ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠭᠠᠵᠠᠷ ᠰᠢᠷᠣᠢ ᠵᠢᠨ ᠡᠯᠧᠮᠧᠨ᠋ᠲ᠎ᠤᠨ ᠳᠠᠪᠠᠭᠤᠯᠢᠭ ᠭᠠᠵᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ ᠴᠢᠳᠠᠪᠤᠷᠢ ᠵᠢ ᠴᠢᠩᠭ᠋ᠠᠳᠬᠠᠵᠤ ᠦᠨᠳᠦᠰᠦᠨ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠴᠢᠳᠠᠪᠤᠷᠢ ᠵᠢ ᠴᠢᠨᠠᠭᠰᠢᠳᠠ ᠳᠡᠭᠡᠭᠰᠢᠯᠡᠭᠦᠯᠭᠦ ᠬᠡᠷᠡᠭᠲᠡᠢ
ᠨᠡᠶ᠋ᠢᠲᠡᠯᠡᠭᠰᠡᠨ ᠴᠠᠭ᠄ 2024-02-22

    ᠯᠢ ᠴᠢᠶᠠᠩ     ᠸᠠᠩ ᠬᠤ᠌ ᠨᠢᠩ     ᠼᠠᠢ ᠴᠢ ᠤᠷᠤᠯᠴᠠᠵᠠᠢ

    ᠰᠢᠨᠬᠤᠸᠠ ᠬᠣᠷᠢᠶ᠎ᠠ ᠵᠢᠨ ᠪᠡᠭᠡᠵᠢᠩ᠎ᠤᠨ 2 ᠰᠠᠷ᠎ᠠ ᠵᠢᠨ 19᠎ᠤ ᠴᠠᠭᠢᠯᠭ᠋ᠠᠨ ᠮᠡᠳᠡᠭᠡ   ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ᠂ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠡᠷᠭᠢᠯᠡᠭᠴᠢ ᠰᠢ ᠵᠢᠨ ᠫᠢᠩ 2 ᠰᠠᠷ᠎ᠠ ᠵᠢᠨ 19᠎ᠤ ᠦᠳᠡ ᠵᠢᠨ ᠬᠣᠢ᠌ᠨ᠎ᠠ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠭᠠᠵᠠᠷ ᠰᠢᠷᠣᠢ ᠵᠢᠨ ᠬᠠᠮᠢᠶᠠᠷᠤᠯᠲᠠ ᠵᠢᠨ ᠳᠦᠷᠢᠮ᠎ᠳᠤ ᠥᠭᠡᠷᠡᠴᠢᠯᠡᠯᠲᠡ ᠬᠢᠵᠦ ᠳᠠᠪᠠᠭᠤᠯᠢᠭ ᠭᠠᠵᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ ᠴᠢᠳᠠᠪᠤᠷᠢ ᠵᠢ ᠴᠢᠩᠭ᠋ᠠᠳᠬᠠᠬᠤ ᠲᠤᠬᠠᠢ ᠰᠠᠨᠠᠯ》᠂ 《ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠲᠤᠬᠠᠢ ᠰᠠᠨᠠᠯ》᠂ 《ᠦᠨᠳᠦᠰᠦᠨ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠴᠢᠳᠠᠪᠤᠷᠢ ᠵᠢ ᠴᠢᠨᠠᠭᠰᠢᠳᠠ ᠳᠡᠭᠡᠭᠰᠢᠯᠡᠭᠦᠯᠭᠦ ᠲᠤᠬᠠᠢ ᠰᠠᠨᠠᠯ》᠂ 《ᠪᠦᠭᠦ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠰᠠᠭᠤᠷᠢ ᠳᠦᠷᠢᠮ᠎ᠢ ᠲᠦᠷᠭᠡᠳᠬᠡᠨ ᠪᠦᠷᠢᠯᠳᠦᠭᠦᠯᠬᠦ ᠲᠤᠬᠠᠢ ᠰᠠᠨᠠᠯ》᠂ 《ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ 2023 ᠣᠨ᠎ᠤ ᠠᠵᠢᠯ᠎ᠤᠨ ᠳ᠋ᠦᠩᠨᠡᠯᠲᠡ ᠵᠢᠨ ᠮᠡᠳᠡᠭᠦᠯᠦᠯᠲᠡ》᠂ 《ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ 2024 ᠣᠨ᠎ᠤ ᠠᠵᠢᠯ᠎ᠤᠨ ᠭᠣᠣᠯᠳᠠᠯᠭ᠎ᠠ》 ᠵᠢ ᠬᠢᠨᠠᠨ ᠵᠥᠪᠯᠡᠵᠦ ᠪᠠᠲᠤᠯᠠᠵᠠᠢ᠃
    ᠰᠢ ᠵᠢᠨ ᠫᠢᠩ ᠬᠤᠷᠠᠯ᠎ᠢ ᠡᠷᠭᠢᠯᠡᠭᠦ᠎ᠳᠡᠭᠡᠨ᠂ ᠬᠣᠷᠸ᠎ᠠ ᠲᠦᠷᠦ ᠵᠢᠨ ᠪᠣᠳᠣᠯᠭ᠎ᠠ᠂ ᠣᠷᠣᠨ ᠪᠦᠰᠡ ᠵᠢᠨ ᠬᠥᠭᠵᠢᠯᠲᠡ᠎ᠯᠦᠭᠡ ᠨᠡᠩ ᠥᠨᠳᠥᠷ ᠪᠦᠲᠦᠮᠵᠢᠲᠡᠢ ᠵᠣᠯᠭ᠋ᠠᠯᠴᠠᠬᠤ ᠭᠠᠵᠠᠷ ᠰᠢᠷᠣᠢ ᠵᠢᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠭᠠᠵᠠᠷ ᠰᠢᠷᠣᠢ ᠵᠢᠨ ᠡᠯᠧᠮᠧᠨ᠋ᠲ᠎ᠢ ᠲᠣᠬᠢᠷᠠᠭᠤᠯᠬᠤ ᠵᠢᠨ ᠣᠨᠣᠪᠴᠢᠲᠤ ᠴᠢᠨᠠᠷ ᠪᠠ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠭᠣᠣᠯ ᠴᠣᠭᠴᠠ ᠵᠢᠨ ᠴᠢᠳᠠᠮᠵᠢ ᠵᠢᠨ ᠬᠢᠵᠠᠭ᠋ᠠᠷᠯᠠᠯ ᠪᠦᠲᠦᠮᠵᠢᠲᠡᠢ᠂ ᠤᠯᠤᠰ᠎ᠤᠨ ᠨᠤᠲᠤᠭ ᠳᠡᠪᠢᠰᠬᠡᠷ᠎ᠤᠨ ᠨᠡᠭᠡᠭᠡᠨ ᠬᠥᠭᠵᠢᠭᠦᠯᠦᠯᠲᠡ ᠵᠢ ᠵᠣᠬᠢᠴᠠᠩᠭᠤᠢ ᠡᠮᠬᠢ ᠵᠢᠷᠤᠮ᠎ᠲᠠᠢ ᠪᠤᠯᠭ᠋ᠠᠬᠤ ᠣᠷᠣᠨ ᠵᠠᠢ ᠵᠢᠨ ᠬᠥᠭᠵᠢᠯᠲᠡ ᠵᠢᠨ ᠪᠠᠢ᠌ᠷᠢᠰᠢᠯ᠎ᠢ ᠪᠦᠷᠢᠯᠳᠦᠭᠦᠯᠬᠦ ᠵᠢ ᠠᠬᠢᠭᠤᠯᠵᠤ᠂ ᠭᠠᠵᠠᠷ ᠰᠢᠷᠣᠢ ᠵᠢᠨ ᠡᠯᠧᠮᠧᠨ᠋ᠲ᠎ᠤᠨ ᠳᠠᠪᠠᠭᠤᠯᠢᠭ ᠭᠠᠵᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ ᠴᠢᠳᠠᠪᠤᠷᠢ ᠵᠢ ᠴᠢᠩᠭ᠋ᠠᠳᠬᠠᠬᠤ ᠬᠡᠷᠡᠭᠲᠡᠢ᠃ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠪᠣᠯ ᠡᠬᠢ ᠪᠠᠶᠠᠯᠢᠭ ᠣᠷᠴᠢᠨ ᠲᠣᠭᠣᠷᠢᠨ ᠠᠮᠢ ᠠᠬᠤᠢ ᠵᠢᠨ ᠠᠰᠠᠭᠤᠳᠠᠯ᠎ᠢ ᠰᠢᠢ᠍ᠳᠪᠦᠷᠢᠯᠡᠬᠦ ᠰᠠᠭᠤᠷᠢ ᠪᠤᠯᠬᠤ ᠠᠷᠭ᠎ᠠ ᠪᠣᠳᠣᠯᠭ᠎ᠠ ᠪᠣᠯᠣᠨ᠎ᠠ᠂ ᠪᠦᠭᠦ ᠲᠠᠯ᠎ᠠ᠎ᠪᠠᠷ ᠭᠡᠯᠪᠡᠷᠢ᠎ᠪᠠᠨ ᠬᠤᠪᠢᠷᠠᠭᠤᠯᠬᠤ᠂ ᠬᠠᠮᠵᠢᠯᠴᠠᠨ ᠭᠡᠯᠪᠡᠷᠢ᠎ᠪᠠᠨ ᠬᠤᠪᠢᠷᠠᠭᠤᠯᠬᠤ᠂ ᠰᠢᠨ᠎ᠡ ᠵᠢ ᠡᠭᠦᠳᠦᠨ ᠭᠡᠯᠪᠡᠷᠢ᠎ᠪᠠᠨ ᠬᠤᠪᠢᠷᠠᠭᠤᠯᠬᠤ᠂ ᠠᠮᠤᠷ ᠲᠦᠪᠰᠢᠨ ᠵᠶ᠋ᠡᠷ ᠭᠡᠯᠪᠡᠷᠢ᠎ᠪᠠᠨ ᠬᠤᠪᠢᠷᠠᠭᠤᠯᠬᠤ ᠵᠢ ᠪᠠᠷᠢᠮᠲᠠᠯᠠᠵᠤ᠂ 《ᠬᠣᠣᠰ ᠨᠡᠭᠦᠷᠡᠰᠦᠲᠥ᠋ᠷᠥᠭᠴᠢ》 ᠵᠢᠨ ᠠᠵᠢᠯ ᠵᠶ᠋ᠠᠷ ᠵᠢᠯᠣᠭᠣᠳᠤᠮᠵᠢ ᠪᠤᠯᠭ᠋ᠠᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ᠂ ᠪᠣᠬᠢᠷᠳᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠥᠰᠦᠯᠲᠡ ᠵᠢ ᠨᠡᠮᠡᠭᠳᠡᠭᠦᠯᠬᠦ ᠵᠢ ᠬᠠᠮᠵᠢᠯᠴᠠᠨ ᠠᠬᠢᠭᠤᠯᠵᠤ᠂ ᠪᠣᠬᠢᠷᠳᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠭᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠬᠤ ᠬᠡᠷᠡᠭᠲᠡᠢ᠃ ᠦᠨᠳᠦᠰᠦᠨ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠴᠢᠳᠠᠪᠤᠷᠢ ᠵᠢ ᠴᠢᠨᠠᠭᠰᠢᠳᠠ ᠳᠡᠭᠡᠭᠰᠢᠯᠡᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠠᠵᠢᠯ᠎ᠤᠨ ᠬᠦᠴᠦᠨ᠎ᠢ ᠳᠣᠷᠣᠭᠰᠢ ᠪᠠᠭᠤᠯᠭ᠋ᠠᠬᠤ᠂ ᠪᠠᠲᠤᠯᠠᠭ᠎ᠠ ᠵᠢ ᠳᠣᠷᠣᠭᠰᠢ ᠬᠡᠯᠪᠡᠢ᠌ᠯᠭᠡᠬᠦ᠂ ᠪᠣᠭᠣᠮᠲᠠ ᠵᠢ ᠤᠷᠤᠭᠰᠢ ᠰᠢᠯᠵᠢᠭᠦᠯᠬᠦ ᠵᠢ ᠠᠬᠢᠭᠤᠯᠵᠤ᠂ ᠬᠦᠨᠳᠦ ᠶᠡᠬᠡ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠢ᠌ᠯᠡᠨ ᠠᠷᠢᠯᠭ᠋ᠠᠵᠤ᠂ ᠡᠯ᠎ᠡ ᠲᠦᠷᠦᠯ᠎ᠤᠨ ᠭᠠᠮᠰᠢᠭ ᠡᠨᠳᠡᠯ᠎ᠢ ᠴᠠᠭ ᠲᠤᠬᠠᠢ᠎ᠳᠤᠨᠢ ᠬᠦᠴᠦᠲᠡᠢ ᠪᠦᠲᠦᠮᠵᠢᠲᠡᠢ ᠰᠢᠢ᠍ᠳᠪᠦᠷᠢᠯᠡᠵᠦ᠂ ᠠᠮᠤᠷ ᠲᠦᠪᠰᠢᠨ᠎ᠤ ᠰᠠᠭᠤᠷᠢ ᠵᠢ ᠪᠡᠬᠢᠵᠢᠭᠦᠯᠵᠦ᠂ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯᠣᠨ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠬᠦᠯᠢᠶᠡᠰᠦᠯᠡᠵᠦ ᠪᠠᠢ᠌ᠭ᠎ᠠ ᠲᠣᠪᠣᠢ᠌ᠮ᠎ᠠ ᠠᠰᠠᠭᠤᠳᠠᠯ᠎ᠲᠠᠢ ᠨᠢᠭᠲᠠ ᠤᠶᠠᠯᠳᠤᠭᠤᠯᠵᠤ᠂ ᠰᠢᠨ᠎ᠡ ᠵᠢ ᠡᠭᠦᠳᠬᠦ᠎ᠳᠤ ᠶᠠᠭᠤ ᠬᠢᠬᠦ᠂ ᠬᠡᠨ ᠰᠢᠨ᠎ᠡ ᠵᠢ ᠡᠭᠦᠳᠬᠦ ᠵᠢ ᠵᠣᠬᠢᠶᠠᠨ ᠪᠠᠢ᠌ᠭᠤᠯᠬᠤ᠂ ᠰᠢᠨ᠎ᠡ ᠵᠢ ᠡᠭᠦᠳᠬᠦ ᠵᠢ ᠬᠡᠷᠬᠢᠨ ᠳᠡᠮᠵᠢᠨ ᠵᠣᠷᠢᠭᠵᠢᠭᠤᠯᠵᠤ ᠬᠠᠮᠠᠭ᠋ᠠᠯᠠᠬᠤ ᠵᠢᠨ ᠲᠣᠭᠣᠷᠢᠨ᠎ᠳᠤ᠂ ᠥᠭᠡᠷᠡᠴᠢᠯᠡᠯᠲᠡ ᠵᠢᠨ ᠪᠣᠭᠣᠮᠲᠠ ᠰᠢᠪᠲᠤᠯᠬᠤ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠪᠦᠭᠦ ᠲᠠᠯ᠎ᠠ᠎ᠪᠠᠷ ᠰᠢᠨ᠎ᠡ ᠵᠢ ᠡᠭᠦᠳᠬᠦ ᠰᠠᠭᠤᠷᠢ ᠳᠦᠷᠢᠮ᠎ᠢ ᠲᠦᠷᠭᠡᠳᠬᠡᠨ ᠪᠠᠢ᠌ᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
    ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ᠂ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠌ ᠨᠢᠩ᠂ ᠼᠠᠢ ᠴᠢ ᠬᠤᠷᠠᠯ᠎ᠳᠤ ᠣᠷᠣᠯᠴᠠᠪᠠ᠃
    ᠬᠤᠷᠠᠯ᠎ᠠᠴᠠ᠂ ᠣᠷᠣᠨ ᠪᠦᠰᠡ ᠵᠢᠨ ᠠᠵᠤ ᠠᠬᠤᠢ ᠵᠢᠨ ᠪᠠᠢ᠌ᠷᠢᠰᠢᠭᠤᠯᠤᠯᠲᠠ ᠪᠣᠯᠣᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠠᠰᠢᠭᠯᠠᠯᠲᠠ ᠵᠢ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠭᠠᠵᠠᠷ᠎ᠤᠨ ᠦᠢ᠍ᠯᠡᠳᠦᠯ ᠴᠢᠳᠠᠮᠵᠢ ᠵᠢᠨ ᠪᠠᠢ᠌ᠷᠢ ᠲᠣᠭᠲᠠᠭ᠋ᠠᠯᠲᠠ ᠪᠣᠯᠣᠨ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠵᠤ᠂ ᠭᠠᠵᠠᠷ ᠰᠢᠷᠣᠢ ᠵᠢᠨ ᠬᠠᠮᠢᠶᠠᠷᠤᠯᠲᠠ ᠵᠢᠨ ᠲᠦᠷᠦ ᠵᠢᠨ ᠪᠣᠳᠣᠯᠭ᠎ᠠ ᠵᠢᠨ ᠨᠢᠭᠡᠴᠢ ᠵᠢ ᠨᠠᠷᠢᠯᠢᠭᠵᠢᠭᠤᠯᠵᠤ᠂ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠦᠪᠰᠢᠨ᠎ᠢ ᠳᠡᠭᠡᠭᠰᠢᠯᠡᠭᠦᠯᠵᠦ᠂ ᠳᠠᠪᠠᠭᠤᠯᠢᠭ ᠭᠠᠵᠠᠷ ᠣᠷᠣᠨ᠎ᠤ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠬᠤ ᠬᠡᠷᠡᠭᠲᠡᠢ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠬᠠᠮᠢᠶᠠᠷᠤᠨ ᠡᠵᠡᠮᠳᠡᠬᠦ ᠵᠠᠭ᠋ᠠᠭ ᠬᠢᠵᠠᠭ᠋ᠠᠷ᠎ᠢ ᠴᠢᠩᠭ᠎ᠠ ᠨᠠᠢ᠌ᠳᠠᠪᠤᠷᠢᠵᠢᠭᠤᠯᠵᠤ᠂ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠬᠤᠳᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ ᠵᠡᠷᠭᠡ ᠭᠤᠷᠪᠠᠨ ᠬᠢᠵᠠᠭ᠋ᠠᠷᠯᠠᠬᠤ ᠱᠤᠭᠤᠮ᠎ᠢ ᠴᠢᠩᠭ᠎ᠠ ᠰᠠᠬᠢᠵᠤ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠰᠦᠪᠡᠭᠴᠢᠯᠡᠯᠲᠡ ᠵᠢᠨ ᠴᠢᠨᠠᠷᠲᠠᠢ ᠪᠥᠭᠡᠳ ᠲᠤᠢ᠌ᠯ᠎ᠤᠨ ᠪᠠᠴᠢᠮ ᠲᠤᠯᠭ᠋ᠠᠮ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠭᠦᠨᠵᠡᠭᠡᠢ ᠰᠤᠳᠤᠯᠵᠤ᠂ ᠯᠠᠪᠳᠠᠭᠤᠨ ᠪᠣᠯᠭᠣᠮᠵᠢᠲᠠᠢ᠎ᠪᠠᠷ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠎ᠳᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠢ᠌ᠲᠠᠢ ᠬᠥᠭᠵᠢᠯᠲᠡ ᠵᠢᠨ ᠣᠷᠣᠨ ᠵᠠᠢ ᠵᠢᠨ ᠪᠠᠢ᠌ᠷᠢᠰᠢᠯ᠎ᠢ ᠪᠠᠢ᠌ᠭᠤᠯᠵᠤ᠂ ᠠᠵᠤ ᠦᠢ᠍ᠯᠡᠰ᠎ᠤᠨ ᠪᠦᠲᠦᠴᠡ᠂ ᠡᠨᠧᠷᠭᠢ ᠵᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠦᠲᠦᠴᠡ᠂ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠥᠭᠵᠢᠯᠲᠡ ᠵᠢᠨ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠦᠢ᠍ᠯᠡᠳᠪᠦᠷᠢᠯᠡᠯ᠎ᠤᠨ ᠠᠷᠭ᠎ᠠ ᠭᠡᠯᠪᠡᠷᠢ ᠪᠣᠯᠣᠨ ᠠᠮᠢᠳᠤᠷᠠᠯ᠎ᠤᠨ ᠠᠷᠭ᠎ᠠ ᠭᠡᠯᠪᠡᠷᠢ ᠵᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠠᠩᠭᠢᠯᠠᠭ᠎ᠠ ᠵᠢᠨ ᠭᠣᠭᠴᠣᠭ᠎ᠠ ᠵᠢ ᠠᠳᠬᠤᠵᠤ᠂ ᠪᠦᠭᠦ ᠲᠠᠯ᠎ᠠ᠎ᠪᠠᠷ ᠠᠷᠪᠢᠯᠠᠨ ᠭᠠᠮᠨᠠᠬᠤ ᠵᠢ ᠠᠬᠢᠭᠤᠯᠵᠤ᠂ ᠬᠡᠷᠡᠭᠯᠡᠭᠡ ᠵᠢᠨ ᠭᠡᠯᠪᠡᠷᠢ ᠵᠢ ᠬᠤᠪᠢᠷᠠᠭᠤᠯᠬᠤ ᠵᠢ ᠲᠦᠷᠭᠡᠳᠬᠡᠵᠦ᠂ ᠪᠣᠬᠢᠷᠳᠤᠯ ᠦᠭᠡᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠲᠡᠷᠢᠭᠦᠨ᠎ᠤ ᠪᠣᠬᠢᠷᠳᠤᠯ ᠦᠭᠡᠢ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠴᠢᠩᠭ᠋ᠠᠳᠬᠠᠬᠤ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠳᠡᠮᠵᠢᠬᠦ ᠡᠳ᠋᠎ᠤᠨ ᠵᠠᠰᠠᠭ ᠭᠠᠢ᠌ᠯᠢ᠂ ᠮᠥᠩᠭᠥᠨ ᠭᠦᠢ᠍ᠯᠭᠡᠭᠡᠨ᠂ ᠪᠡᠯᠡ ᠣᠷᠣᠭᠤᠯᠤᠯᠲᠠ᠂ ᠦᠨ᠎ᠡ ᠬᠠᠩᠰᠢ ᠵᠢᠨ ᠲᠦᠷᠦ ᠵᠢᠨ ᠪᠣᠳᠣᠯᠭ᠎ᠠ ᠪᠣᠯᠣᠨ ᠬᠣᠯᠪᠣᠭᠳᠠᠯ ᠪᠦᠬᠦᠢ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠵᠢ ᠪᠦᠷᠢᠨᠰᠢᠭᠦᠯᠵᠦ᠂ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ᠎ᠳᠤ ᠲᠦᠷᠦ ᠵᠢᠨ ᠪᠣᠳᠣᠯᠭ᠎ᠠ ᠵᠢᠨ ᠳᠡᠮᠵᠢᠯᠭᠡ ᠪᠣᠯᠣᠨ ᠳᠦᠷᠢᠮ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ᠂ ᠬᠠᠮᠢᠶᠠᠷᠤᠯᠲᠠ ᠵᠢᠨ ᠪᠠᠢ᠌ᠭᠤᠯᠤᠮᠵᠢ ᠵᠢ ᠰᠢᠯᠤᠭᠤᠳᠬᠠᠵᠤ᠂ ᠨᠠᠮ᠎ᠤᠨ ᠦᠨᠳᠦᠰᠦᠨ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠠᠵᠢᠯ᠎ᠳᠠᠬᠢ ᠤᠳᠤᠷᠢᠳᠤᠯᠭ᠎ᠠ ᠵᠢ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠶᠡᠷᠦᠩᠬᠡᠢ᠌ᠯᠡᠭᠰᠡᠨ ᠳᠠᠪᠠᠭᠤᠯᠢᠭ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠣᠯᠪᠣᠭᠳᠠᠯ ᠪᠦᠬᠦᠢ ᠲᠠᠯ᠎ᠠ ᠵᠢᠨ ᠲᠤᠰᠬᠠᠢ ᠮᠡᠷᠭᠡᠵᠢᠯ᠎ᠤᠨ ᠳᠠᠪᠠᠭᠤᠯᠢᠭ᠎ᠢ ᠪᠠᠳᠠᠷᠠᠭᠤᠯᠵᠤ᠂      《ᠰᠡᠷᠭᠡᠢ᠌ᠯᠡᠬᠦ》 ᠪᠠ 《ᠠᠪᠤᠷᠠᠬᠤ》 ᠬᠠᠷᠢᠭᠤᠴᠠᠯᠭ᠎ᠠ ᠵᠢᠨ ᠬᠡᠯᠬᠢᠶ᠎ᠡ ᠵᠢ ᠰᠠᠢ᠌ᠲᠤᠷ ᠵᠣᠯᠭ᠋ᠠᠭᠤᠯᠵᠤ᠂ ᠶᠡᠬᠡ ᠠᠮᠤᠷ ᠲᠦᠪᠰᠢᠨ ᠶᠡᠬᠡ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠣᠷᠣ ᠲᠥᠯᠥᠪ᠎ᠢ ᠪᠦᠷᠢᠨᠰᠢᠭᠦᠯᠬᠦ ᠬᠡᠷᠡᠭᠲᠡᠢ᠃ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠂ ᠭᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ᠂ ᠠᠶᠤᠯ ᠲᠦᠭᠰᠢᠭᠦᠷᠢ ᠵᠢ ᠢᠯᠭ᠋ᠠᠨ ᠲᠠᠨᠢᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠴᠠᠭ ᠲᠤᠬᠠᠢ᠎ᠳᠤᠨᠢ ᠰᠢᠢ᠍ᠳᠪᠦᠷᠢᠯᠡᠬᠦ ᠪᠢᠲᠡᠭᠦᠮᠵᠢᠯᠡᠭᠰᠡᠨ ᠬᠠᠮᠢᠶᠠᠷᠤᠯᠲᠠ ᠵᠢᠨ   ᠪᠦᠷᠢᠯᠳᠦᠬᠦ ᠵᠢ ᠠᠬᠢᠭᠤᠯᠵᠤ᠂ ᠤᠷᠢᠳᠴᠢᠯᠠᠨ ᠰᠡᠷᠭᠡᠢ᠌ᠯᠡᠬᠦ᠂ ᠡᠷᠲᠡ᠎ᠠᠴᠠ ᠢᠯᠡᠷᠡᠭᠦᠯᠬᠦ᠂ ᠪᠠᠭ᠎ᠠ ᠳᠡᠭᠡᠷ᠎ᠡ᠎ᠨᠢ ᠰᠢᠢ᠍ᠳᠪᠦᠷᠢᠯᠡᠬᠦ ᠵᠢ ᠪᠡᠶᠡᠯᠡᠭᠦᠯᠬᠦ ᠬᠡᠷᠡᠭᠲᠡᠢ᠃ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠵᠦ᠂ ᠰᠠᠭᠤᠷᠢᠯᠠᠬᠤ ᠴᠢᠨᠠᠷᠲᠠᠢ ᠣᠷᠣᠭᠤᠯᠤᠯᠲᠠ ᠵᠢ ᠨᠡᠮᠡᠭᠳᠡᠭᠦᠯᠦᠨ᠂ ᠭᠠᠵᠠᠷ ᠣᠷᠣᠨ᠎ᠤ ᠬᠥᠮᠥᠨ ᠠᠮᠠ ᠵᠢᠨ ᠲᠣᠭ᠎ᠠ ᠬᠡᠮᠵᠢᠶ᠎ᠡ᠂ ᠠᠵᠤ ᠠᠬᠤᠢ ᠵᠢᠨ ᠬᠡᠪᠴᠢᠶ᠎ᠡ᠂ ᠭᠠᠮᠰᠢᠭ᠎ᠤᠨ ᠡᠨᠳᠡᠯ᠎ᠤᠨ ᠣᠨᠴᠠᠯᠢᠭ᠂ ᠠᠮᠤᠷ ᠲᠦᠪᠰᠢᠨ᠎ᠤ ᠲᠦᠭᠰᠢᠭᠦᠷᠢ ᠵᠢᠨ ᠬᠡᠮᠵᠢᠶ᠎ᠡ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ   ᠪᠦᠷᠢᠨ ᠭᠦᠢ᠍ᠴᠡᠳ ᠬᠦᠴᠦᠷᠬᠡᠭ ᠬᠦᠴᠦᠨ᠎ᠢ ᠲᠣᠬᠢᠷᠠᠭᠤᠯᠬᠤ ᠬᠡᠷᠡᠭᠲᠡᠢ᠃ ᠦᠨᠳᠦᠰᠦᠨ ᠱᠠᠲᠤᠨ᠎ᠤ ᠺᠠᠳ᠋ᠷ᠎ᠤᠨ ᠬᠥᠮᠦᠵᠢᠯ ᠪᠣᠯᠪᠠᠰᠤᠷᠠᠯ᠎ᠢ ᠴᠢᠩᠭ᠋ᠠᠳᠬᠠᠵᠤ᠂ ᠨᠡᠢ᠌ᠭᠡᠮ᠎ᠤᠨ ᠤᠯᠠᠨ ᠨᠡᠢ᠌ᠲᠡ ᠵᠢᠨ ᠠᠶᠤᠯ ᠲᠦᠭᠰᠢᠭᠦᠷᠢ ᠵᠢ ᠰᠡᠷᠭᠡᠢ᠌ᠯᠡᠬᠦ ᠤᠬᠠᠮᠰᠠᠷ ᠪᠣᠯᠣᠨ ᠥᠪᠡᠷ᠎ᠢ᠎ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠪᠦᠭᠦ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠰᠠᠭᠤᠷᠢ ᠳᠦᠷᠢᠮ᠎ᠢ ᠲᠦᠷᠭᠡᠳᠬᠡᠨ ᠪᠦᠷᠢᠯᠳᠦᠭᠦᠯᠬᠦ ᠪᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠳᠠᠬᠢ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢᠨ ᠪᠠᠢ᠌ᠭᠤᠯᠤᠮᠵᠢ ᠵᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠵᠢᠨ ᠤᠯᠤᠰ ᠳᠠᠶᠠᠭ᠋ᠠᠷ᠎ᠤᠨ ᠪᠠᠢ᠌ᠭᠤᠯᠤᠮᠵᠢ ᠵᠢ ᠪᠦᠷᠢᠨᠰᠢᠭᠦᠯᠵᠦ᠂ ᠭᠣᠣᠯ ᠴᠣᠭᠴᠠ ᠵᠢᠨ ᠬᠠᠮᠵᠢᠯᠴᠠᠭ᠎ᠠ᠂ ᠴᠢᠬᠤᠯᠠ ᠡᠯᠧᠮᠧᠨ᠋ᠲ᠎ᠤᠨ ᠲᠣᠬᠢᠷᠠᠭᠤᠯᠤᠯᠲᠠ᠂ ᠤᠷᠮᠠᠰᠢᠭᠤᠯᠵᠤ ᠬᠢᠵᠠᠭ᠋ᠠᠷᠯᠠᠬᠤ᠂ ᠨᠡᠭᠡᠭᠡᠯᠲᠡᠲᠤ ᠠᠮᠤᠷ ᠲᠦᠪᠰᠢᠨ ᠵᠡᠷᠭᠡ ᠲᠠᠯ᠎ᠠ ᠵᠢᠨ ᠲᠣᠪᠣᠢ᠌ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠦᠷᠢᠮ᠎ᠤᠨ ᠳᠤᠲᠠᠭᠤᠳᠠᠯ᠎ᠢ ᠨᠥᠬᠥᠪᠦᠷᠢᠯᠡᠬᠦ ᠬᠡᠷᠡᠭᠲᠡᠢ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ᠂ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠠᠳᠠᠯᠢ ᠪᠤᠰᠤ ᠵᠢᠮ᠎ᠡ ᠶᠣᠰᠣ ᠵᠢ ᠦᠨᠳᠦᠰᠦᠯᠡᠨ᠂ ᠳᠦᠷᠢᠮ᠎ᠤᠨ ᠵᠢᠷᠤᠭ ᠲᠥᠯᠥᠪᠯᠡᠭᠡ ᠵᠢ ᠲᠥᠷᠥᠯ ᠬᠤᠪᠢᠶᠠᠨ ᠴᠢᠩᠭ᠋ᠠᠳᠬᠠᠵᠤ᠂ ᠴᠢᠬᠤᠯᠠ ᠶᠡᠬᠡ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠤᠷᠢᠳ ᠵᠢᠡᠷ ᠬᠢᠬᠦ ᠬᠡᠷᠡᠭᠲᠡᠢ᠃ ᠰᠢᠰᠲ᠋ᠧᠮ᠎ᠤᠨ ᠬᠤᠷᠠᠮᠠᠯ᠎ᠢ ᠴᠢᠩᠭ᠋ᠠᠳᠬᠠᠵᠤ᠂ ᠰᠢᠨ᠎ᠡ᠎ᠪᠠᠷ ᠨᠡᠢ᠌ᠲᠡᠯᠡᠭᠰᠡᠨ ᠠᠷᠭ᠎ᠠ ᠬᠡᠮᠵᠢᠶ᠎ᠡ᠂ ᠰᠢᠨ᠎ᠡ᠎ᠪᠠᠷ ᠲᠣᠭᠲᠠᠭ᠋ᠠᠭᠰᠠᠨ ᠳᠦᠷᠢᠮ᠎ᠳᠤ ᠲᠥᠷᠥ ᠵᠢᠨ ᠪᠣᠳᠣᠯᠭ᠎ᠠ ᠵᠢᠨ ᠬᠠᠨᠳᠤᠰᠢ ᠵᠢᠨ ᠨᠢᠭᠡᠳᠦᠯᠲᠦ ᠴᠢᠨᠠᠷᠲᠠᠢ᠎ᠳᠤ ᠦᠨᠡᠯᠡᠯᠲᠡ ᠬᠢᠵᠦ᠂ ᠠᠳᠠᠯᠢ ᠴᠢᠭᠯᠡᠯ ᠵᠶ᠋ᠡᠷ ᠬᠦᠴᠦᠯᠡᠵᠦ᠂ ᠬᠠᠮᠲᠤᠷᠠᠯ ᠬᠦᠴᠦᠨ᠎ᠢ ᠪᠦᠷᠢᠯᠳᠦᠭᠦᠯᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ᠂ ᠥᠩᠭᠡᠷᠡᠭᠰᠡᠨ ᠨᠢᠭᠡ ᠵᠢᠯ᠎ᠳᠤ᠂ ᠪᠢᠳᠡ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠶᠠᠪᠤᠴᠠ᠎ᠳᠤ   ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ᠎ᠳᠤ ᠳᠤᠷᠠᠳᠤᠭᠰᠠᠨ ᠰᠢᠨ᠎ᠡ ᠱᠠᠭ᠋ᠠᠷᠳᠠᠯᠭ᠎ᠠ ᠵᠢ ᠭᠦᠨᠵᠡᠭᠡᠢ ᠡᠵᠡᠮᠳᠡᠵᠦ᠂ ᠰᠢᠨ᠎ᠡ ᠭᠠᠷᠤᠭ᠎ᠠ ᠳᠡᠭᠡᠷ᠎ᠡ᠎ᠠᠴᠠ ᠥᠭᠡᠷᠡᠴᠢᠯᠡᠯᠲᠡ ᠵᠢᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠣᠨᠢᠨ ᠳᠡᠭᠡᠷ᠎ᠡ᠎ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠰᠢᠨ᠎ᠡ ᠠᠶᠠᠨ᠎ᠢ ᠡᠬᠢᠯᠡᠭᠦᠯᠬᠦ᠎ᠳᠤ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ ᠬᠠᠩᠭ᠋ᠠᠪᠠ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠪᠠᠢ᠌ᠷᠢᠯᠠᠭᠤᠯᠤᠭᠰᠠᠨ ᠥᠭᠡᠷᠡᠴᠢᠯᠡᠯᠲᠡ ᠵᠢᠨ ᠡᠭᠦᠷᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠨᠢᠭᠡ ᠪᠦᠯᠦᠭ ᠴᠢᠬᠤᠯᠠ ᠥᠭᠡᠷᠡᠴᠢᠯᠡᠯᠲᠡ ᠵᠢᠨ ᠪᠢᠴᠢᠭ ᠮᠠᠲ᠋ᠧᠷᠢᠶᠠᠯ᠎ᠢ ᠰᠤᠳᠤᠯᠤᠨ ᠪᠠᠲᠤᠯᠠᠵᠤ᠂ ᠬᠦᠴᠦᠨ ᠵᠶ᠋ᠡᠨ ᠲᠥᠪᠯᠡᠷᠡᠭᠦᠯᠦᠨ ᠴᠢᠨᠠᠷ ᠰᠠᠢ᠌ᠲᠠᠢ ᠬᠥᠭᠵᠢᠯᠲᠡ᠎ᠳᠤ ᠪᠠᠴᠢᠮ ᠱᠠᠭ᠋ᠠᠷᠳᠠᠭᠳᠠᠵᠤ ᠪᠠᠢ᠌ᠭ᠎ᠠ᠂ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠪᠡ᠃ ᠨᠠᠮ ᠪᠠ ᠲᠥᠷᠥ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠨᠠᠮ᠎ᠤᠨ ᠤᠳᠤᠷᠢᠳᠬᠤ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠮᠥᠩᠭᠥᠨ ᠭᠦᠢ᠍ᠯᠭᠡᠭᠡᠨ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠠᠬᠢ ᠪᠠᠢ᠌ᠭᠤᠯᠤᠮᠵᠢ ᠵᠢᠨ ᠲᠤᠰᠢᠶᠠᠯ ᠬᠠᠷᠢᠭᠤᠴᠠᠯᠭ᠎ᠠ ᠵᠢᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠲᠥᠪ᠎ᠤᠨ ᠳᠠᠪᠬᠤᠷᠭ᠎ᠠ ᠵᠢᠨ ᠥᠭᠡᠷᠡᠴᠢᠯᠡᠯᠲᠡ ᠵᠢᠨ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠪᠡ᠃ ᠭᠣᠣᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠵᠣᠬᠢᠴᠠᠭᠤᠯᠤᠨ ᠠᠬᠢᠭᠤᠯᠬᠤ᠂ ᠱᠠᠯᠠᠪᠳᠠᠭᠤᠯᠤᠨ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠵᠤ᠂ ᠥᠭᠡᠷᠡᠴᠢᠯᠡᠯᠲᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠳᠦᠮᠵᠢ ᠭᠠᠷᠭ᠋ᠠᠬᠤ ᠵᠢ ᠠᠬᠢᠭᠤᠯᠪᠠ᠃
    ᠡᠨᠡ ᠵᠢᠯ ᠪᠣᠯ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠪᠠᠰᠠ ᠨᠢᠭᠡᠨ ᠴᠢᠬᠤᠯᠠ ᠵᠢᠯ ᠮᠥᠨ᠂   ᠡᠨᠡ ᠵᠢᠯ᠎ᠤᠨ ᠭᠣᠣᠯ ᠡᠭᠦᠷᠭᠡ ᠪᠣᠯ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠶᠠᠪᠤᠳᠠᠯ᠎ᠢ ᠲᠥᠯᠥᠪᠯᠡᠬᠦ ᠶᠠᠪᠤᠳᠠᠯ ᠪᠣᠯᠣᠨ᠎ᠠ᠂ ᠡᠨᠡ ᠪᠣᠯ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠠᠴᠠ ᠨᠠᠭ᠋ᠠᠰᠢᠬᠢ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠦᠢ᠍ᠯᠡᠳᠦᠯᠭᠡ ᠵᠢᠨ ᠦᠷᠭᠦᠯᠵᠢᠯᠡᠯ ᠮᠥᠨ ᠪᠥᠭᠡᠳ ᠪᠠᠰᠠ ᠴᠤ᠌ ᠰᠢᠨ᠎ᠡ ᠠᠶᠠᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠴᠠᠭ ᠦᠶ᠎ᠡ ᠵᠢᠨ ᠰᠢᠨ᠎ᠡ ᠬᠠᠭᠤᠳᠠᠰᠤ ᠮᠥᠨ᠃ ᠥᠭᠡᠷᠡᠴᠢᠯᠡᠯᠲᠡ ᠨᠡᠭᠡᠭᠡᠯᠲᠡ ᠭᠡᠬᠦ ᠡᠨᠡ ᠬᠦ᠌ ᠵᠠᠩᠭᠢᠯᠠᠭ᠎ᠠ ᠵᠢᠨ ᠠᠷᠭ᠎ᠠ᠎ᠪᠠᠷ ᠬᠥᠭᠵᠢᠯᠲᠡ ᠵᠢᠨ ᠳᠤᠮᠳᠠᠬᠢ ᠠᠰᠠᠭᠤᠳᠠᠯ᠎ᠢ ᠰᠢᠢ᠍ᠳᠪᠦᠷᠢᠯᠡᠬᠦ᠂ ᠤᠷᠤᠭᠰᠢᠯᠠᠯᠲᠠ ᠵᠢᠨ ᠵᠠᠮ ᠳᠡᠭᠡᠷᠡᠬᠢ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭ᠋ᠠᠴᠠᠭ᠋ᠠᠬᠤ ᠵᠢ ᠪᠠᠷᠢᠮᠲᠠᠯᠠᠬᠤ ᠬᠡᠷᠡᠭᠲᠡᠢ᠃ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠂ ᠪᠦᠲᠦᠴᠡ ᠵᠢ ᠰᠢᠯᠢᠳᠡᠭᠵᠢᠭᠦᠯᠬᠦ᠂ ᠢᠲᠡᠭᠡᠯ ᠵᠣᠷᠢᠭ᠎ᠢ ᠬᠥᠪᠴᠢᠯᠡᠬᠦ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ᠎ᠳᠤ ᠠᠰᠢᠭᠲᠠᠢ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠦᠷᠭᠦᠯᠵᠢᠯᠡᠨ ᠰᠠᠢ᠌ᠲᠤᠷ ᠠᠳᠬᠤᠵᠤ᠂ ᠬᠠᠮᠤᠭ᠎ᠤᠨ ᠵᠠᠩᠭᠢᠯᠠᠭ᠎ᠠ ᠵᠢᠨ᠂ ᠬᠠᠮᠤᠭ᠎ᠤᠨ ᠲᠤᠯᠭ᠋ᠠᠮ ᠠᠰᠠᠭᠤᠳᠠᠯ᠎ᠢ ᠲᠥᠪᠯᠡᠷᠡᠭᠦᠯᠦᠨ ᠰᠢᠢ᠍ᠳᠪᠦᠷᠢᠯᠡᠬᠦ ᠬᠡᠷᠡᠭᠲᠡᠢ᠃ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠴᠢᠬᠤᠯᠠ ᠶᠡᠬᠡ ᠠᠷᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠤᠷᠤᠭᠰᠢᠲᠠᠢ ᠠᠭᠢᠬᠤ ᠵᠢ ᠬᠠᠷᠰᠢᠯᠠᠵᠤ ᠪᠠᠢ᠌ᠭ᠎ᠠ ᠪᠠᠢ᠌ᠭᠤᠯᠤᠮᠵᠢ ᠲᠣᠭᠲᠠᠴᠠ ᠵᠢᠨ ᠬᠠᠷᠰᠢ ᠰᠠᠭ᠋ᠠᠳ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠥᠭᠡᠷᠡᠴᠢᠯᠡᠯᠲᠡ ᠵᠢᠨ ᠪᠠᠢ᠌ᠯᠳᠤᠬᠤ ᠪᠣᠳᠣᠯᠭ᠎ᠠ ᠵᠢᠨ ᠭᠣᠣᠯᠳᠠᠯᠭ᠎ᠠ᠂ ᠤᠷᠢᠳ ᠵᠶ᠋ᠠᠷ ᠬᠢᠬᠦ ᠲᠡᠰ ᠳᠠᠷᠠᠭ᠋ᠠᠯᠠᠯ᠂ ᠭᠣᠣᠯ ᠰᠢᠪᠲᠤᠯᠬᠤ ᠴᠢᠭᠯᠡᠯ᠂ ᠠᠬᠢᠭᠤᠯᠬᠤ ᠠᠷᠭ᠎ᠠ ᠭᠡᠯᠪᠡᠷᠢ ᠵᠢ ᠲᠣᠳᠣᠷᠬᠠᠢ᠌ᠯᠠᠵᠤ᠂ ᠥᠭᠡᠷᠡᠴᠢᠯᠡᠯᠲᠡ ᠵᠢᠨ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠲᠤᠪᠤᠢ᠌ᠯᠭ᠋ᠠᠵᠤ᠂ ᠡᠯ᠎ᠡ ᠬᠦᠷᠢᠶᠡᠨ᠎ᠳᠠᠬᠢ ᠭᠣᠣᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠲᠤᠪᠤᠢ᠌ᠯᠭ᠋ᠠᠬᠤ ᠬᠡᠷᠡᠭᠲᠡᠢ᠃ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠳᠤ ᠢᠯᠡ ᠲᠣᠳᠣ ᠬᠠᠨᠳᠤᠯᠭ᠋ᠠᠲᠤ ᠴᠢᠨᠠᠷ᠎ᠲᠠᠢ ᠪᠠᠢ᠌ᠵᠤ᠂ ᠬᠠᠮᠤᠭ᠎ᠤᠨ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠰᠢᠭᠤᠳ ᠬᠦᠴᠦᠯᠡᠵᠦ᠂ ᠥᠭᠡᠷᠡᠴᠢᠯᠡᠯᠲᠡ ᠵᠢᠨ ᠦᠨᠦᠷ ᠠᠮᠲᠠ ᠥᠳᠬᠡᠨ᠂ ᠶᠠᠰᠤ ᠴᠢᠨᠠᠷ ᠰᠠᠢ᠌ᠨ ᠪᠠᠢ᠌ᠬᠤ ᠬᠡᠷᠡᠭᠲᠡᠢ᠃ ᠡᠯ᠎ᠡ ᠲᠠᠯ᠎ᠠ ᠵᠢᠨ ᠥᠭᠡᠷᠡᠴᠢᠯᠡᠯᠲᠡ ᠵᠢᠨ ᠢᠳᠡᠪᠬᠢᠵᠢᠯ᠎ᠢ ᠭᠦᠢ᠍ᠴᠡᠳ ᠲᠠᠢ᠌ᠴᠢᠯᠠᠵᠤ᠂ ᠥᠭᠡᠷᠡᠴᠢᠯᠡᠯᠲᠡ ᠵᠢᠨ ᠬᠠᠮᠲᠤ ᠵᠢᠨ ᠲᠠᠨᠢᠯᠲᠠ ᠵᠢ ᠴᠢᠨᠠᠭᠰᠢᠳᠠ ᠨᠢᠭᠲᠠᠷᠠᠭᠤᠯᠵᠤ᠂ ᠪᠦᠭᠦ ᠨᠠᠮ ᠪᠦᠭᠦ ᠤᠯᠤᠰ᠎ᠤᠨ ᠬᠦᠴᠦᠨ᠎ᠢ ᠲᠠᠢ᠌ᠴᠢᠯᠠᠨ ᠴᠢᠬᠤᠯᠠ ᠶᠡᠬᠡ ᠥᠭᠡᠷᠡᠴᠢᠯᠡᠯᠲᠡ ᠵᠢᠨ ᠡᠭᠦᠷᠭᠡ ᠵᠢ ᠠᠬᠢᠭᠤᠯᠬᠤ ᠪᠠ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠡᠯ᠎ᠡ ᠲᠠᠯ᠎ᠠ ᠵᠢᠨ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠰᠣᠨᠣᠰᠴᠤ᠂ ᠦᠨᠳᠦᠰᠦᠨ ᠱᠠᠲᠤ ᠪᠣᠯᠣᠨ ᠤᠯᠠᠨ ᠲᠦᠮᠡᠨ᠎ᠤ ᠡᠭᠦᠳᠦᠨ ᠪᠦᠲᠦᠭᠡᠭᠰᠡᠨ ᠰᠢᠨ᠎ᠡ ᠲᠤᠷᠰᠢᠯᠭ᠎ᠠ ᠵᠢ ᠴᠠᠭ ᠲᠤᠬᠠᠢ᠎ᠳᠤᠨᠢ ᠳ᠋ᠦᠩᠨᠡᠵᠦ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠵᠣᠷᠢᠭᠵᠢᠭᠤᠯᠵᠤ᠂ ᠵᠣᠷᠢᠭᠲᠠᠢ᠎ᠪᠠᠷ ᠰᠢᠨ᠎ᠡ ᠵᠢ ᠡᠭᠦᠳᠬᠦ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠬᠤ ᠭᠦᠨ ᠵᠤᠵᠠᠭ᠋ᠠᠨ ᠥᠭᠡᠷᠡᠴᠢᠯᠡᠯᠲᠡ ᠵᠢᠨ ᠠᠭᠤᠷ ᠠᠮᠢᠰᠬᠤᠯ᠎ᠢ ᠪᠤᠢ ᠪᠤᠯᠭ᠋ᠠᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
    ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠭᠡᠰᠢᠭᠦᠳ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ ᠴᠢᠬᠤᠯᠠᠴᠢᠯᠠᠭᠰᠠᠨ᠎ᠨᠢ – ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ
ᠰᠢ ᠵᠢᠨ ᠫᠢᠩ ᠤᠯᠤᠰ ᠲᠥᠷᠥ ᠵᠢᠨ ᠵᠥᠪᠯᠡᠯᠭᠡᠨ᠎ᠤ ᠬᠤᠷᠠᠯ᠎ᠳᠤ ᠣᠷᠣᠯᠴᠠᠵᠤ ᠪᠠᠶ᠋ᠢᠭ᠎ᠠ ᠳᠤᠮᠳᠠᠳᠤ ᠤᠯᠤᠰ᠎ᠤᠨ ᠭᠤᠮᠢᠨᠳᠠᠩ᠎ᠤᠨ ᠬᠤᠪᠢᠰᠬᠠᠯᠲᠤ ᠬᠤᠷᠢᠶ᠎ᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠡᠲᠡᠭᠡᠳ ᠣᠷᠴᠢᠨ ᠲᠣᠭᠤᠷᠢᠨ ᠡᠬᠢ ᠪᠠᠶᠠᠯᠢᠭ᠎ᠤᠨ ᠡᠲᠡᠭᠡᠳ᠎ᠤᠨ ᠭᠡᠰᠢᠭᠦᠳ᠎ᠢ ᠡᠷᠭᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ — ᠢᠳᠡᠪᠬᠢᠲᠡᠢ᠎ᠪᠠᠷ ᠠᠷᠭ᠎ᠠ ᠤᠬᠠᠭ᠋ᠠᠨ ᠭᠠᠷᠭ᠋ᠠᠵᠤ ᠵᠠᠰᠠᠭ᠎ᠲᠤ ᠲᠤᠰᠠᠯᠠᠵᠤ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠬᠦ ᠬᠡᠷᠡᠭᠲᠡᠢ ᠸᠠᠩ ᠬᠤ᠌ ᠨᠢᠩ ᠼᠠᠢ ᠴᠢ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠵᠠᠢ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ 《ᠲᠥᠷᠥ ᠵᠢᠨ ᠶᠠᠪᠤᠳᠠᠯ᠎ᠤᠨ ᠬᠤᠷᠢᠶᠠᠨ᠎ᠤ 2024 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》 ᠵᠡᠷᠭᠡ ᠵᠢ ᠶᠠᠷᠢᠯᠴᠠᠨ ᠪᠠᠲᠤᠯᠠᠪᠠ
ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠨᠡᠩ ᠥᠨᠳᠥᠷ ᠭᠠᠷᠤᠭ᠎ᠠ᠎ᠠᠴᠠ ᠳᠤᠮᠳᠠ ᠣᠷᠣᠨ᠎ᠤ ᠬᠥᠭᠵᠢᠯ ᠮᠠᠨᠳᠤᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠰᠢ ᠵᠢᠨ ᠫᠢᠩ ᠬᠤᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠦᠨᠡᠨ᠎ᠢ ᠪᠠᠷᠢᠮᠲᠠᠯᠠᠨ ᠪᠣᠳᠠᠲᠠᠢ ᠵᠢ ᠡᠷᠭᠢᠮᠯᠡᠭᠦ ᠵᠢ ᠪᠠᠷᠢᠮᠲᠠᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠤᠨᠠᠨ᠎ᠤ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ
 
            