ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠤᠯᠤᠰ᠎ᠤᠨ ᠲᠡᠷᠢᠭᠦᠯᠡᠭᠴᠢ ᠰᠢ ᠵᠢᠨ ᠫᠢᠩ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2024-01-02

    (ᠰᠢᠨᠬᠤᠸᠠ ᠬᠤᠷᠢᠶ᠎ᠠ ᠵᠢᠨ ᠪᠡᠭᠡᠵᠢᠩ᠎ᠤᠨ 12 ᠰᠠᠷ᠎ᠠ ᠵᠢᠨ 31᠎ᠤ ᠴᠠᠭᠢᠯᠭ᠋ᠠᠨ ᠮᠡᠳᠡᠭᠡ) ᠰᠢᠨ᠎ᠡ ᠣᠨ᠎ᠤ ᠪᠣᠱ᠌ᠣᠭ᠋ᠠᠨ ᠳᠡᠭᠡᠷ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠠ ᠪᠠ ᠢᠨᠲ᠋ᠧᠷ ᠰᠦᠯᠵᠢᠶ᠎ᠡ᠎ᠪᠠᠷ ᠳᠠᠮᠵᠢᠭᠤᠯᠤᠨ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠨᠡᠶ᠋ᠢᠲᠡᠯᠡᠪᠡ᠃ ᠪᠦᠭᠦ ᠠᠭᠤᠯᠭ᠎ᠠ᠎ᠨᠢ ᠳᠣᠣᠷᠠᠬᠢ ᠮᠡᠲᠦ᠄
    ᠲᠠ ᠪᠦᠭᠦᠨ ᠰᠠᠶ᠋ᠢᠨ ᠪᠠᠶ᠋ᠢᠨ᠎ᠠ ᠦᠦ! ᠡᠪᠦᠯ᠎ᠤᠨ ᠲᠤᠶ᠋ᠢᠯ ᠪᠣᠯᠬᠤᠶ᠎ᠠ ᠠᠷᠭ᠎ᠠ ᠬᠡᠢ ᠢᠯᠡᠷᠡᠵᠦ᠂ ᠣᠨ ᠵᠢᠯ ᠰᠢᠨᠡᠳᠬᠦ ᠪᠣᠯᠣᠯ᠎ᠠ᠃ ᠡᠨᠡ ᠬᠦ᠌ ᠬᠠᠭᠤᠴᠢᠨ ᠣᠨ ᠵᠶ᠋ᠠᠨ ᠦᠳᠡᠵᠦ ᠰᠢᠨ᠎ᠡ ᠣᠨ ᠵᠶ᠋ᠠᠨ ᠤᠭᠲᠤᠵᠤ ᠪᠠᠶ᠋ᠢᠭ᠎ᠠ ᠰᠠᠶ᠋ᠢᠨ ᠰᠠᠶ᠋ᠢᠬᠠᠨ ᠴᠠᠭ ᠮᠥᠴᠡ᠎ᠳᠤ᠂ ᠪᠢ ᠪᠡᠭᠡᠵᠢᠩ᠎ᠠᠴᠠ ᠲᠠ ᠪᠦᠭᠦᠨ᠎ᠳᠤ ᠰᠢᠨ᠎ᠡ ᠣᠨ᠎ᠤ ᠬᠦᠰᠡᠯ ᠵᠥᠩᠨᠡᠯ ᠳᠡᠪᠰᠢᠭᠦᠯᠵᠦ ᠪᠠᠶ᠋ᠢᠨ᠎ᠠ!
    2023 ᠣᠨ᠎ᠳᠤ᠂ ᠪᠢᠳᠡ ᠦᠷᠭᠦᠯᠵᠢᠯᠡᠨ ᠲᠡᠮᠡᠴᠡᠵᠦ᠂ ᠡᠷᠡᠮᠡᠬᠡᠶ᠋ᠢᠯᠡᠨ ᠤᠷᠤᠭᠰᠢᠯᠠᠵᠤ᠂ ᠰᠠᠯᠬᠢ ᠪᠣᠷᠣᠭ᠋ᠠᠨ᠎ᠤ ᠳᠠᠪᠲᠠᠯᠲᠠ ᠵᠢ ᠥᠩᠭᠡᠷᠡᠭᠡᠵᠦ᠂ ᠦᠵᠡᠰᠬᠦᠯᠡᠩᠲᠦ ᠰᠠᠶ᠋ᠢᠬᠠᠨ ᠦᠵᠡᠮᠵᠢ ᠵᠢ ᠣᠯᠵᠤ ᠬᠠᠷᠠᠵᠤ᠂ ᠯᠤᠲᠤ ᠶᠡᠭᠡ ᠣᠯᠣᠯᠲᠠ᠎ᠲᠠᠢ ᠪᠣᠯᠵᠠᠢ᠃ ᠤᠯᠠᠨ ᠵᠶ᠋ᠠᠷ ᠵᠶ᠋ᠠᠨ ᠨᠢᠭᠡ ᠵᠢᠯ᠎ᠢ ᠭᠢᠯᠪᠠᠷ ᠪᠤᠰᠤ᠎ᠪᠠᠷ ᠥᠩᠭᠡᠷᠡᠭᠦᠯᠦᠭᠰᠡᠨ ᠪᠥᠭᠡᠳ ᠢᠷᠡᠭᠡᠳᠦᠢ᠎ᠳᠡᠭᠡᠨ ᠢᠲᠡᠭᠡᠯ ᠲᠡᠭᠦᠯᠳᠡᠷ ᠪᠣᠯᠵᠠᠢ᠃


    ᠰᠢᠨ᠎ᠡ ᠣᠨ᠎ᠤ ᠪᠣᠱ᠌ᠣᠭ᠋ᠠᠨ ᠳᠡᠭᠡᠷ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠠ ᠪᠠ ᠢᠨᠲ᠋ᠧᠷ ᠰᠦᠯᠵᠢᠶ᠎ᠡ᠎ᠪᠠᠷ ᠳᠠᠮᠵᠢᠭᠤᠯᠤᠨ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠨᠡᠶ᠋ᠢᠲᠡᠯᠡᠪᠡ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠵᠢᠦᠢ ᠫᠧᠩ ᠰᠡᠭᠦᠳᠡᠷᠯᠡᠪᠡ


    ᠡᠨᠡ ᠨᠢᠭᠡ ᠵᠢᠯ ᠪᠢᠳᠡᠨ᠎ᠤ ᠠᠯᠬᠤᠭ᠎ᠠ ᠯᠠᠪᠳᠠᠭᠤᠨ ᠪᠠᠲᠤᠲᠠᠢ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠲᠣᠭᠲᠠᠭᠤᠨ ᠵᠶ᠋ᠠᠷ ᠰᠢᠯᠵᠢᠵᠦ᠂ ᠮᠠᠨ᠎ᠤ ᠤᠯᠤᠰ᠎ᠤᠨ ᠠᠵᠤ ᠠᠬᠤᠢ ᠦᠷᠭᠦᠯᠵᠢᠯᠡᠨ ᠰᠠᠶ᠋ᠢᠵᠢᠷᠠᠵᠤ᠂ ᠴᠢᠨᠠᠷ ᠰᠠᠶ᠋ᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ᠃ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ ᠨᠡᠩ ᠪᠦᠷᠢᠨᠰᠢᠵᠦ᠂ ᠨᠢᠭᠡ ᠪᠦᠯᠦᠭ ᠳᠡᠭᠡᠳᠦ ᠳᠡᠰᠵᠢᠭᠰᠡᠨ᠂ ᠣᠶᠤᠨᠴᠢᠯᠠᠭᠰᠠᠨ᠂ ᠪᠣᠬᠢᠷᠳᠤᠯ ᠦᠭᠡᠢ ᠰᠢᠨ᠎ᠡ ᠭᠡᠯᠪᠡᠷᠢ ᠵᠢᠨ ᠲᠤᠯᠭ᠋ᠠᠭᠤᠷᠢ ᠠᠵᠤ ᠦᠢ᠍ᠯᠡᠰ ᠲᠦᠷᠭᠡᠨ ᠬᠥᠭᠵᠢᠪᠡ᠃ ᠠᠮᠤ ᠪᠤᠳᠠᠭ᠋ᠠᠨ᠎ᠤ ᠦᠢ᠍ᠯᠡᠳᠪᠦᠷᠢᠯᠡᠯ 《ᠬᠤᠷᠢᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠵᠤ》᠂ ᠬᠥᠬᠡᠮᠳᠦᠭ ᠨᠣᠭᠤᠭ᠋ᠠᠨ ᠠᠭᠤᠯᠠ ᠤᠰᠤᠨ᠎ᠤ ᠴᠢᠨᠠᠷ ᠨᠠᠩ ᠭᠦᠢ᠍ᠴᠡᠳ ᠪᠣᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠳᠦᠷᠰᠦ ᠪᠠᠶ᠋ᠢᠳᠠᠯ ᠢᠯᠡᠷᠡᠪᠡ᠃ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠵᠢ ᠪᠢᠴᠢᠭᠯᠡᠵᠦ᠂ ᠰᠢᠶᠦ᠋ᠩ ᠠᠨ ᠰᠢᠨ᠎ᠡ ᠲᠣᠭᠤᠷᠢᠭ ᠬᠥᠭᠵᠢᠨ ᠪᠣᠶ᠋ᠢᠵᠢᠵᠤ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠠᠮᠢᠵᠢᠷᠠᠯ᠎ᠤᠨ ᠬᠦᠴᠦᠨ ᠵᠶ᠋ᠠᠷ ᠪᠢᠯᠬᠠᠵᠤ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠭᠡ ᠪᠤᠯᠤᠩ᠎ᠤᠨ ᠣᠷᠣᠨ ᠤᠷᠤᠰᠬᠠᠯ᠎ᠤᠨ ᠡᠮᠦᠨ᠎ᠡ ᠡᠷᠡᠯᠬᠡᠭᠯᠡᠨ ᠵᠣᠭᠰᠣᠪᠠ᠃ ᠳᠤᠮᠳᠠᠳᠤ ᠤᠯᠤᠰ᠎ᠤᠨ ᠠᠵᠤ ᠠᠬᠤᠢ ᠰᠠᠯᠬᠢ ᠳᠠᠪᠠᠯᠭ᠋ᠠᠨ᠎ᠤ ᠳᠤᠮᠳᠠ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠵᠤ᠂ ᠶᠠᠰᠤ ᠰᠢᠷᠪᠦᠰᠦ᠎ᠪᠠᠨ ᠴᠢᠩᠭ᠋ᠠᠷᠠᠭᠤᠯᠪᠠ᠃
    ᠡᠨᠡ ᠨᠢᠭᠡ ᠵᠢᠯ ᠪᠢᠳᠡᠨ᠎ᠤ ᠠᠯᠬᠤᠭ᠎ᠠ ᠡᠷᠴᠢᠮ ᠬᠦᠴᠦᠲᠡᠢ᠃ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠯ ᠴᠢᠷᠮᠠᠶ᠋ᠢᠯᠭ᠎ᠠ ᠭᠠᠷᠭ᠋ᠠᠬᠤ᠎ᠪᠠᠷ ᠳᠠᠮᠵᠢᠨ᠂ ᠳᠤᠮᠳᠠᠳᠤ ᠤᠯᠤᠰ᠎ᠤᠨ ᠰᠢᠨ᠎ᠡ ᠵᠢ ᠡᠭᠦᠳᠬᠦ ᠬᠥᠳᠡᠯᠭᠡᠬᠦ ᠬᠦᠴᠦᠨ᠂ ᠬᠥᠭᠵᠢᠯᠲᠡ ᠵᠢᠨ ᠠᠮᠢᠵᠢᠷᠠᠯ᠎ᠤᠨ ᠬᠦᠴᠦᠨ ᠣᠷᠭᠢᠯᠤᠨ ᠪᠠᠳᠠᠷᠠᠪᠠ᠃ C919 ᠲᠣᠮᠣ ᠨᠢᠰᠬᠡᠯ ᠬᠤᠳᠠᠯᠳᠤᠭ᠋ᠠᠨ᠎ᠤ ᠨᠢᠰᠦᠯᠲᠡ ᠵᠢ ᠪᠡᠶᠡᠯᠡᠭᠦᠯᠵᠦ᠂ ᠤᠯᠤᠰ᠎ᠲᠠᠭᠠᠨ ᠦᠢ᠍ᠯᠡᠳᠪᠦᠷᠢᠯᠡᠭᠰᠡᠨ ᠲᠣᠮᠣ ᠭᠡᠯᠪᠡᠷᠢ ᠵᠢᠨ ᠰᠢᠤᠳᠠᠨ᠎ᠤ ᠬᠥᠯᠭᠡ ᠣᠩᠭᠤᠴᠠ ᠲᠤᠷᠰᠢᠨ ᠠᠶᠠᠯᠠᠬᠤ ᠵᠢ ᠪᠡᠶᠡᠯᠡᠭᠦᠯᠵᠦ᠂ ᠬᠤᠪᠢᠯᠭ᠋ᠠᠨ ᠣᠩᠭᠤᠴᠠ ᠰᠠᠨᠰᠠᠷ᠎ᠲᠤ ᠪᠤᠤᠬᠢᠶ᠎ᠠ ᠳᠠᠮᠵᠢᠭᠤᠯᠵᠤ᠂ 《ᠲᠡᠮᠡᠴᠡᠭᠴᠢ》 ᠨᠡᠷᠡᠮᠵᠢᠲᠦ ᠲᠤᠶ᠋ᠢᠯ᠎ᠤᠨ ᠭᠦᠨ ᠱᠤᠮᠪᠠᠯᠲᠠ ᠬᠢᠪᠡ᠃ ᠤᠯᠤᠰ᠎ᠤᠨ ᠪᠠᠷᠠᠭ᠎ᠠ ᠤᠷᠤᠰᠬᠠᠯ ᠲᠡᠮᠳᠡᠭᠲᠦ ᠪᠣᠯᠵᠤ ᠥᠷᠭᠡᠨ ᠵᠶ᠋ᠠᠷ ᠬᠦᠷᠢᠶᠡᠯᠡᠭᠳᠡᠵᠦ᠂ ᠤᠯᠤᠰ᠎ᠲᠠᠭᠠᠨ ᠦᠢ᠍ᠯᠡᠳᠪᠦᠷᠢᠯᠡᠭᠰᠡᠨ ᠰᠢᠨ᠎ᠡ ᠭᠠᠷ ᠤᠲᠠᠰᠤ ᠣᠯᠳᠠᠬᠤᠶ᠎ᠠ ᠪᠡᠷᠬᠡ ᠪᠣᠯᠵᠤ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ᠎ᠤᠨ ᠦᠢ᠍ᠯᠡᠳᠬᠦᠨ᠎ᠨᠢ ᠳᠤᠮᠳᠠᠳᠤ ᠤᠯᠤᠰ᠎ᠤᠨ ᠦᠢ᠍ᠯᠡᠳᠬᠡᠯ᠎ᠳᠤ ᠰᠢᠨ᠎ᠡ ᠭᠡᠷᠡᠯ ᠭᠢᠯᠪᠠᠭ᠎ᠠ ᠨᠡᠮᠡᠷᠢᠯᠡᠪᠡ᠃ ᠳᠤᠮᠳᠠᠳᠤ ᠤᠯᠤᠰ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠬᠤ ᠵᠣᠷᠢᠭ ᠰᠠᠨᠠᠭ᠎ᠠ᠎ᠪᠠᠷ ᠬᠦᠴᠦᠯᠡᠨ ᠮᠠᠴᠤᠵᠤ᠂ ᠭᠠᠵᠠᠷ ᠪᠣᠯᠭ᠋ᠠᠨ᠎ᠳᠤ ᠴᠥᠮ ᠡᠳᠦᠷ᠎ᠠᠴᠠ ᠡᠳᠦᠷ ᠰᠢᠨᠡᠳᠦᠨ ᠬᠤᠪᠢᠷᠠᠵᠤ ᠪᠠᠶ᠋ᠢᠭ᠎ᠠ ᠡᠭᠦᠳᠦᠯᠲᠡ ᠪᠤᠢ ᠪᠣᠯᠪᠠ᠃
    ᠡᠨᠡ ᠨᠢᠭᠡ ᠵᠢᠯ ᠪᠢᠳᠡᠨ᠎ᠤ ᠠᠯᠬᠤᠭ᠎ᠠ ᠴᠤᠬ ᠵᠢᠪᠬᠤᠭ᠎ᠠ᠎ᠲᠠᠢ᠃ ᠴᠧᠩᠳᠦ᠋ ᠵᠢᠨ ᠣᠶᠤᠲᠠᠳ᠎ᠤᠨ ᠲᠠᠮᠢᠷ᠎ᠤᠨ ᠴᠤᠭᠯᠠᠭ᠋ᠠᠨ᠂ ᠬᠠᠩᠵᠧᠦ ᠵᠢᠨ ᠠᠽᠢᠶ᠎ᠠ ᠲᠢᠪ᠎ᠤᠨ ᠲᠠᠮᠢᠷ᠎ᠤᠨ ᠴᠤᠭᠯᠠᠭ᠋ᠠᠨ ᠭᠤᠶ᠋ᠢᠳᠠ ᠰᠠᠶ᠋ᠢᠬᠠᠨ ᠶᠠᠪᠤᠭᠳᠠᠵᠤ᠂ ᠲᠠᠮᠢᠷᠴᠢᠳ ᠵᠣᠷᠢᠭᠲᠠᠢ᠎ᠪᠠᠷ ᠰᠢᠯᠢᠳᠡᠭ ᠪᠦᠲᠦᠮᠵᠢ ᠵᠢ ᠡᠭᠦᠳᠪᠡ᠃ ᠠᠮᠠᠷᠠᠯᠲᠠ ᠵᠢᠨ ᠡᠳᠦᠷ᠎ᠤᠨ ᠵᠢᠭᠤᠯᠴᠢᠯᠠᠬᠰᠠᠳ ᠣᠯᠠᠰᠢᠷᠠᠵᠤ᠂ ᠺᠢᠨᠣ᠋ ᠵᠢᠨ   ᠵᠠᠬ᠎ᠠ   ᠳᠡᠯᠭᠡᠭᠦᠷ   ᠬᠥᠭᠵᠢᠶᠡᠨ᠎ᠲᠠᠢ ᠪᠣᠯᠵᠤ᠂ 《ᠲᠣᠰᠬᠤᠨ᠎ᠤ ᠬᠥᠯ ᠪᠥᠮᠪᠦᠭᠡ ᠵᠢᠨ ᠤᠷᠤᠯᠳᠤᠭ᠋ᠠᠨ》᠂     《ᠲᠣᠰᠬᠤᠨ᠎ᠤ ᠦᠳᠡᠰᠢᠯᠡᠭᠡ》 ᠵᠢᠨ ᠠᠮᠢᠵᠢᠷᠠᠯ᠎ᠤᠨ ᠬᠦᠴᠦᠨ ᠪᠢᠯᠬᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠨᠢ ᠠᠭ᠋ᠠᠵᠢᠮ ᠵᠶ᠋ᠠᠷ ᠬᠡᠪ ᠰᠤᠷᠲᠠᠯ ᠪᠣᠯᠵᠤ᠂ ᠬᠠᠯᠠᠭᠤᠨ ᠳᠤᠯᠠᠭ᠋ᠠᠨ ᠠᠮᠢᠳᠤᠷᠠᠯ᠎ᠤᠨ ᠠᠭᠤᠷ ᠠᠮᠢᠰᠬᠤᠯ᠂ ᠰᠡᠷᠭᠦᠭᠰᠡᠨ ᠶᠠᠭ᠋ᠠᠷᠠᠯᠲᠠᠢ ᠪᠠᠶ᠋ᠢᠳᠠᠯ᠎ᠨᠢ ᠬᠥᠮᠥᠰ᠎ᠤᠨ ᠰᠠᠶ᠋ᠢᠨ ᠰᠠᠶ᠋ᠢᠬᠠᠨ ᠵᠣᠯ ᠵᠢᠷᠭ᠋ᠠᠯ᠎ᠤᠨ ᠲᠤᠬᠠᠢ ᠬᠥᠭᠡᠭᠡᠴᠡᠯᠳᠦᠯ᠎ᠢ ᠲᠠᠶ᠋ᠢᠯᠪᠤᠷᠢᠯᠠᠵᠤ᠂ ᠪᠠᠰᠠ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ᠂ ᠭᠦᠷ ᠬᠥᠭᠵᠢᠶᠡᠨ᠎ᠲᠠᠢ ᠳᠤᠮᠳᠠᠳᠤ ᠤᠯᠤᠰ᠎ᠢ ᠢᠯᠡᠷᠡᠭᠦᠯᠪᠡ᠃
    ᠡᠨᠡ ᠨᠢᠭᠡ ᠵᠢᠯ ᠪᠢᠳᠡᠨ᠎ᠤ ᠠᠯᠬᠤᠭ᠎ᠠ ᠢᠲᠡᠭᠡᠯ ᠲᠡᠭᠦᠯᠳᠡᠷ᠃ ᠳᠤᠮᠳᠠᠳᠤ ᠤᠯᠤᠰ ᠪᠣᠯ ᠨᠢᠭᠡᠨ ᠠᠭᠤᠤ ᠶᠡᠭᠡ ᠤᠯᠤᠰ ᠮᠥᠨ᠂ ᠠᠭᠤᠤ ᠶᠡᠭᠡ ᠪᠣᠯᠪᠠᠰᠤᠨ᠎ᠢ ᠤᠯᠠᠮᠵᠢᠯᠠᠨ ᠵᠠᠯᠭ᠋ᠠᠮᠵᠢᠯᠠᠵᠤ ᠪᠠᠶ᠋ᠢᠳᠠᠭ᠃ ᠡᠨᠡ ᠬᠦ᠌ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ᠂ ᠡᠯᠡᠰᠦᠨ ᠴᠦᠯ᠎ᠤᠨ ᠵᠤᠷᠪᠤᠰ ᠤᠲᠤᠭ᠎ᠠ᠂ ᠵᠢᠶᠠᠩᠨᠠᠨ᠎ᠤ ᠰᠢᠪᠡᠷᠡᠭᠡ ᠪᠣᠷᠣᠭ᠋ᠠᠨ᠎ᠨᠢ ᠬᠥᠮᠥᠰ᠎ᠤᠨ ᠰᠡᠳᠬᠢᠯ᠎ᠢ ᠮᠢᠩᠭ᠋ᠠᠨ ᠮᠢᠩᠭ᠋ᠠᠨ ᠣᠨ ᠬᠤᠯᠪᠣᠵᠤ᠂ ᠰᠡᠳᠬᠢᠯ ᠵᠢᠷᠦᠬᠡ ᠵᠢ ᠳᠣᠬᠳᠣᠯᠤᠭᠤᠯᠤᠨ᠎ᠠ; ᠬᠠᠲᠤᠨ ᠭᠤᠣᠯ᠎ᠤᠨ ᠶᠢᠰᠦᠨ ᠲᠣᠬᠤᠢ᠂ ᠬᠥᠬᠡᠮᠥ᠋ᠷᠡᠨ᠎ᠤ ᠲᠦᠷᠭᠡᠨ ᠤᠷᠤᠰᠬᠠᠯ᠎ᠨᠢ ᠬᠥᠮᠥᠰ᠎ᠤᠨ ᠰᠡᠳᠬᠢᠯ᠎ᠢ ᠳᠣᠭᠳᠣᠯᠤᠭᠤᠯᠵᠤ᠂ ᠣᠮᠤᠭ ᠵᠣᠷᠢᠭ᠎ᠢ ᠬᠥᠪᠴᠢᠯᠡᠨ᠎ᠡ᠃ ᠯᠢᠶᠠᠩ ᠵᠦ᠍᠂ ᠡᠯ ᠯᠢ ᠲᠧᠦ ᠵᠢᠨ ᠪᠣᠯᠪᠠᠰᠤᠨ᠎ᠤ ᠦᠦᠷ᠎ᠤᠨ ᠲᠤᠶᠠᠭ᠎ᠠ᠂ ᠶᠢᠨ᠎ᠤ ᠪᠠᠭᠤᠷᠢ ᠵᠢᠨ ᠶᠠᠰᠤᠨ ᠪᠢᠴᠢᠭ᠎ᠤᠨ ᠤᠯᠠᠮᠵᠢᠯᠠᠯ᠂ ᠰᠠᠨ ᠰᠢᠩ ᠳ᠋ᠦᠢ ᠵᠢᠨ ᠰᠣᠶᠣᠯ᠎ᠤᠨ ᠦᠨᠡᠲᠦ ᠡᠷᠳᠡᠨᠢ᠂ ᠤᠯᠤᠰ᠎ᠤᠨ ᠬᠡᠪᠯᠡᠯ᠎ᠤᠨ ᠣᠷᠳᠣᠨ᠎ᠤ ᠰᠣᠶᠣᠯ᠎ᠤᠨ ᠤᠯᠠᠮᠵᠢᠯᠠᠯ ᠦᠷᠭᠦᠯᠵᠢᠯᠡᠨ᠎ᠡ ᠁ ᠥᠷᠭᠡᠨ ᠠᠭᠤᠳᠠᠮ ᠳᠤᠮᠳᠠᠳᠤ ᠤᠯᠤᠰ᠎ᠤᠨ ᠲᠡᠦᠬᠡ ᠬᠡᠴᠢᠨᠡᠭᠡᠨ ᠥᠨᠢ ᠤᠳᠠᠭ᠋ᠠᠨ᠂ ᠪᠣᠯᠪᠠᠰᠤᠨ ᠬᠡᠴᠢᠨᠡᠭᠡᠨ ᠦᠯᠡᠮᠵᠢ ᠪᠠᠶᠠᠯᠢᠭ ᠪᠠᠶ᠋ᠢᠳᠠᠭ ᠪᠤᠢ᠂ ᠡᠨᠡ ᠪᠣᠯ ᠮᠠᠨ᠎ᠤ ᠢᠲᠡᠭᠡᠯ᠎ᠤᠨ ᠰᠠᠭᠤᠷᠢ᠂ ᠬᠦᠴᠦᠨ ᠴᠢᠳᠠᠯ᠎ᠤᠨ ᠡᠬᠢ ᠰᠤᠷᠪᠤᠯᠵᠢ ᠮᠥᠨ᠃
    ᠳᠤᠮᠳᠠᠳᠤ ᠤᠯᠤᠰ ᠥᠪᠡᠷ᠎ᠢ᠎ᠪᠠᠨ ᠬᠥᠭᠵᠢᠭᠦᠯᠬᠦ ᠪᠥᠭᠡᠳ ᠪᠠᠰᠠ ᠳᠡᠯᠡᠬᠡᠢ ᠳ᠋ᠠᠬᠢᠨ᠎ᠢ ᠢᠳᠡᠪᠬᠢᠲᠡᠢ᠎ᠪᠠᠷ ᠬᠦᠷᠢᠶᠡᠯᠡᠵᠦ᠂ ᠲᠣᠮᠣ ᠤᠯᠤᠰ᠎ᠤᠨ ᠬᠠᠷᠢᠭᠤᠴᠠᠯᠭ᠎ᠠ ᠵᠢ ᠡᠭᠦᠷᠭᠡᠯᠡᠵᠦ ᠪᠠᠶ᠋ᠢᠳᠠᠭ᠃ ᠪᠢᠳᠡ ᠳᠤᠮᠳᠠᠳᠤ ᠤᠯᠤᠰ — ᠳᠤᠮᠳᠠᠳᠤ ᠠᠽᠢᠶ᠎ᠠ ᠵᠢᠨ ᠲᠦᠷᠦᠭᠦᠴᠦᠳ᠎ᠤᠨ ᠬᠤᠷᠠᠯ᠂ ᠭᠤᠷᠪᠠᠳᠤᠭ᠋ᠠᠷ ᠬᠤᠭᠤᠴᠠᠭ᠋ᠠᠨ᠎ᠤ 《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠦᠷᠦᠭᠦᠴᠦᠳ᠎ᠤᠨ ᠶᠠᠷᠢᠶᠠᠨ᠎ᠤ ᠲᠠᠪᠴᠠᠩ᠎ᠢ ᠠᠮᠵᠢᠯᠲᠠ᠎ᠲᠠᠢ ᠡᠷᠭᠢᠯᠡᠵᠦ᠂ ᠠᠯᠢ ᠤᠯᠠᠨ ᠡᠵᠡᠨ ᠲᠠᠯᠠᠪᠤᠷ᠎ᠤᠨ ᠭᠠᠳᠠᠭ᠋ᠠᠳᠤ ᠬᠠᠷᠢᠯᠴᠠᠭ᠎ᠠ᠎ᠳᠤ ᠲᠠᠪᠤᠨ ᠲᠢᠪ᠎ᠤᠨ ᠨᠠᠶ᠋ᠢᠵᠠ ᠨᠠᠷ᠎ᠢ ᠤᠭᠲᠤᠨ ᠠᠪᠴᠢᠷᠠᠪᠠ᠃ ᠪᠢ ᠪᠠᠰᠠ ᠵᠠᠷᠢᠮ ᠤᠯᠤᠰ᠎ᠲᠤ ᠠᠶ᠋ᠢᠯᠴᠢᠯᠠᠵᠤ᠂ ᠵᠠᠷᠢᠮ ᠤᠯᠠᠨ ᠤᠯᠤᠰ᠎ᠤᠨ ᠬᠤᠷᠠᠯ᠎ᠳᠤ ᠣᠷᠣᠯᠴᠠᠵᠤ᠂ ᠴᠥᠭᠡᠨ ᠪᠤᠰᠤ ᠬᠠᠭᠤᠴᠢᠨ ᠨᠠᠶ᠋ᠢᠵᠠ᠂ ᠰᠢᠨ᠎ᠡ ᠬᠠᠨᠢᠲᠠᠨ᠎ᠲᠠᠢ᠎ᠪᠠᠨ ᠠᠭᠤᠯᠵᠠᠵᠤ᠂ ᠳᠤᠮᠳᠠᠳᠤ ᠤᠯᠤᠰ᠎ᠤᠨ ᠵᠣᠷᠢᠯᠲᠠ᠎ᠪᠠᠨ ᠬᠤᠪᠢᠶᠠᠯᠴᠠᠵᠤ᠂ ᠬᠠᠮᠲᠤ ᠵᠢᠨ ᠲᠠᠨᠢᠯᠲᠠ᠎ᠪᠠᠨ ᠭᠦᠨᠵᠡᠭᠡᠶ᠋ᠢᠷᠡᠭᠦᠯᠪᠡ᠃ ᠳᠡᠯᠡᠬᠡᠢ ᠵᠢᠨ ᠶᠠᠪᠤᠳᠠᠯ ᠤᠯᠠᠷᠢᠨ ᠬᠤᠪᠢᠰᠤᠭᠰᠠᠨ ᠴᠤ᠌ ᠡᠩᠬᠡ ᠲᠠᠶ᠋ᠢᠪᠤᠩ ᠬᠥᠭᠵᠢᠯᠲᠡ ᠢᠮᠠᠭᠲᠠ ᠭᠤᠣᠯ ᠭᠦᠭ ᠠᠶᠠᠰ ᠪᠠᠶ᠋ᠢᠵᠤ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠭᠦᠷᠳᠡᠭᠦ ᠪᠣᠯ ᠢᠮᠠᠭᠲᠠ ᠬᠠᠲᠠᠭᠤ ᠶᠣᠰᠣ ᠪᠣᠯᠣᠨ᠎ᠠ᠃
    ᠤᠷᠤᠭᠰᠢᠯᠠᠯᠲᠠ ᠵᠢᠨ ᠵᠠᠮ᠎ᠳᠤ᠂ ᠰᠠᠯᠬᠢ ᠪᠣᠷᠣᠭ᠋ᠠᠨ᠎ᠲᠠᠢ ᠪᠠᠶ᠋ᠢᠬᠤ ᠪᠣᠯ ᠬᠡᠪ᠎ᠤᠨ ᠪᠠᠶ᠋ᠢᠳᠠᠯ ᠪᠣᠯᠣᠨ᠎ᠠ᠃ ᠵᠠᠷᠢᠮ ᠠᠵᠤ ᠠᠬᠤᠶ᠋ᠢᠯᠠᠯ ᠡᠵᠡᠩᠨᠡᠯᠲᠡ ᠵᠢᠨ ᠳᠠᠷᠤᠯᠲᠠ᠎ᠳᠤ ᠲᠤᠯᠭ᠋ᠠᠷᠠᠵᠤ᠂ ᠵᠠᠷᠢᠮ ᠤᠯᠠᠨ ᠲᠦᠮᠡᠨ᠎ᠤ ᠠᠵᠢᠯ ᠣᠯᠭᠤᠯᠲᠠ᠂ ᠠᠮᠢᠳᠤᠷᠠᠯ ᠬᠦᠴᠢᠷᠳᠡᠯ᠎ᠳᠤ ᠲᠤᠯᠭ᠋ᠠᠷᠠᠵᠤ᠂ ᠵᠠᠷᠢᠮ ᠭᠠᠵᠠᠷ ᠣᠷᠣᠨ᠎ᠳᠤ ᠦᠶᠡᠷ ᠤᠰᠤᠲᠤᠯ᠂ ᠲᠠᠶ᠋ᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠪᠠᠶ᠋ᠢᠭ᠋ᠠᠯᠢ ᠵᠢᠨ ᠭᠠᠮᠰᠢᠭ ᠭᠠᠷᠴᠤ ᠪᠠᠶ᠋ᠢᠨ᠎ᠠ᠂ ᠡᠳᠡᠭᠡᠷ᠎ᠲᠤ ᠪᠢ ᠴᠥᠮ ᠰᠠᠨᠠᠭ᠋ᠠᠰᠢᠷᠠᠭᠰᠠᠭ᠋ᠠᠷ ᠶᠤᠮ᠃ ᠤᠯᠠᠨ ᠵᠶ᠋ᠠᠷ ᠵᠶ᠋ᠠᠨ ᠰᠠᠯᠬᠢ ᠪᠣᠷᠣᠭ᠋ᠠᠨ᠎ᠠᠴᠠ ᠠᠶᠤᠬᠤ ᠦᠭᠡᠢ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠥᠷᠢᠰᠦᠯᠳᠦᠭᠡᠨ᠎ᠳᠤ ᠰᠢᠭᠤᠳ ᠬᠠᠨᠳᠤᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠭᠰᠠᠨ᠎ᠳᠤ ᠪᠢ ᠶᠡᠬᠡᠳᠡ ᠰᠡᠳᠬᠢᠯ ᠬᠥᠳᠡᠯᠵᠦ ᠪᠠᠶ᠋ᠢᠨ᠎ᠠ᠃ ᠰᠢᠷᠭ᠋ᠠᠭᠤ ᠬᠥᠳᠡᠯᠮᠦᠷᠢᠯᠡᠵᠦ ᠪᠠᠶ᠋ᠢᠭ᠎ᠠ ᠲᠠᠷᠢᠶᠠᠴᠢᠨ᠂ ᠰᠢᠷᠭ᠋ᠠᠭᠤ ᠬᠠᠲᠠᠭᠤᠵᠢᠯᠲᠠᠢ ᠠᠵᠢᠯᠯᠠᠵᠤ ᠪᠠᠶ᠋ᠢᠭ᠎ᠠ ᠠᠵᠢᠯᠴᠢᠨ᠂ ᠵᠣᠷᠢᠭᠲᠠᠢ᠎ᠪᠠᠷ ᠠᠵᠢᠯᠯᠠᠵᠤ ᠵᠣᠷᠢᠭᠲᠠᠢ᠎ᠪᠠᠷ ᠲᠡᠮᠡᠴᠡᠵᠦ ᠪᠠᠶ᠋ᠢᠭ᠎ᠠ ᠦᠢ᠍ᠯᠡᠰ ᠪᠣᠰᠬᠠᠭᠴᠢ᠂ ᠤᠯᠤᠰ ᠭᠡᠷ ᠵᠶ᠋ᠠᠨ ᠬᠠᠮᠠᠭ᠋ᠠᠯᠠᠵᠤ ᠪᠠᠶ᠋ᠢᠭ᠎ᠠ ᠬᠡᠦᠬᠡᠳ ᠳᠡᠭᠦᠦ ᠨᠠᠷ ᠴᠡᠷᠢᠭ᠂ ᠡᠯ᠎ᠡ ᠠᠵᠢᠯ ᠲᠦᠷᠦᠯ᠎ᠤᠨ ᠬᠥᠮᠥᠰ ᠴᠥᠮ ᠬᠦᠴᠦ ᠬᠥᠯᠥᠰᠦ᠎ᠪᠠᠨ ᠤᠷᠤᠰᠬᠠᠵᠤ᠂ ᠡᠭᠡᠯ ᠵᠢᠷ᠎ᠤᠨ ᠬᠥᠮᠥᠨ ᠨᠢᠭᠡ ᠪᠦᠷᠢ ᠴᠥᠮ ᠶᠡᠷᠦ ᠪᠤᠰᠤ ᠵᠢᠨ ᠬᠤᠪᠢ ᠨᠡᠮᠡᠷᠢ ᠦᠵᠡᠭᠦᠯᠵᠡᠢ! ᠠᠷᠠᠳ ᠲᠦᠮᠡᠨ ᠪᠣᠯ ᠥᠨᠢ ᠡᠭᠦᠷᠢᠳᠡ ᠪᠢᠳᠡᠨ᠎ᠤ ᠠᠯᠢᠪᠠ ᠬᠦᠴᠢᠷ ᠪᠡᠷᠬᠡᠰᠢᠶᠡᠯ ᠥᠷᠢᠰᠦᠯᠳᠦᠭᠡᠨ᠎ᠢ ᠢᠯᠠᠨ ᠳᠠᠪᠠᠭ᠍ᠤ ᠵᠢᠨ ᠬᠠᠮᠤᠭ᠎ᠤᠨ ᠶᠡᠭᠡ ᠥᠮᠥᠭ ᠲᠦᠰᠢᠭ ᠮᠥᠨ᠃
    ᠢᠷᠡᠬᠦ ᠣᠨ ᠪᠣᠯ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 75 ᠵᠢᠯ᠎ᠤᠨ ᠤᠢ ᠪᠣᠯᠣᠨ᠎ᠠ᠃ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠡᠷᠡᠰ ᠭᠤᠶ᠋ᠢᠪᠢᠰᠢ ᠦᠭᠡᠢ᠎ᠪᠠᠷ ᠠᠬᠢᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠬᠥᠭᠵᠢᠯᠲᠡ ᠪᠣᠯᠣᠨ ᠠᠮᠤᠷ ᠲᠦᠪᠰᠢᠨ᠎ᠢ ᠰᠠᠶ᠋ᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠵᠢ ᠪᠠᠷᠢᠮᠲᠠᠯᠠᠵᠤ᠂ ᠤᠷᠤᠭᠰᠢᠯᠠᠯᠲᠠ᠎ᠪᠠᠷ ᠲᠣᠭᠲᠠᠭᠤᠨ᠎ᠢ ᠠᠬᠢᠭᠤᠯᠵᠤ᠂ ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠰᠢᠪᠲᠤᠯᠵᠤ᠂ ᠠᠵᠤ ᠠᠬᠤᠢ ᠵᠢᠨ ᠰᠡᠷᠭᠦᠨ ᠰᠠᠶ᠋ᠢᠵᠢᠷᠠᠬᠤ ᠬᠠᠨᠳᠤᠰᠢ ᠵᠢ ᠪᠠᠬᠢᠵᠢᠭᠦᠯᠦᠨ ᠴᠢᠩᠭ᠋ᠠᠳᠬᠠᠵᠤ᠂ ᠠᠵᠤ ᠠᠬᠤᠢ ᠵᠢᠨ ᠲᠣᠭᠲᠠᠭᠤᠨ ᠵᠶ᠋ᠠᠷ ᠬᠤᠯᠠ ᠠᠶᠠᠯᠠᠬᠤ ᠵᠢ ᠪᠡᠶᠡᠯᠡᠭᠦᠯᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠬᠥᠭᠵᠢᠯᠲᠡ ᠵᠢᠨ ᠢᠲᠡᠭᠡᠯ ᠵᠣᠷᠢᠭ᠎ᠢ ᠤᠯᠠᠮ ᠴᠢᠨᠠᠭᠰᠢᠳᠠ ᠬᠥᠪᠴᠢᠯᠡᠵᠦ᠂ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ᠂ ᠨᠡᠩ ᠶᠡᠭᠡ ᠡᠷᠴᠢᠮ ᠵᠶ᠋ᠠᠷ ᠰᠤᠷᠭ᠋ᠠᠨ ᠬᠥᠮᠦᠵᠢᠯ᠎ᠢ ᠡᠷᠭᠢᠯᠡᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠢ ᠬᠥᠭᠵᠢᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ ᠬᠡᠷᠡᠭᠲᠡᠢ᠃ ᠰᠢᠶᠠᠩᠭ᠋ᠠᠩ᠂ ᠣᠣᠮᠧᠨ᠎ᠤ ᠲᠤᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠬᠤ ᠵᠢ ᠦᠷᠭᠦᠯᠵᠢᠯᠡᠨ ᠲᠡᠮᠵᠢᠵᠤ᠂ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠨᠡᠩ ᠰᠠᠶ᠋ᠢᠲᠤᠷ ᠠᠭᠤᠰᠤᠯᠴᠠᠬᠤ ᠳᠤᠮᠳᠠ ᠤᠷᠳᠤ ᠬᠤᠭᠤᠴᠠᠭ᠎ᠠ᠎ᠪᠠᠷ ᠴᠡᠴᠡᠭᠯᠡᠨ ᠬᠥᠭᠵᠢᠵᠦ ᠲᠣᠭᠲᠠᠭᠤᠨ ᠪᠠᠶ᠋ᠢᠬᠤ ᠵᠢ ᠪᠠᠲᠤᠯᠠᠬᠤ ᠬᠡᠷᠡᠭᠲᠡᠢ᠃ ᠡᠬᠡ ᠤᠯᠤᠰ ᠵᠶ᠋ᠠᠨ ᠨᠢᠭᠡᠳᠬᠡᠬᠦ ᠪᠣᠯ ᠲᠡᠦᠬᠡ ᠵᠢᠨ ᠵᠠᠶ᠋ᠢᠯᠠᠰᠢ ᠦᠭᠡᠢ ᠶᠠᠪᠤᠳᠠᠯ ᠮᠥᠨ᠂ ᠲᠠᠶ᠋ᠢᠸᠠᠨ ᠬᠤᠭᠤᠯᠠᠢ ᠵᠢᠨ ᠬᠤᠶᠠᠷ ᠭᠦᠪᠡᠭᠡ ᠵᠢᠨ ᠠᠬ᠎ᠠ ᠳᠡᠭᠦᠦ ᠨᠠᠷ ᠭᠠᠷ ᠬᠤᠯᠪᠣᠯᠴᠠᠨ ᠰᠡᠳᠬᠢᠯ ᠵᠶ᠋ᠠᠨ ᠨᠢᠭᠡᠳᠬᠡᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠶᠡᠭᠡ ᠢᠷᠠᠭᠤ ᠠᠯᠳᠠᠷ᠎ᠢ ᠬᠠᠮᠲᠤ᠎ᠪᠠᠷ ᠡᠳ᠋ᠯᠡᠬᠦ ᠬᠡᠷᠡᠭᠲᠡᠢ᠃
    ᠮᠠᠨ᠎ᠤ ᠬᠠᠷᠠᠯᠲᠠ ᠪᠣᠯ ᠮᠠᠰᠢ ᠠᠤᠭ᠎ᠠ ᠶᠡᠭᠡ ᠪᠥᠭᠡᠳ ᠮᠠᠰᠢ ᠪᠣᠷᠣᠭᠵᠢᠭᠤᠨ ᠶᠤᠮ᠂ ᠡᠴᠦᠰ᠎ᠤᠨ ᠡᠴᠦᠰ᠎ᠲᠡᠭᠡᠨ ᠠᠷᠠᠳ ᠲᠦᠮᠡᠨ᠎ᠳᠤ ᠨᠡᠩ ᠰᠠᠶ᠋ᠢᠨ ᠰᠠᠶ᠋ᠢᠬᠠᠨ ᠠᠮᠢᠳᠤᠷᠠᠯ᠎ᠢ ᠡᠳ᠋ᠯᠡᠭᠦᠯᠭᠦ ᠶᠠᠪᠤᠳᠠᠯ ᠪᠣᠯᠣᠨ᠎ᠠ᠃ ᠬᠡᠦᠬᠡᠳ᠎ᠢ ᠠᠰᠠᠷᠠᠨ ᠲᠡᠵᠢᠭᠡᠵᠦ ᠰᠤᠷᠭ᠋ᠠᠨ ᠬᠥᠮᠥᠵᠢᠭᠦᠯᠬᠦ᠂ ᠵᠠᠯᠠᠭᠤᠴᠤᠳ᠎ᠤᠨ ᠠᠵᠢᠯ ᠣᠯᠵᠤ ᠴᠢᠳᠠᠪᠤᠷᠢᠲᠠᠨ ᠪᠤᠯᠬᠤ᠂ ᠨᠠᠰᠤᠲᠠᠶ᠋ᠢᠴᠤᠳ᠎ᠤᠨ ᠡᠪᠡᠳᠴᠢᠨ ᠦᠵᠡᠭᠦᠯᠵᠦ ᠨᠠᠰᠤᠵᠢᠯ᠎ᠤᠨ ᠠᠰᠠᠷᠠᠮᠵᠢ ᠭᠦᠷᠳᠡᠭᠦ ᠪᠣᠯ ᠭᠡᠷ᠎ᠤᠨ ᠶᠠᠪᠤᠳᠠᠯ ᠪᠤᠯᠬᠤ ᠪᠥᠭᠡᠳ ᠪᠠᠰᠠ ᠴᠤ᠌ ᠲᠦᠷᠦ ᠵᠢᠨ ᠶᠠᠪᠤᠳᠠᠯ ᠮᠥᠨ᠂ ᠤᠯᠠᠨ ᠵᠶ᠋ᠠᠷ ᠵᠶ᠋ᠠᠨ ᠬᠠᠮᠲᠤ᠎ᠪᠠᠷ ᠴᠢᠷᠮᠠᠶ᠋ᠢᠵᠤ ᠪᠠᠶ᠋ᠢᠭ᠋ᠠᠳ ᠡᠳᠡᠭᠡᠷ ᠶᠠᠪᠤᠳᠠᠯ᠎ᠢ ᠰᠠᠶ᠋ᠢᠲᠤᠷ ᠬᠢᠬᠦ ᠬᠡᠷᠡᠭᠲᠡᠢ᠃ ᠣᠳᠣᠬᠠᠨ᠎ᠳᠤ᠂ ᠨᠡᠶ᠋ᠢᠭᠡᠮ᠎ᠤᠨ ᠠᠶ᠋ᠢᠵᠠᠮ ᠮᠠᠰᠢ ᠲᠦᠷᠭᠡᠨ᠂ ᠤᠯᠠᠨ ᠵᠶ᠋ᠠᠷ ᠵᠶ᠋ᠠᠨ ᠪᠦᠷ ᠶᠠᠭ᠋ᠠᠷᠠᠯᠳᠤᠵᠤ᠂ ᠠᠵᠢᠯ ᠠᠮᠢᠳᠤᠷᠠᠯ᠎ᠤᠨ ᠳᠠᠷᠤᠭ᠋ᠠᠰᠤ ᠪᠦᠷ ᠮᠠᠰᠢ ᠶᠡᠭᠡ ᠪᠠᠶ᠋ᠢᠨ᠎ᠠ᠃ ᠪᠢᠳᠡ ᠬᠠᠯᠠᠭᠤᠨ ᠳᠤᠯᠠᠭ᠋ᠠᠨ ᠡᠶ᠎ᠡ ᠵᠣᠬᠢᠴᠠᠩᠭᠤᠢ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠤᠯᠭ᠋ᠠᠵᠤ᠂ ᠪᠠᠭᠲᠠᠭ᠋ᠠᠮᠵᠢ᠎ᠲᠠᠢ ᠬᠥᠭᠵᠢᠶᠡᠨ᠎ᠲᠠᠢ ᠰᠢᠨ᠎ᠡ ᠵᠢ ᠡᠭᠦᠳᠬᠦ ᠣᠷᠣᠨ ᠵᠠᠢ ᠵᠢ ᠥᠷᠭᠡᠳᠬᠡᠵᠦ᠂ ᠳᠥᠭᠦᠮ ᠳᠥᠲᠡ ᠲᠠᠭ᠋ᠠᠯᠠᠮᠵᠢᠲᠠᠢ ᠠᠮᠢᠳᠤᠷᠠᠯ᠎ᠤᠨ ᠨᠥᠬᠦᠴᠡᠯ᠎ᠢ ᠡᠭᠦᠳᠴᠦ᠂ ᠤᠯᠠᠨ᠎ᠢ ᠪᠠᠶᠠᠰᠤᠩᠭᠤᠢ ᠤᠷᠮ᠎ᠠ ᠰᠡᠳᠬᠢᠯᠭᠡ᠎ᠲᠠᠢ ᠪᠠᠶ᠋ᠢᠯᠭ᠋ᠠᠵᠤ᠂ ᠬᠥᠮᠥᠨ᠎ᠤ ᠠᠮᠢᠳᠤᠷᠠᠯ᠎ᠤᠨ ᠭᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠬᠦᠰᠡᠯ ᠵᠡᠭᠦᠳᠦ᠎ᠪᠠᠨ ᠲᠡᠷᠭᠡᠯᠰᠢᠭᠦᠯᠬᠦ ᠬᠡᠷᠡᠭᠲᠡᠢ᠃
    ᠣᠳᠣᠬᠠᠨ᠎ᠳᠤ᠂ ᠳᠡᠯᠡᠬᠡᠢ ᠳᠡᠭᠡᠷᠡᠬᠢ ᠵᠠᠷᠢᠮ ᠭᠠᠵᠠᠷ ᠣᠷᠣᠨ ᠪᠠᠰᠠ ᠲᠠᠶ᠋ᠢᠨ᠎ᠤ ᠭᠠᠯ ᠳᠠᠷᠢ ᠵᠢᠨ ᠤᠲᠤᠭ᠎ᠠ ᠵᠢᠨ ᠳᠤᠮᠳᠠ ᠣᠷᠣᠰᠢᠵᠤ ᠪᠠᠶ᠋ᠢᠨ᠎ᠠ᠃ ᠡᠩᠬᠡ ᠲᠠᠶ᠋ᠢᠪᠤᠩ᠎ᠤᠨ ᠡᠷᠬᠢᠮ ᠨᠠᠨᠳᠢᠨ᠎ᠢ ᠳᠤᠮᠳᠠᠳᠤ ᠤᠯᠤᠰ᠎ᠤᠨ ᠠᠷᠠᠳ ᠲᠦᠮᠡᠨ ᠭᠦᠨ ᠣᠶ᠋ᠢᠯᠠᠭ᠋ᠠᠵᠤ ᠪᠠᠶ᠋ᠢᠨ᠎ᠠ᠂ ᠪᠢᠳᠡ ᠳᠤᠷᠠᠲᠠᠶ᠎ᠠ ᠳᠡᠯᠡᠬᠡᠢ ᠨᠡᠶ᠋ᠢᠭᠡᠮ᠎ᠯᠦᠭᠡ ᠬᠠᠮᠲᠤ᠎ᠪᠠᠷ ᠬᠥᠮᠥᠨ ᠲᠥᠷᠥᠯᠬᠢᠲᠡᠨ᠎ᠤ ᠢᠷᠡᠭᠡᠳᠦᠢ ᠵᠢ ᠪᠣᠳᠣᠯᠬᠢᠯᠠᠵᠤ᠂ ᠠᠷᠠᠳ ᠲᠦᠮᠡᠨ᠎ᠤ ᠪᠤᠶᠠᠨ ᠵᠢᠷᠭ᠋ᠠᠯ᠎ᠢ ᠰᠠᠨᠠᠭ᠋ᠠᠯᠵᠠᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠵᠤ᠂ ᠨᠡᠩ ᠰᠠᠶ᠋ᠢᠨ ᠰᠠᠶ᠋ᠢᠬᠠᠨ ᠳᠡᠯᠡᠬᠡᠢ ᠶᠢᠷᠲᠢᠨᠴᠦ ᠵᠢ ᠪᠠᠶ᠋ᠢᠭᠤᠯᠤᠨ᠎ᠠ᠃
    ᠡᠨᠡ ᠬᠦ᠌ ᠴᠠᠭ ᠮᠥᠴᠡ᠎ᠳᠤ᠂ ᠰᠥᠨᠢ ᠵᠢᠨ ᠥᠩᠭᠡ ᠰᠣᠯᠣᠩᠭ᠋ᠠᠷᠠᠨ᠂ ᠲᠦᠭ ᠲᠦᠮᠡᠨ ᠠᠶ᠋ᠢᠯ ᠡᠷᠦᠭᠡ ᠵᠢᠨ ᠳ᠋ᠧᠩ᠎ᠤᠨ ᠭᠡᠷᠡᠯ ᠳᠤᠸᠠᠯᠠᠵᠤ ᠪᠠᠶ᠋ᠢᠨ᠎ᠠ᠃ ᠪᠢᠳᠡ ᠬᠠᠮᠲᠤ᠎ᠪᠠᠷ ᠡᠬᠡ ᠤᠯᠤᠰ᠎ᠤᠨ ᠵᠶ᠋ᠠᠨ ᠬᠥᠭᠵᠢᠨ ᠪᠠᠳᠠᠷᠠᠵᠤ᠂ ᠳᠡᠯᠡᠬᠡᠢ ᠳ᠋ᠠᠬᠢᠨ᠎ᠤ ᠡᠩᠬᠡ ᠲᠠᠶ᠋ᠢᠪᠤᠩ ᠠᠮᠤᠷ ᠠᠮᠤᠭᠤᠯᠠᠩ ᠪᠠᠶ᠋ᠢᠬᠤ ᠵᠢ ᠬᠦᠰᠡᠨ ᠵᠥᠩᠨᠡᠶ᠎ᠡ! ᠲᠠ ᠪᠦᠭᠦᠨ᠎ᠤ ᠠᠵᠠ ᠵᠢᠷᠭ᠋ᠠᠯ᠎ᠲᠠᠢ᠂ ᠠᠮᠤᠷ ᠠᠮᠤᠭᠤᠯᠠᠩ ᠪᠠᠶ᠋ᠢᠬᠤ ᠵᠢ ᠬᠦᠰᠡᠨ ᠵᠥᠩᠨᠡᠶ᠎ᠡ!
    ᠤᠯᠠᠨ᠎ᠳᠤ ᠪᠠᠶᠠᠷᠯᠠᠯ᠎ᠠ!

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠩᠬᠠᠷᠤᠯ ᠵᠶ᠋ᠠᠨ ᠬᠠᠨᠳᠤᠭᠤᠯᠤᠮᠤ! ᠪᠠᠷᠠᠭᠤᠨ ᠣᠷᠣᠨ᠎ᠤ ᠲᠥᠯᠥᠪᠯᠡᠭᠡ᠎ᠳᠤ ᠨᠡᠷ᠎ᠡ ᠮᠡᠳᠡᠭᠦᠯᠵᠦ ᠡᠬᠢᠯᠡᠪᠡ
《ᠰᠢ ᠵᠢᠨ ᠫᠢᠩ᠎ᠤᠨ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠲᠤᠬᠠᠢ ᠥᠭᠦᠯᠡᠯᠲᠡ ᠵᠢᠨ ᠲᠡᠭᠦᠪᠦᠷᠢ》 ᠵᠢ ᠬᠡᠪᠯᠡᠨ ᠲᠠᠷᠬᠠᠭ᠋ᠠᠪᠠ
ᠰᠢ ᠵᠢᠨ ᠫᠢᠩ ᠮᠣᠩᠭᠤᠯ ᠤᠯᠤᠰ᠎ᠤᠨ ᠶᠡᠷᠦᠩᠬᠡᠢ ᠰᠠᠶ᠋ᠢᠳ ᠣᠶᠤᠨ᠋ᠡᠷᠳᠡᠨᠢ᠎ᠲᠠᠢ ᠠᠭᠤᠯᠵᠠᠪᠠ
《ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠋ᠠᠨ᠎ᠤ ᠬᠤᠷᠢᠶᠠᠩᠭᠤᠢ》 ᠭᠡᠬᠦ ᠨᠣᠮ᠎ᠢ ᠬᠡᠪᠯᠡᠨ ᠲᠠᠷᠬᠠᠭ᠋ᠠᠪᠠ
ᠰᠢ ᠵᠢᠨ ᠫᠢᠩ ᠭᠠᠨᠰᠦ ᠵᠢᠨ ᠯᠢᠨᠰᠢᠶᠠ ᠵᠸᠦ ᠵᠢᠨ ᠵᠢᠢ ᠱ᠌ᠢ ᠱᠠᠨ ᠰᠢᠶᠠᠨ᠎ᠳᠤ 6.2 ᠳᠡᠰ᠎ᠤᠨ ᠭᠠᠵᠠᠷ ᠬᠦᠳᠡᠯᠦᠭᠰᠡᠨ ᠲᠤᠬᠠᠢ ᠴᠢᠬᠤᠯᠠ ᠵᠢᠭ᠋ᠠᠪᠤᠷᠢ ᠥᠭᠴᠦ ᠱᠠᠭ᠋ᠠᠷᠳᠠᠭᠰᠠᠨ᠎ᠨᠢ ᠡᠷᠢᠵᠦ ᠠᠪᠤᠷᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠥᠷᠨᠢᠭᠦᠯᠦᠨ ᠭᠠᠮᠰᠢᠭᠳᠠᠭᠰᠠᠨ ᠣᠯᠠᠨ ᠲᠦᠮᠡᠨ᠎ᠢ ᠳᠣᠬᠢᠲᠠᠢ ᠲᠦᠪᠬᠢᠨᠡᠭᠦᠯᠵᠦ ᠬᠠᠮᠤᠭ ᠴᠢᠳᠠᠯ ᠵᠶ᠋ᠠᠷ ᠵᠶ᠋ᠠᠨ ᠠᠷᠠᠳ ᠣᠯᠠᠨ᠎ᠤ ᠠᠮᠢ ᠨᠠᠰᠤ ᠪᠠ ᠡᠳ᠋ ᠬᠦᠷᠦᠩᠭᠡ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠯᠢ ᠴᠢᠶᠠᠩ ᠴᠣᠬᠤᠯᠠᠪᠤᠷᠢ ᠥᠭᠴᠡᠢ
 
            