ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠋ᠠᠨ᠎ᠤ ᠬᠤᠷᠢᠶᠠᠩᠭᠤᠢ》 ᠭᠡᠬᠦ ᠨᠣᠮ᠎ᠢ ᠬᠡᠪᠯᠡᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2023-07-12

    ᠲᠥᠪ᠎ᠤᠨ ᠰᠦᠯᠵᠢᠶᠡᠨ᠎ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠵᠢᠨ ᠬᠤᠷᠢᠶ᠎ᠠ ᠵᠢᠨ ᠠᠯᠪᠠᠨ ᠭᠡᠷ᠎ᠠᠴᠠ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠭᠰᠠᠨ 《ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠋ᠠᠨ᠎ᠤ ᠬᠤᠷᠢᠶᠠᠩᠭᠤᠢ》 ᠭᠡᠬᠦ ᠨᠣᠮ᠎ᠢ ᠣᠶ᠋ᠢᠷ᠎ᠠ ᠵᠢᠨ ᠡᠳᠦᠷ ᠠᠷᠠᠳ᠎ᠤᠨ ᠬᠡᠪᠯᠡᠯ᠎ᠤᠨ ᠬᠤᠷᠢᠶ᠎ᠠ᠎ᠠᠴᠠ ᠬᠡᠪᠯᠡᠭᠦᠯᠵᠦ᠂ ᠪᠥᠬᠦ ᠤᠯᠤᠰ᠎ᠲᠤ ᠲᠠᠷᠬᠠᠭ᠋ᠠᠪᠠ᠃
    ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠰᠦᠯᠵᠢᠶᠡᠨ᠎ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠦᠯᠵᠢᠶᠡᠨ᠎ᠤ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ ᠵᠢ ᠲᠣᠳᠣᠷᠬᠠᠢ ᠳᠤᠷᠠᠳᠴᠤ᠂ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠵᠢ ᠠᠬᠢᠭᠤᠯᠪᠠ᠃ ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠎ᠠ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠭᠦᠨ ᠬᠡᠰᠡᠭ ᠮᠥᠨ᠂ ᠮᠠᠨ᠎ᠤ ᠨᠠᠮ᠎ᠤᠨ ᠰᠦᠯᠵᠢᠶ᠎ᠡ ᠵᠢ ᠬᠠᠮᠢᠶᠠᠷᠴᠤ ᠰᠦᠯᠵᠢᠶ᠎ᠡ ᠵᠢ ᠵᠠᠰᠠᠭᠰᠠᠨ ᠦᠢ᠍ᠯᠡᠳᠦᠯᠭᠡ ᠵᠢᠨ ᠲᠤᠷᠰᠢᠯᠭ᠎ᠠ ᠵᠢᠨ ᠤᠨᠤᠯ᠎ᠤᠨ ᠳ᠋ᠦᠩᠨᠡᠯᠲᠡ ᠪᠠ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠰ᠎ᠤᠨ ᠬᠥᠭᠵᠢᠯᠲᠡ ᠵᠢᠨ ᠠᠵᠢᠯᠯᠠᠭ᠋ᠠᠨ᠎ᠤ ᠵᠦᠭᠯᠡᠭᠦᠷ ᠮᠥᠨ᠃ 《ᠬᠤᠷᠢᠶᠠᠩᠭᠤᠢ》᠎ᠨᠢ ᠨᠡᠶ᠋ᠢᠳᠡ 10 ᠲᠤᠰᠬᠠᠢ ᠰᠡᠳᠦᠪ ᠬᠤᠪᠢᠶᠠᠵᠤ᠂ ᠰᠦᠯᠵᠢᠶᠡᠨ᠎ᠤ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠬᠦᠴᠦᠷᠬᠡᠭ ᠶᠡᠭᠡ ᠦᠵᠡᠯ ᠰᠠᠨᠠᠭ᠋ᠠᠨ᠎ᠤ ᠵᠡᠪᠰᠡᠭ ᠪᠠ ᠰᠢᠨᠵᠢᠯᠡᠬᠦ ᠤᠬᠠᠭ᠋ᠠᠨᠴᠢ ᠠᠵᠢᠯᠯᠠᠭ᠋ᠠᠨ᠎ᠤ ᠵᠦᠭᠯᠡᠭᠦᠷ᠂ ᠮᠠᠨ᠎ᠤ ᠤᠯᠤᠰ ᠵᠶ᠋ᠠᠨ ᠰᠦᠯᠵᠢᠶᠡᠨ᠎ᠤ ᠬᠦᠴᠦᠷᠬᠡᠭ ᠤᠯᠤᠰ ᠪᠣᠯᠭ᠋ᠠᠨ ᠪᠦᠲᠦᠭᠡᠨ ᠪᠠᠶ᠋ᠢᠭᠤᠯᠬᠤ᠎ᠪᠠᠷ ᠴᠢᠷᠮᠠᠶ᠋ᠢᠬᠤ᠂ ᠰᠦᠯᠵᠢᠶᠡᠨ᠎ᠤ ᠮᠡᠳᠡᠭᠡ ᠵᠠᠩᠭᠢ ᠵᠢᠨ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠵᠡᠷᠭᠡ ᠲᠠᠯ᠎ᠠ᠎ᠠᠴᠠ ᠶᠡᠷᠦᠩᠬᠡᠢ ᠱᠦᠵᠢ
    ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠋ᠠᠨ᠎ᠤ ᠭᠤᠣᠯ ᠠᠭᠤᠯᠭ᠎ᠠ᠂ ᠵᠣᠷᠢᠭ ᠰᠠᠨᠠᠭ᠋ᠠᠨ᠎ᠤ ᠮᠥᠨ ᠴᠢᠨᠠᠷ᠂ ᠪᠠᠶᠠᠯᠢᠭ ᠠᠭᠤᠯᠤᠭᠳᠠᠬᠤᠨ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠲᠣᠳᠣᠷᠬᠠᠶ᠋ᠢᠯᠠᠨ ᠥᠭᠦᠯᠡᠪᠡ᠃
    ᠲᠤᠰ ᠨᠣᠮ᠎ᠤᠨ ᠬᠡᠪᠯᠡᠭᠳᠡᠭᠰᠡᠨ᠎ᠨᠢ ᠥᠷᠭᠡᠨ ᠤᠯᠠᠨ ᠺᠠᠳ᠋ᠷ ᠤᠯᠠᠨ ᠲᠦᠮᠡᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠶᠡᠷᠦᠩᠬᠡᠢ ᠱᠦᠵᠢ
    ᠰᠢ ᠵᠢᠨ ᠫᠢᠩ᠎ᠤᠨ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ᠎ᠪᠠᠷ᠂ ᠭᠦᠨᠵᠡᠭᠡᠢ᠂ ᠰᠢᠰᠲ᠋ᠧᠮ᠎ᠲᠠᠢ ᠰᠤᠷᠤᠯᠴᠠᠵᠤ᠂ ᠪᠦᠬᠦ ᠨᠠᠮ ᠪᠦᠬᠦ ᠨᠡᠶ᠋ᠢᠭᠡᠮ᠎ᠤᠨ ᠬᠦᠴᠦᠨ᠎ᠢ ᠨᠢᠭᠲᠠᠷᠠᠭᠤᠯᠤᠨ᠂ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠰᠦᠯᠵᠢᠶᠡᠨ᠎ᠤ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠵᠢᠨ ᠲᠥᠯᠥᠭᠡ ᠴᠢᠷᠮᠠᠶ᠋ᠢᠨ ᠲᠡᠮᠡᠴᠡᠬᠦ᠎ᠳᠤ ᠠᠰᠢᠭᠲᠠᠢ ᠶᠤᠮ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠭᠠᠨᠰᠦ ᠵᠢᠨ ᠯᠢᠨᠰᠢᠶᠠ ᠵᠸᠦ ᠵᠢᠨ ᠵᠢᠢ ᠱ᠌ᠢ ᠱᠠᠨ ᠰᠢᠶᠠᠨ᠎ᠳᠤ 6.2 ᠳᠡᠰ᠎ᠤᠨ ᠭᠠᠵᠠᠷ ᠬᠦᠳᠡᠯᠦᠭᠰᠡᠨ ᠲᠤᠬᠠᠢ ᠴᠢᠬᠤᠯᠠ ᠵᠢᠭ᠋ᠠᠪᠤᠷᠢ ᠥᠭᠴᠦ ᠱᠠᠭ᠋ᠠᠷᠳᠠᠭᠰᠠᠨ᠎ᠨᠢ ᠡᠷᠢᠵᠦ ᠠᠪᠤᠷᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠥᠷᠨᠢᠭᠦᠯᠦᠨ ᠭᠠᠮᠰᠢᠭᠳᠠᠭᠰᠠᠨ ᠣᠯᠠᠨ ᠲᠦᠮᠡᠨ᠎ᠢ ᠳᠣᠬᠢᠲᠠᠢ ᠲᠦᠪᠬᠢᠨᠡᠭᠦᠯᠵᠦ ᠬᠠᠮᠤᠭ ᠴᠢᠳᠠᠯ ᠵᠶ᠋ᠠᠷ ᠵᠶ᠋ᠠᠨ ᠠᠷᠠᠳ ᠣᠯᠠᠨ᠎ᠤ ᠠᠮᠢ ᠨᠠᠰᠤ ᠪᠠ ᠡᠳ᠋ ᠬᠦᠷᠦᠩᠭᠡ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠯᠢ ᠴᠢᠶᠠᠩ ᠴᠣᠬᠤᠯᠠᠪᠤᠷᠢ ᠥᠭᠴᠡᠢ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠲᠦᠷᠦ ᠵᠢᠨ ᠶᠠᠪᠤᠳᠠᠯ᠎ᠤᠨ ᠬᠤᠷᠢᠶ᠎ᠠ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ ᠠᠷᠠᠳ᠎ᠤᠨ ᠳᠡᠭᠡᠳᠦ ᠰᠢᠭᠦᠬᠦ ᠬᠤᠷᠢᠶ᠎ᠠ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ ᠲᠥᠪ᠎ᠤᠨ ᠱᠦᠵᠢ ᠨᠠᠷ᠎ᠤᠨ ᠭᠠᠵᠠᠷ᠎ᠤᠨ ᠠᠵᠢᠯ᠎ᠤᠨ ᠮᠡᠳᠡᠭᠦᠯᠦᠯᠲᠡ ᠵᠢ ᠰᠣᠨᠣᠰᠪᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ
ᠰᠢ ᠵᠢᠨ ᠫᠢᠩ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢ ᠭᠦᠨᠵᠡᠭᠡᠢ ᠠᠬᠢᠭᠤᠯᠵᠤ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠤᠳᠠᠭ᠋ᠠᠨ ᠳᠠᠭ᠋ᠠᠭ᠋ᠠᠮᠠᠭ᠋ᠠᠢ ᠳᠠᠶ᠋ᠢᠯᠠᠯᠳᠤᠭ᠋ᠠᠨ᠎ᠤ ᠢᠯᠠᠯᠲᠠ ᠵᠢ ᠵᠠᠪᠠᠯ ᠲᠡᠮᠡᠴᠡᠨ ᠣᠯᠬᠤ ᠬᠡᠷᠡᠭᠲᠡᠢ
ᠰᠢ ᠵᠢᠨ ᠫᠢᠩ ᠮᠤᠵᠢ ᠶᠠᠮᠤᠨ᠎ᠤ ᠳᠡᠰ᠎ᠤᠨ ᠭᠤᠣᠯ ᠤᠳᠤᠷᠢᠳᠬᠤ ᠺᠠᠳ᠋ᠷᠴᠤᠳ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ ᠮᠠᠨ᠎ᠤ ᠤᠯᠤᠰ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ
ᠲᠦᠷᠦ ᠵᠢᠨ ᠶᠠᠪᠤᠳᠠᠯ᠎ᠤᠨ ᠬᠣᠷᠢᠶ᠎ᠠ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠴᠢᠨᠠᠭᠰᠢᠳᠠ ᠤᠯᠠᠮ ᠰᠢᠯᠢᠳᠡᠭᠵᠢᠭᠦᠯᠵᠦ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠮᠵᠢ ᠵᠢ ᠳᠡᠭᠡᠭᠰᠢᠯᠡᠭᠦᠯᠦᠨ 〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ〉 ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ
 
            