ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠠᠷᠪᠠᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠵᠦ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2024-02-02

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 2 ᠰᠠᠷ᠎ᠠ ᠵᠢᠨ 1᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ 1 ᠰᠠᠷ᠎ᠠ ᠵᠢᠨ 31᠎ᠤ ᠦᠳᠡ ᠵᠢᠨ ᠬᠤᠶ᠋ᠢᠨ᠎ᠠ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠠᠷᠪᠠᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠭᠢᠯᠡᠭᠦ᠎ᠳᠡᠭᠡᠨ᠂ ᠡᠷᠬᠡᠪᠰᠢ ᠴᠢᠨᠠᠷ ᠰᠠᠶ᠋ᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠵᠢᠨ ᠬᠠᠲᠠᠭᠤ ᠶᠣᠰᠣ ᠭᠡᠳᠡᠭ᠎ᠢ ᠪᠠᠲᠤ ᠴᠡᠭᠡᠵᠢᠯᠡᠵᠦ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠢ ᠲᠦᠷᠭᠡᠳᠬᠡᠨ ᠪᠠᠶ᠋ᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ ᠵᠢ ᠠᠬᠢᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠬᠤ᠂ ᠭᠦᠨ ᠳᠠᠪᠬᠤᠷᠭ᠎ᠠ ᠵᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠴᠢᠨᠠᠷ ᠰᠠᠶ᠋ᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠵᠡᠷᠭᠡ ᠪᠠᠶ᠋ᠢᠯᠳᠤᠬᠤ ᠪᠣᠳᠣᠯᠭ᠎ᠠ ᠵᠢᠨ ᠡᠭᠦᠷᠭᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢ ᠰᠢᠯᠭ᠋ᠠᠨ ᠦᠨᠡᠯᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠪᠠᠬᠢ ᠰᠠᠭᠤᠷᠢ ᠵᠢ ᠲᠠᠯᠪᠢᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠣᠯ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠳᠣᠲᠣᠭ᠋ᠠᠳᠤ ᠱᠠᠭ᠋ᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ᠂ ᠡᠷᠬᠡᠪᠰᠢ ᠰᠢᠨ᠎ᠡ ᠵᠢ ᠡᠭᠦᠳᠬᠦ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠡᠨᠡ ᠤᠳᠠᠭ᠎ᠠ ᠵᠢᠨ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠨᠥᠬᠦᠳ ᠥᠪᠡᠷ᠎ᠲᠡᠭᠡᠨ ᠰᠤᠷᠤᠯᠴᠠᠬᠤ ᠵᠢᠨ ᠬᠠᠮᠲᠤ ᠠᠵᠢᠯ᠎ᠤᠨ ᠣᠶ᠋ᠢᠯᠠᠭ᠋ᠠᠯᠲᠠ ᠲᠥᠷᠥᠭᠳᠡᠯ ᠵᠶ᠋ᠠᠨ ᠰᠣᠯᠢᠯᠴᠠᠵᠤ᠂ ᠮᠠ ᠰᠢᠩ ᠷᠦᠢ᠂ ᠾᠧ ᠯᠢ ᠹᠧᠩ᠂ ᠵᠠᠩ ᠭᠦᠸᠧ ᠴᠢᠩ᠂ ᠶᠤᠸᠠᠨ ᠵᠢᠶᠠ ᠵᠢᠶᠦ᠋ᠨ ᠨᠥᠬᠦᠷ ᠬᠤᠪᠢᠳᠠᠨ ᠬᠠᠮᠢᠶᠠᠷᠴᠤ ᠪᠠᠶ᠋ᠢᠭ᠎ᠠ ᠬᠦᠷᠢᠶ᠎ᠡ ᠴᠠᠷᠠᠭ᠎ᠠ ᠪᠣᠯᠣᠨ ᠣᠷᠣᠨ ᠨᠤᠲᠤᠭ᠎ᠤᠨ ᠠᠵᠢᠯ᠎ᠲᠠᠢ ᠤᠶᠠᠯᠳᠤᠭᠤᠯᠤᠨ ᠦᠭᠡ ᠬᠡᠯᠡᠵᠦ᠂ ᠯᠢᠦ ᠭᠦᠸᠧ ᠵᠦᠩ᠂ ᠴᠧᠨ ᠮᠢᠨ ᠡᠯ ᠨᠥᠬᠦᠷ ᠪᠢᠴᠢᠭ᠎ᠤᠨ ᠭᠡᠯᠪᠡᠷᠢ᠎ᠪᠠᠷ ᠦᠭᠡ ᠬᠡᠯᠡᠵᠦ᠂ ᠤᠯᠠᠨ ᠵᠶ᠋ᠠᠷ ᠵᠶ᠋ᠠᠨ ᠶᠠᠷᠢᠯᠴᠠᠪᠠ᠃
    ᠰᠢ ᠵᠢᠨ ᠫᠢᠩ ᠰᠤᠷᠤᠯᠴᠠᠯᠭ᠎ᠠ ᠵᠢ ᠡᠷᠭᠢᠯᠡᠭᠦ᠎ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠠᠯᠢ ᠤᠯᠠᠨ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠬᠢᠵᠦ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠨᠢ ᠪᠦᠭᠦ ᠨᠠᠮ ᠪᠦᠭᠦ ᠨᠡᠶ᠋ᠢᠭᠡᠮ᠎ᠤᠨ ᠬᠠᠮᠲᠤ ᠵᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠭᠦᠭ ᠠᠶᠠᠰ ᠪᠣᠯᠪᠠ᠃ ᠣᠶ᠋ᠢᠷ᠎ᠠ ᠵᠢᠨ ᠵᠢᠯ᠎ᠠᠴᠠ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ ᠦᠯᠡᠮᠵᠢ ᠦᠷ᠎ᠡ ᠪᠦᠲᠦᠭᠡᠯ ᠣᠯᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠤ ᠬᠥᠭᠵᠢᠯᠲᠡ ᠵᠢᠨ ᠦᠷ᠎ᠡ ᠪᠦᠲᠦᠮᠵᠢ ᠡᠳᠦᠷ ᠢᠷᠡᠬᠦᠶ᠎ᠡ ᠲᠣᠪᠣᠶ᠋ᠢᠮ᠎ᠠ ᠪᠤᠯᠪᠠ; ᠬᠤᠲᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠵᠣᠬᠢᠴᠠᠩᠭᠤᠢ ᠴᠢᠨᠠᠷ᠂ ᠲᠡᠩᠴᠡᠭᠦᠷᠢᠲᠦ ᠴᠢᠨᠠᠷ ᠢᠯᠡᠳᠲᠡ ᠴᠢᠩᠭ᠋ᠠᠷᠠᠪᠠ; ᠥᠭᠡᠷᠡᠴᠢᠯᠡᠯᠲᠡ ᠨᠡᠭᠡᠭᠡᠯᠲᠡ ᠪᠦᠭᠦ ᠲᠠᠯ᠎ᠠ᠎ᠪᠠᠷ ᠭᠦᠨᠵᠡᠭᠡᠶ᠋ᠢᠷᠡᠵᠦ᠂ ᠬᠥᠭᠵᠢᠯᠲᠡ ᠵᠢᠨ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ ᠬᠥᠭᠵᠢᠨ ᠪᠠᠳᠠᠷᠠᠪᠠ; ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠥᠭᠵᠢᠯᠲᠡ ᠵᠢᠨ ᠭᠡᠯᠪᠡᠷᠢ ᠵᠢ ᠬᠤᠪᠢᠷᠠᠭᠤᠯᠬᠤ ᠠᠯᠬᠤᠴᠠ ᠲᠦᠷᠭᠡᠳᠴᠦ᠂ ᠴᠢᠨᠠᠷ ᠰᠠᠶ᠋ᠢᠲᠠᠢ ᠬᠥᠭᠵᠢᠯᠲᠡ ᠢᠯᠡᠳᠲᠡ ᠦᠷ᠎ᠡ ᠪᠦᠲᠦᠮᠵᠢ ᠣᠯᠪᠠ᠃ ᠡᠭᠦᠨ᠎ᠤ ᠵᠡᠷᠭᠡ᠎ᠪᠠᠷ᠂ ᠴᠢᠨᠠᠷ ᠰᠠᠶ᠋ᠢᠲᠠᠢ ᠬᠥᠭᠵᠢᠯᠲᠡ ᠵᠢ ᠬᠦᠯᠢᠶᠡᠰᠦᠯᠡᠬᠦ ᠡᠯᠧᠮᠧᠨ᠋ᠲ ᠪᠠᠰᠠ ᠶᠡᠭᠡ ᠬᠡᠮᠵᠢᠶ᠎ᠡ᠎ᠪᠠᠷ ᠣᠷᠣᠰᠢᠵᠤ ᠪᠠᠶ᠋ᠢᠨ᠎ᠠ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
    ᠰᠢ ᠵᠢᠨ ᠫᠢᠩ᠂ ᠴᠢᠨᠠᠷ ᠰᠠᠶ᠋ᠢᠲᠠᠢ ᠬᠥᠭᠵᠢᠯᠲᠡ ᠵᠢ ᠰᠢᠨ᠎ᠡ ᠦᠢ᠍ᠯᠡᠳᠪᠦᠷᠢᠯᠡᠯ᠎ᠤᠨ ᠬᠦᠴᠦᠨ᠎ᠤ ᠤᠨᠤᠯ ᠵᠶ᠋ᠠᠷ ᠵᠢᠯᠤᠭᠤᠳᠬᠤ ᠴᠢᠬᠤᠯᠠᠲᠠᠢ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠨᠢ ᠨᠢᠭᠡᠨᠲᠡ ᠦᠢ᠍ᠯᠡᠳᠦᠯᠭᠡ ᠵᠢᠨ ᠳᠤᠮᠳᠠ ᠪᠦᠷᠢᠯᠳᠦᠭᠰᠡᠨ ᠪᠥᠭᠡᠳ ᠴᠢᠨᠠᠷ ᠰᠠᠶ᠋ᠢᠲᠠᠢ ᠬᠥᠭᠵᠢᠯᠲᠡ᠎ᠳᠤ ᠴᠢᠩᠭ᠎ᠠ ᠬᠦᠴᠦᠲᠡᠢ ᠠᠬᠢᠭᠤᠯᠬᠤ ᠬᠦᠴᠦᠨ᠂ ᠲᠤᠯᠭ᠋ᠠᠭᠤᠷᠢᠯᠠᠬᠤ ᠬᠦᠴᠦᠨ᠎ᠢ ᠢᠯᠡᠷᠡᠭᠦᠯᠦᠭᠰᠡᠨ ᠪᠠᠶ᠋ᠢᠨ᠎ᠠ᠂ ᠪᠢᠳᠡ ᠤᠨᠤᠯ᠎ᠤᠨ ᠲᠠᠯ᠎ᠠ᠎ᠪᠠᠷ ᠳ᠋ᠦᠩᠨᠡᠨ ᠬᠤᠷᠢᠶᠠᠩᠭᠤᠶ᠋ᠢᠯᠠᠵᠤ ᠰᠢᠨ᠎ᠡ ᠬᠥᠭᠵᠢᠯᠲᠡ ᠵᠢᠨ ᠦᠢ᠍ᠯᠡᠳᠦᠯᠭᠡ ᠵᠢ ᠵᠢᠯᠣᠭᠤᠳᠤᠭᠤᠯᠬᠤ ᠬᠡᠷᠡᠭᠲᠡᠢ᠃ ᠬᠤᠷᠢᠶᠠᠩᠭᠤᠶ᠋ᠢᠯᠠᠭ᠋ᠠᠳ ᠬᠡᠯᠡᠪᠡᠯ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ ᠪᠣᠯ ᠰᠢᠨ᠎ᠡ ᠵᠢ ᠡᠭᠦᠳᠬᠦ᠎ᠳᠤ ᠭᠤᠣᠯᠯᠠᠬᠤ ᠦᠢ᠍ᠯᠡᠳᠦᠯ᠎ᠢ ᠦᠵᠡᠭᠦᠯᠵᠦ᠂ ᠤᠯᠠᠮᠵᠢᠯᠠᠯᠲᠤ ᠠᠵᠤ ᠠᠬᠤᠢ ᠵᠢᠨ ᠨᠡᠮᠡᠭᠳᠡᠯ᠎ᠤᠨ ᠭᠡᠯᠪᠡᠷᠢ᠂ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢᠨ ᠠᠷᠭ᠎ᠠ ᠵᠠᠮ᠎ᠠᠴᠠ ᠮᠤᠯᠲᠤᠷᠠᠵᠤ᠂ ᠳᠡᠭᠡᠳᠦ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠥᠨᠳᠥᠷ ᠦᠷ᠎ᠡ ᠪᠦᠲᠦᠮᠵᠢ᠂ ᠴᠢᠨᠠᠷ ᠰᠠᠶ᠋ᠢᠲᠠᠢ ᠪᠠᠶ᠋ᠢᠬᠤ ᠣᠨᠴᠠᠯᠢᠭ᠎ᠲᠠᠢ ᠪᠠᠶ᠋ᠢᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠳᠤ ᠨᠡᠶ᠋ᠢᠴᠡᠭᠰᠡᠨ ᠲᠡᠷᠢᠭᠦᠨ᠎ᠤ ᠦᠢ᠍ᠯᠡᠳᠪᠦᠷᠢᠯᠡᠯ᠎ᠤᠨ ᠬᠦᠴᠦᠨ᠎ᠤ ᠭᠡᠯᠪᠡᠷᠢ ᠪᠠᠶ᠋ᠢᠳᠠᠯ ᠪᠣᠯᠣᠨ᠎ᠠ᠃ ᠲᠡᠷᠡ᠎ᠨᠢ ᠮᠡᠷᠭᠡᠵᠢᠯ᠎ᠤᠨ ᠲᠠᠯ᠎ᠠ᠎ᠪᠠᠷ ᠬᠤᠪᠢᠰᠬᠠᠯ᠎ᠤᠨ ᠴᠢᠨᠠᠷᠲᠠᠢ ᠰᠢᠪᠲᠤᠯᠤᠯᠲᠠ ᠭᠠᠷᠭ᠋ᠠᠬᠤ᠂ ᠦᠢ᠍ᠯᠡᠳᠪᠦᠷᠢᠯᠡᠯ᠎ᠤᠨ ᠡᠯᠧᠮᠧᠨ᠋ᠲ᠎ᠢ ᠰᠢᠨ᠎ᠡ ᠵᠢ ᠡᠭᠦᠳᠬᠦ ᠴᠢᠨᠠᠷᠲᠠᠢ ᠲᠣᠬᠢᠷᠠᠭᠤᠯᠬᠤ᠂ ᠠᠵᠤ ᠦᠢ᠍ᠯᠡᠰ᠎ᠢ ᠭᠦᠨ ᠭᠦᠨᠵᠡᠭᠡᠢ ᠭᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤᠮᠳᠠ ᠪᠤᠢ ᠪᠣᠯᠵᠤ᠂ ᠬᠥᠳᠡᠯᠮᠦᠷᠢᠯᠡᠭᠴᠢ᠂ ᠭᠦᠳᠡᠯᠮᠦᠷᠢ ᠵᠢᠨ ᠮᠠᠲ᠋ᠧᠷᠢᠶᠠᠯ᠂ ᠭᠦᠳᠡᠯᠮᠦᠷᠢ ᠵᠢᠨ ᠡᠲᠡᠭᠡᠳ ᠵᠢᠴᠢ ᠡᠳᠡᠭᠡᠷ᠎ᠢ ᠰᠢᠯᠢᠳᠡᠭᠵᠢᠭᠦᠯᠦᠨ ᠨᠡᠶ᠋ᠢᠯᠡᠭᠦᠯᠵᠦ ᠦᠰᠦᠷᠦᠯᠲᠡ ᠭᠠᠷᠭ᠋ᠠᠬᠤ᠎ᠪᠠᠷ ᠦᠨᠳᠦᠰᠦᠨ ᠠᠭᠤᠯᠤᠭᠳᠠᠬᠤᠨ ᠵᠶ᠋ᠠᠨ ᠪᠤᠯᠭ᠋ᠠᠵᠤ᠂ ᠪᠦᠭᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠣᠷᠮ᠎ᠠ ᠵᠢ ᠶᠡᠭᠡ᠎ᠪᠠᠷ ᠳᠡᠭᠡᠭᠰᠢᠯᠡᠭᠦᠯᠭᠦ᠎ᠪᠠᠷ ᠭᠤᠣᠯ ᠪᠡᠯᠭᠡ ᠲᠡᠮᠳᠡᠭ ᠪᠤᠯᠭ᠋ᠠᠵᠤ᠂ ᠰᠢᠨ᠎ᠡ ᠵᠢ ᠡᠭᠦᠳᠬᠦ᠎ᠪᠠᠷ ᠣᠨᠴᠠᠯᠢᠭ ᠪᠤᠯᠭ᠋ᠠᠵᠤ᠂ ᠴᠢᠨᠠᠷᠯᠢᠭ ᠪᠠᠶ᠋ᠢᠬᠤ᠎ᠪᠠᠷ ᠵᠠᠩᠭᠢᠯᠠᠭ᠎ᠠ ᠪᠤᠯᠭ᠋ᠠᠵᠤ᠂ ᠮᠥᠨ ᠴᠢᠨᠠᠷ᠎ᠨᠢ ᠲᠡᠷᠢᠭᠦᠨ᠎ᠤ ᠦᠢ᠍ᠯᠡᠳᠪᠦᠷᠢᠯᠡᠯ᠎ᠤᠨ ᠬᠦᠴᠦᠨ ᠪᠣᠯᠣᠨ᠎ᠠ ᠭᠡᠵᠦ ᠴᠢᠬᠤᠯᠠᠴᠢᠯᠠᠪᠠ᠃
    ᠰᠢ ᠵᠢᠨ ᠫᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠨᠢ ᠰᠢᠨ᠎ᠡ ᠠᠵᠤ ᠦᠢ᠍ᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠵᠢ ᠪᠤᠢ ᠪᠤᠯᠭ᠋ᠠᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠭᠤᠣᠯ ᠡᠯᠧᠮᠧᠨ᠋ᠲ ᠪᠣᠯᠣᠨ᠎ᠠ᠃ ᠡᠷᠬᠡᠪᠰᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠢᠯᠠᠩᠭᠤᠶ᠎ᠠ ᠠᠩᠬᠠᠨ᠎ᠤ ᠡᠭᠦᠳᠦᠯᠲᠡ ᠵᠢᠨ ᠴᠢᠨᠠᠷᠲᠠᠢ᠂ ᠳᠣᠩᠰᠣᠯᠤᠯᠲᠠ ᠵᠢᠨ ᠴᠢᠨᠠᠷᠲᠠᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠲᠦᠷᠭᠡᠳᠬᠡᠨ ᠪᠡᠶᠡᠯᠡᠭᠦᠯᠵᠦ᠂ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠠᠩᠬᠠᠨ᠎ᠤ ᠡᠭᠦᠳᠦᠯᠲᠡ ᠵᠢᠨ ᠴᠢᠨᠠᠷᠲᠠᠢ᠂ ᠳᠣᠩᠰᠣᠯᠤᠯᠲᠠ ᠵᠢᠨ ᠴᠢᠨᠠᠷᠲᠠᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠥᠷᠢᠰᠦᠯᠳᠦᠭᠦᠯᠦᠨ ᠴᠣᠯᠭᠤᠷᠠᠭᠤᠯᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠰᠢᠨ᠎ᠡ ᠬᠥᠳᠡᠯᠭᠡᠬᠦ ᠡᠨᠧᠷᠭᠢ ᠵᠢ ᠪᠣᠶ᠋ᠢᠵᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
    ᠰᠢ ᠵᠢᠨ ᠫᠢᠩ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠴᠠᠭ ᠲᠤᠬᠠᠢ᠎ᠳᠤᠨᠢ ᠪᠣᠳᠠᠲᠠᠢ ᠠᠵᠤ ᠦᠢ᠍ᠯᠡᠰ ᠪᠣᠯᠣᠨ ᠠᠵᠤ ᠦᠢ᠍ᠯᠡᠰ᠎ᠤᠨ ᠬᠡᠯᠬᠢᠶ᠎ᠡ᠎ᠳᠤ ᠬᠡᠷᠡᠭᠯᠡᠵᠦ᠂ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠢᠷᠡᠭᠡᠳᠦᠢ ᠵᠢᠨ ᠠᠵᠤ ᠦᠢ᠍ᠯᠡᠰ᠎ᠢ ᠪᠠᠶ᠋ᠢᠷᠢᠰᠢᠭᠤᠯᠤᠨ ᠪᠦᠲᠦᠭᠡᠨ ᠪᠠᠶ᠋ᠢᠭᠤᠯᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠵᠢᠨ ᠲᠣᠭᠤᠷᠢᠨ᠎ᠳᠤ ᠠᠵᠤ ᠦᠢ᠍ᠯᠡᠰ᠎ᠤᠨ ᠬᠡᠯᠬᠢᠶ᠎ᠡ ᠵᠢ ᠪᠠᠶ᠋ᠢᠷᠢᠰᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠠᠵᠤ ᠦᠢ᠍ᠯᠡᠰ᠎ᠤᠨ ᠰᠢᠰᠲ᠋ᠧᠮ᠎ᠤᠨ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠪᠤᠯᠬᠤ᠂ ᠠᠮᠤᠷ ᠲᠦᠪᠰᠢᠨ ᠨᠠᠶ᠋ᠢᠳᠠᠪᠤᠷᠢᠲᠠᠢ ᠰᠢᠨ᠎ᠡ ᠭᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠠᠬᠢᠭᠤᠯᠬᠤ ᠪᠠ ᠦᠢ᠍ᠯᠡᠳᠬᠦ ᠦᠢ᠍ᠯᠡᠰ᠎ᠤᠨ ᠬᠦᠴᠦᠷᠬᠡᠭ ᠤᠯᠤᠰ᠂ ᠶᠠᠰᠤ ᠴᠢᠨᠠᠷ᠎ᠤᠨ ᠬᠦᠴᠦᠷᠬᠡᠭ ᠤᠯᠤᠰ᠂ ᠰᠦᠯᠵᠢᠶᠡᠨ᠎ᠤ ᠬᠦᠴᠦᠷᠬᠡᠭ ᠤᠯᠤᠰ᠂ ᠲᠣᠭ᠋ᠠᠴᠢᠯᠠᠭᠰᠠᠨ ᠳᠤᠮᠳᠠᠳᠤ ᠤᠯᠤᠰ ᠪᠠ ᠬᠥᠳᠡᠭᠡ ᠠᠵᠤ ᠠᠬᠤᠢ ᠵᠢᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠵᠡᠷᠭᠡ ᠪᠠᠶ᠋ᠢᠯᠳᠤᠬᠤ ᠪᠣᠳᠣᠯᠭ᠎ᠠ ᠵᠢᠨ ᠡᠭᠦᠷᠭᠡ᠎ᠲᠠᠢ ᠤᠶᠠᠯᠳᠤᠭᠤᠯᠤᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠯᠠᠭᠤᠯᠬᠤ ᠬᠡᠷᠡᠭᠲᠡᠢ᠃ ᠲᠣᠭ᠋ᠠᠴᠢᠯᠠᠭᠰᠠᠨ ᠠᠵᠤ ᠠᠬᠤᠢ ᠵᠢ ᠶᠡᠭᠡ᠎ᠪᠠᠷ ᠬᠥᠭᠵᠢᠭᠦᠯᠵᠦ᠂ ᠲᠣᠭ᠋ᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠵᠢᠨ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠳᠡᠯᠡᠬᠡᠢ᠎ᠳᠤ ᠥᠷᠢᠰᠦᠯᠳᠦᠬᠦ ᠬᠦᠴᠦᠨ᠎ᠲᠠᠢ ᠲᠣᠭ᠋ᠠᠴᠢᠯᠠᠭᠰᠠᠨ ᠠᠵᠤ ᠦᠢ᠍ᠯᠡᠰ᠎ᠤᠨ ᠪᠦᠯᠦᠭᠵᠢᠯ᠎ᠢ ᠪᠤᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠪᠣᠬᠢᠷᠳᠤᠯ ᠦᠭᠡᠢ ᠬᠥᠭᠵᠢᠯᠲᠡ ᠪᠣᠯ ᠴᠢᠨᠠᠷ ᠰᠠᠶ᠋ᠢᠲᠠᠢ ᠬᠥᠭᠵᠢᠯᠲᠡ ᠵᠢᠨ ᠳᠡᠪᠢᠰᠬᠡᠷ ᠥᠩᠭᠡ ᠮᠥᠨ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠲᠣᠰ ᠪᠡᠶ᠎ᠡ᠎ᠨᠢ ᠪᠣᠬᠢᠷᠳᠤᠯ ᠦᠭᠡᠢ ᠦᠢ᠍ᠯᠡᠳᠪᠦᠷᠢᠯᠡᠯ᠎ᠤᠨ ᠬᠦᠴᠦᠨ ᠮᠥᠨ᠃ ᠡᠷᠬᠡᠪᠰᠢ ᠬᠥᠭᠵᠢᠯᠲᠡ ᠵᠢᠨ ᠭᠡᠯᠪᠡᠷᠢ᠎ᠪᠠᠨ ᠪᠣᠬᠢᠷᠳᠤᠯ ᠦᠭᠡᠢ ᠲᠡᠶ᠋ᠢᠰᠢ ᠬᠤᠪᠢᠷᠠᠭᠤᠯᠬᠤ ᠵᠢ ᠲᠦᠷᠭᠡᠳᠬᠡᠵᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ᠃ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠵᠶ᠋ᠠᠷ ᠭᠤᠶ᠋ᠢᠪᠢᠰᠢ ᠦᠭᠡᠢ ᠵᠠᠮᠨᠠᠬᠤ ᠬᠡᠷᠡᠭᠲᠡᠢ᠃ ᠪᠣᠬᠢᠷᠳᠤᠯ ᠦᠭᠡᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠲᠡᠷᠢᠭᠦᠨ᠎ᠤ ᠪᠣᠬᠢᠷᠳᠤᠯ ᠦᠭᠡᠢ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠵᠦ᠂ ᠪᠣᠬᠢᠷᠳᠤᠯ ᠦᠭᠡᠢ ᠦᠢ᠍ᠯᠡᠳᠬᠦ ᠦᠢ᠍ᠯᠡᠰ᠎ᠢ ᠬᠦᠴᠦᠷᠬᠡᠭᠵᠢᠭᠦᠯᠦᠨ᠂ ᠪᠣᠬᠢᠷᠳᠤᠯ ᠦᠭᠡᠢ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠵᠦ᠂ ᠪᠣᠬᠢᠷᠳᠤᠯ ᠦᠭᠡᠢ ᠡᠨᠧᠷᠭᠢ ᠵᠢᠨ ᠠᠵᠤ ᠦᠢ᠍ᠯᠡᠰ᠎ᠢ ᠪᠤᠵᠠᠭ᠋ᠠᠶ᠋ᠢᠷᠠᠭᠤᠯᠤᠨ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢ᠍ᠯᠡᠰ ᠪᠠ ᠬᠠᠩᠭ᠋ᠠᠯᠭ᠎ᠠ ᠵᠢᠨ ᠬᠡᠯᠬᠢᠶ᠎ᠡ ᠵᠢ ᠬᠥᠭᠵᠢᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠠᠵᠤ ᠠᠬᠤᠢ ᠵᠢᠨ ᠰᠢᠰᠲ᠋ᠧᠮ᠎ᠢ ᠪᠠᠶ᠋ᠢᠭᠤᠯᠬᠤ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠳᠡᠮᠵᠢᠬᠦ ᠠᠵᠤ ᠠᠬᠤᠢ ᠵᠢᠨ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢᠨ ᠬᠠᠶ᠋ᠢᠷᠴᠠᠭ᠎ᠢ ᠦᠷᠭᠦᠯᠵᠢᠯᠡᠨ ᠰᠢᠯᠢᠳᠡᠭᠵᠢᠭᠦᠯᠵᠦ᠂ ᠪᠣᠬᠢᠷᠳᠤᠯ ᠦᠭᠡᠢ ᠮᠥᠩᠭᠦᠨ ᠭᠦᠢ᠍ᠯᠭᠡᠭᠡᠨ᠎ᠤ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠂ ᠥᠨᠳᠥᠷ ᠪᠦᠲᠦᠮᠵᠢᠲᠡᠶ ᠠᠮᠢ ᠠᠬᠤᠢ ᠵᠢᠨ ᠪᠣᠬᠢᠷᠳᠤᠯ ᠦᠭᠡᠢ ᠠᠵᠤ ᠦᠢ᠍ᠯᠡᠰ᠎ᠤᠨ ᠪᠦᠯᠦᠭᠵᠢᠯ᠎ᠢ ᠪᠤᠶ ᠪᠤᠯᠭ᠋ᠠᠬᠤ ᠬᠡᠷᠡᠭᠲᠡᠢ᠃ ᠡᠭᠦᠨ᠎ᠤ ᠵᠡᠷᠭᠡ᠎ᠪᠠᠷ᠂ ᠨᠡᠶ᠋ᠢᠭᠡᠮ ᠳᠠᠶᠠᠭ᠋ᠠᠷ᠎ᠲᠤ ᠪᠣᠬᠢᠷᠳᠤᠯ ᠦᠭᠡᠢ ᠡᠷᠡᠭᠦᠯ ᠰᠠᠷᠠᠭᠤᠯ ᠠᠮᠢᠳᠤᠷᠠᠯ᠎ᠤᠨ ᠭᠡᠯᠪᠡᠷᠢ ᠵᠢ ᠶᠡᠭᠡ᠎ᠪᠠᠷ ᠰᠠᠨᠠᠭ᠋ᠠᠴᠢᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠦᠢ᠍ᠯᠡᠳᠪᠦᠷᠢᠯᠡᠯ᠎ᠤᠨ ᠬᠠᠷᠢᠴᠠᠭ᠎ᠠ ᠡᠷᠬᠡᠪᠰᠢ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢᠨ ᠱᠠᠭ᠋ᠠᠷᠳᠠᠯᠭ᠎ᠠ᠎ᠳᠤ ᠵᠣᠬᠢᠴᠠᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠡᠷᠬᠡᠪᠰᠢ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠲᠡᠭᠦᠨ᠎ᠲᠠᠢ ᠵᠣᠬᠢᠴᠠᠯᠳᠤᠭᠰᠠᠨ ᠰᠢᠨ᠎ᠡ ᠮᠠᠶᠢᠭ᠎ᠤᠨ ᠦᠢ᠍ᠯᠡᠳᠪᠦᠷᠢᠯᠡᠯ᠎ᠤᠨ ᠬᠠᠷᠢᠴᠠᠭ᠎ᠠ ᠵᠢ ᠪᠤᠢ ᠪᠤᠯᠭ᠋ᠠᠬᠤ ᠬᠡᠷᠡᠭᠲᠡᠢ᠃ ᠠᠵᠤ ᠠᠬᠤᠢ ᠵᠢᠨ ᠪᠠᠶ᠋ᠢᠭᠤᠯᠤᠮᠵᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠮᠵᠢ ᠵᠡᠷᠭᠡ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠬᠦᠯᠢᠶᠡᠰᠦᠯᠡᠵᠦ ᠪᠠᠶ᠋ᠢᠭ᠎ᠠ ᠲᠦᠭᠵᠢᠷᠡᠯ ᠴᠡᠭ ᠬᠤᠷᠢᠭ᠎ᠠ ᠴᠡᠭ᠎ᠢ ᠬᠦᠴᠦᠯᠡᠨ ᠨᠠᠪᠲᠠᠷᠡᠭᠦᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠰᠢᠰᠲ᠋ᠧᠮ᠎ᠢ ᠪᠠᠶ᠋ᠢᠭᠤᠯᠵᠤ᠂ ᠦᠢ᠍ᠯᠡᠳᠪᠦᠷᠢᠯᠡᠯ᠎ᠤᠨ ᠡᠯᠧᠮᠧᠨ᠋ᠲ᠎ᠢ ᠲᠣᠬᠢᠷᠠᠭᠤᠯᠬᠤ ᠠᠷᠭ᠎ᠠ ᠭᠡᠯᠪᠡᠷᠢ ᠵᠢᠨ ᠰᠢᠨ᠎ᠡ ᠵᠢ ᠡᠭᠦᠳᠴᠦ᠂ ᠡᠯ᠎ᠡ ᠲᠦᠷᠦᠯ᠎ᠤᠨ ᠲᠡᠷᠢᠭᠦᠨ᠎ᠤ ᠴᠢᠨᠠᠷ ᠰᠠᠶ᠋ᠢᠲᠠᠢ ᠦᠢ᠍ᠯᠡᠳᠪᠦᠷᠢᠯᠡᠯ᠎ᠤᠨ ᠡᠯᠧᠮᠧᠨ᠋ᠲ᠎ᠢ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠲᠡᠶ᠋ᠢᠰᠢ ᠤᠷᠤᠭᠰᠢᠲᠠᠢ ᠰᠢᠯᠵᠢᠭᠦᠯᠬᠦ ᠬᠡᠷᠡᠭᠲᠡᠢ᠃ ᠡᠭᠦᠨ᠎ᠤ ᠬᠠᠮᠲᠤ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠵᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠰᠠᠶ᠋ᠢᠨ ᠰᠠᠶ᠋ᠢᠬᠠᠨ ᠤᠯᠠᠨ ᠤᠯᠤᠰ᠎ᠤᠨ ᠣᠷᠴᠢᠨ ᠨᠥᠬᠦᠴᠡᠯ᠎ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠱᠠᠭ᠋ᠠᠷᠳᠠᠯᠭ᠎ᠠ ᠶᠣᠰᠣᠭ᠋ᠠᠷ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠤ ᠰᠠᠶ᠋ᠢᠨ ᠰᠠᠶ᠋ᠢᠬᠠᠨ ᠡᠷᠭᠢᠯᠲᠡ ᠵᠢ ᠰᠢᠯᠤᠭᠤᠳᠬᠠᠵᠤ᠂ ᠴᠢᠳᠠᠪᠤᠷᠢᠲᠠᠨ᠎ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠵᠣᠬᠢᠰᠲᠠᠢ ᠰᠢᠯᠵᠢᠭᠦᠯᠬᠦ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠰᠢᠨ᠎ᠡ ᠬᠠᠨᠳᠤᠰᠢ ᠵᠢ ᠦᠨᠳᠦᠰᠦᠯᠡᠨ᠂ ᠶᠡᠭᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠎ᠠ ᠵᠢᠨ ᠪᠠᠶ᠋ᠢᠷᠢᠯᠠᠭᠤᠯᠤᠯᠲᠠ᠂ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠢ ᠰᠢᠯᠢᠳᠡᠭᠵᠢᠭᠦᠯᠵᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠪᠠᠴᠢᠮ ᠬᠡᠷᠡᠭᠰᠡᠬᠦ ᠴᠢᠳᠠᠪᠤᠷᠢᠲᠠᠨ᠎ᠢ ᠬᠥᠮᠥᠵᠢᠭᠦᠯᠬᠦ ᠬᠡᠷᠡᠭᠲᠡᠢ᠃ ᠴᠢᠬᠤᠯᠠ ᠡᠯᠧᠮᠧᠨ᠋ᠲ᠎ᠤᠨ ᠣᠷᠣᠯᠭ᠎ᠠ ᠵᠢᠨ ᠬᠤᠪᠢᠶᠠᠷᠢᠯᠠᠯᠲᠠ᠎ᠳᠤ ᠣᠷᠤᠯᠴᠠᠬᠤ ᠲᠣᠭᠲᠠᠴᠠ ᠵᠢ ᠪᠦᠷᠢᠨᠰᠢᠭᠦᠯᠵᠦ᠂ ᠭᠦᠳᠡᠯᠮᠦᠷᠢ᠂ ᠮᠡᠳᠡᠯᠭᠡ᠂ ᠮᠡᠷᠭᠡᠵᠢᠯ᠂ ᠬᠠᠮᠢᠶᠠᠷᠤᠯᠲᠠ᠂ ᠬᠥᠷᠥᠩᠭᠡ ᠪᠣᠯᠣᠨ ᠳ᠋ᠠᠶ᠋ᠢᠲ᠋ᠠ ᠵᠡᠷᠭᠡ ᠦᠢ᠍ᠯᠡᠳᠪᠦᠷᠢᠯᠡᠯ᠎ᠤᠨ ᠴᠢᠬᠤᠯᠠ ᠡᠯᠧᠮᠧᠨ᠋ᠲ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠮᠡᠳᠡᠯᠭᠡ᠂ ᠮᠡᠷᠭᠡᠵᠢᠯ᠂ ᠴᠢᠳᠠᠪᠤᠷᠢᠲᠠᠨ᠎ᠤ ᠵᠠᠬ᠎ᠠ ᠳᠡᠯᠭᠡᠭᠦᠷ᠎ᠤᠨ ᠦᠷᠳᠡᠭ᠎ᠢ ᠨᠡᠩ ᠰᠠᠶ᠋ᠢᠲᠤᠷ ᠢᠯᠡᠷᠡᠭᠦᠯᠵᠦ᠂ ᠰᠢᠨ᠎ᠡ ᠵᠢ ᠡᠭᠦᠳᠬᠦ ᠵᠢ ᠵᠣᠷᠢᠭᠵᠢᠭᠤᠯᠬᠤ᠂ ᠢᠯᠠᠭᠳᠠᠬᠤ ᠵᠢ ᠪᠠᠭᠲᠠᠭ᠋ᠠᠨ ᠠᠭᠤᠴᠢᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠳ᠋ᠦᠩᠨᠡᠯᠲᠡ ᠵᠢᠨ ᠬᠤᠷᠠᠯ ᠪᠡᠭᠡᠵᠢᠩ᠎ᠳᠤ ᠬᠤᠷᠠᠯᠳᠤᠪᠠ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠭᠠᠵᠠᠷ ᠰᠢᠷᠣᠢ ᠵᠢᠨ ᠡᠯᠧᠮᠧᠨ᠋ᠲ᠎ᠤᠨ ᠳᠠᠪᠠᠭᠤᠯᠢᠭ ᠭᠠᠵᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ ᠴᠢᠳᠠᠪᠤᠷᠢ ᠵᠢ ᠴᠢᠩᠭ᠋ᠠᠳᠬᠠᠵᠤ ᠦᠨᠳᠦᠰᠦᠨ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠴᠢᠳᠠᠪᠤᠷᠢ ᠵᠢ ᠴᠢᠨᠠᠭᠰᠢᠳᠠ ᠳᠡᠭᠡᠭᠰᠢᠯᠡᠭᠦᠯᠭᠦ ᠬᠡᠷᠡᠭᠲᠡᠢ
ᠰᠢ ᠵᠢᠨ ᠫᠢᠩ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ ᠴᠢᠬᠤᠯᠠᠴᠢᠯᠠᠭᠰᠠᠨ᠎ᠨᠢ – ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ
ᠰᠢ ᠵᠢᠨ ᠫᠢᠩ ᠤᠯᠤᠰ ᠲᠥᠷᠥ ᠵᠢᠨ ᠵᠥᠪᠯᠡᠯᠭᠡᠨ᠎ᠤ ᠬᠤᠷᠠᠯ᠎ᠳᠤ ᠣᠷᠣᠯᠴᠠᠵᠤ ᠪᠠᠶ᠋ᠢᠭ᠎ᠠ ᠳᠤᠮᠳᠠᠳᠤ ᠤᠯᠤᠰ᠎ᠤᠨ ᠭᠤᠮᠢᠨᠳᠠᠩ᠎ᠤᠨ ᠬᠤᠪᠢᠰᠬᠠᠯᠲᠤ ᠬᠤᠷᠢᠶ᠎ᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠡᠲᠡᠭᠡᠳ ᠣᠷᠴᠢᠨ ᠲᠣᠭᠤᠷᠢᠨ ᠡᠬᠢ ᠪᠠᠶᠠᠯᠢᠭ᠎ᠤᠨ ᠡᠲᠡᠭᠡᠳ᠎ᠤᠨ ᠭᠡᠰᠢᠭᠦᠳ᠎ᠢ ᠡᠷᠭᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ — ᠢᠳᠡᠪᠬᠢᠲᠡᠢ᠎ᠪᠠᠷ ᠠᠷᠭ᠎ᠠ ᠤᠬᠠᠭ᠋ᠠᠨ ᠭᠠᠷᠭ᠋ᠠᠵᠤ ᠵᠠᠰᠠᠭ᠎ᠲᠤ ᠲᠤᠰᠠᠯᠠᠵᠤ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠬᠦ ᠬᠡᠷᠡᠭᠲᠡᠢ ᠸᠠᠩ ᠬᠤ᠌ ᠨᠢᠩ ᠼᠠᠢ ᠴᠢ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠵᠠᠢ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ 《ᠲᠥᠷᠥ ᠵᠢᠨ ᠶᠠᠪᠤᠳᠠᠯ᠎ᠤᠨ ᠬᠤᠷᠢᠶᠠᠨ᠎ᠤ 2024 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》 ᠵᠡᠷᠭᠡ ᠵᠢ ᠶᠠᠷᠢᠯᠴᠠᠨ ᠪᠠᠲᠤᠯᠠᠪᠠ
 
            