ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠥᠬᠡᠨᠠᠭᠤᠷ᠎ᠤᠨ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ
ᠨᠡᠶ᠋ᠢᠲᠡᠯᠡᠭᠰᠡᠨ ᠴᠠᠭ᠄ 2024-06-24

     (ᠰᠢᠨᠬᠤᠸᠠ ᠬᠤᠷᠢᠶ᠎ᠠ ᠵᠢᠨ ᠰᠢᠨᠢᠩ᠎ᠤᠨ 6 ᠰᠠᠷ᠎ᠠ ᠵᠢᠨ 20᠎ᠤ ᠴᠠᠭᠢᠯᠭ᠋ᠠᠨ ᠮᠡᠳᠡᠭᠡ) ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠶ᠋ᠢᠷ᠎ᠠ᠎ᠳᠤ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ᠂ ᠬᠥᠬᠡᠨᠠᠭᠤᠷ᠎ᠤᠨ᠎ᠬᠢᠨ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠪᠦᠭᠦ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠠᠬᠢ ᠬᠥᠬᠡᠨᠠᠭᠤᠷ᠎ᠤᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠳᠡᠵᠦ᠂ ᠲᠤᠰ ᠪᠡᠶ᠎ᠡ ᠵᠢᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠤᠨ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠨᠡᠭᠡᠭᠡᠯᠲᠡ ᠵᠢ ᠥᠷᠭᠡᠳᠬᠡᠬᠦ ᠵᠢ ᠪᠠᠷᠢᠮᠲᠠᠯᠠᠵᠤ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠵᠤ ᠪᠣᠬᠢᠷᠳᠤᠯ ᠦᠭᠡᠢ᠎ᠪᠠᠷ ᠬᠥᠭᠵᠢᠭᠦᠯᠬᠦ ᠵᠢ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ᠂ ᠬᠠᠮᠲᠤ᠎ᠪᠠᠷ ᠪᠠᠶᠠᠵᠢᠬᠤ ᠵᠢ ᠪᠠᠷᠢᠮᠲᠠᠯᠠᠵᠤ᠂ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠨᠠᠩ ᠶᠡᠭᠡ ᠠᠬᠢᠯᠲᠠ᠎ᠲᠠᠢ ᠪᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠥᠬᠡᠨᠠᠭᠤᠷ᠎ᠤᠨ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃


     6 ᠰᠠᠷ᠎ᠠ ᠵᠢᠨ 18᠎ᠠᠴᠠ 19᠎ᠤ ᠡᠳᠦᠷ ᠪᠤᠯᠲᠠᠯ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠣᠯ 18᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠭᠤᠯᠤᠭ ᠰᠢᠨᠢᠩ᠎ᠤᠨ ᠦᠨᠳᠦᠰᠦᠲᠡᠨ᠎ᠤ ᠳᠤᠮᠳᠠᠳᠤ ᠰᠤᠷᠭ᠋ᠠᠭᠤᠯᠢ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠪᠠᠭᠰᠢ ᠰᠤᠷᠤᠬ᠍ᠴᠢᠳ᠎ᠲᠠᠢ ᠳᠣᠲᠣᠨᠣ᠎ᠪᠠᠷ ᠶᠠᠷᠢᠯᠴᠠᠵᠤ ᠪᠠᠶ᠋ᠢᠭ᠎ᠠ᠎ᠨᠢ᠃


     6 ᠰᠠᠷ᠎ᠠ ᠵᠢᠨ 18᠎ᠠᠴᠠ 19᠎ᠤ ᠡᠳᠦᠷ ᠪᠤᠯᠲᠠᠯ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠣᠯ 18᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠰᠢᠨᠢᠩ ᠬᠤᠳᠠ ᠵᠢᠨ ᠴᠧᠩ ᠵᠦᠩ ᠲᠣᠭᠤᠷᠢᠭ᠎ᠲᠤ ᠪᠠᠶ᠋ᠢᠷᠢᠯᠠᠵᠤ ᠪᠠᠶ᠋ᠢᠭ᠎ᠠ ᠮᠠᠰᠢᠳᠠ ᠰᠡᠬᠡᠭᠡᠷᠡᠭᠦᠯᠦᠭᠴᠢ ᠬᠡᠶ᠋ᠢᠳ᠎ᠲᠤ ᠰᠢᠨᠵᠢᠯᠡᠨ ᠪᠠᠶ᠋ᠢᠴᠠᠭ᠋ᠠᠵᠤ ᠪᠠᠶ᠋ᠢᠭ᠎ᠠ᠎ᠨᠢ᠃

     6 ᠰᠠᠷ᠎ᠠ ᠵᠢᠨ 18᠎ᠠᠴᠠ 19᠎ᠤ ᠡᠳᠦᠷ ᠪᠤᠯᠲᠠᠯ᠎ᠠ᠂ ᠰᠢ ᠵᠢᠨ ᠫᠢᠩ ᠬᠥᠬᠡᠨᠠᠭᠤᠷ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠴᠧᠨ ᠭᠠᠩ ᠪᠣᠯᠣᠨ ᠮᠤᠵᠢ ᠵᠢᠨ ᠳᠠᠷᠤᠭ᠎ᠠ ᠦ᠋ ᠰᠢᠶᠣᠣ ᠵᠢᠶᠦ᠋ᠨ᠎ᠤ ᠪᠠᠷ᠎ᠠ ᠪᠤᠯᠣᠯᠭ᠎ᠠ᠎ᠲᠠᠢ᠎ᠪᠠᠷ ᠰᠢᠨᠢᠩ ᠬᠤᠲᠠ ᠵᠢᠨ ᠰᠤᠷᠭ᠋ᠠᠭᠤᠯᠢ᠂ ᠱᠠᠰᠢᠨ ᠰᠤᠷᠲᠠᠬᠤᠨ᠎ᠤ ᠲᠠᠯᠠᠪᠤᠷ ᠭᠠᠵᠠᠷ᠎ᠲᠤ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠪᠠ᠃
     18᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠡᠩ ᠲᠡᠷᠢᠭᠦᠨ᠎ᠳᠤ ᠭᠤᠯᠤᠭ ᠰᠢᠨᠢᠩ᠎ᠤᠨ ᠦᠨᠳᠦᠰᠦᠲᠡᠨ᠎ᠤ ᠳᠤᠮᠳᠠᠳᠤ ᠰᠤᠷᠭ᠋ᠠᠭᠤᠯᠢ᠎ᠳᠤ ᠬᠦᠷᠴᠦ ᠰᠢᠨᠵᠢᠯᠡᠨ ᠪᠠᠶ᠋ᠢᠴᠠᠭ᠋ᠠᠪᠠ᠃ ᠡᠨᠡ ᠪᠣᠯ ᠭᠤᠯᠤᠭ ᠲᠥᠪᠡᠳ ᠦᠨᠳᠦᠰᠦᠲᠡᠨ᠎ᠤ ᠥᠪᠡᠷᠲᠡᠭᠡᠨ ᠵᠠᠰᠠᠬᠤ ᠵᠧᠦ᠎ᠳᠤ ᠬᠠᠷᠢᠶᠠᠯᠠᠭᠳᠠᠬᠤ ᠪᠠᠶ᠋ᠢᠷᠢ᠎ᠳᠤ ᠰᠠᠭᠤᠬᠤ ᠳᠦᠷᠢᠮᠲᠦ ᠳᠤᠮᠳᠠᠳᠤ ᠰᠤᠷᠭ᠋ᠠᠭᠤᠯᠢ ᠪᠠᠶ᠋ᠢᠵᠤ᠂ ᠱᠠᠩᠬᠠᠢ ᠬᠤᠲᠠ᠎ᠠᠴᠠ ᠪᠡᠯᠡ ᠣᠷᠣᠭᠤᠯᠤᠨ ᠲᠤᠰᠠᠯᠠᠨ ᠪᠠᠶ᠋ᠢᠭᠤᠯᠪᠠ᠃ ᠰᠢ ᠵᠢᠨ ᠫᠢᠩ ᠱᠠᠩᠬᠠᠢ ᠵᠡᠷᠭᠡ ᠵᠡᠭᠦᠨ ᠬᠡᠰᠡᠭ᠎ᠤᠨ ᠭᠠᠵᠠᠷ ᠣᠷᠣᠨ᠎ᠤ ᠬᠥᠬᠡᠨᠠᠭᠤᠷ᠎ᠤᠨ ᠰᠤᠷᠭ᠋ᠠᠨ ᠬᠥᠮᠦᠵᠢᠯ᠎ᠤᠨ ᠠᠵᠢᠯ ᠪᠠ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢ ᠲᠤᠰᠠᠯᠠᠭᠰᠠᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠰᠤᠷᠤᠬ᠍ᠴᠢᠳ᠎ᠤᠨ ᠪᠦᠷᠢᠯᠳᠦᠴᠡ᠂ ᠬᠢᠴᠢᠶᠡᠯ᠎ᠤᠨ ᠲᠣᠬᠢᠷᠠᠭᠤᠯᠤᠯᠲᠠ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠂ ᠨᠡᠶ᠋ᠢᠲᠡᠯᠢᠭ ᠬᠡᠯᠡᠨ᠎ᠤ ᠲᠦᠪᠰᠢᠨ ᠵᠡᠷᠭᠡ ᠪᠠᠶ᠋ᠢᠳᠠᠯ᠎ᠢ ᠨᠠᠷᠢᠯᠢᠭ ᠠᠰᠠᠭᠤᠵᠤ᠂ ᠬᠤᠭᠤᠯᠠᠨ ᠭᠡᠷ᠂ ᠪᠠᠶ᠋ᠢᠷᠢ ᠵᠢᠨ ᠠᠰᠠᠷ᠎ᠲᠤ ᠣᠷᠣᠵᠤ ᠰᠤᠷᠤᠬ᠍ᠴᠢᠳ᠎ᠤᠨ ᠬᠤᠭᠤᠯᠠ ᠢᠳᠡᠬᠦ ᠪᠠ ᠬᠤᠨᠣᠬᠤ ᠨᠥᠬᠦᠴᠡᠯ᠎ᠢ ᠪᠠᠶ᠋ᠢᠴᠠᠭ᠋ᠠᠨ ᠦᠵᠡᠵᠦ᠂ ᠬᠤᠭᠤᠯᠠᠨ ᠭᠡᠷ᠎ᠤᠨ ᠠᠵᠢᠯᠲᠠᠳ᠎ᠲᠤ ᠡᠷᠬᠡᠪᠰᠢ ᠰᠤᠷᠤᠬ᠍ᠴᠢᠳ᠎ᠤᠨ ᠢᠳᠡᠭᠡᠨ ᠤᠮᠳᠠᠭ᠋ᠠᠨ᠎ᠤ ᠠᠮᠤᠷ ᠲᠦᠪᠰᠢᠨ᠂ ᠰᠢᠮ᠎ᠡ ᠲᠡᠵᠢᠭᠡᠯ᠎ᠲᠠᠢ ᠠᠮᠲᠠᠲᠠᠢ ᠪᠠᠶ᠋ᠢᠬᠤ ᠵᠢ ᠪᠠᠲᠤᠯᠠᠬᠤ ᠬᠡᠷᠡᠭᠲᠡᠢ ᠭᠡᠵᠦ ᠵᠠᠬᠢᠪᠠ᠃ ᠲᠠᠷᠠᠭ᠎ᠠ᠎ᠨᠢ᠂ ᠲᠡᠷᠡ ᠥᠨᠳᠥᠷ ᠳᠤᠮᠳᠠᠳᠤ ᠵᠢᠨ ᠨᠢᠭᠡᠳᠦᠭᠡᠷ ᠣᠨ᠎ᠤ (1) ᠠᠩᠭᠢ ᠵᠢᠨ ᠬᠢᠴᠢᠶᠡᠯ᠎ᠤᠨ ᠭᠡᠷ᠎ᠲᠤ ᠬᠦᠷᠴᠦ᠂   《ᠰᠢᠨ᠎ᠡ ᠴᠠᠭ ᠦᠶ᠎ᠡ᠂ ᠰᠢᠨ᠎ᠡ ᠨᠤᠲᠤᠭ ᠤᠰᠤ》 ᠭᠡᠬᠦ ᠭᠤᠣᠯ ᠰᠡᠳᠦᠪᠲᠦ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠲᠣᠭᠤᠷᠢᠨ ᠦᠵᠡᠪᠡ᠃ ᠰᠤᠷᠭ᠋ᠠᠭᠤᠯᠢ ᠵᠢᠨ᠎ᠬᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠠᠭᠤᠯᠭ᠎ᠠ ᠵᠢ ᠡᠳᠦᠷ ᠳᠤᠳᠤᠮ᠎ᠤᠨ ᠵᠢᠭ᠋ᠠᠨ ᠰᠤᠷᠭ᠋ᠠᠯᠲᠠ᠎ᠳᠠᠭᠠᠨ ᠠᠭᠤᠰᠤᠯᠴᠠᠭᠤᠯᠵᠤ᠂ ᠬᠡᠦᠬᠡᠳ᠎ᠤᠳ᠎ᠤᠨ ᠰᠢᠨ᠎ᠡ ᠴᠠᠭ ᠦᠶ᠎ᠡ ᠵᠢᠨ ᠨᠤᠲᠤᠭ ᠤᠰᠤᠨ᠎ᠤ᠎ᠪᠠᠨ ᠪᠠᠶᠠᠷᠯᠠᠭᠤᠰᠢᠲᠠᠢ ᠬᠤᠪᠢᠷᠠᠯᠲᠠ ᠵᠢ ᠶᠠᠷᠢᠬᠤ ᠵᠢ ᠰᠣᠨᠣᠰᠴᠤ᠂ ᠬᠡᠦᠬᠡᠳ᠎ᠤᠳ᠎ᠤᠨ ᠵᠢᠷᠤᠭ ᠪᠦᠲᠦᠭᠡᠯ᠎ᠢ ᠦᠵᠡᠭᠡᠳ ᠰᠢ ᠵᠢᠨ ᠫᠢᠩ ᠮᠠᠰᠢ ᠪᠠᠶᠠᠷᠯᠠᠪᠠ᠃ ᠲᠡᠷᠡ᠂ ᠰᠤᠷᠭ᠋ᠠᠨ ᠬᠥᠮᠦᠵᠢᠯ᠎ᠢ ᠪᠠᠭᠲᠠᠭ᠋ᠠᠭᠰᠠᠨ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠪᠣᠯᠣᠨ ᠠᠵᠢᠯ ᠲᠦᠷᠦᠯ ᠵᠶ᠋ᠠᠷ ᠵᠶ᠋ᠠᠨ ᠲᠤᠰᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠣᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠳᠠᠪᠠᠭᠤᠯᠢᠭ᠎ᠢ ᠭᠦᠢ᠍ᠴᠡᠳ ᠢᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠶᠡᠭᠡ ᠭᠡᠷ ᠪᠦᠯᠢ ᠵᠢᠨ ᠬᠠᠶ᠋ᠢᠷ᠎ᠠ ᠬᠠᠯᠠᠮᠵᠢ ᠵᠢ ᠭᠦᠢ᠍ᠴᠡᠳ ᠢᠯᠡᠷᠡᠭᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠨᠢᠭᠡᠨ ᠭᠤᠣᠯᠳᠠᠯᠭ᠎ᠠ ᠪᠤᠯᠭ᠋ᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠯᠢᠭᠡᠷ᠎ᠢ ᠰᠠᠶ᠋ᠢᠲᠤᠷ ᠶᠠᠷᠢᠵᠤ᠂ ᠰᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ   ᠲᠠᠯ᠎ᠠ ᠎ᠪᠠᠷ   ᠠᠬᠢᠭᠤᠯᠤᠭᠰᠠᠨ   ᠦᠯᠢᠭᠡᠷ ᠎ᠢ   ᠰᠠᠶ᠋ᠢᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠭ᠎ᠠ ᠨᠠᠰᠤᠨ᠎ᠠᠴᠠ᠎ᠨᠢ ᠬᠡᠦᠬᠡᠳ᠎ᠤᠨ ᠰᠡᠳᠬᠢᠯ᠎ᠳᠤ ᠬᠠᠳᠠᠩᠰᠢᠭᠤᠯᠬᠤ ᠬᠡᠷᠡᠭᠲᠡᠢ ᠭᠡᠪᠡ᠃
      ᠵᠢᠭ᠋ᠠᠨ ᠰᠤᠷᠭ᠋ᠠᠬᠤ ᠠᠰᠠᠷ᠎ᠤᠨ ᠡᠮᠦᠨᠡᠬᠢ ᠠᠭᠤᠳᠠᠮ ᠲᠠᠯᠠᠪᠠᠢ᠎ᠳᠤ᠂ ᠪᠠᠭᠰᠢ ᠰᠤᠷᠤᠬ᠍ᠴᠢᠳ ᠬᠤᠶ᠋ᠢᠨ᠎ᠠ ᠬᠤᠶ᠋ᠢᠨ᠎ᠠ᠎ᠠᠴᠠ᠎ᠪᠠᠨ ᠬᠦᠷᠢᠶᠡᠯᠡᠨ ᠢᠷᠡᠵᠦ᠂ ᠥᠨᠳᠥᠷ ᠳᠠᠭᠤᠨ ᠵᠶ᠋ᠠᠷ ᠶᠡᠷᠦᠩᠬᠡᠢ ᠱᠦᠵᠢ ᠵᠢᠨ ᠠᠮᠤᠷ᠎ᠢ ᠠᠰᠠᠭᠤᠪᠠ᠃ ᠰᠢ ᠵᠢᠨ ᠫᠢᠩ ᠤᠯᠠᠨ᠎ᠳᠤ᠂ ᠪᠢ ᠰᠢᠨᠢᠩ᠎ᠳᠤ ᠬᠦᠷᠴᠦ ᠢᠷᠡᠭᠰᠡᠨ᠎ᠤ ᠲᠠᠷᠠᠭ᠎ᠠ ᠡᠩ ᠲᠡᠷᠢᠭᠦᠨ᠎ᠳᠤ ᠪᠠᠭᠰᠢ ᠪᠣᠯᠣᠨ ᠰᠤᠷᠤᠬ᠍ᠴᠢᠳ᠎ᠢ ᠡᠷᠭᠢᠵᠦ ᠦᠵᠡᠬᠦ᠎ᠪᠠᠷ ᠢᠷᠡᠯ᠎ᠡ᠃ ᠱᠠᠩᠬᠠᠢ᠎ᠠᠴᠠ ᠲᠤᠰᠠᠯᠠᠨ ᠪᠦᠲᠦᠭᠡᠨ ᠪᠠᠶ᠋ᠢᠭᠤᠯᠤᠭᠰᠠᠨ ᠡᠨᠡ ᠬᠦ᠌ ᠳᠤᠮᠳᠠᠳᠤ ᠰᠤᠷᠭ᠋ᠠᠭᠤᠯᠢ ᠭᠤᠯᠤᠭ᠎ᠤᠨ ᠮᠠᠯᠵᠢᠬᠤ ᠣᠷᠣᠨ᠎ᠠᠴᠠ ᠢᠷᠡᠭᠰᠡᠨ ᠡᠯ᠎ᠡ ᠦᠨᠳᠦᠰᠦᠲᠡᠨ᠎ᠤ ᠬᠡᠦᠬᠡᠳ᠎ᠢ ᠬᠥᠮᠥᠵᠢᠭᠦᠯᠦᠭᠡᠳ ᠢᠯᠡᠳᠲᠡ ᠦᠷ᠎ᠡ ᠪᠦᠲᠦᠮᠵᠢ ᠣᠯᠵᠤ᠂ ᠠᠯᠤᠰ ᠭᠡᠲᠦ ᠵᠢᠨ ᠠᠴᠢ ᠬᠤᠯᠪᠣᠭᠳᠠᠯ᠎ᠲᠠᠢ ᠶᠤᠮ᠃ ᠬᠡᠦᠬᠡᠳ᠎ᠤᠳ ᠠᠳᠡᠬᠢ ᠰᠠᠶ᠋ᠢᠨ ᠰᠠᠶ᠋ᠢᠬᠠᠨ ᠨᠥᠬᠦᠴᠡᠯ᠎ᠢ ᠨᠡᠩ ᠨᠠᠨᠳᠢᠩᠨᠠᠵᠤ᠂ ᠠᠴᠢ ᠡᠨᠡᠷᠢᠯ᠎ᠳᠤ ᠲᠠᠯᠠᠷᠬᠠᠵᠤ᠂ ᠰᠠᠶ᠋ᠢᠲᠤᠷ ᠰᠤᠷᠤᠯᠴᠠᠵᠤ᠂ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠶ᠋ᠢᠬᠠᠨ ᠭᠦᠳᠡᠯᠮᠦᠷᠢ ᠪᠦᠭᠦ ᠲᠠᠯ᠎ᠠ᠎ᠪᠠᠷ ᠬᠥᠭᠵᠢᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠵᠠᠯᠭ᠋ᠠᠮᠵᠢᠯᠠᠭᠴᠢ ᠪᠠ ᠪᠦᠲᠦᠭᠡᠨ ᠪᠠᠶ᠋ᠢᠭᠤᠯᠤᠭᠴᠢ ᠪᠤᠯᠬᠤ᠎ᠪᠠᠷ ᠵᠣᠷᠢᠭ ᠰᠢᠭᠤᠳᠴᠤ᠂ ᠥᠪᠡᠷ᠎ᠤᠨ ᠠᠮᠢᠳᠤᠷᠠᠯ᠎ᠳᠠᠭᠠᠨ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠠᠵᠠ ᠲᠣᠭᠢᠶᠠᠯ ᠣᠯᠬᠤ᠎ᠪᠠᠷ ᠴᠢᠷᠮᠠᠶ᠋ᠢᠬᠤ ᠵᠢ ᠬᠦᠰᠡᠵᠦ ᠪᠠᠶ᠋ᠢᠨ᠎ᠠ ᠭᠡᠵᠦ ᠳᠣᠲᠣᠨᠣ᠎ᠪᠠᠷ ᠬᠡᠯᠡᠪᠡ᠃ ᠲᠡᠷᠡ ᠬᠡᠦᠬᠡᠳ᠎ᠤᠳ᠎ᠤᠨ ᠰᠤᠷᠤᠯᠭ᠎ᠠ ᠵᠢᠨ ᠥᠨᠳᠥᠷ ᠠᠮᠵᠢᠯᠲᠠ᠂ ᠡᠷᠡᠭᠦᠯ ᠴᠢᠭᠢᠷᠠᠭ ᠵᠶ᠋ᠠᠷ ᠥᠰᠦᠨ ᠪᠣᠶ᠋ᠢᠵᠢᠬᠤ ᠵᠢ ᠬᠦᠰᠡᠨ ᠵᠥᠩᠨᠡᠪᠡ᠃
      ᠲᠠᠷᠠᠭ᠎ᠠ᠎ᠨᠢ᠂ ᠰᠢ ᠵᠢᠨ ᠫᠢᠩ ᠰᠢᠨᠢᠩ ᠬᠤᠳᠠ ᠵᠢᠨ ᠴᠧᠩ ᠵᠦᠩ ᠲᠣᠭᠤᠷᠢᠭ᠎ᠤᠨ ᠮᠠᠰᠢᠳᠠ ᠰᠡᠬᠡᠭᠡᠷᠡᠭᠦᠯᠦᠭᠴᠢ ᠬᠡᠶ᠋ᠢᠳ᠎ᠲᠤ ᠭᠦᠷᠪᠡ᠃ ᠬᠡᠶ᠋ᠢᠳ᠎ᠤᠨ ᠡᠮᠦᠨᠡᠬᠢ ᠬᠦᠷᠢᠶᠡᠨ᠎ᠳᠤ᠂ ᠮᠠᠰᠢᠳᠠ ᠰᠡᠬᠡᠭᠡᠷᠡᠭᠦᠯᠦᠭᠴᠢ ᠬᠡᠶ᠋ᠢᠳ᠎ᠤᠨ ᠠᠷᠠᠳᠴᠢᠯᠠᠭᠰᠠᠨ ᠬᠠᠮᠢᠶᠠᠷᠤᠯᠲᠠ ᠵᠢᠨ ᠵᠥᠪᠯᠡᠯ᠎ᠤᠨ ᠬᠠᠷᠢᠭᠤᠴᠠᠯᠭ᠋ᠠᠲᠠᠨ᠎ᠠᠴᠠ ᠶᠡᠷᠦᠩᠬᠡᠢ ᠱᠦᠵᠢ᠎ᠳᠤ ᠬᠠᠳᠠᠭ ᠪᠠᠷᠢᠵᠤ᠂ ᠯᠠᠮᠠ ᠬᠤᠸᠠᠷᠠᠭ ᠭᠦᠯᠢᠰ ᠡᠷᠭᠦᠵᠦ᠂ ᠡᠷᠳᠡᠨᠢ ᠰᠢᠬᠦᠷ ᠪᠠᠷᠢᠵᠤ ᠶᠡᠷᠦᠩᠬᠡᠢ ᠱᠦᠵᠢ ᠵᠢ ᠤᠭᠲᠤᠪᠠ᠃ ᠰᠢ ᠵᠢᠨ ᠫᠢᠩ ᠬᠥᠬᠡᠨᠠᠭᠤᠷ ᠮᠤᠵᠢ ᠵᠢᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠮᠦᠵᠢᠯ᠎ᠤᠨ ᠰᠠᠭᠤᠷᠢᠨ᠎ᠤ ᠳᠡᠯᠭᠡᠨ ᠦᠵᠡᠭᠦᠯᠭᠡ ᠵᠡᠷᠭᠡ ᠵᠢ ᠲᠣᠭᠤᠷᠢᠨ ᠦᠵᠡᠵᠦ᠂ ᠰᠦᠮ᠎ᠡ ᠬᠡᠶ᠋ᠢᠳ᠎ᠤᠨ ᠲᠡᠦᠬᠡ ᠵᠢᠨ ᠤᠯᠠᠷᠢᠯ ᠬᠤᠪᠢᠰᠤᠯ᠂ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠦᠨᠳᠦᠰᠦᠲᠡᠨ᠎ᠤ ᠠᠵᠢᠯ ᠪᠣᠯᠣᠨ ᠱᠠᠰᠢᠨ ᠰᠤᠷᠲᠠᠬᠤᠨ᠎ᠤ ᠠᠵᠢᠯ᠎ᠢ ᠬᠠᠯᠠᠮᠵᠢᠯᠠᠨ ᠠᠬᠢᠭᠤᠯᠤᠭᠰᠠᠨ ᠪᠠᠶ᠋ᠢᠳᠠᠯ᠎ᠢ ᠣᠶ᠋ᠢᠯᠠᠭ᠋ᠠᠪᠠ᠃ ᠲᠡᠷᠡ ᠶᠡᠭᠡ ᠳᠤᠭ᠋ᠠᠩ᠎ᠳᠤ ᠣᠷᠣᠵᠤ᠂ ᠰᠦᠮ᠎ᠡ ᠬᠡᠶ᠋ᠢᠳ᠎ᠤᠨ ᠡᠳᠦᠷ ᠲᠤᠳᠤᠮ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠤᠭᠰᠠᠨ ᠵᠡᠷᠭᠡ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠪᠠ᠃ ᠰᠢ ᠵᠢᠨ ᠫᠢᠩ᠂ ᠮᠠᠰᠢᠳᠠ ᠰᠡᠬᠡᠭᠡᠷᠡᠭᠦᠯᠦᠭᠴᠢ ᠬᠡᠶ᠋ᠢᠳ ᠡᠨᠡ ᠬᠦ᠌ ᠮᠢᠩᠭ᠋ᠠᠨ ᠣᠨ᠎ᠤ ᠡᠷᠲᠡᠨ᠎ᠤ ᠰᠦᠮ᠎ᠡ᠎ᠨᠢ ᠤᠯᠠᠨ ᠦᠶ᠎ᠡ ᠵᠢᠨ ᠲᠥᠪ᠎ᠤᠨ ᠵᠠᠰᠠᠭ᠎ᠤᠨ ᠣᠷᠳᠣᠨ ᠪᠣᠯᠣᠨ ᠲᠥᠪᠡᠳ᠎ᠤᠨ ᠪᠤᠳ᠋ᠳ᠋ᠾᠠ ᠵᠢᠨ ᠱᠠᠰᠢᠨ᠎ᠤ ᠬᠠᠷᠢᠯᠴᠠᠭ᠎ᠠ ᠵᠢ ᠨᠡᠮᠡᠭᠳᠡᠭᠦᠯᠬᠦ ᠲᠠᠯ᠎ᠠ᠎ᠪᠠᠷ ᠴᠢᠬᠤᠯᠠ ᠬᠥᠭᠦᠷᠭᠡ ᠬᠤᠯᠪᠣᠭ᠋ᠠᠰᠤ ᠵᠢᠨ ᠦᠢ᠍ᠯᠡᠳᠦᠯ ᠦᠵᠡᠭᠦᠯᠵᠡᠢ᠃ ᠡᠨᠡ ᠬᠦ᠌ ᠬᠤᠪᠣᠷ ᠨᠠᠨᠳᠢᠨ ᠲᠡᠦᠬᠡ ᠰᠣᠶᠣᠯ᠎ᠤᠨ ᠥᠪ᠎ᠢ ᠰᠠᠶ᠋ᠢᠲᠤᠷ ᠬᠠᠮᠠᠭ᠋ᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠠᠴᠠ ᠰᠤᠷᠤᠯᠴᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠂ ᠦᠨᠳᠦᠰᠦᠲᠡᠨ᠎ᠤ ᠠᠵᠢᠯ᠂ ᠱᠠᠰᠢᠨ ᠰᠤᠷᠲᠠᠬᠤᠨ᠎ᠤ ᠠᠵᠢᠯ᠎ᠢ ᠨᠡᠩ ᠰᠠᠶ᠋ᠢᠲᠤᠷ ᠬᠢᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠰᠢ ᠵᠢᠨ ᠫᠢᠩ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠳᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠳᠤ ᠥᠷᠭᠡᠨ ᠣᠯᠠᠨ ᠰᠦᠰᠦᠭᠲᠡᠨ ᠣᠯᠠᠨ ᠲᠦᠮᠡᠨ᠎ᠢ ᠪᠠᠭᠲᠠᠭ᠋ᠠᠭᠰᠠᠨ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠬᠦ ᠵᠢ ᠱᠠᠭ᠋ᠠᠷᠳᠠᠵᠤ ᠪᠠᠶ᠋ᠢᠨ᠎ᠠ᠃ ᠬᠥᠬᠡᠨᠠᠭᠤᠷ᠎ᠤᠨ ᠲᠥᠪᠡᠳ᠎ᠤᠨ ᠪᠤᠳ᠋ᠳ᠋ᠾᠠ ᠵᠢᠨ ᠱᠠᠰᠢᠨ᠎ᠤ ᠡᠲᠡᠭᠡᠳ᠎ᠤᠨ᠎ᠬᠢᠨ ᠤᠯᠤᠰ ᠵᠶ᠋ᠠᠨ ᠬᠠᠶ᠋ᠢᠷᠠᠯᠠᠵᠤ ᠱᠠᠰᠢᠨ ᠵᠶ᠋ᠠᠨ ᠬᠠᠶ᠋ᠢᠷᠠᠯᠠᠬᠤ ᠰᠢᠯᠢᠳᠡᠭ ᠤᠯᠠᠮᠵᠢᠯᠠᠯ ᠵᠶ᠋ᠠᠨ ᠪᠠᠳᠠᠷᠠᠭᠤᠯᠵᠤ᠂ ᠱᠠᠰᠢᠨ ᠰᠤᠷᠲᠠᠬᠤᠨ ᠡᠶ᠎ᠡ ᠨᠠᠶ᠋ᠢᠷᠠᠮᠳᠠᠭᠤ᠂ ᠨᠡᠶ᠋ᠢᠭᠡᠮ ᠡᠶ᠎ᠡ ᠵᠣᠬᠢᠴᠠᠩᠭᠤᠢ᠂ ᠦᠨᠳᠦᠰᠦᠲᠡᠨ ᠡᠶ᠎ᠡ ᠨᠠᠶ᠋ᠢᠷᠲᠠᠢ ᠪᠠᠶ᠋ᠢᠬᠤ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ᠎ᠳᠤ ᠢᠳᠡᠪᠬᠢᠲᠡᠢ ᠦᠢ᠍ᠯᠡᠳᠦᠯ ᠦᠵᠡᠭᠦᠯᠭᠦ ᠵᠢ ᠬᠦᠰᠡᠵᠦ ᠪᠠᠶ᠋ᠢᠨ᠎ᠠ ᠭᠡᠵᠦ ᠴᠢᠬᠤᠯᠠᠴᠢᠯᠠᠪᠠ᠃
     19᠎ᠤ ᠦᠳᠡ ᠵᠢᠨ ᠡᠮᠦᠨ᠎ᠡ᠂ ᠰᠢ ᠵᠢᠨ ᠫᠢᠩ ᠬᠥᠬᠡᠨᠠᠭᠤᠷ ᠮᠤᠵᠢ ᠵᠢᠨ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠥᠬᠡᠨᠠᠭᠤᠷ᠎ᠤᠨ ᠡᠯ᠎ᠡ ᠵᠦᠢ᠍ᠯ᠎ᠤᠨ ᠠᠵᠢᠯ᠎ᠤᠨ ᠣᠯᠣᠭᠰᠠᠨ ᠬᠢᠷᠢ ᠪᠦᠲᠦᠮᠵᠢ ᠵᠢ ᠨᠤᠲᠠᠯᠠᠪᠠ᠃
      ᠰᠢ ᠵᠢᠨ ᠫᠢᠩ᠂ ᠬᠥᠬᠡᠨᠠᠭᠤᠷ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ ᠪᠠᠶ᠋ᠢᠨ᠎ᠠ᠂ ᠠᠵᠤ ᠦᠢ᠍ᠯᠡᠰ᠎ᠤᠨ ᠬᠥᠭᠵᠢᠯᠲᠡ᠎ᠳᠤ ᠡᠷᠬᠡᠪᠰᠢ ᠬᠢᠬᠦ ᠶᠣᠰᠣᠲᠠᠢ ᠵᠢ᠎ᠨᠢ ᠬᠢᠵᠦ᠂ ᠬᠢᠬᠦ ᠴᠢᠬᠤᠯᠠ ᠦᠭᠡᠢ ᠵᠢ᠎ᠨᠢ ᠬᠢᠬᠦ ᠦᠭᠡᠢ ᠪᠠᠶ᠋ᠢᠬᠤ ᠵᠢ ᠪᠠᠷᠢᠮᠲᠠᠯᠠᠵᠤ᠂ ᠲᠤᠬᠠᠢ ᠵᠢᠨ ᠭᠠᠵᠠᠷ᠎ᠤᠨ ᠣᠨᠴᠠᠯᠢᠭ ᠪᠠ ᠳᠠᠪᠠᠭᠤᠯᠢᠭ᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠬᠦᠴᠦᠯᠡᠨ ᠪᠣᠶ᠋ᠢᠵᠢᠭᠤᠯᠬᠤ ᠬᠡᠷᠡᠭᠲᠡᠢ᠃ ᠡᠬᠢ ᠪᠠᠶᠠᠯᠢᠭ᠎ᠤᠨ ᠡᠯᠧᠮᠧᠨ᠋ᠲ᠎ᠢ ᠪᠦᠲᠦᠮᠵᠢᠲᠡᠢ ᠲᠥᠪᠯᠡᠷᠡᠭᠦᠯᠵᠦ᠂ ᠳᠡᠯᠡᠬᠡᠢ ᠵᠢᠨ ᠲᠡᠰ᠎ᠤᠨ ᠳᠠᠪᠤᠰᠤᠨ ᠨᠠᠭᠤᠷ᠎ᠤᠨ ᠠᠵᠤ ᠦᠢ᠍ᠯᠡᠰ᠎ᠤᠨ ᠰᠠᠭᠤᠷᠢᠨ᠎ᠢ ᠲᠦᠷᠭᠡᠳᠬᠡᠨ ᠪᠠᠶ᠋ᠢᠭᠤᠯᠵᠤ᠂ ᠤᠯᠤᠰ᠎ᠤᠨ ᠴᠡᠪᠡᠷ ᠡᠨᠧᠷᠭᠢ ᠵᠢᠨ ᠠᠵᠤ ᠦᠢ᠍ᠯᠡᠰ᠎ᠤᠨ ᠥᠨᠳᠦᠷᠯᠢᠭ᠂ ᠤᠯᠠᠨ ᠤᠯᠤᠰ᠎ᠤᠨ ᠠᠮᠢ ᠠᠬᠤᠢ ᠵᠢᠨ ᠵᠢᠭᠤᠯᠴᠢᠯᠠᠯ᠎ᠤᠨ ᠬᠠᠷᠠᠯᠲᠠᠲᠤ ᠭᠠᠵᠠᠷ᠂ ᠪᠣᠬᠢᠷᠳᠤᠯ ᠦᠭᠡᠢ ᠣᠷᠭ᠋ᠠᠨᠢᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠭᠰᠢ ᠭᠠᠷᠭ᠋ᠠᠬᠤ ᠭᠠᠵᠠᠷ᠎ᠢ ᠪᠠᠶ᠋ᠢᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠵᠶ᠋ᠠᠨ ᠤᠯᠠᠷᠢᠭᠤᠯᠬᠤ ᠵᠢ ᠬᠤᠶᠠᠷ ᠲᠠᠯ᠎ᠠ᠎ᠪᠠᠷ ᠠᠳᠬᠤᠬᠤ ᠵᠢ ᠪᠠᠷᠢᠮᠲᠠᠯᠠᠨ᠂ ᠰᠢᠨ᠎ᠡ ᠮᠡᠷᠭᠡᠵᠢᠯ᠎ᠢ ᠥᠷᠭᠡᠨ ᠵᠶ᠋ᠠᠷ ᠬᠡᠷᠡᠭᠯᠡᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠬᠥᠭᠵᠢᠭᠦᠯᠵᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠪᠣᠶ᠋ᠢᠵᠢᠭᠤᠯᠬᠤ ᠬᠡᠷᠡᠭᠲᠡᠢ᠃ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠨᠡᠭᠡᠭᠡᠯᠲᠡ ᠵᠢ ᠥᠷᠭᠡᠳᠬᠡᠨ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠰᠢᠯᠢᠳᠡᠭᠵᠢᠭᠦᠯᠵᠦ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ ᠵᠡᠷᠭᠡ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠪᠣᠬᠢᠷᠳᠤᠯ ᠦᠭᠡᠢ ᠲᠣᠷᠭ᠋ᠠᠨ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃ ᠮᠤᠵᠢ ᠵᠢᠨ ᠳᠣᠲᠣᠷᠠᠬᠢ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ᠂ ᠰᠢᠨᠢᠩ᠂ ᠬᠠᠢ ᠳ᠋ᠦᠩ᠂ ᠬᠠᠶ᠋ᠢᠰᠢ ᠵᠢᠨ ᠲᠤᠯᠭ᠋ᠠᠭᠤᠷᠢᠯᠠᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠰᠢᠶᠠᠨ᠎ᠤ ᠬᠡᠪᠴᠢᠶᠡᠨ᠎ᠤ ᠠᠵᠤ ᠠᠬᠤᠢ᠂ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠢ ᠵᠢᠨ ᠰᠢᠰᠲ᠋ᠧᠮ ᠡᠯᠪᠡᠭ ᠪᠠᠶᠠᠯᠢᠭ ᠤᠯᠠᠨ ᠶᠠᠩᠵᠤ ᠵᠢᠨ ᠪᠤᠯᠪᠠᠴᠤ ᠲᠤᠶ᠋ᠢᠯ᠎ᠤᠨ ᠬᠡᠪᠡᠷᠡᠭ ᠪᠠᠶ᠋ᠢᠳᠠᠭ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠠᠮᠢ ᠠᠬᠤᠢ ᠵᠢᠨ ᠴᠢᠳᠠᠮᠵᠢ ᠵᠢ ᠬᠠᠮᠤᠭ᠎ᠤᠨ ᠶᠡᠭᠡ᠎ᠪᠠᠷ ᠪᠡᠶᠡᠯᠡᠭᠦᠯᠬᠦ ᠪᠣᠯ ᠡᠨᠡ ᠬᠦ᠌ ᠣᠷᠣᠨ ᠪᠦᠰᠡ ᠵᠢᠨ ᠭᠤᠣᠯ ᠡᠭᠦᠷᠭᠡ ᠪᠣᠯᠣᠨ᠎ᠠ᠃ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠵᠤ ᠪᠣᠬᠢᠷᠳᠤᠯ ᠦᠭᠡᠢ᠎ᠪᠠᠷ ᠬᠥᠭᠵᠢᠭᠦᠯᠬᠦ ᠵᠢ ᠢᠮᠠᠭᠲᠠ ᠪᠠᠷᠢᠮᠲᠠᠯᠠᠵᠤ᠂ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠢ ᠵᠢ ᠬᠠᠮᠠᠭ᠋ᠠᠯᠠᠬᠤ ᠬᠠᠤᠯᠢ ᠵᠢ ᠨᠠᠷᠢᠨ ᠬᠢᠨᠠᠮᠠᠭ᠋ᠠᠢ ᠬᠡᠷᠡᠭᠵᠢᠭᠦᠯᠵᠦ᠂ ᠭᠤᠣᠯ ᠴᠣᠭᠴᠠ ᠵᠢᠨ ᠴᠢᠳᠠᠮᠵᠢᠲᠤ ᠣᠷᠣᠨ᠎ᠤ ᠲᠥᠯᠦᠪᠵᠢᠭᠦᠯᠭᠡ ᠵᠢᠨ ᠱᠠᠭ᠋ᠠᠷᠳᠠᠯᠭ᠎ᠠ ᠵᠢ ᠪᠦᠭᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠥᠬᠡᠨᠠᠭᠤᠷ ᠲᠥᠪᠡᠳ᠎ᠤᠨ ᠥᠨᠳᠦᠷᠯᠢᠭ᠎ᠢ ᠠᠮᠢ ᠠᠬᠤᠢ ᠵᠢᠨ ᠪᠣᠯᠪᠠᠰᠤᠨ᠎ᠤ ᠥᠨᠳᠦᠷᠯᠢᠭ ᠪᠣᠯᠭ᠋ᠠᠨ ᠪᠦᠲᠦᠭᠡᠨ ᠪᠠᠶ᠋ᠢᠭᠤᠯᠬᠤ ᠬᠡᠷᠡᠭᠲᠡᠢ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠴᠢᠬᠤᠯᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠪᠠᠬᠢᠵᠢᠭᠦᠯᠦᠨ   ᠳᠡᠭᠡᠭᠰᠢᠯᠡᠭᠦᠯᠭᠦ   ᠬᠡᠷᠡᠭᠲᠡᠢ᠃ ᠭᠤᠷᠪᠠᠨ   ᠮᠥᠷᠡᠨ᠎ᠤ ᠡᠬᠢ ᠵᠢᠨ ᠡᠨᠡ ᠬᠦ᠌ 《ᠳᠤᠮᠳᠠᠳᠤ ᠵᠢᠨ   ᠤᠰᠤᠨ   ᠰᠤᠪᠤᠷᠭ᠎ᠠ》 ᠵᠢ   ᠰᠠᠶ᠋ᠢᠲᠤᠷ   ᠰᠠᠬᠢᠨ ᠬᠠᠮᠠᠭ᠋ᠠᠯᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠵᠤ᠂ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠴᠢᠳᠠᠪᠤᠷᠢ ᠵᠢ ᠳᠡᠭᠡᠭᠰᠢᠯᠡᠭᠦᠯᠭᠦ ᠶᠠᠪᠤᠳᠠᠯ᠎ᠢ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠤᠯᠭ᠋ᠠᠬᠤ ᠬᠡᠷᠡᠭᠲᠡᠢ᠃ ᠤᠯᠤᠰ᠎ᠤᠨ ᠴᠡᠴᠡᠷᠯᠢᠭ ᠵᠶ᠋ᠠᠷ ᠭᠤᠣᠯ ᠴᠣᠭᠴᠠ ᠪᠤᠯᠭ᠋ᠠᠬᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠯᠤᠰ᠎ᠤᠨ ᠲᠥᠯᠥᠭᠡᠯᠡᠬᠦ ᠴᠢᠨᠠᠷᠲᠠᠢ ᠪᠠ ᠳᠡᠯᠡᠬᠡᠢ᠎ᠳᠤ ᠨᠥᠯᠥᠭᠡᠯᠡᠬᠦ ᠬᠦᠴᠦᠨ᠎ᠲᠠᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠡᠪ ᠳᠠᠭᠤᠷᠢᠶᠠᠯ᠎ᠢ ᠪᠤᠶ ᠪᠤᠯᠭ᠋ᠠᠬᠤ ᠬᠡᠷᠡᠭᠲᠡᠢ᠃ ᠭᠤᠣᠯᠳᠠᠯᠭ᠎ᠠ᠎ᠲᠠᠢ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠠᠮᠢ ᠠᠬᠤᠢ᠎ᠲᠠᠢ ᠨᠥᠭᠦᠷᠰᠡᠭ ᠭᠡᠯᠪᠡᠷᠢ ᠵᠢᠨ ᠠᠵᠤ ᠦᠢ᠍ᠯᠡᠰ᠎ᠢ ᠬᠥᠭᠵᠢᠭᠦᠯᠦᠨ᠂ ᠰᠢᠨ᠎ᠡ ᠭᠡᠯᠪᠡᠷᠢ ᠵᠢᠨ ᠡᠨᠧᠷᠭᠢ ᠵᠢᠨ ᠰᠢᠰᠲ᠋ᠧᠮ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠶ᠋ᠢᠵᠢᠷᠠᠭᠤᠯᠵᠤ᠂ ᠴᠢᠳᠠᠯ᠎ᠤᠨ ᠬᠢᠷᠢ᠎ᠪᠠᠷ ᠵᠶ᠋ᠠᠨ ᠴᠢᠷᠮᠠᠶ᠋ᠢᠵᠤ᠂ ᠴᠢᠳᠠᠯ᠎ᠤᠨ ᠵᠶ᠋ᠠᠨ ᠬᠢᠷᠢ᠎ᠪᠠᠷ ᠬᠢᠵᠦ᠂ ᠠᠷᠠᠳ᠎ᠤᠨ ᠰᠠᠨᠠᠭ᠎ᠠ᠎ᠳᠤ ᠨᠡᠶ᠋ᠢᠴᠡᠭᠰᠡᠨ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠭᠰᠡᠨ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠤᠭᠰᠠᠨ ᠪᠣᠳᠠᠲᠤ ᠶᠠᠪᠤᠳᠠᠯ᠎ᠢ ᠢᠯᠡᠭᠦᠬᠡᠨ ᠬᠢᠵᠦ᠂ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠯᠠᠪᠳᠠᠭᠤᠨ ᠪᠠᠲᠤᠲᠠᠢ ᠰᠢᠢ᠍ᠳᠪᠦᠷᠢᠯᠡᠬᠦ ᠬᠡᠷᠡᠭᠲᠡᠢ᠃ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠠᠶ᠋ᠢᠷᠢᠰᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠲᠥᠰᠥᠪᠯᠡᠵᠦ᠂ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠡᠩᠴᠡᠭᠦᠷᠢᠲᠦ ᠴᠢᠨᠠᠷ ᠬᠦᠷᠦᠯᠴᠡᠬᠦᠶ᠋ᠢᠴᠡ ᠴᠢᠨᠠᠷ᠎ᠢ ᠬᠦᠴᠦᠯᠡᠨ ᠨᠡᠮᠡᠭᠳᠡᠭᠦᠯᠬᠦ ᠬᠡᠷᠡᠭᠲᠡᠢ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠡᠨᠡ ᠬᠦ᠌ ᠭᠤᠣᠯᠳᠠᠯᠭ᠎ᠠ ᠵᠢ ᠳᠤᠪᠤᠶ᠋ᠢᠯᠭ᠋ᠠᠵᠤ᠂ ᠥᠨᠳᠦᠷᠯᠢᠭ᠎ᠤᠨ ᠣᠨᠴᠠᠯᠢᠭᠲᠤ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠲᠦᠷᠭᠡᠳᠬᠡᠨ ᠠᠬᠢᠭᠤᠯᠵᠤ᠂ ᠪᠣᠬᠢᠷᠳᠤᠯ ᠦᠭᠡᠢ ᠣᠷᠭ᠋ᠠᠨᠢᠭ ᠮᠠᠯ ᠠᠵᠤ ᠠᠬᠤᠢ ᠲᠠᠷᠢᠶᠠᠯᠠᠩ᠎ᠢ ᠬᠥᠭᠵᠢᠭᠦᠯᠵᠦ᠂ ᠥᠨᠳᠦᠷᠯᠢᠭ᠎ᠤᠨ ᠨᠤᠲᠤᠭ᠎ᠤᠨ ᠣᠨᠴᠠ ᠭᠠᠷᠤᠯᠲᠠ ᠵᠢᠨ ᠲᠦᠷᠦᠯ ᠲᠡᠮᠳᠡᠭ᠎ᠢ ᠡᠭᠦᠳᠬᠦ ᠬᠡᠷᠡᠭᠲᠡᠢ᠃ ᠥᠨᠳᠦᠷᠯᠢᠭ᠎ᠤᠨ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠡᠪ ᠵᠠᠩᠰᠢᠯ᠎ᠢ ᠥᠭᠡᠷᠡᠴᠢᠯᠡᠬᠦ ᠵᠢ ᠠᠬᠢᠭᠤᠯᠬᠤ ᠬᠡᠷᠡᠭᠲᠡᠢ᠃ ᠳᠠᠭᠢᠨ ᠶᠠᠳᠠᠭᠤᠷᠠᠬᠤ ᠵᠢ ᠰᠡᠷᠭᠡᠶ᠋ᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠬᠡᠪᠴᠢᠶᠡᠵᠢᠯ᠎ᠤᠨ ᠴᠢᠨᠠᠷᠲᠠᠢ ᠳᠠᠭᠢᠨ ᠶᠠᠳᠠᠭᠤᠷᠠᠯ ᠡᠭᠦᠰᠬᠦ ᠦᠭᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠵᠢᠢ ᠱ᠌ᠢ ᠱᠠᠨ᠎ᠤ ᠭᠠᠵᠠᠷ ᠬᠥᠳᠡᠯᠦᠯᠲᠡ ᠵᠢᠨ ᠭᠠᠮᠰᠢᠭ᠎ᠤᠨ ᠳᠠᠷᠠᠭ᠋ᠠᠬᠢ ᠰᠡᠷᠭᠦᠭᠡᠨ ᠲᠠᠭᠢᠨ ᠪᠠᠶ᠋ᠢᠭᠤᠯᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠬᠥᠬᠡᠨᠠᠭᠤᠷ ᠪᠣᠯ ᠮᠠᠨ᠎ᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠠᠷᠬᠠᠯᠲᠠ ᠲᠥᠪᠯᠡᠷᠡᠭᠰᠡᠨ ᠮᠤᠵᠢ ᠪᠣᠯᠣᠨ᠎ᠠ᠂ ᠦᠨᠳᠦᠰᠦᠲᠡᠨ᠎ᠤ ᠠᠵᠢᠯ ᠪᠣᠯᠣᠨ ᠱᠠᠰᠢᠨ ᠰᠤᠷᠲᠠᠬᠤᠨ᠎ᠤ ᠠᠵᠢᠯ᠎ᠢ ᠦᠷᠭᠦᠯᠵᠢᠯᠡᠨ ᠰᠠᠶ᠋ᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠦᠨᠳᠦᠰᠦᠨ ᠪᠣᠳᠣᠯᠭ᠎ᠠ ᠴᠢᠭᠯᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠢᠵᠢᠮ ᠪᠤᠯᠭ᠋ᠠᠬᠤ ᠵᠢ ᠪᠠᠷᠢᠮᠲᠠᠯᠠᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠥᠷᠭᠡᠨ ᠵᠶ᠋ᠠᠷ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠪᠦᠭᠦ ᠲᠠᠯ᠎ᠠ᠎ᠪᠠᠷ ᠰᠢᠭᠢᠳᠦᠨ ᠣᠷᠣᠬᠤ᠂ ᠥᠷᠭᠡᠨ ᠵᠶ᠋ᠠᠷ ᠶᠠᠪᠤᠯᠴᠠᠵᠤ ᠰᠣᠯᠢᠯᠴᠠᠵᠤ ᠠᠭᠤᠰᠤᠯᠴᠠᠬᠤ ᠵᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠨᠠᠮ᠎ᠤᠨ ᠱᠠᠰᠢᠨ ᠰᠤᠷᠲᠠᠬᠤᠨ᠎ᠤ ᠠᠵᠢᠯ᠎ᠤᠨ ᠤᠨᠤᠯ ᠪᠠ ᠴᠢᠭᠯᠡᠯᠲᠡ ᠲᠦᠷᠦ ᠵᠢᠨ ᠪᠣᠳᠣᠯᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠨ᠂ ᠱᠠᠰᠢᠨ ᠰᠤᠷᠲᠠᠬᠤᠨ᠎ᠤ ᠬᠡᠷᠡᠭ ᠶᠠᠪᠤᠳᠠᠯ᠎ᠤᠨ ᠬᠠᠮᠢᠶᠠᠷᠤᠯᠲᠠ ᠢᠯᠠᠩᠭᠤᠶ᠎ᠠ ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ᠎ᠤᠨ ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠢ ᠵᠢᠨ ᠫᠢᠩ᠂ ᠣᠳᠣᠬᠠᠨ᠎ᠳᠤ ᠶᠠᠭ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ ᠪᠠᠶ᠋ᠢᠨ᠎ᠠ᠂ ᠦᠨᠡᠨ ᠬᠦ᠌ ᠠᠳᠬᠤᠨ ᠪᠣᠳᠠᠲᠠᠢ ᠰᠤᠷᠤᠯᠴᠠᠵᠤ᠂ ᠰᠠᠶ᠋ᠢᠲᠤᠷ ᠡᠬᠢᠯᠡᠭᠦᠯᠦᠨ ᠰᠠᠶ᠋ᠢᠲᠤᠷ ᠲᠡᠭᠦᠰᠬᠡᠵᠦ᠂ ᠰᠠᠬᠢᠯᠭ᠎ᠠ ᠪᠠᠲᠤ ᠵᠢ ᠰᠤᠷᠤᠯᠴᠠᠨ ᠰᠠᠬᠢᠯᠭ᠎ᠠ ᠪᠠᠲᠤ ᠵᠢ ᠮᠡᠳᠡᠵᠦ ᠰᠠᠬᠢᠯᠭ᠎ᠠ ᠪᠠᠲᠤ ᠵᠢ ᠲᠣᠳᠣᠷᠬᠠᠢ ᠣᠶ᠋ᠢᠯᠠᠭ᠋ᠠᠬᠤ᠎ᠪᠠᠷ ᠰᠠᠬᠢᠯᠭ᠎ᠠ ᠪᠠᠲᠤ ᠵᠢ ᠵᠢᠷᠤᠮᠯᠠᠨ ᠰᠠᠬᠢᠯᠭ᠎ᠠ ᠪᠠᠲᠤ ᠵᠢ ᠬᠡᠷᠡᠭᠵᠢᠭᠦᠯᠬᠦ ᠵᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠭᠤᠣᠯ ᠪᠤᠯᠭ᠋ᠠᠬᠰᠠᠨ ᠴᠠᠭ ᠦᠶ᠎ᠡ ᠵᠢᠨ ᠵᠣᠷᠢᠭ ᠰᠠᠨᠠᠭ᠎ᠠ ᠪᠠ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠨᠠᠮ᠎ᠤᠨ ᠭᠡᠰᠢᠭᠦᠨ᠂ ᠺᠠᠳ᠋ᠷᠴᠤᠳ᠎ᠤᠨ ᠦᠵᠡᠯ ᠰᠠᠨᠠᠭ᠎ᠠ᠎ᠪᠠᠨ ᠴᠢᠯᠦᠭᠡᠯᠡᠨ᠂ ᠦᠵᠡᠯᠲᠡ ᠲᠠᠨᠢᠯᠲᠠ᠎ᠪᠠᠨ ᠬᠤᠪᠢᠷᠠᠭᠤᠯᠬᠤ᠂ ᠡᠷᠡᠰ ᠰᠢᠭᠤᠷᠬᠠᠢ᠎ᠪᠠᠷ ᠤᠷᠤᠭᠰᠢᠯᠠᠨ ᠲᠠᠪᠰᠢᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠴᠢᠨᠠᠭᠰᠢᠳᠠ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠵᠡᠷᠭᠡ᠎ᠪᠠᠷ ᠠᠳᠬᠤᠬᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠰᠤᠷᠲᠠᠯ᠎ᠤᠨ ᠪᠠᠶ᠋ᠢᠭᠤᠯᠤᠯᠲᠠ ᠵᠢ ᠪᠠᠶ᠋ᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠤᠯᠭ᠋ᠠᠬᠤ ᠵᠢ ᠠᠬᠢᠭᠤᠯᠵᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ᠃ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠶ᠋ᠢᠬᠤ ᠠᠵᠢᠯ᠎ᠤᠨ ᠲᠣᠭᠲᠠᠴᠠ ᠵᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ᠎ᠪᠠᠷ ᠲᠥᠪ ᠰᠤᠷᠲᠠᠯ ᠲᠡᠭᠦᠯᠳᠡᠷ ᠨᠡᠶ᠋ᠢᠭᠡᠮ᠎ᠤᠨ ᠠᠮᠢ ᠠᠬᠤᠢ ᠵᠢ ᠪᠦᠷᠢᠯᠳᠦᠭᠦᠯᠬᠦ ᠵᠢ ᠬᠥᠲᠥᠯᠥᠨ ᠳᠠᠭ᠋ᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

      ᠯᠢ ᠭᠠᠨ ᠵᠢᠶᠧ᠂ ᠾᠧ ᠯᠢ ᠹᠧᠩ ᠵᠢᠴᠢ ᠲᠥᠪ᠎ᠤᠨ ᠪᠠ ᠲᠥᠷᠥ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠪᠦᠭᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠭᠡ ᠬᠤᠷᠠᠯ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠬᠢᠭᠦᠯᠦᠨ ᠱᠠᠩᠨᠠᠬᠤ ᠶᠡᠭᠡ ᠬᠤᠷᠠᠯ ᠬᠤᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ ᠰᠢ ᠵᠢᠨ ᠫᠢᠩ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ ᠬᠦᠷᠲᠡᠭᠰᠡᠳ᠎ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠡᠷᠭᠡ ᠵᠢ ᠰᠣᠨᠣᠰᠪᠠ
ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠪᠠᠶ᠋ᠢᠭ᠎ᠠ ᠪᠢᠴᠢᠭ ᠮᠠᠲ᠋ᠧᠷᠢᠶᠠᠯ᠎ᠢ ᠶᠠᠷᠢᠯᠴᠠᠪᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ
        
 
            