ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠲᠠᠪᠤᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠤᠳᠤ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠵᠦ ᠪᠦᠭᠦ ᠪᠥᠮᠪᠥᠷᠴᠡᠭ᠎ᠤᠨ ᠥᠷᠢᠰᠦᠯᠳᠦᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠨᠡᠭᠡᠭᠡᠯᠲᠡᠲᠤ ᠣᠷᠴᠢᠨ᠎ᠢ ᠪᠠᠶ᠋ᠢᠭᠤᠯᠬᠤ ᠬᠡᠷᠡᠭᠲᠡᠢ ᠯᠢ ᠴᠢᠶᠠᠩ ᠸᠠᠩ ᠬᠤ᠌ ᠨᠢᠩ ᠼᠠᠢ ᠴᠢ ᠣᠷᠣᠯᠴᠠᠪᠠ
ᠨᠡᠶ᠋ᠢᠲᠡᠯᠡᠭᠰᠡᠨ ᠴᠠᠭ᠄ 2024-06-13

    (ᠰᠢᠨᠬᠤᠸᠠ ᠬᠤᠷᠢᠶ᠎ᠠ ᠵᠢᠨ ᠪᠡᠭᠡᠵᠢᠩ᠎ᠤᠨ 6 ᠰᠠᠷ᠎ᠠ ᠵᠢᠨ 11᠎ᠤ ᠴᠠᠭᠢᠯᠭ᠋ᠠᠨ ᠮᠡᠳᠡᠭᠡ)     ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ᠂ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠡᠷᠭᠢᠯᠡᠭᠴᠢ ᠰᠢ ᠵᠢᠨ ᠫᠢᠩ 6 ᠰᠠᠷ᠎ᠠ ᠵᠢᠨ 11᠎ᠤ ᠦᠳᠡ ᠵᠢᠨ ᠬᠤᠶ᠋ᠢᠨ᠎ᠠ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠲᠠᠪᠤᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠳᠤᠮᠳᠠᠳᠤ ᠤᠯᠤᠰ᠎ᠤᠨ ᠣᠨᠴᠠᠯᠢᠭ᠎ᠲᠠᠢ ᠣᠲᠣ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠬᠦ ᠲᠤᠬᠠᠢ ᠰᠠᠨᠠᠯ》᠂ 《ᠠᠮᠤ ᠪᠤᠳᠠᠭ᠎ᠠ ᠳᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠪᠣᠯᠣᠨ ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠣᠷᠣᠨ᠎ᠤ ᠠᠰᠢᠭ   ᠲᠤᠰᠠ ᠵᠢᠨ   ᠨᠥᠬᠦᠪᠦᠷᠢ   ᠥᠭᠬᠦ   ᠲᠣᠭᠲᠠᠴᠠ ᠵᠢ   ᠪᠦᠷᠢᠨᠰᠢᠭᠦᠯᠬᠦ   ᠲᠤᠬᠠᠢ ᠵᠢᠯᠤᠭᠤᠳᠬᠤ ᠰᠠᠨᠠᠯ》᠂ 《ᠪᠦᠭᠦ ᠪᠥᠮᠪᠥᠷᠴᠡᠭ᠎ᠤᠨ ᠥᠷᠢᠰᠦᠯᠳᠦᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠨᠡᠭᠡᠭᠡᠯᠲᠡᠲᠤ ᠣᠷᠴᠢᠨ᠎ᠢ ᠪᠠᠶ᠋ᠢᠭᠤᠯᠬᠤ ᠲᠤᠬᠠᠢ ᠰᠠᠨᠠᠯ᠎ᠤᠳ》 ᠵᠡᠷᠭᠡ ᠪᠢᠴᠢᠭ ᠮᠠᠲ᠋ᠧᠷᠢᠶᠠᠯ᠎ᠢ ᠬᠢᠨᠠᠨ ᠵᠥᠪᠯᠡᠵᠦ ᠪᠠᠲᠤᠯᠠᠪᠠ᠃

    ᠰᠢ ᠵᠢᠨ ᠫᠢᠩ ᠬᠤᠷᠠᠯ᠎ᠢ ᠡᠷᠭᠢᠯᠡᠭᠦ᠎ᠳᠡᠭᠡᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠤᠳᠤ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠬᠦ᠎ᠳᠤ᠂ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠺᠤᠮᠫᠠᠨᠢ ᠵᠢᠨ ᠵᠠᠰᠠᠯᠲᠠ ᠵᠢ ᠲᠡᠭᠦᠯᠳᠡᠷᠵᠢᠭᠦᠯᠵᠦ᠂ ᠠᠵᠤ ᠠᠬᠤᠶ᠋ᠢᠯᠠᠯ᠎ᠤᠨ ᠥᠮᠴᠢᠯᠡᠯ᠎ᠤᠨ ᠡᠷᠬᠡ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠵᠠᠰᠠᠭ ᠠᠵᠤ ᠠᠬᠤᠶ᠋ᠢᠯᠠᠯ᠎ᠢ ᠰᠠᠯᠭ᠋ᠠᠭᠰᠠᠨ᠂ ᠬᠠᠮᠢᠶᠠᠷᠤᠯᠲᠠ ᠰᠢᠨᠵᠢᠯᠡᠬᠦ ᠤᠬᠠᠭ᠋ᠠᠨᠴᠢ ᠤᠳᠤ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠬᠦ ᠵᠢ ᠠᠬᠢᠭᠤᠯᠵᠤ᠂ ᠨᠡᠩ ᠤᠯᠠᠨ ᠳᠡᠯᠡᠬᠡᠢ ᠵᠢᠨ ᠲᠡᠷᠢᠭᠦᠨ᠎ᠤ ᠠᠵᠤ ᠠᠬᠤᠶ᠋ᠢᠯᠠᠯ᠎ᠢ ᠪᠣᠶ᠋ᠢᠵᠢᠭᠤᠯᠬᠤ ᠬᠡᠷᠡᠭᠲᠡᠢ᠃ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠲᠣᠭᠲᠠᠭᠤᠨ ᠪᠠᠶ᠋ᠢᠯᠭ᠋ᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ᠎ᠳᠤ ᠡᠷᠬᠡᠪᠰᠢ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠪᠠ ᠣᠷᠣᠨ ᠨᠤᠲᠤᠭ᠎ᠤᠨ ᠠᠮᠤ ᠪᠤᠳᠠᠭ᠎ᠠ ᠲᠠᠷᠢᠬᠤ ᠵᠢ ᠠᠳᠬᠤᠬᠤ ᠢᠳᠡᠪᠬᠢᠵᠢᠯ᠎ᠢ ᠬᠠᠮᠠᠭ᠋ᠠᠯᠠᠨ ᠲᠠᠶ᠋ᠢᠴᠢᠯᠠᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠪᠠ ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠣᠷᠣᠨ᠎ᠤ ᠠᠰᠢᠭ ᠲᠤᠰᠠ ᠵᠢᠨ ᠨᠥᠬᠦᠪᠦᠷᠢ ᠥᠭᠬᠦ ᠲᠣᠭᠲᠠᠴᠠ ᠵᠢ ᠪᠦᠷᠢᠨᠰᠢᠭᠦᠯᠵᠦ᠂ ᠲᠦᠷᠦ ᠵᠢᠨ ᠪᠣᠳᠣᠯᠭ᠎ᠠ ᠵᠢᠨ ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠠᠬᠢᠵᠢᠭᠦᠯᠬᠦ ᠬᠡᠷᠡᠭᠲᠡᠢ᠃ ᠨᠡᠭᠡᠭᠡᠯᠲᠡ ᠬᠢᠬᠦ᠎ᠪᠠᠷ ᠰᠢᠨ᠎ᠡ ᠵᠢ ᠡᠭᠦᠳᠬᠦ ᠵᠢ ᠠᠬᠢᠭᠤᠯᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠳᠠᠭ᠋ᠠᠳᠤ ᠨᠡᠭᠡᠭᠡᠯᠲᠡ ᠬᠢᠬᠦ ᠪᠠᠶ᠋ᠢᠭᠤᠯᠤᠮᠵᠢ ᠲᠣᠭᠲᠠᠴᠠ ᠵᠢ ᠪᠦᠷᠢᠨᠰᠢᠭᠦᠯᠵᠦ᠂ ᠪᠦᠭᠦ ᠪᠥᠮᠪᠥᠷᠴᠡᠭ᠎ᠲᠤ ᠬᠠᠨᠳᠤᠭᠤᠯᠤᠭᠰᠠᠨ ᠰᠢᠨ᠎ᠡ ᠵᠢ ᠡᠭᠦᠳᠬᠦ ᠰᠢᠰᠲ᠋ᠧᠮ᠎ᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ᠎ᠤᠨ ᠰᠢᠨ᠎ᠡ ᠵᠢ ᠡᠭᠦᠳᠬᠦ ᠲᠣᠣᠷ᠎ᠲᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠭᠤᠣᠯᠳᠠᠯᠭ᠎ᠠ᠎ᠲᠠᠢ ᠬᠦᠷᠢᠶ᠎ᠡ ᠪᠣᠯᠣᠨ ᠵᠠᠩᠭᠢᠯᠠᠭ᠎ᠠ ᠵᠢᠨ ᠭᠤᠭᠴᠤᠭ᠎ᠠ ᠵᠢ ᠲᠤᠪᠤᠶ᠋ᠢᠯᠭ᠋ᠠᠵᠦ᠂ ᠨᠡᠭᠡᠭᠡᠯᠲᠡ ᠬᠢᠵᠦ ᠰᠢᠨ᠎ᠡ ᠵᠢ ᠡᠭᠦᠳᠬᠦ ᠳᠦᠷᠢᠮ᠎ᠤᠨ ᠳᠤᠲᠠᠭᠤᠳᠠᠯ᠎ᠢ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

    ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠌ ᠨᠢᠩ᠂ ᠼᠠᠢ ᠴᠢ ᠬᠤᠷᠠᠯ᠎ᠳᠤ ᠣᠷᠣᠯᠴᠠᠪᠠ᠃

    ᠬᠤᠷᠠᠯ᠎ᠠᠴᠠ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠲᠣ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠬᠦ᠎ᠳᠤ᠂ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠭᠦᠨᠳᠦᠳᠭᠡᠵᠦ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ᠂ ᠠᠵᠤ ᠠᠬᠤᠶ᠋ᠢᠯᠠᠯ᠎ᠤᠨ ᠬᠡᠪᠴᠢᠶ᠎ᠡ᠂ ᠬᠥᠭᠵᠢᠯᠲᠡ ᠵᠢᠨ ᠱᠠᠲᠤ ᠦᠶ᠎ᠡ᠂ ᠥᠮᠴᠢᠯᠡᠯ ᠎ᠤᠨ   ᠳᠦᠷᠢᠮ ᠎ᠤᠨ   ᠰᠢᠨᠵᠢ   ᠴᠢᠨᠠᠷ   ᠵᠡᠷᠭᠡ ᠵᠢ   ᠦᠨᠳᠦᠰᠦᠯᠡᠨ᠂ ᠲᠥᠷᠥᠯ ᠬᠤᠪᠢᠶᠠᠨ ᠲᠥᠷᠥ ᠵᠢᠨ ᠪᠣᠳᠣᠯᠭ᠎ᠠ ᠬᠡᠷᠡᠭᠵᠢᠭᠦᠯᠵᠦ᠂ ᠬᠥᠲᠥᠯᠥᠨ ᠵᠢᠯᠤᠭᠤᠳᠬᠤ᠎ᠪᠠᠨ ᠴᠢᠩᠭ᠋ᠠᠳᠬᠠᠬᠤ ᠬᠡᠷᠡᠭᠲᠡᠢ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠳᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ᠎ᠠᠴᠠ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠢ ᠤᠳᠤᠷᠢᠳᠬᠤ ᠳᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠤᠳᠤ ᠦᠶ᠎ᠡ ᠵᠢᠨ ᠺᠤᠮᠫᠠᠨᠢ ᠵᠢᠨ ᠵᠠᠰᠠᠯᠲᠠ ᠵᠢ ᠲᠡᠭᠦᠯᠳᠡᠷᠵᠢᠭᠦᠯᠵᠦ᠂ ᠤᠯᠤᠰ᠎ᠤᠨ ᠥᠮᠴᠢᠯᠡᠯ᠎ᠤᠨ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠨᠥᠬᠦᠴᠡᠯ᠎ᠲᠠᠢ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠤᠳᠤ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ ᠪᠠᠶ᠋ᠢᠭᠤᠯᠬᠤ ᠵᠢ ᠵᠣᠷᠢᠭᠵᠢᠭᠤᠯᠵᠤ᠂ ᠬᠠᠤᠯᠢ ᠵᠢᠨ ᠡᠷᠬᠡᠲᠡᠨ᠎ᠤ ᠵᠠᠰᠠᠯᠲᠠ ᠵᠢᠨ ᠪᠦᠲᠦᠴᠡ ᠵᠢ ᠲᠡᠭᠦᠯᠳᠡᠷᠵᠢᠭᠦᠯᠵᠦ᠂ ᠬᠤᠪᠢ ᠣᠷᠣᠭᠤᠯᠤᠭᠴᠢ ᠵᠢᠨ ᠠᠵᠢᠯᠯᠠᠭ᠎ᠠ ᠵᠢ ᠵᠢᠷᠤᠮᠵᠢᠭᠤᠯᠵᠤ᠂ ᠳᠣᠲᠣᠭ᠋ᠠᠳᠤ ᠵᠢᠨ ᠬᠢᠨᠠᠯᠲᠠ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ ᠲᠣᠭᠲᠠᠴᠠ ᠵᠢ ᠪᠦᠷᠢᠨᠰᠢᠭᠦᠯᠵᠦ᠂ ᠨᠠᠮ᠎ᠤᠨ ᠪᠠᠶ᠋ᠢᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠵᠤ᠂ ᠳᠣᠲᠣᠭ᠋ᠠᠳᠤ ᠵᠢᠨ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

    ᠬᠤᠷᠠᠯ᠎ᠠᠴᠠ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠪᠣᠯᠣᠨ ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠣᠷᠣᠨ᠎ᠤ ᠠᠰᠢᠭ ᠲᠤᠰᠠ ᠵᠢᠨ ᠨᠥᠬᠦᠪᠦᠷᠢ ᠥᠭᠬᠦ ᠲᠣᠭᠲᠠᠴᠠ ᠵᠢ ᠪᠦᠷᠢᠨᠰᠢᠭᠦᠯᠵᠦ᠂ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠭᠦ ᠵᠢ ᠨᠡᠩ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠦᠨ᠎ᠡ ᠬᠠᠩᠰᠢ᠂ ᠨᠥᠬᠦᠪᠦᠷᠢ᠂ ᠳᠠᠭ᠋ᠠᠳᠬᠠᠯ ᠵᠡᠷᠭᠡ ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠠᠮᠤ ᠪᠤᠳᠠᠭ᠋ᠠᠨ᠎ᠤ ᠡᠵᠡᠩᠨᠡᠯᠲᠡ ᠵᠢᠨ ᠦᠷ᠎ᠡ ᠠᠰᠢᠭ᠎ᠢ ᠨᠡᠮᠡᠭᠳᠡᠭᠦᠯᠬᠦ ᠠᠷᠭ᠎ᠠ ᠭᠡᠯᠪᠡᠷᠢ ᠵᠢᠨ ᠰᠢᠨ᠎ᠡ ᠵᠢ ᠡᠭᠦᠳᠴᠦ᠂ ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠣᠷᠣᠨ᠎ᠤ ᠱᠠᠩᠨᠠᠵᠤ ᠨᠥᠬᠦᠪᠦᠷᠢᠯᠡᠬᠦ ᠵᠢ ᠵᠣᠷᠢᠭᠵᠢᠭᠤᠯᠬᠤ ᠳᠦᠷᠢᠮ᠎ᠢ ᠪᠦᠷᠢᠨᠰᠢᠭᠦᠯᠵᠦ᠂ ᠦᠢ᠍ᠯᠡᠳᠪᠦᠷᠢᠯᠡᠯ ᠪᠣᠷᠤᠯᠠᠭᠤᠯᠭ᠎ᠠ ᠵᠢᠨ ᠣᠷᠣᠨ᠎ᠳᠤ ᠤᠯᠠᠨ ᠠᠷᠭ᠎ᠠ ᠵᠠᠮ ᠵᠶ᠋ᠠᠷ ᠠᠰᠢᠭ ᠲᠤᠰᠠ ᠵᠢᠨ ᠨᠥᠬᠦᠪᠦᠷᠢ ᠥᠭᠬᠦ ᠠᠷᠭ᠎ᠠ ᠵᠢ ᠰᠦᠪᠡᠭᠴᠢᠯᠡᠵᠦ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠳᠡᠮᠵᠢᠵᠦ ᠬᠠᠮᠠᠭ᠋ᠠᠯᠠᠬᠤ ᠰᠢᠰᠲ᠋ᠧᠮ᠎ᠢ ᠪᠦᠷᠢᠨᠰᠢᠭᠦᠯᠬᠦ ᠬᠡᠷᠡᠭᠲᠡᠢ᠃ ᠮᠤᠵᠢ ᠵᠢᠨ ᠬᠤᠭᠤᠷᠣᠨᠳᠣᠭᠢ ᠠᠰᠢᠭ ᠲᠤᠰᠠ ᠵᠢᠨ ᠨᠥᠬᠦᠪᠦᠷᠢ ᠥᠭᠬᠦ ᠲᠣᠭᠲᠠᠴᠠ ᠵᠢ ᠪᠠᠶ᠋ᠢᠭᠤᠯᠬᠤ ᠲᠠᠯ᠎ᠠ᠎ᠪᠠᠷ ᠪᠣᠳᠠᠲᠠᠢ ᠠᠯᠬᠤᠮ᠎ᠢ ᠠᠯᠬᠤᠵᠤ᠂ ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠣᠷᠣᠨ᠂ ᠭᠤᠣᠯ ᠪᠣᠷᠤᠯᠠᠭᠤᠯᠭ᠎ᠠ ᠵᠢᠨ ᠣᠷᠣᠨ᠂ ᠦᠢ᠍ᠯᠡᠳᠪᠦᠷᠢᠯᠡᠯ ᠪᠣᠷᠤᠯᠠᠭᠤᠯᠭ᠎ᠠ ᠲᠡᠩᠴᠡᠭᠦᠷᠢᠲᠡᠢ ᠣᠷᠣᠨ᠎ᠤ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠬᠠᠮᠲᠤ ᠵᠢᠨ ᠬᠠᠷᠢᠭᠤᠴᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ ᠵᠢᠵᠢᠭ ᠲᠠᠷᠢᠶᠠᠴᠢᠨ ᠡᠷᠦᠭᠡ ᠪᠣᠯᠣᠨ ᠰᠢᠨ᠎ᠡ ᠭᠡᠯᠪᠡᠷᠢ ᠵᠢᠨ ᠬᠥᠳᠡᠭᠡ ᠠᠵᠤ ᠠᠬᠤᠢ ᠵᠢᠨ ᠡᠵᠡᠩᠨᠡᠯᠲᠡ ᠵᠢᠨ ᠭᠤᠣᠯ ᠴᠣᠭᠴᠠ ᠵᠢ ᠨᠢᠭᠡᠳᠦᠯᠲᠡᠢ ᠲᠥᠯᠥᠪᠵᠢᠭᠦᠯᠦᠨ ᠳᠡᠮᠵᠢᠵᠦ᠂ ᠲᠥᠷᠥ ᠵᠢᠨ ᠪᠣᠳᠣᠯᠭ᠎ᠠ᠎ᠪᠠᠷ ᠲᠡᠳᠬᠦᠬᠦ᠂ ᠦᠢ᠍ᠯᠡᠴᠢᠯᠡᠵᠦ ᠬᠥᠲᠥᠯᠥᠨ ᠵᠢᠯᠤᠭᠤᠳᠬᠤ᠂ ᠠᠰᠢᠭ ᠲᠤᠰᠠ ᠵᠢᠨ ᠬᠤᠯᠪᠤᠭ᠎ᠠ ᠵᠡᠷᠭᠡ ᠵᠢ ᠴᠢᠩᠭ᠋ᠠᠳᠬᠠᠵᠤ᠂ ᠵᠢᠵᠢᠭ ᠲᠠᠷᠢᠶᠠᠴᠢᠨ ᠡᠷᠦᠭᠡ ᠪᠣᠯᠣᠨ ᠣᠲᠣ ᠦᠶ᠎ᠡ ᠵᠢᠨ ᠬᠥᠳᠡᠭᠡ ᠠᠵᠤ ᠠᠬᠤᠢ ᠵᠢᠨ ᠬᠥᠭᠵᠢᠯᠲᠡ ᠵᠢ ᠣᠷᠭ᠋ᠠᠨᠢᠭ ᠵᠶ᠋ᠠᠷ ᠵᠣᠯᠭ᠋ᠠᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ᠎ᠠᠴᠠ᠂ ᠪᠦᠭᠦ ᠪᠥᠮᠪᠥᠷᠴᠡᠭ᠎ᠤᠨ ᠥᠷᠢᠰᠦᠯᠳᠦᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠨᠡᠭᠡᠭᠡᠯᠲᠡᠲᠤ ᠣᠷᠴᠢᠨ᠎ᠢ ᠪᠠᠶ᠋ᠢᠭᠤᠯᠬᠤ᠎ᠳᠤ᠂ 《ᠭᠠᠷᠴᠤ ᠶᠠᠪᠤᠬᠤ》 ᠪᠠ 《ᠣᠷᠣᠭᠤᠯᠤᠨ ᠠᠪᠴᠢᠷᠠᠬᠤ》   ᠵᠢ ᠤᠶᠠᠯᠳᠤᠭᠤᠯᠬᠤ ᠵᠢ ᠪᠠᠷᠢᠮᠲᠠᠯᠠᠵᠤ᠂ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠥᠷᠭᠡᠳᠬᠡᠵᠦ᠂ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠳᠡᠭᠦ ᠬᠠᠨᠢᠲᠠᠨ᠎ᠤ ᠬᠠᠷᠢᠯᠴᠠᠭ᠎ᠠ ᠵᠢ ᠴᠢᠷᠮᠠᠶ᠋ᠢᠨ ᠪᠠᠶ᠋ᠢᠭᠤᠯᠵᠤ᠂ ᠪᠦᠭᠦ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠰᠠᠯᠲᠠ᠎ᠳᠤ ᠤᠷᠢᠳᠴᠢᠯᠠᠨ ᠲᠥᠰᠥᠪᠯᠡᠬᠦ ᠪᠠ ᠭᠦᠨᠵᠡᠭᠡᠢ ᠣᠷᠤᠯᠴᠠᠬᠤ ᠵᠢ ᠪᠠᠷᠢᠮᠲᠠᠯᠠᠬᠤ ᠬᠡᠷᠡᠭᠲᠡᠢ᠃ ᠳᠡᠯᠡᠬᠡᠶ᠋ᠢᠵᠢᠭᠰᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠣᠷᠴᠢᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠪᠣᠳᠠᠲᠠᠢ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠢ ᠬᠠᠷᠠᠭ᠋ᠠᠯᠠᠨ᠂ ᠲᠣᠪᠣᠶ᠋ᠢᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠦᠯᠡᠳᠡᠭᠡᠵᠦ ᠳᠡᠶ᠋ᠢᠯᠭᠦ᠂ ᠰᠠᠶ᠋ᠢᠲᠤᠷ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠮᠤᠷ ᠲᠦᠪᠰᠢᠨ᠎ᠤ ᠳᠦᠷᠢᠮ ᠪᠣᠯᠣᠨ ᠠᠶᠤᠯ ᠲᠦᠭᠰᠢᠭᠦᠷᠢ ᠵᠢ ᠰᠡᠷᠭᠡᠶ᠋ᠢᠯᠡᠬᠦ ᠲᠣᠭᠲᠠᠴᠠ ᠵᠢ ᠲᠠᠰᠤᠷᠠᠯᠳᠠ ᠦᠭᠡᠢ ᠪᠦᠷᠢᠨᠰᠢᠭᠦᠯᠵᠦ᠂ ᠨᠡᠭᠡᠭᠡᠯᠲᠡᠲᠤ ᠣᠷᠴᠢᠨ ᠨᠥᠬᠦᠴᠡᠯ᠎ᠳᠤ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

    ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠭᠡᠰᠢᠭᠦᠳ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠰᠤᠯᠠ ᠣᠷᠣᠯᠴᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠳᠤ ᠴᠢᠬᠤᠯᠠ ᠵᠢᠭ᠋ᠠᠪᠤᠷᠢ ᠥᠭᠴᠦ ᠱᠠᠭ᠋ᠠᠷᠳᠠᠭᠰᠠᠨ᠎ᠨᠢ — ᠭᠠᠮᠰᠢᠭ᠎ᠤᠨ ᠪᠠᠶ᠋ᠢᠳᠠᠯ᠎ᠢ ᠪᠦᠭᠦ ᠬᠦᠴᠦ᠎ᠪᠠᠷ ᠵᠶ᠋ᠠᠨ ᠠᠷᠭ᠋ᠠᠴᠠᠭ᠋ᠠᠵᠤ ᠦᠶᠡᠷ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠲᠠᠢ ᠲᠡᠮᠡᠴᠡᠵᠦ ᠠᠶᠤᠯ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠵᠦ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠲᠡᠢ
ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠥᠬᠡᠨᠠᠭᠤᠷ᠎ᠤᠨ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ
ᠪᠦᠭᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠭᠡ ᠬᠤᠷᠠᠯ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠬᠢᠭᠦᠯᠦᠨ ᠱᠠᠩᠨᠠᠬᠤ ᠶᠡᠭᠡ ᠬᠤᠷᠠᠯ ᠬᠤᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ ᠰᠢ ᠵᠢᠨ ᠫᠢᠩ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ ᠬᠦᠷᠲᠡᠭᠰᠡᠳ᠎ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠡᠷᠭᠡ ᠵᠢ ᠰᠣᠨᠣᠰᠪᠠ
ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠪᠠᠶ᠋ᠢᠭ᠎ᠠ ᠪᠢᠴᠢᠭ ᠮᠠᠲ᠋ᠧᠷᠢᠶᠠᠯ᠎ᠢ ᠶᠠᠷᠢᠯᠴᠠᠪᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ
 
            