ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠠᠷᠪᠠᠨ ᠳᠥᠷᠪᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠴᠢᠨᠠᠷ ᠰᠠᠶ᠋ᠢᠲᠠᠢ ᠭᠦᠢ᠍ᠴᠡᠳ ᠠᠵᠢᠯ ᠣᠯᠭᠤᠯᠲᠠ ᠵᠢ ᠠᠬᠢᠭᠤᠯᠵᠤ ᠥᠷᠭᠡᠨ ᠣᠯᠠᠨ ᠬᠥᠳᠡᠯᠮᠦᠷᠢᠴᠢᠳ᠎ᠤᠨ ᠬᠦᠷᠲᠡᠮᠵᠢ ᠵᠢᠨ ᠲᠥᠷᠥᠭᠳᠡᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ
ᠨᠡᠶ᠋ᠢᠲᠡᠯᠡᠭᠰᠡᠨ ᠴᠠᠭ᠄ 2024-05-29

    ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 28᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ 5 ᠰᠠᠷ᠎ᠠ ᠵᠢᠨ 27᠎ᠤ ᠦᠳᠡ ᠵᠢᠨ ᠬᠤᠶ᠋ᠢᠨ᠎ᠠ ᠴᠢᠨᠠᠷ ᠰᠠᠶ᠋ᠢᠲᠠᠢ ᠭᠦᠢ᠍ᠴᠡᠳ ᠠᠵᠢᠯ ᠣᠯᠭᠤᠯᠲᠠ ᠵᠢ ᠠᠬᠢᠭᠤᠯᠬᠤ ᠲᠤᠬᠠᠢ ᠠᠷᠪᠠᠨ ᠳᠥᠷᠪᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠭᠢᠯᠡᠭᠦ᠎ᠳᠡᠭᠡᠨ᠂ ᠴᠢᠨᠠᠷ ᠰᠠᠶ᠋ᠢᠲᠠᠢ ᠭᠦᠢ᠍ᠴᠡᠳ ᠠᠵᠢᠯ ᠣᠯᠭᠤᠯᠲᠠ ᠵᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ᠎ᠳᠤ ᠠᠵᠢᠯ ᠣᠯᠭᠤᠬᠤ ᠠᠵᠢᠯ᠎ᠤᠨ ᠰᠢᠨ᠎ᠡ ᠪᠠᠶ᠋ᠢᠷᠢ ᠲᠣᠭᠲᠠᠭ᠋ᠠᠯᠲᠠ᠂ ᠰᠢᠨ᠎ᠡ ᠡᠭᠦᠷᠭᠡ ᠬᠠᠷᠢᠭᠤᠴᠠᠯᠭ᠎ᠠ ᠮᠥᠨ᠃ ᠠᠷᠠᠳ ᠲᠦᠮᠡᠨ ᠵᠶ᠋ᠠᠷ ᠭᠤᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠬᠥᠳᠡᠯᠮᠦᠷᠢᠴᠢᠳ᠎ᠤᠨ ᠪᠡᠶ᠎ᠡ᠎ᠪᠠᠨ ᠳᠠᠭ᠋ᠠᠭ᠋ᠠᠵᠤ ᠠᠵᠢᠯ ᠣᠯᠬᠤ᠂ ᠵᠠᠬ᠎ᠠ ᠳᠡᠯᠭᠡᠭᠦᠷ ᠵᠶ᠋ᠠᠷ ᠠᠵᠢᠯ ᠣᠯᠭᠤᠯᠲᠠ ᠵᠢ ᠲᠣᠬᠢᠷᠠᠭᠤᠯᠬᠤ᠂ ᠵᠠᠰᠠᠭ᠎ᠤᠨ ᠣᠷᠳᠣᠨ᠎ᠠᠴᠠ ᠠᠵᠢᠯ ᠣᠯᠭᠤᠯᠲᠠ ᠵᠢ ᠠᠬᠢᠭᠤᠯᠬᠤ ᠪᠠ ᠦᠢ᠍ᠯᠡᠰ ᠪᠣᠰᠬᠠᠬᠤ ᠵᠢ ᠵᠣᠷᠢᠭᠵᠢᠭᠤᠯᠬᠤ ᠴᠢᠭᠯᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠠᠵᠢᠯ ᠣᠯᠭᠤᠯᠲᠠ ᠵᠢᠨ ᠶᠠᠰᠤ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠵᠢ ᠵᠣᠬᠢᠰᠲᠠᠢ ᠨᠡᠮᠡᠭᠳᠡᠭᠦᠯᠬᠦ ᠵᠢ ᠦᠷᠭᠦᠯᠵᠢᠯᠡᠨ ᠠᠬᠢᠭᠤᠯᠵᠤ᠂ ᠥᠷᠭᠡᠨ ᠤᠯᠠᠨ ᠬᠥᠳᠡᠯᠮᠦᠷᠢᠴᠢᠳ᠎ᠤᠨ ᠬᠦᠷᠲᠡᠮᠵᠢ ᠵᠢᠨ ᠲᠥᠷᠥᠭᠳᠡᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠳᠤᠮᠳᠠᠳᠤ ᠤᠯᠤᠰ᠎ᠤᠨ ᠭᠦᠳᠡᠯᠮᠦᠷᠢ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠮᠦᠸᠧ ᠷᠦᠩ ᠰᠤᠳᠤᠯᠤᠭᠴᠢ ᠡᠨᠡ ᠬᠦ᠌ ᠠᠰᠠᠭᠤᠳᠠᠯ᠎ᠤᠨ ᠲᠤᠬᠠᠢ ᠲᠠᠶ᠋ᠢᠯᠤᠮᠵᠢ ᠬᠢᠵᠦ᠂ ᠠᠵᠢᠯ᠎ᠤᠨ ᠰᠠᠨᠠᠭᠤᠯᠭ᠎ᠠ ᠳᠤᠷᠠᠳᠪᠠ᠃ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠨᠥᠬᠦᠳ ᠲᠠᠶ᠋ᠢᠯᠤᠮᠵᠢ ᠵᠢ ᠨᠠᠷᠢᠨ ᠬᠢᠨᠠᠮᠠᠭ᠋ᠠᠢ ᠰᠣᠨᠣᠰᠤᠭᠰᠠᠨ ᠪᠥᠭᠡᠳ ᠶᠠᠷᠢᠯᠴᠠᠪᠠ᠃
    ᠰᠢ ᠵᠢᠨ ᠫᠢᠩ ᠲᠠᠶ᠋ᠢᠯᠤᠮᠵᠢ ᠪᠠ ᠶᠠᠷᠢᠯᠴᠠᠭ᠎ᠠ ᠵᠢ ᠰᠣᠨᠣᠰᠤᠭᠰᠠᠨ᠎ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠠᠵᠢᠯ ᠣᠯᠭᠤᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ᠂ ᠠᠷᠠᠳ ᠤᠯᠠᠨ᠎ᠤ ᠲᠤᠰ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠵᠤ᠂ ᠠᠵᠤ ᠠᠬᠤᠢ ᠨᠡᠶ᠋ᠢᠭᠡᠮ᠎ᠤᠨ ᠡᠷᠡᠭᠦᠯ ᠵᠶ᠋ᠠᠷ ᠬᠥᠭᠵᠢᠬᠦ᠎ᠳᠤ ᠬᠤᠯᠪᠣᠭᠳᠠᠵᠤ᠂ ᠤᠯᠤᠰ᠎ᠤᠨ ᠥᠨᠢ ᠤᠳᠠᠭ᠋ᠠᠨ᠎ᠤ ᠠᠮᠤᠷ ᠲᠦᠪᠰᠢᠨ᠎ᠳᠤ ᠬᠤᠯᠪᠣᠭᠳᠠᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠠᠵᠢᠯ ᠣᠯᠭᠤᠯᠲᠠ ᠵᠢᠨ ᠠᠵᠢᠯ᠎ᠢ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠣᠪᠣᠶ᠋ᠢᠮ᠎ᠠ ᠪᠠᠶ᠋ᠢᠷᠢᠨ᠎ᠳᠤ ᠲᠠᠯᠪᠢᠬᠤ ᠵᠢ ᠪᠠᠷᠢᠮᠲᠠᠯᠠᠵᠤ᠂ ᠠᠵᠢᠯ ᠣᠯᠭᠤᠯᠲᠠ ᠵᠢ ᠲᠡᠷᠢᠭᠦᠨ᠎ᠳᠤ ᠲᠠᠯᠪᠢᠬᠤ ᠲᠦᠷᠦ ᠵᠢᠨ ᠪᠣᠳᠣᠯᠭ᠎ᠠ ᠵᠢ ᠴᠢᠩᠭ᠋ᠠᠳᠬᠠᠵᠤ᠂ ᠠᠵᠢᠯ ᠣᠯᠭᠤᠯᠲᠠ ᠵᠢ ᠠᠬᠢᠭᠤᠯᠬᠤ ᠲᠣᠭᠲᠠᠴᠠ ᠵᠢ ᠪᠦᠷᠢᠨᠰᠢᠭᠦᠯᠵᠦ᠂ ᠡᠯ᠎ᠡ ᠵᠦᠢ᠍ᠯ᠎ᠤᠨ ᠳᠠᠷᠤᠯᠲᠠ ᠥᠷᠢᠰᠦᠯᠳᠦᠭᠡᠨ᠎ᠢ ᠪᠦᠲᠦᠮᠵᠢᠲᠡᠢ ᠠᠷᠭ᠋ᠠᠴᠠᠭ᠋ᠠᠵᠤ᠂ ᠬᠤᠳᠠ ᠪᠠᠯᠭ᠋ᠠᠰᠤᠨ᠎ᠤ ᠰᠢᠨ᠎ᠡ᠎ᠪᠠᠷ ᠨᠡᠮᠡᠭᠳᠡᠭᠰᠡᠨ ᠠᠵᠢᠯ ᠣᠯᠭᠤᠯᠲᠠ ᠵᠢᠯ ᠳᠤᠮᠳᠠᠴᠢ᠎ᠪᠠᠷ 1300 ᠲᠦᠮᠡᠨ ᠬᠥᠮᠥᠨ᠎ᠳᠤ ᠬᠦᠷᠴᠦ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠪᠠ ᠠᠵᠤ ᠠᠬᠤᠢ ᠵᠢᠨ ᠬᠥᠭᠵᠢᠯᠲᠡ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠪᠠ᠃ ᠦᠢ᠍ᠯᠡᠳᠦᠯᠭᠡ ᠵᠢᠨ ᠳᠤᠮᠳᠠ ᠰᠢᠨ᠎ᠡ ᠴᠠᠭ ᠦᠶ᠎ᠡ ᠵᠢᠨ ᠠᠵᠢᠯ ᠣᠯᠭᠤᠯᠲᠠ ᠵᠢᠨ ᠠᠵᠢᠯ᠎ᠤᠨ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠮᠠᠰᠢ ᠣᠯᠠᠨ ᠲᠤᠷᠰᠢᠯᠭ᠎ᠠ ᠬᠤᠷᠠᠮᠳᠤᠭᠤᠯᠪᠠ᠃ ᠡᠭᠦᠨ᠎ᠳᠤ ᠭᠤᠣᠯᠳᠠᠭᠤ᠄ ᠠᠵᠢᠯ ᠣᠯᠭᠤᠯᠲᠠ ᠵᠢ ᠠᠷᠠᠳ᠎ᠤᠨ ᠠᠮᠢᠳᠤᠷᠠᠯ᠎ᠤᠨ ᠦᠨᠳᠦᠰᠦ ᠪᠤᠯᠭ᠋ᠠᠬᠤ ᠵᠢ ᠪᠠᠷᠢᠮᠲᠠᠯᠠᠨ᠎ᠠ; ᠠᠵᠢᠯ ᠣᠯᠭᠤᠯᠲᠠ ᠵᠢ ᠲᠡᠷᠢᠭᠦᠨ᠎ᠳᠤ ᠲᠠᠯᠪᠢᠬᠤ ᠪᠠᠶ᠋ᠢᠯᠳᠤᠬᠤ ᠪᠣᠳᠣᠯᠭ᠎ᠠ ᠵᠢ ᠪᠠᠷᠢᠮᠲᠠᠯᠠᠨ ᠭᠡᠷᠡᠭᠵᠢᠭᠦᠯᠦᠨ᠎ᠡ; ᠬᠥᠭᠵᠢᠯᠲᠡ᠎ᠳᠤ ᠲᠦᠰᠢᠭᠯᠡᠨ ᠠᠵᠢᠯ ᠣᠯᠭᠤᠯᠲᠠ ᠵᠢ ᠠᠬᠢᠭᠤᠯᠬᠤ ᠵᠢ ᠪᠠᠷᠢᠮᠲᠠᠯᠠᠨ᠎ᠠ; ᠠᠵᠢᠯ ᠣᠯᠭᠤᠯᠲᠠ ᠵᠢᠨ ᠪᠠᠭᠲᠠᠭ᠋ᠠᠮᠵᠢ ᠵᠢ ᠥᠷᠭᠡᠳᠬᠡᠬᠦ ᠪᠠ ᠠᠵᠢᠯ ᠣᠯᠭᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠭᠦ ᠵᠢ ᠤᠶᠠᠯᠳᠤᠭᠤᠯᠬᠤ ᠵᠢ ᠪᠠᠷᠢᠮᠲᠠᠯᠠᠨ᠎ᠠ; ᠭᠤᠣᠯᠳᠠᠯᠭ᠎ᠠ᠎ᠲᠠᠢ ᠬᠥᠮᠥᠰ᠎ᠤᠨ ᠠᠵᠢᠯ ᠣᠯᠭᠤᠯᠲᠠ ᠵᠢ ᠲᠣᠪᠤᠶ᠋ᠢᠯᠭ᠋ᠠᠨ ᠰᠠᠶ᠋ᠢᠲᠤᠷ ᠠᠳᠬᠤᠬᠤ ᠵᠢ ᠪᠠᠷᠢᠮᠲᠠᠯᠠᠨ᠎ᠠ; ᠦᠢ᠍ᠯᠡᠰ ᠪᠣᠰᠬᠠᠬᠤ᠎ᠪᠠᠷ ᠠᠵᠢᠯ ᠣᠯᠭᠤᠯᠲᠠ ᠵᠢ ᠳᠠᠶ᠋ᠢᠴᠢᠯᠠᠬᠤ ᠵᠢ ᠪᠠᠷᠢᠮᠲᠠᠯᠠᠨ᠎ᠠ; ᠡᠷᠬᠡ ᠲᠡᠭᠰᠢ᠎ᠪᠠᠷ ᠠᠵᠢᠯ ᠣᠯᠭᠤᠬᠤ ᠣᠷᠴᠢᠨ ᠨᠥᠬᠦᠴᠡᠯ᠎ᠢ ᠪᠤᠢ ᠪᠤᠯᠭ᠋ᠠᠬᠤ ᠵᠢ ᠪᠠᠷᠢᠮᠲᠠᠯᠠᠨ᠎ᠠ; ᠡᠶ᠎ᠡ ᠵᠣᠬᠢᠴᠠᠩᠭᠤᠢ ᠭᠦᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠬᠤ ᠵᠢ ᠪᠠᠷᠢᠮᠲᠠᠯᠠᠬᠤ ᠵᠡᠷᠭᠡ ᠪᠠᠭᠲᠠᠨ᠎ᠠ᠃ ᠡᠳᠡᠭᠡᠷ ᠲᠤᠷᠰᠢᠯᠭ᠎ᠠ ᠪᠣᠯ ᠲᠤᠶ᠋ᠢᠯ᠎ᠤᠨ ᠡᠷᠬᠢᠮ ᠨᠠᠨᠳᠢᠨ ᠶᠤᠮ᠂ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠵᠢᠨ ᠬᠠᠮᠲᠤ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠭᠤᠶ᠋ᠢᠪᠢᠰᠢ ᠦᠭᠡᠢ ᠲᠤᠭᠤᠰᠢᠯᠠᠭᠤᠯᠵᠤ᠂ ᠨᠡᠩ ᠢᠯᠡᠭᠦᠦ ᠤᠬᠠᠮᠰᠠᠷ᠎ᠠᠴᠠ᠎ᠪᠠᠨ ᠴᠢᠨᠠᠷ ᠰᠠᠶ᠋ᠢᠲᠠᠢ ᠭᠦᠢ᠍ᠴᠡᠳ ᠠᠵᠢᠯ ᠣᠯᠭᠤᠯᠲᠠ ᠵᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠲᠡᠷᠢᠭᠦᠨ ᠬᠠᠷᠠᠯᠲᠠ ᠪᠤᠯᠭ᠋ᠠᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠶᠠᠪᠤᠴᠠ ᠵᠢ ᠠᠵᠢᠯ ᠣᠯᠭᠤᠯᠲᠠ ᠵᠢᠨ ᠴᠢᠨᠠᠷ᠎ᠢ ᠳᠡᠭᠡᠭᠰᠢᠯᠡᠭᠦᠯᠵᠦ ᠪᠠᠭᠲᠠᠭ᠋ᠠᠮᠵᠢ ᠵᠢ ᠥᠷᠭᠡᠳᠬᠡᠬᠦ ᠶᠠᠪᠤᠴᠠ ᠪᠤᠯᠭ᠋ᠠᠵᠤ᠂ ᠬᠥᠭᠵᠢᠯᠲᠡ᠎ᠪᠠᠷ ᠠᠵᠢᠯ ᠣᠯᠭᠤᠯᠲᠠ ᠵᠢ ᠳᠠᠶ᠋ᠢᠴᠢᠯᠠᠬᠤ ᠬᠦᠴᠦᠨ᠎ᠢ ᠳᠡᠭᠡᠭᠰᠢᠯᠡᠭᠦᠯᠭᠦ ᠬᠡᠷᠡᠭᠲᠡᠢ᠃ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠢᠷᠡᠭᠡᠳᠦᠢ ᠵᠢᠨ ᠠᠵᠤ ᠦᠢ᠍ᠯᠡᠰ᠎ᠢ ᠪᠠᠶ᠋ᠢᠷᠢᠰᠢᠭᠤᠯᠤᠨ ᠪᠦᠲᠦᠭᠡᠨ ᠪᠠᠶ᠋ᠢᠭᠤᠯᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠨᠡᠩ ᠤᠯᠠᠨ ᠴᠢᠨᠠᠷ ᠰᠠᠶ᠋ᠢᠲᠠᠢ ᠠᠵᠢᠯ ᠣᠯᠭᠤᠯᠲᠠ ᠵᠢᠨ ᠠᠵᠢᠯ᠎ᠤᠨ ᠪᠠᠶ᠋ᠢᠷᠢ ᠵᠢ ᠴᠢᠷᠮᠠᠶ᠋ᠢᠨ ᠡᠭᠦᠳᠬᠦ ᠬᠡᠷᠡᠭᠲᠡᠢ᠃ ᠠᠵᠢᠯ ᠣᠯᠭᠤᠬᠤ ᠴᠢᠳᠠᠪᠤᠷᠢ᠎ᠪᠠᠷ ᠴᠢᠩᠭ᠎ᠠ ᠠᠵᠤ ᠦᠢ᠍ᠯᠡᠰ ᠪᠣᠯᠣᠨ ᠠᠵᠤ ᠠᠬᠤᠶ᠋ᠢᠯᠠᠯ᠎ᠢ ᠳᠡᠮᠵᠢᠨ ᠬᠥᠭᠵᠢᠭᠦᠯᠵᠦ᠂ ᠠᠵᠢᠯ ᠣᠯᠭᠤᠬᠤ ᠪᠠᠭᠲᠠᠭ᠋ᠠᠮᠵᠢ ᠵᠢ ᠲᠣᠭᠲᠠᠪᠤᠷᠢᠵᠢᠭᠤᠯᠤᠨ ᠥᠷᠭᠡᠳᠬᠡᠬᠦ ᠬᠡᠷᠡᠭᠲᠡᠢ᠃ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠰᠢᠨ᠎ᠡ ᠬᠠᠨᠳᠤᠰᠢ ᠪᠠ ᠠᠷᠠᠳ ᠣᠯᠠᠨ᠎ᠤ ᠴᠢᠨᠠᠷ ᠰᠠᠶ᠋ᠢᠲᠠᠢ ᠠᠮᠢᠳᠤᠷᠠᠯ᠎ᠤᠨ ᠰᠢᠨ᠎ᠡ ᠬᠦᠰᠡᠯ ᠡᠷᠡᠮᠡᠯᠵᠡᠯ᠎ᠢ ᠦᠨᠳᠦᠰᠦᠯᠡᠨ᠂ ᠰᠢᠨ᠎ᠡ ᠡᠵᠡᠩᠨᠡᠯᠲᠡ ᠵᠢᠨ ᠪᠠᠶ᠋ᠢᠳᠠᠯ᠂ ᠰᠢᠨ᠎ᠡ ᠵᠠᠭᠪᠤᠷ᠎ᠢ ᠶᠡᠭᠡ᠎ᠪᠠᠷ ᠬᠥᠭᠵᠢᠭᠦᠯᠵᠦ᠂ ᠠᠵᠢᠯ ᠮᠡᠷᠭᠡᠵᠢᠯ᠎ᠤᠨ ᠰᠢᠨ᠎ᠡ ᠴᠤᠪᠤᠷᠠᠯ᠎ᠢ ᠢᠳᠡᠪᠬᠢᠲᠡᠢ᠎ᠪᠠᠷ ᠠᠭᠤᠳᠠᠯᠬᠤ ᠪᠠ ᠪᠣᠶ᠋ᠢᠵᠢᠭᠤᠯᠵᠤ᠂ ᠠᠵᠢᠯ ᠣᠯᠭᠤᠯᠲᠠ ᠵᠢᠨ ᠰᠢᠨ᠎ᠡ ᠨᠡᠮᠡᠭᠳᠡᠯ᠎ᠤᠨ ᠴᠡᠭ᠎ᠢ ᠨᠡᠭᠡᠭᠡᠨ ᠬᠥᠭᠵᠢᠭᠦᠯᠬᠦ ᠬᠡᠷᠡᠭᠲᠡᠢ᠃ ᠴᠢᠬᠤᠯᠠ ᠶᠡᠭᠡ ᠲᠦᠷᠦ ᠵᠢᠨ ᠪᠣᠳᠣᠯᠭ᠎ᠠ᠂ ᠴᠢᠬᠤᠯᠠ ᠶᠡᠭᠡ ᠲᠦᠷᠦᠯ ᠵᠦᠢ᠍ᠯ᠂ ᠴᠢᠬᠤᠯᠠ ᠶᠡᠭᠡ ᠦᠢ᠍ᠯᠡᠳᠪᠦᠷᠢᠯᠡᠯ᠎ᠤᠨ ᠬᠦᠴᠦᠨ᠎ᠤ ᠪᠠᠶ᠋ᠢᠷᠢᠰᠢᠯ᠎ᠤᠨ ᠠᠵᠢᠯ ᠣᠯᠭᠤᠯᠲᠠ᠎ᠳᠤ ᠦᠵᠡᠭᠦᠯᠭᠦ ᠨᠥᠯᠥᠭᠡ ᠵᠢ ᠦᠨᠡᠯᠡᠨ ᠵᠢᠱ᠌ᠢᠬᠦ ᠵᠢ ᠴᠢᠩᠭ᠋ᠠᠳᠬᠠᠵᠤ᠂ ᠡᠳ᠋᠎ᠤᠨ ᠵᠠᠰᠠᠭ᠂ ᠵᠣᠭᠤᠰ᠂ ᠪᠡᠯᠡ ᠣᠷᠣᠭᠤᠯᠤᠯᠲᠠ᠂ ᠬᠡᠷᠡᠭᠯᠡᠭᠡ᠂ ᠠᠵᠤ ᠦᠢ᠍ᠯᠡᠰ᠂ ᠣᠷᠣᠨ ᠪᠦᠰᠡ ᠵᠡᠷᠭᠡ ᠵᠢᠨ ᠲᠦᠷᠦ ᠵᠢᠨ ᠪᠣᠳᠣᠯᠭ᠎ᠠ ᠵᠢ ᠠᠵᠢᠯ ᠣᠯᠭᠤᠯᠲᠠ ᠵᠢᠨ ᠲᠦᠷᠦ ᠵᠢᠨ ᠪᠣᠳᠣᠯᠭ᠎ᠠ᠎ᠯᠤᠭ᠎ᠠ ᠵᠣᠬᠢᠴᠠᠭᠤᠯᠤᠨ ᠬᠤᠯᠪᠣᠯᠳᠤᠭᠤᠯᠵᠤ᠂ ᠠᠳᠠᠯᠢ ᠴᠢᠭᠯᠡᠯ ᠵᠶ᠋ᠠᠷ ᠬᠦᠴᠦᠯᠡᠨ᠂ ᠠᠵᠢᠯ ᠣᠯᠭᠤᠯᠲᠠ ᠵᠢᠨ ᠨᠥᠭᠦᠷᠰᠡᠭ ᠭᠡᠯᠪᠡᠷᠢ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠬᠡᠪ ᠪᠣᠯᠪᠠᠰᠤᠷᠠᠯ ᠰᠢᠯᠢᠳᠡᠭ ᠰᠠᠶ᠋ᠢᠨ᠂ ᠶᠡᠷᠦᠩᠬᠡᠢ ᠬᠡᠮᠵᠢᠶ᠎ᠡ ᠶᠡᠭᠡ᠂ ᠪᠦᠲᠦᠴᠡ ᠰᠢᠯᠢᠳᠡᠭ᠂ ᠲᠠᠷᠬᠠᠯᠲᠠ ᠵᠣᠬᠢᠰᠲᠠᠢ ᠣᠳᠣᠬᠢᠴᠢᠯᠠᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠲᠦᠷᠭᠡᠨ ᠪᠤᠢ ᠪᠤᠯᠭ᠋ᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠣᠬᠢᠴᠠᠬᠤ ᠦᠭᠡᠢ ᠪᠠᠶ᠋ᠢᠬᠤ ᠡᠨᠡ ᠬᠦ᠌ ᠪᠦᠲᠦᠴᠡ ᠵᠢᠨ ᠴᠢᠨᠠᠷᠲᠠᠢ ᠠᠵᠢᠯ ᠣᠯᠭᠤᠯᠲᠠ ᠵᠢᠨ ᠵᠥᠷᠢᠴᠡᠯ᠎ᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠢ᠃ ᠰᠢᠨ᠎ᠡ ᠨᠢᠭᠡᠨ ᠡᠭᠡᠯᠵᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠤᠪᠢᠰᠬᠠᠯ ᠪᠣᠯᠣᠨ ᠠᠵᠤ ᠦᠢ᠍ᠯᠡᠰ᠎ᠤᠨ ᠬᠤᠪᠢᠰᠤᠯᠲᠠ᠎ᠳᠤ ᠵᠣᠬᠢᠴᠠᠭᠤᠯᠤᠨ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠬᠥᠭᠵᠢᠯᠲᠡ ᠵᠢᠨ ᠬᠠᠨᠳᠤᠰᠢ ᠵᠢ ᠰᠢᠨᠵᠢᠯᠡᠬᠦ ᠤᠬᠠᠭ᠋ᠠᠨᠴᠢ᠎ᠪᠠᠷ ᠰᠤᠳᠤᠯᠤᠨ ᠮᠠᠭ᠋ᠠᠳᠯᠠᠵᠤ᠂ ᠰᠤᠷᠭ᠋ᠠᠨ ᠬᠥᠮᠦᠵᠢᠯ᠂ ᠪᠣᠯᠪᠠᠰᠤᠷᠠᠯ ᠪᠣᠯᠣᠨ ᠠᠵᠢᠯ ᠣᠯᠭᠤᠯᠲᠠ ᠵᠢ ᠨᠢᠭᠡᠳᠦᠯᠲᠡᠢ ᠲᠥᠯᠥᠪᠯᠡᠨ ᠰᠠᠶ᠋ᠢᠲᠤᠷ ᠠᠳᠬᠤᠵᠤ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ ᠪᠣᠯᠣᠨ ᠡᠬᠢ ᠪᠠᠶᠠᠯᠢᠭ᠎ᠤᠨ ᠪᠦᠲᠦᠴᠡ ᠵᠢᠨ ᠪᠠᠶ᠋ᠢᠷᠢᠰᠢᠭᠤᠯᠤᠯᠲᠠ ᠵᠢ ᠬᠥᠳᠡᠯᠦᠩᠭᠦᠢ᠎ᠪᠠᠷ ᠲᠣᠬᠢᠷᠠᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠶᠡᠭᠡ᠎ᠪᠠᠷ ᠬᠥᠭᠵᠢᠭᠦᠯᠵᠦ᠂ ᠨᠠᠰᠤᠨ ᠲᠤᠷᠰᠢ ᠵᠢᠨ ᠠᠵᠢᠯ᠎ᠤᠨ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠤᠨ ᠳᠦᠷᠢᠮ᠎ᠢ ᠪᠦᠷᠢᠨᠰᠢᠭᠦᠯᠬᠦ ᠬᠡᠷᠡᠭᠲᠡᠢ᠃ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠬᠥᠮᠥᠨ ᠪᠠ ᠠᠵᠢᠯ᠎ᠤᠨ ᠪᠠᠶ᠋ᠢᠷᠢ ᠬᠠᠷᠢᠯᠴᠠᠨ ᠲᠣᠬᠢᠷᠠᠯᠴᠠᠬᠤ᠂ ᠬᠥᠮᠥᠨ᠎ᠤ ᠳᠠᠪᠠᠭᠤᠯᠢᠭ ᠲᠠᠯ᠎ᠠ ᠵᠢ᠎ᠨᠢ ᠮᠡᠳᠡᠷᠡᠵᠦ ᠬᠡᠷᠡᠭᠯᠡᠬᠦ᠂ ᠬᠥᠮᠥᠨ᠎ᠤ ᠴᠢᠳᠠᠪᠤᠷᠢ ᠵᠢ᠎ᠨᠢ ᠭᠦᠢ᠍ᠴᠡᠳ ᠪᠠᠳᠠᠷᠠᠭᠤᠯᠬᠤ ᠵᠢ ᠴᠢᠷᠮᠠᠶ᠋ᠢᠨ ᠪᠡᠶᠡᠯᠡᠭᠦᠯᠵᠦ᠂ ᠠᠵᠢᠯ ᠣᠯᠭᠤᠯᠲᠠ ᠵᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠢ ᠳᠡᠭᠡᠭᠰᠢᠯᠡᠭᠦᠯᠭᠦ ᠬᠡᠷᠡᠭᠲᠡᠢ᠃ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠦᠭᠦ ᠨᠡᠶ᠋ᠢᠭᠡᠮ᠎ᠤᠨ ᠠᠵᠢᠯ ᠣᠯᠭᠤᠯᠲᠠ ᠵᠢᠨ ᠵᠥᠪ ᠦᠵᠡᠯᠲᠡ ᠵᠢ ᠪᠠᠲᠤ ᠪᠠᠬᠢ ᠪᠤᠢ ᠪᠤᠯᠭ᠋ᠠᠬᠤ ᠵᠢ ᠬᠥᠲᠥᠯᠥᠨ ᠵᠢᠯᠤᠭᠤᠳᠴᠤ᠂ ᠠᠵᠢᠯ ᠰᠣᠩᠭᠤᠬᠤ ᠰᠢᠨ᠎ᠡ ᠣᠶ᠋ᠢᠯᠠᠭ᠋ᠠᠭᠳᠠᠬᠤᠨ ᠵᠶ᠋ᠠᠷ ᠠᠵᠢᠯ ᠣᠯᠭᠤᠯᠲᠠ ᠵᠢᠨ ᠰᠢᠨ᠎ᠡ ᠣᠷᠣᠨ ᠵᠠᠢ ᠵᠢ ᠨᠡᠭᠡᠭᠡᠬᠦ ᠬᠡᠷᠡᠭᠲᠡᠢ᠃ ᠵᠠᠷᠢᠮ ᠠᠵᠢᠯ ᠲᠥᠷᠥᠯ᠎ᠳᠠᠬᠢ ᠠᠵᠢᠯᠴᠢᠨ ᠳᠤᠲᠠᠭᠳᠠᠭᠰᠠᠨ ᠰᠢᠯᠲᠠᠭ᠋ᠠᠨ᠎ᠢ ᠭᠦᠨᠵᠡᠭᠡᠢ ᠵᠠᠳᠠᠯᠵᠤ᠂ 《ᠠᠵᠢᠯ ᠪᠠᠶ᠋ᠢᠬᠤ᠎ᠳᠤ ᠬᠢᠬᠦ ᠬᠥᠮᠥᠨ ᠦᠭᠡᠢ》 ᠠᠰᠠᠭᠤᠳᠠᠯ᠎ᠢ ᠰᠢᠢ᠍ᠳᠪᠦᠷᠢᠯᠡᠬᠦ᠎ᠠᠴᠠ ᠭᠠᠷᠳᠠᠵᠤ᠂ 《ᠬᠥᠮᠥᠨ ᠪᠠᠶ᠋ᠢᠪᠠᠴᠤ ᠬᠢᠬᠦ ᠠᠵᠢᠯ ᠦᠭᠡᠢ》 ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠭᠤᠣᠯᠳᠠᠯᠭ᠎ᠠ᠎ᠲᠠᠢ ᠬᠥᠮᠥᠰ᠎ᠤᠨ ᠠᠵᠢᠯ ᠣᠯᠭᠤᠯᠲᠠ ᠵᠢ ᠳᠡᠮᠵᠢᠬᠦ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠬᠦ ᠬᠡᠷᠡᠭᠲᠡᠢ᠃ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠤᠯᠲᠠ ᠵᠢ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠤᠯᠭ᠋ᠠᠬᠤ ᠵᠢ ᠪᠠᠷᠢᠮᠲᠠᠯᠠᠵᠤ᠂ ᠰᠤᠷᠤᠬᠰᠠᠨ ᠵᠦᠢ᠍ᠯ ᠪᠠ ᠳᠠᠪᠠᠭᠤᠯᠢᠭ ᠲᠠᠯ᠎ᠠ᠎ᠪᠠᠨ ᠪᠠᠳᠠᠷᠠᠭᠤᠯᠬᠤ᠎ᠳᠤ ᠠᠰᠢᠭᠲᠠᠢ ᠠᠵᠢᠯ᠎ᠤᠨ ᠪᠠᠶ᠋ᠢᠷᠢ ᠵᠢ ᠨᠡᠩ ᠤᠯᠠᠨ ᠨᠡᠭᠡᠭᠡᠵᠦ᠂ ᠵᠠᠯᠠᠭᠤᠴᠤᠳ᠎ᠤᠨ ᠭᠤᠣᠯᠳᠠᠯᠭ᠎ᠠ᠎ᠲᠠᠢ ᠬᠦᠷᠢᠶ᠎ᠡ᠂ ᠭᠤᠣᠯᠳᠠᠯᠭ᠎ᠠ᠎ᠲᠠᠢ ᠠᠵᠢᠯ ᠲᠦᠷᠦᠯ᠂ ᠬᠤᠳᠠ ᠬᠥᠳᠡᠭᠡ ᠵᠢᠨ ᠦᠨᠳᠦᠰᠦᠨ ᠱᠠᠲᠤ ᠪᠣᠯᠣᠨ ᠳᠤᠮᠳᠠ ᠪᠠᠭ᠎ᠠ ᠵᠢᠵᠢᠭ ᠠᠵᠤ ᠠᠬᠤᠶ᠋ᠢᠯᠠᠯ᠎ᠳᠤ ᠠᠵᠢᠯ ᠣᠯᠬᠤ ᠦᠢ᠍ᠯᠡᠰ ᠪᠣᠰᠬᠠᠬᠤ᠎ᠳᠤ ᠣᠷᠤᠯᠴᠠᠬᠤ ᠵᠢ ᠵᠣᠷᠢᠭᠵᠢᠭᠤᠯᠵᠤ᠂ ᠵᠠᠬ᠎ᠠ ᠳᠡᠯᠭᠡᠭᠦᠷᠴᠢᠯᠡᠭᠰᠡᠨ ᠨᠡᠶ᠋ᠢᠭᠡᠮᠴᠢᠯᠡᠭᠰᠡᠨ ᠠᠵᠢᠯ ᠣᠯᠭᠤᠯᠲᠠ ᠵᠢᠨ ᠠᠷᠭ᠎ᠠ ᠵᠠᠮ᠎ᠢ ᠥᠷᠭᠡᠳᠬᠡᠬᠦ ᠬᠡᠷᠡᠭᠲᠡᠢ᠃ ᠰᠢᠨ᠎ᠡ ᠭᠡᠯᠪᠡᠷᠢ ᠵᠢᠨ ᠬᠤᠲᠠ ᠪᠠᠯᠭ᠋ᠠᠰᠤᠵᠢᠯᠲᠠ ᠪᠠ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠲᠠᠢ ᠤᠶᠠᠯᠳᠤᠭᠤᠯᠤᠨ᠂ ᠭᠠᠳᠠᠭᠰᠢ ᠭᠠᠷᠴᠤ ᠠᠵᠢᠯ ᠣᠯᠬᠤ ᠪᠠ ᠲᠤᠬᠠᠢ ᠵᠢᠨ ᠭᠠᠵᠠᠷ᠎ᠤᠨ ᠣᠶ᠋ᠢᠷ᠎ᠠ ᠬᠠᠪᠢ᠎ᠳᠠᠭᠠᠨ ᠠᠵᠢᠯ ᠣᠯᠬᠤ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠥᠯᠥᠰᠦᠨ ᠲᠠᠷᠢᠶᠠᠴᠢᠨ᠎ᠤ ᠠᠵᠢᠯ ᠣᠯᠣᠯᠲᠠ ᠵᠢ ᠠᠬᠢᠭᠤᠯᠵᠤ᠂ ᠭᠠᠳᠠᠭᠰᠢ ᠭᠠᠷᠤᠭᠰᠠᠨ ᠴᠢᠳᠠᠪᠤᠷᠢᠲᠠᠨ᠎ᠤ ᠨᠤᠲᠤᠭ᠎ᠲᠠᠭᠠᠨ ᠪᠤᠴᠠᠵᠤ᠂ ᠬᠤᠲᠠ ᠵᠢᠨ ᠴᠢᠳᠠᠪᠤᠷᠢᠲᠠᠨ᠎ᠤ ᠬᠥᠳᠡᠭᠡ ᠪᠠᠭᠤᠵᠤ ᠦᠢ᠍ᠯᠡᠰ ᠪᠣᠰᠬᠠᠬᠤ ᠵᠢ ᠬᠥᠲᠥᠯᠥᠨ ᠵᠢᠯᠤᠭᠤᠳᠬᠤ ᠬᠡᠷᠡᠭᠲᠡᠢ᠃ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠬᠥᠯᠥᠰᠦᠨ ᠠᠵᠢᠯ ᠬᠢᠬᠦ ᠬᠡᠪᠴᠢᠶ᠎ᠡ ᠪᠠ ᠬᠥᠯᠥᠰᠦᠨ ᠠᠵᠢᠯ ᠬᠢᠭᠰᠡᠨ ᠣᠷᠣᠯᠭ᠎ᠠ ᠵᠢ ᠲᠣᠭᠲᠠᠪᠤᠷᠢᠵᠢᠭᠤᠯᠵᠤ᠂ ᠠᠵᠢᠯ ᠠᠯᠳᠠᠭᠰᠠᠨ᠎ᠠᠴᠠ ᠪᠣᠯᠵᠤ ᠬᠡᠪᠴᠢᠶᠡᠵᠢᠯ᠎ᠤᠨ ᠴᠢᠨᠠᠷᠲᠠᠢ᠎ᠪᠠᠷ ᠲᠠᠭᠢᠨ ᠶᠠᠳᠠᠭᠤᠷᠠᠬᠤ᠎ᠠᠴᠠ ᠰᠡᠷᠭᠡᠶ᠋ᠢᠯᠡᠬᠦ ᠬᠡᠷᠡᠭᠲᠡᠢ᠃ ᠨᠠᠰᠤ ᠠᠬᠢᠭᠰᠠᠨ᠂ ᠵᠡᠮᠳᠡᠭ ᠪᠣᠯᠤᠭᠰᠠᠨ᠂ ᠨᠡᠯᠢᠶᠡᠳ ᠣᠷᠳᠣ ᠬᠤᠭᠤᠴᠠᠭ᠎ᠠ᠎ᠪᠠᠷ ᠠᠵᠢᠯ ᠠᠯᠳᠠᠭᠰᠠᠨ ᠵᠡᠷᠭᠡ ᠠᠵᠢᠯ ᠣᠯᠬᠤ᠎ᠳᠤ ᠬᠦᠴᠢᠷᠲᠡᠢ ᠬᠥᠮᠥᠰ᠎ᠢ ᠬᠠᠪᠰᠤᠷᠤᠨ ᠲᠡᠳᠬᠦᠬᠦ᠎ᠪᠠᠨ ᠴᠢᠩᠭ᠋ᠠᠳᠬᠠᠵᠤ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠶ᠋ᠢᠷᠢ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠡᠷᠡᠭᠯᠡᠵᠦ᠂ ᠠᠵᠢᠯ᠎ᠲᠠᠢ ᠬᠥᠮᠥᠨ ᠦᠭᠡᠢ ᠭᠡᠷ ᠪᠦᠯᠢ ᠵᠢ ᠦᠭᠡᠢ ᠪᠤᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠴᠡᠷᠢᠭ᠎ᠤᠨ ᠠᠯᠪᠠᠨ᠎ᠠᠴᠠ ᠪᠠᠭᠤᠭᠰᠠᠳ᠂ ᠡᠮᠡᠭᠲᠡᠶ᠋ᠢᠴᠦᠳ ᠵᠡᠷᠭᠡ ᠬᠥᠮᠥᠰ᠎ᠲᠤ ᠠᠵᠢᠯ ᠣᠯᠭᠤᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠠᠵᠢᠯ ᠣᠯᠭᠤᠯᠲᠠ ᠵᠢᠨ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠡᠷᠡᠭᠲᠡᠢ᠃ ᠠᠵᠢᠯ ᠣᠯᠭᠤᠯᠲᠠ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠳᠦᠷᠢᠮ᠎ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ᠃ ᠦᠢ᠍ᠯᠡᠰ ᠪᠣᠰᠬᠠᠬᠤ᠎ᠪᠠᠷ ᠠᠵᠢᠯ ᠣᠯᠭᠤᠯᠲᠠ ᠵᠢ ᠳᠠᠶ᠋ᠢᠴᠢᠯᠠᠬᠤ ᠪᠠᠲᠤᠯᠠᠭ᠎ᠠ ᠵᠢᠨ ᠳᠦᠷᠢᠮ᠎ᠢ ᠲᠡᠭᠦᠯᠳᠡᠷᠵᠢᠭᠦᠯᠵᠦ᠂ ᠦᠢ᠍ᠯᠡᠰ ᠪᠣᠰᠬᠠᠬᠤ ᠦᠢ᠍ᠯᠡᠴᠢᠯᠡᠭᠡ ᠵᠢ ᠰᠢᠯᠢᠳᠡᠭᠵᠢᠭᠦᠯᠦᠨ᠂ ᠦᠢ᠍ᠯᠡᠰ ᠪᠣᠰᠬᠠᠬᠤ ᠶᠠᠰᠤ ᠴᠢᠨᠠᠷ᠎ᠢ ᠳᠡᠭᠡᠭᠰᠢᠯᠡᠭᠦᠯᠭᠦ ᠬᠡᠷᠡᠭᠲᠡᠢ᠃ ᠬᠥᠮᠥᠨ᠎ᠤ ᠬᠦᠴᠦᠨ᠎ᠤ   ᠡᠬᠢ   ᠪᠠᠶᠠᠯᠢᠭ᠎ᠤᠨ   ᠨᠢᠭᠡᠳᠦᠯᠲᠡᠢ   ᠪᠥᠭᠡᠳ   ᠵᠢᠷᠤᠮᠵᠢᠬᠰᠠᠨ   ᠵᠠᠬ᠎ᠠ   ᠳᠡᠯᠭᠡᠭᠦᠷ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠡᠷᠬᠡ ᠲᠡᠭᠰᠢ᠎ᠪᠠᠷ ᠠᠵᠢᠯ ᠣᠯᠭᠤᠬᠤ ᠣᠷᠴᠢᠨ ᠨᠥᠬᠦᠴᠡᠯ᠎ᠢ ᠪᠤᠢ ᠪᠤᠯᠭ᠋ᠠᠵᠤ᠂ ᠬᠥᠮᠥᠨ ᠪᠦᠭᠦᠨ᠎ᠢ ᠴᠥᠮ ᠰᠢᠷᠭ᠋ᠠᠭᠤ ᠬᠠᠲᠠᠭᠤᠵᠢᠯᠲᠠᠢ ᠴᠢᠷᠮᠠᠶ᠋ᠢᠯᠭ᠎ᠠ᠎ᠪᠠᠷ ᠵᠶ᠋ᠠᠨ ᠳᠠᠮᠵᠢᠨ ᠲᠤᠰ ᠪᠡᠶ᠎ᠡ ᠵᠢᠨ ᠬᠥᠭᠵᠢᠯᠲᠡ᠎ᠪᠠᠨ ᠪᠡᠶᠡᠯᠡᠭᠦᠯᠬᠦ ᠲᠣᠭᠢᠶᠠᠯ᠎ᠲᠠᠢ ᠪᠤᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠬᠥᠳᠡᠯᠮᠦᠷᠢᠴᠢᠳ᠎ᠤᠨ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠢ᠃ ᠭᠦᠳᠡᠯᠮᠦᠷᠢ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠵᠢᠨ ᠠᠵᠢᠯ ᠣᠯᠭᠤᠯᠲᠠ ᠵᠢᠨ ᠭᠦᠳᠡᠯᠮᠦᠷᠢ ᠵᠢᠨ ᠰᠠᠭᠤᠷᠢ ᠪᠠᠷᠢᠮᠵᠢᠶ᠎ᠠ ᠵᠢ ᠵᠢᠷᠤᠮᠵᠢᠭᠤᠯᠤᠨ᠂ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠬᠥᠳᠡᠯᠮᠦᠷᠢᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠢ᠃ ᠠᠮᠢᠳᠤᠯᠢᠭ ᠠᠵᠢᠯ ᠣᠯᠭᠤᠯᠲᠠ ᠪᠠ ᠰᠢᠨ᠎ᠡ ᠭᠡᠯᠪᠡᠷᠢ ᠵᠢᠨ ᠠᠵᠢᠯ ᠣᠯᠭᠤᠯᠲᠠ ᠵᠢᠨ ᠬᠥᠳᠡᠯᠮᠦᠷᠢᠴᠢᠳ᠎ᠤᠨ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠵᠤ᠂ ᠠᠵᠢᠯ᠎ᠤᠨ ᠭᠡᠮᠲᠦᠯ᠎ᠤᠨ ᠪᠠᠲᠤᠯᠠᠭ᠎ᠠ ᠵᠢᠨ ᠲᠤᠷᠰᠢᠯᠲᠠ ᠵᠢᠨ ᠴᠡᠭ᠎ᠢ ᠥᠷᠭᠡᠳᠬᠡᠨ᠂ ᠲᠤᠷᠰᠢᠯᠭ᠎ᠠ᠎ᠪᠠᠨ ᠴᠠᠭ ᠲᠤᠬᠠᠢ᠎ᠳᠤᠨᠢ ᠳ᠋ᠦᠩᠨᠡᠵᠦ᠂ ᠳᠦᠷᠢᠮ᠎ᠢ ᠪᠦᠷᠢᠯᠳᠦᠭᠦᠯᠬᠦ ᠬᠡᠷᠡᠭᠲᠡᠢ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠪᠠ ᠭᠦᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠯᠲᠠ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠵᠤ᠂ ᠠᠵᠢᠯ ᠣᠯᠭᠤᠯᠲᠠ ᠵᠢᠨ ᠭᠠᠳᠠᠭᠤᠷᠴᠢᠯᠠᠯ᠂ ᠴᠠᠯᠢᠩ ᠥᠷᠢᠲᠦᠬᠦ ᠳᠠᠭ᠋ᠠᠳᠬᠠᠯ ᠥᠷᠢᠲᠦᠬᠦ᠂ ᠬᠠᠤᠯᠢ ᠵᠢ ᠵᠥᠷᠢᠴᠡᠨ ᠠᠵᠢᠯᠲᠠᠨ᠎ᠢ ᠬᠠᠰᠤᠬᠤ ᠵᠡᠷᠭᠡ ᠰᠠᠮᠠᠭᠤᠨ ᠦᠵᠡᠭᠳᠡᠯ᠎ᠢ ᠪᠦᠲᠦᠮᠵᠢᠲᠡᠢ ᠵᠠᠰᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ ᠬᠠᠮᠤᠭ᠎ᠤᠨ ᠰᠡᠭᠦᠯ᠎ᠳᠤ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ ᠠᠵᠢᠯ ᠣᠯᠭᠤᠯᠲᠠ ᠵᠢ ᠠᠷᠠᠳ᠎ᠤᠨ ᠠᠮᠢᠳᠤᠷᠠᠯ᠎ᠤᠨ ᠲᠡᠷᠢᠭᠦᠨ ᠴᠢᠬᠤᠯᠠ ᠶᠠᠪᠤᠳᠠᠯ ᠪᠣᠯᠭ᠋ᠠᠨ ᠠᠳᠬᠤᠵᠤ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠳᠦᠷᠢᠮ ᠲᠣᠭᠲᠠᠴᠠ᠎ᠪᠠᠨ ᠪᠦᠷᠢᠨᠰᠢᠭᠦᠯᠵᠦ᠂ ᠠᠵᠢᠯ᠎ᠤᠨ ᠬᠠᠮᠲᠤᠷᠠᠯ ᠬᠦᠴᠦᠨ ᠵᠶ᠋ᠠᠨ ᠴᠢᠩᠭ᠋ᠠᠳᠬᠠᠬᠤ ᠬᠡᠷᠡᠭᠲᠡᠢ᠃ ᠳᠤᠮᠳᠠᠳᠤ ᠤᠯᠤᠰ᠎ᠤᠨ ᠠᠵᠢᠯ ᠣᠯᠭᠤᠯᠲᠠ ᠵᠢᠨ ᠤᠨᠤᠯ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠮᠠᠨ᠎ᠤ ᠤᠯᠤᠰ᠎ᠤᠨ ᠠᠵᠢᠯ ᠣᠯᠭᠤᠯᠲᠠ ᠵᠢᠨ ᠬᠦᠷᠢᠶᠡᠨ᠎ᠳᠠᠬᠢ ᠳᠡᠯᠡᠬᠡᠢ ᠳᠡᠭᠡᠷᠡᠬᠢ ᠦᠭᠡ ᠬᠡᠯᠡᠬᠦ ᠡᠷᠬᠡ ᠪᠠ ᠨᠥᠯᠥᠭᠡᠯᠡᠬᠦ ᠬᠦᠴᠦᠨ᠎ᠢ ᠪᠦᠲᠦᠮᠵᠢᠲᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠠᠢ᠍ᠮᠠᠳᠤᠭ᠋ᠠᠷ ᠤᠳᠠᠭ᠋ᠠᠨ᠎ᠤ ᠲᠤᠰᠬᠠᠢ ᠰᠡᠳᠦᠪᠲᠦ ᠰᠤᠷᠤᠯᠴᠠᠯᠭ᠎ᠠ ᠵᠢ ᠡᠷᠬᠢᠯᠡᠪᠡ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠲᠠᠪᠤᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠤᠳᠤ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠵᠦ ᠪᠦᠭᠦ ᠪᠥᠮᠪᠥᠷᠴᠡᠭ᠎ᠤᠨ ᠥᠷᠢᠰᠦᠯᠳᠦᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠨᠡᠭᠡᠭᠡᠯᠲᠡᠲᠤ ᠣᠷᠴᠢᠨ᠎ᠢ ᠪᠠᠶ᠋ᠢᠭᠤᠯᠬᠤ ᠬᠡᠷᠡᠭᠲᠡᠢ ᠯᠢ ᠴᠢᠶᠠᠩ ᠸᠠᠩ ᠬᠤ᠌ ᠨᠢᠩ ᠼᠠᠢ ᠴᠢ ᠣᠷᠣᠯᠴᠠᠪᠠ
ᠰᠢ ᠵᠢᠨ ᠫᠢᠩ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠳᠤ ᠴᠢᠬᠤᠯᠠ ᠵᠢᠭ᠋ᠠᠪᠤᠷᠢ ᠥᠭᠴᠦ ᠱᠠᠭ᠋ᠠᠷᠳᠠᠭᠰᠠᠨ᠎ᠨᠢ — ᠭᠠᠮᠰᠢᠭ᠎ᠤᠨ ᠪᠠᠶ᠋ᠢᠳᠠᠯ᠎ᠢ ᠪᠦᠭᠦ ᠬᠦᠴᠦ᠎ᠪᠠᠷ ᠵᠶ᠋ᠠᠨ ᠠᠷᠭ᠋ᠠᠴᠠᠭ᠋ᠠᠵᠤ ᠦᠶᠡᠷ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠲᠠᠢ ᠲᠡᠮᠡᠴᠡᠵᠦ ᠠᠶᠤᠯ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠵᠦ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠲᠡᠢ
ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠥᠬᠡᠨᠠᠭᠤᠷ᠎ᠤᠨ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ
ᠪᠦᠭᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠭᠡ ᠬᠤᠷᠠᠯ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠬᠢᠭᠦᠯᠦᠨ ᠱᠠᠩᠨᠠᠬᠤ ᠶᠡᠭᠡ ᠬᠤᠷᠠᠯ ᠬᠤᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ ᠰᠢ ᠵᠢᠨ ᠫᠢᠩ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ ᠬᠦᠷᠲᠡᠭᠰᠡᠳ᠎ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ
 
            