ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠡᠷᠭᠡ ᠵᠢ ᠰᠣᠨᠣᠰᠪᠠ
ᠨᠡᠶ᠋ᠢᠲᠡᠯᠡᠭᠰᠡᠨ ᠴᠠᠭ᠄ 2024-06-28

    ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ
    ᠭᠠᠳᠠᠭ᠋ᠠᠳᠤ ᠪᠡᠯᠡ ᠵᠢ ᠠᠰᠢᠭᠯᠠᠬᠤ ᠠᠵᠢᠯ᠎ᠢ ᠰᠤᠳᠤᠯᠵᠤ᠂ ᠮᠡᠷᠭᠡᠰᠢᠯᠳᠦ ᠴᠢᠳᠠᠪᠤᠷᠢᠲᠠᠨ᠎ᠢ ᠬᠥᠮᠦᠵᠢᠭᠦᠯᠬᠦ ᠠᠵᠢᠯ ᠢ ᠪᠠᠶ᠋ᠢᠷᠢᠯᠠᠭᠤᠯᠤᠨ ᠴᠢᠩᠭ᠋ᠠᠳᠬᠠᠵᠤ᠂ 《ᠰᠣᠪᠢᠯᠠᠭᠴᠢᠳ᠎ᠤᠨ ᠡᠩᠨᠡᠭᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ ᠠᠰᠠᠷᠠᠨ ᠰᠤᠪᠢᠯᠠᠬᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠲᠤᠬᠠᠢ ᠵᠢᠯᠣᠭᠤᠳᠬᠤ ᠰᠠᠨᠠᠯ》 ᠪᠣᠯᠤᠨ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ ᠵᠢ ᠬᠡᠷᠡᠭᠵᠢᠭᠦᠯᠬᠦ ᠲᠦᠷᠢᠮ   (ᠵᠠᠰᠠᠪᠤᠷᠢ ᠣᠷᠤᠭᠤᠯᠤᠭᠰᠠᠨ ᠲᠥᠰᠦᠯ)》᠎ᠢ ᠬᠢᠨᠠᠨ ᠵᠥᠪᠯᠡᠵᠦ ᠪᠠᠲᠤᠯᠠᠪᠠ


    ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ 6 ᠳ᠋ᠤᠭ᠋ᠠᠷ ᠰᠠᠷ᠎ᠠ ᠵᠢᠨ 26᠎ᠤ ᠡᠳᠦᠷ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠭᠰᠠᠨ ᠠᠵᠢᠯ᠎ᠤᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ ᠭᠠᠳᠠᠭ᠋ᠠᠳᠤ ᠪᠡᠯᠡ ᠵᠢ ᠠᠰᠢᠭᠯᠠᠬᠤ ᠠᠵᠢᠯ᠎ᠢ ᠰᠤᠳᠤᠯᠵᠤ᠂ ᠮᠡᠷᠭᠡᠰᠢᠯᠳᠦ ᠴᠢᠳᠠᠪᠤᠷᠢᠲᠠᠨ ᠬᠥᠮᠦᠵᠢᠭᠦᠯᠬᠦ᠎ᠪᠠᠨ ᠴᠢᠩᠭ᠋ᠠᠳᠬᠠᠵᠤ ᠪᠦᠲᠦᠴᠡ ᠵᠢᠨ ᠴᠢᠨᠠᠷᠲᠠᠢ ᠠᠵᠢᠯ ᠣᠯᠭᠤᠯᠲᠠ ᠵᠢᠨ ᠵᠥᠷᠢᠴᠡᠯ᠎ᠢ ᠬᠦᠴᠦᠯᠡᠨ ᠰᠢᠢ᠍ᠳᠪᠦᠷᠢᠯᠡᠬᠦ ᠠᠵᠢᠯ᠎ᠢ ᠪᠠᠶ᠋ᠢᠷᠢᠯᠠᠭᠤᠯᠵᠤ᠂ 《ᠰᠣᠪᠢᠯᠠᠭᠴᠢᠳ᠎ᠤᠨ ᠡᠩᠨᠡᠭᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ ᠠᠰᠠᠷᠠᠨ ᠰᠤᠪᠢᠯᠠᠬᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠲᠤᠬᠠᠢ ᠵᠢᠯᠣᠭᠤᠳᠬᠤ ᠰᠠᠨᠠᠯ》 ᠪᠣᠯᠤᠨ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ ᠵᠢ ᠬᠡᠷᠡᠭᠵᠢᠭᠦᠯᠬᠦ ᠲᠦᠷᠢᠮ (ᠵᠠᠰᠠᠪᠤᠷᠢ ᠣᠷᠤᠭᠤᠯᠤᠭᠰᠠᠨ ᠲᠥᠰᠦᠯ)》᠎ᠢ ᠬᠢᠨᠠᠨ ᠵᠥᠪᠯᠡᠵᠦ ᠪᠠᠲᠤᠯᠠᠪᠠ᠃
    ᠬᠤᠷᠠᠯ᠎ᠳᠤ᠂ ᠪᠦᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ᠎ᠢ ᠬᠤᠷᠠᠯᠳᠤᠭᠤᠯᠤᠭᠰᠠᠨ᠎ᠠᠴᠠ ᠨᠠᠭ᠋ᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ᠎ᠤᠨ ᠠᠵᠢᠯᠯᠠᠭ᠎ᠠ ᠡᠷᠴᠢᠮᠲᠡᠢ᠂ ᠦᠷ᠎ᠡ ᠪᠦᠲᠦᠮᠵᠢ ᠢᠯᠡᠷᠬᠡᠢ ᠪᠠᠶ᠋ᠢᠵᠤ᠂ ᠪᠦᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠶᠠᠰᠤ ᠴᠢᠨᠠᠷ ᠶᠡᠷᠦᠩᠬᠡᠢ᠎ᠳᠤ᠎ᠪᠠᠨ ᠦᠷᠭᠦᠯᠵᠢᠯᠡᠨ ᠰᠠᠶ᠋ᠢᠵᠢᠷᠠᠪᠠ᠃ ᠪᠦᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ ᠳᠡᠭᠡᠷ᠎ᠡ ᠪᠠᠶ᠋ᠢᠷᠢᠯᠠᠭᠤᠯᠤᠭᠰᠠᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠭᠦᠨᠵᠡᠭᠡᠢ ᠰᠠᠶ᠋ᠢᠲᠤᠷ ᠠᠳᠬᠤᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠬᠤᠰᠢᠭᠤᠴᠢ ᠣᠷᠣᠨ᠎ᠤ ᠪᠦᠳᠦᠭᠡᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ᠂ ᠪᠣᠬᠢᠷᠲᠤᠯ᠎ᠢ ᠪᠠᠭ᠋ᠠᠰᠬᠠᠬᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠵᠢ ᠬᠠᠮᠲᠤ᠎ᠳᠤ᠎ᠨᠢ ᠵᠠᠰᠠᠬᠤ᠎ᠪᠠᠨ ᠴᠢᠩᠭ᠋ᠠᠳᠬᠠᠵᠤ᠂ ᠨᠡᠩ ᠥᠨᠳᠥᠷ ᠪᠠᠷᠢᠮᠵᠢᠶ᠎ᠠ᠎ᠪᠠᠷ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠬᠡᠷᠡᠭᠲᠡᠢ᠃ ᠲᠦᠷᠦ ᠵᠢᠨ ᠪᠤᠳᠤᠯᠭ᠎ᠠ ᠵᠢᠨ ᠨᠢᠭᠡᠳᠦᠯᠲᠡᠢ ᠲᠦᠯᠦᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ᠂ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠪᠡᠯᠡ ᠣᠷᠣᠭᠤᠯᠤᠯᠲᠠ ᠵᠢᠨ ᠬᠡᠷᠡᠭᠯᠡᠭᠡᠨ᠎ᠤ ᠥᠷᠭᠡᠳᠭᠡᠯ᠂ ᠬᠥᠭᠵᠢᠯᠲᠡ ᠵᠢᠨ ᠬᠥᠳᠡᠯᠭᠡᠬᠦ ᠬᠦᠴᠦᠨ᠎ᠤ ᠨᠡᠮᠡᠭᠳᠡᠯ᠎ᠯᠦᠭᠡ ᠨᠡᠩ ᠰᠠᠶ᠋ᠢᠲᠤᠷ ᠤᠶᠠᠯᠳᠤᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ ᠲᠡᠶ᠋ᠢᠰᠢ᠎ᠪᠠᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠳᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ᠎ᠬᠢᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠳᠤᠮᠳᠠ ᠴᠢᠬᠤᠯᠠ ᠦᠢ᠍ᠯᠡᠳᠦᠯ ᠦᠵᠡᠭᠦᠯᠬᠦ᠎ᠳᠤ᠂ ᠭᠠᠳᠠᠭ᠋ᠠᠳᠤ ᠪᠡᠯᠡ ᠵᠢ ᠲᠠᠲᠠᠬᠤ ᠪᠠ ᠠᠰᠢᠭᠯᠠᠬᠤ᠎ᠪᠠᠨ ᠡᠷᠴᠢᠮᠵᠢᠭᠦᠯᠵᠦ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠭᠠᠳᠠᠭ᠋ᠠᠳᠤ ᠪᠡᠯᠡ ᠵᠢ ᠲᠣᠭᠲᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ᠎ᠲᠠᠢ ᠬᠦᠷᠢᠶᠡᠨ᠎ᠳᠠᠬᠢ ᠭᠠᠳᠠᠭ᠋ᠠᠳᠤ ᠨᠡᠭᠡᠭᠡᠯᠲᠡ ᠵᠢ ᠭᠦᠨᠵᠡᠭᠡᠶ᠋ᠢᠷᠡᠭᠦᠯᠵᠦ᠂ ᠦᠢ᠍ᠯᠡᠳᠬᠦ ᠦᠢ᠍ᠯᠡᠰ᠎ᠤᠨ ᠬᠦᠷᠢᠶᠡᠨ᠎ᠳᠤ ᠭᠠᠳᠠᠭ᠋ᠠᠳᠤ ᠪᠡᠯᠡ ᠵᠢ ᠵᠥᠪᠰᠢᠶᠡᠷᠡᠨ ᠣᠷᠣᠭᠤᠯᠬᠤ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ ᠪᠦᠬᠦᠨ᠎ᠢ ᠦᠭᠡᠶ᠋ᠢᠵᠢᠭᠦᠯᠬᠦ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠨᠡᠭᠡᠭᠡᠯᠳᠠ ᠵᠢ ᠥᠷᠭᠡᠳᠬᠡᠬᠦ ᠲᠤᠷᠰᠢᠯᠲᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠬᠤ ᠬᠡᠷᠡᠭᠲᠡᠢ᠃ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ ᠵᠢ ᠰᠢᠯᠢᠳᠡᠭᠵᠢᠭᠦᠯᠵᠦ᠂ ᠳᠣᠲᠣᠭ᠋ᠠᠳᠤ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠶᠡᠭᠡ ᠬᠡᠪᠴᠢᠶᠡᠨ᠎ᠤ ᠲᠥᠬᠦᠭᠡᠷᠦᠮᠵᠢ ᠵᠢᠨ ᠰᠢᠨᠡᠴᠢᠯᠡᠯᠲᠡ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠ ᠪᠡᠯᠡ ᠣᠷᠣᠭᠤᠯᠤᠯᠲᠠ ᠵᠡᠷᠭᠡ᠎ᠳᠤ ᠣᠷᠣᠯᠴᠠᠬᠤ ᠵᠢ ᠨᠢᠭᠡ ᠯᠡ ᠠᠳᠠᠯᠢ᠎ᠪᠠᠷ ᠳᠡᠮᠵᠢᠬᠦ ᠬᠡᠷᠡᠭᠲᠡᠶ᠃ ᠪᠠᠯᠠ ᠣᠷᠣᠭᠤᠯᠬᠤ᠎ᠳᠤ ᠳᠦᠭᠦᠮᠯᠡᠬᠦ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠡᠮ᠎ᠤᠨ ᠵᠦᠢ᠍ᠯᠡᠰ᠂ ᠡᠮᠴᠢᠯᠡᠭᠡᠨ᠎ᠤ ᠪᠠᠭ᠋ᠠᠵᠢ ᠬᠡᠷᠡᠭᠰᠡᠯ ᠵᠡᠷᠭᠡ ᠬᠦᠷᠢᠶᠡᠨ᠎ᠳᠠᠬᠢ ᠭᠠᠳᠠᠭ᠋ᠠᠳᠤ ᠪᠡᠯᠡ ᠵᠢᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ᠂ ᠭᠠᠶ᠋ᠢᠯᠢ ᠦᠭᠡᠢ ᠰᠡᠯᠪᠢᠨ ᠵᠠᠰᠠᠬᠤ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠰᠢᠨ᠎ᠡ ᠵᠠᠭᠪᠤᠷ᠎ᠢ ᠥᠷᠭᠡᠳᠬᠡᠵᠦ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠣᠭᠲᠠᠴᠠ ᠵᠢ ᠤᠯᠠᠮ ᠨᠢᠭᠡ ᠠᠯᠬᠤᠮ ᠴᠢᠩᠭ᠋ᠠᠷᠠᠭᠤᠯᠬᠤ ᠬᠡᠷᠡᠭᠲᠡᠶ᠃ 《ᠳᠤᠮᠳᠠᠳᠤ ᠤᠯᠤᠰ᠎ᠤᠨ ᠪᠡᠯᠡ ᠣᠷᠤᠭᠤᠯᠤᠯᠲᠠ》 ᠲᠦᠷᠦᠯ ᠲᠡᠮᠲᠡᠭᠲᠦ ᠵᠢ ᠪᠣᠶ ᠪᠣᠯᠭ᠋ᠠᠵᠤ᠂ ᠵᠠᠰᠠᠪᠤᠷᠢ ᠣᠷᠤᠭᠤᠯᠤᠭᠰᠠᠨ ᠰᠢᠨ᠎ᠡ ᠬᠡᠪᠯᠡᠯ᠎ᠤᠨ 《ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠤᠭᠤᠯᠤᠯᠲᠠ ᠵᠢ ᠵᠣᠷᠢᠭᠵᠢᠭᠤᠯᠬᠤ ᠠᠵᠤ ᠦᠢ᠍ᠯᠡᠰ᠎ᠤᠨ ᠭᠠᠷᠴᠠᠭ》᠎ᠢ ᠨᠡᠶ᠋ᠢᠲᠡᠯᠡᠵᠦ᠂ ᠭᠠᠳᠠᠭ᠋ᠠᠳᠤ ᠵᠢᠨ ᠬᠠᠷᠢᠶᠠᠲᠤ ᠵᠢᠨ ᠠᠵᠢᠯ᠎ᠳᠤ ᠳᠦᠭᠦᠮᠯᠡᠬᠦ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠳᠤ᠂ ᠮᠡᠷᠭᠡᠰᠢᠯᠲᠦ ᠴᠢᠳᠠᠪᠤᠷᠢᠲᠠᠨ᠎ᠢ ᠬᠥᠮᠦᠵᠢᠭᠦᠯᠬᠦ᠎ᠪᠠᠨ ᠴᠢᠩᠭ᠋ᠠᠳᠬᠠᠬᠤ᠎ᠨᠢ ᠪᠦᠲᠦᠴᠡ ᠵᠢᠨ ᠴᠢᠨᠠᠷᠲᠠᠢ ᠠᠵᠢᠯ ᠣᠯᠭᠤᠯᠲᠠ ᠵᠢᠨ ᠵᠥᠷᠢᠴᠡᠯ᠎ᠢ ᠰᠢᠢ᠍ᠳᠪᠦᠷᠢᠯᠡᠬᠦ᠂ ᠴᠢᠨᠠᠷ ᠰᠠᠶ᠋ᠢᠲᠠᠢ ᠭᠦᠢ᠍ᠴᠡᠳ ᠠᠵᠢᠯ ᠣᠯᠭᠤᠯᠲᠠ ᠵᠢ ᠠᠬᠢᠭᠤᠯᠬᠤ᠎ᠳᠤ ᠲᠦᠢ᠍ᠯ᠎ᠤᠨ ᠴᠢᠬᠤᠯᠠ ᠶᠤᠮ᠃ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠵᠢᠯ ᠣᠯᠭᠤᠯᠲᠠ ᠵᠢᠨ ᠵᠠᠬ᠎ᠠ ᠳᠡᠯᠭᠡᠭᠦᠷ᠎ᠤᠨ ᠰᠤᠳᠤᠯᠭ᠋ᠠᠨ᠎ᠢ ᠴᠢᠩᠭ᠋ᠠᠳᠬᠠᠵᠤ᠂ ᠰᠤᠷᠭ᠋ᠠᠭᠤᠯᠢ ᠠᠵᠤ ᠠᠬᠤᠶ᠋ᠢᠯᠠᠯ᠎ᠤᠨ ᠵᠣᠯᠭ᠋ᠠᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷ᠎ᠤᠨ ᠬᠤᠮᠰᠠ᠂ ᠠᠵᠤ ᠠᠬᠤᠶ᠋ᠢᠯᠠᠯ᠎ᠤᠨ ᠪᠠᠴᠢᠮ ᠬᠡᠷᠡᠭᠴᠡᠭᠡ᠎ᠲᠠᠢ ᠮᠡᠷᠭᠡᠰᠢᠯᠲᠦ ᠴᠢᠳᠠᠪᠤᠷᠢᠲᠠᠨ᠎ᠢ ᠨᠡᠩ ᠤᠯᠠᠨ ᠬᠥᠮᠦᠵᠢᠭᠦᠯᠬᠦ ᠬᠡᠷᠡᠭᠲᠡᠢ᠃ ᠳᠡᠮᠵᠢᠬᠦ ᠲᠦᠷᠦ ᠵᠢᠨ ᠪᠤᠳᠤᠯᠭ᠎ᠠ᠎ᠪᠠᠨ ᠡᠷᠴᠢᠮᠵᠢᠭᠦᠯᠵᠦ᠂ ᠪᠣᠯᠪᠠᠰᠤᠷᠠᠯ᠎ᠤᠨ ᠨᠥᠬᠦᠪᠥᠷᠢ ᠵᠡᠷᠭᠡ ᠪᠡᠯᠡ ᠮᠥᠩᠭᠦ ᠵᠢ ᠰᠠᠶ᠋ᠢᠲᠤᠷ ᠬᠡᠷᠡᠭᠯᠡᠵᠦ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ ᠵᠡᠷᠭᠡ ᠭᠤᠣᠯᠳᠠᠯᠭ᠎ᠠ᠎ᠲᠠᠢ ᠬᠥᠮᠦᠰ᠎ᠲᠤ ᠴᠢᠭᠯᠡᠭᠦᠯᠦᠨ ᠠᠵᠢᠯ ᠣᠯᠭᠤᠬᠤ ᠦᠢ᠍ᠯᠡᠴᠢᠯᠡᠭᠡ᠎ᠪᠠᠨ ᠴᠢᠩᠭ᠋ᠠᠷᠠᠭᠤᠯᠵᠤ᠂ ᠤᠷᠢᠵᠤ ᠡᠯᠰᠡᠬᠦ ᠲᠠᠪᠴᠠᠩ᠂ ᠴᠢᠳᠠᠪᠤᠷᠢᠲᠠᠨ᠎ᠤ ᠵᠠᠬ᠎ᠠ ᠳᠡᠯᠭᠡᠭᠦᠷ᠎ᠤᠨ ᠦᠢ᠍ᠯᠡᠳᠦᠯ᠎ᠢ ᠪᠠᠳᠠᠷᠠᠭᠤᠯᠵᠤ᠂ ᠬᠥᠮᠦᠨ ᠪᠠ ᠠᠵᠢᠯ᠎ᠤᠨ ᠪᠠᠶ᠋ᠢᠷᠢ ᠵᠢᠨ ᠵᠣᠬᠢᠴᠠᠯ᠂ ᠬᠠᠩᠭ᠋ᠠᠯᠭ᠎ᠠ ᠬᠡᠷᠡᠭᠴᠡᠭᠡᠨ᠎ᠤ ᠵᠣᠬᠢᠴᠠᠯ᠎ᠢ ᠨᠡᠩ ᠰᠠᠶ᠋ᠢᠲᠤᠷ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠳᠤ᠂ ᠰᠣᠪᠢᠯᠠᠭᠴᠢᠳ᠎ᠤᠨ ᠡᠩᠨᠡᠭᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠠᠰᠠᠷᠠᠨ ᠰᠤᠪᠢᠯᠠᠬᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠪᠣᠯ ᠠᠷᠠᠳ ᠣᠯᠠᠨ᠎ᠤ ᠣᠯᠠᠨ ᠶᠠᠩᠵᠤ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠬᠠᠩᠭ᠋ᠠᠬᠤ ᠴᠢᠬᠤᠯᠠ ᠠᠷᠭ᠎ᠠ ᠬᠡᠮᠵᠢᠶ᠎ᠡ ᠮᠥᠨ᠃ ᠰᠤᠪᠢᠯᠠᠭᠴᠢ ᠵᠢᠨ ᠠᠵᠢᠯ ᠮᠡᠷᠭᠡᠵᠢᠯ᠎ᠤᠨ ᠲᠠᠲᠠᠬᠤ ᠬᠦᠴᠦᠨ᠎ᠢ ᠦᠨᠡᠨ ᠬᠦ᠌ ᠳᠡᠭᠡᠭᠰᠢᠯᠡᠭᠦᠯᠵᠦ᠂ ᠴᠠᠯᠢᠩ ᠬᠥᠯᠥᠰᠥ᠂ ᠣᠷᠣᠨ ᠲᠤᠭ᠎ᠠ᠂ ᠮᠡᠷᠭᠡᠵᠢᠯ᠎ᠤᠨ ᠴᠣᠯᠠ ᠳᠡᠪᠰᠢᠬᠦ ᠵᠡᠷᠭᠡ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ᠎ᠨᠢ ᠲᠡᠭᠦᠯᠳᠡᠷᠵᠢᠭᠦᠯᠵᠦ᠂ ᠣᠷᠣᠨ ᠲᠤᠭ᠎ᠠ ᠵᠢᠨ ᠳᠣᠲᠣᠷ᠎ᠠ ᠭᠠᠳᠠᠨᠠᠬᠢ ᠠᠳᠠᠯᠢ ᠠᠵᠢᠯ᠎ᠳᠤ ᠠᠳᠠᠯᠢ ᠬᠥᠯᠥᠰᠥ ᠣᠯᠭᠤᠮᠵᠢ ᠣᠯᠭᠤᠬᠤ ᠵᠢ ᠨᠠᠶ᠋ᠢᠳᠠᠪᠤᠷᠢᠵᠢᠭᠤᠯᠵᠤ᠂ ᠨᠠᠩ ᠣᠯᠠᠨ ᠴᠢᠳᠠᠪᠤᠷᠢᠲᠠᠨ᠎ᠢ ᠲᠡᠳᠡᠨ ᠠᠪᠴᠢᠷᠠᠬᠤ ᠪᠦᠭᠡᠳ ᠠᠰᠠᠷᠠᠨ ᠰᠤᠪᠢᠯᠠᠬᠤ ᠠᠵᠢᠯ᠎ᠢ ᠲᠣᠭᠲᠠᠭᠤᠨ ᠵᠶ᠋ᠠᠷ ᠬᠢᠯᠭᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠳᠤ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ ᠵᠢ ᠬᠡᠷᠡᠭᠵᠢᠭᠦᠯᠬᠦ ᠲᠦᠷᠢᠮ (ᠵᠠᠰᠠᠪᠤᠷᠢ ᠣᠷᠣᠭᠤᠯᠤᠭᠰᠠᠨ ᠲᠥᠰᠦᠯ)》᠎ᠢ ᠬᠢᠨᠠᠨ ᠵᠥᠪᠯᠡᠵᠦ ᠪᠠᠲᠤᠯᠠᠨ᠂ ᠬᠠᠤᠯᠢ ᠲᠣᠭᠲᠠᠭ᠋ᠠᠯ ᠶᠣᠰᠣᠭ᠋ᠠᠷ ᠨᠢᠭᠤᠴᠠ ᠵᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠵᠦ᠂ ᠳᠠᠯᠳᠠ ᠬᠡᠮ᠎ᠢ ᠴᠠᠭ ᠲᠤᠬᠠᠶ᠎ᠳᠤ᠎ᠨᠢ ᠠᠷᠢᠯᠭ᠋ᠠᠵᠤ᠂ ᠠᠯᠳᠠᠰᠢ ᠭᠠᠷᠬᠤ ᠵᠢ ᠬᠤᠷᠢᠭᠯᠠᠵᠤ᠂ ᠨᠢᠭᠤᠴᠠ ᠵᠢ ᠵᠠᠳᠠᠷᠠᠭᠤᠯᠤᠭᠰᠠᠨ ᠬᠡᠷᠡᠭ ᠡᠭᠦᠰᠬᠦ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃ ᠨᠢᠭᠤᠴᠠ ᠵᠢ ᠬᠠᠮᠠᠭ᠋ᠠᠯᠠᠬᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠲᠦᠷᠢᠮ᠎ᠤᠨ ᠲᠠᠶ᠋ᠢᠯᠤᠮᠵᠢ ᠬᠢᠵᠦ ᠬᠥᠲᠥᠯᠥᠨ ᠵᠢᠯᠣᠭᠤᠳᠬᠤ ᠵᠢ ᠴᠢᠩᠭ᠋ᠠᠳᠬᠠᠵᠤ᠂ ᠤᠯᠤᠰ᠎ᠤᠨ ᠨᠢᠭᠤᠴᠠ ᠵᠢ ᠤᠬᠠᠮᠰᠠᠷ᠎ᠠᠴᠠ᠎ᠪᠠᠨ ᠬᠠᠮᠠᠭ᠋ᠠᠯᠠᠬᠤ ᠰᠠᠶ᠋ᠢᠨ ᠰᠠᠶ᠋ᠢᠬᠠᠨ ᠪᠠᠶ᠋ᠢᠳᠠᠯ᠎ᠢ ᠪᠣᠶ ᠪᠣᠯᠭ᠋ᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
    ᠬᠤᠷᠠᠯ ᠳᠡᠭᠡᠷ᠎ᠡ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠪᠠᠶ᠋ᠢᠭ᠎ᠠ ᠪᠢᠴᠢᠭ ᠮᠠᠲ᠋ᠧᠷᠢᠶᠠᠯ᠎ᠢ ᠶᠠᠷᠢᠯᠴᠠᠪᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ
        
 
            