ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠠᠩᠬᠠᠷᠤᠯ ᠵᠶ᠋ᠠᠨ ᠬᠠᠨᠳᠤᠭᠤᠯᠤᠮᠤ! ᠪᠠᠷᠠᠭᠤᠨ ᠣᠷᠣᠨ᠎ᠤ ᠲᠥᠯᠥᠪᠯᠡᠭᠡ᠎ᠳᠤ ᠨᠡᠷ᠎ᠡ ᠮᠡᠳᠡᠭᠦᠯᠵᠦ ᠡᠬᠢᠯᠡᠪᠡ
ᠨᠡᠶ᠋ᠢᠲᠡᠯᠡᠭᠰᠡᠨ ᠴᠠᠭ᠄ 2023-04-18

     2023 ᠣᠨ᠎ᠤ ᠣᠶᠤᠲᠠᠳ᠎ᠤᠨ ᠰᠠᠶ᠋ᠢᠨ ᠳᠤᠷ᠎ᠠ᠎ᠠᠴᠠ᠎ᠪᠠᠨ ᠪᠠᠷᠠᠭᠤᠨ ᠣᠷᠣᠨ᠎ᠳᠤ ᠦᠢ᠍ᠯᠡᠴᠢᠯᠡᠬᠦ ᠲᠥᠯᠥᠪᠯᠡᠭᠡ᠎ᠳᠤ ᠨᠡᠷ᠎ᠡ ᠮᠡᠳᠡᠭᠦᠯᠵᠦ ᠡᠬᠢᠯᠡᠪᠡ!
    4 ᠳ᠋ᠦ᠍ᠭᠡᠷ ᠰᠠᠷ᠎ᠠ ᠵᠢᠨ 12᠎ᠤᠨ ᠡᠳᠦᠷ᠎ᠠᠴᠠ ᠡᠬᠢᠯᠡᠨ 5 ᠳ᠋ᠤᠭ᠋ᠠᠷ ᠰᠠᠷ᠎ᠠ ᠵᠢᠨ ᠳᠤᠮᠳᠠᠴᠢ ᠰᠡᠭᠦᠯᠴᠢ ᠪᠣᠯᠲᠠᠯ᠎ᠠ ᠪᠠᠷᠠᠭᠤᠨ ᠣᠷᠣᠨ᠎ᠤ ᠲᠥᠯᠥᠪᠯᠡᠭᠡ ᠵᠢᠨ ᠠᠯᠪᠠᠨ᠎ᠤ ᠰᠦᠯᠵᠢᠶ᠎ᠡ (http://xibu.youth.cn)᠎ᠪᠠᠷ ᠡᠩ᠎ᠤᠨ     ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠲᠤᠰ ᠵᠢᠯ᠎ᠤᠨ ᠲᠡᠭᠦᠰᠦᠭᠰᠡᠳ ᠪᠤᠶᠤ ᠰᠤᠷᠭ᠋ᠠᠭᠤᠯᠢ᠎ᠳᠤ ᠰᠤᠷᠤᠯᠴᠠᠵᠤ ᠪᠠᠶ᠋ᠢᠭ᠎ᠠ ᠰᠣᠳᠣᠯᠬᠤ ᠰᠤᠷᠤᠭᠴᠢᠳ᠎ᠤᠨ ᠨᠡᠷ᠎ᠡ ᠮᠡᠳᠡᠭᠦᠯᠬᠦ ᠵᠢ ᠭᠥᠯᠢᠶᠡᠨ ᠠᠪᠴᠤ ᠪᠤᠢ

    2023 ᠣᠨ᠎ᠳᠤ ᠪᠠᠷᠠᠭᠤᠨ ᠣᠷᠣᠨ᠎ᠤ ᠲᠥᠯᠥᠪᠯᠡᠭᠡ ᠵᠢᠨ ᠪᠥᠬᠦ ᠤᠯᠤᠰ᠎ᠤᠨ ᠲᠥᠷᠥᠯ ᠵᠦᠢ᠍ᠯ᠎ᠤᠨ ᠬᠡᠷᠡᠭᠵᠢᠭᠦᠯᠬᠦ ᠬᠡᠪᠴᠢᠶ᠎ᠡ᠎ᠳᠤ ᠦᠷᠭᠦᠯᠵᠢᠯᠡᠨ 2 ᠲᠦᠮᠡᠨ ᠬᠥᠮᠥᠨ᠎ᠢ ᠪᠠᠲᠤᠯᠠᠨ᠂ ᠣᠷᠣᠨ ᠨᠤᠲᠤᠭ᠎ᠲᠠᠬᠢ ᠲᠥᠷᠥᠯ ᠵᠦᠢ᠍ᠯ᠎ᠤᠨ ᠬᠡᠷᠡᠭᠵᠢᠭᠦᠯᠬᠦ ᠬᠡᠪᠴᠢᠶ᠎ᠡ ᠵᠢ ᠵᠢᠱ᠌ᠢᠯᠲᠡ᠎ᠪᠠᠷ 4 ᠲᠦᠮᠡᠨ ᠬᠥᠮᠥᠨ᠎ᠠᠴᠠ ᠳᠠᠪᠠᠭᠤᠯᠵᠤ᠂ ᠬᠥᠳᠡᠭᠡ ᠲᠣᠰᠬᠤᠨ᠎ᠤ ᠰᠤᠷᠭ᠋ᠠᠨ ᠬᠥᠮᠦᠵᠢᠯ᠂ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ᠎ᠳᠤ ᠦᠢ᠍ᠯᠡᠴᠢᠯᠡᠬᠦ᠂ ᠡᠷᠡᠭᠦᠯ ᠡᠩᠬᠡ ᠬᠥᠳᠡᠭᠡ ᠲᠣᠰᠬᠤᠨ᠂ ᠦᠨᠳᠦᠰᠦᠨ ᠱᠠᠲᠤᠨ᠎ᠤ ᠵᠠᠯᠠᠭᠤᠴᠤᠳ᠎ᠤᠨ ᠠᠵᠢᠯ᠂ ᠬᠥᠳᠡᠭᠡ ᠲᠣᠰᠬᠤᠨ᠎ᠤ ᠨᠡᠶ᠋ᠢᠭᠡᠮ᠎ᠤᠨ ᠵᠠᠰᠠᠯᠲᠠ᠂ ᠰᠢᠨᠵᠢᠶᠠᠩ᠎ᠳᠤ ᠦᠢ᠍ᠯᠡᠴᠢᠯᠡᠬᠦ᠂ ᠲᠥᠪᠡᠳ᠎ᠲᠤ ᠦᠢ᠍ᠯᠡᠴᠢᠯᠡᠬᠦ ᠵᠡᠷᠭᠡ 7 ᠲᠤᠰᠬᠠᠢ ᠵᠦᠢ᠍ᠯ ᠬᠤᠪᠢᠶᠠᠨ᠎ᠠ᠃


    《ᠪᠠᠷᠠᠭᠤᠨ ᠣᠷᠣᠨ᠎ᠤ ᠲᠥᠯᠥᠪᠯᠡᠭᠡ》 ᠵᠢᠨ ᠲᠤᠬᠠᠢ ᠲᠠᠨ᠎ᠤ ᠮᠡᠳᠡᠬᠦ ᠶᠣᠰᠣᠲᠠᠢ ᠵᠦᠢ᠍ᠯᠡᠰ


    ᠣᠶᠤᠲᠠᠳ᠎ᠤᠨ ᠰᠠᠶ᠋ᠢᠨ ᠳᠤᠷ᠎ᠠ᠎ᠠᠴᠠ᠎ᠪᠠᠨ ᠪᠠᠷᠠᠭᠤᠨ ᠣᠷᠣᠨ᠎ᠳᠤ ᠦᠢ᠍ᠯᠡᠴᠢᠯᠡᠬᠦ ᠲᠥᠯᠥᠪᠯᠡᠭᠡ (ᠲᠣᠪᠴᠢᠯᠠᠭ᠋ᠠᠳ ᠪᠠᠷᠠᠭᠤᠨ ᠣᠷᠣᠨ᠎ᠤ ᠲᠥᠯᠥᠪᠯᠡᠭᠡ ᠭᠡᠳᠡᠭ) ᠪᠣᠯ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ ᠵᠶ᠋ᠠᠷ ᠳᠠᠮᠵᠢᠨ ᠲᠣᠭᠲᠠᠭ᠋ᠠᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠤᠷᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠬᠠᠮᠲᠤ᠎ᠪᠠᠷ ᠵᠣᠬᠢᠶᠠᠨ   ᠪᠠᠶ᠋ᠢᠭᠤᠯᠤᠨ   ᠬᠡᠷᠡᠭᠵᠢᠭᠦᠯᠵᠦ   ᠪᠠᠶ᠋ᠢᠭ᠎ᠠ   ᠴᠢᠳᠠᠪᠤᠷᠢᠲᠠᠨ ᠎ᠤ   ᠲᠤᠬᠠᠢ   ᠴᠢᠬᠤᠯᠠ   ᠶᠡᠭᠡ   ᠢᠨᠵᠧᠨᠧᠷᠢᠩ ᠮᠥᠨ᠃
    ᠲᠤᠰ ᠲᠥᠷᠥᠯ ᠵᠦᠢ᠍ᠯ᠎ᠢ 2003 ᠣᠨ᠎ᠳᠤ ᠡᠬᠢᠯᠡᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠨᠢᠭᠡᠨᠲᠡ ᠨᠡᠶ᠋ᠢᠲᠡ 46.5 ᠲᠦᠮᠡ ᠭᠠᠷᠤᠢ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠪᠠ ᠰᠣᠳᠣᠯᠬᠤ ᠰᠤᠷᠤᠭᠴᠢᠳ᠎ᠢ ᠡᠯᠰᠡᠭᠡᠳ᠂ 2000 ᠭᠠᠷᠤᠢ ᠰᠢᠶᠠᠨ (ᠬᠤᠲᠠ᠂ ᠲᠣᠭᠤᠷᠢᠭ᠂ ᠬᠤᠰᠢᠭᠤ)᠎ᠤ ᠦᠨᠳᠦᠰᠦᠨ ᠱᠠᠲᠤᠨ᠎ᠳᠤ ᠦᠢ᠍ᠯᠡᠴᠢᠯᠡᠭᠦᠯᠵᠦ᠂ ᠪᠦᠬᠦ ᠨᠡᠶ᠋ᠢᠭᠡᠮ ᠢᠯᠠᠩᠭᠤᠶ᠎ᠠ ᠵᠠᠯᠠᠭᠤᠴᠤᠳ᠎ᠤᠨ ᠳᠤᠮᠳᠠ ᠪᠠᠷᠠᠭᠤᠨ ᠣᠷᠣᠨ᠎ᠳᠤ ᠣᠴᠢᠬᠤ᠂ ᠦᠨᠳᠦᠰᠦᠨ ᠱᠠᠲᠤᠨ᠎ᠳᠤ ᠣᠴᠢᠬᠤ᠂ ᠡᠬᠡ ᠤᠯᠤᠰ ᠪᠠ ᠠᠷᠠᠳ ᠲᠦᠮᠡᠨ᠎ᠤ ᠬᠠᠮᠤᠭ᠎ᠤᠨ ᠬᠡᠷᠡᠭᠴᠡᠭᠡ᠎ᠲᠠᠢ ᠭᠠᠵᠠᠷ᠎ᠲᠤ ᠣᠴᠢᠵᠤ ᠭᠠᠪᠢᠶ᠎ᠠ ᠪᠠᠶ᠋ᠢᠭᠤᠯᠤᠨ ᠦᠢ᠍ᠯᠡᠰ ᠴᠣᠭᠴᠠᠯᠠᠬᠤ ᠴᠠᠭ ᠦᠶ᠎ᠡ ᠵᠢᠨ ᠤᠷᠢᠶ᠎ᠠ ᠵᠢ ᠬᠠᠩᠭᠢᠨᠠᠭᠤᠯᠪᠠ᠃ 2023 ᠣᠨ᠎ᠠᠴᠠ 2024 ᠣᠨ᠎ᠳᠤ᠂ ᠲᠥᠪ᠎ᠤᠨ ᠡᠳ᠋᠎ᠤᠨ ᠵᠠᠰᠠᠭ᠎ᠠᠴᠠ ᠳᠡᠮᠵᠢᠵᠦ᠂ ᠡᠩ᠎ᠤᠨ ᠶᠡᠭᠡ ᠳᠡᠭᠡᠳᠦ ᠰᠤᠷᠭ᠋ᠠᠭᠤᠯᠢ (ᠰᠤᠷᠭ᠋ᠠᠨ ᠬᠥᠮᠦᠵᠢᠯ᠎ᠤᠨ ᠶᠠᠮᠤᠨ᠎ᠤ 《ᠪᠥᠬᠦ ᠤᠯᠤᠰ᠎ᠤᠨ ᠡᠩ᠎ᠤᠨ ᠶᠡᠭᠡ ᠳᠡᠭᠡᠳᠦ ᠰᠤᠷᠭ᠋ᠠᠭᠤᠯᠢ ᠵᠢᠨ ᠨᠡᠷᠡᠰ》᠎ᠲᠤ ᠵᠢᠭᠰᠠᠭ᠋ᠠᠭᠳᠠᠭᠰᠠᠨ ᠶᠡᠭᠡ ᠳᠡᠭᠡᠳᠦ ᠰᠤᠷᠭ᠋ᠠᠭᠤᠯᠢ)᠎ᠨᠤᠭᠤᠳ᠎ᠤᠨ ᠲᠤᠰ ᠵᠢᠯ᠎ᠤᠨ ᠲᠡᠭᠦᠰᠦᠭᠰᠡᠳ ᠪᠤᠶᠤ ᠰᠤᠷᠤᠯᠴᠠᠵᠤ ᠪᠠᠶ᠋ᠢᠭ᠎ᠠ ᠰᠣᠳᠣᠯᠬᠤ ᠰᠤᠷᠤᠭᠴᠢᠳ᠎ᠠᠴᠠ ᠪᠠᠷᠠᠭᠤᠨ ᠣᠷᠣᠨ᠎ᠤ ᠲᠥᠯᠥᠪᠯᠡᠭᠡ ᠵᠢᠨ ᠪᠦᠬᠦ ᠤᠯᠤᠰ᠎ᠤᠨ ᠲᠥᠷᠥᠯ ᠵᠦᠢ᠍ᠯ᠎ᠤᠨ 2 ᠲᠦᠮᠡᠨ ᠰᠠᠶ᠋ᠢᠨ ᠳᠤᠷᠠᠴᠤᠳ᠎ᠢ ᠢᠯᠡ᠎ᠪᠠᠷ ᠡᠯᠰᠡᠬᠦ᠂ ᠰᠠᠶ᠋ᠢᠨ ᠳᠤᠷ᠎ᠠ᠎ᠠᠴᠠ᠎ᠪᠠᠨ ᠨᠡᠷ᠎ᠡ ᠮᠡᠳᠡᠭᠦᠯᠬᠦ᠂ ᠵᠣᠬᠢᠶᠠᠨ ᠪᠠᠶ᠋ᠢᠭᠤᠯᠵᠤ ᠰᠢᠯᠢᠨ ᠰᠣᠩᠭᠤᠬᠤ᠂ ᠨᠢᠭᠡᠳᠦᠯᠲᠡᠢ ᠲᠣᠮᠢᠯᠠᠬᠤ ᠵᠡᠷᠭᠡ ᠠᠷᠭ᠎ᠠ ᠮᠠᠶᠢᠭ ᠵᠶ᠋ᠠᠷ ᠡᠯᠰᠡᠬᠦ ᠪᠠ ᠰᠢᠯᠢᠨ ᠰᠣᠩᠭᠤᠵᠤ ᠪᠠᠷᠠᠭᠤᠨ ᠣᠷᠣᠨ᠎ᠤ ᠦᠨᠳᠦᠰᠦᠨ ᠱᠠᠲᠤᠨ᠎ᠳᠤ ᠲᠣᠮᠢᠯᠠᠨ ᠠᠵᠢᠯᠯᠠᠭᠤᠯᠤᠨ᠎ᠠ (ᠨᠢᠭᠡᠨᠲᠡ ᠡᠯᠰᠡᠭᠰᠡᠨ ᠬᠤᠷᠢᠨ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠵᠠᠯᠠᠭᠤ ᠰᠠᠶ᠋ᠢᠨ ᠳᠤᠷᠠᠴᠤᠳ᠎ᠤᠨ ᠶᠠᠳᠠᠭᠤ ᠵᠢ ᠲᠡᠳᠬᠦᠬᠦ ᠪᠤᠤᠬᠢᠶ᠎ᠠ ᠲᠥᠯᠥᠪᠯᠡᠭᠡ ᠵᠢᠨ ᠰᠣᠳᠣᠯᠬᠤ ᠰᠤᠷᠤᠭᠴᠢᠳ᠎ᠤᠨ ᠰᠤᠷᠭ᠋ᠠᠨ ᠬᠥᠮᠦᠵᠢᠯ᠎ᠢ ᠳᠡᠮᠵᠢᠬᠦ ᠪᠦᠯᠬᠦᠮ᠎ᠤᠨ ᠰᠠᠶ᠋ᠢᠨ ᠳᠤᠷᠠᠴᠤᠳ᠎ᠢ ᠪᠠᠭᠲᠠᠭ᠋ᠠᠨ᠎ᠠ)᠃ ᠡᠯ᠎ᠡ ᠭᠠᠵᠠᠷ᠎ᠤᠨ᠎ᠬᠢᠨ ᠪᠥᠬᠦ ᠤᠯᠤᠰ᠎ᠤᠨ ᠲᠥᠷᠥᠯ ᠵᠦᠢ᠍ᠯ᠎ᠤᠨ ᠠᠵᠢᠯᠯᠠᠭ᠋ᠠᠨ᠎ᠤ ᠵᠠᠭᠪᠤᠷ ᠪᠠ ᠠᠵᠢᠯ᠎ᠤᠨ ᠱᠠᠭ᠋ᠠᠷᠳᠠᠯᠭ᠎ᠠ᠎ᠪᠠᠷ ᠯᠠᠪᠯᠠᠯᠲᠠ ᠪᠣᠯᠭ᠋ᠠᠨ᠂ ᠪᠠᠷᠠᠭᠤᠨ ᠣᠷᠣᠨ᠎ᠤ ᠲᠥᠯᠥᠪᠯᠡᠭᠡ ᠵᠢᠨ ᠣᠷᠣᠨ ᠨᠤᠲᠤᠭ᠎ᠲᠠᠬᠢ ᠲᠥᠷᠥᠯ ᠵᠦᠢ᠍ᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠵᠢᠱ᠌ᠢᠯᠲᠡ᠎ᠪᠠᠷ ᠬᠡᠷᠡᠭᠵᠢᠭᠦᠯᠬᠦ ᠬᠡᠪᠴᠢᠶ᠎ᠡ᠎ᠨᠢ 4 ᠲᠦᠮᠡ ᠬᠥᠮᠥᠨ᠎ᠠᠴᠠ ᠳᠠᠪᠠᠭᠤᠯᠬᠤ ᠪᠣᠯᠣᠨ᠎ᠠ᠃ ᠪᠠᠷᠠᠭᠤᠨ ᠣᠷᠣᠨ᠎ᠤ ᠲᠥᠯᠥᠪᠯᠡᠭᠡ ᠵᠢᠨ ᠠᠯᠪᠠᠨ᠎ᠤ ᠰᠦᠯᠵᠢᠶ᠎ᠡ (http://xibu.youth.cn)᠎ᠪᠠᠷ ᠪᠠᠷᠠᠭᠤᠨ ᠣᠷᠣᠨ᠎ᠤ ᠲᠥᠯᠥᠪᠯᠡᠭᠡ ᠵᠢᠨ ᠪᠦᠬᠦ ᠤᠯᠤᠰ᠎ᠤᠨ ᠲᠥᠷᠥᠯ ᠵᠦᠢ᠍ᠯ ᠪᠠ ᠣᠷᠣᠨ ᠨᠤᠲᠤᠭ᠎ᠲᠠᠬᠢ ᠲᠥᠷᠥᠯ ᠵᠦᠢ᠍ᠯ᠎ᠳᠤ ᠨᠡᠷ᠎ᠡ ᠮᠡᠳᠡᠭᠦᠯᠵᠦ ᠪᠣᠯᠣᠨ᠎ᠠ᠃ ᠪᠠᠷᠠᠭᠤᠨ ᠣᠷᠣᠨ᠎ᠤ ᠲᠥᠯᠥᠪᠯᠡᠭᠡ ᠵᠢᠨ ᠦᠢ᠍ᠯᠡᠴᠢᠯᠡᠭᠡᠨ᠎ᠤ ᠠᠭᠤᠯᠭ᠎ᠠ ᠵᠢ ᠬᠥᠳᠡᠭᠡ ᠲᠣᠰᠬᠤᠨ᠎ᠤ ᠰᠤᠷᠭ᠋ᠠᠨ ᠬᠥᠮᠦᠵᠢᠯ᠂ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ᠎ᠳᠤ ᠦᠢ᠍ᠯᠡᠴᠢᠯᠡᠬᠦ᠂ ᠡᠷᠡᠭᠦᠯ ᠡᠩᠬᠡ ᠬᠥᠳᠡᠭᠡ ᠲᠣᠰᠬᠤᠨ᠂ ᠦᠨᠳᠦᠰᠦᠨ ᠱᠠᠲᠤᠨ᠎ᠤ ᠵᠠᠯᠠᠭᠤᠴᠤᠳ᠎ᠤᠨ ᠠᠵᠢᠯ᠂ ᠬᠥᠳᠡᠭᠡ ᠲᠣᠰᠬᠤᠨ᠎ᠤ ᠨᠡᠶ᠋ᠢᠭᠡᠮ᠎ᠤᠨ ᠵᠠᠰᠠᠯᠲᠠ᠂ ᠰᠢᠨᠵᠢᠶᠠᠩ᠎ᠳᠤ ᠦᠢ᠍ᠯᠡᠴᠢᠯᠡᠬᠦ᠂ ᠲᠥᠪᠡᠳ᠎ᠲᠤ ᠦᠢ᠍ᠯᠡᠴᠢᠯᠡᠬᠦ ᠭᠡᠬᠦ 7 ᠲᠤᠰᠬᠠᠢ ᠵᠦᠢ᠍ᠯ ᠬᠤᠪᠢᠶᠠᠨ᠎ᠠ᠃ ᠰᠠᠶ᠋ᠢᠨ ᠳᠤᠷᠠᠴᠤᠳ᠎ᠤᠨ ᠦᠢ᠍ᠯᠡᠴᠢᠯᠡᠬᠦ ᠬᠤᠭᠤᠴᠠᠭ᠎ᠠ᠎ᠨᠢ 1᠎ᠠᠴᠠ 3 ᠵᠢᠯ᠂ ᠦᠢ᠍ᠯᠡᠴᠢᠯᠡᠭᠡᠨ᠎ᠤ ᠭᠡᠷ᠎ᠡ ᠵᠢ ᠨᠢᠭᠡ ᠵᠢᠯ ᠵᠶ᠋ᠠᠷ ᠲᠣᠭᠲᠠᠨ᠎ᠠ᠃
    《ᠬᠡᠷᠬᠢᠨ ᠨᠡᠷ᠎ᠡ ᠮᠡᠳᠡᠭᠦᠯᠬᠦ ᠪᠣᠢ?》 《ᠨᠡᠷ᠎ᠡ ᠮᠡᠳᠡᠭᠦᠯᠬᠦ᠎ᠳᠤ ᠶᠠᠮᠠᠷ ᠮᠠᠲ᠋ᠧᠷᠢᠶᠠᠯ ᠪᠡᠯᠡᠳᠬᠡᠬᠦ ᠴᠢᠬᠤᠯᠠ᠎ᠲᠠᠢ ᠪᠣᠢ》 ᠲᠦᠷᠭᠡᠨ ᠦᠵᠡᠭᠡᠷᠡᠢ


    ᠨᠡᠷ᠎ᠡ ᠮᠡᠳᠡᠭᠦᠯᠬᠦ ᠦᠶᠡᠰ ᠡᠷᠡᠭᠡᠯᠵᠡᠭᠡ᠎ᠲᠠᠢ ᠵᠦᠢ᠍ᠯᠡᠰ ᠪᠠᠶ᠋ᠢᠪᠠᠯ
    ᠪᠠᠷᠠᠭᠤᠨ ᠣᠷᠣᠨ᠎ᠤ ᠲᠥᠯᠥᠪᠯᠡᠭᠡ ᠵᠢᠨ ᠡᠯ᠎ᠡ ᠮᠤᠵᠢ (ᠣᠷᠣᠨ᠂ ᠬᠤᠲᠠ) ᠵᠢᠨ ᠲᠥᠷᠦᠯ ᠵᠦᠢ᠍ᠯ᠎ᠤᠨ ᠠᠯᠪᠠᠨ ᠭᠡᠷ᠎ᠠᠴᠠ ᠯᠠᠪᠯᠠᠭ᠋ᠠᠷᠠᠢ


    ᠪᠦᠬᠦ ᠤᠯᠤᠰ᠎ᠤᠨ ᠲᠦᠷᠦᠯ ᠵᠦᠢ᠍ᠯ᠎ᠤᠨ ᠠᠯᠪᠠᠨ ᠭᠡᠷ᠎ᠤᠨ ᠯᠠᠪᠯᠠᠬᠤ ᠤᠲᠠᠰᠤ
    ᠪᠦᠬᠦ ᠤᠯᠤᠰ᠎ᠤᠨ ᠲᠦᠷᠦᠯ ᠵᠦᠢ᠍ᠯ᠎ᠤᠨ ᠠᠯᠪᠠᠨ ᠭᠡᠷ 010 — 85212269

    ᠡᠯ᠎ᠡ ᠮᠤᠵᠢ (ᠣᠷᠣᠨ᠂ ᠬᠤᠲᠠ) ᠵᠢᠨ ᠲᠥᠷᠦᠯ ᠵᠦᠢ᠍ᠯ᠎ᠤᠨ ᠠᠯᠪᠠᠨ ᠭᠡᠷ᠎ᠤᠨ ᠯᠠᠪᠯᠠᠬᠤ ᠤᠲᠠᠰᠤ
    ᠪᠡᠭᠡᠵᠢᠩ᠎ᠤᠨ ᠲᠦᠷᠦᠯ ᠵᠦᠢ᠍ᠯ᠎ᠤᠨ ᠠᠯᠪᠠᠨ ᠭᠡᠷ 010 — 53975857
    ᠲᠢᠶᠠᠨᠵᠢᠨ᠎ᠤ ᠲᠦᠷᠦᠯ ᠵᠦᠢ᠍ᠯ ᠠᠯᠪᠠᠨ ᠭᠡᠷ 022 — 28236859
    ᠾᠧᠪᠧᠢ ᠵᠢᠨ ᠲᠦᠷᠦᠯ ᠵᠦᠢ᠍ᠯ᠎ᠤᠨ ᠠᠯᠪᠠᠨ ᠭᠡᠷ 0311 — 87903813
    ᠱᠠᠨ ᠰᠢ ᠵᠢᠨ ᠲᠥᠷᠥᠯ ᠵᠦᠢ᠍ᠯ᠎ᠤᠨ ᠠᠯᠪᠠᠨ ᠭᠡᠷ 0351 — 12355
    ᠥᠪᠥᠷ ᠮᠣᠩᠭᠤᠯ᠎ᠤᠨ ᠲᠥᠷᠥᠯ ᠵᠦᠢ᠍ᠯ᠎ᠤᠨ ᠠᠯᠪᠠᠨ ᠭᠡᠷ 0471 — 4607245
    ᠯᠢᠶᠣᠣᠨᠢᠩ᠎ᠤᠨ ᠲᠥᠷᠥᠯ ᠵᠦᠢ᠍ᠯ᠎ᠤᠨ ᠠᠯᠪᠠᠨ ᠭᠡᠷ 024 — 22827064
    ᠬᠢᠷᠢᠨ᠎ᠤ ᠲᠥᠷᠥᠯ ᠵᠦᠢ᠍ᠯ᠎ᠤᠨ ᠠᠯᠪᠠᠨ ᠭᠡᠷ 0431 — 85876612
    ᠬᠠᠷᠠᠮᠥ᠋ᠷᠡᠨ᠎ᠤ ᠲᠥᠷᠥᠯ ᠵᠦᠢ᠍ᠯ᠎ᠤᠨ ᠠᠯᠪᠠᠨ ᠭᠡᠷ 0451 — 53620211
    ᠱᠠᠩᠬᠠᠢ ᠵᠢᠨ ᠲᠥᠷᠥᠯ ᠵᠦᠢ᠍ᠯ᠎ᠤᠨ ᠠᠯᠪᠠᠨ ᠭᠡᠷ 021 — 52980326
    ᠵᠢᠶᠠᠩᠰᠤ ᠵᠢᠨ ᠲᠥᠷᠥᠯ ᠵᠦᠢ᠍ᠯ᠎ᠤᠨ ᠠᠯᠪᠠᠨ ᠭᠡᠷ 025 — 86906329
    ᠵᠧᠵᠢᠶᠠᠩ᠎ᠤᠨ ᠲᠦᠷᠦᠯ ᠵᠦᠢ᠍ᠯ᠎ᠤᠨ ᠠᠯᠪᠠᠨ ᠭᠡᠷ 0571 — 85174175
    ᠠᠨᠾᠦ᠋ᠢ ᠵᠢᠨ ᠲᠦᠷᠦᠯ ᠵᠦᠢ᠍ᠯ᠎ᠤᠨ ᠠᠯᠪᠠᠨ ᠭᠡᠷ 0551 — 63609725
    ᠹᠦᠵᠢᠶᠠᠨ᠎ᠤ ᠵᠦᠢ᠍ᠯᠡᠰ᠎ᠤᠨ ᠠᠯᠪᠠᠨ ᠭᠡᠷ 0591 — 87719872
    ᠵᠢᠶᠠᠩᠰᠢ ᠵᠢᠨ ᠲᠥᠷᠥᠯ ᠵᠦᠢ᠍ᠯ᠎ᠤᠨ ᠠᠯᠪᠠᠨ ᠭᠡᠷ 0791 — 88910810
    ᠱᠠᠨᠳᠦ᠋ᠩ᠎ᠤᠨ ᠲᠥᠷᠥᠯ ᠵᠦᠢ᠍ᠯ᠎ᠤᠨ ᠠᠯᠪᠠᠨ ᠭᠡᠷ 0531 — 82073583
    ᠾᠧᠨᠠᠨ᠎ᠤ ᠲᠥᠷᠥᠯ ᠵᠦᠢ᠍ᠯ᠎ᠤᠨ ᠠᠯᠪᠠᠨ ᠭᠡᠷ 0371 — 65903352
    ᠬᠤᠪᠧᠢ ᠵᠢᠨ ᠲᠥᠷᠥᠯ ᠵᠦᠢ᠍ᠯ᠎ᠤᠨ ᠠᠯᠪᠠᠨ ᠭᠡᠷ 027 — 87233557
    ᠬᠤᠨᠠᠨ᠎ᠤ ᠲᠥᠷᠥᠯ ᠵᠦᠢ᠍ᠯ᠎ᠤᠨ ᠠᠯᠪᠠᠨ ᠭᠡᠷ 0731 — 88776720
    ᠭᠤᠸᠠᠩᠳᠦ᠋ᠩ᠎ᠤᠨ ᠲᠥᠷᠥᠯ ᠵᠦᠢ᠍ᠯ᠎ᠤᠨ ᠠᠯᠪᠠᠨ ᠭᠡᠷ 020 — 87786223
    ᠭᠤᠸᠠᠩᠰᠢ ᠵᠢᠨ ᠲᠥᠷᠥᠯ ᠵᠦᠢ᠍ᠯ᠎ᠤᠨ ᠠᠯᠪᠠᠨ ᠭᠡᠷ 0771 — 5719569
    ᠬᠠᠶ᠋ᠢᠨᠠᠨ᠎ᠤ ᠲᠥᠷᠥᠯ ᠵᠦᠢ᠍ᠯ᠎ᠤᠨ ᠠᠯᠪᠠᠨ ᠭᠡᠷ 0898 — 65399100
    ᠴᠦᠩᠴᠢᠩ᠎ᠤᠨ ᠲᠥᠷᠥᠯ ᠵᠦᠢ᠍ᠯ᠎ᠤᠨ ᠠᠯᠪᠠᠨ ᠭᠡᠷ 023 — 63861259
    ᠰᠧᠴᠤᠸᠠᠨ᠎ᠤ ᠲᠥᠷᠥᠯ ᠵᠦᠢ᠍ᠯ᠎ᠤᠨ ᠠᠯᠪᠠᠨ ᠭᠡᠷ 028 — 8675516
    ᠭᠦᠢ᠍ᠵᠧᠦ ᠵᠢᠨ ᠲᠦᠷᠦᠯ ᠵᠦᠢ᠍ᠯ᠎ᠤᠨ ᠠᠯᠪᠠᠨ ᠭᠡᠷ 0851 — 86571360
    ᠶᠦᠨᠨᠠᠨ᠎ᠤ ᠲᠥᠷᠥᠯ ᠵᠦᠢ᠍ᠯ᠎ᠤᠨ ᠠᠯᠪᠠᠨ ᠭᠡᠷ 0871 — 63995453
    ᠲᠥᠪᠡᠳ᠎ᠤᠨ ᠲᠥᠷᠥᠯ ᠵᠦᠢ᠍ᠯ ᠠᠯᠪᠠᠨ ᠭᠡᠷ 0891 — 6323988
    ᠱᠠᠨᠰᠢ ᠵᠢᠨ ᠲᠥᠷᠥᠯ ᠵᠦᠢ᠍ᠯ᠎ᠤᠨ ᠠᠯᠪᠠᠨ ᠭᠡᠷ 029 — 88401563
    ᠭᠠᠨᠰᠤ ᠵᠢᠨ ᠲᠦᠷᠦᠯ ᠵᠦᠢ᠍ᠯ᠎ᠤᠨ ᠠᠯᠪᠠᠨ ᠭᠡᠷ 0931 — 8122102
    ᠬᠥᠬᠡᠨᠠᠭᠤᠷ᠎ᠤᠨ ᠲᠥᠷᠥᠯ ᠵᠦᠢ᠍ᠯ᠎ᠤᠨ ᠠᠯᠪᠠᠨ ᠭᠡᠷ 0971 — 8220354
    ᠨᠢᠩᠰᠢᠶᠠ ᠵᠢᠨ ᠲᠦᠷᠦᠯ ᠵᠦᠢ᠍ᠯ᠎ᠤᠨ ᠠᠯᠪᠠᠨ ᠭᠡᠷ 0951 — 2090251
    ᠰᠢᠨᠵᠢᠶᠠᠩ᠎ᠤᠨ ᠲᠥᠷᠥᠯ ᠵᠦᠢ᠍ᠯ ᠠᠯᠪᠠᠨ ᠭᠡᠷ 0991 — 2817084
    ᠪᠢᠩᠲ᠋ᠤᠸᠠᠨ᠎ᠤ ᠲᠦᠷᠦᠯ ᠵᠦᠢ᠍ᠯ᠎ᠤᠨ ᠠᠯᠪᠠᠨ ᠭᠡᠷ 0991 — 2890582
    ᠶᠡᠭᠡ ᠳᠡᠭᠡᠳᠦ ᠰᠤᠷᠭ᠋ᠠᠭᠤᠯᠢ ᠵᠢᠨ ᠲᠦᠷᠦᠯ ᠵᠦᠢ᠍ᠯ᠎ᠤᠨ ᠠᠯᠪᠠᠨ ᠭᠡᠷ᠎ᠢ ᠡᠯ᠎ᠡ ᠶᠡᠭᠡ ᠳᠡᠭᠡᠳᠦ ᠰᠤᠷᠭ᠋ᠠᠭᠤᠯᠢ ᠵᠢᠨ ᠡᠪᠯᠡᠯ᠎ᠤᠨ ᠬᠤᠷᠢᠶᠠᠨ᠎ᠳᠤ ᠲᠣᠬᠢᠷᠠᠭᠤᠯᠪᠠ

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
《ᠰᠢ ᠵᠢᠨ ᠫᠢᠩ᠎ᠤᠨ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠲᠤᠬᠠᠢ ᠥᠭᠦᠯᠡᠯᠲᠡ ᠵᠢᠨ ᠲᠡᠭᠦᠪᠦᠷᠢ》 ᠵᠢ ᠬᠡᠪᠯᠡᠨ ᠲᠠᠷᠬᠠᠭ᠋ᠠᠪᠠ
ᠰᠢ ᠵᠢᠨ ᠫᠢᠩ ᠮᠣᠩᠭᠤᠯ ᠤᠯᠤᠰ᠎ᠤᠨ ᠶᠡᠷᠦᠩᠬᠡᠢ ᠰᠠᠶ᠋ᠢᠳ ᠣᠶᠤᠨ᠋ᠡᠷᠳᠡᠨᠢ᠎ᠲᠠᠢ ᠠᠭᠤᠯᠵᠠᠪᠠ
《ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠋ᠠᠨ᠎ᠤ ᠬᠤᠷᠢᠶᠠᠩᠭᠤᠢ》 ᠭᠡᠬᠦ ᠨᠣᠮ᠎ᠢ ᠬᠡᠪᠯᠡᠨ ᠲᠠᠷᠬᠠᠭ᠋ᠠᠪᠠ
ᠰᠢ ᠵᠢᠨ ᠫᠢᠩ ᠭᠠᠨᠰᠦ ᠵᠢᠨ ᠯᠢᠨᠰᠢᠶᠠ ᠵᠸᠦ ᠵᠢᠨ ᠵᠢᠢ ᠱ᠌ᠢ ᠱᠠᠨ ᠰᠢᠶᠠᠨ᠎ᠳᠤ 6.2 ᠳᠡᠰ᠎ᠤᠨ ᠭᠠᠵᠠᠷ ᠬᠦᠳᠡᠯᠦᠭᠰᠡᠨ ᠲᠤᠬᠠᠢ ᠴᠢᠬᠤᠯᠠ ᠵᠢᠭ᠋ᠠᠪᠤᠷᠢ ᠥᠭᠴᠦ ᠱᠠᠭ᠋ᠠᠷᠳᠠᠭᠰᠠᠨ᠎ᠨᠢ ᠡᠷᠢᠵᠦ ᠠᠪᠤᠷᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠥᠷᠨᠢᠭᠦᠯᠦᠨ ᠭᠠᠮᠰᠢᠭᠳᠠᠭᠰᠠᠨ ᠣᠯᠠᠨ ᠲᠦᠮᠡᠨ᠎ᠢ ᠳᠣᠬᠢᠲᠠᠢ ᠲᠦᠪᠬᠢᠨᠡᠭᠦᠯᠵᠦ ᠬᠠᠮᠤᠭ ᠴᠢᠳᠠᠯ ᠵᠶ᠋ᠠᠷ ᠵᠶ᠋ᠠᠨ ᠠᠷᠠᠳ ᠣᠯᠠᠨ᠎ᠤ ᠠᠮᠢ ᠨᠠᠰᠤ ᠪᠠ ᠡᠳ᠋ ᠬᠦᠷᠦᠩᠭᠡ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠯᠢ ᠴᠢᠶᠠᠩ ᠴᠣᠬᠤᠯᠠᠪᠤᠷᠢ ᠥᠭᠴᠡᠢ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠲᠦᠷᠦ ᠵᠢᠨ ᠶᠠᠪᠤᠳᠠᠯ᠎ᠤᠨ ᠬᠤᠷᠢᠶ᠎ᠠ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ ᠠᠷᠠᠳ᠎ᠤᠨ ᠳᠡᠭᠡᠳᠦ ᠰᠢᠭᠦᠬᠦ ᠬᠤᠷᠢᠶ᠎ᠠ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ ᠲᠥᠪ᠎ᠤᠨ ᠱᠦᠵᠢ ᠨᠠᠷ᠎ᠤᠨ ᠭᠠᠵᠠᠷ᠎ᠤᠨ ᠠᠵᠢᠯ᠎ᠤᠨ ᠮᠡᠳᠡᠭᠦᠯᠦᠯᠲᠡ ᠵᠢ ᠰᠣᠨᠣᠰᠪᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ
 
            