ᠰᠢᠨᠬᠤᠸᠠ ᠬᠤᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 16᠎ᠤ ᠴᠠᠭᠢᠯᠭ᠋ᠠᠨ ᠮᠡᠳᠡᠭᠡ 4 ᠰᠠᠷ᠎ᠠ ᠵᠢᠨ 16᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠳ᠋ᠢᠶᠣᠣ ᠢᠦᠢ᠎ᠲᠠᠢ᠎ᠳᠠᠬᠢ ᠲᠦᠷᠦ ᠵᠢᠨ ᠵᠣᠴᠢᠳ᠎ᠤᠨ ᠪᠠᠭᠤᠳᠠᠯ᠎ᠳᠤ ᠭᠧᠷᠮᠠᠨ᠎ᠤ ᠶᠡᠷᠦᠩᠬᠡᠢ ᠰᠠᠶ᠋ᠢᠳ ᠱᠦᠸᠧᠷᠼᠢ᠎ᠲᠠᠢ ᠠᠭᠤᠯᠵᠠᠪᠠ᠃

4 ᠰᠠᠷ᠎ᠠ ᠵᠢᠨ 16᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠳ᠋ᠢᠶᠣᠣ ᠢᠦᠢ᠎ᠲᠠᠢ᠎ᠳᠠᠬᠢ ᠲᠦᠷᠦ ᠵᠢᠨ ᠵᠣᠴᠢᠳ᠎ᠤᠨ ᠪᠠᠭᠤᠳᠠᠯ᠎ᠳᠤ ᠭᠧᠷᠮᠠᠨ᠎ᠤ ᠶᠡᠷᠦᠩᠬᠡᠢ ᠰᠠᠶ᠋ᠢᠳ ᠱᠦᠸᠧᠷᠼᠢ᠎ᠲᠠᠢ ᠠᠭᠤᠯᠵᠠᠪᠠ
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ
ᠰᠢ ᠵᠢᠨ ᠫᠢᠩ᠂ ᠡᠨᠡ ᠵᠢᠯ ᠪᠣᠯ ᠳᠤᠮᠳᠠᠳᠤ ᠭᠧᠷᠮᠠᠨ᠎ᠤ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠪᠠᠶ᠋ᠢᠭᠤᠯᠤᠭᠰᠠᠨ 10 ᠵᠢᠯ᠎ᠤᠨ ᠤᠢ ᠪᠣᠯᠣᠨ᠎ᠠ᠃ 10 ᠵᠢᠯ᠎ᠤᠨ ᠲᠤᠷᠰᠢ ᠬᠡᠳᠦᠶ᠋ᠢᠪᠡᠷ ᠳᠡᠯᠡᠬᠡᠢ ᠵᠢᠨ ᠪᠠᠶ᠋ᠢᠳᠠᠯ᠎ᠳᠤ ᠮᠠᠰᠢ ᠶᠡᠭᠡ ᠬᠤᠪᠢᠷᠠᠯᠲᠠ ᠭᠠᠷᠤᠭᠰᠠᠨ ᠪᠤᠯᠪᠠᠴᠤ ᠳᠤᠮᠳᠠᠳᠤ ᠭᠧᠷᠮᠠᠨ᠎ᠤ ᠬᠠᠷᠢᠯᠴᠠᠭ᠎ᠠ ᠢᠮᠠᠭᠲᠠ ᠲᠣᠭᠲᠠᠪᠤᠷᠢᠲᠠᠢ ᠬᠥᠭᠵᠢᠵᠦ᠂ ᠡᠯ᠎ᠡ ᠬᠦᠷᠢᠶᠡᠨ᠎ᠤ ᠬᠠᠮᠲᠤᠷᠠᠯᠴᠠᠭ᠎ᠠ ᠲᠠᠰᠤᠷᠠᠯᠳᠡ ᠦᠭᠡᠢ ᠪᠠᠬᠢᠵᠢᠨ ᠭᠦᠨᠵᠡᠭᠡᠶ᠋ᠢᠷᠡᠵᠦ᠂ ᠬᠤᠶᠠᠷ ᠤᠯᠤᠰ᠎ᠤᠨ ᠲᠤᠰ ᠲᠤᠰ᠎ᠤᠨ ᠬᠥᠭᠵᠢᠯᠲᠡ᠎ᠳᠤ ᠬᠥᠳᠡᠯᠭᠡᠬᠦ ᠬᠦᠴᠦᠨ ᠬᠠᠩᠭ᠋ᠠᠪᠠ᠃ ᠣᠳᠣᠬᠠᠨ᠎ᠳᠤ ᠳᠡᠯᠡᠬᠡᠢ ᠶᠢᠷᠲᠢᠨᠴᠦ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠨ ᠠᠬᠢᠵᠤ᠂ ᠬᠥᠮᠥᠨ ᠲᠥᠷᠥᠯᠬᠢᠲᠡᠨ᠎ᠤ ᠨᠡᠶ᠋ᠢᠭᠡᠮ᠎ᠳᠤ ᠲᠤᠯᠭ᠋ᠠᠷᠠᠵᠤ ᠪᠠᠶ᠋ᠢᠭ᠎ᠠ ᠠᠶᠤᠯ ᠲᠦᠭᠰᠢᠭᠦᠷᠢ ᠥᠷᠢᠰᠦᠯᠳᠦᠭᠡᠨ ᠣᠯᠠᠰᠢᠷᠠᠵᠤ ᠪᠠᠶ᠋ᠢᠨ᠎ᠠ᠂ ᠡᠳᠡᠭᠡᠷ ᠠᠰᠠᠭᠤᠳᠠᠯ᠎ᠢ ᠰᠢᠢ᠍ᠳᠪᠦᠷᠢᠯᠡᠬᠦ᠎ᠳᠤ ᠲᠣᠮᠣ ᠤᠯᠤᠰ᠎ᠤᠨ ᠬᠠᠮᠲᠤᠷᠠᠯᠴᠠᠭ᠎ᠠ᠎ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠭᠧᠷᠮᠠᠨ ᠪᠣᠯ ᠳᠡᠯᠡᠬᠡᠢ ᠵᠢᠨ ᠬᠤᠶᠠᠳᠤᠭ᠋ᠠᠷ᠂ ᠭᠤᠷᠪᠠᠳᠤᠭ᠋ᠠᠷ ᠶᠡᠭᠡ ᠠᠵᠤ ᠠᠬᠤᠢ ᠵᠢᠨ ᠴᠣᠭᠴᠠ ᠪᠣᠯᠣᠨ᠎ᠠ᠂ ᠳᠤᠮᠳᠠᠳᠤ ᠭᠧᠷᠮᠠᠨ᠎ᠤ ᠬᠠᠷᠢᠯᠴᠠᠭ᠎ᠠ ᠵᠢ ᠪᠠᠬᠢᠵᠢᠭᠦᠯᠦᠨ ᠬᠥᠭᠵᠢᠭᠦᠯᠬᠦ ᠵᠢᠨ ᠠᠴᠢ ᠬᠤᠯᠪᠣᠭᠳᠠᠯ᠎ᠨᠢ ᠬᠤᠶᠠᠷ ᠲᠠᠯ᠎ᠠ ᠵᠢᠨ ᠬᠠᠷᠢᠯᠴᠠᠭ᠋ᠠᠨ᠎ᠤ ᠬᠦᠷᠢᠶ᠎ᠡ ᠬᠡᠪᠴᠢᠶᠡᠨ᠎ᠠᠴᠠ ᠳᠠᠪᠠᠵᠤ᠂ ᠠᠽᠢᠶ᠎ᠠ ᠡᠸᠦ᠋ᠷᠦᠫᠡ ᠵᠢᠨ ᠡᠬᠡ ᠬᠠᠭᠤᠷᠠᠢ ᠴᠢᠨᠠᠭᠰᠢᠯᠠᠪᠠᠯ ᠪᠦᠭᠦ ᠳᠡᠯᠡᠬᠡᠢ᠎ᠳᠤ ᠴᠥᠮ ᠴᠢᠬᠤᠯᠠ ᠨᠥᠯᠥᠭᠡ᠎ᠲᠠᠢ ᠶᠤᠮ᠃ ᠬᠤᠶᠠᠷ ᠤᠯᠤᠰ ᠵᠶ᠋ᠠᠷ ᠵᠶ᠋ᠠᠨ ᠠᠯᠤᠰ ᠭᠡᠳᠦ ᠵᠢᠨ ᠪᠠ ᠪᠠᠶ᠋ᠢᠯᠳᠤᠬᠤ ᠪᠣᠳᠣᠯᠭ᠎ᠠ ᠵᠢᠨ ᠬᠠᠷᠠᠭ᠋ᠠᠰᠤ᠎ᠠᠴᠠ ᠬᠤᠶᠠᠷ ᠲᠠᠯ᠎ᠠ ᠵᠢᠨ ᠬᠠᠷᠢᠯᠴᠠᠭ᠎ᠠ᠎ᠳᠤ ᠬᠠᠨᠳᠤᠬᠤ ᠪᠠ ᠡᠭᠦᠨ᠎ᠢ ᠬᠥᠭᠵᠢᠭᠦᠯᠵᠦ᠂ ᠭᠠᠷ ᠬᠤᠯᠪᠣᠨ ᠳᠡᠯᠡᠬᠡᠢ ᠳ᠋ᠠᠬᠢᠨ᠎ᠳᠤ ᠨᠡᠩ ᠤᠯᠠᠨ ᠲᠣᠭᠲᠠᠭᠤᠨ ᠴᠢᠨᠠᠷ ᠪᠠ ᠲᠣᠬᠳᠠᠭ᠋ᠠᠯᠳᠤ ᠴᠢᠨᠠᠷ ᠨᠡᠮᠡᠷᠢᠯᠡᠶ᠎ᠡ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳᠤᠮᠳᠠᠳᠤ ᠭᠧᠷᠮᠠᠨ ᠬᠤᠶᠠᠷ ᠤᠯᠤᠰ ᠴᠥᠮ ᠬᠥᠮᠥᠨ ᠲᠥᠷᠥᠯᠬᠢᠲᠡᠨ᠎ᠤ ᠪᠣᠯᠪᠠᠰᠤᠨ᠎ᠤ ᠲᠠᠪᠰᠢᠯᠳᠠ᠎ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠦ ᠥᠩᠭᠡᠷᠡᠭᠰᠡᠨ ᠶᠤᠮ᠃ ᠳᠤᠮᠳᠠᠳᠤ ᠭᠧᠷᠮᠠᠨ᠎ᠤ ᠬᠤᠭᠤᠷᠣᠨᠳᠤ ᠦᠨᠳᠦᠰᠦᠨ ᠠᠰᠢᠭ ᠲᠤᠰᠠ ᠵᠢᠨ ᠮᠥᠷᠭᠦᠯᠳᠦᠭᠡᠨ ᠪᠠᠶ᠋ᠢᠬᠤ ᠦᠭᠡᠢ᠂ ᠬᠠᠷᠢᠯᠴᠠᠨ ᠠᠮᠤᠷ ᠲᠦᠪᠰᠢᠨ᠎ᠤ ᠰᠦᠷᠳᠡᠭᠦᠯᠦᠯ ᠪᠤᠯᠬᠤ ᠦᠭᠡᠢ ᠶᠤᠮ᠃ ᠳᠤᠮᠳᠠᠳᠤ ᠭᠧᠷᠮᠠᠨ᠎ᠤ ᠬᠠᠮᠲᠤᠷᠠᠯᠴᠠᠭ᠎ᠠ ᠬᠤᠶᠠᠷ ᠲᠠᠯ᠎ᠠ᠎ᠳᠤ ᠠᠰᠢᠭᠲᠠᠢ᠂ ᠳᠡᠯᠡᠬᠡᠢ᠎ᠳᠤ ᠠᠰᠢᠭᠲᠠᠢ ᠶᠤᠮ᠃ ᠳᠡᠯᠡᠬᠡᠢ ᠶᠢᠷᠲᠢᠨᠴᠦ ᠬᠡᠳᠦᠢ ᠣᠷᠤᠭ᠎ᠠ ᠪᠤᠰᠬᠠᠭ᠎ᠠ ᠪᠤᠯᠬᠤ ᠳᠤᠳᠤᠮ ᠬᠤᠶᠠᠷ ᠲᠠᠯ᠎ᠠ᠎ᠪᠠᠷ ᠵᠶ᠋ᠠᠨ ᠬᠤᠶᠠᠷ ᠤᠯᠤᠰ᠎ᠤᠨ ᠬᠠᠷᠢᠯᠴᠠᠭ᠋ᠠᠨ᠎ᠤ ᠤᠶᠠᠨ ᠬᠠᠳᠠᠨ ᠴᠢᠨᠠᠷ ᠪᠣᠯᠣᠨ ᠠᠮᠢᠵᠢᠷᠠᠯ᠎ᠤᠨ ᠬᠦᠴᠦᠨ ᠵᠶ᠋ᠠᠨ ᠲᠡᠳᠦᠢ ᠳᠡᠭᠡᠭᠰᠢᠯᠡᠭᠦᠯᠵᠦ᠂ ᠳᠤᠮᠳᠠᠳᠤ ᠭᠧᠷᠮᠠᠨ᠎ᠤ ᠬᠠᠷᠢᠯᠴᠠᠭ᠎ᠠ ᠵᠢᠨ ᠬᠠᠮᠲᠤᠷᠠᠯᠴᠠᠭ᠋ᠠᠨ᠎ᠤ ᠭᠤᠣᠯ ᠭᠦᠭ ᠠᠶᠠᠰ ᠪᠣᠯᠣᠨ ᠬᠥᠭᠵᠢᠯᠲᠡ ᠵᠢᠨ ᠶᠡᠭᠡ ᠴᠢᠭᠯᠡᠯ᠎ᠢ ᠪᠠᠷᠢᠮᠲᠠᠯᠠᠵᠤ᠂ ᠳᠤᠮᠳᠠᠳᠤ ᠭᠧᠷᠮᠠᠨ ᠪᠣᠯ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ ᠪᠤᠯᠬᠤ ᠡᠨᠡ ᠬᠦ᠌ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠳᠡᠶ᠎ᠡ᠃ ᠳᠤᠮᠳᠠᠳᠤ ᠤᠯᠤᠰ᠎ᠤᠨ ᠭᠧᠷᠮᠠᠨ᠎ᠳᠤ ᠬᠠᠨᠳᠤᠭᠤᠯᠬᠤ ᠲᠥᠷᠥ ᠵᠢᠨ ᠪᠣᠳᠣᠯᠭ᠎ᠠ᠎ᠪᠠᠨ ᠳᠡᠭᠡᠳᠦ ᠬᠡᠮᠵᠢᠶᠡᠨ᠎ᠤ ᠲᠣᠭᠲᠠᠭᠤᠨ ᠴᠢᠨᠠᠷ ᠪᠠ ᠠᠪᠴᠠᠯᠳᠤᠩᠭᠤᠢ ᠴᠢᠨᠠᠷᠲᠠᠢ ᠪᠠᠶ᠋ᠢᠬᠤ ᠵᠢ ᠪᠠᠲᠤᠯᠠᠵᠤ ᠪᠠᠶ᠋ᠢᠨ᠎ᠠ᠃ ᠬᠤᠶᠠᠷ ᠲᠠᠯ᠎ᠠ᠎ᠪᠠᠷ ᠵᠶ᠋ᠠᠨ ᠦᠷᠭᠦᠯᠵᠢᠯᠡᠨ ᠨᠡᠭᠡᠭᠡᠯᠲᠡ᠎ᠲᠠᠢ᠎ᠪᠠᠷ ᠶᠠᠪᠤᠯᠴᠠᠭ᠎ᠠ᠎ᠪᠠᠨ ᠨᠢᠭᠲᠠᠷᠠᠭᠤᠯᠵᠤ᠂ ᠪᠠᠶ᠋ᠢᠯᠳᠤᠬᠤ ᠪᠣᠳᠣᠯᠭ᠎ᠠ ᠵᠢᠨ ᠢᠲᠡᠭᠡᠯᠴᠡᠭᠡ᠎ᠪᠠᠨ ᠨᠡᠮᠡᠭᠳᠡᠭᠦᠯᠪᠡᠯ ᠵᠣᠬᠢᠨ᠎ᠠ᠃ ᠬᠤᠶᠠᠷ ᠲᠠᠯ᠎ᠠ᠎ᠪᠠᠷ ᠵᠶ᠋ᠠᠨ ᠬᠠᠷᠢᠯᠴᠠᠨ ᠬᠦᠨᠳᠦᠳᠬᠡᠬᠦ᠂ ᠠᠳᠠᠯᠢ ᠲᠠᠯ᠎ᠠ᠎ᠪᠠᠨ ᠡᠷᠢᠵᠦ ᠵᠥᠷᠢᠶ᠎ᠡ᠎ᠲᠠᠢ ᠲᠠᠯ᠎ᠠ᠎ᠪᠠᠨ ᠦᠯᠡᠳᠡᠭᠡᠬᠦ᠂ ᠰᠠᠨᠠᠯ ᠵᠶ᠋ᠠᠨ ᠰᠣᠯᠢᠯᠴᠠᠨ ᠬᠠᠷᠢᠯᠴᠠᠨ ᠲᠣᠯᠢ ᠪᠤᠯᠭ᠋ᠠᠬᠤ᠂ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠳᠡᠭᠦ ᠵᠢ ᠪᠠᠷᠢᠮᠲᠠᠯᠠᠳᠠᠭ ᠯᠠ ᠶᠤᠮ ᠪᠣᠯ ᠬᠤᠶᠠᠷ ᠤᠯᠤᠰ᠎ᠤᠨ ᠬᠠᠷᠢᠯᠴᠠᠭ᠎ᠠ ᠯᠠᠪᠲᠠᠢ ᠦᠷᠭᠦᠯᠵᠢᠯᠡᠨ ᠯᠠᠪᠳᠠᠭᠤᠨ ᠬᠤᠯᠠ ᠶᠠᠪᠤᠵᠤ ᠴᠢᠳᠠᠨ᠎ᠠ ᠭᠡᠵᠦ ᠴᠢᠬᠤᠯᠠᠴᠢᠯᠠᠵᠠᠢ᠃
ᠰᠢ ᠵᠢᠨ ᠫᠢᠩ᠂ ᠳᠤᠮᠳᠠᠳᠤ ᠭᠧᠷᠮᠠᠨ᠎ᠤ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠭᠦᠨᠵᠡᠭᠡᠢ ᠠᠭᠤᠰᠤᠯᠴᠠᠵᠤ᠂ ᠬᠤᠶᠠᠷ ᠤᠯᠤᠰ᠎ᠤᠨ ᠵᠠᠬ᠎ᠠ ᠳᠡᠯᠭᠡᠭᠦᠷ ᠳᠡᠭᠡᠳᠦ ᠬᠡᠮᠵᠢᠶ᠎ᠡ᠎ᠪᠠᠷ ᠲᠦᠰᠢᠯᠴᠡᠨ ᠣᠷᠣᠰᠢᠵᠤ ᠪᠠᠶ᠋ᠢᠨ᠎ᠠ᠃ ᠳᠤᠮᠳᠠᠳᠤ ᠭᠧᠷᠮᠠᠨ᠎ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠨᠢ 《ᠠᠶᠤᠯ ᠲᠦᠭᠰᠢᠭᠦᠷᠢ》᠎ᠲᠠᠢ ᠪᠢᠰᠢ᠂ ᠬᠠᠷᠢᠨ ᠬᠤᠶᠠᠷ ᠲᠠᠯ᠎ᠠ ᠵᠢᠨ ᠬᠠᠷᠢᠯᠴᠠᠭ᠎ᠠ ᠲᠣᠭᠲᠠᠪᠤᠷᠢᠲᠠᠢ ᠪᠠᠶ᠋ᠢᠬᠤ ᠵᠢᠨ ᠪᠠᠲᠤᠯᠠᠭ᠎ᠠ᠂ ᠢᠷᠡᠭᠡᠳᠦᠢ ᠵᠢ ᠨᠡᠭᠡᠭᠡᠬᠦ ᠠᠵᠠ ᠲᠣᠭᠢᠶᠠᠯ ᠪᠣᠯᠣᠨ᠎ᠠ᠃ ᠮᠠᠰᠢᠨ ᠮᠧᠬᠠᠨᠢᠭ ᠦᠢ᠍ᠯᠡᠳᠬᠦ᠂ ᠮᠠᠰᠢᠨ ᠲᠡᠷᠭᠡ ᠵᠡᠷᠭᠡ ᠤᠯᠠᠮᠵᠢᠯᠠᠯᠲᠤ ᠬᠦᠷᠢᠶ᠎ᠡ ᠴᠦ᠍ ᠲᠡᠷᠡ᠂ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ᠂ ᠲᠣᠭ᠋ᠠᠴᠢᠯᠠᠯᠳᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ᠎ᠪᠠᠷ ᠮᠠᠨᠳᠤᠭᠰᠠᠨ ᠬᠦᠷᠢᠶ᠎ᠡ ᠴᠦ᠍ ᠲᠡᠷᠡ᠂ ᠬᠤᠶᠠᠷ ᠤᠯᠤᠰ ᠴᠥᠮ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠳᠡᠭᠦ ᠯᠤᠲᠤ ᠶᠡᠭᠡ ᠲᠠᠯᠳᠠ ᠬᠦᠴᠦᠨ᠎ᠢ ᠠᠭᠤᠳᠠᠯᠵᠤ ᠪᠣᠯᠣᠨ᠎ᠠ᠃ ᠬᠤᠶᠠᠷ ᠲᠠᠯ᠎ᠠ᠎ᠪᠠᠷ ᠵᠶ᠋ᠠᠨ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠢᠯᠡ ᠲᠣᠳᠣ ᠣᠨᠴᠠᠯᠢᠭ᠎ᠢ ᠪᠠᠳᠠᠷᠠᠭᠤᠯᠵᠤ᠂ ᠬᠠᠷᠢᠯᠴᠠᠨ ᠲᠦᠰᠢᠯᠴᠡᠨ ᠠᠮᠵᠢᠯᠲᠠ ᠣᠯᠪᠠᠯ ᠵᠣᠬᠢᠨ᠎ᠠ᠃ ᠳᠤᠮᠳᠠᠳᠤ ᠤᠯᠤᠰ ᠴᠠᠭᠢᠯᠭ᠋ᠠᠨ ᠭᠦᠳᠡᠯᠭᠡᠭᠦᠷᠲᠦ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ᠎ᠤᠨ ᠦᠢ᠍ᠯᠡᠳᠬᠦᠨ ᠵᠡᠷᠭᠡ ᠵᠢ ᠭᠠᠳᠠᠭ᠋ᠠᠳᠤ᠎ᠳᠤ ᠭᠠᠷᠭ᠋ᠠᠭᠰᠠᠨ᠎ᠨᠢ ᠪᠦᠭᠦ ᠪᠥᠮᠪᠥᠷᠴᠡᠭ᠎ᠤᠨ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠪᠦᠭᠦ ᠪᠥᠮᠪᠥᠷᠴᠡᠭ᠎ᠤᠨ ᠵᠣᠭᠤᠰ ᠮᠠᠭᠤᠳᠠᠬᠤ ᠳᠠᠷᠤᠯᠲᠠ ᠵᠢ ᠨᠠᠮᠳᠠᠭᠤᠯᠤᠭᠰᠠᠨ ᠵᠶ᠋ᠠᠷ ᠪᠠᠷᠠᠬᠤ ᠦᠭᠡᠢ᠂ ᠪᠠᠰᠠ ᠪᠦᠭᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ᠎ᠳᠤ ᠯᠤᠲᠤ ᠶᠡᠭᠡ ᠬᠤᠪᠢ ᠨᠡᠮᠡᠷᠢ ᠦᠵᠡᠭᠦᠯᠵᠦ ᠪᠠᠶ᠋ᠢᠨ᠎ᠠ᠃ ᠳᠤᠮᠳᠠᠳᠤ ᠭᠧᠷᠮᠠᠨ ᠬᠤᠶᠠᠷ ᠤᠯᠤᠰ ᠴᠥᠮ ᠠᠵᠤ ᠦᠢ᠍ᠯᠡᠰ ᠵᠶ᠋ᠠᠷ ᠤᠯᠤᠰ ᠵᠶ᠋ᠠᠨ ᠪᠠᠶ᠋ᠢᠭᠤᠯᠵᠤ᠂ ᠴᠥᠮ ᠴᠢᠯᠦᠭᠡᠲᠦ ᠠᠷᠠᠯᠵᠢᠶ᠎ᠠ ᠪᠣᠯᠣᠨ ᠠᠵᠤ ᠠᠬᠤᠢ ᠵᠢᠨ ᠳᠡᠯᠡᠬᠡᠶ᠋ᠢᠵᠢᠯᠲᠡ ᠵᠢ ᠳᠡᠮᠵᠢᠳᠡᠭ᠃ ᠬᠤᠶᠠᠷ ᠲᠠᠯ᠎ᠠ᠎ᠪᠠᠷ ᠵᠶ᠋ᠠᠨ ᠬᠠᠮᠠᠭ᠋ᠠᠯᠠᠬᠤ ᠦᠵᠡᠯ ᠲᠣᠯᠣᠭ᠋ᠠᠢ ᠥᠨᠳᠡᠶ᠋ᠢᠬᠦ ᠵᠢ ᠰᠡᠷᠡᠮᠵᠢᠯᠡᠵᠦ᠂ ᠵᠠᠬ᠎ᠠ ᠳᠡᠯᠭᠡᠭᠦᠷ᠎ᠤᠨ ᠬᠠᠷᠠᠴᠠ ᠪᠣᠯᠣᠨ ᠪᠦᠭᠦ ᠪᠥᠮᠪᠥᠷᠴᠡᠭ᠎ᠤᠨ ᠬᠠᠷᠠᠭ᠋ᠠᠰᠤ᠂ ᠠᠵᠤ ᠠᠬᠤᠢ ᠵᠢᠨ ᠵᠢᠮ᠎ᠡ ᠶᠣᠰᠣ᠎ᠠᠴᠠ ᠡᠭᠦᠰᠬᠦ ᠵᠢ ᠪᠠᠷᠢᠮᠲᠠᠯᠠᠵᠤ᠂ ᠦᠢ᠍ᠯᠡᠳᠪᠦᠷᠢᠯᠡᠯ᠎ᠤᠨ ᠴᠢᠳᠠᠪᠤᠷᠢ ᠵᠢᠨ ᠠᠰᠠᠭᠤᠳᠠᠯ᠎ᠳᠤ ᠪᠤᠰᠤᠳᠴᠢ᠂ ᠬᠤᠪᠢᠰᠤᠩᠭᠤᠢ᠎ᠪᠠᠷ ᠬᠠᠨᠳᠤᠵᠤ᠂ ᠬᠠᠮᠲᠤᠷᠠᠯᠴᠠᠭ᠎ᠠ ᠵᠢ ᠢᠯᠡᠭᠦᠬᠡᠨ ᠰᠦᠪᠡᠭᠴᠢᠯᠡᠶ᠎ᠡ᠃ ᠳᠤᠮᠳᠠᠳᠤ ᠤᠯᠤᠰ ᠭᠠᠳᠠᠭ᠋ᠠᠳᠤ ᠨᠡᠭᠡᠭᠡᠯᠲᠡ ᠬᠢᠬᠦ ᠤᠯᠤᠰ᠎ᠤᠨ ᠦᠨᠳᠦᠰᠦᠨ ᠪᠣᠳᠣᠯᠭ᠎ᠠ ᠵᠢ ᠪᠠᠷᠢᠮᠲᠠᠯᠠᠨ᠎ᠠ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠭᠧᠷᠮᠠᠨ᠎ᠳᠤ ᠬᠦᠷᠴᠦ ᠬᠥᠭᠵᠢᠬᠦ᠎ᠳᠤ ᠡᠷᠬᠡ ᠲᠡᠭᠰᠢ᠂ ᠢᠯᠡ ᠲᠣᠳᠣ᠂ ᠨᠡᠭᠡᠭᠡᠯᠲᠡᠲᠤ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭ᠋ᠠᠬᠤ ᠵᠢ ᠭᠧᠷᠮᠠᠨᠤᠬᠢᠨᠳᠤ ᠬᠦᠰᠡᠵᠦ ᠪᠠᠶ᠋ᠢᠨ᠎ᠠ᠃ ᠳᠤᠮᠳᠠᠳᠤ ᠭᠧᠷᠮᠠᠨ ᠳᠡᠯᠡᠬᠡᠢ ᠵᠢᠨ ᠣᠯᠠᠨ ᠲᠤᠶ᠋ᠢᠯᠰᠢᠷᠠᠬᠤ ᠠᠰᠠᠭᠤᠳᠠᠯ ᠳᠡᠭᠡᠷ᠎ᠡ ᠴᠥᠭᠡᠨ ᠪᠤᠰᠤ ᠠᠳᠠᠯᠢ ᠲᠠᠯ᠎ᠠ᠎ᠲᠠᠢ ᠶᠤᠮ᠃ ᠤᠯᠠᠨ ᠲᠤᠶ᠋ᠢᠯᠰᠢᠷᠠᠯᠲᠠ᠎ᠨᠢ ᠮᠥᠨ ᠴᠢᠨᠠᠷ ᠳᠡᠭᠡᠷ᠎ᠡ᠎ᠪᠠᠨ ᠠᠳᠠᠯᠢ ᠪᠤᠰᠤ ᠪᠣᠯᠪᠠᠰᠤᠨ᠂ ᠠᠳᠠᠯᠢ ᠪᠤᠰᠤ ᠪᠠᠶ᠋ᠢᠭᠤᠯᠤᠯ᠂ ᠠᠳᠠᠯᠢ ᠪᠤᠰᠤ ᠵᠠᠮ᠎ᠲᠠᠢ ᠤᠯᠤᠰ᠎ᠤᠳ᠎ᠤᠨ ᠬᠤᠭᠤᠷᠣᠨᠳᠤ ᠬᠠᠷᠢᠯᠴᠠᠨ ᠭᠦᠨᠳᠦᠳᠭᠡᠵᠦ᠂ ᠨᠠᠶ᠋ᠢᠷᠠᠮᠳᠠᠯ ᠵᠶ᠋ᠠᠷ ᠵᠡᠷᠭᠡᠴᠡᠨ ᠣᠷᠣᠰᠢᠬᠤ ᠶᠣᠰᠣᠲᠠᠢ᠃ ᠳᠤᠮᠳᠠᠳᠤ ᠭᠧᠷᠮᠠᠨ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠨ ᠤᠯᠠᠨ ᠲᠠᠯ᠎ᠠ ᠵᠢᠨ ᠬᠦᠷᠢᠶᠡᠨ᠎ᠤ ᠬᠠᠮᠵᠢᠯᠴᠠᠭ᠎ᠠ ᠥᠷᠨᠢᠭᠦᠯᠵᠦ᠂ ᠳᠡᠯᠡᠬᠡᠢ ᠨᠡᠶ᠋ᠢᠭᠡᠮ᠎ᠤᠨ ᠪᠣᠳᠠᠲᠤ ᠠᠵᠢᠯᠯᠠᠭ᠎ᠠ᠎ᠪᠠᠷ ᠵᠶ᠋ᠠᠨ ᠠᠭᠤᠷ ᠠᠮᠢᠰᠬᠤᠯ᠎ᠤᠨ ᠬᠤᠪᠢᠷᠠᠯᠲᠠ᠂ ᠬᠥᠭᠵᠢᠯᠲᠡ ᠵᠢᠨ ᠲᠡᠩᠴᠡᠭᠦᠷᠢ ᠦᠭᠡᠢ ᠪᠠᠶ᠋ᠢᠳᠠᠯ᠂ ᠭᠠᠵᠠᠷ ᠣᠷᠣᠨ᠎ᠤ ᠮᠥᠷᠭᠦᠯᠳᠦᠭᠡᠨ ᠵᠡᠷᠭᠡ ᠪᠦᠭᠦ ᠪᠥᠮᠪᠥᠷᠴᠡᠭ᠎ᠤᠨ ᠴᠢᠨᠠᠷᠲᠠᠢ ᠥᠷᠢᠰᠦᠯᠳᠦᠭᠡᠨ᠎ᠢ ᠨᠡᠩ ᠰᠠᠶ᠋ᠢᠨ ᠠᠷᠭ᠋ᠠᠴᠠᠭ᠋ᠠᠬᠤ ᠵᠢ ᠠᠬᠢᠭᠤᠯᠵᠤ᠂ ᠳᠡᠯᠡᠬᠡᠢ ᠵᠢᠨ ᠲᠡᠩᠴᠡᠭᠦᠷᠢ ᠲᠣᠭᠲᠠᠭᠤᠨ᠎ᠳᠤ ᠨᠡᠩ ᠤᠯᠠᠨ ᠬᠤᠪᠢ ᠨᠡᠮᠡᠷᠢ ᠦᠵᠡᠭᠦᠯᠪᠡᠯ ᠵᠣᠬᠢᠨ᠎ᠠ ᠭᠡᠵᠦ ᠵᠢᠭ᠋ᠠᠵᠤ ᠭᠠᠷᠭ᠋ᠠᠪᠠ᠃
ᠱᠦᠸᠧᠷᠼᠢ᠂ ᠣᠳᠣᠬᠠᠨ᠎ᠳᠤ ᠭᠧᠷᠮᠠᠨ ᠳᠤᠮᠳᠠᠳᠤ ᠵᠢᠨ ᠬᠠᠷᠢᠯᠴᠠᠭ᠎ᠠ ᠵᠢᠨ ᠬᠥᠭᠵᠢᠯᠲᠡ ᠰᠠᠶ᠋ᠢᠨ ᠪᠠᠶ᠋ᠢᠵᠤ᠂ ᠬᠤᠶᠠᠷ ᠲᠠᠯ᠎ᠠ ᠵᠢᠨ ᠡᠯ᠎ᠡ ᠳᠠᠪᠬᠤᠷᠭ᠎ᠠ᠂ ᠡᠯ᠎ᠡ ᠬᠦᠷᠢᠶᠡᠨ᠎ᠤ ᠶᠠᠪᠤᠯᠴᠠᠭ᠎ᠠ ᠨᠢᠭᠲᠠ ᠪᠠᠶ᠋ᠢᠨ᠎ᠠ᠃ ᠬᠤᠶᠠᠷ ᠲᠠᠯ᠎ᠠ᠎ᠪᠠᠷ ᠵᠶ᠋ᠠᠨ ᠬᠤᠶᠠᠷ ᠤᠯᠤᠰ᠎ᠤᠨ ᠵᠠᠰᠠᠭ᠎ᠤᠨ ᠣᠷᠳᠣᠨ᠎ᠤ ᠵᠥᠪᠳᠡᠯᠴᠡᠭᠡ ᠵᠢᠴᠢ ᠪᠠᠶ᠋ᠢᠯᠳᠤᠬᠤ ᠪᠣᠳᠣᠯᠭ᠎ᠠ᠂ ᠡᠳ᠋᠎ᠤᠨ ᠵᠠᠰᠠᠭ ᠮᠥᠩᠭᠦᠨ ᠭᠦᠢ᠍ᠯᠭᠡᠭᠡ ᠵᠡᠷᠭᠡ ᠬᠦᠷᠢᠶᠡᠨ᠎ᠤ ᠳᠡᠭᠡᠳᠦ ᠲᠡᠰ᠎ᠤᠨ ᠶᠠᠷᠢᠯᠴᠠᠭ᠎ᠠ ᠵᠢ ᠠᠮᠵᠢᠯᠲᠠ᠎ᠲᠠᠢ ᠶᠠᠪᠤᠭᠳᠠᠭᠤᠯᠵᠤ᠂ ᠪᠠᠰᠠ ᠠᠭᠤᠷ ᠠᠮᠢᠰᠬᠤᠯ᠎ᠤᠨ ᠬᠤᠪᠢᠷᠠᠯᠲᠠ ᠪᠣᠯᠣᠨ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠶᠠᠷᠢᠯᠴᠠᠭ᠎ᠠ ᠬᠢᠬᠦ ᠪᠣᠯᠣᠨ᠎ᠠ᠃ ᠥᠩᠭᠡᠷᠡᠭᠰᠡᠨ ᠬᠤᠶᠠᠷ ᠡᠳᠦᠷ ᠪᠢ ᠭᠧᠷᠮᠠᠨ᠎ᠤ ᠠᠵᠤ ᠠᠬᠤᠶ᠋ᠢᠯᠠᠯ᠎ᠤᠨ ᠡᠲᠡᠭᠡᠳ᠎ᠤᠨ ᠲᠥᠯᠥᠭᠡᠯᠡᠭᠴᠢᠳ᠎ᠲᠠᠢ ᠴᠦᠩᠴᠢᠩ᠂ ᠱᠠᠩᠬᠠᠢ ᠵᠡᠷᠭᠡ ᠭᠠᠵᠠᠷ ᠵᠶ᠋ᠠᠷ ᠲᠣᠭᠤᠷᠢᠨ ᠦᠵᠡᠵᠦ᠂ ᠳᠤᠮᠳᠠᠳᠤ ᠤᠯᠤᠰ᠎ᠤᠨ ᠠᠵᠤ ᠠᠬᠤᠢ ᠵᠢᠨ ᠬᠥᠭᠵᠢᠯᠲᠡ ᠵᠢᠨ ᠣᠶ᠋ᠢᠷ᠎ᠠ ᠵᠢᠨ ᠵᠢᠯ᠎ᠳᠤ ᠣᠯᠣᠭᠰᠠᠨ ᠯᠤᠲᠤ ᠶᠡᠭᠡ ᠠᠮᠵᠢᠯᠲᠠ ᠵᠢ ᠪᠡᠶᠡᠴᠢᠯᠡᠨ ᠣᠶ᠋ᠢᠯᠠᠭ᠋ᠠᠵᠤ᠂ ᠭᠧᠷᠮᠠᠨ ᠳᠤᠮᠳᠠᠳᠤ ᠬᠤᠶᠠᠷ ᠤᠯᠤᠰ᠎ᠤᠨ ᠠᠵᠤ ᠠᠬᠤᠶ᠋ᠢᠯᠠᠯ᠎ᠤᠨ ᠡᠲᠡᠭᠡᠳ᠎ᠤᠨ ᠨᠢᠭᠲᠠ ᠰᠠᠶ᠋ᠢᠨ ᠬᠠᠮᠲᠤᠷᠠᠯᠴᠠᠭ᠎ᠠ᠎ᠳᠤ ᠭᠦᠨ ᠰᠠᠭᠤᠭᠳᠠᠯ᠎ᠲᠠᠢ ᠪᠣᠯᠵᠠᠢ᠃ ᠭᠧᠷᠮᠠᠨ᠎ᠤ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠦᠷᠭᠦᠯᠵᠢᠯᠡᠨ ᠬᠤᠶᠠᠷ ᠤᠯᠤᠰ᠎ᠤᠨ ᠬᠠᠷᠢᠯᠴᠠᠭ᠎ᠠ᠎ᠪᠠᠨ ᠴᠢᠩᠭ᠋ᠠᠳᠬᠠᠵᠤ᠂ ᠡᠯ᠎ᠡ ᠬᠦᠷᠢᠶᠡᠨ᠎ᠤ ᠬᠤᠶᠠᠷ ᠲᠠᠯ᠎ᠠ ᠵᠢᠨ ᠶᠠᠷᠢᠯᠴᠠᠭ᠎ᠠ ᠪᠣᠯᠣᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠰᠤᠷᠭ᠋ᠠᠨ ᠬᠥᠮᠦᠵᠢᠯ᠂ ᠰᠣᠶᠣᠯ ᠵᠡᠷᠭᠡ ᠬᠦᠷᠢᠶᠡᠨ᠎ᠤ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠨ ᠠᠬᠢᠭᠤᠯᠤᠨ᠎ᠠ᠂ ᠡᠨᠡ᠎ᠨᠢ ᠭᠧᠷᠮᠠᠨ ᠳᠤᠮᠳᠠᠳᠤ ᠬᠤᠶᠠᠷ ᠤᠯᠤᠰ ᠵᠢᠴᠢ ᠳᠡᠯᠡᠬᠡᠢ ᠳ᠋ᠠᠬᠢᠨ᠎ᠳᠤ ᠴᠥᠮ ᠲᠤᠶ᠋ᠢᠯ᠎ᠤᠨ ᠴᠢᠬᠤᠯᠠ ᠶᠤᠮ᠃ ᠭᠧᠷᠮᠠᠨ᠎ᠤ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠣᠯᠣᠯᠴᠠᠭ᠎ᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠠᠭᠤᠷ ᠠᠮᠢᠰᠬᠤᠯ᠎ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ᠎ᠤᠨ ᠥᠷᠢᠰᠦᠯᠳᠦᠭᠡᠨ᠎ᠢ ᠬᠠᠮᠲᠤ᠎ᠪᠠᠷ ᠠᠷᠭ᠋ᠠᠴᠠᠭ᠋ᠠᠵᠤ᠂ ᠤᠯᠠᠨ ᠲᠠᠯᠠᠲᠤ ᠤᠯᠠᠨ ᠤᠯᠤᠰ᠎ᠤᠨ ᠡᠮᠬᠢ ᠳᠢᠭᠯᠢᠮ᠎ᠢ ᠬᠠᠮᠠᠭ᠋ᠠᠯᠠᠬᠤ᠎ᠪᠠᠷ ᠴᠢᠷᠮᠠᠶ᠋ᠢᠵᠤ᠂ ᠳᠡᠯᠡᠬᠡᠢ ᠵᠢᠨ ᠡᠩᠬᠡ ᠲᠠᠶ᠋ᠢᠪᠤᠩ ᠪᠣᠯᠣᠨ ᠬᠥᠭᠵᠢᠯᠲᠡ ᠵᠢ ᠠᠬᠢᠭᠤᠯᠵᠤ᠂ ᠡᠰᠡᠷᠭᠦᠴᠡᠯᠳᠦᠨ ᠲᠡᠮᠡᠴᠡᠯᠳᠦᠬᠦ ᠵᠢ ᠵᠥᠪᠰᠢᠶᠡᠷᠡᠬᠦ ᠦᠭᠡᠢ᠃ ᠭᠧᠷᠮᠠᠨ᠎ᠤ ᠲᠠᠯ᠎ᠠ ᠵᠢᠨ᠎ᠬᠢᠨ ᠬᠠᠮᠠᠭ᠋ᠠᠯᠠᠬᠤ ᠦᠵᠡᠯ᠎ᠢ ᠡᠰᠡᠷᠭᠦᠴᠡᠵᠦ᠂ ᠴᠢᠯᠦᠭᠡᠲᠦ ᠠᠷᠠᠯᠵᠢᠶ᠎ᠠ ᠵᠢ ᠳᠠᠮᠵᠢᠨ᠎ᠠ᠃ ᠡᠸᠦ᠋ᠷᠦᠫᠡ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ ᠴᠢᠬᠤᠯᠠ ᠪᠦᠷᠢᠯᠳᠦᠭᠦᠨ ᠪᠣᠯᠤᠭᠰᠠᠨ᠎ᠤ ᠬᠤᠪᠢ᠎ᠳᠤ᠂ ᠭᠧᠷᠮᠠᠨ ᠳᠤᠷᠠᠲᠠᠶ᠎ᠠ ᠡᠸᠦ᠋ᠷᠦᠫᠡ ᠲᠢᠪ᠎ᠤᠨ ᠤᠯᠤᠰ᠎ᠤᠳ᠎ᠤᠨ ᠬᠤᠯᠪᠤᠭ᠎ᠠ ᠪᠣᠯᠣᠨ ᠳᠤᠮᠳᠠᠳᠤ ᠤᠯᠤᠰ᠎ᠤᠨ ᠬᠠᠷᠢᠯᠴᠠᠭ᠎ᠠ ᠵᠢᠨ ᠰᠠᠶ᠋ᠢᠨ ᠰᠠᠶ᠋ᠢᠬᠠᠨ ᠬᠥᠭᠵᠢᠯᠲᠡ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠦᠨ᠎ᠡ ᠭᠡᠵᠦ ᠢᠯᠡᠳᠬᠡᠪᠡ᠃
ᠬᠤᠶᠠᠷ ᠤᠯᠤᠰ᠎ᠤᠨ ᠤᠳᠤᠷᠢᠳᠬᠤ ᠬᠥᠮᠥᠨ ᠪᠠᠰᠠ ᠦᠺᠷᠠᠶ᠋ᠢᠨ᠎ᠤ ᠬᠢᠮᠤᠷᠠᠯ᠎ᠤᠨ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠳᠤᠮᠳᠠᠳᠤ ᠭᠧᠷᠮᠠᠨ ᠴᠥᠮ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠦᠨᠳᠦᠰᠦᠨ ᠳᠦᠷᠢᠮ᠎ᠤᠨ ᠵᠣᠷᠢᠯᠲᠠ ᠪᠠ ᠵᠠᠷᠴᠢᠮ᠎ᠢ ᠵᠢᠷᠤᠮᠯᠠᠬᠤ᠎ᠪᠠᠷ ᠴᠢᠷᠮᠠᠶ᠋ᠢᠵᠤ᠂ ᠴᠥᠮ᠎ᠡ ᠵᠢᠨ ᠵᠡᠪᠰᠡᠭ ᠬᠡᠷᠡᠭᠯᠡᠬᠦ ᠪᠤᠶᠤ ᠡᠩᠬᠡ ᠲᠠᠶ᠋ᠢᠪᠤᠩ ᠴᠥᠮ᠎ᠡ ᠵᠢᠨ ᠲᠥᠬᠦᠭᠡᠷᠦᠮᠵᠢ ᠵᠢ ᠳᠠᠭ᠋ᠠᠷᠢᠬᠤ ᠵᠢ ᠡᠰᠡᠷᠭᠦᠴᠡᠵᠦ᠂ ᠣᠯᠠᠨ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠠᠰᠠᠭᠤᠳᠠᠯ᠎ᠢ ᠲᠣᠬᠢᠲᠠᠢ ᠰᠢᠢ᠍ᠳᠪᠦᠷᠢᠯᠡᠵᠦ᠂ ᠣᠯᠠᠨ ᠤᠯᠤᠰ᠎ᠤᠨ ᠬᠥᠮᠦᠯᠢᠭ ᠦᠵᠡᠯ᠎ᠤᠨ ᠬᠠᠤᠯᠢ ᠵᠢ ᠵᠢᠷᠤᠮᠯᠠᠨ᠎ᠠ ᠭᠡᠵᠦ ᠢᠯᠡᠳᠬᠡᠪᠡ᠃
ᠰᠢ ᠵᠢᠨ ᠫᠢᠩ᠂ ᠣᠳᠣᠬᠠᠨ᠎ᠤ ᠪᠠᠶ᠋ᠢᠳᠠᠯ ᠳᠣᠣᠷ᠎ᠠ ᠮᠥᠷᠭᠦᠯᠳᠦᠭᠡᠨᠤ ᠡᠷᠭᠢᠭᠦᠯᠭᠡᠨ ᠭᠡᠯᠪᠡᠷᠢ᠎ᠪᠠᠷ ᠲᠡᠰ ᠳᠡᠪᠰᠢᠬᠦ ᠴᠢᠨᠠᠭᠰᠢᠯᠠᠪᠠᠯ ᠡᠵᠡᠮᠰᠢᠯ ᠵᠶ᠋ᠠᠨ ᠠᠯᠳᠠᠬᠤ᠎ᠠᠴᠠ ᠰᠡᠷᠭᠡᠶ᠋ᠢᠯᠡᠬᠦ ᠵᠢᠨ ᠲᠥᠯᠥᠭᠡ᠂ ᠡᠯ᠎ᠡ ᠲᠠᠯ᠎ᠠ ᠵᠢᠨ᠎ᠬᠢᠨ ᠡᠩᠬᠡ ᠲᠠᠶ᠋ᠢᠪᠤᠩ᠎ᠢ ᠡᠷᠲᠡᠬᠡᠨ ᠰᠡᠷᠭᠦᠭᠡᠬᠦ᠎ᠪᠠᠷ ᠬᠠᠮᠲᠤ᠎ᠪᠠᠷ ᠴᠢᠷᠮᠠᠶ᠋ᠢᠪᠠᠯ ᠵᠣᠬᠢᠨ᠎ᠠ᠃ ᠡᠶ᠋ᠢᠮᠦ᠎ᠠᠴᠠ ᠳᠣᠣᠷᠠᠬᠢ ᠬᠡᠳᠦᠨ ᠵᠠᠷᠴᠢᠮ᠎ᠢ ᠪᠠᠷᠢᠮᠲᠠᠯᠠᠪᠠᠯ ᠵᠣᠬᠢᠨ᠎ᠠ᠄ ᠨᠢᠭᠡ᠎ᠳᠤ ᠡᠩᠬᠡ ᠲᠠᠶ᠋ᠢᠪᠤᠩ ᠲᠣᠭᠲᠠᠭᠤᠨ ᠪᠠᠶ᠋ᠢᠬᠤ ᠶᠡᠭᠡ ᠲᠠᠯ᠎ᠠ ᠵᠢ ᠴᠢᠬᠤᠯᠠᠴᠢᠯᠠᠵᠤ᠂ ᠬᠤᠪᠢ ᠵᠢᠨ ᠠᠰᠢᠭ ᠲᠤᠰᠠ᠎ᠪᠠᠨ ᠬᠥᠭᠡᠭᠡᠴᠡᠯᠳᠦᠬᠦ ᠦᠭᠡᠢ ᠪᠠᠶ᠋ᠢᠬᠤ ᠬᠡᠷᠡᠭᠲᠡᠢ᠃ ᠬᠤᠶᠠᠷ᠎ᠲᠤ ᠴᠠᠭ᠎ᠤᠨ ᠪᠠᠶ᠋ᠢᠳᠠᠯ᠎ᠤᠨ ᠬᠠᠯᠠᠭᠤᠷᠠᠯ᠎ᠢ ᠨᠠᠮᠳᠠᠭᠤᠯᠵᠤ᠂ ᠨᠣᠴᠣᠭᠰᠠᠨ ᠭᠠᠯ ᠳᠡᠭᠡᠷ᠎ᠡ ᠲᠣᠰᠣ ᠨᠡᠮᠡᠬᠦ ᠦᠭᠡᠢ ᠪᠠᠶ᠋ᠢᠬᠤ ᠬᠡᠷᠡᠭᠲᠡᠢ᠃ ᠭᠤᠷᠪᠠ᠎ᠳᠤ ᠡᠩᠬᠡ ᠲᠠᠶ᠋ᠢᠪᠤᠩ᠎ᠢ ᠰᠡᠷᠭᠦᠭᠡᠬᠦ᠎ᠳᠤ ᠨᠥᠬᠦᠴᠡᠯ ᠬᠤᠷᠠᠮᠳᠤᠭᠤᠯᠵᠤ᠂ ᠵᠥᠷᠢᠴᠡᠯ᠎ᠢ ᠴᠢᠨᠠᠭᠰᠢᠳᠠ ᠬᠤᠷᠴᠠᠳᠬᠠᠬᠤ ᠦᠭᠡᠢ ᠪᠠᠶ᠋ᠢᠬᠤ ᠬᠡᠷᠡᠭᠲᠡᠢ᠃ ᠳᠥᠷᠪᠡ᠎ᠳᠤ ᠳᠡᠯᠡᠬᠡᠢ ᠵᠢᠨ ᠠᠵᠤ ᠠᠬᠤᠢ᠎ᠳᠤ ᠦᠵᠡᠭᠦᠯᠭᠦ ᠨᠠᠵᠠᠭ᠋ᠠᠢ ᠨᠥᠯᠥᠭᠡ ᠵᠢ ᠪᠠᠭ᠋ᠠᠰᠬᠠᠵᠤ᠂ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ᠎ᠢ ᠡᠪᠳᠡᠬᠦ ᠦᠭᠡᠢ ᠪᠠᠶ᠋ᠢᠬᠤ ᠬᠡᠷᠡᠭᠲᠡᠢ᠃ ᠳᠤᠮᠳᠠᠳᠤ ᠤᠯᠤᠰ ᠪᠣᠯ ᠦᠺᠷᠠᠶ᠋ᠢᠨ᠎ᠤ ᠬᠢᠮᠤᠷᠠᠯ᠎ᠤᠨ ᠬᠤᠯᠪᠤᠭ᠎ᠠ᠎ᠲᠠᠢ ᠲᠠᠯ᠎ᠠ᠂ ᠣᠷᠣᠯᠴᠠᠬᠰᠠᠨ ᠲᠠᠯ᠎ᠠ ᠪᠢᠰᠢ᠂ ᠭᠡᠪᠡᠴᠦ ᠥᠪᠡᠷ᠎ᠤᠨ ᠠᠷᠭ᠎ᠠ᠎ᠪᠠᠷ ᠵᠶ᠋ᠠᠨ ᠡᠪᠰᠡᠬᠦ ᠵᠢ ᠢᠳᠬᠠᠵᠤ ᠬᠡᠯᠡᠯᠴᠡᠭᠡ ᠬᠢᠬᠦ ᠵᠢ ᠠᠬᠢᠭᠤᠯᠤᠭᠰᠠᠭ᠋ᠠᠷ ᠢᠷᠡᠵᠡᠶ᠃ ᠳᠤᠮᠳᠠᠳᠤ ᠤᠯᠤᠰ ᠬᠢᠮᠤᠷᠠᠯ᠎ᠢ ᠨᠠᠶ᠋ᠢᠷᠠᠮᠳᠠᠯ ᠵᠶ᠋ᠠᠷ ᠰᠢᠢ᠍ᠳᠪᠦᠷᠢᠯᠡᠬᠦ᠎ᠳᠤ ᠠᠰᠢᠭᠲᠠᠢ ᠠᠯᠢᠪᠠ ᠴᠢᠷᠮᠠᠶ᠋ᠢᠯᠭ᠎ᠠ ᠵᠢ ᠵᠣᠷᠢᠭᠵᠢᠭᠤᠯᠤᠨ ᠲᠡᠮᠵᠢᠵᠥ᠂ ᠤᠷᠤᠰ ᠦᠺᠷᠠᠶ᠋ᠢᠨ ᠬᠤᠶᠠᠷ ᠲᠠᠯ᠎ᠠ ᠵᠢᠨ᠎ᠬᠢᠨ ᠪᠦᠷ ᠮᠡᠳᠡᠷᠡᠬᠦ᠂ ᠡᠯ᠎ᠡ ᠲᠠᠯ᠎ᠠ ᠵᠢᠨ᠎ᠬᠢᠨ ᠡᠷᠬᠡ ᠲᠡᠭᠰᠢ᠎ᠪᠠᠷ ᠣᠷᠤᠯᠴᠠᠬᠤ᠂ ᠪᠤᠢ ᠪᠦᠬᠦᠢ ᠨᠠᠶ᠋ᠢᠷᠠᠮᠳᠠᠯ᠎ᠤᠨ ᠲᠥᠰᠥᠯ᠎ᠢ ᠡᠷᠬᠡ ᠲᠡᠭᠰᠢ᠎ᠪᠠᠷ ᠶᠠᠷᠢᠯᠴᠠᠬᠤ ᠤᠯᠠᠨ ᠤᠯᠤᠰ᠎ᠤᠨ ᠡᠩᠬᠡ ᠲᠠᠶ᠋ᠢᠪᠤᠩ᠎ᠤᠨ ᠬᠤᠷᠠᠯ᠎ᠢ ᠴᠠᠭ᠎ᠲᠠᠭᠠᠨ ᠲᠣᠬᠢᠷᠠᠭᠤᠯᠤᠨ ᠬᠤᠷᠠᠯᠳᠤᠭᠤᠯᠬᠤ ᠵᠢ ᠲᠡᠮᠵᠢᠵᠥ᠂ ᠳᠤᠷᠠᠲᠠᠶ᠎ᠠ ᠭᠧᠷᠮᠠᠨᠢ ᠪᠠᠭᠲᠠᠭ᠋ᠠᠭᠰᠠᠨ ᠬᠤᠯᠪᠣᠭᠳᠠᠯ ᠪᠦᠬᠦᠢ ᠲᠠᠯ᠎ᠠ ᠵᠢᠨ᠎ᠬᠢᠨ᠎ᠲᠠᠢ ᠨᠢᠭᠲᠠ ᠣᠯᠣᠯᠴᠠᠭ᠎ᠠ᠎ᠪᠠᠨ ᠪᠠᠲᠤᠯᠠᠨ᠎ᠠ ᠭᠡᠵᠦ ᠴᠢᠬᠤᠯᠠᠴᠢᠯᠠᠪᠠ᠃
ᠬᠤᠶᠠᠷ ᠲᠠᠯ᠎ᠠ᠎ᠪᠠᠷ ᠵᠶ᠋ᠠᠨ ᠪᠠᠰᠠ ᠫᠠᠯᠧᠰᠲ᠋ᠠᠶ᠋ᠢᠨ ᠢᠰᠷᠧᠯ᠎ᠤᠨ ᠮᠥᠷᠭᠦᠯᠳᠦᠭᠡᠨ ᠵᠡᠷᠭᠡ ᠬᠠᠮᠲᠤ᠎ᠪᠠᠷ ᠠᠩᠬᠠᠷᠴᠤ ᠪᠠᠶ᠋ᠢᠭ᠎ᠠ ᠳᠡᠯᠡᠬᠡᠢ ᠵᠢᠨ ᠪᠠ ᠭᠠᠵᠠᠷ ᠣᠷᠣᠨ᠎ᠤ ᠠᠰᠠᠭᠤᠳᠠᠯ᠎ᠤᠨ ᠲᠤᠬᠠᠢ ᠰᠠᠨᠠᠯ ᠵᠶ᠋ᠠᠨ ᠰᠣᠯᠢᠯᠴᠠᠪᠠ᠃ ᠬᠤᠶᠠᠷ ᠲᠠᠯ᠎ᠠ᠎ᠪᠠᠷ ᠵᠶ᠋ᠠᠨ᠂ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠤᠯᠭ᠎ᠠ ᠵᠢᠨ ᠠᠶᠤᠯ ᠦᠭᠡᠢ ᠵᠢᠨ ᠵᠥᠪᠯᠡᠯ᠎ᠤᠨ 2728 ᠳ᠋ᠤᠭ᠋ᠠᠷ ᠲᠣᠭ᠋ᠠᠲᠤ ᠰᠢᠢ᠍ᠳᠪᠦᠷᠢ ᠵᠢ ᠨᠠᠶ᠋ᠢᠳᠠᠪᠤᠷᠢᠵᠢᠭᠤᠯᠵᠤ᠂ ᠬᠡᠷᠡᠭ ᠶᠡᠬᠡᠳᠬᠦ ᠵᠢ ᠰᠡᠷᠭᠡᠶ᠋ᠢᠯᠡᠵᠦ᠂ ᠪᠠᠶ᠋ᠢᠳᠠᠯ ᠴᠢᠨᠠᠭᠰᠢᠳᠠ ᠮᠠᠭᠤᠳᠠᠬᠤ᠎ᠠᠴᠠ ᠵᠠᠶ᠋ᠢᠯᠠᠰᠬᠢᠵᠦ᠂ ᠭᠠᠽᠠ ᠣᠷᠣᠨ᠎ᠤ ᠬᠠᠷᠰᠢ ᠰᠠᠭ᠋ᠠᠳ ᠦᠭᠡᠢ᠂ ᠦᠷᠭᠦᠯᠵᠢᠯᠡᠬᠦ ᠬᠥᠮᠦᠯᠢᠭ ᠦᠵᠡᠯ᠎ᠤᠨ ᠣᠷᠣᠬᠤ ᠵᠥᠪᠰᠢᠶᠡᠷᠡᠯ᠎ᠢ ᠪᠠᠲᠤᠯᠠᠵᠤ᠂ ᠫᠠᠯᠧᠰᠲ᠋ᠠᠶ᠋ᠢᠨᠤ ᠠᠰᠠᠭᠤᠳᠠᠯ᠎ᠢ 《ᠬᠤᠶᠠᠷ ᠤᠯᠤᠰ᠎ᠤᠨ ᠲᠥᠰᠥᠯ》᠎ᠤᠨ ᠰᠠᠭᠤᠷᠢᠨ ᠳᠡᠭᠡᠷ᠎ᠡ ᠡᠷᠲᠡᠬᠡᠨ ᠬᠡᠯᠡᠯᠴᠡᠭᠡ ᠬᠢᠬᠦ᠎ᠪᠠᠷ ᠳᠠᠮᠵᠢᠨ ᠰᠢᠢ᠍ᠳᠪᠦᠷᠢᠯᠡᠬᠦ ᠵᠢ ᠳᠡᠮᠵᠢᠵᠦ᠂ ᠨᠥᠯᠥᠭᠡᠯᠡᠬᠦ ᠬᠦᠴᠦᠨ᠎ᠲᠠᠢ ᠤᠯᠤᠰ᠎ᠢ ᠭᠠᠵᠠᠷ ᠣᠷᠣᠨ᠎ᠤ ᠡᠩᠬᠡ ᠲᠠᠶ᠋ᠢᠪᠤᠩ ᠲᠣᠭᠲᠠᠭᠤᠨ᠎ᠢ ᠬᠠᠮᠠᠭ᠋ᠠᠯᠠᠬᠤ᠎ᠳᠤ ᠪᠦᠲᠦᠭᠡᠯᠴᠢ ᠴᠢᠨᠠᠷᠲᠠᠢ ᠦᠢ᠍ᠯᠡᠳᠦᠯ ᠦᠵᠡᠭᠦᠯᠭᠦ ᠵᠢ ᠤᠷᠢᠶᠠᠯᠠᠵᠤ᠂ ᠫᠠᠯᠧᠰᠲ᠋ᠠᠶ᠋ᠢᠨᠤ ᠠᠰᠠᠭᠤᠳᠠᠯ᠎ᠤᠨ ᠡᠷᠲᠡᠬᠡᠨ ᠪᠦᠭᠦ ᠲᠠᠯ᠎ᠠ ᠵᠢᠨ᠂ ᠲᠥᠪ ᠭᠤᠣᠯᠴᠢ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠰᠢᠢ᠍ᠳᠪᠦᠷᠢᠯᠡᠭᠳᠡᠬᠦ ᠵᠢ ᠠᠬᠢᠭᠤᠯᠪᠠᠯ ᠵᠣᠬᠢᠨ᠎ᠠ ᠭᠡᠵᠦ ᠦᠵᠡᠪᠡ᠃
ᠠᠭᠤᠯᠵᠠᠯᠲᠠ ᠵᠢᠨ ᠳᠠᠷᠠᠭ᠎ᠠ᠂ ᠰᠢ ᠵᠢᠨ ᠫᠢᠩ ᠱᠦᠸᠧᠷᠼᠢ᠎ᠲᠠᠢ ᠬᠠᠮᠲᠤ ᠰᠡᠯᠡᠭᠦᠴᠡᠨ ᠠᠯᠬᠤᠬᠤ ᠵᠢᠨ ᠬᠠᠮᠲᠤ ᠦᠳᠡ ᠵᠢᠨ ᠬᠤᠭᠤᠯᠠ ᠵᠣᠭᠤᠭᠯᠠᠵᠤ᠂ ᠥᠷᠭᠡᠨ ᠳᠡᠯᠭᠡᠷ ᠵᠥᠪᠯᠡᠬᠦ ᠵᠦᠢ᠍ᠯ᠎ᠤᠨ ᠲᠤᠬᠠᠢ ᠰᠠᠨᠠᠯ ᠵᠶ᠋ᠠᠨ ᠴᠢᠨᠠᠭᠰᠢᠳᠠ ᠭᠦᠨᠵᠡᠭᠡᠢ ᠰᠣᠯᠢᠯᠴᠠᠪᠠ᠃
ᠸᠠᠩ ᠢ ᠠᠭᠤᠯᠵᠠᠯᠲᠠ᠎ᠳᠤ ᠣᠷᠣᠯᠴᠠᠵᠠᠢ᠃