ᠰᠢᠨᠬᠤᠸᠠ ᠬᠤᠷᠢᠶ᠎ᠠ ᠵᠢᠨ ᠪᠡᠭᠡᠵᠢᠩ᠎ᠤᠨ 6 ᠰᠠᠷ᠎ᠠ ᠵᠢᠨ 18᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠳᠤ ᠴᠢᠬᠤᠯᠠ ᠵᠢᠭ᠋ᠠᠪᠤᠷᠢ ᠥᠭᠴᠡᠢ᠃
ᠰᠢ ᠵᠢᠨ ᠫᠢᠩ᠂ ᠣᠶ᠋ᠢᠷ᠎ᠠ ᠵᠢᠨ ᠬᠤᠭᠤᠴᠠᠭ᠋ᠠᠨ᠎ᠳᠤ᠂ ᠡᠮᠦᠨᠡᠲᠦ ᠣᠷᠣᠨ᠎ᠤ ᠤᠯᠠᠨ ᠭᠠᠵᠠᠷ᠎ᠲᠤ ᠦᠷᠭᠦᠯᠵᠢᠯᠡᠨ ᠰᠢᠷᠦᠭᠦᠨ ᠪᠣᠷᠣᠭ᠋ᠠᠯᠠᠵᠤ᠂ ᠭᠤᠸᠠᠩᠳᠦ᠋ᠩ᠂ ᠹᠦᠵᠢᠶᠠᠨ ᠵᠡᠷᠭᠡ ᠭᠠᠵᠠᠷ᠎ᠲᠤ ᠦᠶᠡᠷ ᠤᠰᠤᠲᠤᠯ ᠪᠠ ᠭᠠᠵᠠᠷ᠎ᠤᠨ ᠭᠠᠮᠰᠢᠭ ᠡᠭᠦᠰᠴᠦ᠂ ᠬᠥᠮᠥᠨ ᠬᠠᠷ᠎ᠠ ᠡ᠊ᠨᠳᠡᠵᠦ ᠰᠢᠷᠬᠠᠲᠤᠭᠰᠠᠨ ᠪᠠ ᠡᠳ᠋ ᠬᠥᠷᠥᠩᠭᠡ ᠰᠦᠢ᠍ᠳᠦᠨ ᠬᠤᠬᠢᠷᠠᠵᠤ᠂ ᠤᠮᠠᠷᠠᠲᠤ ᠣᠷᠣᠨ᠎ᠤ ᠬᠡᠰᠡᠭ ᠭᠠᠵᠠᠷ ᠣᠷᠣᠨ᠎ᠤ ᠭᠠᠩ ᠬᠠᠭᠰᠠᠷᠠᠭ᠋ᠠᠨ᠎ᠤ ᠪᠠᠶ᠋ᠢᠳᠠᠯ ᠰᠢᠷᠦᠭᠦᠰᠴᠦ᠂ ᠡᠮᠦᠨᠡᠲᠦ ᠣᠷᠣᠨ ᠤᠰᠤᠲᠤᠵᠤ ᠤᠮᠠᠷᠠᠲᠤ ᠣᠷᠣᠨ ᠭᠠᠩᠳᠠᠭᠰᠠᠨ ᠣᠨᠴᠠᠯᠢᠭ ᠢᠯᠡᠷᠬᠡᠢ ᠪᠣᠯᠵᠠᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠭᠠᠮᠰᠢᠭ᠎ᠤᠨ ᠪᠠᠶ᠋ᠢᠳᠠᠯ᠎ᠢ ᠪᠦᠭᠦ ᠬᠦᠴᠦ᠎ᠪᠠᠷ ᠵᠶ᠋ᠠᠨ ᠠᠷᠭ᠋ᠠᠴᠠᠭ᠋ᠠᠵᠤ᠂ ᠠᠷᠭ᠎ᠠ ᠪᠦᠭᠦᠨ᠎ᠢ ᠰᠦᠪᠡᠭᠴᠢᠯᠡᠨ ᠬᠠᠷᠢᠯᠴᠠᠭ᠎ᠠ ᠲᠠᠰᠤᠷᠠᠬᠰᠠᠨ ᠬᠥᠮᠥᠰ᠎ᠢ ᠡᠷᠢᠨ ᠠᠪᠤᠷᠠᠵᠤ᠂ ᠭᠠᠮᠰᠢᠭᠳᠠᠭᠰᠠᠨ ᠤᠯᠠᠨ ᠲᠦᠮᠡᠨ᠎ᠢ ᠲᠣᠬᠢᠲᠠᠢ ᠲᠥᠪᠬᠢᠨᠡᠭᠦᠯᠵᠦ᠂ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ᠎ᠢ ᠪᠠᠲᠤᠯᠠᠵᠤ᠂ ᠭᠠᠮᠰᠢᠭ᠎ᠤᠨ ᠬᠤᠬᠢᠷᠠᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠢ ᠭᠡᠵᠦ ᠱᠠᠭ᠋ᠠᠷᠳᠠᠪᠠ᠃
ᠰᠢ ᠵᠢᠨ ᠫᠢᠩ᠂ ᠮᠠᠨ᠎ᠤ ᠤᠯᠤᠰ ᠪᠦᠭᠦ ᠲᠠᠯ᠎ᠠ᠎ᠪᠠᠷ ᠦᠶᠡᠷ᠎ᠤᠨ ᠴᠢᠬᠤᠯᠠ ᠬᠤᠭᠤᠴᠠᠭ᠋ᠠᠨ᠎ᠳᠤ ᠣᠷᠣᠬᠤ ᠵᠢ ᠳᠠᠭ᠋ᠠᠯᠳᠤᠨ᠂ ᠦᠶᠡᠷ᠎ᠢ ᠰᠡᠷᠭᠡᠶ᠋ᠢᠯᠡᠬᠦ ᠪᠠᠶ᠋ᠢᠳᠠᠯ ᠡᠳᠦᠷ ᠢᠷᠡᠬᠦᠶ᠎ᠡ ᠬᠦᠨᠳᠦ ᠬᠡᠴᠡᠭᠦᠦ ᠪᠣᠯᠵᠤ ᠪᠠᠶ᠋ᠢᠨ᠎ᠠ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠠᠶᠤᠯ ᠲᠦᠭᠰᠢᠭᠦᠷᠢ ᠵᠢᠨ ᠤᠬᠠᠮᠰᠠᠷ᠂ ᠬᠤᠷᠢᠭ᠎ᠠ ᠱᠤᠭᠤᠮ᠎ᠤᠨ ᠰᠡᠳᠬᠢᠬᠦᠢ᠎ᠪᠠᠨ ᠴᠢᠨᠠᠭᠰᠢᠳᠠ ᠴᠢᠩᠭ᠋ᠠᠳᠬᠠᠵᠤ᠂ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠵᠤ᠂ ᠨᠢᠭᠡᠳᠦᠯᠲᠡᠢ ᠲᠥᠯᠥᠪᠵᠢᠭᠦᠯᠬᠦ᠎ᠪᠠᠨ ᠴᠢᠩᠭ᠋ᠠᠳᠬᠠᠵᠤ᠂ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ᠂ ᠠᠶᠤᠯ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ ᠭᠠᠮᠰᠢᠭ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠭᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠵᠤ᠂ ᠲᠣᠨᠣᠭᠯᠠᠯ ᠡᠳ᠋ ᠪᠣᠳᠠᠰ᠎ᠢ ᠭᠦᠢ᠍ᠴᠡᠳ ᠪᠡᠯᠡᠳᠬᠡᠵᠦ᠂ ᠠᠵᠢᠯ᠎ᠤᠨ ᠲᠥᠰᠥᠯ ᠵᠶ᠋ᠠᠨ ᠲᠡᠭᠦᠯᠳᠡᠷᠵᠢᠭᠦᠯᠵᠦ᠂ ᠡᠯ᠎ᠡ ᠵᠦᠢ᠍ᠯ᠎ᠤᠨ ᠭᠡᠨᠡᠳᠲᠡ ᠵᠢᠨ ᠬᠡᠷᠡᠭ᠎ᠢ ᠪᠦᠲᠦᠮᠵᠢᠲᠡᠢ ᠠᠷᠭ᠋ᠠᠴᠠᠭ᠋ᠠᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠣᠯᠣᠨ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃