ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ 《ᠲᠥᠷᠥ ᠵᠢᠨ ᠶᠠᠪᠤᠳᠠᠯ᠎ᠤᠨ ᠬᠤᠷᠢᠶᠠᠨ᠎ᠤ 2024 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》 ᠵᠡᠷᠭᠡ ᠵᠢ ᠶᠠᠷᠢᠯᠴᠠᠨ ᠪᠠᠲᠤᠯᠠᠪᠠ
ᠨᠡᠶ᠋ᠢᠲᠡᠯᠡᠭᠰᠡᠨ ᠴᠠᠭ᠄ 2024-03-14

    ᠰᠢᠨᠬᠤᠸᠠ ᠬᠤᠷᠢᠶᠠᠨ᠎ᠤ ᠪᠡᠭᠡᠵᠢᠩ᠎ᠤᠨ 3 ᠳ᠋ᠤᠭ᠋ᠠᠷ ᠰᠠᠷ᠎ᠠ ᠵᠢᠨ 12᠎ᠤᠨ ᠡᠳᠦᠷ᠎ᠤᠨ ᠴᠠᠬᠢᠯᠭ᠋ᠠᠨ ᠮᠡᠳᠡᠭᠡ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ 3 ᠳ᠋ᠤᠭ᠋ᠠᠷ ᠰᠠᠷ᠎ᠠ ᠵᠢᠨ 12᠎ᠤᠨ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠤᠭ᠋ᠠᠳ᠂ 《ᠲᠥᠷᠥ ᠵᠢᠨ ᠶᠠᠪᠤᠳᠠᠯ᠎ᠤᠨ ᠬᠤᠷᠢᠶᠠᠨ᠎ᠤ 2024 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》᠂ 《ᠮᠢᠩᠭ᠋ᠠᠨ ᠳ᠋ᠦᠩᠰᠢᠭᠤᠷ ᠵᠢᠩ ᠠᠮᠤ ᠪᠤᠳᠠᠭ᠎ᠠ ᠦᠢ᠍ᠯᠡᠳᠪᠦᠷᠢᠯᠡᠬᠦ ᠴᠢᠳᠠᠮᠵᠢ ᠵᠢ ᠳᠡᠭᠡᠭᠰᠢᠯᠡᠭᠦᠯᠬᠦ ᠰᠢᠨ᠎ᠡ ᠨᠢᠭᠡᠨ ᠡᠭᠡᠯᠵᠢᠨ᠎ᠤ ᠠᠵᠢᠯᠯᠠᠭ᠎ᠠ ᠵᠢᠨ ᠲᠥᠰᠥᠯ (2024 — 2030 ᠣᠨ)》 ᠪᠠ 《ᠪᠠᠷᠢᠮᠵᠢᠶ᠎ᠠ ᠵᠢ ᠢᠭᠳᠤᠷᠢᠭᠤᠯᠬᠤ᠎ᠪᠠᠷ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠠᠵᠢᠯ᠎ᠤᠨ ᠲᠥᠰᠥᠯ》᠎ᠢ ᠶᠠᠷᠢᠯᠴᠠᠨ ᠪᠠᠲᠤᠯᠠᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠵᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠪᠠᠷᠢᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ 《ᠴᠡᠷᠢᠭ᠎ᠤᠨ ᠠᠰᠠᠷᠠᠮᠵᠢ ᠬᠠᠷᠠᠭ᠋ᠠᠯᠵᠠᠯ᠎ᠤᠨ ᠳᠦᠷᠢᠮ      (ᠵᠠᠰᠠᠪᠤᠷᠢ ᠣᠷᠣᠭᠤᠯᠤᠭᠰᠠᠨ ᠲᠥᠰᠥᠯ)》᠎ᠢ ᠬᠢᠨᠠᠨ ᠵᠥᠪᠯᠡᠵᠦ ᠪᠠᠲᠤᠯᠠᠪᠠ᠃
    ᠬᠤᠷᠠᠯ ᠳᠡᠭᠡᠷ᠎ᠡ᠂ ᠰᠠᠶᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ ᠳᠡᠭᠡᠷ᠎ᠡ ᠬᠢᠨᠠᠨ ᠵᠥᠪᠯᠡᠵᠦ ᠪᠠᠲᠤᠯᠠᠭᠰᠠᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠪᠦᠬᠦ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠲᠣᠳᠤᠷᠬᠠᠶ᠋ᠢᠯᠠᠵᠠᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ 《ᠴᠠᠭ ᠢᠮᠠᠭᠲᠠ ᠰᠠᠨᠠᠭ᠎ᠠ ᠠᠮᠤᠷ ᠦᠭᠡᠢ ᠪᠠᠶ᠋ᠢᠬᠤ》 ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠳᠬᠠᠨ᠂ ᠦᠨᠡᠨ ᠬᠦ᠌ 《ᠠᠵᠢᠯ ᠶᠠᠪᠤᠳᠠᠯ ᠪᠦᠬᠦᠨ᠎ᠢ ᠳᠣᠲᠣᠷ᠎ᠠ᠎ᠪᠠᠨ ᠲᠤᠭ᠎ᠠ᠎ᠲᠠᠢ ᠪᠠᠶ᠋ᠢᠬᠤ》 ᠠᠵᠢᠯᠯᠠᠭ᠋ᠠᠨ᠎ᠤ ᠬᠦᠴᠦᠨ ᠪᠣᠯᠭ᠋ᠠᠨ ᠬᠤᠪᠢᠷᠠᠭᠤᠯᠵᠤ᠂ ᠡᠯ᠎ᠡ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂ ᠠᠵᠢᠯ ᠬᠢᠵᠦ ᠦᠢ᠍ᠯᠡᠰ ᠪᠣᠰᠬᠠᠬᠤ ᠴᠤᠭ ᠰᠦᠯᠳᠡ᠎ᠪᠠᠨ ᠤᠯᠠᠮ ᠪᠠᠳᠠᠷᠠᠭᠤᠯᠵᠤ᠂ ᠡᠯ᠎ᠡ ᠵᠦᠢ᠍ᠯ᠎ᠤᠨ ᠠᠵᠢᠯ᠎ᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ ᠬᠡᠷᠡᠭᠵᠢᠭᠦᠯᠬᠦ ᠠᠷᠭ᠎ᠠ ᠪᠠᠷᠢᠯ ᠵᠶ᠋ᠠᠨ ᠨᠠᠷᠢᠯᠢᠭᠵᠢᠭᠤᠯᠤᠨ᠂ ᠡᠯ᠎ᠡ ᠵᠦᠢ᠍ᠯ᠎ᠤᠨ ᠭᠤᠣᠯᠳᠠᠯᠭ᠎ᠠ᠎ᠲᠠᠢ ᠠᠵᠢᠯ ᠬᠢᠭᠡᠳ ᠡᠯ᠎ᠡ ᠰᠠᠯᠠᠭ᠎ᠠ ᠮᠥᠴᠢᠷ᠎ᠤᠳ᠎ᠤᠨ ᠬᠠᠷᠢᠭᠤᠴᠠᠯᠭ᠎ᠠ ᠵᠢ ᠬᠡᠷᠡᠭᠵᠢᠭᠦᠯᠬᠦ ᠪᠣᠳᠠᠲᠠᠢ ᠠᠷᠭ᠎ᠠ ᠪᠠ ᠲᠦᠷᠦ ᠵᠢᠨ ᠪᠣᠳᠣᠯᠭ᠎ᠠ ᠵᠢᠨ ᠠᠷᠭ᠎ᠠ ᠪᠠᠷᠢᠯ ᠳᠡᠭᠡᠷ᠎ᠡ ᠨᠠᠶ᠋ᠢᠳᠠᠪᠤᠷᠢᠵᠢᠭᠤᠯᠬᠤ ᠬᠡᠷᠡᠭᠲᠡᠢ᠃ ᠡᠯᠪᠡᠨ ᠬᠠᠮᠵᠢᠯᠴᠠᠬᠤ᠎ᠪᠠᠨ ᠴᠢᠩᠭ᠋ᠠᠳᠬᠠᠨ᠂ ᠲᠦᠷᠦᠭᠦᠯᠡᠨ ᠬᠢᠬᠦ ᠰᠠᠯᠠᠭ᠎ᠠ ᠮᠥᠴᠢᠷ᠎ᠤᠳ ᠰᠠᠨᠠᠭ᠋ᠠᠴᠢᠯᠠᠭ᠎ᠠ᠎ᠠᠴᠠ᠎ᠪᠠᠨ ᠣᠶ᠋ᠢᠯᠠᠭ᠋ᠠᠯᠴᠠᠨ ᠵᠣᠬᠢᠴᠠᠭᠤᠯᠵᠤ᠂ ᠣᠷᠣᠯᠴᠠᠭᠰᠠᠨ ᠰᠠᠯᠠᠭ᠎ᠠ ᠮᠥᠴᠢᠷ᠎ᠤᠳ ᠨᠢᠭᠲᠠ ᠬᠠᠮᠵᠢᠯᠴᠠᠨ ᠳᠡᠮᠵᠢᠵᠦ᠂ ᠠᠳᠠᠯᠢ ᠴᠢᠭᠯᠡᠯ ᠵᠶ᠋ᠠᠷ ᠬᠦᠴᠦᠯᠡᠬᠦ᠂ ᠨᠡᠶ᠋ᠢᠯᠡᠮᠡᠯ ᠬᠦᠴᠦᠨ᠎ᠢ ᠪᠣᠶ ᠪᠣᠯᠭ᠋ᠠᠬᠤ ᠵᠢ ᠪᠠᠲᠤᠯᠠᠬᠤ ᠬᠡᠷᠡᠭᠲᠡᠢ᠃ ᠰᠢᠮᠳᠠᠭᠤᠯᠤᠨ ᠪᠠᠶ᠋ᠢᠴᠠᠭ᠋ᠠᠬᠤ ᠵᠢ ᠰᠠᠶ᠋ᠢᠲᠤᠷ ᠬᠢᠵᠦ᠂ ᠡᠳᠦᠷ ᠲᠤᠲᠤᠮ᠎ᠤᠨ ᠲᠣᠬᠢᠷᠠᠭᠤᠯᠤᠯᠲᠠ ᠵᠢ ᠴᠢᠩᠭ᠋ᠠᠳᠬᠠᠨ᠂ ᠰᠢᠮᠳᠠᠭᠤᠯᠤᠨ ᠪᠠᠶ᠋ᠢᠴᠠᠭ᠋ᠠᠬᠤ ᠠᠷᠭ᠎ᠠ ᠮᠠᠶᠢᠭ ᠵᠶ᠋ᠠᠨ ᠲᠡᠭᠦᠯᠳᠡᠷᠵᠢᠭᠦᠯᠵᠦ᠂ ᠰᠢᠮᠳᠠᠭᠤᠯᠤᠨ ᠪᠠᠶ᠋ᠢᠴᠠᠭ᠋ᠠᠬᠤ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ᠂ ᠱᠠᠲᠤ ᠱᠠᠲᠤ᠎ᠪᠠᠷ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠰᠠᠶ᠋ᠢᠨ ᠰᠠᠶ᠋ᠢᠬᠠᠨ ᠪᠠᠶ᠋ᠢᠳᠠᠯ᠎ᠢ ᠪᠣᠶ ᠪᠣᠯᠭ᠋ᠠᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠨ ᠭᠠᠷᠭ᠋ᠠᠵᠠᠢ᠃
    ᠬᠤᠷᠠᠯ ᠳᠡᠭᠡᠷ᠎ᠡ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠪᠣᠯ ᠲᠡᠷᠢᠭᠦᠨ ᠴᠢᠬᠤᠯᠠ ᠶᠠᠪᠤᠳᠠᠯ ᠮᠥᠨ᠃ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠶᠣᠰᠣᠭ᠋ᠠᠷ᠂ ᠮᠢᠩᠭ᠋ᠠᠨ ᠳ᠋ᠦᠩᠰᠢᠭᠤᠷ ᠵᠢᠩ ᠠᠮᠤ ᠪᠤᠳᠠᠭ᠎ᠠ ᠦᠢ᠍ᠯᠡᠳᠪᠦᠷᠢᠯᠡᠬᠦ ᠴᠢᠳᠠᠮᠵᠢ ᠵᠢ ᠳᠡᠭᠡᠭᠰᠢᠯᠡᠭᠦᠯᠬᠦ ᠰᠢᠨ᠎ᠡ ᠨᠢᠭᠡᠨ ᠡᠭᠡᠯᠵᠢᠨ᠎ᠤ ᠠᠵᠢᠯᠯᠠᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠲᠠᠷᠢᠶᠠᠨ ᠭᠠᠵᠠᠷ ᠪᠠ ᠮᠡᠷᠭᠡᠵᠢᠯ᠎ᠳᠤ ᠲᠦᠰᠢᠭᠯᠡᠨ ᠠᠮᠤ ᠪᠤᠳᠠᠭ᠎ᠠ ᠵᠢ ᠬᠠᠳᠠᠭ᠋ᠠᠯᠠᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠦᠷ᠎ᠡ ᠡᠭᠦᠯᠳᠡᠷ ᠬᠤᠪᠢᠶᠠᠨ ᠤᠨᠠᠯᠲᠠ ᠵᠢ ᠨᠡᠮᠡᠭᠳᠡᠭᠦᠯᠬᠦ ᠡᠭᠦᠷᠭᠡ ᠬᠢᠭᠡᠳ ᠣᠷᠣᠨ ᠪᠦᠰᠡ ᠬᠤᠪᠢᠶᠠᠨ ᠤᠨᠠᠯᠲᠠ ᠵᠢ ᠨᠡᠮᠡᠭᠳᠡᠭᠦᠯᠬᠦ ᠪᠠᠶ᠋ᠢᠷᠢᠰᠢᠭᠤᠯᠤᠯᠲᠠ ᠵᠢ ᠨᠠᠶ᠋ᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠡᠷᠭᠡ ᠲᠤᠯᠭ᠋ᠠᠭᠤᠷᠢᠯᠠᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ᠎ᠤᠳ᠎ᠢ ᠲᠥᠯᠥᠪᠯᠡᠨ ᠬᠡᠷᠡᠭᠵᠢᠭᠦᠯᠵᠦ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠳᠡᠬᠦ ᠬᠡᠷᠡᠭᠲᠡᠢ ᠭᠡᠵᠦ ᠵᠢᠭ᠋ᠠᠨ ᠭᠠᠷᠭ᠋ᠠᠵᠠᠢ᠃
    ᠬᠤᠷᠠᠯ ᠳᠡᠭᠡᠷ᠎ᠡ᠂ ᠪᠠᠷᠢᠮᠵᠢᠶ᠎ᠠ ᠵᠢ ᠢᠭᠲᠤᠷᠢᠭᠤᠯᠬᠤ ᠵᠢ ᠠᠬᠢᠭᠤᠯᠬᠤ᠎ᠨᠢ ᠤᠯᠠᠨ ᠲᠦᠮᠡᠨ᠎ᠤ ᠬᠡᠷᠡᠭᠴᠡᠭᠡ ᠵᠢ ᠨᠡᠩ ᠰᠠᠶ᠋ᠢᠨ ᠬᠠᠩᠭ᠋ᠠᠬᠤ᠂ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠬᠤ᠎ᠳᠤ ᠬᠦᠴᠦᠨ ᠨᠡᠮᠡᠷᠢᠯᠡᠬᠦ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠪᠠᠷᠢᠮᠵᠢᠶ᠎ᠠ ᠵᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠠᠵᠢᠯ᠎ᠢ ᠲᠦᠷᠭᠡᠳᠬᠡᠨ ᠠᠬᠢᠭᠤᠯᠵᠤ᠂ ᠠᠵᠤ ᠠᠬᠤᠶ᠋ᠢᠯᠠᠯ ᠪᠠ ᠬᠡᠷᠡᠭᠯᠡᠭᠴᠢ ᠵᠡᠷᠭᠡ ᠬᠤᠯᠪᠤᠭᠳᠠᠯ ᠪᠦᠬᠦᠢ ᠲᠠᠯ᠎ᠠ ᠵᠢᠨ ᠰᠠᠨᠠᠯ᠎ᠤᠳ᠎ᠢ ᠭᠦᠢ᠍ᠴᠡᠳ ᠬᠤᠷᠢᠶᠠᠵᠤ᠂ ᠪᠠᠴᠢᠮ ᠬᠡᠷᠡᠭᠯᠡᠭᠡ ᠵᠢ ᠤᠷᠢᠳ ᠵᠶ᠋ᠠᠷ ᠬᠡᠷᠡᠭᠵᠢᠭᠦᠯᠬᠦ ᠵᠢ ᠪᠠᠷᠢᠮᠲᠠᠯᠠᠨ᠂ ᠨᠢᠭᠡ ᠵᠦᠢ᠍ᠯ᠎ᠤᠨ ᠪᠠᠷᠢᠮᠵᠢᠶ᠎ᠠ᠎ᠨᠢ ᠪᠣᠯᠪᠠᠰᠤᠷᠠᠩᠭᠤᠢ ᠪᠣᠯᠪᠠᠯ ᠲᠡᠭᠦᠨ᠎ᠢ ᠴᠠᠭ ᠲᠤᠬᠠᠢ᠎ᠳᠤ᠎ᠨᠢ ᠨᠡᠶ᠋ᠢᠲᠡᠯᠡᠬᠦ ᠬᠡᠷᠡᠭᠲᠡᠢ᠃ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠢᠵᠢ ᠪᠦᠷᠢᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠡᠯ᠎ᠡ ᠵᠦᠢ᠍ᠯ᠎ᠤᠨ ᠪᠠᠷᠢᠮᠵᠢᠶ᠎ᠠ ᠵᠢ ᠪᠣᠲᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠨ ᠭᠠᠷᠭ᠋ᠠᠪᠠ᠃
    ᠬᠤᠷᠠᠯ ᠳᠡᠭᠡᠷ᠎ᠡ᠂ ᠰᠤᠷᠭ᠋ᠠᠭᠤᠯᠢ ᠡᠷᠬᠢᠯᠡᠬᠦ ᠨᠥᠬᠦᠴᠡᠯ᠂ ᠰᠤᠷᠭ᠋ᠠᠨ ᠬᠥᠮᠦᠵᠢᠯ᠎ᠤᠨ ᠴᠢᠨᠠᠷ ᠪᠠ ᠠᠷᠠᠳ ᠤᠯᠠᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠬᠦ᠎ᠪᠠᠷ ᠠᠵᠢᠯ᠎ᠤᠨ ᠭᠤᠣᠯᠳᠠᠯᠭ᠎ᠠ᠎ᠪᠠᠨ ᠪᠣᠯᠭ᠋ᠠᠵᠤ᠂ ᠣᠷᠣᠨ ᠪᠦᠰᠡ᠂ ᠬᠤᠳᠠ ᠬᠥᠳᠡᠭᠡ᠂ ᠰᠤᠷᠭ᠋ᠠᠭᠤᠯᠢ᠂ ᠤᠯᠠᠨ ᠲᠦᠮᠡᠨ᠎ᠤ ᠬᠤᠭᠤᠷᠤᠨᠳᠤᠬᠢ ᠰᠤᠷᠭ᠋ᠠᠨ ᠬᠥᠮᠦᠵᠢᠯ᠎ᠤᠨ ᠵᠥᠷᠢᠶ᠎ᠡ ᠵᠢ ᠲᠠᠰᠤᠷᠠᠯᠲᠠ ᠦᠭᠡᠢ ᠪᠠᠭ᠋ᠠᠰᠬᠠᠵᠤ᠂ ᠨᠡᠩ ᠡᠷᠬᠡ ᠲᠡᠭᠰᠢ ᠨᠡᠩ ᠴᠢᠨᠠᠷ ᠰᠠᠶ᠋ᠢᠲᠠᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ ᠬᠡᠷᠡᠭᠲᠡᠢ᠃ ᠬᠥᠮᠥᠨ ᠠᠮᠠ ᠵᠢᠨ ᠬᠤᠪᠢᠷᠠᠯᠲᠠ ᠪᠠ ᠰᠢᠨ᠎ᠡ ᠮᠠᠶᠢᠭ᠎ᠤᠨ ᠬᠤᠲᠠ ᠪᠠᠯᠭ᠋ᠠᠰᠤᠵᠢᠯᠲᠠ ᠵᠢᠨ ᠠᠬᠢᠴᠠ᠎ᠳᠤ ᠵᠣᠬᠢᠴᠠᠭᠤᠯᠤᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠬᠤᠪᠢᠷᠠᠯᠲᠠ ᠵᠢ ᠤᠷᠢᠳᠴᠢᠯᠠᠨ ᠰᠤᠳᠤᠯᠤᠨ ᠮᠠᠭ᠋ᠠᠳᠯᠠᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠠᠮᠢᠳᠤᠯᠢᠭ ᠴᠢᠨᠠᠷ ᠪᠠ ᠵᠣᠬᠢᠴᠠᠬᠤ ᠴᠢᠨᠠᠷ᠎ᠢ ᠴᠢᠩᠭ᠋ᠠᠷᠠᠭᠤᠯᠤᠨ᠂ ᠡᠳ᠋᠎ᠤᠨ ᠵᠠᠰᠠᠭ᠎ᠤᠨ ᠴᠢᠨᠠᠷᠲᠠᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠢ ᠪᠠᠭᠤᠷᠠᠢ ᠭᠤᠭᠴᠤᠭ᠎ᠠ ᠲᠡᠶ᠋ᠢᠰᠢ ᠬᠡᠯᠪᠡᠶ᠋ᠢᠯᠭᠡᠬᠦ᠎ᠪᠠᠨ ᠡᠷᠴᠢᠮᠵᠢᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠳᠤᠲᠠᠭᠳᠠᠯ᠎ᠢ ᠬᠦᠴᠦᠯᠡᠨ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃
    ᠬᠤᠷᠠᠯ᠎ᠳᠤ᠂ ᠴᠡᠷᠢᠭ᠎ᠤᠨ ᠠᠰᠠᠷᠠᠮᠵᠢ ᠬᠠᠷᠠᠭ᠋ᠠᠯᠵᠠᠯ᠎ᠤᠨ ᠠᠵᠢᠯ᠎ᠢ ᠰᠠᠶ᠋ᠢᠲᠤᠷ ᠬᠢᠬᠦ᠎ᠨᠢ ᠤᠯᠤᠰ᠎ᠢ ᠬᠦᠴᠦᠷᠬᠡᠭᠵᠢᠭᠦᠯᠬᠦ ᠴᠡᠷᠢᠭ ᠠᠩᠭᠢ᠎ᠢ ᠬᠦᠴᠦᠷᠬᠡᠭᠵᠢᠭᠦᠯᠬᠦ ᠦᠢ᠍ᠯᠡᠰ᠎ᠲᠠᠢ ᠬᠤᠯᠪᠤᠭᠳᠠᠳᠠᠭ ᠭᠡᠵᠦ ᠵᠢᠭ᠋ᠠᠨ ᠭᠠᠷᠭ᠋ᠠᠪᠠ᠃ ᠬᠤᠷᠠᠯ᠎ᠳᠤ 《ᠴᠡᠷᠢᠭ᠎ᠤᠨ ᠠᠰᠠᠷᠠᠮᠵᠢ ᠬᠠᠷᠠᠭ᠋ᠠᠯᠵᠠᠯ᠎ᠤᠨ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠢ ᠬᠢᠨᠠᠨ ᠵᠥᠪᠯᠡᠵᠦ ᠪᠠᠲᠤᠯᠠᠭ᠋ᠠᠳ᠂ ᠲᠣᠭᠲᠠᠭ᠋ᠠᠭᠰᠠᠨ ᠱᠠᠭ᠋ᠠᠷᠳᠠᠯᠭ᠎ᠠ ᠪᠠ ᠪᠠᠷᠢᠮᠵᠢᠶ᠎ᠠ ᠵᠢ ᠴᠢᠩᠭ᠎ᠠ ᠵᠢᠷᠤᠮᠯᠠᠨ ᠡᠯ᠎ᠡ ᠵᠦᠢ᠍ᠯ᠎ᠤᠨ ᠠᠰᠠᠷᠠᠮᠵᠢ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠨᠡᠩ ᠥᠨᠳᠥᠷ ᠭᠠᠷᠤᠭ᠎ᠠ᠎ᠠᠴᠠ ᠳᠤᠮᠳᠠ ᠣᠷᠣᠨ᠎ᠤ ᠬᠥᠭᠵᠢᠯ ᠮᠠᠨᠳᠤᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠰᠢ ᠵᠢᠨ ᠫᠢᠩ ᠬᠤᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠦᠨᠡᠨ᠎ᠢ ᠪᠠᠷᠢᠮᠲᠠᠯᠠᠨ ᠪᠣᠳᠠᠲᠠᠢ ᠵᠢ ᠡᠷᠭᠢᠮᠯᠡᠭᠦ ᠵᠢ ᠪᠠᠷᠢᠮᠲᠠᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠤᠨᠠᠨ᠎ᠤ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ
ᠰᠢ ᠵᠢᠨ ᠫᠢᠩ ᠮᠠ ᠶᠢᠩ ᠵᠢᠦ ᠨᠠᠷ᠎ᠲᠠᠢ ᠠᠭᠤᠯᠵᠠᠪᠠ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠰᠢᠨ᠎ᠡ ᠴᠠᠭ ᠦᠶ᠎ᠡ᠎ᠳᠤ ᠳᠤᠮᠳᠠ ᠬᠡᠰᠡᠭ᠎ᠤᠨ ᠭᠠᠵᠠᠷ ᠣᠷᠣᠨ᠎ᠤ ᠬᠥᠭᠵᠢᠯᠲᠡ᠎ᠪᠠᠨ ᠲᠦᠷᠭᠡᠳᠬᠡᠬᠦ ᠵᠢ ᠠᠬᠢᠭᠤᠯᠬᠤ ᠬᠤᠯᠪᠣᠭᠳᠠᠯ ᠪᠦᠬᠦᠢ ᠠᠵᠢᠯ ᠵᠡᠷᠭᠡ ᠵᠢ ᠰᠤᠳᠤᠯᠪᠠ
ᠰᠢ ᠵᠢᠨ ᠫᠢᠩ ᠭᠧᠷᠮᠠᠨ᠎ᠤ ᠶᠡᠷᠦᠩᠬᠡᠢ ᠰᠠᠶ᠋ᠢᠳ ᠱᠦᠸᠧᠷᠼᠢ᠎ᠲᠠᠢ ᠠᠭᠤᠯᠵᠠᠪᠠ
 
            