ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠮᠣᠩᠭᠤᠯ ᠤᠯᠤᠰ᠎ᠤᠨ ᠶᠡᠷᠦᠩᠬᠡᠢ ᠰᠠᠶ᠋ᠢᠳ ᠣᠶᠤᠨ᠋ᠡᠷᠳᠡᠨᠢ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2023-06-28

    6 ᠰᠠᠷ᠎ᠠ ᠵᠢᠨ 27᠎ᠤ ᠦᠳᠡ ᠵᠢᠨ ᠬᠤᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠶ᠋ᠢᠯᠴᠢᠯᠠᠯᠲᠠ ᠬᠢᠬᠦ᠎ᠪᠠᠷ ᠢᠷᠡᠭᠰᠡᠨ ᠮᠣᠩᠭᠤᠯ ᠤᠯᠤᠰ᠎ᠤᠨ ᠶᠡᠷᠦᠩᠬᠡᠢ ᠰᠠᠶ᠋ᠢᠳ ᠣᠶᠤᠨ᠋ᠡᠷᠳᠡᠨᠢ᠎ᠲᠠᠢ ᠠᠭᠤᠯᠵᠠᠪᠠ᠃

    6 ᠰᠠᠷ᠎ᠠ ᠵᠢᠨ 27᠎ᠤ ᠦᠳᠡ ᠵᠢᠨ ᠬᠤᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠶ᠋ᠢᠯᠴᠢᠯᠠᠯᠲᠠ ᠬᠢᠬᠦ᠎ᠪᠠᠷ ᠢᠷᠡᠭᠰᠡᠨ ᠮᠣᠩᠭᠤᠯ ᠤᠯᠤᠰ᠎ᠤᠨ ᠶᠡᠷᠦᠩᠬᠡᠢ ᠰᠠᠶ᠋ᠢᠳ ᠣᠶᠤᠨ᠋ᠡᠷᠳᠡᠨᠢ᠎ᠲᠠᠢ ᠠᠭᠤᠯᠵᠠᠪᠠ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠱᠧᠨ ᠬᠤᠩ ᠰᠡᠭᠦᠳᠡᠷᠯᠡᠪᠡ


    ᠰᠢ ᠵᠢᠨ ᠫᠢᠩ᠂ ᠳᠤᠮᠳᠠᠳᠤ ᠮᠣᠩᠭᠤᠯ ᠠᠭᠤᠯᠠ ᠤᠰᠤ᠎ᠪᠠᠷ ᠵᠶ᠋ᠠᠨ ᠵᠠᠯᠭ᠋ᠠᠯᠳᠤᠵᠤ᠂ ᠬᠥᠷᠰᠢᠯᠡᠨ ᠰᠠᠭᠤᠷᠢᠰᠢᠵᠤ ᠪᠠᠶ᠋ᠢᠨ᠎ᠠ᠂ ᠤᠷᠳᠤ ᠬᠤᠭᠤᠴᠠᠭ᠋ᠠᠨ᠎ᠤ ᠡᠶᠡᠯᠳᠡᠭ ᠬᠥᠷᠰᠢ ᠵᠢᠨ ᠨᠥᠭᠦᠷᠰᠡᠭ ᠬᠠᠷᠢᠯᠴᠠᠭ᠎ᠠ ᠵᠢ ᠬᠥᠭᠵᠢᠭᠦᠯᠬᠦ ᠪᠣᠯ ᠬᠤᠶᠠᠷ ᠲᠠᠯ᠎ᠠ ᠵᠢᠨ ᠬᠠᠮᠲᠤ᠎ᠪᠠᠷ ᠲᠣᠭᠲᠠᠭ᠋ᠠᠭᠰᠠᠨ ᠪᠠᠶ᠋ᠢᠯᠳᠤᠬᠤ ᠪᠣᠳᠣᠯᠭ᠎ᠠ ᠵᠢᠨ ᠰᠣᠩᠭᠤᠯᠲᠠ ᠪᠠᠶ᠋ᠢᠵᠤ᠂ ᠬᠤᠶᠠᠷ ᠤᠯᠤᠰ᠎ᠤᠨ ᠠᠷᠠᠳ ᠲᠦᠮᠡᠨ᠎ᠤ ᠦᠨᠳᠦᠰᠦᠨ ᠠᠰᠢᠭ ᠲᠤᠰᠠ᠎ᠲᠠᠢ ᠪᠦᠷᠢᠮᠦᠰᠦᠨ ᠨᠡᠶ᠋ᠢᠴᠡᠨ᠎ᠡ᠃ ᠳᠤᠮᠳᠠᠳᠤ ᠮᠣᠩᠭᠤᠯ᠎ᠤᠨ ᠬᠠᠷᠢᠯᠴᠠᠭ᠎ᠠ ᠵᠢ ᠬᠥᠭᠵᠢᠭᠦᠯᠬᠦ ᠵᠢ ᠳᠤᠮᠳᠠᠳᠤ ᠤᠯᠤᠰ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠮᠣᠩᠭᠤᠯ ᠤᠯᠤᠰ᠎ᠤᠨ ᠢᠲᠡᠭᠡᠵᠦ ᠪᠤᠯᠬᠤ ᠪᠥᠭᠡᠳ ᠲᠦᠰᠢᠭᠯᠡᠵᠦ ᠪᠤᠯᠬᠤ ᠬᠠᠨᠢᠲᠠᠨ ᠮᠥᠨ᠃ ᠳᠤᠮᠳᠠᠳᠤ ᠤᠯᠤᠰ ᠳᠤᠷᠠᠲᠠᠶ᠎ᠠ ᠮᠣᠩᠭᠤᠯ ᠤᠯᠤᠰ᠎ᠯᠤᠭ᠎ᠠ ᠬᠠᠮᠲᠤ᠎ᠪᠠᠷ ᠳᠤᠮᠳᠠᠳᠤ ᠮᠣᠩᠭᠤᠯ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠪᠠᠷ ᠵᠢᠯᠣᠭᠤᠳᠤᠮᠵᠢ ᠪᠤᠯᠭ᠋ᠠᠵᠤ᠂ ᠬᠤᠶᠠᠷ ᠤᠯᠤᠰ᠎ᠤᠨ ᠨᠥᠬᠦᠷᠯᠡᠯ᠂ ᠢᠲᠡᠭᠡᠯᠴᠡᠭᠡ᠂ ᠬᠠᠮᠲᠤᠷᠠᠯᠴᠠᠭ᠎ᠠ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠳᠤᠮᠳᠠᠳᠤ ᠮᠣᠩᠭᠤᠯ᠎ᠤᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠨᠠᠩ ᠥᠨᠳᠥᠷ ᠲᠦᠪᠰᠢᠨ ᠲᠡᠶ᠋ᠢᠰᠢ ᠠᠭᠢᠬᠤ ᠵᠢ ᠠᠬᠢᠭᠤᠯᠵᠤ᠂ ᠲᠣᠰ ᠭᠠᠵᠠᠷ ᠣᠷᠣᠨ᠎ᠳᠤ ᠨᠠᠩ ᠣᠯᠠᠨ ᠲᠣᠭᠲᠠᠭᠤᠨ ᠴᠢᠨᠠᠷ ᠪᠠ ᠲᠣᠬᠲᠠᠭ᠋ᠠᠯᠲᠤ ᠴᠢᠨᠠᠷ᠎ᠢ ᠨᠡᠮᠡᠷᠢᠯᠡᠨ᠎ᠡ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠳᠤᠮᠳᠠᠳᠤ ᠮᠣᠩᠭᠤᠯ ᠲᠤᠰᠠᠭ᠋ᠠᠷ ᠲᠣᠭᠲᠠᠨᠢᠯ᠂ ᠡᠷᠬᠡ ᠮᠡᠳᠡᠯ᠂ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠶ᠋ᠢᠬᠤ ᠵᠢ ᠬᠠᠷᠢᠯᠴᠠᠨ ᠬᠦᠨᠳᠦᠳᠬᠡᠬᠦ ᠵᠢ ᠢᠮᠠᠭᠲᠠ ᠪᠠᠷᠢᠮᠲᠠᠯᠠᠵᠤ᠂ ᠬᠤᠶᠠᠷ ᠤᠯᠤᠰ᠎ᠤᠨ ᠠᠷᠠᠳ ᠲᠦᠮᠡᠨ᠎ᠤ ᠪᠡᠶ᠎ᠡ᠎ᠪᠠᠨ ᠳᠠᠭ᠋ᠠᠭ᠋ᠠᠵᠤ ᠰᠣᠩᠭᠤᠭᠰᠠᠨ ᠬᠥᠭᠵᠢᠯᠲᠡ ᠵᠢᠨ ᠵᠠᠮ᠎ᠢ ᠭᠦᠨᠳᠦᠳᠭᠡᠵᠦ᠂ ᠲᠤᠰ ᠲᠤᠰ᠎ᠤᠨ ᠭᠤᠣᠯᠯᠠᠭᠴᠢ ᠠᠰᠢᠭ ᠲᠤᠰᠠ᠎ᠳᠤ ᠬᠤᠯᠪᠣᠭᠳᠠᠬᠤ ᠪᠠ ᠠᠩᠬᠠᠷᠴᠤ ᠪᠠᠶ᠋ᠢᠭ᠎ᠠ ᠴᠢᠬᠤᠯᠠ ᠶᠡᠭᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠡᠷᠡᠰ ᠳᠡᠮᠵᠢᠶ᠎ᠠ᠃ ᠳᠤᠮᠳᠠᠳᠤ ᠤᠯᠤᠰ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠵᠤ ᠪᠤᠢ᠂ ᠮᠣᠩᠭᠤᠯ ᠤᠯᠤᠰ ᠴᠤ᠌ ᠤᠯᠤᠰ᠎ᠤᠨ ᠥᠭᠡᠷᠡᠴᠢᠯᠡᠯᠲᠡ ᠪᠣᠯᠣᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠵᠶ᠋ᠠᠨ ᠲᠥᠯᠥᠭᠡ ᠴᠢᠷᠮᠠᠶ᠋ᠢᠵᠤ ᠪᠤᠢ᠂ ᠬᠤᠶᠠᠷ ᠲᠠᠯ᠎ᠠ᠎ᠪᠠᠷ ᠵᠶ᠋ᠠᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠵᠣᠯᠭ᠋ᠠᠯᠴᠠᠭ᠎ᠠ᠎ᠪᠠᠨ ᠦᠷᠭᠦᠯᠵᠢᠯᠡᠨ ᠭᠦᠨᠵᠡᠭᠡᠶ᠋ᠢᠷᠡᠭᠦᠯᠵᠦ᠂ ᠭᠠᠷ ᠬᠤᠯᠪᠣᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ ᠪᠣᠯᠣᠨ᠎ᠠ᠃ ᠳᠤᠮᠳᠠᠳᠤ ᠤᠯᠤᠰ ᠳᠣᠲᠣᠨᠣ ᠦᠨᠡᠨᠴᠢ ᠠᠰᠢᠭᠲᠠᠢ ᠪᠠᠭᠲᠠᠭ᠋ᠠᠮᠵᠢᠲᠠᠢ ᠪᠠᠶ᠋ᠢᠬᠤ ᠣᠶ᠋ᠢᠯᠠᠭ᠋ᠠᠭᠳᠠᠬᠤᠨ᠎ᠢ ᠦᠷᠭᠦᠯᠵᠢᠯᠡᠨ ᠪᠠᠷᠢᠮᠲᠠᠯᠠᠵᠤ ᠮᠣᠩᠭᠤᠯ ᠤᠯᠤᠰ᠎ᠯᠤᠭ᠎ᠠ ᠬᠠᠮᠲᠤᠷᠠᠯᠴᠠᠭ᠎ᠠ ᠥᠷᠨᠢᠭᠦᠯᠵᠦ᠂ ᠬᠤᠶᠠᠷ ᠤᠯᠤᠰ᠎ᠤᠨ ᠬᠤᠯᠪᠣᠯᠳᠤᠨ ᠨᠡᠪᠲᠡᠷᠡᠯᠴᠡᠬᠦ ᠵᠢ ᠴᠢᠩᠭ᠋ᠠᠳᠬᠠᠵᠤ᠂ ᠳᠤᠮᠳᠠᠳᠤ ᠮᠣᠩᠭᠤᠯ ᠣᠷᠣᠰ᠎ᠤᠨ ᠠᠵᠤ ᠠᠬᠤᠢ ᠵᠢᠨ ᠬᠤᠩᠭᠢᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠤᠶ᠎ᠠ᠃ ᠳᠤᠮᠳᠠᠳᠤ ᠤᠯᠤᠰ ᠪᠦᠭᠦ ᠪᠥᠮᠪᠥᠷᠴᠡᠭ᠎ᠤᠨ ᠣᠷᠴᠢᠨ ᠲᠣᠭᠤᠷᠢᠨ᠎ᠤ ᠵᠠᠰᠠᠯᠲᠠ ᠵᠢ ᠢᠳᠡᠪᠬᠢᠲᠡᠢ ᠠᠬᠢᠭᠤᠯᠵᠤ᠂ ᠳᠤᠷᠠᠲᠠᠶ᠎ᠠ ᠮᠣᠩᠭᠤᠯ ᠤᠯᠤᠰ᠎ᠯᠤᠭ᠎ᠠ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠬᠠᠮᠲᠤᠷᠠᠯᠴᠠᠭ᠎ᠠ ᠥᠷᠨᠢᠭᠦᠯᠵᠦ᠂ ᠮᠣᠩᠭᠤᠯ ᠤᠯᠤᠰ᠎ᠤᠨ 《10 ᠳ᠋ᠦᠩᠰᠢᠭᠤᠷ ᠰᠠᠭᠤᠷᠢ ᠮᠣᠳᠣ ᠲᠠᠷᠢᠬᠤ ᠲᠥᠯᠥᠪᠯᠡᠭᠡ》 ᠵᠢ ᠦᠷᠭᠦᠯᠵᠢᠯᠡᠨ ᠲᠡᠮᠵᠢᠨ᠎ᠠ᠃ ᠳᠤᠮᠳᠠᠳᠤ ᠵᠢᠨ ᠲᠠᠯ᠎ᠠ ᠳᠤᠷᠠᠲᠠᠶ᠎ᠠ ᠮᠣᠩᠭᠤᠯ᠎ᠤᠨ ᠲᠠᠯ᠎ᠠ᠎ᠲᠠᠢ ᠨᠠᠮ᠎ᠤᠨ ᠬᠤᠭᠤᠷᠣᠨᠳᠣᠭᠢ ᠶᠠᠪᠤᠯᠴᠠᠭ᠎ᠠ᠎ᠪᠠᠨ ᠴᠢᠩᠭ᠋ᠠᠳᠬᠠᠵᠤ᠂ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠰᠣᠯᠢᠯᠴᠠᠭ᠎ᠠ᠎ᠪᠠᠨ ᠴᠢᠩᠭ᠋ᠠᠳᠬᠠᠨ᠎ᠠ ᠭᠡᠵᠦ ᠴᠢᠬᠤᠯᠠᠴᠢᠯᠠᠪᠠ᠃
    ᠰᠢ ᠵᠢᠨ ᠫᠢᠩ᠂ ᠳᠤᠮᠳᠠᠳᠤ ᠮᠣᠩᠭᠤᠯ ᠪᠣᠯ ᠪᠦᠷ ᠬᠥᠭᠵᠢᠵᠦ ᠪᠠᠶ᠋ᠢᠭ᠎ᠠ ᠤᠯᠤᠰ ᠮᠥᠨ᠂ ᠳᠡᠯᠡᠬᠡᠢ ᠵᠢᠨ ᠪᠠ ᠭᠠᠵᠠᠷ ᠣᠷᠣᠨ᠎ᠤ ᠬᠡᠷᠡᠭ ᠶᠠᠪᠤᠳᠠᠯ ᠳᠤᠮᠳᠠ ᠥᠷᠭᠡᠨ ᠳᠡᠯᠭᠡᠷ ᠬᠠᠮᠲᠤ ᠵᠢᠨ ᠠᠰᠢᠭ ᠲᠤᠰᠠ ᠪᠠ ᠠᠳᠠᠯᠢᠪᠲᠤᠷ ᠵᠣᠭᠰᠣᠯᠲᠠ ᠵᠣᠷᠢᠯᠲᠠ᠎ᠲᠠᠢ ᠶᠤᠮ᠂ ᠳᠤᠮᠳᠠᠳᠤ ᠤᠯᠤᠰ ᠮᠣᠩᠭᠤᠯ᠎ᠤᠨ ᠲᠠᠯ᠎ᠠ ᠵᠢᠨ᠎ᠬᠢᠨ᠎ᠤ ᠭᠠᠵᠠᠷ ᠣᠷᠣᠨ ᠪᠠ ᠣᠯᠠᠨ ᠤᠯᠤᠰ᠎ᠤᠨ ᠬᠡᠷᠡᠭ ᠶᠠᠪᠤᠳᠠᠯ ᠳᠤᠮᠳᠠ ᠢᠳᠡᠪᠬᠢᠲᠡᠢ ᠦᠢ᠍ᠯᠡᠳᠦᠯ ᠦᠵᠡᠭᠦᠯᠭᠦ ᠵᠢ ᠳᠡᠮᠵᠢᠨ᠎ᠡ᠃ ᠬᠤᠶᠠᠷ ᠲᠠᠯ᠎ᠠ᠎ᠪᠠᠷ ᠵᠶ᠋ᠠᠨ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠤᠯᠠᠨ ᠲᠠᠯᠠᠲᠤ ᠦᠵᠡᠯ᠎ᠢ ᠡᠷᠡᠰ ᠬᠠᠮᠠᠭ᠋ᠠᠯᠠᠵᠤ᠂ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠲᠥᠪ ᠭᠤᠣᠯᠴᠢ᠂ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠳᠡᠭᠦ ᠰᠢᠨ᠎ᠡ ᠭᠡᠯᠪᠡᠷᠢ ᠵᠢᠨ ᠤᠯᠠᠨ ᠤᠯᠤᠰ᠎ᠤᠨ ᠬᠠᠷᠢᠯᠴᠠᠭ᠎ᠠ ᠵᠢ ᠬᠠᠮᠲᠤ᠎ᠪᠠᠷ ᠪᠠᠶ᠋ᠢᠭᠤᠯᠬᠤ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
    ᠣᠶᠤᠨ᠋ᠡᠷᠳᠡᠨᠢ᠂ ᠮᠣᠩᠭᠤᠯ ᠳᠤᠮᠳᠠᠳᠤ ᠠᠭᠤᠯᠠ ᠤᠰᠤ᠎ᠪᠠᠷ ᠵᠶ᠋ᠠᠨ ᠵᠠᠯᠭ᠋ᠠᠯᠳᠤᠵᠤ᠂ ᠠᠷᠠᠳ᠎ᠤᠨ ᠰᠡᠳᠬᠢᠯ ᠨᠡᠪᠲᠡᠷᠡᠯᠴᠡᠵᠦ᠂ ᠬᠤᠪᠢ ᠵᠠᠶᠠᠭ᠎ᠠ᠎ᠪᠠᠨ ᠬᠠᠮᠲᠤᠳᠬᠠᠵᠤ ᠪᠠᠶ᠋ᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠬᠤᠭᠤᠴᠠᠭ᠋ᠠᠨ᠎ᠳᠤ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠪᠡᠭᠡᠵᠢᠩ᠎ᠳᠤ ᠠᠮᠵᠢᠯᠲᠠ᠎ᠲᠠᠢ ᠡᠷᠭᠢᠯᠡᠵᠦ᠂ ᠪᠦᠯᠬᠦᠮᠳᠡᠯ ᠪᠠ ᠬᠠᠮᠲᠤᠷᠠᠯᠴᠠᠭ᠋ᠠᠨ᠎ᠤ ᠢᠳᠡᠪᠬᠢᠲᠡᠢ ᠮᠡᠳᠡᠭᠡ ᠵᠠᠩᠭᠢ ᠵᠢ ᠨᠡᠶ᠋ᠢᠲᠡᠯᠡᠵᠦ᠂ ᠳᠡᠯᠡᠬᠡᠢ ᠨᠡᠶ᠋ᠢᠭᠡᠮ᠎ᠤᠨ ᠢᠲᠡᠭᠡᠯ᠎ᠢ ᠶᠡᠭᠡ᠎ᠪᠠᠷ ᠬᠥᠪᠴᠢᠯᠡᠭᠰᠡᠨ᠎ᠢ ᠮᠣᠩᠭᠤᠯ ᠤᠯᠤᠰ ᠮᠠᠷᠲᠠᠬᠤ ᠦᠭᠡᠢ ᠶᠤᠮ᠃ ᠮᠣᠩᠭᠤᠯ᠎ᠤᠨ ᠲᠠᠯ᠎ᠠ ᠵᠢᠨ᠎ᠬᠢᠨ ᠪᠠᠰᠠ ᠳᠤᠮᠳᠠᠳᠤ ᠵᠢᠨ ᠲᠠᠯ᠎ᠠ ᠵᠢᠨ ᠬᠠᠩᠭ᠋ᠠᠭᠰᠠᠨ ᠡᠷᠬᠢᠮ ᠨᠠᠨᠳᠢᠨ ᠬᠠᠪᠰᠤᠷᠤᠯᠭ᠎ᠠ ᠵᠢ ᠮᠠᠷᠲᠠᠬᠤ ᠦᠭᠡᠢ ᠶᠤᠮ᠃ ᠳᠤᠮᠳᠠᠳᠤ ᠤᠯᠤᠰ᠎ᠤᠨ ᠬᠥᠭᠵᠢᠯᠲᠡ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ᠎ᠤᠨ ᠳᠡᠯᠡᠬᠡᠢ ᠳᠡᠭᠡᠷᠡᠬᠢ ᠤᠳᠤᠷᠢᠳᠬᠤ ᠬᠦᠴᠦᠨ᠎ᠢ ᠢᠯᠡᠷᠡᠭᠦᠯᠪᠡ᠃ ᠲᠡᠷᠢᠭᠦᠯᠡᠭᠴᠢ ᠰᠢ ᠵᠢᠨ ᠫᠢᠩ᠎ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠯᠠᠪᠲᠠᠢ ᠪᠡᠶᠡᠯᠡᠭᠳᠡᠬᠦ ᠵᠢ ᠢᠲᠡᠭᠡᠵᠦ ᠪᠠᠶ᠋ᠢᠨ᠎ᠠ᠃ ᠮᠣᠩᠭᠤᠯ ᠤᠯᠤᠰ᠎ᠤᠨ᠎ᠬᠢᠨ ᠳᠤᠷᠠᠲᠠᠶ᠎ᠠ ᠳᠤᠮᠳᠠᠳᠤ ᠤᠯᠤᠰ᠎ᠲᠠᠢ ᠬᠠᠮᠲᠤ᠎ᠪᠠᠷ ᠮᠣᠩᠭᠤᠯ ᠳᠤᠮᠳᠠᠳᠤ ᠵᠢᠨ ᠬᠠᠷᠢᠯᠴᠠᠭ᠎ᠠ ᠵᠢ ᠤᠯᠤᠰ ᠪᠣᠯᠣᠨ ᠤᠯᠤᠰ᠎ᠤᠨ ᠬᠤᠭᠤᠷᠣᠨᠳᠣᠭᠢ ᠬᠠᠷᠢᠯᠴᠠᠭ᠋ᠠᠨ᠎ᠤ ᠬᠡᠪ ᠳᠠᠭᠤᠷᠢᠶᠠᠯ ᠪᠣᠯᠭ᠋ᠠᠨ᠎ᠠ᠃ ᠮᠣᠩᠭᠤᠯ᠎ᠤᠨ ᠲᠠᠯ᠎ᠠ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠪᠠᠷᠢᠮᠲᠠᠯᠠᠵᠤ᠂ ᠳᠤᠮᠳᠠᠳᠤ ᠵᠢᠨ ᠲᠠᠯ᠎ᠠ ᠵᠢᠨ ᠲᠠᠶ᠋ᠢᠸᠠᠨ᠎ᠲᠠᠢ ᠬᠤᠯᠪᠣᠭᠳᠠᠭᠰᠠᠨ᠂ ᠲᠥᠪᠡᠳ᠎ᠲᠠᠢ ᠬᠤᠯᠪᠣᠭᠳᠠᠭᠰᠠᠨ᠂ ᠰᠢᠨᠵᠢᠶᠠᠩ᠎ᠲᠠᠢ ᠬᠤᠯᠪᠣᠭᠳᠠᠭᠰᠠᠨ ᠵᠡᠷᠭᠡ ᠠᠰᠠᠭᠤᠳᠠᠯ᠎ᠤᠨ ᠲᠠᠯ᠎ᠠ᠎ᠪᠠᠷ᠎ᠬᠢ ᠵᠣᠭᠰᠣᠯᠲᠠ ᠵᠢ ᠳᠡᠮᠵᠢᠵᠦ᠂ ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠳᠡᠮᠵᠢᠵᠦ᠂ ᠳᠤᠷᠠᠲᠠᠶ᠎ᠠ ᠳᠤᠮᠳᠠᠳᠤ ᠵᠢᠨ ᠲᠠᠯ᠎ᠠ᠎ᠲᠠᠢ ᠨᠢᠭᠲᠠ ᠬᠠᠮᠲᠤᠷᠠᠯᠴᠠᠵᠤ᠂ ᠲᠣᠰ ᠲᠣᠰ᠎ᠤᠨ ᠰᠣᠩᠭᠤᠭᠰᠠᠨ ᠬᠥᠭᠵᠢᠯᠲᠡ ᠵᠢᠨ ᠵᠠᠮ ᠵᠶ᠋ᠠᠨ ᠦᠷᠭᠦᠯᠵᠢᠯᠡᠨ ᠬᠠᠷᠢᠯᠴᠠᠨ ᠬᠦᠨᠳᠦᠳᠬᠡᠬᠦ ᠵᠢᠨ ᠬᠠᠮᠲᠤ ᠳᠡᠮᠵᠢᠵᠦ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠵᠤ᠂ ᠲᠥᠷᠥ ᠵᠢᠨ ᠨᠠᠮ ᠪᠣᠯᠣᠨ ᠵᠠᠯᠠᠭᠤᠴᠤᠳ᠎ᠤᠨ ᠰᠣᠯᠢᠯᠴᠠᠭ᠎ᠠ᠎ᠪᠠᠨ ᠴᠢᠩᠭ᠋ᠠᠳᠬᠠᠵᠤ᠂ ᠬᠤᠶᠠᠷ ᠤᠯᠤᠰ᠎ᠤᠨ ᠬᠢᠯᠢ ᠠᠯᠤᠰᠯᠠᠭᠰᠠᠨ ᠲᠡᠮᠦᠷ ᠵᠠᠮ᠂ ᠪᠣᠭᠤᠮᠲᠠ ᠵᠢᠨ ᠨᠡᠪᠲᠡᠷᠡᠯᠴᠡᠭᠡ ᠵᠡᠷᠭᠡ ᠬᠤᠯᠪᠣᠯᠳᠤᠨ ᠨᠡᠪᠲᠡᠷᠡᠯᠴᠡᠬᠦ ᠵᠢ ᠠᠬᠢᠭᠤᠯᠵᠤ᠂ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ᠂ ᠪᠣᠬᠢᠷᠳᠤᠯ ᠦᠭᠡᠢ ᠬᠥᠭᠵᠢᠯᠲᠡ᠂ ᠢᠯᠵᠠᠷᠠᠯ᠎ᠢ ᠡᠰᠡᠷᠭᠦᠴᠡᠬᠦ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠦᠨ᠎ᠡ ᠭᠡᠵᠦ ᠢᠯᠡᠳᠬᠡᠪᠡ᠃
    ᠸᠠᠩ ᠢ ᠠᠭᠤᠯᠵᠠᠯᠲᠠ᠎ᠳᠤ ᠣᠷᠣᠯᠴᠠᠵᠠᠢ᠃
    (ᠰᠢᠨᠬᠤᠸᠠ ᠬᠤᠷᠢᠶ᠎ᠠ ᠵᠢᠨ ᠪᠡᠭᠡᠵᠢᠩ᠎ᠤᠨ 6 ᠰᠠᠷ᠎ᠠ ᠵᠢᠨ 27᠎ᠤ ᠴᠠᠭᠢᠯᠭ᠋ᠠᠨ ᠮᠡᠳᠡᠭᠡ)

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
《ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠋ᠠᠨ᠎ᠤ ᠬᠤᠷᠢᠶᠠᠩᠭᠤᠢ》 ᠭᠡᠬᠦ ᠨᠣᠮ᠎ᠢ ᠬᠡᠪᠯᠡᠨ ᠲᠠᠷᠬᠠᠭ᠋ᠠᠪᠠ
ᠰᠢ ᠵᠢᠨ ᠫᠢᠩ ᠭᠠᠨᠰᠦ ᠵᠢᠨ ᠯᠢᠨᠰᠢᠶᠠ ᠵᠸᠦ ᠵᠢᠨ ᠵᠢᠢ ᠱ᠌ᠢ ᠱᠠᠨ ᠰᠢᠶᠠᠨ᠎ᠳᠤ 6.2 ᠳᠡᠰ᠎ᠤᠨ ᠭᠠᠵᠠᠷ ᠬᠦᠳᠡᠯᠦᠭᠰᠡᠨ ᠲᠤᠬᠠᠢ ᠴᠢᠬᠤᠯᠠ ᠵᠢᠭ᠋ᠠᠪᠤᠷᠢ ᠥᠭᠴᠦ ᠱᠠᠭ᠋ᠠᠷᠳᠠᠭᠰᠠᠨ᠎ᠨᠢ ᠡᠷᠢᠵᠦ ᠠᠪᠤᠷᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠥᠷᠨᠢᠭᠦᠯᠦᠨ ᠭᠠᠮᠰᠢᠭᠳᠠᠭᠰᠠᠨ ᠣᠯᠠᠨ ᠲᠦᠮᠡᠨ᠎ᠢ ᠳᠣᠬᠢᠲᠠᠢ ᠲᠦᠪᠬᠢᠨᠡᠭᠦᠯᠵᠦ ᠬᠠᠮᠤᠭ ᠴᠢᠳᠠᠯ ᠵᠶ᠋ᠠᠷ ᠵᠶ᠋ᠠᠨ ᠠᠷᠠᠳ ᠣᠯᠠᠨ᠎ᠤ ᠠᠮᠢ ᠨᠠᠰᠤ ᠪᠠ ᠡᠳ᠋ ᠬᠦᠷᠦᠩᠭᠡ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠯᠢ ᠴᠢᠶᠠᠩ ᠴᠣᠬᠤᠯᠠᠪᠤᠷᠢ ᠥᠭᠴᠡᠢ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠲᠦᠷᠦ ᠵᠢᠨ ᠶᠠᠪᠤᠳᠠᠯ᠎ᠤᠨ ᠬᠤᠷᠢᠶ᠎ᠠ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ ᠠᠷᠠᠳ᠎ᠤᠨ ᠳᠡᠭᠡᠳᠦ ᠰᠢᠭᠦᠬᠦ ᠬᠤᠷᠢᠶ᠎ᠠ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ ᠲᠥᠪ᠎ᠤᠨ ᠱᠦᠵᠢ ᠨᠠᠷ᠎ᠤᠨ ᠭᠠᠵᠠᠷ᠎ᠤᠨ ᠠᠵᠢᠯ᠎ᠤᠨ ᠮᠡᠳᠡᠭᠦᠯᠦᠯᠲᠡ ᠵᠢ ᠰᠣᠨᠣᠰᠪᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ
ᠰᠢ ᠵᠢᠨ ᠫᠢᠩ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢ ᠭᠦᠨᠵᠡᠭᠡᠢ ᠠᠬᠢᠭᠤᠯᠵᠤ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠤᠳᠠᠭ᠋ᠠᠨ ᠳᠠᠭ᠋ᠠᠭ᠋ᠠᠮᠠᠭ᠋ᠠᠢ ᠳᠠᠶ᠋ᠢᠯᠠᠯᠳᠤᠭ᠋ᠠᠨ᠎ᠤ ᠢᠯᠠᠯᠲᠠ ᠵᠢ ᠵᠠᠪᠠᠯ ᠲᠡᠮᠡᠴᠡᠨ ᠣᠯᠬᠤ ᠬᠡᠷᠡᠭᠲᠡᠢ
ᠰᠢ ᠵᠢᠨ ᠫᠢᠩ ᠮᠤᠵᠢ ᠶᠠᠮᠤᠨ᠎ᠤ ᠳᠡᠰ᠎ᠤᠨ ᠭᠤᠣᠯ ᠤᠳᠤᠷᠢᠳᠬᠤ ᠺᠠᠳ᠋ᠷᠴᠤᠳ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ ᠮᠠᠨ᠎ᠤ ᠤᠯᠤᠰ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ
 
            