ᠨᠠᠮ᠎ᠤᠨ ᠲᠥᠪ ᠬᠤᠷᠢᠶ᠎ᠠ ᠵᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠨᠠᠶ᠋ᠢᠷᠠᠭᠤᠯᠤᠭᠰᠠᠨ 《ᠰᠢ ᠵᠢᠨ ᠫᠢᠩ᠎ᠤᠨ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠲᠤᠬᠠᠢ ᠥᠭᠦᠯᠡᠯᠲᠡ ᠵᠢᠨ ᠲᠡᠭᠦᠪᠦᠷᠢ》 ᠭᠡᠬᠦ ᠨᠣᠮ᠎ᠢ ᠣᠶ᠋ᠢᠷ᠎ᠠ᠎ᠳᠤ ᠲᠥᠪ᠎ᠤᠨ ᠲᠤᠯᠭᠤᠷ ᠪᠢᠴᠢᠭ᠎ᠤᠨ ᠬᠡᠪᠯᠡᠯ᠎ᠤᠨ ᠬᠤᠷᠢᠶ᠎ᠠ᠎ᠠᠴᠠ ᠬᠡᠪᠯᠡᠭᠦᠯᠵᠦ᠂ ᠪᠦᠭᠦ ᠤᠯᠤᠰ᠎ᠲᠤ ᠲᠠᠷᠬᠠᠭ᠋ᠠᠪᠠ᠃
ᠠᠮᠤ ᠪᠤᠳᠠᠭ᠋ᠠᠨ᠎ᠤ ᠠᠮᠤᠷ ᠲᠦᠪᠰᠢᠨ ᠪᠣᠯ 《ᠤᠯᠤᠰ᠎ᠤᠨ ᠶᠡᠭᠡ ᠶᠠᠪᠤᠳᠠᠯ》 ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠷᠪᠠᠨ ᠬᠡᠳᠦᠨ ᠳ᠋ᠦᠩᠰᠢᠭᠤᠷ ᠬᠥᠮᠥᠨ ᠠᠮᠠ ᠵᠢᠨ ᠠᠮᠤ ᠬᠦᠨᠡᠰᠦᠨ᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠢᠮᠠᠭᠲᠠ ᠲᠥᠷᠥ ᠵᠢ ᠵᠠᠰᠠᠵᠤ ᠵᠠᠰᠠᠭ᠎ᠢ ᠡᠷᠭᠢᠯᠡᠭᠦ ᠵᠢᠨ ᠲᠡᠷᠢᠭᠦᠨ ᠴᠢᠬᠤᠯᠠ ᠶᠠᠪᠤᠳᠠᠯ ᠪᠤᠯᠭ᠋ᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠲᠠᠷᠢᠶᠠᠨ ᠭᠠᠵᠠᠷ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠪᠠᠲᠤᠯᠠᠵᠤ᠂ ᠮᠡᠷᠭᠡᠵᠢᠯ ᠵᠶ᠋ᠠᠷ ᠠᠮᠤ ᠪᠤᠳᠠᠭ᠋ᠠᠨ᠎ᠤ ᠤᠨᠠᠯᠳᠠ ᠵᠢ ᠨᠡᠮᠡᠭᠳᠡᠭᠦᠯᠬᠦ ᠵᠢ ᠪᠠᠷᠢᠮᠲᠠᠯᠠᠵᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠢ ᠬᠡᠷᠡᠭᠵᠢᠭᠦᠯᠵᠦ᠂ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ᠂ ᠦᠷ᠎ᠡ ᠵᠢᠨ ᠡᠬᠢ ᠰᠤᠷᠪᠤᠯᠵᠢ ᠵᠢᠨ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠪᠤᠯᠬᠤ ᠵᠢ ᠠᠬᠢᠭᠤᠯᠵᠤ᠂ ᠮᠠᠨ᠎ᠤ ᠤᠯᠤᠰ᠎ᠤᠨ ᠠᠮᠤ ᠪᠤᠳᠠᠭ᠋ᠠᠨ᠎ᠤ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤ ᠪᠤᠳᠠᠭ᠋ᠠᠨ᠎ᠤ ᠶᠡᠷᠦᠩᠬᠡᠢ ᠤᠨᠠᠯᠳᠠ ᠳᠡᠯᠡᠬᠡᠢ ᠵᠢᠨ ᠲᠡᠷᠢᠭᠦᠨ᠎ᠳᠤ ᠣᠷᠣᠬᠤ ᠵᠢ ᠪᠠᠲᠤᠯᠠᠵᠤ᠂ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ᠎ᠤ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠦᠲᠦᠮᠵᠢᠲᠡᠢ ᠪᠠᠲᠤᠯᠠᠪᠠ᠃ ᠰᠢ ᠵᠢᠨ ᠫᠢᠩ ᠨᠥᠬᠦᠷ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠲᠣᠭᠤᠷᠢᠨ᠎ᠳᠤ ᠠᠯᠢ ᠣᠯᠠᠨ ᠴᠢᠬᠤᠯᠠ ᠥᠭᠦᠯᠡᠯᠲᠡ ᠨᠡᠶ᠋ᠢᠲᠡᠯᠡᠵᠦ᠂ ᠤᠳᠬ᠎ᠠ ᠰᠠᠨᠠᠭ᠎ᠠ ᠠᠯᠤᠰ ᠭᠡᠲᠦ ᠵᠢᠨ᠂ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠢ ᠪᠠᠶ᠋ᠢᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠭᠦ ᠲᠠᠯ᠎ᠠ᠎ᠪᠠᠷ ᠠᠬᠢᠭᠤᠯᠬᠤ᠂ ᠬᠥᠳᠡᠭᠡ ᠠᠵᠤ ᠠᠬᠤᠢ ᠵᠢᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠦᠭᠦ ᠲᠠᠯ᠎ᠠ᠎ᠪᠠᠷ ᠪᠠᠬᠢᠵᠢᠭᠦᠯᠬᠦ᠂ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠪᠦᠭᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠳᠤᠮᠳᠠᠳᠤᠴᠤᠳ ᠪᠤᠳᠠᠭ᠋ᠠᠨ ᠠᠶᠠᠭ᠎ᠠ᠎ᠪᠠᠨ ᠥᠪᠡᠷ᠎ᠤᠨ ᠭᠠᠷ᠎ᠲᠠᠭᠠᠨ ᠴᠢᠩᠭ᠎ᠠ ᠠᠳᠬᠤᠬᠤ ᠵᠢ ᠪᠠᠲᠤᠯᠠᠬᠤ᠎ᠳᠤ ᠲᠤᠶ᠋ᠢᠯ᠎ᠤᠨ ᠴᠢᠬᠤᠯᠠ ᠠᠴᠢ ᠬᠤᠯᠪᠣᠭᠳᠠᠯ᠎ᠲᠠᠢ ᠶᠤᠮ᠃
《ᠥᠭᠦᠯᠡᠯᠲᠡ ᠵᠢᠨ ᠲᠡᠭᠦᠪᠦᠷᠢ》᠎ᠨᠢ 8 ᠲᠤᠰᠬᠠᠢ ᠰᠡᠳᠦᠪ ᠬᠤᠪᠢᠶᠠᠵᠤ᠂ ᠨᠡᠶ᠋ᠢᠳᠡ 240 ᠬᠡᠰᠡᠭ ᠥᠭᠦᠯᠡᠯᠲᠡ ᠪᠠᠶ᠋ᠢᠵᠤ᠂ ᠰᠢ ᠵᠢᠨ ᠫᠢᠩ ᠨᠥᠬᠦᠷ᠎ᠤᠨ 2012 ᠣᠨ᠎ᠤ 12 ᠰᠠᠷ᠎ᠠ ᠵᠢᠨ 15᠎ᠤ ᠡᠳᠦᠷ᠎ᠠᠴᠠ 2022 ᠣᠨ᠎ᠤ 12 ᠰᠠᠷ᠎ᠠ ᠵᠢᠨ 23᠎ᠤ ᠡᠳᠦᠷ ᠪᠤᠯᠲᠠᠯᠠᠭᠢ ᠬᠤᠭᠤᠴᠠᠭ᠋ᠠᠨ᠎ᠳᠠᠬᠢ ᠮᠡᠳᠡᠭᠦᠯᠦᠯᠲᠡ᠂ ᠶᠠᠷᠢᠶ᠎ᠠ᠂ ᠶᠠᠷᠢᠶ᠎ᠠ ᠢᠯᠡᠳᠬᠡᠯ᠂ ᠶᠠᠷᠢᠯᠴᠠᠭ᠎ᠠ᠂ ᠪᠠᠶᠠᠷ᠎ᠤᠨ ᠵᠠᠬᠢᠳᠠᠯ᠂ ᠵᠢᠭ᠋ᠠᠪᠤᠷᠢ᠂ ᠴᠣᠬᠤᠯᠠᠪᠤᠷᠢ ᠵᠡᠷᠭᠡ 80 ᠭᠠᠷᠤᠢ ᠴᠢᠬᠤᠯᠠ ᠲᠤᠯᠭᠤᠷ ᠪᠢᠴᠢᠭ᠎ᠠᠴᠠ ᠰᠣᠩᠭᠤᠨ ᠠᠪᠤᠪᠠ᠃ ᠡᠭᠦᠨ᠎ᠳᠤ ᠬᠡᠰᠡᠭ ᠥᠭᠦᠯᠡᠯᠲᠡ ᠵᠢ᠎ᠨᠢ ᠠᠩᠬ᠎ᠠ ᠤᠳᠠᠭ᠎ᠠ ᠢᠯᠡ᠎ᠪᠠᠷ ᠨᠡᠶ᠋ᠢᠲᠡᠯᠡᠵᠦ ᠪᠠᠶ᠋ᠢᠨ᠎ᠠ᠃