ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠪᠦᠭᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠭᠡ ᠬᠤᠷᠠᠯ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠬᠢᠭᠦᠯᠦᠨ ᠱᠠᠩᠨᠠᠬᠤ ᠶᠡᠭᠡ ᠬᠤᠷᠠᠯ ᠬᠤᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ ᠰᠢ ᠵᠢᠨ ᠫᠢᠩ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ ᠬᠦᠷᠲᠡᠭᠰᠡᠳ᠎ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2024-06-26

      ᠰᠢ ᠵᠢᠨ ᠫᠢᠩ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ ᠬᠦᠷᠲᠡᠭᠰᠡᠳ᠎ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠭᠦᠷᠤᠨ ᠬᠦᠴᠦᠷᠬᠡᠭᠵᠢᠨ᠎ᠡ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠳᠣᠬᠢᠴᠢᠯᠠᠯᠲᠠ᠎ᠪᠠᠷ ᠲᠤᠯᠭ᠋ᠠᠭᠤᠷᠢᠯᠠᠯ ᠪᠤᠯᠭ᠋ᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠴᠦ ᠰᠢᠨ᠎ᠡ ᠬᠥᠳᠡᠯᠭᠡᠬᠦ ᠡᠨᠧᠷᠭᠢ ᠵᠢ ᠪᠣᠶ᠋ᠢᠵᠢᠭᠤᠯᠬᠤ᠎ᠳᠤ ᠲᠦᠰᠢᠭᠯᠡᠬᠦ ᠬᠡᠷᠡᠭᠲᠡᠢ᠃ ᠡᠷᠬᠡᠪᠰᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠯᠳᠤᠬᠤ ᠪᠣᠳᠣᠯᠭ᠎ᠠ ᠵᠢᠨ ᠤᠳᠤᠷᠢᠳᠤᠮᠵᠢ ᠵᠢᠨ ᠪᠠᠶ᠋ᠢᠷᠢ ᠰᠠᠭᠤᠷᠢ ᠪᠣᠯᠣᠨ ᠦᠨᠳᠦᠰᠦᠨ ᠲᠤᠯᠭ᠋ᠠᠭᠤᠷᠢᠯᠠᠬᠤ ᠦᠢ᠍ᠯᠡᠳᠦᠯ᠎ᠢ ᠭᠦᠢ᠍ᠴᠡᠳ ᠲᠠᠨᠢᠵᠤ᠂ 2035 ᠣᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠎ᠢ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ ᠵᠢ ᠪᠠᠲᠤ ᠡᠵᠡᠮᠳᠡᠵᠦ᠂ ᠦᠵᠦ ᠲᠥᠯᠥᠪᠯᠡᠭᠡ ᠪᠣᠯᠣᠨ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ᠎ᠪᠠᠨ ᠴᠢᠩᠭ᠋ᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠳᠬᠡᠨ ᠪᠡᠶᠡᠯᠡᠭᠦᠯᠬᠦ ᠬᠡᠷᠡᠭᠲᠡᠢ


    ᠯᠢ ᠴᠢᠶᠠᠩ ᠬᠤᠷᠠᠯ᠎ᠢ ᠡᠷᠭᠢᠯᠡᠵᠦ ᠳ᠋ᠢᠩ ᠰᠢᠤᠸᠠᠢ ᠰᠢᠶᠠᠩ ᠬᠥᠬᠢᠭᠦᠯᠦᠨ ᠱᠠᠩᠨᠠᠬᠤ ᠲᠣᠭᠲᠠᠭ᠋ᠠᠯ᠎ᠢ ᠤᠩᠰᠢᠨ ᠨᠡᠶ᠋ᠢᠲᠡᠯᠡᠪᠡ ᠵᠤᠤ ᠯᠧ ᠵᠢᠢ ᠸᠠᠩ ᠬᠤ᠌ ᠨᠢᠩ ᠼᠠᠢ ᠴᠢ ᠯᠢ ᠰᠢ ᠣᠷᠣᠯᠴᠠᠪᠠ


    ᠰᠢᠨᠬᠤᠸᠠ ᠬᠤᠷᠢᠶ᠎ᠠ ᠵᠢᠨ ᠪᠡᠭᠡᠵᠢᠩ᠎ᠤᠨ 6 ᠰᠠᠷ᠎ᠠ ᠵᠢᠨ 24᠎ᠤ ᠴᠠᠭᠢᠯᠭ᠋ᠠᠨ ᠮᠡᠳᠡᠭᠡ ᠪᠦᠭᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠭᠡ ᠬᠤᠷᠠᠯ᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠬᠢᠭᠦᠯᠦᠨ ᠱᠠᠩᠨᠠᠬᠤ ᠶᠡᠭᠡ ᠬᠤᠷᠠᠯ ᠪᠠ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠤᠷᠢᠨ ᠨᠢᠭᠡᠳᠦᠭᠡᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠷᠪᠠᠨ ᠳᠣᠯᠣᠳᠤᠭ᠋ᠠᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ 24᠎ᠤ ᠦᠳᠡ ᠵᠢᠨ ᠡᠮᠦᠨ᠎ᠡ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠭᠡ᠎ᠪᠠᠷ ᠬᠤᠷᠠᠯᠳᠤᠪᠠ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠶᠡᠭᠡ ᠬᠤᠷᠠᠯ᠎ᠳᠤ ᠣᠷᠣᠯᠴᠠᠵᠤ᠂ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ ᠬᠦᠷᠲᠡᠭᠰᠡᠳ᠎ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠭᠦᠷᠤᠨ ᠬᠦᠴᠦᠷᠬᠡᠭᠵᠢᠨ᠎ᠡ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠳᠣᠬᠢᠴᠢᠯᠠᠯᠲᠠ᠎ᠪᠠᠷ ᠲᠤᠯᠭ᠋ᠠᠭᠤᠷᠢᠯᠠᠯ ᠪᠤᠯᠭ᠋ᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠴᠦ ᠰᠢᠨ᠎ᠡ ᠬᠥᠳᠡᠯᠭᠡᠬᠦ ᠡᠨᠧᠷᠭᠢ ᠵᠢ ᠪᠣᠶ᠋ᠢᠵᠢᠭᠤᠯᠬᠤ᠎ᠳᠤ ᠲᠦᠰᠢᠭᠯᠡᠬᠦ ᠬᠡᠷᠡᠭᠲᠡᠢ᠃ ᠡᠷᠬᠡᠪᠰᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠯᠳᠤᠬᠤ ᠪᠣᠳᠣᠯᠭ᠎ᠠ ᠵᠢᠨ ᠤᠳᠤᠷᠢᠳᠤᠮᠵᠢ ᠵᠢᠨ ᠪᠠᠶ᠋ᠢᠷᠢ ᠰᠠᠭᠤᠷᠢ ᠪᠣᠯᠣᠨ ᠦᠨᠳᠦᠰᠦᠨ ᠲᠤᠯᠭ᠋ᠠᠭᠤᠷᠢᠯᠠᠬᠤ ᠦᠢ᠍ᠯᠡᠳᠦᠯ᠎ᠢ ᠭᠦᠢ᠍ᠴᠡᠳ ᠲᠠᠨᠢᠵᠤ᠂ 2035 ᠣᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠎ᠢ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ ᠵᠢ ᠪᠠᠲᠤ ᠡᠵᠡᠮᠳᠡᠵᠦ᠂ ᠦᠵᠦ ᠲᠥᠯᠥᠪᠯᠡᠭᠡ ᠪᠣᠯᠣᠨ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠵᠢ ᠴᠢᠩᠭ᠋ᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠳᠬᠡᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃


    6 ᠰᠠᠷ᠎ᠠ ᠵᠢᠨ 24᠎ᠤ ᠡᠳᠦᠷ᠂ ᠪᠦᠭᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠭᠡ ᠬᠤᠷᠠᠯ᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠬᠢᠭᠦᠯᠦᠨ ᠱᠠᠩᠨᠠᠬᠤ ᠶᠡᠭᠡ ᠬᠤᠷᠠᠯ ᠪᠠ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠤᠷᠢᠨ ᠨᠢᠭᠡᠳᠦᠭᠡᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠷᠪᠠᠨ ᠳᠣᠯᠣᠳᠤᠭ᠋ᠠᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠭᠡ᠎ᠪᠠᠷ ᠬᠤᠷᠠᠯᠳᠤᠪᠠ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠶᠡᠭᠡ ᠬᠤᠷᠠᠯ᠎ᠳᠤ ᠤᠷᠤᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠢ᠃


    6 ᠰᠠᠷ᠎ᠠ ᠵᠢᠨ 24᠎ᠤ ᠡᠳᠦᠷ᠂ ᠪᠦᠭᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠭᠡ ᠬᠤᠷᠠᠯ᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠬᠢᠭᠦᠯᠦᠨ ᠱᠠᠩᠨᠠᠬᠤ ᠶᠡᠭᠡ ᠬᠤᠷᠠᠯ ᠪᠠ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠤᠷᠢᠨ ᠨᠢᠭᠡᠳᠦᠭᠡᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠷᠪᠠᠨ ᠳᠣᠯᠣᠳᠤᠭ᠋ᠠᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠭᠡ᠎ᠪᠠᠷ ᠬᠤᠷᠠᠯᠳᠤᠪᠠ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 2023 ᠣᠨ᠎ᠤ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠱᠠᠩᠨᠠᠯ᠎ᠢ ᠭᠥᠷᠳᠡᠭᠰᠡᠨ ᠦᠬᠠᠨ ᠶᠡᠭᠡ ᠰᠤᠷᠭ᠋ᠠᠭᠤᠯᠢ ᠵᠢᠨ ᠯᠢ ᠳ᠋ᠧ ᠷᠧᠨ ᠠᠺᠠᠳᠧᠮᠢᠴᠢ (ᠪᠠᠷᠠᠭᠤᠨᠳᠡᠬᠢ) ᠪᠣᠯᠣᠨ ᠴᠢᠩᠬᠤᠸᠠ ᠶᠡᠭᠡ ᠰᠤᠷᠭ᠋ᠠᠭᠤᠯᠢ ᠵᠢᠨ ᠰᠢᠤᠸᠠᠢ ᠴᠢ ᠺᠦᠨ ᠠᠺᠠᠳᠧᠮᠢᠴᠢ (ᠵᠡᠭᠦᠨᠳᠡᠬᠢ)᠎ᠳᠤ ᠱᠠᠩᠨᠠᠯ ᠭᠠᠷᠳᠠᠭᠤᠯᠵᠤ ᠪᠠᠶ᠋ᠢᠭ᠎ᠠ᠎ᠨᠢ᠃


    ᠯᠢ ᠴᠢᠶᠠᠩ ᠶᠡᠭᠡ ᠬᠤᠷᠠᠯ᠎ᠢ ᠡᠷᠭᠢᠯᠡᠵᠦ᠂ ᠳ᠋ᠢᠩ ᠰᠢᠤᠸᠠᠢ ᠰᠢᠶᠠᠩ ᠬᠥᠬᠢᠭᠦᠯᠦᠨ ᠱᠠᠩᠨᠠᠬᠤ ᠲᠣᠭᠲᠠᠭ᠋ᠠᠯ᠎ᠢ ᠤᠩᠰᠢᠨ ᠨᠡᠶ᠋ᠢᠲᠡᠯᠡᠵᠦ᠂ ᠵᠤᠤ ᠯᠧ ᠵᠢᠢ᠂ ᠸᠠᠩ ᠬᠤ᠌ ᠨᠢᠩ᠂ ᠼᠠᠢ ᠴᠢ᠂ ᠯᠢ ᠰᠢ ᠣᠷᠣᠯᠴᠠᠪᠠ᠃
    ᠦᠳᠡ ᠵᠢᠨ ᠡᠮᠦᠨᠡᠬᠢ 10 ᠴᠠᠭ᠎ᠲᠤ ᠶᠡᠭᠡ ᠬᠤᠷᠠᠯ ᠡᠬᠢᠯᠡᠪᠡ᠃ ᠴᠢᠯᠦᠭᠡᠯᠡᠬᠦ ᠴᠡᠷᠢᠭ᠎ᠤᠨ ᠴᠡᠷᠢᠭ᠎ᠤᠨ ᠬᠥᠭᠵᠢᠮ᠎ᠤᠨ ᠪᠦᠯᠭᠦᠮ 《ᠵᠢᠷᠤᠮ᠎ᠤᠨ ᠴᠡᠷᠢᠭ᠎ᠤᠨ ᠤᠷᠤᠭᠰᠢᠯᠠᠯᠲᠠ ᠵᠢᠨ ᠳᠠᠭᠤᠤ》 ᠵᠢᠨ ᠠᠶ᠎ᠠ ᠵᠢ ᠬᠥᠭᠵᠢᠮᠳᠡᠵᠦ᠂ ᠲᠠᠯᠠᠪᠠᠢ ᠳᠠᠶᠠᠭ᠋ᠠᠷ ᠪᠣᠰᠴᠤ ᠵᠣᠭᠰᠣᠨ ᠤᠯᠤᠰ᠎ᠤᠨ ᠰᠦᠯᠳᠡ ᠳᠠᠭᠤᠤ ᠵᠢ ᠬᠠᠩᠭᠢᠨᠠᠲᠠᠯ᠎ᠠ ᠳᠠᠭᠤᠯᠠᠪᠠ᠃
    ᠳ᠋ᠢᠩ ᠰᠢᠤᠸᠠᠢ ᠰᠢᠶᠠᠩ 《2023 ᠣᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠬᠢᠭᠦᠯᠦᠨ ᠱᠠᠩᠨᠠᠬᠤ ᠲᠤᠬᠠᠢ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠲᠣᠭᠲᠠᠭ᠋ᠠᠯ》᠎ᠢ ᠤᠩᠰᠢᠨ ᠨᠡᠶ᠋ᠢᠲᠡᠯᠡᠪᠡ᠃
    ᠶᠣᠰᠣᠯᠠᠯ᠎ᠤᠨ ᠪᠦᠷᠢᠶ᠎ᠡ ᠬᠠᠩᠭᠢᠨᠠᠪᠠ᠂ ᠰᠢ ᠵᠢᠨ ᠫᠢᠩ ᠡᠩ ᠲᠡᠷᠢᠭᠦᠨ᠎ᠳᠤ 2023 ᠣᠨ᠎ᠤ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ᠎ᠢ ᠭᠥᠷᠳᠡᠭᠰᠡᠨ ᠦᠬᠠᠨ ᠶᠡᠭᠡ ᠰᠤᠷᠭ᠋ᠠᠭᠤᠯᠢ ᠵᠢᠨ ᠯᠢ ᠳ᠋ᠧ ᠷᠧᠨ ᠠᠺᠠᠳᠧᠮᠢᠴᠢ ᠪᠣᠯᠣᠨ ᠴᠢᠩᠬᠤᠸᠠ ᠶᠡᠭᠡ ᠰᠤᠷᠭ᠋ᠠᠭᠤᠯᠢ ᠵᠢᠨ ᠰᠢᠤᠸᠠᠢ   ᠴᠢ   ᠺᠦᠨ   ᠠᠺᠠᠳᠧᠮᠢᠴᠢ ᠎ᠳᠤ   ᠱᠠᠩᠨᠠᠯ ᠎ᠤᠨ ᠮᠧᠳᠠᠯ᠂ ᠦᠨᠡᠮᠯᠡᠯ ᠭᠠᠷᠳᠠᠭᠤᠯᠵᠤ᠂ ᠲᠡᠳᠡᠨ᠎ᠲᠠᠢ ᠬᠠᠯᠠᠭᠤᠨ ᠵᠶ᠋ᠠᠷ ᠭᠠᠷ ᠠᠳᠬᠤᠵᠤ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠪᠡ᠃ ᠲᠠᠷᠠᠭ᠎ᠠ᠎ᠨᠢ ᠰᠢ ᠵᠢᠨ ᠫᠢᠩ ᠵᠡᠷᠭᠡ ᠨᠠᠮ ᠪᠣᠯᠣᠨ ᠲᠦᠷᠦ ᠵᠢᠨ ᠤᠳᠤᠷᠢᠳᠬᠤ ᠬᠥᠮᠥᠰ ᠬᠠᠮᠤᠭ᠎ᠤᠨ ᠳᠡᠭᠡᠳᠦ ᠱᠠᠩᠨᠠᠯ ᠭᠥᠷᠳᠡᠭᠰᠡᠨ ᠬᠤᠶᠠᠷ ᠬᠥᠮᠥᠨ᠎ᠲᠠᠢ ᠬᠠᠮᠲᠤ᠎ᠪᠠᠷ ᠤᠯᠤᠰ᠎ᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠂ ᠤᠯᠤᠰ᠎ᠤᠨ ᠮᠡᠷᠭᠡᠵᠢᠯ᠎ᠤᠨ ᠡᠭᠦᠳᠦᠯᠲᠡ ᠵᠢᠨ ᠱᠠᠩᠨᠠᠯ᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠪᠰᠢᠯᠳᠠ ᠵᠢᠨ ᠱᠠᠩᠨᠠᠯ ᠪᠣᠯᠣᠨ ᠪᠦᠭᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠱᠠᠩᠨᠠᠯ ᠭᠥᠷᠳᠡᠭᠰᠡᠨ ᠲᠥᠯᠥᠭᠡᠯᠡᠭᠴᠢ᠎ᠳᠤ ᠦᠨᠡᠮᠯᠡᠯ ᠭᠠᠷᠳᠠᠭᠤᠯᠪᠠ᠃
    ᠬᠠᠯᠠᠭᠤᠨ ᠠᠯᠠᠭ᠎ᠠ ᠲᠡᠰᠢᠯᠲᠡ ᠵᠢᠨ ᠳᠤᠮᠳᠠ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ ᠨᠠᠮ᠎ᠤᠨ ᠲᠥᠪ ᠬᠤᠷᠢᠶ᠎ᠠ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠭᠦᠨᠵᠡᠭᠡᠢ ᠠᠬᠢᠭᠤᠯᠵᠤ᠂ ᠰᠢᠨ᠎ᠡ ᠵᠢ ᠡᠭᠦᠳᠬᠦ ᠭᠡᠯᠪᠡᠷᠢ ᠵᠢᠨ ᠤᠯᠤᠰ᠎ᠢ ᠲᠦᠷᠭᠡᠳᠬᠡᠨ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ ᠵᠢᠨ ᠡᠭᠦᠷᠭᠡ ᠵᠢ ᠳᠤᠷᠠᠳᠴᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠬᠦᠴᠦᠲᠡᠢ ᠠᠬᠢᠭᠤᠯᠵᠤ᠂ ᠮᠠᠨ᠎ᠤ ᠤᠯᠤᠰ᠎ᠤᠨ ᠰᠠᠭᠤᠷᠢ ᠬᠤᠰᠢᠭᠤᠷᠠᠯ ᠰᠤᠳᠤᠯᠭ᠋ᠠᠨ ᠰᠢᠨ᠎ᠡ ᠰᠢᠪᠲᠤᠯᠤᠯᠲᠠ᠎ᠲᠠᠢ ᠪᠣᠯᠵᠤ᠂ ᠪᠠᠶ᠋ᠢᠯᠳᠤᠬᠤ ᠪᠣᠳᠣᠯᠭ᠎ᠠ ᠵᠢᠨ ᠳᠡᠭᠡᠳᠦ ᠮᠡᠷᠭᠡᠵᠢᠯ᠎ᠤᠨ ᠬᠦᠷᠢᠶ᠎ᠡ ᠴᠠᠷᠠᠭ᠎ᠠ᠎ᠳᠤ ᠰᠢᠨ᠎ᠡ ᠳᠠᠪᠠᠯᠲᠠ ᠵᠢ ᠪᠡᠶᠡᠯᠡᠭᠦᠯᠵᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠵᠤ ᠴᠢᠨᠠᠷ ᠰᠠᠶ᠋ᠢᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠬᠤ ᠲᠠᠯ᠎ᠠ᠎ᠪᠠᠷ ᠰᠢᠨ᠎ᠡ ᠦᠷ᠎ᠡ ᠪᠦᠲᠦᠮᠵᠢ ᠣᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠰᠢᠨ᠎ᠡ ᠪᠠᠶ᠋ᠢᠳᠠᠯ᠎ᠢ ᠨᠡᠭᠡᠭᠡᠵᠦ᠂ ᠣᠯᠠᠨ ᠤᠯᠤᠰ᠎ᠤᠨ ᠨᠡᠭᠡᠭᠡᠯᠲᠡᠲᠤ ᠬᠠᠮᠲᠤᠷᠠᠯᠴᠠᠭ᠎ᠠ ᠰᠢᠨ᠎ᠡ ᠠᠬᠢᠴᠠ᠎ᠲᠠᠢ ᠪᠣᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠰᠢᠨ᠎ᠡ ᠴᠠᠭ ᠦᠶ᠎ᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠰ᠎ᠤᠨ ᠬᠥᠭᠵᠢᠯᠲᠡ ᠵᠢᠨ ᠦᠢ᠍ᠯᠡᠳᠦᠯᠭᠡ ᠳᠤᠮᠳᠠ ᠪᠢᠳᠡ ᠵᠢᠮ᠎ᠡ ᠶᠣᠰᠣᠴᠢ ᠴᠢᠨᠠᠷᠲᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠮᠠᠰᠢ ᠣᠯᠠᠨ ᠴᠢᠬᠤᠯᠠ ᠲᠤᠷᠰᠢᠯᠭ᠎ᠠ ᠵᠢ ᠬᠤᠷᠠᠮᠳᠤᠭᠤᠯᠪᠠ᠂ ᠭᠤᠣᠯᠳᠠᠭᠤ᠄ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ 《ᠳᠥᠷᠪᠡ᠎ᠳᠤ ᠬᠠᠨᠳᠤᠬᠤ》 ᠪᠠᠶ᠋ᠢᠯᠳᠤᠬᠤ ᠪᠣᠳᠣᠯᠭ᠎ᠠ ᠵᠢᠨ ᠤᠳᠤᠷᠢᠳᠤᠮᠵᠢ ᠵᠢ ᠪᠠᠷᠢᠮᠲᠠᠯᠠᠵᠤ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠵᠢ ᠪᠠᠷᠢᠮᠲᠠᠯᠠᠵᠤ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠰᠠᠶ᠋ᠢᠨ ᠰᠠᠶ᠋ᠢᠬᠠᠨ ᠣᠷᠴᠢᠯ᠎ᠢ ᠠᠬᠢᠭᠤᠯᠬᠤ ᠵᠢ ᠪᠠᠷᠢᠮᠲᠠᠯᠠᠵᠤ᠂ ᠰᠢᠨ᠎ᠡ ᠵᠢ ᠡᠭᠦᠳᠬᠦ ᠰᠣᠶᠣᠯ᠎ᠢ ᠪᠣᠶ᠋ᠢᠵᠢᠭᠤᠯᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ   ᠮᠡᠷᠭᠡᠵᠢᠯ᠎ᠤᠨ   ᠨᠡᠭᠡᠭᠡᠯᠲᠡᠲᠤ   ᠬᠠᠮᠲᠤᠷᠠᠯᠴᠠᠭ᠎ᠠ ᠎ᠪᠠᠷ   ᠬᠥᠮᠥᠨ   ᠲᠥᠷᠥᠯᠬᠢᠲᠡᠨ᠎ᠳᠤ   ᠪᠤᠶᠠᠨ   ᠦᠢ᠍ᠯᠡᠳᠬᠦ ᠵᠢ ᠪᠠᠷᠢᠮᠲᠠᠯᠠᠨ᠎ᠠ᠃ ᠡᠳᠡᠭᠡᠷ ᠲᠤᠷᠰᠢᠯᠭ᠎ᠠ ᠵᠢ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠵᠢᠨ ᠬᠠᠮᠲᠤ ᠦᠢ᠍ᠯᠡᠳᠦᠯᠭᠡ ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃
    ᠰᠢ ᠵᠢᠨ ᠫᠢᠩ᠂ ᠳᠡᠯᠡᠬᠡᠢ ᠶᠢᠷᠲᠢᠨᠴᠦ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠰᠢᠷᠦᠭᠦᠰᠴᠦ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠣᠨ ᠠᠵᠤ ᠦᠢ᠍ᠯᠡᠰ᠎ᠤᠨ ᠬᠤᠪᠢᠰᠤᠯᠲᠠ ᠭᠦᠨᠵᠡᠭᠡᠶ᠋ᠢᠷᠡᠨ ᠬᠥᠭᠵᠢᠵᠦ᠂ ᠪᠦᠭᠦ ᠪᠥᠮᠪᠥᠷᠴᠡᠭ᠎ᠤᠨ ᠡᠮᠬᠢ ᠳᠢᠭᠯᠢᠮ ᠪᠣᠯᠣᠨ ᠬᠥᠭᠵᠢᠯᠲᠡ ᠵᠢᠨ ᠪᠠᠶ᠋ᠢᠷᠢᠰᠢᠯ᠎ᠢ ᠭᠦᠨᠵᠡᠭᠡᠢ ᠲᠠᠭᠢᠨ ᠪᠦᠷᠢᠯᠳᠦᠭᠦᠯᠪᠡ᠃ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠢ᠍ᠯᠡᠰ᠎ᠤᠨ ᠬᠥᠭᠵᠢᠯᠲᠡ᠎ᠳᠤ ᠪᠠᠰᠠ ᠵᠠᠷᠢᠮ ᠳᠤᠲᠠᠭᠤᠳᠠᠯ᠂ ᠪᠠᠭᠤᠷᠠᠢ ᠲᠠᠯ᠎ᠠ ᠣᠷᠣᠰᠢᠵᠤ ᠪᠠᠶ᠋ᠢᠨ᠎ᠠ᠂ ᠡᠷᠬᠡᠪᠰᠢ ᠲᠤᠯᠭ᠋ᠠᠮ ᠰᠡᠳᠬᠢᠯᠭᠡ᠎ᠪᠠᠨ ᠴᠢᠨᠠᠭᠰᠢᠳᠠ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠡᠷᠴᠢᠮ ᠵᠶ᠋ᠠᠨ ᠴᠢᠨᠠᠭᠰᠢᠳᠠ ᠴᠢᠩᠭ᠋ᠠᠷᠠᠭᠤᠯᠵᠤ᠂ ᠰᠢᠨᠵᠢᠯᠡᠬᠦ ᠤᠬᠠᠭ᠋ᠠᠨ   ᠲᠸᠭᠨᠢᠭ ᠮᠡᠷᠭᠡᠵᠢᠯ᠎ᠤᠨ ᠥᠷᠢᠰᠦᠯᠳᠦᠭᠡᠨ ᠪᠠ ᠢᠷᠡᠭᠡᠳᠦᠢ ᠵᠢᠨ ᠬᠥᠭᠵᠢᠯᠲᠡ ᠵᠢᠨ ᠠᠰᠢᠭᠲᠠᠢ ᠪᠠᠶ᠋ᠢᠷᠢ ᠵᠢ ᠵᠠᠪᠳᠤᠨ ᠡᠵᠡᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠰᠢᠨ᠎ᠡ ᠭᠡᠯᠪᠡᠷᠢ ᠵᠢᠨ ᠤᠯᠤᠰ ᠳᠠᠶᠠᠭ᠋ᠠᠷᠴᠢᠯᠠᠬᠰᠠᠨ ᠪᠠᠶ᠋ᠢᠭᠤᠯᠤᠮᠵᠢ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠨᠠᠮ᠎ᠤᠨ ᠲᠥᠪ ᠬᠤᠷᠢᠶ᠎ᠠ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠢ ᠲᠥᠪᠯᠡᠷᠡᠩᠭᠦᠢ ᠨᠢᠭᠡᠳᠦᠯᠲᠡᠢ ᠤᠳᠤᠷᠢᠳᠬᠤ ᠪᠠᠶ᠋ᠢᠭᠤᠯᠤᠮᠵᠢ ᠵᠢ ᠲᠡᠭᠦᠯᠳᠡᠷᠵᠢᠭᠦᠯᠵᠦ᠂ ᠵᠣᠬᠢᠴᠠᠩᠭᠤᠢ ᠥᠨᠳᠥᠷ ᠪᠦᠲᠦᠮᠵᠢᠲᠡᠢ ᠰᠢᠢ᠍ᠳᠪᠦᠷᠢᠲᠦ ᠪᠣᠳᠣᠯᠭ᠎ᠠ ᠵᠢᠨ ᠵᠢᠯᠤᠭᠤᠳᠬᠤ ᠰᠢᠰᠲ᠋ᠧᠮ ᠪᠣᠯᠣᠨ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠰᠢᠰᠲ᠋ᠧᠮ᠎ᠢ ᠪᠠᠶ᠋ᠢᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠡᠬᠢ ᠪᠠᠶᠠᠯᠢᠭ᠎ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠬᠦ ᠴᠢᠨᠠᠷᠲᠠᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠤᠨ᠂ ᠠᠵᠤ ᠦᠢ᠍ᠯᠡᠰ ᠵᠢᠭ᠋ᠠᠨ ᠰᠤᠷᠭ᠋ᠠᠯᠲᠠ ᠰᠤᠳᠤᠯᠭ᠋ᠠᠨ ᠵᠡᠷᠭᠡ ᠡᠯ᠎ᠡ ᠭᠤᠭᠴᠤᠭ᠎ᠠ ᠵᠢᠨ ᠢᠳᠡᠪᠬᠢᠵᠢᠯ᠎ᠢ ᠳᠠᠶ᠋ᠢᠴᠢᠯᠠᠵᠤ᠂ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠤᠯᠲᠠ ᠵᠢ ᠬᠠᠮᠲᠤ᠎ᠪᠠᠷ ᠠᠬᠢᠭᠤᠯᠬᠤ ᠠᠵᠢᠯ᠎ᠤᠨ ᠪᠠᠶ᠋ᠢᠷᠢᠰᠢᠯ᠎ᠢ ᠪᠦᠷᠢᠯᠳᠦᠭᠦᠯᠬᠦ ᠬᠡᠷᠡᠭᠲᠡᠢ᠃ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ   ᠲᠸᠭᠨᠢᠭ ᠮᠡᠷᠭᠡᠵᠢᠯ᠎ᠤᠨ ᠬᠦᠴᠦᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠠᠭᠤᠷᠢ ᠰᠤᠳᠤᠯᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠬᠡᠮᠵᠢᠶ᠎ᠡ ᠵᠢ ᠳᠡᠭᠡᠭᠰᠢᠯᠡᠭᠦᠯᠦᠨ᠂ ᠴᠢᠯᠦᠭᠡᠲᠡᠢ᠎ᠪᠠᠷ ᠰᠦᠪᠡᠭᠴᠢᠯᠡᠬᠦ ᠵᠢ ᠵᠣᠷᠢᠭᠵᠢᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠨᠳᠦᠰᠦ ᠪᠠ ᠰᠠᠭᠤᠷᠢ ᠵᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃
    ᠰᠢ ᠵᠢᠨ ᠫᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠣᠯᠣᠨ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠬᠦᠴᠦᠨ ᠨᠡᠮᠡᠷᠢᠯᠡᠬᠦ ᠬᠡᠷᠡᠭᠲᠡᠢ᠃ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠤᠨ ᠪᠠᠶ᠋ᠢᠭᠤᠯᠤᠯᠲᠠ ᠵᠢᠨ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ ᠪᠣᠯᠣᠨ ᠪᠠᠭᠤᠷᠠᠢ ᠭᠤᠭᠴᠤᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠨᠠᠷ ᠰᠠᠶ᠋ᠢᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠩᠭ᠋ᠠᠯᠭ᠎ᠠ ᠵᠢ ᠨᠡᠮᠡᠭᠳᠡᠭᠦᠯᠵᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠣᠯᠣᠨ ᠢᠷᠡᠭᠡᠳᠦᠢ ᠵᠢᠨ ᠠᠵᠤ ᠦᠢ᠍ᠯᠡᠰ᠎ᠢ ᠪᠣᠶ᠋ᠢᠵᠢᠭᠤᠯᠤᠨ ᠬᠥᠭᠵᠢᠭᠦᠯᠵᠦ᠂ ᠰᠢᠨ᠎ᠡ ᠮᠡᠷᠭᠡᠵᠢᠯ᠎ᠢ ᠢᠳᠡᠪᠬᠢᠲᠡᠢ ᠠᠰᠢᠭᠯᠠᠨ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠷᠠᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠤᠨ ᠬᠡᠷᠡᠭᠯᠡᠬᠦ ᠵᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠦᠨ ᠭᠦᠢ᠍ᠯᠭᠡᠭᠡ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠡᠯ᠎ᠡ ᠲᠦᠷᠦᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠵᠢ ᠡᠭᠦᠳᠬᠦ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠵᠢ ᠴᠢᠩᠭ᠋ᠠᠳᠬᠠᠬᠤ ᠬᠡᠷᠡᠭᠲᠡᠢ᠃ ᠣᠷᠣᠨ ᠪᠦᠰᠡ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠᠶ᠋ᠢᠷᠢᠰᠢᠯ᠎ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠥᠯᠥᠪᠯᠡᠭᠡ ᠬᠠᠮᠢᠶᠠᠷᠤᠯᠲᠠ ᠵᠢ ᠰᠠᠶ᠋ᠢᠵᠢᠷᠠᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠣᠷᠣᠭᠤᠯᠤᠯᠲᠠ ᠵᠢᠨ ᠬᠦᠴᠦᠨ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠵᠢᠨ ᠵᠢᠮ᠎ᠡ ᠶᠣᠰᠣᠨ᠎ᠳᠤ ᠨᠡᠶ᠋ᠢᠴᠡᠬᠦ ᠲᠥᠷᠥᠯ ᠬᠤᠪᠢᠶᠠᠨ ᠦᠨᠡᠯᠡᠬᠦ ᠰᠢᠰᠲ᠋ᠧᠮ ᠪᠠ ᠰᠢᠯᠭ᠋ᠠᠨ ᠬᠢᠨᠠᠬᠤ ᠲᠣᠭᠲᠠᠴᠠ ᠵᠢ ᠲᠦᠷᠭᠡᠳᠬᠡᠨ ᠪᠦᠷᠢᠨᠰᠢᠭᠦᠯᠵᠦ᠂ ᠤᠷᠮᠠᠰᠢᠭᠤᠯᠬᠤ ᠳᠦᠷᠢᠮ᠎ᠢ ᠲᠡᠭᠦᠯᠳᠡᠷᠵᠢᠭᠦᠯᠦᠨ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠪᠠᠶ᠋ᠢᠭᠤᠯᠤᠮᠵᠢ ᠲᠣᠭᠲᠠᠴᠠ ᠵᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠬᠠᠮᠵᠢᠯᠴᠠᠨ ᠬᠥᠮᠥᠨ᠎ᠢ ᠬᠥᠮᠥᠵᠢᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠬᠡᠪᠴᠢᠶ᠎ᠡ᠎ᠪᠠᠷ ᠠᠤᠭ᠎ᠠ ᠶᠡᠭᠡ᠂ ᠪᠦᠲᠦᠴᠡ ᠵᠣᠬᠢᠰᠲᠠᠢ᠂ ᠬᠡᠪ ᠪᠣᠯᠪᠠᠰᠤᠷᠠᠯ ᠰᠢᠯᠢᠳᠡᠭ ᠰᠢᠨ᠎ᠡ ᠵᠢ ᠡᠭᠦᠳᠬᠦ ᠭᠡᠯᠪᠡᠷᠢ ᠵᠢᠨ ᠴᠢᠳᠠᠪᠤᠷᠢᠲᠠᠨ᠎ᠤ ᠡᠩᠨᠡᠭᠡ ᠵᠢ ᠲᠦᠷᠭᠡᠨ ᠬᠥᠮᠥᠵᠢᠭᠦᠯᠬᠦ ᠬᠡᠷᠡᠭᠲᠡᠢ᠃ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠬᠢᠴᠢᠶᠡᠯ ᠰᠢᠨᠵᠢᠯᠡᠭᠡᠨ᠎ᠤ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠵᠦ᠂ ᠴᠢᠳᠠᠪᠤᠷᠢᠲᠠᠨ ᠬᠥᠮᠥᠵᠢᠭᠦᠯᠬᠦ ᠵᠠᠭᠪᠤᠷ᠎ᠤᠨ ᠰᠢᠨ᠎ᠡ ᠵᠢ ᠡᠭᠦᠳᠴᠦ᠂ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠥᠵᠢᠭᠦᠯᠬᠦ ᠬᠢᠷᠢ ᠲᠦᠪᠰᠢᠨ ᠪᠠ ᠶᠠᠰᠤ ᠴᠢᠨᠠᠷ᠎ᠢ ᠳᠡᠭᠡᠭᠰᠢᠯᠡᠭᠦᠯᠭᠦ ᠬᠡᠷᠡᠭᠲᠡᠢ᠃ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠴᠢᠳᠠᠪᠤᠷᠢᠲᠠᠨ᠎ᠤ ᠬᠦᠴᠦᠨ᠎ᠢ ᠲᠦᠷᠭᠡᠳᠬᠡᠨ ᠪᠠᠶ᠋ᠢᠭᠤᠯᠵᠤ᠂ ᠭᠠᠷᠮᠠᠭ᠋ᠠᠢ ᠢᠨᠵᠧᠨᠧᠷ᠂ ᠲᠣᠮᠣ ᠤᠯᠤᠰ᠎ᠤᠨ ᠤᠷᠠᠨ ᠳᠠᠷᠬᠠᠨ᠂ ᠳᠡᠭᠡᠳᠦ ᠵᠡᠷᠭᠡ ᠵᠢᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠦᠴᠦᠯᠡᠨ ᠬᠥᠮᠥᠵᠢᠭᠦᠯᠬᠦ ᠬᠡᠷᠡᠭᠲᠡᠢ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠵᠠᠯᠠᠭᠤ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠥᠷᠭᠡᠨ ᠤᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠠᠯᠤᠰ ᠭᠡᠳᠤ ᠵᠢᠨ ᠵᠣᠷᠢᠯᠲᠠ᠎ᠲᠠᠢ᠂ ᠤᠯᠤᠰ ᠵᠶ᠋ᠠᠨ ᠬᠠᠶ᠋ᠢᠷᠠᠯᠠᠵᠤ ᠬᠤᠪᠢ ᠨᠡᠮᠡᠷᠢ ᠦᠵᠡᠭᠦᠯᠭᠦ᠂ ᠰᠢᠨ᠎ᠡ ᠵᠢ ᠡᠭᠦᠳᠬᠦ᠎ᠪᠠᠷ ᠵᠣᠷᠢᠭ ᠰᠢᠭᠤᠳᠬᠤ ᠵᠢ ᠵᠣᠷᠢᠭᠵᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠣᠶ᠋ᠢᠯᠠᠭ᠋ᠠᠭᠳᠠᠬᠤᠨ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠨᠡᠭᠡᠭᠡᠯᠲᠡ ᠬᠢᠵᠦ ᠬᠠᠮᠲᠤᠷᠠᠯᠴᠠᠬᠤ ᠳᠤᠮᠳᠠ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠡᠶᠡᠯᠡᠭᠦᠯᠬᠦ ᠬᠡᠷᠡᠭᠲᠡᠢ᠃ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠰᠠᠨᠠᠭ᠋ᠠᠴᠢᠯᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠵᠠᠰᠠᠭ᠎ᠤᠨ ᠣᠷᠳᠣᠨ ᠪᠣᠯᠣᠨ ᠠᠷᠠᠳ᠎ᠤᠨ ᠬᠤᠭᠤᠷᠣᠨᠳᠣᠭᠢ ᠰᠣᠯᠢᠯᠴᠠᠭ᠎ᠠ ᠬᠠᠮᠲᠤᠷᠠᠯᠴᠠᠭ᠎ᠠ ᠵᠢᠨ ᠠᠷᠭ᠎ᠠ ᠵᠠᠮ᠎ᠢ ᠴᠢᠨᠠᠭᠰᠢᠳᠠ ᠥᠷᠭᠡᠳᠬᠡᠵᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠡᠷᠭᠡ ᠲᠠᠪᠴᠠᠩ᠎ᠤᠨ ᠦᠢ᠍ᠯᠡᠳᠦᠯ᠎ᠢ ᠪᠠᠳᠠᠷᠠᠭᠤᠯᠵᠤ᠂ ᠡᠯ᠎ᠡ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠬᠠᠮᠲᠤᠷᠠᠨ ᠪᠣᠭᠤᠮᠲᠠ ᠰᠢᠪᠲᠤᠯᠬᠤ ᠵᠢ ᠳᠡᠮᠵᠢᠬᠦ ᠬᠡᠷᠡᠭᠲᠡᠢ᠃ ᠪᠦᠭᠦ ᠪᠥᠮᠪᠥᠷᠴᠡᠭ᠎ᠤᠨ ᠰᠢᠨ᠎ᠡ ᠵᠢ ᠡᠭᠦᠳᠬᠦ ᠲᠣᠣᠷ ᠰᠦᠯᠵᠢᠶ᠎ᠡ᠎ᠳᠤ ᠢᠳᠡᠪᠬᠢᠲᠡᠢ ᠠᠭᠤᠰᠤᠯᠴᠠᠵᠤ᠂ ᠪᠦᠭᠦ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠰᠠᠯᠲᠠ᠎ᠳᠤ ᠭᠦᠨᠵᠡᠭᠡᠢ ᠣᠷᠣᠯᠴᠠᠵᠤ᠂ ᠪᠦᠭᠦ ᠪᠥᠮᠪᠥᠷᠴᠡᠭ᠎ᠤᠨ ᠴᠢᠨᠠᠷᠲᠠᠢ ᠥᠷᠢᠰᠦᠯᠳᠦᠭᠡᠨ᠎ᠢ ᠬᠠᠮᠲᠤ᠎ᠪᠠᠷ ᠠᠷᠭ᠋ᠠᠴᠠᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠥᠮᠥᠨ ᠲᠥᠷᠥᠯᠬᠢᠲᠡᠨ᠎ᠳᠤ ᠨᠡᠩ ᠰᠠᠶ᠋ᠢᠲᠤᠷ ᠪᠤᠶᠠᠨ ᠦᠢ᠍ᠯᠡᠳᠬᠦ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠬᠤᠶᠠᠷ ᠬᠦᠷᠢᠶᠡᠯᠡᠩ᠎ᠤᠨ ᠠᠺᠠᠳᠧᠮᠢᠴᠢᠴᠤᠳ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠤᠰᠢᠭᠤᠷᠠᠯ᠎ᠤᠨ ᠵᠠᠮ ᠨᠡᠭᠡᠭᠡᠭᠴᠢ᠂ ᠴᠢᠬᠤᠯᠠ ᠶᠡᠭᠡ ᠡᠭᠦᠷᠭᠡ ᠵᠢ ᠡᠭᠦᠷᠭᠡᠯᠡᠭᠴᠢ᠂ ᠵᠠᠯᠠᠭᠤ ᠴᠢᠳᠠᠪᠤᠷᠢᠲᠠᠨ᠎ᠤ ᠦᠰᠦᠨ ᠪᠤᠶ᠋ᠢᠵᠢᠯᠲᠠ ᠵᠢᠨ ᠳᠠᠭ᠋ᠠᠭᠤᠯᠤᠭᠴᠢ᠂ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠋ᠠᠨ᠎ᠤ ᠵᠢᠱ᠌ᠢᠶ᠎ᠡ ᠦᠵᠡᠭᠦᠯᠦᠭᠴᠢ ᠪᠣᠯᠵᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠢ᠍ᠯᠡᠰ᠎ᠤᠨ ᠬᠥᠭᠵᠢᠯᠲᠡ᠎ᠳᠤ ᠲᠠᠭᠢᠨ ᠰᠢᠨ᠎ᠡ ᠭᠠᠪᠢᠶ᠎ᠠ ᠪᠠᠶ᠋ᠢᠭᠤᠯᠬᠤ ᠵᠢ ᠬᠦᠰᠡᠵᠦ ᠪᠠᠶ᠋ᠢᠨ᠎ᠠ᠃ ᠥᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ ᠤᠬᠠᠮᠰᠠᠷ᠎ᠠᠴᠠ᠎ᠪᠠᠨ ᠡᠷᠳᠡᠮ ᠰᠢᠨᠵᠢᠯᠡᠭᠡᠨ᠎ᠤ ᠬᠥᠭᠡᠭᠡᠴᠡᠯᠳᠦᠯ ᠵᠶ᠋ᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠠᠭᠤᠤ ᠶᠡᠭᠡ ᠦᠢ᠍ᠯᠡᠰ᠎ᠲᠤ ᠠᠭᠤᠰᠤᠯᠴᠠᠭᠤᠯᠵᠤ᠂ ᠴᠠᠭ ᠦᠶ᠎ᠡ᠎ᠳᠤ ᠣᠰᠣᠯᠳᠠᠬᠤ ᠦᠭᠡᠢ᠂ ᠠᠷᠠᠳ ᠲᠦᠮᠡᠨ᠎ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠳᠦᠮᠵᠢ ᠵᠢ ᠡᠭᠦᠳᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠢᠯ᠎ᠢ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠦᠨᠡᠨ ᠬᠦ᠌ ᠴᠢᠩᠭ᠋ᠠᠳᠬᠠᠵᠤ᠂ ᠦᠢ᠍ᠯᠡᠴᠢᠯᠡᠭᠡ ᠪᠠᠲᠤᠯᠠᠭ᠎ᠠ ᠵᠢ ᠪᠦᠭᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠢ ᠭᠡᠵᠦ ᠢᠯᠡᠳᠬᠡᠪᠡ᠃
    ᠯᠢ ᠴᠢᠶᠠᠩ ᠶᠡᠭᠡ ᠬᠤᠷᠠᠯ᠎ᠢ ᠡᠷᠭᠢᠯᠡᠭᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠣᠶ᠋ᠢᠷ᠎ᠠ ᠵᠢᠨ ᠵᠢᠯ᠎ᠤᠨ ᠲᠤᠷᠰᠢᠬᠢ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠵᠢ ᠭᠦᠢ᠍ᠴᠡᠳ ᠨᠤᠲᠠᠯᠠᠵᠤ᠂ ᠰᠢᠨ᠎ᠡ ᠴᠠᠭ ᠦᠶ᠎ᠡ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠢ᠍ᠯᠡᠰ᠎ᠤᠨ ᠬᠥᠭᠵᠢᠯᠲᠡ ᠵᠢᠨ ᠴᠢᠬᠤᠯᠠ ᠲᠤᠷᠰᠢᠯᠭ᠎ᠠ ᠵᠢ ᠭᠦᠨᠵᠡᠭᠡᠢ ᠳ᠋ᠦᠩᠨᠡᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠠᠭᠤᠤ ᠶᠡᠭᠡ ᠠᠬᠢᠴᠠ ᠳᠤᠮᠳᠠᠬᠢ ᠴᠢᠬᠤᠯᠠ ᠦᠢ᠍ᠯᠡᠳᠦᠯ᠎ᠢ ᠨᠠᠷᠢᠨ ᠲᠣᠳᠣᠷᠬᠠᠢ ᠥᠭᠦᠯᠡᠵᠦ᠂ ᠰᠢᠨ᠎ᠡ ᠪᠠᠶ᠋ᠢᠳᠠᠯ᠎ᠤᠨ ᠳᠣᠣᠷ᠎ᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠴᠦᠷᠬᠡᠭ ᠤᠯᠤᠰ᠎ᠢ ᠲᠦᠷᠭᠡᠪᠴᠢᠯᠡᠨ ᠪᠠᠶ᠋ᠢᠭᠤᠯᠬᠤ ᠵᠢᠨ ᠦᠨᠳᠦᠰᠦᠨ ᠠᠭᠤᠯᠤᠭᠳᠠᠬᠤᠨ ᠪᠠ ᠭᠤᠣᠯ ᠡᠭᠦᠷᠭᠡ ᠵᠢ ᠰᠢᠰᠲ᠋ᠧᠮ᠎ᠲᠠᠢ᠎ᠪᠠᠷ ᠲᠣᠳᠣᠷᠬᠠᠶ᠋ᠢᠯᠠᠨ ᠥᠭᠦᠯᠡᠵᠦ᠂ ᠰᠢᠨ᠎ᠡ ᠴᠠᠭ ᠦᠶ᠎ᠡ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠢᠯ᠎ᠢ ᠰᠠᠶ᠋ᠢᠲᠤᠷ ᠬᠢᠬᠦ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭ᠋ᠠᠪᠠ᠂ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ ᠰᠢᠨ᠎ᠡ ᠠᠶᠠᠨ᠎ᠳᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠡᠶᠡᠯᠡᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠎ᠢ ᠪᠠᠶ᠋ᠢᠭᠤᠯᠬᠤ ᠡᠭᠦᠷᠭᠡ ᠥᠩᠭᠡ ᠭᠡᠷᠡᠯᠲᠡᠢ᠂ ᠬᠠᠷᠢᠭᠤᠴᠠᠯᠭ᠎ᠠ ᠬᠦᠨᠳᠦ ᠶᠡᠭᠡ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠢ ᠰᠠᠶ᠋ᠢᠲᠤᠷ ᠬᠢᠬᠦ ᠤᠬᠠᠮᠰᠠᠷᠲᠤ ᠴᠢᠨᠠᠷ ᠪᠣᠯᠣᠨ ᠡᠷᠡᠰ ᠪᠠᠲᠤ ᠴᠢᠨᠠᠷ ᠵᠶ᠋ᠠᠨ ᠴᠢᠨᠠᠭᠰᠢᠳᠠ ᠴᠢᠩᠭ᠋ᠠᠳᠬᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠬᠤᠷᠠᠯ ᠳᠡᠭᠡᠷ᠎ᠡ ᠯᠢ ᠳ᠋ᠧ ᠷᠧᠨ ᠪᠣᠯᠣᠨ ᠰᠢᠤᠸᠠᠢ ᠴᠢ ᠺᠦᠨ ᠱᠠᠩᠨᠠᠯ ᠭᠥᠷᠳᠡᠭᠰᠡᠨ ᠪᠦᠭᠦ ᠬᠥᠮᠥᠰ᠎ᠢ ᠲᠥᠯᠥᠭᠡᠯᠡᠨ ᠦᠭᠡ ᠬᠡᠯᠡᠪᠡ᠃
    ᠬᠤᠷᠠᠯ᠎ᠠᠴᠠ ᠡᠮᠦᠨ᠎ᠡ ᠰᠢ ᠵᠢᠨ ᠫᠢᠩ ᠵᠡᠷᠭᠡ ᠤᠳᠤᠷᠢᠳᠬᠤ ᠨᠥᠬᠦᠳ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ ᠭᠥᠷᠳᠡᠭᠰᠡᠨ ᠲᠥᠯᠥᠭᠡᠯᠡᠭᠴᠢᠳ᠎ᠲᠠᠢ ᠳᠣᠲᠣᠨᠣ᠎ᠪᠠᠷ ᠠᠭᠤᠯᠵᠠᠭᠰᠠᠨ ᠪᠥᠭᠡᠳ ᠤᠯᠠᠨ᠎ᠲᠠᠢ ᠬᠠᠮᠲᠤ ᠵᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃
    ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠵᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ ᠬᠤᠷᠢᠶ᠎ᠠ ᠵᠢᠨ ᠳᠠᠷᠤᠭ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠴᠠᠭ᠋ᠠᠬᠤ ᠳᠠᠷᠤᠭ᠎ᠠ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠡᠭᠡ ᠬᠤᠷᠠᠯ᠎ᠳᠤ ᠣᠷᠣᠯᠴᠠᠪᠠ᠃
    ᠡᠯ᠎ᠡ ᠮᠤᠵᠢ ᠣᠷᠣᠨ ᠬᠤᠲᠠ ᠪᠣᠯᠣᠨ ᠲᠤᠰᠠᠭ᠋ᠠᠷ ᠲᠥᠯᠥᠪᠯᠡᠭᠡᠲᠦ ᠬᠤᠲᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ᠎ᠤᠨ ᠪᠦᠯᠭᠦᠮ᠂ ᠴᠡᠷᠢᠭ ᠠᠩᠭᠢ ᠵᠢᠨ ᠬᠤᠯᠪᠣᠭᠳᠠᠯ ᠪᠦᠬᠦᠢ ᠨᠢᠭᠡᠴᠢ ᠵᠢᠨ ᠭᠤᠣᠯ ᠬᠠᠷᠢᠭᠤᠴᠠᠯᠭ᠋ᠠᠲᠠᠨ ᠨᠥᠬᠦᠳ᠂ ᠬᠤᠶᠠᠷ ᠬᠦᠷᠢᠶᠡᠯᠡᠩ᠎ᠤᠨ ᠠᠺᠠᠳᠧᠮᠢᠴᠢ᠂ ᠬᠡᠰᠡᠭ ᠭᠠᠳᠠᠭ᠋ᠠᠳᠤ ᠵᠢᠨ ᠠᠺᠠᠳᠧᠮᠢᠴᠢ᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ ᠬᠦᠷᠲᠡᠭᠰᠡᠳ᠎ᠤᠨ ᠲᠥᠯᠥᠭᠡᠯᠡᠭᠴᠢ ᠵᠡᠷᠭᠡ 3000 ᠰᠢᠬᠠᠮ ᠬᠥᠮᠥᠨ ᠶᠡᠭᠡ ᠬᠤᠷᠠᠯ᠎ᠳᠤ ᠣᠷᠣᠯᠴᠠᠵᠠᠢ᠃
    2023 ᠣᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ᠎ᠳᠤ ᠨᠡᠶ᠋ᠢᠲᠡ 250 ᠲᠥᠷᠥᠯ ᠵᠦᠢ᠍ᠯ ᠪᠠ 12 ᠨᠡᠷᠡᠰ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠢ ᠮᠡᠷᠭᠡᠵᠢᠯᠲᠡᠨ᠎ᠢ ᠰᠢᠯᠭ᠋ᠠᠷᠠᠭᠤᠯᠪᠠ᠃ ᠡᠭᠦᠨ᠎ᠳᠤ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠱᠠᠩᠨᠠᠯ ᠭᠦᠷᠲᠡᠭᠴᠢ 2 ᠬᠥᠮᠥᠨ ᠪᠤᠶ; ᠤᠯᠤᠰ᠎ᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ 49 ᠵᠦᠢ᠍ᠯ ᠪᠠᠶ᠋ᠢᠵᠤ᠂ ᠡᠭᠦᠨ᠎ᠳᠤ ᠨᠢᠭᠡᠳᠦᠭᠡᠷ ᠳᠡᠰ᠎ᠤᠨ ᠱᠠᠩᠨᠠᠯ 1 ᠵᠦᠢ᠍ᠯ᠂ ᠬᠤᠶᠠᠳᠤᠭ᠋ᠠᠷ ᠳᠡᠰ᠎ᠤᠨ ᠱᠠᠩᠨᠠᠯ 48 ᠵᠦᠢ᠍ᠯ ᠪᠤᠢ; ᠤᠯᠤᠰ᠎ᠤᠨ ᠮᠡᠷᠭᠡᠵᠢᠯ᠎ᠤᠨ ᠡᠭᠦᠳᠦᠯᠲᠡ ᠵᠢᠨ ᠱᠠᠩᠨᠠᠯ 62 ᠵᠦᠢ᠍ᠯ ᠪᠠᠶ᠋ᠢᠵᠤ᠂ ᠡᠭᠦᠨ᠎ᠳᠤ ᠨᠢᠭᠡᠳᠦᠭᠡᠷ ᠳᠡᠰ᠎ᠤᠨ ᠱᠠᠩᠨᠠᠯ 8 ᠵᠦᠢ᠍ᠯ᠂ ᠬᠤᠶᠠᠳᠤᠭ᠋ᠠᠷ ᠳᠡᠰ᠎ᠤᠨ ᠱᠠᠩᠨᠠᠯ 54 ᠵᠦᠢ᠍ᠯ ᠪᠤᠢ; ᠤᠯᠤᠰ᠎ᠤᠨ ᠰᠢᠨᠵᠢᠯᠡᠬᠦ ᠤᠬᠠᠭ᠋ᠠᠨ   ᠲᠸᠭᠨᠢᠭ ᠮᠡᠷᠭᠡᠵᠢᠯ᠎ᠤᠨ ᠳᠠᠪᠰᠢᠯᠲᠠ ᠵᠢᠨ ᠱᠠᠩᠨᠠᠯ 139 ᠵᠦᠢ᠍ᠯ ᠪᠠᠶ᠋ᠢᠵᠤ᠂ ᠡᠭᠦᠨ᠎ᠳᠤ ᠣᠨᠴᠠ ᠳᠡᠰ᠎ᠤᠨ ᠱᠠᠩᠨᠠᠯ 3 ᠵᠦᠢ᠍ᠯ᠂ ᠨᠢᠭᠡᠳᠦᠭᠡᠷ ᠳᠡᠰ᠎ᠤᠨ ᠱᠠᠩᠨᠠᠯ 16 ᠵᠦᠢ᠍ᠯ᠂ ᠬᠤᠶᠠᠳᠤᠭ᠋ᠠᠷ ᠳᠡᠰ᠎ᠤᠨ ᠱᠠᠩᠨᠠᠯ 120 ᠵᠦᠢ᠍ᠯ ᠪᠤᠢ; ᠭᠠᠳᠠᠭ᠋ᠠᠳᠤ ᠵᠢᠨ 10 ᠲᠤᠰᠬᠠᠢ ᠮᠡᠷᠭᠡᠵᠢᠯᠲᠡᠨ᠎ᠳᠤ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠱᠠᠩᠨᠠᠯ ᠣᠯᠭᠤᠪᠠ᠃
   

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠡᠷᠭᠡ ᠵᠢ ᠰᠣᠨᠣᠰᠪᠠ
ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠪᠠᠶ᠋ᠢᠭ᠎ᠠ ᠪᠢᠴᠢᠭ ᠮᠠᠲ᠋ᠧᠷᠢᠶᠠᠯ᠎ᠢ ᠶᠠᠷᠢᠯᠴᠠᠪᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ
        
 
            