ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠦ ᠲᠠᠯ᠎ᠠ᠎ᠪᠠᠷ ᠠᠬᠢᠭᠤᠯᠬᠤ ᠬᠠᠮᠢᠶ᠎ᠠ ᠪᠥᠬᠦᠶ ᠠᠷᠭ᠎ᠠ ᠬᠡᠮᠵᠢᠶ᠎ᠡ ᠵᠡᠷᠭᠡ ᠵᠢ ᠰᠤᠳᠤᠯᠪᠠ
ᠨᠡᠶ᠋ᠢᠲᠡᠯᠡᠭᠰᠡᠨ ᠴᠠᠭ᠄ 2024-01-23

      ᠰᠢᠨᠬᠤᠸᠠ ᠬᠤᠷᠢᠶᠠᠨ᠎ᠤ ᠪᠡᠭᠡᠵᠢᠩ᠎ᠤᠨ 1 ᠳ᠋ᠦ᠍ᠭᠡᠷ ᠰᠠᠷ᠎ᠠ ᠵᠢᠨ 22᠎ᠤᠨ ᠡᠳᠦᠷ᠎ᠤᠨ ᠴᠠᠬᠢᠯᠭ᠋ᠠᠨ ᠮᠡᠳᠡᠭᠡ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ 1 ᠳ᠋ᠦ᠍ᠭᠡᠷ ᠰᠠᠷ᠎ᠠ ᠵᠢᠨ 22᠎ᠤᠨ ᠡᠳᠦᠷ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠵᠢ   ᠰᠤᠳᠤᠯᠵᠤ᠂      《ᠳᠠᠷᠤᠢ ᠲᠦᠷᠭᠡᠨ ᠬᠦᠷᠭᠡᠬᠦ ᠠᠵᠢᠯ ᠲᠦᠷᠦᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠵᠢᠯᠣᠭᠤᠳᠬᠤ ᠰᠠᠨᠠᠯ》᠎ᠢ ᠬᠢᠨᠠᠨ ᠵᠥᠪᠯᠡᠵᠦ ᠪᠠᠲᠤᠯᠠᠨ᠂ ᠬᠢᠮᠡᠯ ᠤᠶᠤᠨ ᠵᠶ᠋ᠠᠷ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ᠎ᠳᠤ ᠬᠦᠴᠦᠨ ᠣᠯᠭᠤᠬᠤ ᠬᠠᠮᠢᠶ᠎ᠠ ᠪᠦᠬᠦᠢ ᠠᠵᠢᠯ᠎ᠢ ᠰᠤᠳᠤᠯᠤᠨ ᠪᠠᠶ᠋ᠢᠷᠢᠯᠠᠭᠤᠯᠵᠤ᠂ ᠬᠦᠷᠦᠩᠭᠡ ᠵᠢᠨ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠪᠠᠶ᠋ᠢᠳᠠᠯ ᠵᠢᠴᠢ ᠠᠵᠢᠯ᠎ᠤᠨ ᠪᠣᠳᠣᠯᠬᠢᠯᠠᠯ᠎ᠤᠨ ᠮᠡᠳᠡᠭᠦᠯᠦᠯᠲᠡ ᠵᠢ ᠰᠣᠨᠣᠰᠴᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠲ᠋ᠣᠮ᠎ᠤᠨ ᠡᠨᠧᠷᠭᠢ ᠵᠢᠨ ᠬᠠᠤᠯᠢ (ᠲᠥᠰᠦᠯ)》 ᠪᠣᠯᠤᠨ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠣᠭᠤᠰ ᠤᠬᠢᠶᠠᠬᠤ ᠵᠢ ᠡᠰᠡᠷᠭᠦᠴᠡᠬᠦ ᠬᠠᠤᠯᠢ (ᠵᠠᠰᠠᠪᠤᠷᠢ ᠣᠷᠣᠭᠤᠯᠤᠭᠰᠠᠨ ᠲᠥᠰᠦᠯ)》 ᠵᠢ ᠶᠠᠷᠢᠯᠴᠠᠪᠠ᠃
    ᠬᠤᠷᠠᠯ᠎ᠳᠤ ᠴᠢᠬᠤᠯᠠᠴᠢᠯᠠᠭᠰᠠᠨ᠎ᠨᠢ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ᠎ᠤ 《ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠶᠡᠷᠦᠩᠬᠡᠢ ᠭᠠᠷᠳᠠᠴᠠ ᠪᠣᠯᠤᠨ᠎ᠠ᠃ ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ ᠬᠠᠷᠠᠯᠲᠠ ᠵᠢ ᠲᠣᠭᠲᠠᠭ᠋ᠠᠵᠤ᠂ 《ᠮᠢᠩᠭ᠎ᠠ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ᠂ ᠲᠠᠷᠢᠶᠠᠯᠠᠩ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠲᠦᠷᠭᠡᠳᠬᠡᠬᠦ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢ ᠨᠡᠩ ᠰᠠᠶ᠋ᠢᠲᠤᠷ ᠠᠬᠢᠭᠤᠯᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠤᠳᠤ ᠦᠶ᠎ᠡ ᠵᠢᠨ ᠲᠠᠷᠢᠶᠠᠯᠠᠩ᠎ᠤᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠦᠬᠦ ᠲᠠᠯ᠎ᠠ᠎ᠪᠠᠷ ᠪᠠᠬᠢᠵᠢᠭᠦᠯᠵᠦ᠂ ᠤᠯᠠᠨ ᠠᠷᠭ᠎ᠠ ᠵᠠᠮ ᠵᠶ᠋ᠠᠷ ᠲᠠᠷᠢᠶᠠᠴᠢᠳ᠎ᠤᠨ ᠣᠷᠣᠯᠭ᠎ᠠ ᠵᠢᠨ ᠨᠡᠯᠢᠶᠡᠳ ᠲᠦᠷᠭᠡᠨ ᠨᠡᠮᠡᠭᠳᠡᠯ᠎ᠢ ᠠᠬᠢᠭᠤᠯᠬᠤ ᠬᠡᠷᠡᠭᠲᠡᠢ᠃ ᠲᠠᠷᠢᠶᠠᠴᠢᠳ᠎ᠤᠨ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠪᠠᠷᠢᠮᠲᠠᠯᠠᠵᠤ᠂ ᠬᠥᠳᠡᠭᠡ ᠲᠣᠰᠬᠤᠨ᠎ᠤ ᠴᠢᠳᠠᠪᠤᠷᠢᠲᠠᠨ᠎ᠢ ᠶᠡᠭᠡ᠎ᠪᠠᠷ ᠬᠥᠮᠦᠵᠢᠭᠦᠯᠵᠦ᠂ ᠡᠯ᠎ᠡ ᠲᠦᠷᠦᠯ᠎ᠤᠨ ᠴᠢᠳᠠᠪᠤᠷᠢᠲᠠᠨ᠎ᠢ ᠲᠠᠲᠠᠵᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠣᠷᠣᠯᠴᠠᠭᠤᠯᠬᠤ ᠬᠡᠷᠡᠭᠲᠡᠢ᠃ ᠬᠥᠳᠡᠭᠡ ᠲᠣᠰᠬᠤᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠬᠥᠭᠵᠢᠯᠲᠡ ᠵᠢᠨ ᠠᠷᠭ᠎ᠠ ᠬᠡᠯᠪᠡᠷᠢ ᠵᠢ ᠪᠣᠬᠢᠷᠲᠤᠯ ᠦᠭᠡᠢ᠎ᠪᠠᠷ ᠬᠤᠪᠢᠷᠠᠭᠤᠯᠬᠤ ᠵᠢ ᠲᠦᠷᠭᠡᠳᠬᠡᠵᠦ᠂ ᠠᠮᠢᠳᠤᠷᠠᠵᠤ ᠠᠵᠢᠯᠯᠠᠬᠤ᠎ᠳᠤ ᠲᠣᠬᠢᠷᠠᠮᠵᠢᠲᠠᠢ   ᠦᠵᠡᠰᠬᠦᠯᠡᠩᠲᠦ   ᠰᠠᠶ᠋ᠢᠬᠠᠨ   ᠬᠥᠳᠡᠭᠡ   ᠲᠣᠰᠬᠤᠨ ᠎ᠢ   ᠪᠦᠳᠦᠭᠡᠨ   ᠪᠠᠶ᠋ᠢᠭᠤᠯᠬᠤ ᠬᠡᠷᠡᠭᠲᠡᠢ ᠭᠡᠵᠡᠢ᠃
    ᠬᠤᠷᠠᠯ᠎ᠳᠤ ᠵᠢᠭ᠋ᠠᠵᠤ ᠭᠠᠷᠭ᠋ᠠᠭᠰᠠᠨ᠎ᠨᠢ᠂ ᠣᠶ᠋ᠢᠷ᠎ᠠ ᠵᠢᠨ ᠵᠢᠯ᠎ᠤᠳ᠎ᠲᠤ ᠳᠠᠷᠤᠢ ᠲᠦᠷᠭᠡᠨ ᠬᠦᠷᠭᠡᠬᠦ ᠠᠵᠢᠯ ᠲᠥᠷᠥᠯ ᠲᠦᠷᠭᠡᠨ ᠬᠥᠭᠵᠢᠵᠦ᠂ ᠬᠡᠷᠡᠭᠯᠡᠭᠡ ᠵᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠵᠢᠯ ᠣᠯᠬᠤ ᠵᠢ ᠥᠷᠭᠡᠳᠬᠡᠬᠦ ᠵᠡᠷᠭᠡ ᠲᠠᠯ᠎ᠠ᠎ᠪᠠᠷ ᠤᠯᠠᠮ᠎ᠠᠴᠠ ᠤᠯᠠᠮ ᠴᠢᠬᠤᠯᠠ ᠦᠢ᠍ᠯᠡᠳᠦᠯ ᠦᠵᠡᠭᠦᠯᠵᠦ ᠪᠠᠶ᠋ᠢᠨ᠎ᠠ᠃ ᠵᠣᠷᠢᠭᠵᠢᠭᠤᠯᠤᠨ ᠬᠥᠲᠥᠯᠥᠨ ᠵᠢᠯᠣᠭᠤᠳᠬᠤ᠎ᠪᠠᠨ ᠴᠢᠩᠭ᠋ᠠᠳᠬᠠᠵᠤ᠂ ᠬᠤᠳᠠᠯᠳᠤᠭ᠋ᠠᠨ᠎ᠤ ᠰᠠᠶ᠋ᠢᠨ ᠰᠠᠶ᠋ᠢᠬᠠᠨ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠪᠣᠶ ᠪᠣᠯᠭ᠋ᠠᠵᠤ᠂ ᠠᠵᠢᠯ ᠲᠥᠷᠥᠯ᠎ᠤᠨ ᠬᠥᠭᠵᠢᠯᠲᠡ ᠵᠢᠨ ᠲᠦᠪᠰᠢᠨ ᠪᠠ ᠲᠤᠰᠠᠯᠠᠨ ᠳᠠᠶ᠋ᠢᠴᠢᠯᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃ ᠠᠵᠤ ᠠᠬᠤᠶ᠋ᠢᠯᠠᠯ᠎ᠤᠨ ᠢᠳᠡᠭᠡᠨ᠎ᠤ ᠠᠮᠤᠷ ᠲᠦᠪᠰᠢᠨ᠂ ᠳᠠᠷᠤᠢ ᠲᠦᠷᠭᠡᠨ ᠬᠦᠷᠭᠡᠬᠦ ᠠᠮᠤᠷ ᠲᠦᠪᠰᠢᠨ ᠵᠡᠷᠭᠡ ᠬᠤᠷᠢᠭ᠎ᠠ ᠱᠤᠭᠤᠮ᠎ᠢ ᠰᠠᠶ᠋ᠢᠲᠤᠷ ᠰᠠᠬᠢᠬᠤ ᠵᠢ ᠰᠢᠮᠳᠠᠭᠤᠯᠵᠤ᠂ ᠬᠥᠳᠡᠯᠮᠦᠷᠢᠴᠢᠳ᠎ᠤᠨ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠨ᠂ ᠠᠵᠤ ᠠᠬᠤᠶ᠋ᠢᠯᠠᠯ᠎ᠤᠨ ᠲᠣᠭᠲᠠᠭ᠋ᠠᠯ᠎ᠳᠤ ᠨᠡᠶ᠋ᠢᠴᠡᠭᠰᠡᠨ ᠡᠵᠡᠩᠨᠡᠯᠲᠡ ᠵᠢᠨ ᠥᠪᠡᠷ᠎ᠤᠨ ᠥᠷᠲᠡᠭ᠎ᠢ ᠪᠠᠭᠤᠷᠠᠭᠤᠯᠬᠤ ᠵᠢ ᠠᠬᠢᠭᠤᠯᠬᠤ ᠬᠡᠷᠡᠭᠲᠡᠶ ᠭᠡᠵᠡᠢ᠃
    ᠬᠤᠷᠠᠯ᠎ᠳᠤ ᠴᠢᠬᠤᠯᠠᠴᠢᠯᠠᠭᠰᠠᠨ᠎ᠨᠢ᠂ ᠴᠢᠨᠠᠷ ᠰᠠᠶ᠋ᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ᠂ ᠬᠢᠮᠡᠯ ᠤᠶᠤᠨ ᠪᠣᠯᠤᠨ ᠦᠢ᠍ᠯᠡᠳᠬᠦ ᠦᠢ᠍ᠯᠡᠰ᠎ᠤᠨ ᠭᠦᠨᠵᠡᠭᠡᠢ ᠠᠭᠤᠰᠤᠯᠴᠠᠬᠤ᠎ᠪᠠᠷ ᠭᠤᠣᠯ ᠰᠢᠵᠢᠮ ᠪᠣᠯᠭ᠋ᠠᠵᠤ᠂ ᠣᠶᠤᠨᠴᠢ ᠦᠢ᠍ᠯᠡᠳᠬᠡᠯ ᠵᠶ᠋ᠠᠷ ᠭᠤᠣᠯ ᠬᠦᠴᠦᠯᠡᠬᠦ ᠴᠢᠭᠯᠡᠯ ᠪᠣᠯᠭ᠋ᠠᠵᠤ᠂ ᠠᠬᠤᠢ ᠲᠠᠯᠠᠪᠠᠢ ᠵᠢᠨ ᠬᠡᠷᠡᠭᠯᠡᠯᠲᠡ᠎ᠪᠠᠷ ᠬᠥᠲᠥᠯᠦᠮᠵᠢ ᠪᠣᠯᠭ᠋ᠠᠵᠤ᠂ ᠭᠤᠣᠯᠳᠠᠯᠭ᠎ᠠ᠎ᠲᠠᠢ ᠠᠵᠢᠯ ᠲᠦᠷᠦᠯ᠎ᠤᠨ ᠣᠶᠤᠨᠴᠢ ᠲᠡᠰ ᠳᠡᠪᠰᠢᠯᠲᠡ ᠵᠢ ᠲᠦᠷᠭᠡᠳᠬᠡᠵᠦ᠂ ᠣᠶᠤᠨᠴᠢ ᠦᠢ᠍ᠯᠡᠳᠬᠦᠨ᠎ᠢ ᠶᠡᠭᠡ᠎ᠪᠠᠷ ᠬᠥᠭᠵᠢᠭᠦᠯᠵᠦ᠂ ᠠᠵᠤ ᠦᠢ᠍ᠯᠡᠳᠪᠦᠷᠢ ᠵᠢᠨ ᠦᠢ᠍ᠯᠡᠳᠬᠦ ᠲᠣᠭᠲᠠᠯᠴᠠᠭ᠎ᠠ᠎ᠳᠤ ᠥᠨᠳᠥᠷ ᠲᠦᠪᠰᠢᠨ᠎ᠲᠠᠢ ᠬᠦᠴᠦᠨ ᠣᠯᠭᠤᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠪᠦᠷᠢᠯᠳᠦᠭᠦᠯᠵᠦ᠂ ᠦᠢ᠍ᠯᠡᠳᠬᠦ ᠦᠢ᠍ᠯᠡᠰ᠎ᠤᠨ ᠬᠦᠴᠦᠷᠬᠡᠭ ᠤᠯᠤᠰ᠂ ᠰᠦᠯᠵᠢᠶᠡᠨ᠎ᠤ ᠬᠦᠴᠦᠷᠬᠡᠭ ᠤᠯᠤᠰ ᠪᠣᠯᠤᠨ ᠲᠣᠭ᠋ᠠᠴᠢᠯᠠᠭᠰᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ᠎ᠳᠤ ᠬᠦᠴᠦᠲᠡᠢ ᠲᠤᠰᠠᠯᠠᠮᠵᠢ ᠬᠠᠩᠭ᠋ᠠᠬᠤ ᠬᠡᠷᠡᠭᠲᠡᠢ ᠭᠡᠵᠡᠢ᠃
    ᠬᠤᠷᠠᠯ᠎ᠳᠤ ᠴᠢᠬᠤᠯᠠᠴᠢᠯᠠᠭᠰᠠᠨ᠎ᠨᠢ᠂ ᠬᠦᠷᠦᠩᠭᠡ ᠵᠢᠨ ᠵᠠᠬ᠎ᠠ ᠳᠡᠯᠭᠡᠭᠦᠷ᠎ᠤᠨ ᠰᠠᠭᠤᠷᠢ ᠲᠦᠷᠢᠮ᠎ᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠡᠯᠡ ᠣᠷᠣᠭᠤᠯᠵᠤ ᠪᠡᠯᠡ ᠴᠤᠭᠯᠠᠭᠤᠯᠬᠤ ᠵᠢᠨ ᠬᠥᠳᠡᠯᠦᠩᠭᠦᠢ ᠲᠡᠩᠴᠡᠭᠦᠷᠢ ᠵᠢ ᠨᠡᠩ ᠴᠢᠬᠤᠯᠠᠴᠢᠯᠠᠵᠤ᠂ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠶᠠᠰᠤ ᠴᠢᠨᠠᠷ ᠪᠣᠯᠤᠨ ᠪᠡᠯᠡ ᠣᠷᠣᠭᠤᠯᠤᠯᠲᠠ ᠵᠢᠨ ᠦᠷᠳᠡᠭ᠎ᠢ ᠶᠡᠭᠡ᠎ᠪᠠᠷ ᠳᠡᠭᠡᠭᠰᠢᠯᠡᠭᠦᠯᠵᠦ᠂ ᠳᠤᠮᠳᠠ ᠤᠷᠳᠤ ᠬᠤᠭᠤᠴᠠᠭ᠋ᠠᠨ᠎ᠤ ᠪᠡᠯᠡ ᠮᠥᠩᠭᠦ ᠵᠢᠨ ᠵᠠᠬ᠎ᠠ ᠳᠡᠯᠭᠡᠭᠦᠷ᠎ᠲᠤ ᠣᠷᠣᠬᠤ ᠵᠢ ᠡᠷᠴᠢᠮᠵᠢᠭᠦᠯᠵᠦ᠂ ᠵᠠᠬ᠎ᠠ ᠳᠡᠯᠭᠡᠭᠦᠷ᠎ᠤᠨ ᠳᠣᠲᠣᠭ᠋ᠠᠳᠤ ᠵᠢᠨ ᠲᠣᠭᠲᠠᠭᠤᠨ ᠴᠢᠨᠠᠷ᠎ᠢ ᠴᠢᠩᠭ᠋ᠠᠳᠬᠠᠬᠤ ᠬᠡᠷᠡᠭᠲᠡᠢ᠃ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ 《ᠥᠴᠦᠬᠡᠨ ᠴᠦ᠍ ᠠᠭᠤᠴᠢᠯᠠᠬᠤ ᠥᠬᠡᠶ》 ᠪᠠᠶ᠋ᠢᠵᠤ᠂ ᠵᠢᠷᠤᠮᠵᠢᠭᠰᠠᠨ ᠢᠯᠡ ᠲᠣᠳᠣ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠪᠣᠶ ᠪᠣᠯᠭ᠋ᠠᠬᠤ ᠬᠡᠷᠡᠭᠲᠡᠶ᠃ ᠨᠡᠩ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠵᠤ᠂ ᠢᠲᠡᠭᠡᠯ ᠵᠣᠷᠢᠭ᠎ᠢ ᠪᠠᠲᠤᠳᠬᠠᠬᠤ᠎ᠳᠤ ᠬᠦᠴᠦᠯᠡᠬᠦ ᠬᠡᠷᠡᠭᠲᠡᠢ᠃ ᠬᠤᠷᠸ᠎ᠠ ᠲᠥᠷᠥ ᠵᠢᠨ ᠪᠣᠳᠣᠯᠭ᠎ᠠ ᠵᠢᠨ ᠬᠠᠨᠳᠤᠰᠢ ᠵᠢᠨ ᠨᠢᠭᠡᠳᠦᠯᠲᠦ ᠴᠢᠨᠠᠷ᠎ᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢᠨ ᠰᠢᠨ᠎ᠡ ᠵᠢ ᠡᠭᠦᠳᠬᠦ ᠪᠠ ᠵᠣᠬᠢᠴᠠᠭᠤᠯᠤᠨ ᠬᠠᠮᠵᠢᠯᠴᠠᠬᠤ ᠵᠢ ᠴᠢᠩᠭ᠋ᠠᠳᠬᠠᠵᠤ᠂ ᠠᠵᠤ ᠠᠬᠤᠶ ᠵᠢᠨ ᠳᠡᠭᠡᠭᠰᠢᠯᠡᠨ ᠰᠠᠶ᠋ᠢᠵᠢᠷᠠᠬᠤ ᠪᠠᠶ᠋ᠢᠳᠠᠯ᠎ᠢ ᠪᠠᠬᠢᠵᠢᠭᠦᠯᠦᠨ ᠴᠢᠩᠭ᠋ᠠᠳᠬᠠᠵᠤ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠶ ᠭᠡᠵᠡᠢ᠃
    ᠬᠤᠷᠠᠯ ᠎ᠳᠤ  《  ᠪᠦᠭᠦᠲᠠ   ᠨᠠᠶ᠋ᠢᠷᠠᠮᠲᠠᠬᠤ   ᠳᠣᠮᠲᠠᠲᠤ   ᠠᠷᠠᠣᠠ   ᠤᠯᠤᠰ ᠎ᠤᠨ   ᠠᠲ᠋ᠣᠮ ᠎ᠤᠨ   ᠡᠨᠧᠷᠭᠢ ᠵᠢᠨ   ᠬᠠᠣᠯᠢ (ᠳᠦᠰᠣᠯ)》 ᠪᠠ 《ᠪᠦᠭᠦᠳᠡ ᠨᠠᠢ᠍ᠷᠠᠮᠳᠠᠬᠤ ᠳᠤᠮᠳᠠᠳᠤ ᠠᠷᠠᠳ ᠤᠯᠤᠰ᠎ᠤᠨ ᠵᠣᠭᠤᠰ ᠤᠬᠢᠶᠠᠬᠤ ᠵᠢ ᠡᠰᠡᠷᠭᠦᠴᠡᠬᠦ ᠬᠠᠤᠯᠢ (ᠵᠠᠰᠠᠪᠤᠷᠢ ᠣᠷᠣᠭᠤᠯᠤᠭᠰᠠᠨ ᠲᠥᠰᠥᠯ)》 ᠵᠢ ᠪᠦᠭᠦ ᠤᠯᠤᠰ᠎ᠤᠨ ᠠᠷᠠᠣᠠ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠳᠤ ᠲᠠᠪᠰᠢᠭᠦᠯᠵᠤ ᠬᠢᠨᠠᠨ ᠶᠠᠷᠢᠯᠴᠠᠭᠤᠯᠬᠤ᠎ᠪᠠᠷ ᠳᠣᠬᠲᠠᠪᠠ᠃
    ᠬᠤᠷᠠᠯ᠎ᠳᠤ ᠪᠠᠰᠠ ᠪᠤᠰᠤᠳ ᠵᠦᠢ᠍ᠯᠡᠰ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠠᠷᠪᠠᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠵᠦ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠳ᠋ᠦᠩᠨᠡᠯᠲᠡ ᠵᠢᠨ ᠬᠤᠷᠠᠯ ᠪᠡᠭᠡᠵᠢᠩ᠎ᠳᠤ ᠬᠤᠷᠠᠯᠳᠤᠪᠠ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠭᠠᠵᠠᠷ ᠰᠢᠷᠣᠢ ᠵᠢᠨ ᠡᠯᠧᠮᠧᠨ᠋ᠲ᠎ᠤᠨ ᠳᠠᠪᠠᠭᠤᠯᠢᠭ ᠭᠠᠵᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ ᠴᠢᠳᠠᠪᠤᠷᠢ ᠵᠢ ᠴᠢᠩᠭ᠋ᠠᠳᠬᠠᠵᠤ ᠦᠨᠳᠦᠰᠦᠨ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠴᠢᠳᠠᠪᠤᠷᠢ ᠵᠢ ᠴᠢᠨᠠᠭᠰᠢᠳᠠ ᠳᠡᠭᠡᠭᠰᠢᠯᠡᠭᠦᠯᠭᠦ ᠬᠡᠷᠡᠭᠲᠡᠢ
ᠰᠢ ᠵᠢᠨ ᠫᠢᠩ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ ᠴᠢᠬᠤᠯᠠᠴᠢᠯᠠᠭᠰᠠᠨ᠎ᠨᠢ – ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ
ᠰᠢ ᠵᠢᠨ ᠫᠢᠩ ᠤᠯᠤᠰ ᠲᠥᠷᠥ ᠵᠢᠨ ᠵᠥᠪᠯᠡᠯᠭᠡᠨ᠎ᠤ ᠬᠤᠷᠠᠯ᠎ᠳᠤ ᠣᠷᠣᠯᠴᠠᠵᠤ ᠪᠠᠶ᠋ᠢᠭ᠎ᠠ ᠳᠤᠮᠳᠠᠳᠤ ᠤᠯᠤᠰ᠎ᠤᠨ ᠭᠤᠮᠢᠨᠳᠠᠩ᠎ᠤᠨ ᠬᠤᠪᠢᠰᠬᠠᠯᠲᠤ ᠬᠤᠷᠢᠶ᠎ᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠡᠲᠡᠭᠡᠳ ᠣᠷᠴᠢᠨ ᠲᠣᠭᠤᠷᠢᠨ ᠡᠬᠢ ᠪᠠᠶᠠᠯᠢᠭ᠎ᠤᠨ ᠡᠲᠡᠭᠡᠳ᠎ᠤᠨ ᠭᠡᠰᠢᠭᠦᠳ᠎ᠢ ᠡᠷᠭᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ — ᠢᠳᠡᠪᠬᠢᠲᠡᠢ᠎ᠪᠠᠷ ᠠᠷᠭ᠎ᠠ ᠤᠬᠠᠭ᠋ᠠᠨ ᠭᠠᠷᠭ᠋ᠠᠵᠤ ᠵᠠᠰᠠᠭ᠎ᠲᠤ ᠲᠤᠰᠠᠯᠠᠵᠤ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠬᠦ ᠬᠡᠷᠡᠭᠲᠡᠢ ᠸᠠᠩ ᠬᠤ᠌ ᠨᠢᠩ ᠼᠠᠢ ᠴᠢ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠵᠠᠢ
 
            