ᠰᠢᠨᠬᠤᠸᠠ ᠬᠤᠷᠢᠶ᠎ᠠ ᠵᠢᠨ ᠪᠡᠭᠡᠵᠢᠩ᠎ᠤᠨ 1 ᠰᠠᠷ᠎ᠠ ᠵᠢᠨ 4᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠪᠠᠶ᠋ᠢᠩᠭᠤ ᠵᠢᠨ ᠬᠤᠷᠢᠶ᠎ᠠ 1 ᠰᠠᠷ᠎ᠠ ᠵᠢᠨ 4᠎ᠤ ᠡᠳᠦᠷ ᠪᠦᠬᠦᠯᠢ ᠡᠳᠦᠷ ᠵᠶ᠋ᠠᠷ ᠬᠤᠷᠠᠯ ᠬᠤᠷᠠᠯᠳᠤᠭᠤᠯᠵᠤ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠂ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠂ ᠠᠷᠠᠳ᠎ᠤᠨ ᠳᠡᠭᠡᠳᠦ ᠰᠢᠭᠦᠬᠦ ᠬᠤᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠥᠪ᠎ᠤᠨ ᠱᠦᠵᠢ ᠨᠠᠷ᠎ᠤᠨ ᠭᠠᠵᠠᠷ᠎ᠤᠨ ᠠᠵᠢᠯ᠎ᠤᠨ ᠮᠡᠳᠡᠭᠦᠯᠦᠯᠲᠡ ᠵᠢ ᠰᠣᠨᠣᠰᠪᠠ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ᠃
ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠵᠢᠯ ᠪᠦᠷᠢ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠂ ᠠᠷᠠᠳ᠎ᠤᠨ ᠳᠡᠭᠡᠳᠦ ᠰᠢᠭᠦᠬᠦ ᠬᠤᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠪᠠ ᠲᠥᠪ᠎ᠤᠨ ᠱᠦᠵᠢ ᠨᠠᠷ᠎ᠤᠨ ᠭᠠᠵᠠᠷ᠎ᠤᠨ ᠠᠵᠢᠯ᠎ᠤᠨ ᠮᠡᠳᠡᠭᠦᠯᠦᠯᠲᠡ ᠵᠢ ᠲᠤᠰᠬᠠᠶ᠋ᠢᠯᠠᠨ ᠰᠣᠨᠣᠰᠳᠠᠭ᠂ ᠡᠨᠡ ᠪᠣᠯ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ ᠴᠢᠬᠤᠯᠠ ᠳᠦᠷᠢᠮ᠎ᠤᠨ ᠲᠣᠬᠢᠷᠠᠭᠤᠯᠤᠯᠲᠠ ᠪᠣᠯᠣᠨ᠎ᠠ᠃ ᠡᠨᠡ ᠬᠦ᠌ ᠳᠦᠷᠢᠮ᠎ᠤᠨ ᠲᠣᠬᠢᠷᠠᠭᠤᠯᠤᠯᠲᠠ᠎ᠨᠢ ᠨᠠᠮ᠎ᠤᠨ ᠪᠦᠭᠦ ᠲᠠᠯ᠎ᠠ ᠵᠢ ᠶᠡᠷᠦᠩᠬᠡᠶ᠋ᠢᠯᠡᠨ ᠡᠵᠡᠮᠳᠡᠵᠦ᠂ ᠡᠯ᠎ᠡ ᠲᠠᠯ᠎ᠠ ᠵᠢ ᠵᠣᠬᠢᠴᠠᠭᠤᠯᠬᠤ᠎ᠳᠤ ᠠᠰᠢᠭᠲᠠᠢ᠂ ᠨᠠᠮ᠎ᠤᠨ ᠪᠦᠯᠬᠦᠮᠳᠡᠯ ᠨᠢᠭᠡᠳᠦᠯ ᠪᠣᠯᠣᠨ ᠬᠦᠴᠦᠷᠬᠡᠭ ᠶᠡᠭᠡ ᠲᠠᠶ᠋ᠢᠴᠢᠨ ᠬᠦᠴᠦᠨ᠎ᠢ ᠪᠠᠲᠤᠯᠠᠬᠤ᠎ᠳᠤ ᠠᠰᠢᠭᠲᠠᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠬᠤ᠎ᠳᠤ ᠠᠰᠢᠭᠲᠠᠢ ᠭᠡᠳᠡᠭ᠎ᠢ ᠦᠢ᠍ᠯᠡᠳᠦᠯᠭᠡ ᠭᠡᠷᠡᠴᠢᠯᠡᠪᠡ᠃ ᠡᠨᠡ ᠤᠳᠠᠭ᠎ᠠ ᠵᠢᠨ ᠬᠤᠷᠠᠯ ᠪᠣᠯ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠲᠠᠷᠠᠭ᠎ᠠ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠬᠤᠷᠢᠶ᠎ᠠ ᠠᠩᠬ᠎ᠠ ᠤᠳᠠᠭ᠎ᠠ 5 ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠪᠣᠯᠣᠨ ᠲᠥᠪ᠎ᠤᠨ ᠱᠦᠵᠢ ᠨᠠᠷ᠎ᠤᠨ ᠭᠠᠵᠠᠷ᠎ᠤᠨ ᠠᠵᠢᠯ᠎ᠤᠨ ᠮᠡᠳᠡᠭᠦᠯᠦᠯᠲᠡ ᠵᠢ ᠰᠣᠨᠣᠰᠤᠭᠰᠠᠨ ᠶᠠᠪᠤᠳᠠᠯ ᠪᠠᠶ᠋ᠢᠵᠤ᠂ ᠵᠣᠷᠢᠯᠭ᠎ᠠ᠎ᠨᠢ ᠳᠠᠷᠤᠢ ᠡᠨᠡ ᠬᠦ᠌ ᠳᠦᠷᠢᠮ᠎ᠢ ᠰᠠᠶ᠋ᠢᠲᠤᠷ ᠪᠠᠷᠢᠮᠲᠠᠯᠠᠵᠤ᠂ ᠰᠠᠶ᠋ᠢᠲᠤᠷ ᠲᠡᠭᠦᠯᠳᠡᠷᠵᠢᠭᠦᠯᠬᠦ ᠵᠢᠨ ᠲᠥᠯᠥᠭᠡ ᠶᠤᠮ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠂ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠂ ᠠᠷᠠᠳ᠎ᠤᠨ ᠳᠡᠭᠡᠳᠦ ᠰᠢᠭᠦᠬᠦ ᠬᠤᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ ᠵᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠵᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ ᠪᠣᠯᠣᠨ ᠤᠯᠤᠰ᠎ᠤᠨ ᠠᠵᠢᠯ᠎ᠤᠨ ᠪᠦᠭᠦ ᠲᠠᠯ᠎ᠠ ᠵᠢᠨ ᠲᠣᠭᠤᠷᠢᠨ᠎ᠳᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠲᠤᠰ ᠪᠡᠶ᠎ᠡ ᠵᠢᠨ ᠪᠠᠶ᠋ᠢᠭᠤᠯᠤᠯᠲᠠ ᠵᠢ ᠦᠨᠡᠨ ᠬᠦ᠌ ᠴᠢᠩᠭ᠋ᠠᠳᠬᠠᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ᠂ ᠨᠡᠶ᠋ᠢᠭᠡᠮ᠎ᠤᠨ ᠲᠣᠭᠲᠠᠭᠤᠨ᠎ᠢ ᠪᠠᠲᠤᠯᠠᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠡᠯ᠎ᠡ ᠲᠠᠯ᠎ᠠ ᠵᠢᠨ ᠠᠵᠢᠯ ᠳᠤ ᠰᠢᠨ᠎ᠡ ᠦᠷ᠎ᠡ ᠪᠦᠲᠦᠮᠵᠢ ᠣᠯᠵᠠᠢ ᠭᠡᠵᠦ ᠦᠵᠡᠪᠡ᠃
ᠬᠤᠷᠠᠯ᠎ᠠᠴᠠ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢᠨ ᠤᠳᠤᠷᠢᠳᠤᠯᠭ᠎ᠠ ᠳᠣᠣᠷ᠎ᠠ᠂ ᠰᠢᠨ᠎ᠡ ᠨᠢᠭᠡ ᠬᠤᠭᠤᠴᠠᠭ᠋ᠠᠨ᠎ᠤ ᠲᠥᠪ᠎ᠤᠨ ᠱᠦᠵᠢ ᠨᠠᠷ᠎ᠤᠨ ᠭᠠᠵᠠᠷ ᠢᠳᠡᠪᠬᠢᠲᠡᠢ ᠰᠠᠨᠠᠭ᠋ᠠᠴᠢᠯᠠᠭ᠎ᠠ᠎ᠲᠠᠢ᠎ᠪᠠᠷ ᠠᠵᠢᠯᠯᠠᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠬᠤ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠳᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠤᠯᠠᠨ ᠲᠦᠮᠡᠨᠴᠢ ᠪᠦᠯᠭᠦᠮ᠎ᠤᠨ ᠪᠠᠶ᠋ᠢᠭᠤᠯᠤᠯᠲᠠ ᠪᠠ ᠥᠭᠡᠷᠡᠴᠢᠯᠡᠯᠲᠡ ᠵᠢ ᠵᠢᠯᠤᠭᠤᠳᠬᠤ ᠵᠡᠷᠭᠡ ᠲᠠᠯ᠎ᠠ᠎ᠪᠠᠷ ᠶᠡᠭᠡ ᠬᠡᠮᠵᠢᠶᠡᠨ᠎ᠤ ᠪᠦᠲᠦᠮᠵᠢᠲᠡᠢ ᠠᠵᠢᠯ ᠬᠢᠪᠡ ᠭᠡᠵᠦ ᠦᠵᠡᠪᠡ᠃
ᠬᠤᠷᠠᠯ᠎ᠠᠴᠠ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 75 ᠵᠢᠯ᠎ᠤᠨ ᠣᠶ ᠪᠣᠯᠣᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠮᠥᠨ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠂ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠂ ᠠᠷᠠᠳ᠎ᠤᠨ ᠳᠡᠭᠡᠳᠦ ᠰᠢᠭᠦᠬᠦ ᠬᠤᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂ 《ᠬᠤᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡ ᠬᠦ᠌ ᠬᠠᠮᠤᠭ᠎ᠤᠨ ᠳᠡᠭᠡᠳᠦ ᠤᠯᠤᠰ ᠲᠥᠷᠥ ᠵᠢᠨ ᠵᠠᠷᠴᠢᠮ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠡᠨᠡ ᠬᠦ᠌ ᠬᠠᠮᠤᠭ᠎ᠤᠨ ᠶᠡᠭᠡ ᠤᠯᠤᠰ ᠲᠦᠷᠦ᠎ᠲᠠᠢ ᠨᠢᠭᠲᠠ ᠤᠶᠠᠯᠳᠤᠭᠤᠯᠤᠨ᠂ ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠵᠣᠷᠢᠭᠲᠠᠢ᠎ᠪᠠᠷ ᠤᠷᠤᠭᠰᠢᠯᠠᠨ ᠲᠠᠪᠰᠢᠵᠤ᠂ ᠵᠣᠷᠢᠭᠲᠠᠢ᠎ᠪᠠᠷ ᠬᠢᠵᠦ ᠴᠢᠳᠠᠮᠠᠭ᠋ᠠᠢ ᠠᠵᠢᠯᠯᠠᠵᠤ᠂ ᠨᠠᠮ᠎ᠤᠨ ᠲᠥᠪ ᠬᠤᠷᠢᠶ᠎ᠠ ᠵᠢᠨ ᠨᠢᠭᠡᠳᠦᠯᠲᠡᠢ ᠵᠢᠯᠣᠭᠤᠳᠤᠯᠭ᠎ᠠ ᠳᠣᠣᠷ᠎ᠠ ᠨᠠᠶ᠋ᠢᠷᠠᠯ ᠬᠥᠭᠵᠢᠮ᠎ᠢ ᠪᠦᠷᠢᠯᠳᠦᠭᠦᠯᠵᠦ᠂ 《ᠪᠣᠳᠠᠲᠠᠶ᠋ᠢᠵᠢᠭᠤᠯᠬᠤ》᠎ᠪᠠᠷ ᠭᠤᠣᠯᠳᠠᠭᠤᠯᠵᠤ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠠᠬᠢᠭᠤᠯᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠰᠢᠨ᠎ᠡ ᠨᠢᠭᠡ ᠵᠢᠯ᠎ᠳᠤ᠂ ᠲᠥᠪ᠎ᠤᠨ ᠱᠦᠵᠢ ᠨᠠᠷ᠎ᠤᠨ ᠭᠠᠵᠠᠷ᠎ᠤᠨ᠎ᠬᠢᠨ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢᠨ ᠲᠣᠭᠤᠷᠢᠨ᠎ᠳᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠲᠤᠰ ᠪᠡᠶ᠎ᠡ ᠵᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢ᠍ᠴᠡᠳᠬᠡᠵᠦ᠂ ᠬᠡᠷᠡᠭ ᠶᠠᠪᠤᠳᠠᠯ ᠵᠥᠪᠯᠡᠬᠦ ᠲᠦᠪᠰᠢᠨ ᠵᠶ᠋ᠠᠨ ᠳᠡᠭᠡᠭᠰᠢᠯᠡᠭᠦᠯᠵᠦ᠂ ᠭᠤᠣᠯᠳᠠᠯᠭ᠎ᠠ ᠵᠢ ᠳᠤᠪᠤᠶ᠋ᠢᠯᠭ᠋ᠠᠵᠤ᠂ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠨᠠᠮ᠎ᠤᠨ ᠲᠥᠪ ᠬᠤᠷᠢᠶ᠎ᠠ᠎ᠠᠴᠠ ᠲᠤᠰᠢᠶᠠᠭᠰᠠᠨ ᠡᠯ᠎ᠡ ᠵᠦᠢ᠍ᠯ᠎ᠤᠨ ᠡᠭᠦᠷᠭᠡ ᠵᠢ ᠦᠷᠭᠦᠯᠵᠢᠯᠡᠨ ᠰᠠᠶ᠋ᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃