ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠭᠠᠨᠰᠦ ᠵᠢᠨ ᠯᠢᠨᠰᠢᠶᠠ ᠵᠸᠦ ᠵᠢᠨ ᠵᠢᠢ ᠱ᠌ᠢ ᠱᠠᠨ ᠰᠢᠶᠠᠨ᠎ᠳᠤ 6.2 ᠳᠡᠰ᠎ᠤᠨ ᠭᠠᠵᠠᠷ ᠬᠦᠳᠡᠯᠦᠭᠰᠡᠨ ᠲᠤᠬᠠᠢ ᠴᠢᠬᠤᠯᠠ ᠵᠢᠭ᠋ᠠᠪᠤᠷᠢ ᠥᠭᠴᠦ ᠱᠠᠭ᠋ᠠᠷᠳᠠᠭᠰᠠᠨ᠎ᠨᠢ ᠡᠷᠢᠵᠦ ᠠᠪᠤᠷᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠥᠷᠨᠢᠭᠦᠯᠦᠨ ᠭᠠᠮᠰᠢᠭᠳᠠᠭᠰᠠᠨ ᠣᠯᠠᠨ ᠲᠦᠮᠡᠨ᠎ᠢ ᠳᠣᠬᠢᠲᠠᠢ ᠲᠦᠪᠬᠢᠨᠡᠭᠦᠯᠵᠦ ᠬᠠᠮᠤᠭ ᠴᠢᠳᠠᠯ ᠵᠶ᠋ᠠᠷ ᠵᠶ᠋ᠠᠨ ᠠᠷᠠᠳ ᠣᠯᠠᠨ᠎ᠤ ᠠᠮᠢ ᠨᠠᠰᠤ ᠪᠠ ᠡᠳ᠋ ᠬᠦᠷᠦᠩᠭᠡ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠯᠢ ᠴᠢᠶᠠᠩ ᠴᠣᠬᠤᠯᠠᠪᠤᠷᠢ ᠥᠭᠴᠡᠢ
ᠨᠡᠶ᠋ᠢᠲᠡᠯᠡᠭᠰᠡᠨ ᠴᠠᠭ᠄ 2023-12-20

    ᠰᠢᠨᠬᠤᠸᠠ ᠬᠤᠷᠢᠶ᠎ᠠ ᠵᠢᠨ ᠪᠡᠭᠡᠵᠢᠩ᠎ᠤᠨ 12 ᠰᠠᠷ᠎ᠠ ᠵᠢᠨ 19᠎ᠤ ᠴᠠᠬᠢᠯᠭ᠋ᠠᠨ ᠮᠡᠳᠡᠭᠡ ᠪᠡᠭᠡᠵᠢᠩ᠎ᠤᠨ ᠴᠠᠭ᠎ᠤᠨ 12 ᠰᠠᠷ᠎ᠠ ᠵᠢᠨ 18᠎ᠤ ᠡᠳᠦᠷ᠎ᠤᠨ 23 ᠴᠠᠭ 59 ᠮᠢᠨᠦ᠋ᠲ᠎ᠲᠤ᠂ ᠭᠠᠨᠰᠤ ᠵᠢᠨ ᠯᠢᠨᠰᠢᠶᠠ ᠵᠸᠦ ᠵᠢᠨ ᠵᠢᠢ ᠱ᠌ᠢ ᠱᠠᠨ ᠰᠢᠶᠠᠨ᠎ᠳᠤ 6.2 ᠳᠡᠰ᠎ᠤᠨ ᠭᠠᠵᠠᠷ ᠬᠦᠳᠡᠯᠵᠦ᠂ ᠬᠦᠳᠡᠯᠦᠯᠲᠡ ᠵᠢᠨ ᠭᠤᠯᠤᠮᠲᠠ ᠵᠢᠨ ᠭᠦᠨ᠎ᠤ ᠬᠡᠮᠵᠢᠶ᠎ᠡ᠎ᠨᠢ 10   ᠺᠢᠯᠤᠮᠸᠲᠷ ᠪᠠᠶ᠋ᠢᠨ᠎ᠠ᠃ ᠣᠳᠣᠬᠠᠨ ᠪᠣᠯᠲᠠᠯ᠎ᠠ᠂ ᠭᠠᠵᠠᠷ ᠬᠦᠳᠡᠯᠦᠭᠰᠡᠨ᠎ᠠᠴᠠ ᠪᠣᠯᠵᠤ ᠭᠠᠨᠰᠤ᠎ᠳᠤ 100 ᠬᠦᠮᠦᠨ ᠠᠳᠡᠵᠦ᠂ ᠬᠥᠬᠡᠨᠠᠭᠤᠷ᠎ᠲᠤ 11 ᠬᠦᠮᠦᠨ ᠠᠳᠡᠵᠦ᠂ ᠤᠰᠤ᠂ ᠴᠠᠬᠢᠯᠭ᠋ᠠᠨ᠂ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ ᠵᠡᠷᠭᠡ ᠬᠡᠰᠡᠭ ᠰᠠᠭᠤᠷᠢ ᠲᠥᠬᠦᠭᠡᠷᠦᠮᠵᠢ ᠡᠪᠳᠡᠭᠳᠡᠭᠰᠡᠨ ᠪᠠᠶ᠋ᠢᠨ᠎ᠠ᠃
    ᠭᠠᠵᠠᠷ ᠬᠥᠳᠡᠯᠦᠭᠰᠡᠨ᠎ᠤ ᠳᠠᠷᠠᠭ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠴᠢᠬᠤᠯᠠ ᠵᠢᠭ᠋ᠠᠪᠤᠷᠢ ᠥᠭᠴᠦ᠂ ᠭᠠᠨᠰᠤ ᠮᠤᠵᠢ ᠵᠢᠨ ᠯᠢᠨᠰᠢᠶᠠ ᠵᠸᠦ ᠵᠢᠨ ᠵᠢᠢ ᠱ᠌ᠢ ᠱᠠᠨ ᠰᠢᠶᠠᠨ᠎ᠳᠤ 6.2 ᠳᠡᠰ᠎ᠤᠨ ᠭᠠᠵᠠᠷ ᠬᠦᠳᠡᠯᠵᠦ ᠣᠯᠠᠨ ᠬᠦᠮᠦᠨ ᠠᠳᠡᠵᠦ ᠰᠢᠷᠠᠭᠳᠤᠭᠰᠠᠨ ᠬᠦᠨᠳᠦ ᠶᠡᠭᠡ ᠠᠳᠡᠯ ᠭᠠᠷᠪᠠ᠂ ᠡᠷᠢᠵᠦ ᠠᠪᠤᠷᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠬᠢᠵᠦ᠂ ᠬᠦᠮᠦᠨ᠎ᠤ ᠦᠬᠦᠯ ᠰᠢᠷᠠᠭᠳᠤᠯ᠎ᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠢ᠃ ᠭᠠᠮᠰᠢᠭᠳᠠᠭᠰᠠᠨ ᠣᠷᠣᠨ ᠳᠠᠯᠠᠢ ᠵᠢᠨ ᠲᠦᠪᠰᠢᠨ᠎ᠠᠴᠠ ᠦᠨᠳᠦᠷ ᠡᠷᠭᠦᠭᠳᠡᠭᠰᠡᠨ ᠣᠷᠣᠨ ᠪᠦᠰᠡ᠎ᠳᠤ ᠪᠠᠶ᠋ᠢᠷᠢᠯᠠᠵᠤ᠂ ᠴᠠᠭ ᠠᠭᠤᠷ ᠬᠠᠬᠢᠷ ᠬᠦᠢ᠍ᠲᠡᠨ᠂ ᠭᠠᠵᠠᠷ ᠬᠦᠳᠡᠯᠦᠭᠰᠡᠨ ᠪᠠᠶ᠋ᠢᠳᠠᠯ ᠪᠣᠯᠣᠨ ᠴᠠᠭ ᠠᠭᠤᠷ᠎ᠤᠨ ᠬᠤᠪᠢᠷᠠᠯᠲᠠ ᠵᠢ ᠨᠢᠭᠲᠠ ᠬᠢᠨᠡᠨ ᠬᠡᠮᠵᠢᠵᠦ᠂ ᠳᠠᠭ᠋ᠠᠯᠳᠤᠵᠤ ᠡᠭᠦᠰᠴᠦ ᠮᠡᠳᠡᠬᠦ ᠭᠠᠮᠰᠢᠭ᠎ᠢ ᠰᠡᠷᠭᠡᠶ᠋ᠢᠯᠡᠬᠦ ᠬᠡᠷᠡᠭᠲᠡᠢ᠃ ᠠᠶᠤᠯ᠎ᠠᠴᠠ ᠠᠪᠤᠷᠠᠨ ᠲᠤᠰᠠᠯᠠᠬᠤ ᠡᠳ᠋ ᠪᠤᠳᠠᠰ᠎ᠢ ᠲᠠᠷᠤᠢ ᠲᠦᠷᠭᠡᠨ ᠵᠣᠬᠢᠶᠠᠨ ᠪᠠᠶ᠋ᠢᠭᠤᠯᠵᠤ ᠰᠢᠯᠵᠢᠭᠦᠯᠦᠨ ᠥᠭᠴᠦ᠂ ᠡᠪᠳᠡᠭᠳᠡᠭᠰᠡᠨ ᠴᠠᠬᠢᠯᠭ᠋ᠠᠨ ᠬᠦᠴᠦ᠂ ᠴᠢᠮᠡᠭᠡ ᠬᠤᠯᠪᠤᠭ᠎ᠠ᠂ ᠵᠠᠮ ᠬᠠᠷᠢᠯᠴᠠᠭ᠎ᠠ᠂ ᠳᠤᠯᠠᠭ᠋ᠠᠯᠠᠭ᠎ᠠ ᠬᠠᠩᠭ᠋ᠠᠬᠤ ᠵᠡᠷᠭᠡ ᠰᠠᠭᠤᠷᠢ ᠳᠦᠬᠦᠭᠡᠷᠦᠮᠵᠢ ᠵᠢ ᠱᠠᠯᠠᠪᠳᠠᠭᠤᠯᠤᠨ ᠵᠠᠰᠠᠵᠤ᠂ ᠭᠠᠮᠰᠢᠭᠳᠠᠭᠰᠠᠨ ᠣᠯᠠᠨ ᠲᠦᠮᠡᠨ᠎ᠢ ᠳᠣᠬᠢᠲᠠᠢ ᠲᠥᠪᠬᠢᠨᠡᠭᠦᠯᠵᠦ᠂ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ ᠵᠢᠨ ᠬᠠᠮᠲᠤ   ᠠᠳᠡᠭᠰᠡᠳ᠎ᠤᠨ   ᠭᠡᠷ   ᠪᠦᠯᠢ ᠵᠢᠨ ᠎ᠬᠢᠨ᠎ᠢ   ᠳᠣᠬᠤᠨᠢᠭᠤᠯᠬᠤ   ᠵᠡᠷᠭᠡ   ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠠᠵᠢᠯᠯᠠᠬᠤ ᠳᠤᠭᠤᠶ᠋ᠢᠯᠠᠩ ᠲᠣᠮᠢᠯᠠᠨ ᠭᠠᠮᠰᠢᠭᠳᠠᠭᠰᠠᠨ ᠣᠷᠣᠨ᠎ᠳᠤ ᠣᠴᠢᠭᠤᠯᠵᠤ ᠭᠠᠵᠠᠷ ᠬᠦᠳᠡᠯᠦᠯᠲᠡ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠠᠵᠢᠯ᠎ᠢ ᠵᠢᠯᠤᠭᠤᠳᠴᠤ᠂ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ᠎ᠬᠢᠨ ᠣᠷᠣᠨ ᠨᠤᠲᠤᠭ᠎ᠲᠠᠢ ᠢᠳᠡᠪᠬᠢᠲᠡᠢ ᠬᠠᠮᠵᠢᠯᠴᠠᠨ ᠠᠶᠤᠯ ᠭᠠᠮᠰᠢᠭ᠎ᠠᠴᠠ ᠠᠪᠤᠷᠠᠬᠤ ᠠᠵᠢᠯ᠎ᠢ ᠥᠷᠨᠢᠭᠦᠯᠵᠦ᠂ ᠬᠠᠮᠤᠭ ᠴᠢᠳᠠᠯ ᠵᠶ᠋ᠠᠷ ᠵᠶ᠋ᠠᠨ ᠠᠷᠠᠳ ᠣᠯᠠᠨ᠎ᠤ ᠠᠮᠢ ᠨᠠᠰᠤ ᠪᠠ ᠡᠳ᠋ ᠬᠦᠷᠦᠩᠭᠡ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
    ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠶ᠋ᠢᠳ ᠯᠢ ᠴᠢᠶᠠᠩ ᠴᠣᠬᠤᠯᠠᠪᠤᠷᠢ ᠥᠭᠴᠦ᠂ ᠠᠶᠤᠯ᠎ᠠᠴᠠ ᠠᠪᠤᠷᠠᠵᠤ ᠠᠪᠤᠷᠠᠨ ᠲᠤᠰᠠᠯᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠵᠣᠬᠢᠶᠠᠨ ᠪᠠᠶ᠋ᠢᠭᠤᠯᠵᠤ᠂ ᠳᠠᠷᠤᠭᠳᠠᠭᠰᠠᠨ ᠬᠦᠮᠦᠰ᠎ᠢ ᠡᠷᠢᠵᠦ ᠠᠪᠤᠷᠠᠬᠤ ᠵᠢᠨ ᠬᠠᠮᠲᠤ ᠰᠢᠷᠠᠭᠳᠤᠭᠰᠠᠳ᠎ᠢ ᠠᠪᠤᠷᠠᠨ ᠵᠠᠰᠠᠵᠤ᠂ ᠬᠠᠮᠤᠭ ᠴᠢᠳᠠᠯ ᠵᠶ᠋ᠠᠷ ᠵᠶ᠋ᠠᠨ ᠦᠬᠦᠯ ᠰᠢᠷᠠᠭᠳᠤᠯ᠎ᠢ ᠪᠠᠭ᠋ᠠᠰᠬᠠᠬᠤ ᠬᠡᠷᠡᠭᠲᠡᠢ᠃ ᠥᠨᠥ ᠶᠠᠭ ᠡᠪᠦᠯ᠎ᠤᠨ ᠤᠯᠠᠷᠢᠯ ᠪᠣᠯᠬᠤᠷ ᠭᠠᠮᠰᠢᠭ᠎ᠤᠨ ᠪᠠᠶ᠋ᠢᠳᠠᠯ᠎ᠢ ᠱᠠᠯᠠᠪᠳᠠᠨ ᠬᠢᠨᠠᠨ ᠬᠠᠷᠭᠤᠭᠤᠯᠵᠤ᠂ ᠡᠪᠳᠡᠭᠳᠡᠭᠰᠡᠨ ᠰᠠᠭᠤᠷᠢ ᠲᠦᠭᠦᠭᠡᠷᠦᠮᠵᠢ ᠵᠢ ᠠᠯᠢ ᠲᠦᠷᠭᠡᠨ ᠵᠶ᠋ᠠᠷ ᠱᠠᠯᠠᠪᠳᠠᠭᠤᠯᠤᠨ ᠵᠠᠰᠠᠵᠤ᠂ ᠭᠠᠮᠰᠢᠭᠳᠠᠭᠰᠠᠨ ᠣᠯᠠᠨ ᠲᠦᠮᠡᠨ᠎ᠢ ᠰᠢᠯᠵᠢᠭᠦᠯᠦᠨ ᠲᠥᠪᠬᠢᠨᠡᠭᠦᠯᠬᠦ ᠠᠵᠢᠯ᠎ᠢ ᠳᠣᠬᠢᠲᠠᠢ ᠰᠠᠶ᠋ᠢᠲᠤᠷ ᠬᠢᠵᠦ᠂ ᠮᠡᠳᠡᠭᠡ ᠵᠠᠩᠭᠢ ᠵᠢ ᠴᠠᠭ ᠲᠤᠬᠠᠢ᠎ᠳᠤᠨᠢ ᠨᠡᠶ᠋ᠢᠲᠡᠯᠡᠵᠦ᠂ ᠭᠠᠮᠰᠢᠭᠳᠠᠭᠰᠠᠨ ᠣᠷᠣᠨ᠎ᠤ ᠨᠡᠶ᠋ᠢᠭᠡᠮ᠎ᠤᠨ ᠳᠣᠭᠲᠠᠭᠤᠨ᠎ᠢ ᠬᠠᠮᠠᠭ᠋ᠠᠯᠠᠬᠤ ᠬᠡᠷᠡᠭᠲᠡᠢ᠃ ᠭᠠᠵᠠᠷ ᠬᠦᠳᠡᠯᠦᠯᠲᠡ ᠵᠢᠨ ᠪᠠᠶ᠋ᠢᠳᠠᠯ᠎ᠢ ᠬᠢᠨᠡᠨ ᠬᠡᠮᠵᠢᠬᠦ᠎ᠪᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠳᠠᠭ᠋ᠠᠯᠳᠤᠵᠤ ᠡᠭᠦᠰᠴᠦ ᠮᠡᠳᠡᠬᠦ ᠭᠠᠮᠰᠢᠭ᠎ᠢ ᠰᠡᠷᠭᠡᠶ᠋ᠢᠯᠡᠵᠦ᠂ ᠣᠯᠠᠨ ᠲᠦᠮᠡᠨ᠎ᠤ ᠠᠮᠢ ᠨᠠᠰᠤ ᠪᠠ ᠡᠳ᠋ ᠬᠦᠷᠦᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
    ᠰᠢ ᠵᠢᠨ ᠫᠢᠩ᠎ᠤᠨ ᠵᠢᠭ᠋ᠠᠪᠤᠷᠢ ᠪᠠ ᠯᠢ ᠴᠢᠶᠠᠩ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠲᠥᠷᠥ ᠵᠢᠨ ᠶᠠᠪᠤᠳᠠᠯ᠎ᠤᠨ ᠬᠤᠷᠢᠶ᠎ᠠ ᠨᠢᠭᠡᠨᠲᠡ ᠠᠵᠢᠯᠯᠠᠬᠤ ᠳᠤᠭᠤᠶ᠋ᠢᠯᠠᠩ ᠲᠣᠮᠢᠯᠠᠨ ᠭᠠᠮᠰᠢᠭᠳᠠᠭᠰᠠᠨ ᠣᠷᠣᠨ᠎ᠳᠤ ᠣᠴᠢᠭᠤᠯᠵᠤ ᠠᠪᠤᠷᠠᠨ ᠲᠤᠰᠠᠯᠠᠵᠤ ᠰᠢᠢ᠍ᠳᠪᠦᠷᠢᠯᠡᠬᠦ ᠵᠡᠷᠭᠡ ᠠᠵᠢᠯ᠎ᠢ ᠵᠢᠯᠤᠭᠤᠳᠴᠤ ᠪᠠᠶ᠋ᠢᠨ᠎ᠠ᠃ ᠭᠠᠨᠰᠤ᠂ ᠬᠥᠬᠡᠨᠠᠭᠤᠷ ᠨᠢᠭᠡᠨᠲᠠ ᠬᠦᠴᠦᠨ ᠵᠶ᠋ᠠᠨ ᠵᠣᠬᠢᠶᠠᠨ ᠪᠠᠶ᠋ᠢᠭᠤᠯᠵᠤ ᠠᠶᠤᠯ᠎ᠠᠴᠠ ᠠᠪᠤᠷᠠᠨ ᠲᠤᠰᠠᠯᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ ᠪᠠᠶ᠋ᠢᠨ᠎ᠠ᠃ ᠣᠳᠣᠬᠠᠨ᠎ᠳᠤ ᠭᠠᠵᠠᠷ ᠬᠦᠳᠡᠯᠦᠯᠲᠡ᠎ᠲᠠᠢ ᠲᠡᠮᠡᠴᠡᠵᠤ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ ᠶᠠᠭ ᠪᠠᠴᠢᠮ ᠶᠠᠭ᠋ᠠᠷᠠᠯᠲᠠᠢ ᠡᠮᠬᠢ ᠲᠢᠭᠯᠢᠮ᠎ᠲᠠᠢ ᠶᠠᠪᠤᠭᠳᠠᠵᠤ ᠪᠠᠶ᠋ᠢᠨ᠎ᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠲᠦᠷᠦ ᠵᠢᠨ ᠶᠠᠪᠤᠳᠠᠯ᠎ᠤᠨ ᠬᠤᠷᠢᠶ᠎ᠠ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ ᠠᠷᠠᠳ᠎ᠤᠨ ᠳᠡᠭᠡᠳᠦ ᠰᠢᠭᠦᠬᠦ ᠬᠤᠷᠢᠶ᠎ᠠ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ ᠲᠥᠪ᠎ᠤᠨ ᠱᠦᠵᠢ ᠨᠠᠷ᠎ᠤᠨ ᠭᠠᠵᠠᠷ᠎ᠤᠨ ᠠᠵᠢᠯ᠎ᠤᠨ ᠮᠡᠳᠡᠭᠦᠯᠦᠯᠲᠡ ᠵᠢ ᠰᠣᠨᠣᠰᠪᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ
ᠰᠢ ᠵᠢᠨ ᠫᠢᠩ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢ ᠭᠦᠨᠵᠡᠭᠡᠢ ᠠᠬᠢᠭᠤᠯᠵᠤ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠤᠳᠠᠭ᠋ᠠᠨ ᠳᠠᠭ᠋ᠠᠭ᠋ᠠᠮᠠᠭ᠋ᠠᠢ ᠳᠠᠶ᠋ᠢᠯᠠᠯᠳᠤᠭ᠋ᠠᠨ᠎ᠤ ᠢᠯᠠᠯᠲᠠ ᠵᠢ ᠵᠠᠪᠠᠯ ᠲᠡᠮᠡᠴᠡᠨ ᠣᠯᠬᠤ ᠬᠡᠷᠡᠭᠲᠡᠢ
ᠰᠢ ᠵᠢᠨ ᠫᠢᠩ ᠮᠤᠵᠢ ᠶᠠᠮᠤᠨ᠎ᠤ ᠳᠡᠰ᠎ᠤᠨ ᠭᠤᠣᠯ ᠤᠳᠤᠷᠢᠳᠬᠤ ᠺᠠᠳ᠋ᠷᠴᠤᠳ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ ᠮᠠᠨ᠎ᠤ ᠤᠯᠤᠰ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ
ᠲᠦᠷᠦ ᠵᠢᠨ ᠶᠠᠪᠤᠳᠠᠯ᠎ᠤᠨ ᠬᠣᠷᠢᠶ᠎ᠠ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠴᠢᠨᠠᠭᠰᠢᠳᠠ ᠤᠯᠠᠮ ᠰᠢᠯᠢᠳᠡᠭᠵᠢᠭᠦᠯᠵᠦ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠮᠵᠢ ᠵᠢ ᠳᠡᠭᠡᠭᠰᠢᠯᠡᠭᠦᠯᠦᠨ 〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ〉 ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠦ ᠲᠠᠯ᠎ᠠ᠎ᠪᠠᠷ ᠠᠬᠢᠭᠤᠯᠬᠤ ᠬᠠᠮᠢᠶ᠎ᠠ ᠪᠥᠬᠦᠶ ᠠᠷᠭ᠎ᠠ ᠬᠡᠮᠵᠢᠶ᠎ᠡ ᠵᠡᠷᠭᠡ ᠵᠢ ᠰᠤᠳᠤᠯᠪᠠ
 
            