ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ ᠴᠢᠬᠤᠯᠠᠴᠢᠯᠠᠭᠰᠠᠨ᠎ᠨᠢ – ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ
ᠨᠡᠶ᠋ᠢᠲᠡᠯᠡᠭᠰᠡᠨ ᠴᠠᠭ᠄ 2024-03-06

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 5᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 5᠎ᠤ ᠦᠳᠡ ᠵᠢᠨ ᠬᠤᠶ᠋ᠢᠨ᠎ᠠ ᠲᠡᠭᠦᠨ᠎ᠤ ᠪᠠᠶ᠋ᠢᠭ᠎ᠠ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠤᠨ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠴᠢᠨᠠᠷ ᠰᠠᠶ᠋ᠢᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠵᠢ ᠪᠠᠲᠤ ᠡᠵᠡᠮᠳᠡᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ᠃ ᠰᠢᠨ᠎ᠡ ᠨᠢᠭᠡᠨ ᠡᠭᠡᠯᠵᠢ ᠵᠢᠨ ᠰᠢᠨᠵᠢᠯᠡᠬᠦ ᠤᠬᠠᠭ᠋ᠠᠨ   ᠲᠧᠭᠨᠢᠭ ᠮᠡᠷᠭᠡᠵᠢᠯ᠎ᠤᠨ ᠬᠤᠪᠢᠰᠬᠠᠯ ᠪᠠ ᠠᠵᠤ ᠦᠢ᠍ᠯᠡᠰ᠎ᠤᠨ ᠬᠤᠪᠢᠰᠤᠯᠲᠠ ᠵᠢᠨ ᠡᠮᠦᠨ᠎ᠡ᠂ ᠪᠢᠳᠡ ᠡᠷᠬᠡᠪᠰᠢ ᠴᠠᠭ ᠲᠣᠭᠢᠶᠠᠯ᠎ᠢ ᠠᠮᠵᠢᠨ᠂ ᠰᠢᠨ᠎ᠡ ᠵᠢ ᠡᠭᠦᠳᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠢᠷᠡᠭᠡᠳᠦᠢ ᠵᠢᠨ ᠠᠵᠤ ᠦᠢ᠍ᠯᠡᠰ᠎ᠢ ᠤᠷᠢᠳᠴᠢᠯᠠᠨ ᠪᠠᠶ᠋ᠢᠷᠢᠰᠢᠭᠤᠯᠤᠨ ᠪᠦᠲᠦᠭᠡᠨ ᠪᠠᠶ᠋ᠢᠭᠤᠯᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠨᠢ ᠤᠯᠠᠮᠵᠢᠯᠠᠯᠲᠤ ᠠᠵᠤ ᠦᠢ᠍ᠯᠡᠰ᠎ᠢ ᠣᠮᠲᠣᠭ᠋ᠠᠶ᠋ᠢᠯᠠᠵᠤ᠂ ᠲᠠᠶᠠᠭᠳᠠᠬᠤ ᠶᠠᠪᠤᠳᠠᠯ ᠪᠢᠰᠢ᠂ ᠨᠢᠭᠡ ᠯᠡ ᠳᠡᠷᠪᠡᠵᠦ ᠰᠣᠬᠤᠷ ᠪᠠᠯᠠᠢ᠎ᠪᠠᠷ ᠶᠠᠭ᠋ᠠᠷᠠᠵᠤ᠂ ᠬᠥᠭᠡᠰᠦᠷᠡᠯ ᠪᠤᠯᠬᠤ᠎ᠠᠴᠠ ᠰᠡᠷᠭᠡᠶ᠋ᠢᠯᠡᠬᠦ ᠬᠡᠷᠡᠭᠲᠡᠢ᠂ ᠨᠢᠭᠡ ᠯᠡ ᠵᠦᠢ᠍ᠯ᠎ᠤᠨ ᠵᠠᠭᠪᠤᠷ᠎ᠢ ᠬᠡᠷᠡᠭᠯᠡᠵᠦ ᠪᠠᠰᠠ ᠪᠤᠯᠬᠤ ᠦᠭᠡᠢ᠃ ᠡᠯ᠎ᠡ ᠭᠠᠵᠠᠷ᠎ᠤᠨ᠎ᠬᠢᠨ ᠪᠣᠳᠠᠲᠠᠢ᠎ᠠᠴᠠ ᠡᠭᠦᠰᠬᠦ ᠵᠢ ᠪᠠᠷᠢᠮᠲᠠᠯᠠᠨ᠂ ᠤᠷᠢᠳ ᠵᠶ᠋ᠠᠷ ᠰᠢᠨ᠎ᠡ ᠵᠢ ᠪᠠᠶ᠋ᠢᠭᠤᠯᠵᠤ ᠳᠠᠷᠠᠭ᠎ᠠ᠎ᠨᠢ ᠬᠠᠭᠤᠴᠢᠨ᠎ᠢ ᠡᠪᠳᠡᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠵᠢᠯᠤᠭᠤᠳᠴᠤ᠂ ᠲᠣᠰ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢ᠍ᠯᠡᠰ᠎ᠤᠨ ᠰᠠᠭᠤᠷᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠥᠬᠦᠴᠡᠯ ᠵᠡᠷᠭᠡ᠎ᠪᠠᠨ ᠦᠨᠳᠦᠰᠦᠯᠡᠨ ᠰᠢᠨ᠎ᠡ ᠠᠵᠤ ᠦᠢ᠍ᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠵᠢᠨ ᠬᠥᠭᠵᠢᠯᠲᠡ ᠵᠢ ᠰᠣᠩᠭᠤᠯᠲᠠ᠎ᠲᠠᠢ᠎ᠪᠠᠷ ᠠᠬᠢᠭᠤᠯᠵᠤ᠂ ᠰᠢᠨ᠎ᠡ ᠮᠡᠷᠭᠡᠵᠢᠯ ᠵᠶ᠋ᠠᠷ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢ᠍ᠯᠡᠰ᠎ᠤᠨ ᠳᠡᠭᠡᠳᠦ ᠳᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠢ ᠪᠤᠯᠭ᠋ᠠᠬᠤ ᠵᠢ ᠢᠳᠡᠪᠬᠢᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
   
    3 ᠰᠠᠷ᠎ᠠ ᠵᠢᠨ 5᠎ᠤ ᠡᠳᠦᠷ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠲᠡᠭᠦᠨ᠎ᠤ ᠪᠠᠶ᠋ᠢᠭ᠎ᠠ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠤᠨ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠣᠯᠴᠠᠪᠠ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠤᠸᠠᠢ ᠶᠤᠸᠠᠢ ᠸᠧᠢ ᠰᠡᠭᠦᠳᠡᠷᠯᠡᠪᠡ

    ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ ᠨᠠᠷᠢᠨ ᠬᠢᠨᠠᠮᠠᠭ᠋ᠠᠢ ᠬᠢᠨᠠᠨ ᠵᠥᠪᠯᠡᠵᠦ᠂ ᠭᠦᠷ ᠬᠥᠭᠵᠢᠶᠡᠨ ᠵᠶ᠋ᠠᠷ ᠪᠢᠯᠬᠠᠵᠤ ᠪᠠᠶ᠋ᠢᠯ᠎ᠠ᠃ ᠼᠦᠢ ᠲᠢᠶᠧ ᠵᠢᠶᠦ᠋ᠨ᠂ ᠭᠤᠤ ᠵᠢᠢ ᠹᠠᠨ᠂ ᠰᠥᠩ ᠶᠠᠨ᠂ ᠦ᠋ ᠬᠤᠶ ᠹᠠᠩ᠂ ᠦ᠋ ᠰᠢᠨ ᠮᠢᠩ᠂ ᠰᠦᠨ ᠵᠢᠩ ᠨᠠᠨ ᠵᠡᠷᠭᠡ 6 ᠲᠥᠯᠥᠭᠡᠯᠡᠭᠴᠢ ᠲᠣᠰ ᠲᠣᠰ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ ᠵᠢ ᠪᠡᠶᠡᠯᠡᠭᠦᠯᠬᠦ᠂ ᠳᠤᠮᠳᠠᠳᠤ ᠤᠯᠤᠰ᠎ᠤᠨ ᠭᠡᠷᠡᠯᠴᠢ ᠴᠡᠨᠡᠭ᠎ᠤᠨ ᠠᠵᠢᠯ ᠲᠥᠷᠥᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠬᠤ ᠵᠢ ᠴᠢᠩᠭ᠋ᠠᠳᠬᠠᠬᠤ᠂ ᠬᠠᠮᠲᠤ᠎ᠪᠠᠷ ᠪᠠᠶᠠᠵᠢᠭᠰᠠᠨ ᠵᠣᠯ ᠵᠢᠷᠭ᠋ᠠᠯᠲᠤ ᠲᠣᠰᠬᠤᠨ᠎ᠢ ᠪᠠᠶ᠋ᠢᠭᠤᠯᠬᠤ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ᠎ᠳᠤ ᠦᠢ᠍ᠯᠡᠴᠢᠯᠡᠬᠦ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠵᠡᠷᠭᠡ ᠠᠰᠠᠭᠤᠳᠠᠯ᠎ᠤᠨ ᠲᠤᠬᠠᠢ ᠦᠭᠡ ᠬᠡᠯᠡᠪᠡ᠃ ᠰᠢ ᠵᠢᠨ ᠫᠢᠩ ᠪᠠᠶ᠋ᠢᠨ ᠳᠠᠭᠢᠨ ᠳᠤᠮᠳᠠ᠎ᠨᠢ ᠦᠭᠡ ᠬᠡᠯᠡᠵᠦ᠂ ᠤᠯᠠᠨ᠎ᠲᠠᠢ ᠶᠠᠷᠢᠯᠴᠠᠵᠤ ᠰᠣᠯᠢᠯᠴᠠᠪᠠ᠃
    ᠣᠯᠠᠨ᠎ᠤ ᠬᠡᠯᠡᠬᠦ ᠵᠢ ᠨᠠᠷᠢᠨ ᠬᠢᠨᠠᠮᠠᠭ᠋ᠠᠢ ᠰᠣᠨᠣᠰᠤᠭᠰᠠᠨ᠎ᠤ ᠳᠠᠷᠠᠭ᠎ᠠ ᠰᠢ ᠵᠢᠨ ᠫᠢᠩ ᠦᠭᠡ ᠬᠡᠯᠡᠪᠡ᠃ ᠲᠡᠷᠡ ᠡᠩ ᠲᠡᠷᠢᠭᠦᠨ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠵᠥᠪᠰᠢᠶᠡᠷᠡᠵᠦ ᠪᠠᠶ᠋ᠢᠬᠤ᠎ᠪᠠᠨ ᠢᠯᠡᠳᠬᠡᠵᠦ᠂ ᠵᠢᠶᠠᠩᠰᠤ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠣᠯᠣᠭᠰᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠵᠢ ᠭᠦᠢ᠍ᠴᠡᠳ ᠨᠤᠲᠠᠯᠠᠵᠤ᠂ ᠵᠢᠶᠠᠩᠰᠤ ᠵᠢᠨ᠎ᠬᠢᠨ ᠢᠲᠡᠭᠡᠯ ᠵᠣᠷᠢᠭ ᠵᠶ᠋ᠠᠨ ᠪᠠᠲᠤᠳᠬᠠᠵᠤ᠂ ᠡᠷᠴᠢ ᠵᠣᠷᠢᠭ ᠵᠶ᠋ᠠᠨ ᠬᠥᠪᠴᠢᠯᠡᠵᠦ᠂ ᠴᠢᠬᠤᠯᠠ ᠡᠭᠦᠷᠭᠡ ᠵᠢ ᠵᠣᠷᠢᠭᠲᠠᠢ ᠡᠭᠦᠷᠭᠡᠯᠡᠵᠦ᠂ ᠪᠦᠭᠦ ᠤᠯᠤᠰ᠎ᠤᠨ ᠶᠡᠭᠡ ᠲᠠᠯ᠎ᠠ᠎ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠵᠢ ᠬᠦᠰᠡᠪᠡ᠃
    ᠰᠢ ᠵᠢᠨ ᠫᠢᠩ᠂ ᠵᠢᠶᠠᠩᠰᠤ ᠵᠢᠨ᠎ᠬᠢᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠰᠠᠶ᠋ᠢᠨ ᠰᠠᠶ᠋ᠢᠬᠠᠨ ᠨᠥᠬᠦᠴᠡᠯ ᠪᠠ ᠴᠢᠳᠠᠪᠤᠷᠢ᠎ᠲᠠᠢ ᠶᠤᠮ᠃ ᠲᠡᠷᠢᠭᠦᠨ᠎ᠤ ᠦᠢ᠍ᠯᠡᠳᠬᠦ ᠦᠢ᠍ᠯᠡᠰ ᠵᠶ᠋ᠠᠷ ᠭᠤᠣᠯ ᠪᠤᠯᠭ᠋ᠠᠬᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠬᠤ ᠡᠨᠡ ᠬᠦ᠌ ᠭᠤᠣᠯᠳᠠᠯᠭ᠎ᠠ ᠵᠢ ᠲᠣᠪᠤᠶ᠋ᠢᠯᠭ᠋ᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠵᠢᠯᠣᠭᠤᠳᠤᠮᠵᠢ ᠪᠤᠯᠭ᠋ᠠᠵᠤ᠂ ᠤᠯᠠᠮᠵᠢᠯᠠᠯᠲᠤ ᠠᠵᠤ ᠦᠢ᠍ᠯᠡᠰ᠎ᠢ ᠲᠡᠰ ᠳᠡᠪᠰᠢᠭᠦᠯᠬᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠤᠵᠠᠭ᠋ᠠᠶ᠋ᠢᠷᠠᠭᠤᠯᠬᠤ᠂ ᠢᠷᠡᠭᠡᠳᠦᠢ ᠵᠢᠨ ᠠᠵᠤ ᠦᠢ᠍ᠯᠡᠰ᠎ᠢ ᠪᠣᠶ᠋ᠢᠵᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠨ᠂ ᠤᠯᠠᠮᠵᠢᠯᠠᠯᠲᠤ ᠠᠵᠤ ᠦᠢ᠍ᠯᠡᠰ᠎ᠤᠨ ᠲᠡᠷᠢᠭᠦᠨ᠎ᠤ ᠪᠠᠶ᠋ᠢᠷᠢ ᠰᠠᠭᠤᠷᠢ ᠵᠢ ᠪᠠᠬᠢᠵᠢᠭᠦᠯᠵᠦ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ᠎ᠲᠠᠢ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠪᠦᠯᠦᠭᠵᠢᠯ᠎ᠢ ᠲᠦᠷᠭᠡᠳᠬᠡᠨ ᠪᠠᠶ᠋ᠢᠭᠤᠯᠵᠤ᠂ ᠵᠢᠶᠠᠩᠰᠤ ᠵᠢ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠴᠢᠬᠤᠯᠠ ᠵᠢᠭᠰᠠᠭ᠋ᠠᠯ᠎ᠤᠨ ᠭᠠᠵᠠᠷ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠢ ᠲᠥᠯᠥᠪᠵᠢᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠮᠵᠢ ᠵᠢ ᠪᠠᠶ᠋ᠢᠭᠤᠯᠬᠤ ᠲᠣᠭᠤᠷᠢᠨ᠎ᠳᠤ᠂ ᠥᠮᠴᠢᠯᠡᠯ᠎ᠤᠨ ᠡᠷᠬᠡ ᠵᠢ ᠬᠠᠮᠠᠭ᠋ᠠᠯᠠᠬᠤ᠂ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ᠂ ᠡᠷᠬᠡ ᠲᠡᠭᠰᠢ᠎ᠪᠠᠷ ᠥᠷᠢᠰᠦᠯᠳᠦᠬᠦ᠂ ᠨᠡᠶ᠋ᠢᠭᠡᠮ᠎ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠳᠦᠷᠢᠮ᠎ᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ 《ᠬᠤᠶᠠᠷ ᠡᠷᠡᠰ ᠭᠤᠶ᠋ᠢᠪᠢᠰᠢ ᠦᠭᠡᠢ ᠪᠠᠶ᠋ᠢᠬᠤ》 ᠪᠠᠶ᠋ᠢᠭᠤᠯᠤᠮᠵᠢ ᠲᠣᠭᠲᠠᠴᠠ ᠵᠢ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠪᠣᠯᠣᠨ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠥᠭᠵᠢᠨ ᠪᠤᠵᠠᠭ᠋ᠠᠶ᠋ᠢᠷᠠᠬᠤ ᠵᠢ ᠲᠡᠮᠵᠢᠵᠤ᠂ ᠡᠯ᠎ᠡ ᠲᠦᠷᠦᠯ᠎ᠤᠨ ᠡᠵᠡᠩᠨᠡᠯᠲᠡ ᠵᠢᠨ ᠭᠤᠣᠯ ᠴᠣᠭᠴᠠ ᠵᠢᠨ ᠳᠣᠲᠣᠭ᠋ᠠᠳᠤ ᠬᠥᠳᠡᠯᠭᠡᠬᠦ ᠬᠦᠴᠦᠨ ᠪᠣᠯᠣᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠮᠵᠢ᠂ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ᠂ ᠴᠢᠳᠠᠪᠤᠷᠢᠲᠠᠨ᠎ᠤ ᠪᠠᠶ᠋ᠢᠭᠤᠯᠤᠮᠵᠢ ᠵᠡᠷᠭᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠬᠦᠯᠢᠶᠡᠰᠦᠯᠡᠵᠦ ᠪᠠᠶ᠋ᠢᠭ᠎ᠠ ᠲᠦᠭᠵᠢᠷᠡᠯ ᠪᠠ ᠬᠤᠷᠢᠭ᠎ᠠ ᠵᠢ ᠨᠡᠪᠲᠡᠷᠡᠭᠦᠯᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠲᠡᠷᠢᠭᠦᠨ᠎ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠦᠷᠭᠦᠯᠵᠢᠯᠡᠨ ᠪᠠᠶ᠋ᠢᠭᠤᠯᠵᠤ᠂ ᠨᠠᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠵᠢᠨ ᠠᠵᠤ ᠠᠬᠤᠢ ᠵᠢᠨ ᠰᠢᠨ᠎ᠡ ᠳᠠᠪᠠᠭᠤᠯᠢᠭ᠎ᠢ ᠪᠤᠶ ᠪᠤᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠡ ᠠᠯᠢ ᠤᠯᠠᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠂ ᠣᠷᠣᠨ ᠪᠦᠰᠡ ᠵᠢᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ᠂ ᠭᠤᠣᠯ ᠴᠣᠭᠴᠠ ᠵᠢᠨ ᠴᠢᠳᠠᠮᠵᠢᠲᠤ ᠣᠷᠣᠨ᠎ᠤ ᠪᠠᠶ᠋ᠢᠯᠳᠤᠬᠤ ᠪᠣᠳᠣᠯᠭ᠎ᠠ ᠵᠡᠷᠭᠡ ᠵᠢ ᠬᠡᠷᠡᠭᠵᠢᠭᠦᠯᠵᠦ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠲᠤᠯᠭ᠋ᠠᠭᠤᠷᠢᠯᠠᠬᠤ ᠦᠢ᠍ᠯᠡᠳᠦᠯ ᠦᠵᠡᠭᠦᠯᠪᠡ᠃ ᠵᠢᠶᠠᠩᠰᠤ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ ᠪᠣᠯᠣᠨ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠪᠦᠭᠦ ᠲᠠᠯ᠎ᠠ᠎ᠪᠠᠷ ᠠᠭᠤᠰᠤᠯᠴᠠᠨ ᠦᠢ᠍ᠯᠡᠴᠢᠯᠡᠵᠦ᠂ ᠪᠤᠰᠤᠳ ᠣᠷᠣᠨ ᠪᠦᠰᠡ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠪᠣᠯᠣᠨ ᠣᠷᠣᠨ ᠪᠦᠰᠡ ᠵᠢᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ᠎ᠯᠤᠭ᠎ᠠ ᠵᠢᠨ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ ᠨᠡᠩ ᠶᠡᠭᠡ ᠬᠡᠪᠴᠢᠶᠡᠨ᠎ᠳᠤ ᠰᠢᠨ᠎ᠡ ᠵᠢ ᠡᠭᠦᠳᠬᠦ ᠬᠡᠯᠬᠢᠶ᠎ᠡ᠂ ᠠᠵᠤ ᠦᠢ᠍ᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ ᠵᠢ ᠬᠤᠯᠪᠤᠭ᠋ᠠᠯᠠᠨ ᠪᠠᠶ᠋ᠢᠭᠤᠯᠵᠤ᠂ ᠣᠷᠣᠨ ᠪᠦᠰᠡ ᠴᠢᠨᠠᠭᠰᠢᠯᠠᠪᠠᠯ ᠪᠦᠭᠦ ᠤᠯᠤᠰ᠎ᠤᠨ ᠬᠥᠭᠵᠢᠯᠲᠡ᠎ᠳᠤ ᠦᠵᠡᠭᠦᠯᠭᠦ ᠠᠵᠤ ᠠᠬᠤᠢ ᠵᠢᠨ ᠲᠣᠮᠣ ᠮᠤᠵᠢ ᠵᠢᠨ ᠨᠥᠯᠥᠭᠡᠯᠡᠨ ᠳᠠᠶ᠋ᠢᠴᠢᠯᠠᠬᠤ ᠬᠦᠴᠦᠨ᠎ᠢ ᠨᠡᠩ ᠰᠠᠶ᠋ᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠠᠵᠤ ᠠᠬᠤᠢ ᠵᠢᠨ ᠰᠡᠷᠭᠦᠨ ᠰᠠᠶ᠋ᠢᠵᠢᠷᠠᠬᠤ ᠬᠠᠨᠳᠤᠰᠢ ᠵᠢ ᠦᠷᠭᠦᠯᠵᠢᠯᠡᠨ ᠪᠠᠬᠢᠵᠢᠭᠦᠯᠦᠨ ᠴᠢᠩᠭ᠋ᠠᠳᠬᠠᠵᠤ᠂ ᠪᠦᠭᠦ ᠨᠡᠶ᠋ᠢᠭᠡᠮ᠎ᠤᠨ ᠬᠥᠭᠵᠢᠯᠲᠡ ᠵᠢᠨ ᠢᠲᠡᠭᠡᠯ ᠵᠣᠷᠢᠭ᠎ᠢ ᠬᠥᠪᠴᠢᠯᠡᠬᠦ᠎ᠳᠤ᠂ ᠨᠠᠮ᠎ᠤᠨ ᠭᠡᠰᠢᠭᠦᠨ ᠺᠠᠳ᠋ᠷ ᠡᠩ ᠲᠡᠷᠢᠭᠦᠨ᠎ᠳᠤ ᠢᠲᠡᠭᠡᠯ ᠵᠣᠷᠢᠭ ᠵᠶ᠋ᠠᠨ ᠪᠠᠲᠤᠳᠬᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠤᠷᠳᠤ ᠬᠤᠭᠤᠴᠠᠭ᠋ᠠᠨ᠎ᠤ ᠪᠦᠲᠦᠮᠵᠢᠲᠦ ᠲᠣᠭᠲᠠᠴᠠ ᠵᠢ ᠪᠠᠶ᠋ᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠵᠠᠯᠠᠷᠠᠭᠤᠯᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ᠂ ᠪᠦᠭᠦ ᠨᠠᠮ ᠪᠦᠭᠦ ᠨᠡᠶ᠋ᠢᠭᠡᠮ᠎ᠤᠨ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠨᠠᠮ᠎ᠤᠨ ᠭᠡᠰᠢᠭᠦᠨ ᠺᠠᠳ᠋ᠷ᠎ᠤᠨ ᠠᠵᠢᠯ ᠬᠢᠵᠦ ᠦᠢ᠍ᠯᠡᠰ ᠪᠣᠰᠬᠠᠬᠤ ᠤᠷᠮ᠎ᠠ ᠵᠣᠷᠢᠭ᠎ᠢ ᠬᠥᠭᠵᠢᠭᠡᠬᠦ ᠬᠡᠷᠡᠭᠲᠡᠢ᠃ ᠠᠷᠠᠳ ᠲᠦᠮᠡᠨ ᠵᠶ᠋ᠠᠷ ᠭᠤᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ᠎ᠤ ᠥᠪᠡᠷ᠎ᠤᠨ ᠬᠤᠶᠠᠷ ᠭᠠᠷ ᠵᠶ᠋ᠠᠷ ᠵᠶ᠋ᠠᠨ ᠵᠣᠯ ᠵᠢᠷᠭ᠋ᠠᠯᠲᠤ ᠠᠮᠢᠳᠤᠷᠠᠯ ᠵᠶ᠋ᠠᠨ ᠴᠣᠭᠴᠠᠯᠠᠬᠤ ᠵᠢ ᠬᠥᠲᠥᠯᠥᠨ ᠵᠢᠯᠤᠭᠤᠳᠴᠤ ᠵᠣᠷᠢᠭᠵᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ ᠬᠠᠮᠤᠭ᠎ᠤᠨ ᠰᠡᠭᠦᠯ᠎ᠳᠤ᠂ ᠠᠶᠤᠯᠭᠦᠢ ᠦᠢ᠍ᠯᠡᠳᠪᠦᠷᠢᠯᠡᠯ᠎ᠢ ᠰᠠᠶ᠋ᠢᠲᠤᠷ ᠠᠳᠬᠤᠵᠤ᠂ ᠠᠮᠤᠷ ᠲᠦᠪᠰᠢᠨ᠎ᠤ ᠭᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠴᠢᠨᠠᠭᠰᠢᠳᠠ ᠰᠠᠶ᠋ᠢᠲᠤᠷ ᠬᠢᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠎ᠪᠠᠨ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠠᠷᠠᠳ ᠤᠯᠠᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠣᠷᠣᠯᠴᠠᠪᠠ᠃
    ᠮᠦ᠍ ᠬᠤᠩ᠂ ᠵᠢᠶᠠᠩ ᠰᠢᠨ ᡁᠢ ᠨᠠᠷ ᠣᠷᠣᠯᠴᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠤᠯᠤᠰ ᠲᠥᠷᠥ ᠵᠢᠨ ᠵᠥᠪᠯᠡᠯᠭᠡᠨ᠎ᠤ ᠬᠤᠷᠠᠯ᠎ᠳᠤ ᠣᠷᠣᠯᠴᠠᠵᠤ ᠪᠠᠶ᠋ᠢᠭ᠎ᠠ ᠳᠤᠮᠳᠠᠳᠤ ᠤᠯᠤᠰ᠎ᠤᠨ ᠭᠤᠮᠢᠨᠳᠠᠩ᠎ᠤᠨ ᠬᠤᠪᠢᠰᠬᠠᠯᠲᠤ ᠬᠤᠷᠢᠶ᠎ᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠡᠲᠡᠭᠡᠳ ᠣᠷᠴᠢᠨ ᠲᠣᠭᠤᠷᠢᠨ ᠡᠬᠢ ᠪᠠᠶᠠᠯᠢᠭ᠎ᠤᠨ ᠡᠲᠡᠭᠡᠳ᠎ᠤᠨ ᠭᠡᠰᠢᠭᠦᠳ᠎ᠢ ᠡᠷᠭᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ — ᠢᠳᠡᠪᠬᠢᠲᠡᠢ᠎ᠪᠠᠷ ᠠᠷᠭ᠎ᠠ ᠤᠬᠠᠭ᠋ᠠᠨ ᠭᠠᠷᠭ᠋ᠠᠵᠤ ᠵᠠᠰᠠᠭ᠎ᠲᠤ ᠲᠤᠰᠠᠯᠠᠵᠤ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠬᠦ ᠬᠡᠷᠡᠭᠲᠡᠢ ᠸᠠᠩ ᠬᠤ᠌ ᠨᠢᠩ ᠼᠠᠢ ᠴᠢ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠵᠠᠢ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ 《ᠲᠥᠷᠥ ᠵᠢᠨ ᠶᠠᠪᠤᠳᠠᠯ᠎ᠤᠨ ᠬᠤᠷᠢᠶᠠᠨ᠎ᠤ 2024 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》 ᠵᠡᠷᠭᠡ ᠵᠢ ᠶᠠᠷᠢᠯᠴᠠᠨ ᠪᠠᠲᠤᠯᠠᠪᠠ
ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠨᠡᠩ ᠥᠨᠳᠥᠷ ᠭᠠᠷᠤᠭ᠎ᠠ᠎ᠠᠴᠠ ᠳᠤᠮᠳᠠ ᠣᠷᠣᠨ᠎ᠤ ᠬᠥᠭᠵᠢᠯ ᠮᠠᠨᠳᠤᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠰᠢ ᠵᠢᠨ ᠫᠢᠩ ᠬᠤᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠦᠨᠡᠨ᠎ᠢ ᠪᠠᠷᠢᠮᠲᠠᠯᠠᠨ ᠪᠣᠳᠠᠲᠠᠢ ᠵᠢ ᠡᠷᠭᠢᠮᠯᠡᠭᠦ ᠵᠢ ᠪᠠᠷᠢᠮᠲᠠᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠤᠨᠠᠨ᠎ᠤ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ
ᠰᠢ ᠵᠢᠨ ᠫᠢᠩ ᠮᠠ ᠶᠢᠩ ᠵᠢᠦ ᠨᠠᠷ᠎ᠲᠠᠢ ᠠᠭᠤᠯᠵᠠᠪᠠ
 
            