ᠰᠢᠨᠬᠤᠸᠠ ᠬᠣᠷᠢᠶᠠᠨ᠎ᠤ ᠪᠡᠭᠡᠵᠢᠩ᠎ᠤᠨ 1 ᠳ᠋ᠦ᠍ᠭᠡᠷ ᠰᠠᠷ᠎ᠠ ᠵᠢᠨ 16᠎ᠤ ᠡᠳᠦᠷ᠎ᠤᠨ ᠴᠠᠬᠢᠯᠭ᠋ᠠᠨ ᠮᠡᠳᠡᠭᠡ ᠲᠦᠷᠦᠭᠦᠬᠡᠨ᠂ ᠲᠥᠷᠥ ᠵᠢᠨ ᠶᠠᠪᠤᠳᠠᠯ᠎ᠤᠨ ᠬᠣᠷᠢᠶ᠎ᠠ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠴᠢᠨᠠᠭᠰᠢᠳᠠ ᠤᠯᠠᠮ ᠰᠢᠯᠢᠳᠡᠭᠵᠢᠭᠦᠯᠵᠦ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠮᠵᠢ ᠵᠢ ᠳᠡᠭᠡᠭᠰᠢᠯᠡᠭᠦᠯᠦᠨ 〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ〉 ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》 (ᠳᠣᠷᠣᠭᠰᠢ 《ᠵᠢᠯᠤᠭᠣᠳᠬᠤ ᠰᠠᠨᠠᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠭ᠋ᠠᠳ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠨᠠᠷ᠎ᠢ ᠳᠡᠭᠡᠭᠰᠢᠯᠡᠭᠦᠯᠦᠨ ᠠᠰᠢᠭ᠎ᠢ ᠨᠡᠮᠡᠭᠳᠡᠭᠦᠯᠬᠦ ᠵᠢ ᠭᠦᠨᠵᠡᠭᠡᠢ ᠠᠬᠢᠭᠤᠯᠵᠤ᠂ ᠨᠠᠩ ᠣᠯᠠᠨ ᠬᠦᠷᠢᠶ᠎ᠡ ᠨᠠᠩ ᠶᠡᠬᠡ ᠬᠡᠪᠴᠢᠶᠡᠨ ᠳᠤ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 ᠵᠢ ᠪᠡᠶᠡᠯᠡᠭᠦᠯᠬᠦ ᠲᠤᠬᠠᠢ ᠪᠠᠢ᠌ᠷᠢᠯᠠᠭᠤᠯᠤᠭᠰᠠᠨ ᠪᠠᠢ᠌ᠨ᠎ᠠ᠃
《ᠵᠢᠯᠤᠭᠣᠳᠬᠤ ᠰᠠᠨᠠᠯ》᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 ᠵᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠮᠵᠢ ᠵᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭ᠋ᠠᠨ᠂ ᠪᠦᠬᠦᠯᠢ ᠴᠣᠭᠴᠠᠲᠤ ᠲᠥᠯᠥᠪᠯᠡᠭᠡ ᠵᠢ ᠴᠢᠩᠭ᠋ᠠᠳᠬᠠᠵᠤ᠂ ᠵᠠᠭᠪᠤᠷ᠎ᠤᠨ ᠰᠢᠨᠡᠴᠢᠯᠡᠯᠲᠡ ᠵᠢ ᠠᠬᠢᠭᠤᠯᠵᠤ᠂ ᠥᠭᠡᠷᠡᠴᠢᠯᠡᠯᠲᠡ᠎ᠪᠠᠷ ᠬᠥᠲᠥᠯᠥᠨ ᠳᠠᠭ᠋ᠠᠭᠤᠯᠬᠤ ᠪᠠ ᠲᠣᠭ᠋ᠠᠴᠢᠯᠠᠯᠲᠠ᠎ᠪᠠᠷ ᠬᠦᠴᠦᠨ ᠴᠢᠳᠠᠮᠵᠢ ᠣᠯᠭᠤᠬᠤ ᠬᠣᠶᠠᠷ ᠬᠦᠷᠳᠦᠲᠦ ᠬᠥᠳᠡᠯᠭᠡᠭᠦᠷ᠎ᠢ ᠴᠢᠬᠤᠯᠠᠴᠢᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠵᠢ ᠤᠶᠠᠯᠳᠤᠭᠤᠯᠤᠨ ᠬᠥᠭᠵᠢᠭᠦᠯᠬᠦ ᠵᠢ ᠠᠬᠢᠭᠤᠯᠵᠤ᠂ ᠠᠵᠢᠯ ᠶᠠᠪᠤᠳᠠᠯ ᠭᠦᠢ᠍ᠴᠡᠳᠬᠡᠬᠦ ᠠᠷᠭ᠎ᠠ ᠮᠠᠶᠢᠭ ᠣᠯᠠᠨ ᠡᠰᠢᠲᠦ᠂ ᠴᠤᠪᠤᠷᠠᠯ ᠬᠠᠮᠤᠭ ᠰᠢᠯᠢᠳᠡᠭ᠂ ᠮᠠᠲ᠋ᠧᠷᠢᠶᠠᠯ ᠬᠠᠮᠤᠭ ᠳᠦᠬᠦᠮ᠂ ᠥᠪᠡᠷ᠎ᠤᠨ ᠥᠷᠲᠡᠭ ᠬᠠᠮᠤᠭ ᠳᠣᠣᠷ᠎ᠠ ᠪᠣᠯᠭ᠋ᠠᠬᠤ ᠵᠢ ᠪᠡᠶᠡᠯᠡᠭᠦᠯᠵᠦ᠂ ᠬᠠᠮᠤᠭ᠎ᠤᠨ ᠶᠡᠬᠡ ᠬᠡᠮᠵᠢᠶ᠎ᠡ᠎ᠪᠠᠷ ᠠᠵᠤ ᠠᠬᠤᠢ᠌ᠯᠠᠯ᠎ᠳᠤ ᠠᠰᠢᠭ ᠬᠦᠷᠲᠡᠭᠡᠨ ᠠᠷᠠᠳ᠎ᠲᠤ ᠲᠥᠬᠥᠮ ᠦᠵᠡᠭᠦᠯᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠬᠦ ᠬᠡᠷᠡᠭᠲᠡᠢ ᠭᠡᠵᠦ ᠵᠢᠭ᠋ᠠᠨ ᠭᠠᠷᠭ᠋ᠠᠵᠠᠢ᠃
《ᠵᠢᠯᠤᠭᠣᠳᠬᠤ ᠰᠠᠨᠠᠯ》᠎ᠳᠤ ᠬᠣᠶᠠᠷ ᠱᠠᠲᠤᠨ᠎ᠤ ᠠᠵᠢᠯ᠎ᠤᠨ ᠬᠠᠷᠠᠯᠲᠠ ᠵᠢ ᠲᠤᠷᠠᠳᠪᠠ᠃ 2024 ᠣᠨ᠎ᠳᠤ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 ᠭᠣᠣᠯᠳᠠᠯᠭ᠎ᠠ᠎ᠲᠠᠢ ᠵᠦᠢ᠍ᠯᠡᠰ᠎ᠤᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠲᠣᠭᠲᠠᠴᠠ ᠪᠠ ᠪᠠᠢ᠌ᠩᠭᠤᠰᠢᠭᠤᠯᠤᠨ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠨᠢᠭᠡᠳᠦᠭᠡᠷ ᠪᠦᠯᠦᠭ ᠥᠨᠳᠥᠷ ᠳᠠᠪᠲᠠᠮᠵᠢ᠎ᠲᠠᠢ᠂ ᠥᠷᠭᠡᠨ ᠬᠡᠪᠴᠢᠶ᠎ᠡ᠎ᠲᠠᠢ᠂ ᠦᠯᠡᠮᠵᠢ ᠠᠰᠠᠭᠤᠳᠠᠯ᠎ᠲᠠᠢ 《ᠨᠢᠭᠡ ᠠᠵᠢᠯ ᠶᠠᠪᠤᠳᠠᠯ》᠎ᠢ ᠥᠨᠳᠥᠷ ᠪᠦᠲᠦᠮᠵᠢᠲᠡᠶ᠎ᠪᠠᠷ ᠭᠦᠢ᠍ᠴᠡᠳᠬᠡᠬᠦ ᠵᠢ ᠪᠡᠶᠡᠯᠡᠭᠦᠯᠦᠨ᠎ᠡ᠃ 2027 ᠣᠨ ᠪᠣᠯᠬᠤ᠎ᠳᠤ᠂ ᠨᠡᠢ᠌ᠳᠡᠮ ᠬᠦᠷᠲᠡᠬᠦᠢ᠌ᠴᠡ᠂ ᠣᠶᠤᠨᠯᠢᠭ ᠳᠥᠭᠥᠮ ᠳᠥᠲᠡ᠂ ᠡᠷᠬᠡ ᠲᠡᠭᠰᠢ ᠲᠦᠭᠡᠮᠡᠯ ᠬᠦᠷᠲᠡᠭᠡᠮᠵᠢᠲᠦ ᠥᠨᠳᠥᠷ ᠪᠦᠲᠦᠮᠵᠢᠲᠡᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠦᠨᠳᠦᠰᠦᠨ᠎ᠳᠤ᠎ᠨᠢ ᠪᠦᠷᠢᠯᠳᠦᠭᠦᠯᠦᠨ᠂ ᠠᠵᠤ ᠠᠬᠤᠢ᠌ᠯᠠᠯ ᠪᠠ ᠬᠤᠪᠢ ᠬᠥᠮᠥᠨ᠎ᠤ ᠬᠣᠶᠠᠷ ᠪᠦᠬᠦᠯᠢ ᠠᠮᠢ ᠨᠠᠰᠤᠨ᠎ᠤ ᠦᠶᠡᠯᠡᠯ᠎ᠤᠨ ᠴᠢᠬᠤᠯᠠ ᠱᠠᠲᠤᠨ᠎ᠳᠤ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 ᠭᠣᠣᠯᠳᠠᠯᠭ᠎ᠠ᠎ᠲᠠᠢ ᠵᠦᠢ᠍ᠯᠡᠰ᠎ᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠵᠤ᠂ ᠠᠵᠤ ᠠᠬᠤᠢ᠌ᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠬᠠᠨᠤᠮᠵᠢᠲᠠᠶ ᠪᠠᠢ᠌ᠬᠤ ᠬᠡᠮᠵᠢᠶ᠎ᠡ᠂ ᠬᠦᠷᠲᠡᠮᠵᠢ ᠵᠢᠨ ᠲᠥᠷᠥᠭᠳᠡᠯ᠎ᠢ ᠶᠡᠬᠡ᠎ᠪᠠᠷ ᠳᠡᠭᠡᠭᠰᠢᠯᠡᠭᠦᠯᠦᠨ᠎ᠡ᠃
《ᠵᠢᠯᠤᠭᠣᠳᠬᠤ ᠰᠠᠨᠠᠯ》᠎ᠳᠤ 5 ᠲᠠᠯ᠎ᠠ ᠵᠢᠨ ᠭᠣᠣᠯᠳᠠᠯᠭ᠎ᠠ᠎ᠲᠠᠢ ᠡᠭᠦᠷᠭᠡ ᠵᠢ ᠳᠤᠷᠠᠳᠴᠠᠢ᠃ ᠨᠢᠭᠡ᠎ᠳᠤ᠂ ᠠᠷᠭ᠎ᠠ ᠵᠠᠮ ᠤᠨ ᠪᠠᠢ᠌ᠭᠤᠯᠤᠯᠲᠠ ᠵᠢ ᠴᠢᠩᠭ᠋ᠠᠳᠬᠠᠨ᠂ ᠰᠦᠯᠵᠢᠶᠡᠨ ᠠᠴᠠ ᠭᠠᠳᠠᠭᠤᠷ ᠠᠵᠢᠯ ᠶᠠᠪᠤᠳᠠᠯ ᠭᠦᠢ᠍ᠴᠡᠳᠬᠡᠬᠦ᠎ᠳᠤ 《ᠭᠠᠭᠴᠠᠬᠠᠨ ᠡᠭᠦᠳᠡ᠎ᠪᠠᠷ ᠣᠷᠣᠬᠤ》᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢ᠍ᠴᠡᠳᠬᠡᠬᠦ᠎ᠳᠤ 《ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ》᠂ ᠠᠵᠤ ᠠᠬᠤᠢ᠌ᠯᠠᠯ ᠪᠠ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ 《ᠨᠢᠭᠡ ᠯᠠ ᠤᠲᠠᠰᠤ᠎ᠪᠠᠷ ᠬᠠᠷᠢᠭᠤᠯᠬᠤ》 ᠵᠢ ᠠᠬᠢᠭᠤᠯᠤᠨ᠎ᠠ᠃ ᠬᠣᠶᠠᠷ᠎ᠲᠤ᠂ ᠵᠠᠭᠪᠤᠷ᠎ᠤᠨ ᠰᠢᠨᠡᠴᠢᠯᠡᠯᠲᠡ ᠵᠢ ᠭᠦᠨᠵᠡᠭᠡᠢ᠌ᠷᠡᠭᠦᠯᠵᠦ᠂ ᠬᠣᠯᠪᠣᠭᠳᠠᠬᠤ ᠵᠦᠢ᠍ᠯᠡᠰ᠎ᠢ ᠲᠥᠪᠯᠡᠷᠡᠭᠦᠯᠦᠨ ᠭᠦᠢ᠍ᠴᠡᠳᠬᠡᠬᠦ᠂ ᠲᠤᠲᠠᠭᠳᠠᠬᠤ ᠵᠦᠢ᠍ᠯᠡᠰ᠎ᠢ ᠠᠮᠠᠯᠠᠨ ᠭᠦᠢ᠍ᠴᠡᠳᠬᠡᠬᠦ᠂ ᠣᠨᠳᠣᠣ ᠭᠠᠵᠠᠷ᠎ᠤᠨ ᠵᠦᠢ᠍ᠯᠡᠰ᠎ᠢ ᠣᠷᠣᠨ ᠪᠦᠰᠡ ᠠᠯᠤᠰᠯᠠᠨ ᠭᠦᠢ᠍ᠴᠡᠳᠬᠡᠬᠦ᠂ ᠲᠦᠷᠦ ᠵᠢᠨ ᠪᠣᠳᠣᠯᠭ᠎ᠠ ᠵᠢᠨ ᠦᠢ᠍ᠯᠡᠴᠢᠯᠡᠭᠡ ᠵᠢ ᠭᠤᠶᠤᠴᠢᠯᠠᠬᠤ᠎ᠠᠴᠠ ᠬᠡᠯᠲᠦᠷᠢᠭᠦᠯᠦᠨ ᠭᠦᠢ᠍ᠴᠡᠳᠬᠡᠬᠦ ᠵᠢ ᠠᠬᠢᠭᠤᠯᠤᠨ᠎ᠠ᠃ ᠭᠤᠷᠪᠠ᠎ᠳᠤ᠂ ᠲᠣᠭ᠋ᠠᠴᠢᠯᠠᠯᠲᠠ᠎ᠪᠠᠷ ᠬᠦᠴᠦᠨ ᠴᠢᠳᠠᠮᠵᠢ ᠣᠯᠭᠤᠬᠤ ᠵᠢ ᠴᠢᠩᠭ᠋ᠠᠳᠬᠠᠵᠤ᠂ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠶᠡᠷᠦᠩᠬᠡᠢ ᠬᠦᠢ᠍ᠰᠦ ᠵᠢ ᠪᠠᠢ᠌ᠭᠤᠯᠵᠤ᠂ ᠵᠠᠰᠠᠭ᠎ᠤᠨ ᠶᠠᠪᠤᠳᠠᠯ᠎ᠤᠨ ᠳ᠋ᠠᠢ᠌ᠲ᠋ᠠ ᠵᠢ ᠬᠤᠪᠢᠶᠠᠯᠴᠠᠬᠤ ᠪᠣᠳᠠᠲᠤ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂ ᠪᠦᠬᠦ ᠶᠠᠪᠤᠴᠠ᠎ᠳᠤ ᠰᠢᠨ᠎ᠡ ᠮᠡᠷᠭᠡᠵᠢᠯ ᠬᠡᠷᠡᠭᠯᠡᠬᠦ ᠵᠢ ᠦᠷᠭᠦᠯᠵᠢᠯᠡᠨ ᠴᠢᠩᠭ᠋ᠠᠳᠬᠠᠨ᠎ᠠ᠃ ᠳᠥᠷᠪᠡ᠎ᠳᠤ᠂ ᠬᠡᠪᠴᠢᠶ᠎ᠡ ᠵᠢ ᠥᠷᠭᠡᠳᠬᠡᠨ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠂ ᠬᠠᠪᠰᠤᠷᠤᠨ ᠭᠦᠢ᠍ᠴᠡᠳᠬᠡᠬᠦ ᠪᠠ ᠣᠷᠣᠯᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠵᠦ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠦᠷᠳᠡᠭ ᠨᠡᠮᠡᠭᠳᠡᠯ᠎ᠤᠨ ᠦᠢ᠍ᠯᠡᠴᠢᠯᠡᠭᠡᠨ᠎ᠤ ᠠᠭᠤᠯᠭ᠎ᠠ ᠵᠢ ᠥᠷᠭᠡᠳᠬᠡᠨ᠎ᠡ᠃ ᠲᠠᠪᠤ᠎ᠳᠤ᠂ ᠠᠵᠢᠯ᠎ᠤᠨ ᠰᠠᠭᠤᠷᠢ ᠵᠢ ᠪᠡᠬᠢᠵᠢᠭᠦᠯᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠨ᠎ᠤ ᠲᠣᠭᠲᠠᠯᠴᠠᠭ᠎ᠠ ᠬᠢᠭᠡᠳ ᠠᠵᠢᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠳᠦᠷᠢᠮ᠎ᠤᠨ ᠬᠠᠩᠭ᠋ᠠᠯᠭ᠎ᠠ ᠵᠢ ᠡᠷᠴᠢᠮᠯᠡᠨ᠎ᠡ᠃
《ᠵᠢᠯᠤᠭᠣᠳᠬᠤ ᠰᠠᠨᠠᠯ》᠎ᠳᠤ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 ᠨᠢᠭᠡᠳᠦᠭᠡᠷ ᠪᠦᠯᠦᠭ᠎ᠤᠨ 13 ᠭᠣᠣᠯᠳᠠᠯᠭ᠎ᠠ᠎ᠲᠠᠢ ᠵᠦᠢ᠍ᠯᠡᠰ᠎ᠤᠨ ᠨᠠᠷᠢᠨ ᠲᠠᠩᠰᠠ ᠵᠢ ᠲᠣᠳᠤᠷᠬᠠᠢ᠌ᠯᠠᠵᠠᠢ᠃ ᠡᠭᠦᠨ᠎ᠳᠤ᠂ ᠡᠵᠡᠩᠨᠡᠬᠦ ᠭᠣᠣᠯ ᠴᠣᠭᠴᠠ ᠵᠢᠨ ᠠᠵᠢᠯ ᠶᠠᠪᠤᠳᠠᠯ ᠭᠦᠢ᠍ᠴᠡᠳᠬᠡᠬᠦ᠎ᠳᠤ ᠬᠠᠷᠢᠶᠠᠯᠠᠭᠳᠠᠬᠤ᠎ᠨᠢ 8 ᠵᠦᠢ᠍ᠯ ᠪᠣᠶ᠂ ᠳᠠᠷᠤᠢ ᠲᠡᠭᠡᠭᠡᠪᠦᠷᠢ ᠵᠢᠨ ᠠᠵᠤ ᠠᠬᠤᠢ᠌ᠯᠠᠯ ᠡᠷᠭᠢᠯᠡᠬᠦ᠂ ᠤᠰᠤ ᠴᠠᠬᠢᠯᠭ᠋ᠠᠨ ᠬᠡᠢ ᠰᠦᠯᠵᠢᠶ᠎ᠡ ᠵᠢ ᠬᠠᠮᠲᠤᠷᠠᠭᠤᠯᠤᠨ ᠤᠭᠰᠠᠷᠠᠬᠤ᠂ ᠢᠲᠡᠭᠡᠮᠵᠢ᠎ᠪᠠᠨ ᠰᠡᠷᠭᠦᠭᠡᠬᠦ᠂ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠬᠠᠤᠯᠢ ᠶᠣᠰᠣᠨ᠎ᠤ ᠲᠣᠭᠲᠠᠭ᠋ᠠᠯ᠎ᠳᠤ ᠨᠡᠢ᠌ᠴᠡᠭᠰᠡᠨ ᠮᠡᠳᠡᠭᠡ ᠵᠠᠩᠭᠢ ᠵᠢ ᠬᠠᠷᠭᠤᠭᠤᠯᠤᠨ ᠪᠠᠢ᠌ᠴᠠᠭ᠋ᠠᠬᠤ᠂ ᠠᠵᠤ ᠠᠬᠤᠢ᠌ᠯᠠᠯ᠎ᠤᠨ ᠳᠠᠩᠰᠠᠯᠠᠯᠲᠠ ᠵᠢ ᠴᠣᠴᠠᠯᠬᠤ ᠵᠡᠷᠭᠡ ᠵᠢ ᠪᠠᠭᠲᠠᠭ᠋ᠠᠨ᠎ᠠ᠃ ᠬᠤᠪᠢ ᠬᠦᠮᠦᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠬᠠᠷᠢᠶᠠᠯᠠᠭᠳᠠᠬᠤ᠎ᠨᠢ 5 ᠵᠦᠢ᠍ᠯ ᠪᠣᠶ᠂ ᠳᠠᠷᠤᠢ ᠰᠤᠷᠭ᠋ᠠᠭᠤᠯᠢ᠎ᠳᠤ ᠣᠷᠣᠬᠤ᠂ ᠰᠠᠭᠤᠭ᠋ᠠᠯᠢ ᠠᠷᠠᠳ᠎ᠤᠨ ᠨᠡᠢ᠌ᠭᠡᠮ᠎ᠤᠨ ᠪᠠᠲᠤᠯᠠᠭ᠋ᠠᠨ᠎ᠤ ᠺᠠᠷᠲ᠎ᠤᠨ ᠦᠢ᠍ᠯᠡᠴᠢᠯᠡᠭᠡ᠂ ᠵᠡᠮᠳᠡᠭᠴᠦᠳᠲᠠᠬᠢ ᠦᠢ᠍ᠯᠡᠴᠢᠯᠡᠭᠡ ᠵᠡᠷᠭᠡ ᠵᠢ ᠪᠠᠭᠲᠠᠭ᠋ᠠᠨ᠎ᠠ᠃
《ᠵᠢᠯᠤᠭᠣᠳᠬᠤ ᠰᠠᠨᠠᠯ》᠎ᠳᠤ᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》᠎ᠪᠠᠷ ᠭᠣᠣᠯᠳᠠᠭᠤᠯᠵᠤ ᠬᠦᠴᠦ᠎ᠪᠠᠨ ᠬᠠᠮᠲᠤᠳᠬᠠᠨ ᠪᠣᠭᠣᠮᠲᠠ ᠰᠢᠪᠲᠤᠯᠵᠤ᠂ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠪᠠ ᠤᠬᠠᠭᠤᠯᠤᠨ ᠳᠡᠯᠭᠡᠷᠡᠭᠦᠯᠬᠦ᠎ᠪᠠᠨ ᠡᠷᠴᠢᠮᠯᠡᠵᠦ᠂ ᠡᠯ᠎ᠡ ᠱᠠᠲᠤᠨ᠎ᠤ ᠣᠷᠣᠨ ᠨᠤᠲᠤᠭ᠎ᠤᠨ ᠵᠠᠰᠠᠭ᠎ᠤᠨ ᠣᠷᠳᠣᠨ ᠪᠠ ᠬᠣᠯᠪᠣᠭᠳᠠᠯ ᠪᠦᠬᠦᠢ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠳᠠᠢ᠌ᠴᠢᠯᠠᠨ᠂ ᠡᠯᠪᠡᠨ ᠬᠠᠮᠵᠢᠯᠴᠠᠬᠤ᠎ᠪᠠᠨ ᠴᠢᠩᠭ᠋ᠠᠳᠬᠠᠵᠤ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠲᠤᠷᠰᠢᠵᠤ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠵᠦ᠂ ᠥᠭᠡᠷᠡᠴᠢᠯᠡᠯᠲᠡ ᠰᠢᠨᠡᠴᠢᠯᠡᠯᠲᠡ ᠬᠢᠬᠦ᠂ ᠵᠣᠷᠢᠭᠲᠠᠢ᠎ᠪᠠᠷ ᠬᠠᠢ᠌ᠨ ᠰᠦᠪᠡᠭᠴᠢᠯᠡᠬᠦ ᠵᠢ ᠵᠣᠷᠢᠭᠵᠢᠭᠤᠯᠵᠤ᠂ ᠨᠢᠭᠡ ᠪᠦᠯᠦᠭ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 ᠭᠤᠤᠯᠳᠠᠯᠭ᠎ᠠ᠎ᠲᠠᠢ ᠵᠦᠢ᠍ᠯᠡᠰ᠎ᠢ ᠵᠢᠯ ᠳᠠᠷᠠᠭ᠋ᠠᠯᠠᠨ ᠭᠠᠷᠭ᠋ᠠᠵᠤ᠂ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃