᠠᠨ᠎ᠤ ᠡᠭᠢᠯᠡᠯᠲᠡ ᠵᠢ ᠬᠦᠴᠦᠲᠡᠢ ᠬᠥᠲᠥᠯᠥᠨ ᠳᠠᠭ᠋ᠠᠭᠤᠯᠵᠤ ᠪᠠᠲᠤᠯᠠᠪᠠ ᠭᠡᠵᠦ ᠵᠢᠭ᠋ᠠᠵᠤ ᠭᠠᠷᠭ᠋ᠠᠵᠠᠢ᠃
    ᠰᠢ ᠵᠢᠨ ᠫᠢᠩ᠂ ᠮᠠᠨ᠎ᠤ ᠨᠠᠮ ᠳᠡᠯᠡᠬᠡᠢ ᠳᠡᠭᠡᠷᠡᠬᠢ ᠬᠠᠮᠤᠭ᠎ᠤᠨ ᠲᠣᠮᠣ ᠮᠠᠷᠺᠰ᠎ᠤᠨ ᠦᠵᠡᠯ᠎ᠤᠨ ᠲᠦᠷᠦ ᠪᠠᠷᠢᠭᠴᠢ ᠨᠠᠮ ᠪᠣᠯᠤᠭᠰᠠᠨ᠎ᠤ ᠬᠤᠪᠢ᠎ᠳᠤ᠂ ᠬᠡᠷᠬᠢᠨ ᠰᠠᠮᠠᠭᠤᠷᠠᠯ᠎ᠢ ᠵᠠᠰᠠᠵᠤ ᠮᠠᠨᠳᠤᠵᠤ ᠪᠠᠭᠤᠷᠠᠬᠤ ᠲᠡᠦᠬᠡ ᠵᠢᠨ ᠦᠶᠡᠯᠡᠯ᠎ᠤᠨ ᠳᠠᠪᠲᠠᠮᠵᠢ᠎ᠠᠴᠠ ᠠᠮᠵᠢᠯᠲᠠ᠎ᠲᠠᠢ ᠮᠤᠯᠲᠤᠷᠠᠵᠤ᠂ ᠨᠠᠮ ᠥᠨᠢ ᠡᠭᠦᠷᠢᠳᠡ ᠴᠢᠨᠠᠷ ᠬᠤᠪᠢᠷᠠᠬᠤ ᠦᠭᠡᠢ ᠥᠩᠭᠡ ᠬᠤᠪᠢᠷᠠᠬᠤ ᠦᠭᠡᠢ ᠰᠤᠷᠲᠠᠯ ᠬᠤᠪᠢᠷᠠᠬᠤ ᠦᠭᠡᠢ ᠪᠠᠶ᠋ᠢᠬᠤ ᠵᠢ ᠪᠠᠲᠤᠯᠠᠬᠤ ᠪᠤᠢ? ᠡᠨᠡ ᠪᠣᠯ ᠪᠦᠭᠦ ᠨᠠᠮ᠎ᠤᠨ ᠨᠥᠬᠦᠳ᠎ᠤᠨ ᠡᠮᠦᠨ᠎ᠡ ᠲᠠᠯᠪᠢᠭᠳᠠᠵᠤ ᠪᠠᠶ᠋ᠢᠭ᠎ᠠ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠠᠰᠠᠭᠤᠳᠠᠯ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠬᠤ ᠠᠭᠤᠤ ᠶᠡᠭᠡ ᠦᠢ᠍ᠯᠡᠳᠦᠯᠭᠡ ᠵᠢᠨ ᠳᠤᠮᠳᠠ᠂ ᠪᠢᠳᠡ ᠲᠠᠰᠤᠷᠠᠯᠲᠠ ᠦᠭᠡᠢ ᠦᠢ᠍ᠯᠡᠳᠦᠯᠭᠡ ᠵᠢᠨ ᠰᠦᠪᠡᠭᠴᠢᠯᠡᠯᠲᠡ ᠪᠠ ᠤᠨᠤᠯ᠎ᠤᠨ ᠪᠣᠳᠣᠯᠬᠢᠯᠠᠯ ᠬᠢᠵᠦ᠂ ᠮᠠᠤ ᠽᠧ ᠳ᠋ᠦᠩ ᠨᠥᠬᠦᠷ᠎ᠤᠨ ᠲᠤᠬᠠᠢ ᠵᠢᠨ ᠵᠢᠯ᠎ᠤᠨ 《ᠠᠷᠠᠳ ᠲᠦᠮᠡᠨ ᠵᠶ᠋ᠠᠷ ᠵᠠᠰᠠᠭ᠎ᠤᠨ ᠣᠷᠳᠣᠨ᠎ᠳᠤ ᠬᠢᠨᠠᠯᠲᠠ ᠲᠠᠯᠪᠢᠭᠤᠯᠬᠤ ᠬᠡᠷᠡᠭᠲᠡᠢ》 ᠭᠡᠰᠡᠨ ᠨᠢᠭᠡᠳᠦᠭᠡᠷ ᠬᠠᠷᠢᠭᠤᠯᠲᠠ ᠵᠢᠨ ᠰᠠᠭᠤᠷᠢᠨ ᠳᠡᠭᠡᠷ᠎ᠡ᠂ ᠬᠤᠶᠠᠳᠤᠭ᠋ᠠᠷ ᠬᠠᠷᠢᠭᠤᠯᠲᠠ ᠵᠢ ᠡᠷᠢᠵᠦ ᠣᠯᠵᠠᠢ᠂ ᠡᠨᠡ᠎ᠨᠢ ᠳᠠᠷᠤᠢ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢ ᠲᠠᠰᠤᠷᠠᠯᠲᠠ ᠦᠭᠡᠢ ᠠᠬᠢᠭᠤᠯᠬᠤ ᠶᠠᠪᠤᠳᠠᠯ ᠪᠣᠯᠣᠨ᠎ᠠ᠃ ᠰᠢᠨ᠎ᠡ ᠴᠠᠭ ᠦᠶ᠎ᠡ ᠵᠢᠨ ᠠᠷᠪᠠᠨ ᠵᠢᠯ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠦᠢ᠍ᠯᠡᠳᠦᠯᠭᠡ ᠪᠣᠯᠣᠨ ᠤᠨᠤᠯ᠎ᠤᠨ ᠰᠦᠪᠡᠭᠴᠢᠯᠡᠯᠲᠡ ᠳᠤᠮᠳᠠ᠂ ᠪᠢᠳᠡ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠲᠤᠬᠠᠢ ᠲᠠᠨᠢᠯᠲᠠ᠎ᠪᠠᠨ ᠲᠠᠰᠤᠷᠠᠯᠳᠡ ᠦᠭᠡᠢ ᠭᠦᠨᠵᠡᠭᠡᠶ᠋ᠢᠷᠡᠭᠦᠯᠵᠦ᠂ ᠡᠯᠪᠡᠭ ᠪᠠᠶᠠᠯᠢᠭ ᠦᠢ᠍ᠯᠡᠳᠦᠯᠭᠡ ᠵᠢᠨ ᠲᠤᠷᠰᠢᠯᠭ᠎ᠠ ᠵᠢ ᠬᠤᠷᠠᠮᠳᠤᠭᠤᠯᠵᠤ᠂ ᠠᠯᠢ ᠤᠯᠠᠨ ᠴᠢᠬᠤᠯᠠ ᠤᠨᠤᠯ᠎ᠤᠨ ᠦᠷ᠎ᠡ ᠪᠦᠲᠦᠭᠡᠯ᠎ᠢ ᠪᠦᠷᠢᠯᠳᠦᠭᠦᠯᠵᠦ᠂ ᠮᠠᠨ᠎ᠤ ᠨᠠᠮ᠎ᠤᠨ ᠶᠠᠭᠤᠨ᠎ᠳᠤ ᠥᠪᠡᠷ ᠪᠡᠶ᠎ᠡ ᠵᠢᠨ ᠬᠤᠪᠢᠰᠬᠠᠯ ᠬᠢᠬᠦ᠂ ᠶᠠᠭ᠋ᠠᠬᠢᠭ᠋ᠠᠳ ᠥᠪᠡᠷ ᠪᠡᠶ᠎ᠡ ᠵᠢᠨ ᠬᠤᠪᠢᠰᠬᠠᠯ ᠬᠢᠵᠦ ᠳᠡᠶ᠋ᠢᠯᠭᠦ᠂ ᠥᠪᠡᠷ ᠪᠡᠶ᠎ᠡ ᠵᠢᠨ ᠬᠤᠪᠢᠰᠬᠠᠯ᠎ᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ᠎ᠳᠤ ᠰᠢᠰᠲ᠋ᠧᠮ᠎ᠲᠠᠢ ᠬᠠᠷᠢᠭᠤᠯᠲᠠ ᠥᠭᠴᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢ ᠭᠦᠨᠵᠡᠭᠡᠢ ᠠᠬᠢᠭᠤᠯᠬᠤ ᠦᠢ᠍ᠯᠡᠳᠦᠯᠭᠡ ᠵᠢᠨ ᠳᠤᠮᠳᠠ ᠶᠢᠰᠦᠨ ᠠᠰᠠᠭᠤᠳᠠᠯ᠎ᠢ ᠰᠠᠶ᠋ᠢᠲᠤᠷ ᠡᠵᠡᠮᠳᠡᠬᠦ ᠴᠢᠬᠤᠯᠠᠲᠠᠢ᠂ ᠲᠤᠬᠠᠶ᠋ᠢᠯᠠᠪᠠᠯ᠄ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠬᠤ᠎ᠪᠠᠷ ᠦᠨᠳᠦᠰᠦᠨ ᠪᠠᠲᠤᠯᠠᠭ᠎ᠠ ᠪᠤᠯᠭ᠋ᠠᠵᠤ᠂ ᠠᠭᠤᠤ ᠶᠡᠭᠡ ᠨᠡᠶ᠋ᠢᠭᠡᠮ᠎ᠤᠨ ᠬᠤᠪᠢᠰᠬᠠᠯ᠎ᠢ ᠬᠥᠲᠥᠯᠥᠨ ᠳᠠᠭ᠋ᠠᠭᠤᠯᠬᠤ᠎ᠪᠠᠷ ᠦᠨᠳᠦᠰᠦᠨ ᠵᠣᠷᠢᠯᠭ᠎ᠠ ᠪᠤᠯᠭ᠋ᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠨᠳᠦᠰᠦᠨ ᠵᠢᠷᠤᠮᠯᠠᠯ ᠪᠤᠯᠭ᠋ᠠᠵᠤ᠂ ᠲᠡᠦᠬᠡ ᠵᠢᠨ ᠦᠶᠡᠯᠡᠯ᠎ᠤᠨ ᠳᠠᠪᠲᠠᠮᠵᠢ᠎ᠠᠴᠠ ᠮᠤᠯᠲᠤᠷᠠᠬᠤ᠎ᠪᠠᠷ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ ᠪᠤᠯᠭ᠋ᠠᠵᠤ᠂ ᠲᠣᠮᠣ ᠨᠠᠮ᠎ᠤᠨ ᠥᠪᠡᠷᠮᠢᠴᠡ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠤᠣᠯ ᠰᠢᠪᠲᠤᠯᠬᠤ ᠴᠢᠭᠯᠡᠯ ᠵᠶ᠋ᠠᠨ ᠪᠤᠯᠭ᠋ᠠᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠬᠦ᠎ᠪᠠᠷ ᠪᠦᠲᠦᠮᠵᠢᠲᠡᠶ ᠠᠷᠭ᠎ᠠ ᠵᠠᠮ ᠪᠤᠯᠭ᠋ᠠᠵᠤ᠂ ᠡᠷᠡᠰ ᠬᠠᠲᠠᠭᠤ ᠵᠣᠬᠢᠶᠠᠨ ᠪᠠᠶ᠋ᠢᠭᠤᠯᠤᠯᠲᠠ ᠵᠢ ᠳᠠᠪᠲᠠᠨ ᠪᠤᠯᠪᠠᠰᠤᠷᠠᠭᠤᠯᠬᠤ᠂ ᠪᠠᠲᠤ ᠴᠢᠩᠭ᠎ᠠ ᠡᠩᠨᠡᠭᠡ ᠵᠢ ᠪᠠᠶ᠋ᠢᠭᠤᠯᠬᠤ᠎ᠪᠠᠷ ᠴᠢᠬᠤᠯᠠ ᠬᠦᠴᠦᠯᠡᠬᠦ ᠴᠡᠭ ᠪᠤᠯᠭ᠋ᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ᠎ᠪᠠᠷ ᠴᠢᠬᠤᠯᠠ ᠭᠠᠷᠳᠠᠴᠠ ᠪᠤᠯᠭ᠋ᠠᠵᠤ᠂ ᠲᠤᠰ ᠪᠡᠶ᠎ᠡ ᠵᠢᠨ ᠬᠢᠨᠠᠯᠲᠠ ᠪᠠ ᠠᠷᠠᠳ ᠲᠦᠮᠡᠨ᠎ᠤ ᠬᠢᠨᠠᠯᠲᠠ ᠵᠢ ᠤᠶᠠᠯᠳᠤᠭᠤᠯᠬᠤ᠎ᠪᠠᠷ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠭ᠋ᠠᠬᠤ ᠬᠡᠷᠡᠭᠲᠡᠢ᠃ ᠦᠵᠡᠯ ᠰᠠᠨᠠᠭ᠎ᠠ᠎ᠪᠠᠨ ᠴᠢᠯᠦᠭᠡᠯᠡᠬᠦ᠂ ᠦᠨᠡᠨ᠎ᠠᠴᠠ ᠵᠥᠪ᠎ᠢ ᠡᠷᠢᠬᠦ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠬᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠦᠢ᠍ᠯᠡᠳᠦᠯᠭᠡ ᠵᠢᠨ ᠰᠦᠪᠡᠭᠴᠢᠯᠡᠯᠲᠡ ᠪᠠ ᠤᠨᠤᠯ᠎ᠤᠨ ᠰᠢᠨ᠎ᠡ ᠵᠢ ᠡᠭᠦᠳᠬᠦ ᠵᠢ ᠲᠠᠰᠤᠷᠠᠯᠳᠠ ᠦᠭᠡᠢ ᠬᠢᠵᠦ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠲᠤᠬᠠᠢ ᠵᠢᠮ᠎ᠡ ᠶᠣᠰᠣᠴᠢ ᠴᠢᠨᠠᠷ᠎ᠤᠨ ᠲᠠᠨᠢᠯᠲᠠ ᠵᠢ ᠲᠠᠰᠤᠷᠠᠯᠳᠠ ᠦᠭᠡᠢ ᠭᠦᠨᠵᠡᠭᠡᠶ᠋ᠢᠷᠡᠭᠦᠯᠵᠦ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠰᠡᠳᠬᠢᠴᠡ ᠠᠷᠭ᠎ᠠ ᠬᠡᠮᠵᠢᠶ᠎ᠡ ᠵᠢ ᠨᠡᠩ ᠨᠢᠭᠲᠠ ᠴᠢᠩᠭ᠎ᠠ ᠪᠤᠯᠭ᠋ᠠᠵᠤ᠂ ᠹᠷᠣᠨᠲ ᠪᠦᠷᠢ ᠵᠢᠨ᠂ ᠭᠤᠭᠴᠤᠭ᠎ᠠ ᠪᠦᠷᠢ ᠵᠢᠨ ᠥᠪᠡᠷ ᠪᠡᠶ᠎ᠡ ᠵᠢᠨ ᠬᠤᠪᠢᠰᠬᠠᠯ᠎ᠢ ᠪᠣᠳᠠᠲᠠᠢ ᠠᠳᠬᠤᠵᠤ᠂ ᠭᠦᠨᠵᠡᠭᠡᠢ ᠠᠳᠬᠤᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
    ᠰᠢ ᠵᠢᠨ ᠫᠢᠩ᠂ ᠰᠢᠨ᠎ᠡ ᠠᠶᠠᠨ᠎ᠳᠤ ᠢᠯᠵᠠᠷᠠᠯ᠎ᠢ ᠡᠰᠡᠷᠭᠦᠴᠡᠬᠦ ᠲᠡᠮᠡᠴᠡᠯ ᠬᠢᠬᠦ᠎ᠳᠤ᠂ ᠡᠷᠬᠡᠪᠰᠢ ᠢᠯᠵᠠᠷᠠᠯ᠎ᠤᠨ ᠠᠰᠠᠭᠤᠳᠠᠯ ᠡᠭᠦᠰᠬᠦ ᠬᠥᠷᠥᠰᠥ ᠰᠢᠷᠣᠢ ᠪᠣᠯᠣᠨ ᠨᠥᠬᠦᠴᠡᠯ᠎ᠢ ᠠᠷᠢᠯᠭ᠋ᠠᠬᠤ ᠳᠡᠭᠡᠷ᠎ᠡ ᠦᠷᠭᠦᠯᠵᠢᠯᠡᠨ ᠬᠦᠴᠦᠯᠡᠵᠦ᠂ ᠭᠦᠨᠵᠡᠭᠡᠶ᠋ᠢᠷᠡᠭᠦᠯᠦᠨ ᠠᠬᠢᠭᠤᠯᠬᠤ ᠬᠡᠷᠡᠭᠲᠡᠢ᠃ ᠶᠡᠷᠦᠩᠬᠡᠢ ᠱᠠᠭ᠋ᠠᠷᠳᠠᠯᠭ᠎ᠠ ᠪᠣᠯ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠦᠡᠭᠭᠡᠨ ᠲᠠᠯ᠎ᠠ ᠪᠠ ᠦᠨᠳᠦᠰᠦᠨ᠎ᠠᠴᠠ᠎ᠨᠢ ᠵᠠᠰᠠᠬᠤ᠂ ᠰᠢᠰᠲ᠋ᠧᠮ᠎ᠲᠠᠢ᠎ᠪᠠᠷ ᠵᠠᠰᠠᠬᠤ ᠵᠢ ᠭᠦᠨᠵᠡᠭᠡᠶ᠋ᠢᠷᠡᠭᠦᠯᠦᠨ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠭᠦᠨᠴᠡ ᠪᠠ ᠥᠷᠭᠡᠴᠡ ᠵᠢ ᠲᠠᠰᠤᠷᠠᠯᠳᠠ ᠦᠭᠡᠢ ᠶᠡᠬᠡᠰᠬᠡᠵᠦ᠂ ᠡᠪᠡᠳᠴᠢᠨ᠎ᠳᠤᠨᠢ ᠲᠣᠬᠢᠷᠠᠭᠤᠯᠤᠨ ᠡᠮ ᠥᠭᠴᠦ᠂ ᠨᠠᠷᠢᠯᠢᠭ ᠣᠨᠣᠴᠠᠲᠠᠢ ᠵᠠᠰᠠᠵᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ᠂ ᠲᠠᠭᠢᠨ ᠳᠠᠪᠲᠠᠨ ᠡᠭᠦᠰᠴᠦ ᠪᠠᠶ᠋ᠢᠭ᠎ᠠ ᠬᠠᠭᠤᠴᠢᠨ ᠠᠰᠠᠭᠤᠳᠠᠯ᠎ᠢ ᠠᠯᠬᠤᠮ ᠠᠯᠬᠤᠮ ᠵᠶ᠋ᠠᠷ ᠪᠠᠭ᠋ᠠᠰᠬᠠᠵᠤ᠂ ᠰᠢᠨ᠎ᠡ᠎ᠪᠠᠷ ᠢᠯᠡᠷᠡᠭᠰᠡᠨ ᠠᠰᠠᠭᠤᠳᠠᠯ᠎ᠢ ᠦᠷᠪᠢᠰᠦᠨ ᠳᠡᠯᠭᠡᠷᠡᠬᠦᠶ᠎ᠡ ᠪᠡᠷᠬᠡ ᠪᠤᠯᠭ᠋ᠠᠵᠤ᠂ ᠢᠯᠵᠠᠷᠠᠯ᠎ᠤᠨ ᠠᠰᠠᠭᠤᠳᠠᠯ᠎ᠢ ᠰᠡᠷᠭᠡᠶ᠋ᠢᠯᠡᠬᠦ ᠪᠠ ᠵᠠᠰᠠᠬᠤ ᠵᠢ ᠪᠠᠶ᠋ᠢᠩᠭᠤᠵᠢᠭᠤᠯᠬᠤ᠂ ᠤᠷᠳᠤ ᠬᠤᠭᠤᠴᠠᠭ᠎ᠠ᠎ᠪᠠᠷ ᠪᠦᠲᠦᠮᠵᠢᠳᠠᠢ ᠪᠤᠯᠭ᠋ᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
    ᠰᠢ ᠵᠢᠨ ᠫᠢᠩ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠳᠠᠬᠢ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠴᠢᠩᠭ᠋ᠠᠳᠬᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠪᠦᠭᠦ ᠶᠠᠪᠤᠴᠠ᠎ᠳᠠᠬᠢ ᠤᠳᠤᠷᠢᠳᠤᠯᠭ᠎ᠠ᠎ᠪᠠᠨ ᠦᠨᠡᠨ ᠬᠦ᠌ ᠴᠢᠩᠭ᠋ᠠᠳᠬᠠᠵᠤ᠂ ᠢᠯᠵᠠᠷᠠᠯ᠎ᠤᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠡᠷᠡᠰ ᠳᠡᠮᠵᠢᠵᠦ᠂ ᠬᠠᠲᠠᠭᠤ᠎ᠲᠠᠢ᠎ᠨᠢ ᠬᠠᠯᠳᠠᠵᠤ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠢ᠃ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ ᠲᠤᠰᠬᠠᠢ ᠬᠠᠷᠢᠭᠤᠴᠠᠬᠤ ᠪᠠᠶ᠋ᠢᠭᠤᠯᠭ᠎ᠠ ᠪᠣᠯᠤᠭᠰᠠᠨ᠎ᠤ ᠬᠤᠪᠢ᠎ᠳᠤ᠂ ᠨᠡᠩ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ᠂ ᠨᠠᠮ᠎ᠤᠨ ᠬᠤᠷᠢᠶ᠎ᠠ᠎ᠲᠠᠢ ᠬᠦᠴᠦᠲᠡᠢ ᠪᠥᠭᠡᠳ ᠪᠦᠲᠦᠮᠵᠢᠳᠠᠢ ᠬᠠᠮᠵᠢᠯᠴᠠᠨ ᠢᠯᠵᠠᠷᠠᠯ᠎ᠢ ᠡᠰᠡᠷᠭᠦᠴᠡᠬᠦ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠵᠤ᠂ ᠢᠯᠵᠠᠷᠠᠯ᠎ᠢ ᠡᠰᠡᠷᠭᠦᠴᠡᠬᠦ ᠪᠦᠭᠦ ᠬᠡᠯᠬᠢᠶᠡᠨ᠎ᠤ ᠬᠦᠴᠦᠨ᠎ᠢ ᠨᠡᠶ᠋ᠢᠳᠬᠡᠬᠦ ᠬᠡᠷᠡᠭᠲᠡᠢ᠃ ᠡᠯ᠎ᠡ ᠡᠭᠦᠷᠭᠡ ᠲᠤᠰᠢᠶᠠᠯᠲᠤ ᠰᠠᠯᠠᠭ᠎ᠠ ᠮᠥᠴᠢᠷ ᠥᠨᠳᠥᠷ ᠪᠦᠲᠦᠮᠵᠢᠲᠡᠢ ᠬᠠᠮᠵᠢᠯᠴᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ ᠵᠢᠨ ᠢᠯᠵᠠᠷᠠᠯ᠎ᠢ ᠡᠰᠡᠷᠭᠦᠴᠡᠬᠦ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠤᠬᠠᠮᠰᠠᠷ᠎ᠠᠴᠠ᠎ᠪᠠᠨ ᠪᠣᠳᠠᠲᠠᠢ ᠠᠵᠢᠯᠯᠠᠭ᠎ᠠ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠢᠯᠵᠠᠷᠠᠯ᠎ᠢ ᠵᠠᠯᠬᠠᠭ᠋ᠠᠨ ᠰᠢᠢ᠍ᠳᠬᠡᠬᠦ ᠥᠨᠳᠥᠷ ᠳᠠᠷᠤᠯᠲᠠᠲᠤ ᠪᠠᠶ᠋ᠢᠳᠠᠯ᠎ᠢ ᠦᠷᠭᠦᠯᠵᠢᠯᠡᠨ ᠪᠠᠲᠤᠯᠠᠬᠤ ᠬᠡᠷᠡᠭᠲᠡᠢ᠃ ᠮᠥᠨ ᠬᠦ᠌ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶ᠋ᠢᠭ᠎ᠠ ᠪᠠᠶ᠋ᠢᠳᠠᠯ᠎ᠤᠨ ᠡᠮᠦᠨ᠎ᠡ᠂ ᠢᠯᠵᠠᠷᠠᠯ᠎ᠢ ᠡᠰᠡᠷᠭᠦᠴᠡᠬᠦ᠎ᠳᠤ ᠶᠠᠭ᠋ᠠᠬᠢᠭᠰᠠᠨ ᠴᠤ᠌ ᠪᠤᠴᠠᠵᠤ ᠪᠤᠯᠬᠤ ᠦᠭᠡᠢ᠂ ᠰᠤᠯᠠᠷᠠᠭᠤᠯᠵᠤ ᠪᠤᠯᠬᠤ ᠦᠭᠡᠢ᠂ ᠡᠨᠡᠷᠢᠩᠭᠦᠢ ᠵᠥᠭᠡᠯᠡᠨ ᠪᠠᠶ᠋ᠢᠵᠤ ᠪᠤᠯᠬᠤ ᠦᠭᠡᠢ᠂ ᠡᠷᠬᠡᠪᠰᠢ ᠳᠠᠭ᠋ᠠᠷᠢᠯᠲᠠ ᠵᠢᠨ ᠪᠦᠷᠢᠶ᠎ᠡ ᠵᠢ ᠦᠷᠭᠦᠯᠵᠢᠳᠡ ᠳᠤᠤᠭ᠋ᠠᠷᠭ᠋ᠠᠬᠤ ᠬᠡᠷᠡᠭᠲᠡᠢ᠃ 《ᠳᠣᠯᠣᠭ᠋ᠠᠨ ᠪᠠᠶ᠋ᠢᠬᠤ》 ᠠᠰᠠᠭᠤᠳᠠᠯ᠎ᠢ ᠦᠷᠭᠦᠯᠵᠢᠯᠡᠨ ᠠᠩᠬᠠᠷᠴᠤ᠂ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠰᠦᠯᠪᠡᠭᠡᠯᠡᠭᠰᠡᠨ ᠢᠯᠵᠠᠷᠠᠯ᠎ᠢ ᠴᠢᠩᠭ᠎ᠠ ᠰᠢᠢ᠍ᠳᠬᠡᠬᠦ ᠵᠢ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠤᠯᠭ᠋ᠠᠵᠤ᠂ ᠡᠷᠬᠡ᠎ᠪᠠᠷ ᠲᠦᠰᠢᠭ ᠪᠤᠯᠭ᠋ᠠᠬᠰᠠᠨ ᠬᠥᠷᠥᠩᠭᠡ ᠠᠰᠢᠭ ᠬᠥᠭᠡᠭᠡᠴᠡᠯᠳᠦᠬᠦ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠂ ᠡᠯ᠎ᠡ ᠵᠦᠢ᠍ᠯ᠎ᠤᠨ ᠠᠰᠢᠭ ᠲᠤᠰᠠ ᠵᠢᠨ ᠪᠦᠯᠦᠭᠯᠡᠯ᠂ ᠡᠷᠬᠡ ᠰᠦᠷᠲᠦ ᠪᠦᠯᠭᠦᠮ᠎ᠤᠨ ᠤᠯᠤᠰ ᠲᠥᠷᠦ ᠵᠢᠨ ᠬᠦᠷᠢᠶᠡᠨ᠎ᠳᠤ ᠨᠡᠪᠴᠢᠬᠦ ᠵᠢ ᠲᠠᠰᠤ ᠰᠡᠷᠭᠡᠶ᠋ᠢᠯᠡᠬᠦ ᠬᠡᠷᠡᠭᠲᠡᠢ᠃ ᠮᠥᠩᠭᠦᠨ ᠭᠦᠢ᠍ᠯᠭᠡᠭᠡᠨ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠂ ᠡᠨᠧᠷᠭᠢ᠂ ᠡᠮ ᠡᠮᠨᠡᠯᠭᠡ ᠪᠠ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ ᠵᠡᠷᠭᠡ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠴᠤᠭᠯᠠᠷᠠᠭᠰᠠᠨ ᠬᠦᠷᠢᠶᠡᠨ᠎ᠳᠠᠬᠢ ᠢᠯᠵᠠᠷᠠᠯ᠎ᠢ ᠴᠡᠭᠴᠡᠯᠡᠨ ᠵᠠᠰᠠᠬᠤ ᠠᠵᠢᠯ᠎ᠢ ᠭᠦᠨᠵᠡᠭᠡᠶ᠋ᠢᠷᠡᠭᠦᠯᠵᠦ᠂ ᠠᠶᠤᠯ ᠲᠦᠭᠰᠢᠭᠦᠷᠢ ᠵᠢᠨ ᠭᠡᠮ ᠰᠣᠭᠤᠭ᠎ᠢ ᠠᠷᠢᠯᠭ᠋ᠠᠬᠤ ᠬᠡᠷᠡᠭᠲᠡᠢ᠃ 《ᠵᠢᠵᠢᠭ ᠵᠶ᠋ᠠᠷ ᠱᠠᠮᠰᠢᠵᠤ ᠪᠠᠭ᠎ᠠ᠎ᠪᠠᠷ ᠢᠯᠵᠠᠷᠠᠬᠤ》 ᠵᠢ ᠵᠠᠯᠬᠠᠭ᠋ᠠᠨ ᠰᠢᠢ᠍ᠳᠬᠡᠵᠦ᠂ ᠤᠯᠠᠨ ᠲᠦᠮᠡᠨ᠎ᠳᠤ ᠨᠡᠩ ᠤᠯᠠᠨ ᠬᠦᠷᠲᠡᠮᠵᠢ ᠵᠢᠨ ᠲᠥᠷᠥᠭᠳᠡᠯ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠢᠯᠵᠠᠷᠠᠯ᠎ᠤᠨ ᠪᠤᠢ ᠪᠣᠯᠵᠤ ᠦᠷᠪᠢᠰᠦᠨ ᠳᠡᠯᠭᠡᠷᠡᠬᠦ ᠵᠢ ᠲᠠᠰᠤᠯᠬᠤ ᠬᠡᠷᠡᠭᠲᠡᠢ᠃ ᠢᠯᠵᠠᠷᠠᠯ᠎ᠤᠨ ᠮᠥᠨ ᠴᠢᠨᠠᠷ᠎ᠨᠢ ᠡᠷᠬᠡ ᠵᠢ ᠳᠤᠷ᠎ᠠ᠎ᠪᠠᠷ ᠵᠶ᠋ᠠᠨ ᠬᠡᠷᠡᠭᠯᠡᠬᠦ ᠶᠠᠪᠤᠳᠠᠯ ᠪᠣᠯᠣᠨ᠎ᠠ᠃ ᠲᠥᠷᠥ ᠵᠢᠨ ᠪᠣᠳᠣᠯᠭ᠎ᠠ ᠲᠣᠭᠲᠠᠭ᠋ᠠᠬᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠵᠡᠷᠭᠡ ᠵᠠᠩᠭᠢᠯᠠᠭ᠎ᠠ ᠵᠢᠨ ᠡᠷᠬᠡ ᠵᠢ ᠠᠳᠬᠤᠵᠤ᠂ ᠭᠤᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨ᠎ᠡ᠎ᠪᠠᠷ ᠮᠠᠨᠳᠤᠭᠰᠠᠨ ᠬᠦᠷᠢᠶᠡᠨ᠎ᠤ ᠵᠠᠰᠠᠯᠲᠠ ᠵᠢᠨ ᠲᠣᠭᠲᠠᠴᠠ ᠵᠢᠨ ᠪᠠᠶ᠋ᠢᠭᠤᠯᠤᠯᠲᠠ ᠵᠢ ᠲᠦᠷᠭᠡᠳᠬᠡᠵᠦ᠂ ᠡᠷᠬᠡ ᠵᠢᠨ ᠲᠣᠬᠢᠷᠠᠭᠤᠯᠤᠯᠲᠠ ᠪᠣᠯᠣᠨ ᠠᠵᠢᠯᠯᠠᠭ᠋ᠠᠨ᠎ᠤ ᠬᠢᠵᠠᠭ᠋ᠠᠷᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠳᠦᠷᠢᠮ᠎ᠤᠨ ᠳᠤᠲᠠᠭᠤᠳᠠᠯ᠎ᠢ ᠴᠢᠨᠠᠭᠰᠢᠳᠠ ᠨᠥᠬᠦᠪᠦᠷᠢᠯᠡᠵᠦ᠂ ᠴᠢᠯᠦᠭᠡᠲᠡᠢ᠎ᠪᠠᠷ ᠲᠠᠰᠤᠯᠤᠨ ᠲᠣᠭᠲᠠᠭ᠋ᠠᠬᠤ ᠡᠷᠬᠡ ᠵᠢ ᠵᠢᠷᠤᠮᠵᠢᠭᠤᠯᠵᠤ᠂ ᠡᠷᠬᠡ᠎ᠳᠤ ᠲᠦᠰᠢᠭᠯᠡᠵᠦ ᠠᠰᠢᠭ ᠣᠯᠵᠠᠪᠤᠷᠢ ᠣᠯᠬᠤ ᠠᠵᠠ ᠲᠣᠭᠢᠶᠠᠯ᠎ᠢ ᠪᠠᠭ᠋ᠠᠰᠬᠠᠬᠤ ᠬᠡᠷᠡᠭᠲᠡᠢ᠃ ᠢᠯᠵᠠᠷᠠᠯ᠎ᠢ ᠤᠷᠢᠳᠴᠢᠯᠠᠨ ᠰᠡᠷᠡᠮᠵᠢᠯᠡᠭᠦᠯᠵᠦ ᠵᠠᠯᠬᠠᠭ᠋ᠠᠨ ᠰᠢᠢ᠍ᠳᠬᠡᠬᠦ ᠬᠤᠯᠪᠣᠯᠳᠤᠭᠰᠠᠨ ᠲᠣᠭᠲᠠᠴᠠ ᠵᠢ ᠪᠠᠶ᠋ᠢᠭᠤᠯᠵᠤ᠂ ᠠᠷᠢᠭᠤᠨ ᠴᠢᠬᠡᠴᠢ ᠵᠢᠨ ᠠᠶᠤᠯ ᠲᠦᠭᠰᠢᠭᠦᠷᠢ ᠵᠢᠨ ᠭᠡᠮ ᠰᠣᠭᠤᠭ᠎ᠤᠨ ᠬᠥᠳᠡᠯᠦᠩᠭᠦᠢ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠰᠢᠨ᠎ᠡ ᠭᠡᠯᠪᠡᠷᠢ ᠵᠢᠨ ᠢᠯᠵᠠᠷᠠᠯ ᠪᠠ ᠲᠠᠯᠳᠠ ᠢᠯᠵᠠᠷᠠᠯ᠎ᠢ ᠲᠦᠷᠭᠡᠨ ᠰᠢᠢ᠍ᠳᠪᠦᠷᠢᠯᠡᠬᠦ ᠵᠢ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠢᠯᠵᠠᠷᠠᠯ᠎ᠢ ᠡᠰᠡᠷᠭᠦᠴᠡᠬᠦ ᠬᠠᠤᠯᠢ ᠲᠣᠭᠲᠠᠭ᠋ᠠᠯ ᠳᠦᠷᠢᠮ᠎ᠢ ᠴᠢᠨᠠᠭᠰᠢᠳᠠ ᠪᠦᠷᠢᠨᠰᠢᠭᠦᠯᠬᠦ ᠬᠡᠷᠡᠭᠲᠡᠢ᠃ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠵᠡᠷᠭᠡ ᠰᠠᠭᠤᠷᠢᠯᠠᠬᠤ ᠴᠢᠨᠠᠷᠲᠠᠢ ᠬᠠᠤᠯᠢ ᠲᠣᠭᠲᠠᠭ᠋ᠠᠯ ᠳᠦᠷᠢᠮ᠎ᠢ ᠨᠢᠭᠡ ᠴᠣᠭᠴᠠᠵᠢᠭᠤᠯᠤᠨ ᠠᠬᠢᠭᠤᠯᠬᠤ᠎ᠲᠠᠢ ᠤᠶᠠᠯᠳᠤᠭᠤᠯᠤᠨ᠂ 《ᠨᠢᠭᠡᠳᠦᠭᠡᠷ ᠬᠠᠷᠢᠭᠤᠴᠠᠯᠭ᠋ᠠᠲᠠᠨ》 ᠪᠠ ᠤᠳᠤᠷᠢᠳᠬᠤ ᠪᠠᠭ᠎ᠤᠨ ᠬᠢᠨᠠᠯᠲᠠ ᠵᠢ ᠴᠢᠩᠭ᠋ᠠᠳᠬᠠᠬᠤ ᠢᠵᠢ ᠪᠦᠷᠢᠳᠦᠭᠦᠯᠦᠭᠰᠡᠨ ᠳᠦᠷᠢᠮ᠎ᠢ ᠪᠦᠷᠢᠨᠰᠢᠭᠦᠯᠬᠦ ᠬᠡᠷᠡᠭᠲᠡᠢ᠃ ᠢᠯᠵᠠᠷᠠᠯ᠎ᠢ ᠡᠰᠡᠷᠭᠦᠴᠡᠬᠦ ᠲᠤᠬᠠᠢ ᠤᠯᠤᠰ᠎ᠠᠴᠠ ᠬᠠᠤᠯᠢ ᠲᠣᠭᠲᠠᠭ᠋ᠠᠬᠤ ᠵᠢ ᠦᠷᠭᠦᠯᠵᠢᠯᠡᠨ ᠠᠬᠢᠭᠤᠯᠵᠤ᠂ ᠬᠢᠨᠠᠨ ᠪᠠᠶ᠋ᠢᠴᠠᠭ᠋ᠠᠬᠤ ᠬᠠᠤᠯᠢ᠎ᠳᠤ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠨ ᠵᠠᠰᠠᠪᠤᠷᠢ ᠣᠷᠣᠭᠤᠯᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ᠎ᠢ ᠰᠤᠷᠤᠯᠴᠠᠨ ᠲᠤᠭᠤᠰᠢᠯᠠᠭᠤᠯᠬᠤ᠎ᠪᠠᠷ ᠲᠣᠭᠢᠶᠠᠯ ᠪᠤᠯᠭ᠋ᠠᠵᠤ᠂ ᠪᠦᠭᠦ ᠨᠠᠮ᠎ᠳᠤ ᠨᠢᠭᠡ ᠤᠳᠠᠭ᠋ᠠᠨ᠎ᠤ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠵᠢᠨ ᠬᠥᠮᠦᠵᠢᠯ᠎ᠢ ᠥᠷᠨᠢᠭᠦᠯᠬᠦ ᠬᠡᠷᠡᠭᠲᠡᠢ᠃ ᠭᠤᠣᠯᠳᠠᠯᠭ᠎ᠠ᠎ᠲᠠᠢ ᠬᠠᠤᠯᠢ ᠲᠣᠭᠲᠠᠭ᠋ᠠᠯ ᠳᠦᠷᠢᠮ᠎ᠢ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠵᠤ᠂ ᠨᠢᠭᠡ ᠴᠣᠭᠴᠠᠵᠢᠭᠤᠯᠤᠨ ᠵᠢᠷᠤᠮᠯᠠᠵᠤ᠂ ᠨᠢᠭᠡ ᠴᠣᠭᠴᠠᠵᠢᠭᠤᠯᠤᠨ ᠬᠡᠷᠡᠭᠵᠢᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠬᠡᠭᠡᠯᠢ ᠲᠦᠯᠬᠢᠬᠦ ᠠᠵᠢᠯᠯᠠᠭ᠎ᠠ ᠵᠢ ᠵᠠᠯᠬᠠᠭ᠋ᠠᠨ ᠰᠢᠢ᠍ᠳᠬᠡᠬᠦ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃ ᠳᠠᠩᠳᠠ ᠺᠠᠳ᠋ᠷ᠎ᠢ ᠲᠠᠲᠠᠵᠤ ᠠᠯᠳᠠᠭ᠎ᠠ ᠭᠠᠷᠭ᠋ᠠᠯᠭ᠋ᠠᠳᠠᠭ᠂ ᠪᠤᠰᠤᠳ᠎ᠢ ᠬᠤᠣᠷᠯᠠᠳᠠᠭ ᠲᠡᠳᠡᠭᠡᠷ ᠬᠡᠭᠡᠯᠢ ᠲᠦᠯᠬᠢᠳᠡᠭ ᠬᠥᠮᠥᠰ᠎ᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠵᠦ᠂ ᠬᠥᠮᠥᠰ᠎ᠤᠨ ᠠᠳᠡᠭᠦᠦ ᠲᠠᠨᠢᠯᠲᠠ ᠵᠢ ᠵᠠᠯᠠᠷᠠᠭᠤᠯᠵᠤ᠂ ᠵᠠᠯᠬᠠᠭ᠋ᠠᠬᠤ᠎ᠪᠠᠷ ᠳᠠᠮᠵᠢᠵᠤ ᠴᠡᠭᠡᠷᠯᠡᠯ ᠦᠵᠡᠭᠦᠯᠭᠦ ᠬᠡᠷᠡᠭᠲᠡᠢ᠃ ᠬᠡᠭᠡᠯᠢ ᠲᠦᠯᠬᠢᠭᠡᠳ ᠣᠯᠣᠭᠰᠠᠨ ᠵᠦᠢ ᠪᠤᠰᠤ ᠠᠰᠢᠭ ᠲᠤᠰᠠ ᠵᠢ ᠨᠡᠬᠡᠮᠵᠢᠯᠡᠨ ᠲᠤᠰᠢᠶᠠᠯᠭ᠋ᠠᠬᠤ ᠪᠠ ᠵᠠᠯᠠᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠴᠥᠬᠦᠷᠡᠰᠢ ᠦᠭᠡᠢ ᠪᠠᠷᠢᠮᠲᠠᠯᠠᠨ ᠤᠯᠤᠰ ᠲᠦᠷᠦ ᠵᠢᠨ ᠠᠮᠢ ᠠᠬᠤᠢ ᠵᠢ ᠴᠡᠪᠡᠷᠰᠢᠭᠦᠯᠬᠦ ᠬᠡᠷᠡᠭᠲᠡᠢ᠃ ᠮᠠᠭᠤ ᠵᠢ᠎ᠨᠢ ᠮᠠᠭᠤᠰᠢᠶᠠᠬᠤ ᠪᠠ ᠰᠠᠶ᠋ᠢᠨ᠎ᠢ᠎ᠨᠢ ᠰᠠᠶ᠋ᠢᠰᠢᠶᠠᠬᠤ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠳᠦᠷᠢᠮ᠎ᠢ ᠴᠢᠩᠳᠠᠯᠠᠵᠤ᠂ ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠢ ᠲᠥᠪ ᠴᠢᠩᠭ᠎ᠠ ᠪᠤᠯᠭ᠋ᠠᠵᠤ᠂ 《ᠲᠠᠯᠳᠠ ᠳᠦᠷᠢᠮ ᠭᠤᠷᠢᠮ》᠎ᠢ ᠡᠪᠳᠡᠨ᠂ 《ᠢᠯᠡ ᠶᠣᠰᠣ   ᠳᠦᠷᠢᠮ》᠎ᠢ ᠲᠣᠭᠲᠠᠭ᠋ᠠᠵᠤ᠂ 《ᠵᠢᠵᠢᠭ   ᠪᠦᠯᠭᠦᠮ》᠂ 《ᠡᠷᠬᠡ   ᠰᠦᠷᠳᠡᠨ᠎ᠢ   ᠳᠣᠲᠣᠨᠣᠴᠢᠯᠠᠬᠤ》᠂       《ᠬᠥᠭᠦᠷᠭᠡ ᠬᠤᠯᠪᠣᠭ᠋ᠠᠰᠤ ᠪᠤᠯᠬᠤ》 ᠵᠢ ᠡᠷᠡᠰ ᠰᠡᠷᠭᠡᠶ᠋ᠢᠯᠡᠵᠦ᠂ ᠡᠯ᠎ᠡ ᠵᠦᠢ᠍ᠯ᠎ᠤᠨ ᠤᠯᠤᠰ ᠲᠦᠷᠦ ᠵᠢᠨ ᠮᠡᠬᠡᠯᠡᠭᠴᠢ᠎ᠳᠤ ᠬᠦᠴᠦᠲᠡᠢ ᠴᠣᠬᠢᠯᠲᠠ ᠥᠭᠴᠦ᠂ ᠲᠠᠸᠠᠷ᠎ᠤᠨ ᠰᠣᠯᠢᠯᠴᠠᠭ᠋ᠠᠨ᠎ᠤ ᠵᠠᠷᠴᠢᠮ᠎ᠢ ᠨᠠᠮ᠎ᠤᠨ ᠳᠣᠲᠣᠭ᠋ᠠᠳᠤ᠎ᠳᠤ ᠠᠪᠴᠢᠷᠠᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠢ᠃ ᠬᠥᠮᠥᠨ ᠰᠣᠩᠭᠤᠵᠤ ᠬᠥᠮᠥᠨ ᠬᠡᠷᠡᠭᠯᠡᠬᠦ ᠲᠠᠯ᠎ᠠ᠎ᠪᠠᠷ᠎ᠬᠢ ᠲᠥᠪ ᠪᠤᠰᠤ ᠰᠤᠷᠲᠠᠯ᠎ᠢ ᠴᠥᠬᠦᠷᠡᠰᠢ ᠦᠭᠡᠢ ᠴᠡᠭᠴᠡᠯᠡᠨ ᠵᠠᠰᠠᠵᠤ᠂ ᠨᠥᠬᠦᠳ᠎ᠤᠨ ᠬᠤᠭᠤᠷᠤᠨᠳᠤᠭᠢ ᠠᠷᠢᠭᠤᠨ ᠴᠢᠬᠡᠴᠢ ᠬᠠᠷᠢᠴᠠᠭ᠎ᠠ᠂ ᠳᠡᠭᠡᠷ᠎ᠡ ᠳᠣᠣᠷ᠎ᠠ ᠱᠠᠲᠤᠨ᠎ᠤ ᠶᠣᠰᠣ ᠳᠦᠷᠢᠮ᠎ᠲᠠᠢ ᠬᠠᠷᠢᠴᠠᠭ᠎ᠠ ᠪᠦᠷᠢᠯᠳᠦᠬᠦ ᠵᠢ ᠠᠬᠢᠭᠤᠯᠵᠤ᠂ ᠤᠯᠤᠰ ᠲᠦᠷᠦ ᠵᠢᠨ ᠠᠮᠢ ᠠᠬᠤᠢ ᠵᠢᠨ ᠠᠭᠤᠯᠠ ᠤᠰᠤ ᠴᠡᠪᠡᠷ ᠲᠤᠩᠭ᠋ᠠᠯᠠᠭ ᠪᠠᠶ᠋ᠢᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠰᠢᠨ᠎ᠡ ᠴᠠᠭ ᠦᠶ᠎ᠡ ᠵᠢᠨ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢᠨ ᠬᠥᠮᠦᠵᠢᠯ᠎ᠢ ᠭᠦᠨᠵᠡᠭᠡᠢ ᠥᠷᠨᠢᠭᠦᠯᠵᠦ᠂ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ᠎ᠢ ᠵᠠᠯᠭ᠋ᠠᠮᠵᠢᠯᠠᠨ᠂ ᠡᠪ ᠬᠠᠮᠲᠤ ᠨᠠᠮ᠎ᠤᠨ ᠭᠡᠰᠢᠭᠦᠨ᠎ᠤ ᠡᠷᠬᠢᠮ ᠳᠡᠭᠡᠳᠦ ᠬᠦᠰᠡᠯᠡᠩ ᠬᠥᠭᠡᠭᠡᠴᠡᠯᠳᠦᠯ᠎ᠢ ᠬᠥᠭᠵᠢᠭᠡᠵᠦ᠂ ᠡᠷᠬᠡ᠎ᠪᠠᠨ ᠠᠰᠢᠭᠯᠠᠨ ᠠᠮᠢ᠎ᠪᠠᠨ ᠪᠣᠷᠳᠣᠬᠤ᠂ ᠱᠠᠮᠰᠢᠵᠤ ᠢᠯᠵᠠᠷᠠᠨ ᠳᠣᠷᠣᠶ᠋ᠢᠲᠠᠬᠤ ᠵᠢ ᠲᠤᠶ᠋ᠢᠯ᠎ᠤᠨ ᠶᠡᠭᠡ ᠢᠴᠢᠭᠦᠷᠢ ᠭᠤᠲᠤᠮᠰᠢᠭ ᠵᠶ᠋ᠠᠷ ᠦᠵᠡᠬᠦ ᠬᠡᠷᠡᠭᠲᠡᠢ᠃ ᠭᠡᠷ ᠪᠦᠯᠢ ᠵᠢᠨ ᠬᠥᠮᠦᠵᠢᠯ ᠭᠡᠷ᠎ᠤᠨ ᠰᠤᠷᠲᠠᠯ᠎ᠢ ᠴᠢᠬᠤᠯᠠᠴᠢᠯᠠᠵᠤ᠂ ᠤᠳᠤᠷᠢᠳᠬᠤ ᠺᠠᠳ᠋ᠷ᠎ᠢ ᠱᠠᠯᠠᠪᠳᠠᠭᠤᠯᠤᠨ ᠲᠦᠷᠦᠯ ᠰᠠᠳᠤᠨ ᠦᠷ᠎ᠡ ᠬᠡᠦᠬᠡᠳ ᠵᠶ᠋ᠠᠨ ᠴᠢᠩᠭ᠎ᠠ ᠬᠠᠮᠢᠶᠠᠷᠤᠭᠤᠯᠬᠤ ᠬᠡᠷᠡᠭᠲᠡᠢ᠃ ᠠᠷᠢᠭᠤᠨ ᠴᠢᠬᠡᠴᠢ ᠵᠢᠨ ᠣᠶ᠋ᠢᠯᠠᠭ᠋ᠠᠭᠳᠠᠬᠤᠨ᠂ ᠠᠷᠢᠭᠤᠨ ᠴᠢᠬᠡᠴᠢ ᠵᠢᠨ ᠨᠡᠶ᠋ᠢᠲᠡᠯᠢᠭ ᠵᠢᠱ᠌ᠢᠶ᠎ᠡ ᠵᠢ ᠢᠳᠡᠪᠬᠢᠲᠡᠢ ᠤᠬᠠᠭᠤᠯᠵᠤ᠂ ᠠᠷᠢᠭᠤᠨ ᠴᠢᠬᠡᠴᠢ ᠵᠢ ᠡᠷᠬᠢᠮᠯᠡᠨ ᠢᠯᠵᠠᠷᠠᠯ᠎ᠢ ᠡᠰᠡᠷᠭᠦᠴᠡᠬᠦ ᠰᠠᠶ᠋ᠢᠨ ᠰᠠᠶ᠋ᠢᠬᠠᠨ ᠬᠡᠪ ᠰᠤᠷᠲᠠᠯ᠎ᠢ ᠪᠤᠶ ᠪᠤᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠪᠣᠯ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢ ᠠᠬᠢᠭᠤᠯᠬᠤ ᠴᠢᠬᠤᠯᠠ ᠬᠦᠴᠦᠨ ᠮᠥᠨ᠂ ᠣᠨᠴᠠᠭ᠋ᠠᠢ ᠤᠯᠤᠰ ᠲᠦᠷᠦ ᠵᠢᠨ ᠬᠠᠷᠢᠭᠤᠴᠠᠯᠭ᠎ᠠ ᠪᠣᠯᠣᠨ ᠢᠷᠠᠭᠤ ᠠᠯᠳᠠᠷᠲᠤ ᠡᠭᠦᠷᠭᠡ ᠵᠢ ᠡᠭᠦᠷᠭᠡᠯᠡᠵᠦ ᠪᠠᠶ᠋ᠢᠨ᠎ᠠ᠂ ᠡᠷᠬᠡᠪᠰᠢ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠨᠠᠶ᠋ᠢᠳᠠᠪᠤᠷᠢᠲᠠᠢ᠂ ᠬᠠᠷᠢᠴᠠᠯᠠᠰᠢᠭᠦᠢ ᠴᠡᠪᠡᠷ ᠠᠷᠢᠭᠤᠨ ᠪᠠᠶ᠋ᠢᠬᠤ ᠵᠢ ᠢᠮᠠᠭᠲᠠ ᠪᠡᠶᠡᠯᠡᠭᠦᠯᠬᠦ ᠬᠡᠷᠡᠭᠲᠡᠢ᠃ ᠬᠥᠮᠦᠵᠢᠯ ᠴᠡᠭᠴᠡᠯᠡᠯᠲᠡ ᠵᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠤᠯᠤᠰ ᠲᠥᠷᠥ ᠵᠢᠨ ᠦᠨᠡᠨᠴᠢ ᠰᠢᠳᠤᠷᠭᠤ ᠪᠠᠶ᠋ᠢᠬᠤ ᠵᠢ ᠴᠢᠨᠠᠭᠰᠢᠳᠠ ᠪᠠᠬᠢᠵᠢᠭᠦᠯᠵᠦ᠂ ᠶᠠᠮᠠᠷᠪᠠ ᠴᠠᠭ ᠦᠶ᠎ᠡ ᠶᠠᠮᠠᠷᠪᠠ ᠪᠠᠶ᠋ᠢᠳᠠᠯ ᠳᠣᠣᠷ᠎ᠠ ᠴᠥᠮ ᠨᠠᠮ᠎ᠤᠨ ᠲᠥᠪ   ᠬᠤᠷᠢᠶ᠎ᠠ ᠎ᠲᠠᠢ   ᠨᠢᠭᠡ   ᠰᠡᠳᠬᠢᠯ ᠨᠢᠭᠡ ᠵᠣᠷᠢᠭ᠎ᠲᠠᠢ ᠪᠠᠶ᠋ᠢᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠬᠤ᠂      《ᠳᠥᠷᠪᠡᠨ ᠢᠲᠡᠭᠡᠯ》 ᠵᠶ᠋ᠠᠨ ᠪᠠᠲᠤᠳᠬᠠᠬᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠵᠢ ᠨᠠᠮ᠎ᠤᠨ ᠵᠢᠯᠣᠭᠤᠳᠤᠯᠭ᠎ᠠ ᠵᠢ ᠳᠠᠭ᠋ᠠᠬᠤ᠂ ᠨᠠᠮ᠎ᠤᠨ ᠲᠥᠯᠥᠭᠡ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠬᠤ ᠬᠡᠷᠡᠭᠲᠡᠢ᠃ ᠵᠠᠷᠴᠢᠮ᠎ᠢ ᠪᠠᠷᠢᠮᠲᠠᠯᠠᠨ᠂ ᠠᠰᠠᠭᠤᠳᠠᠯ᠎ᠢ ᠰᠢᠭᠤᠳ ᠵᠣᠷᠢᠭᠲᠠᠢ ᠭᠦᠨᠳᠡᠵᠤ᠂ ᠵᠣᠷᠢᠭᠲᠠᠢ ᠲᠡᠮᠡᠴᠡᠵᠦ ᠴᠢᠳᠠᠮᠠᠭ᠋ᠠᠢ ᠲᠡᠮᠡᠴᠡᠨ᠂ ᠬᠠᠷᠢᠭᠤᠴᠠᠯᠭ᠎ᠠ ᠡᠭᠦᠷᠭᠡᠯᠡᠨ ᠡᠭᠦᠷᠭᠡ᠎ᠪᠠᠨ ᠭᠦᠢ᠍ᠴᠡᠳᠬᠡᠵᠦ᠂ ᠭᠤᠶ᠋ᠢᠪᠢᠰᠢ ᠦᠭᠡᠢ᠎ᠪᠠᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠵᠦ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠦᠭᠦᠳᠡ ᠵᠢ ᠲᠦᠢ᠍ᠳᠦᠭᠴᠢ ᠵᠢ ᠠᠷᠢᠯᠭ᠋ᠠᠬᠤ ᠵᠢ ᠪᠠᠶ᠋ᠢᠩᠭᠤᠵᠢᠭᠤᠯᠵᠤ᠂      《ᠳᠡᠷᠭᠡᠳᠡᠬᠢ ᠠᠰᠠᠭᠤᠳᠠᠯ ᠵᠶ᠋ᠠᠨ ᠣᠯᠵᠤ ᠬᠠᠷᠠᠬᠤ ᠦᠭᠡᠢ》 ᠪᠠᠶ᠋ᠢᠳᠠᠯ᠎ᠢ ᠡᠷᠡᠰ ᠰᠡᠷᠭᠡᠶ᠋ᠢᠯᠡᠨ ᠵᠠᠰᠠᠵᠤ᠂ ᠥᠪᠡᠷ ᠪᠡᠶ᠎ᠡ ᠵᠢᠨ ᠬᠤᠪᠢᠰᠬᠠᠯ᠎ᠤᠨ ᠦᠯᠢᠭᠡᠷ ᠳᠠᠭᠤᠷᠢᠶᠠᠯ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠬᠡᠪ ᠳᠠᠭᠤᠷᠢᠶᠠᠯ ᠪᠤᠯᠬᠤ᠎ᠪᠠᠷ ᠴᠢᠷᠮᠠᠶ᠋ᠢᠵᠤ᠂ ᠨᠠᠮ᠎ᠤᠨ ᠲᠥᠪ ᠬᠤᠷᠢᠶ᠎ᠠ᠎ᠳᠠᠭᠠᠨ ᠢᠲᠡᠭᠡᠯ᠎ᠲᠠᠢ᠂ ᠠᠷᠠᠳ ᠲᠦᠮᠡᠨ᠎ᠳᠡᠭᠡᠨ ᠬᠦᠷᠢᠶᠡᠯᠡᠯ᠎ᠲᠠᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠦᠭᠦᠨ᠎ᠢ ᠢᠯᠠᠭᠴᠢ ᠴᠡᠷᠢᠭ ᠠᠩᠭᠢ ᠵᠢ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

    ᠯᠢ ᠰᠢ ᠬᠤᠷᠠᠯ᠎ᠢ ᠡᠷᠭᠢᠯᠡᠭᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠵᠢ ᠳ᠋ᠦᠩᠨᠡᠵᠦ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠣᠳᠣᠷᠬᠠᠶ᠋ᠢᠯᠠᠨ ᠥᠭᠦᠯᠡᠵᠦ᠂ ᠮᠠᠨ᠎ᠤ ᠨᠠᠮ᠎ᠤᠨ ᠶᠠᠭᠤᠨ᠎ᠳᠤ ᠥᠪᠡᠷ ᠪᠡᠶ᠎ᠡ ᠵᠢᠨ ᠬᠤᠪᠢᠰᠬᠠᠯ ᠬᠢᠬᠦ᠂ ᠶᠠᠭ᠋ᠠᠬᠢᠭ᠋ᠠᠳ ᠥᠪᠡᠷ ᠪᠡᠶ᠎ᠡ ᠵᠢᠨ ᠬᠤᠪᠢᠰᠬᠠᠯ᠎ᠢ ᠬᠢᠵᠦ ᠳᠡᠶ᠋ᠢᠯᠭᠦ᠂ ᠥᠪᠡᠷ ᠪᠡᠶ᠎ᠡ ᠵᠢᠨ ᠬᠤᠪᠢᠰᠬᠠᠯ᠎ᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ᠎ᠳᠤ ᠰᠢᠨᠵᠢᠯᠡᠬᠦ ᠤᠬᠠᠭ᠋ᠠᠨᠴᠢ᠎ᠪᠠᠷ ᠬᠠᠷᠢᠭᠤᠯᠲᠠ ᠥᠭᠴᠦ᠂ 《ᠶᠢᠰᠦᠨ》 ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠲᠣᠳᠣᠷᠬᠠᠢ ᠳᠤᠷᠠᠳᠴᠤ᠂ ᠦᠷᠭᠦᠯᠵᠢᠯᠡᠨ ᠬᠦᠴᠦᠯᠡᠵᠦ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠬᠤ᠎ᠳᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠬᠢᠵᠡᠢ᠃ ᠶᠠᠷᠢᠶ᠎ᠠ᠎ᠨᠢ ᠥᠨᠳᠥᠷ᠎ᠲᠤ ᠵᠣᠭᠰᠣᠨ ᠠᠯᠤᠰ᠎ᠢ ᠪᠠᠷᠠᠯᠠᠵᠥ᠂ ᠬᠠᠷᠠᠭ᠎ᠠ ᠥᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠪᠠᠶᠠᠯᠢᠭ ᠪᠠᠶ᠋ᠢᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠬᠤ ᠦᠨᠳᠦᠰᠦᠨ ᠵᠢᠷᠤᠮᠯᠠᠯ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠤᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢ ᠭᠦᠨᠵᠡᠭᠡᠶ᠋ᠢᠷᠡᠭᠦᠯᠦᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠵᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ ᠬᠤᠷᠢᠶ᠎ᠠ ᠵᠢᠨ ᠳᠠᠷᠤᠭ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠴᠠᠭ᠋ᠠᠬᠤ ᠳᠠᠷᠤᠭ᠎ᠠ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠭᠡᠰᠢᠭᠦᠳ ᠬᠤᠷᠠᠯ᠎ᠳᠤ ᠣᠷᠣᠯᠴᠠᠪᠠ᠃
    ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠡᠰᠢᠭᠦᠨ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ᠎ᠤᠨ ᠪᠦᠯᠭᠦᠮ᠎ᠤᠨ ᠭᠤᠣᠯ ᠬᠠᠷᠢᠭᠤᠴᠠᠯᠭ᠋ᠠᠲᠠᠨ ᠨᠥᠬᠦᠳ᠂ ᠴᠡᠷᠢᠭ ᠠᠩᠭᠢ ᠵᠢᠨ ᠬᠤᠯᠪᠣᠭᠳᠠᠯ ᠪᠦᠬᠦᠢ ᠨᠢᠭᠡᠴᠢ ᠵᠢᠨ ᠭᠤᠣᠯ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠵᠠᠢ᠃ ᠬᠤᠷᠠᠯ᠎ᠨᠢ ᠲᠧᠯᠸᠢᠰ ᠤᠲᠠᠰᠤ ᠬᠤᠷᠠᠯ᠎ᠤᠨ ᠭᠡᠯᠪᠡᠷᠢ᠎ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ ᠵᠢᠴᠢ ᠴᠡᠷᠢᠭ ᠠᠩᠭᠢ ᠵᠢᠨ ᠬᠤᠯᠪᠣᠭᠳᠠᠯ ᠪᠦᠬᠦᠢ ᠨᠢᠭᠡᠴᠢ᠎ᠳᠤ ᠬᠤᠪᠢᠶᠠᠷᠢ ᠬᠤᠷᠠᠯ᠎ᠤᠨ ᠲᠠᠯᠠᠪᠠᠢ ᠲᠣᠬᠢᠷᠠᠭᠤᠯᠪᠠ᠃
    ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ 1 ᠰᠠᠷ᠎ᠠ ᠵᠢᠨ 8᠎ᠤ ᠡᠳᠦᠷ ᠪᠡᠭᠡᠵᠢᠩ᠎ᠳᠤ ᠡᠬᠢᠯᠡᠪᠡ᠃ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠬᠤᠷᠠᠯ᠎ᠢ ᠡᠷᠭᠢᠯᠡᠪᠡ᠃ 8᠎ᠤ ᠦᠳᠡ ᠵᠢᠨ ᠬᠤᠶ᠋ᠢᠨ᠎ᠠ ᠯᠢ ᠰᠢ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢᠨ ᠡᠮᠦᠨ᠎ᠡ᠎ᠠᠴᠠ 《ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠠᠶᠠᠨ᠎ᠳᠠᠬᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠭᠦᠨᠵᠡᠭᠡᠶ᠋ᠢᠷᠡᠭᠦᠯᠦᠨ ᠠᠬᠢᠭᠤᠯᠤᠶ᠎ᠠ》 ᠭᠡᠬᠦ ᠰᠡᠳᠦᠪ ᠵᠶ᠋ᠠᠷ ᠠᠵᠢᠯ᠎ᠤᠨ ᠮᠡᠳᠡᠭᠦᠯᠦᠯᠲᠡ ᠬᠢᠪᠡ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠮᠤᠵᠢ ᠶᠠᠮᠤᠨ᠎ᠤ ᠳᠡᠰ᠎ᠤᠨ ᠭᠤᠣᠯ ᠤᠳᠤᠷᠢᠳᠬᠤ ᠺᠠᠳ᠋ᠷᠴᠤᠳ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ ᠮᠠᠨ᠎ᠤ ᠤᠯᠤᠰ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ
ᠲᠦᠷᠦ ᠵᠢᠨ ᠶᠠᠪᠤᠳᠠᠯ᠎ᠤᠨ ᠬᠣᠷᠢᠶ᠎ᠠ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠴᠢᠨᠠᠭᠰᠢᠳᠠ ᠤᠯᠠᠮ ᠰᠢᠯᠢᠳᠡᠭᠵᠢᠭᠦᠯᠵᠦ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠮᠵᠢ ᠵᠢ ᠳᠡᠭᠡᠭᠰᠢᠯᠡᠭᠦᠯᠦᠨ 〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ〉 ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠦ ᠲᠠᠯ᠎ᠠ᠎ᠪᠠᠷ ᠠᠬᠢᠭᠤᠯᠬᠤ ᠬᠠᠮᠢᠶ᠎ᠠ ᠪᠥᠬᠦᠶ ᠠᠷᠭ᠎ᠠ ᠬᠡᠮᠵᠢᠶ᠎ᠡ ᠵᠡᠷᠭᠡ ᠵᠢ ᠰᠤᠳᠤᠯᠪᠠ
ᠰᠢ ᠵᠢᠨ ᠫᠢᠩ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠠᠷᠪᠠᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠵᠦ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠳ᠋ᠦᠩᠨᠡᠯᠲᠡ ᠵᠢᠨ ᠬᠤᠷᠠᠯ ᠪᠡᠭᠡᠵᠢᠩ᠎ᠳᠤ ᠬᠤᠷᠠᠯᠳᠤᠪᠠ
 
            