ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠠᠢ᠍ᠮᠠᠳᠤᠭ᠋ᠠᠷ ᠤᠳᠠᠭ᠋ᠠᠨ᠎ᠤ ᠲᠤᠰᠬᠠᠢ ᠰᠡᠳᠦᠪᠲᠦ ᠰᠤᠷᠤᠯᠴᠠᠯᠭ᠎ᠠ ᠵᠢ ᠡᠷᠬᠢᠯᠡᠪᠡ
ᠨᠡᠶ᠋ᠢᠲᠡᠯᠡᠭᠰᠡᠨ ᠴᠠᠭ᠄ 2024-06-07

    6 ᠳ᠋ᠤᠭ᠋ᠠᠷ ᠰᠠᠷ᠎ᠠ ᠵᠢᠨ 5᠎ᠤ ᠡᠳᠦᠷ᠎ᠤᠨ ᠦᠳᠡ ᠵᠢᠨ ᠡᠮᠦᠨ᠎ᠡ᠂ ᠲᠥᠷᠥ ᠵᠢᠨ ᠶᠠᠪᠤᠳᠠᠯ᠎ᠤᠨ ᠬᠤᠷᠢᠶ᠎ᠠ 《ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠣᠬᠢᠶᠠᠨ ᠪᠠᠶ᠋ᠢᠭᠤᠯᠬᠤ ᠬᠠᠤᠯᠢ ᠵᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠤᠶ᠎ᠠ》᠎ᠪᠠᠷ ᠭᠤᠣᠯ ᠰᠡᠳᠦᠪ ᠪᠣᠯᠭ᠋ᠠᠨ᠂ ᠨᠠᠢ᠍ᠮᠠᠳᠤᠭ᠋ᠠᠷ ᠤᠳᠠᠭ᠎ᠠ ᠲᠤᠰᠬᠠᠢ ᠰᠡᠳᠦᠪ ᠵᠶ᠋ᠠᠷ ᠰᠤᠷᠤᠯᠴᠠᠪᠠ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ ᠰᠤᠷᠤᠯᠴᠠᠯᠭ᠎ᠠ ᠵᠢ ᠡᠷᠬᠢᠯᠡᠪᠡ᠃ ᠰᠢᠨᠬᠤᠸᠠ ᠬᠤᠷᠢᠶᠠᠨ᠎ᠤ ᠰᠣᠷᠪᠣᠯᠵᠢᠯᠠᠭᠴᠢ ᠶᠢᠨ ᠪᠦᠸᠧ ᠭᠦ᠋ ᠰᠡᠭᠦᠳᠡᠷᠯᠡᠪᠡ


    ᠰᠢᠨᠬᠤᠸᠠ ᠬᠤᠷᠢᠶᠠᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 5᠎ᠤ ᠡᠳᠦᠷ᠎ᠤᠨ ᠴᠠᠭᠢᠯᠭ᠋ᠠᠨ ᠮᠡᠳᠡᠭᠡ 6 ᠳ᠋ᠤᠭ᠋ᠠᠷ ᠰᠠᠷ᠎ᠠ ᠵᠢᠨ 5᠎ᠤ ᠡᠳᠦᠷ᠎ᠤᠨ ᠦᠳᠡ ᠵᠢᠨ ᠡᠮᠦᠨ᠎ᠡ᠂ ᠲᠥᠷᠥ ᠵᠢᠨ ᠶᠠᠪᠤᠳᠠᠯ᠎ᠤᠨ ᠬᠤᠷᠢᠶ᠎ᠠ 《ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠣᠬᠢᠶᠠᠨ ᠪᠠᠶ᠋ᠢᠭᠤᠯᠬᠤ ᠬᠠᠤᠯᠢ ᠵᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠤᠶ᠎ᠠ》᠎ᠪᠠᠷ ᠭᠤᠣᠯ ᠰᠡᠳᠦᠪ ᠪᠣᠯᠭ᠋ᠠᠨ᠂ ᠨᠠᠢ᠍ᠮᠠᠳᠤᠭ᠋ᠠᠷ ᠤᠳᠠᠭ᠎ᠠ ᠲᠤᠰᠬᠠᠢ ᠰᠡᠳᠦᠪ ᠵᠶ᠋ᠠᠷ ᠰᠤᠷᠤᠯᠴᠠᠪᠠ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ ᠰᠤᠷᠤᠯᠴᠠᠯᠭ᠎ᠠ ᠵᠢ ᠡᠷᠬᠢᠯᠡᠬᠦ᠎ᠳᠤ᠎ᠪᠠᠨ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠬᠢᠭᠡᠳ ᠨᠠᠮ᠎ᠤᠨ ᠲᠥᠪ ᠬᠤᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠲᠤᠬᠠᠢ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠵᠣᠬᠢᠶᠠᠨ ᠪᠠᠶ᠋ᠢᠭᠤᠯᠬᠤ ᠬᠠᠤᠯᠢ ᠵᠢ ᠲᠤᠭᠤᠰᠢᠯᠠᠭᠤᠯᠤᠨ ᠬᠡᠷᠡᠭᠵᠢᠭᠦᠯᠬᠦ᠎ᠪᠠᠷ ᠠᠵᠠ ᠲᠣᠬᠢᠶᠠᠯ ᠪᠣᠯᠭ᠋ᠠᠨ᠂ ᠬᠠᠤᠯᠢ᠎ᠪᠠᠷ ᠵᠠᠰᠠᠬᠤ ᠰᠡᠳᠬᠢᠬᠦᠢ ᠬᠢᠭᠡᠳ ᠠᠷᠭ᠎ᠠ ᠬᠡᠯᠪᠡᠷᠢ᠎ᠪᠠᠷ ᠠᠵᠢᠯ ᠵᠶ᠋ᠠᠨ ᠠᠬᠢᠭᠤᠯᠬᠤ᠂ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ᠎ᠪᠠᠨ ᠴᠢᠨᠠᠭᠰᠢᠳᠠ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠮᠡᠨ ᠴᠢᠩᠭ᠋ᠠᠳᠬᠠᠭᠰᠠᠨ ᠪᠠᠶ᠋ᠢᠨ᠎ᠠ᠃
    ᠳᠤᠮᠳᠠᠳᠤ ᠤᠯᠤᠰ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠶᠡᠭᠡ ᠰᠤᠷᠭ᠋ᠠᠭᠤᠯᠢ ᠵᠢᠨ ᠵᠠᠬᠢᠷᠤᠯ ᠮᠠ ᠬᠤᠸᠠᠢ ᠳ᠋ᠧ ᠲᠠᠶ᠋ᠢᠯᠤᠮᠵᠢ ᠬᠢᠪᠡ᠃ ᠲᠥᠷᠥ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠬᠡᠢ ᠰᠠᠶ᠋ᠢᠳ ᠳ᠋ᠢᠩ ᠰᠢᠤᠸᠠᠢ ᠰᠢᠶᠠᠩ᠂ ᠾᠧ ᠯᠢ ᠹᠧᠩ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠭᠡᠰᠢᠭᠦᠨ ᠦ᠋ ᠵᠧᠩ ᠯᠦᠩ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃
    ᠯᠢ ᠴᠢᠶᠠᠩ ᠢᠯᠡᠳᠬᠡᠯ ᠪᠠ ᠰᠣᠯᠢᠯᠴᠠᠭ᠋ᠠᠨ᠎ᠤ ᠶᠠᠷᠢᠶ᠎ᠠ ᠵᠢ ᠰᠣᠨᠣᠰᠤᠭᠰᠠᠨ᠎ᠤ ᠳᠠᠷᠠᠭ᠎ᠠ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠪᠣᠯ ᠪᠥᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢᠨ ᠭᠤᠣᠯᠳᠠᠯᠭ᠋ᠠᠲᠤ ᠡᠭᠦᠷᠭᠡ ᠪᠠ ᠭᠤᠣᠯ ᠴᠣᠭᠴᠠᠲᠤ ᠢᠨᠵᠧᠨᠧᠷᠢᠩ ᠮᠥᠨ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠲᠦᠷᠦ ᠵᠢᠨ ᠶᠠᠪᠤᠳᠠᠯ᠎ᠤᠨ ᠬᠤᠷᠢᠶᠠᠨ᠎ᠤ ᠵᠣᠬᠢᠶᠠᠨ ᠪᠠᠶ᠋ᠢᠭᠤᠯᠬᠤ ᠬᠠᠤᠯᠢ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠦᠨᠳᠦᠰᠦᠨ ᠬᠠᠤᠯᠢ ᠪᠠ ᠬᠠᠤᠯᠢ ᠴᠠᠭ᠋ᠠᠵᠠ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ᠎ᠳᠤ ᠨᠡᠩ ᠪᠠᠲᠤ ᠪᠠᠬᠢ ᠪᠠᠲᠤᠯᠠᠭ᠎ᠠ ᠬᠠᠩᠭ᠋ᠠᠵᠠᠢ᠃ ᠣᠶ᠋ᠢᠷ᠎ᠠ ᠵᠢᠨ ᠵᠢᠯ᠎ᠤᠳ᠎ᠲᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠢᠳᠡᠪᠬᠢᠲᠡᠢ ᠠᠬᠢᠴᠠ᠎ᠲᠠᠢ ᠪᠣᠯᠪᠠ᠃ ᠰᠢᠨ᠎ᠡ ᠪᠠᠶ᠋ᠢᠳᠠᠯ ᠪᠠ ᠡᠭᠦᠷᠭᠡ ᠵᠢᠨ ᠡᠮᠦᠨ᠎ᠡ᠂ ᠵᠠᠰᠠᠭ᠎ᠤᠨ ᠣᠷᠳᠣᠨ᠎ᠤ ᠠᠵᠢᠯᠲᠠᠳ ᠬᠠᠤᠯᠢ᠎ᠪᠠᠷ ᠵᠠᠰᠠᠬᠤ ᠤᠬᠠᠮᠰᠠᠷ ᠵᠶ᠋ᠠᠨ ᠴᠢᠨᠠᠭᠰᠢᠳᠠ ᠤᠯᠠᠮ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠂ ᠬᠠᠤᠯᠢ᠎ᠪᠠᠷ ᠵᠠᠰᠠᠬᠤ ᠳᠠᠳᠬᠠᠯ᠎ᠲᠠᠢ ᠪᠣᠯᠣᠭ᠋ᠠᠳ᠂ ᠵᠠᠰᠠᠭ᠎ᠤᠨ ᠣᠷᠳᠣᠨ᠎ᠤ ᠠᠵᠢᠯ᠎ᠢ ᠢᠮᠠᠭᠲᠠ ᠬᠠᠤᠯᠢ᠎ᠪᠠᠷ ᠵᠠᠰᠠᠬᠤ ᠵᠠᠮ ᠵᠶ᠋ᠠᠷ ᠥᠷᠨᠢᠭᠦᠯᠵᠦ᠂ ᠨᠠᠮ᠎ᠤᠨ ᠲᠥᠪ ᠬᠤᠷᠢᠶᠠᠨ᠎ᠤ ᠪᠠᠶ᠋ᠢᠷᠢᠯᠠᠭᠤᠯᠤᠯᠲᠠ ᠵᠢ ᠨᠠᠩ ᠰᠠᠶ᠋ᠢᠲᠤᠷ ᠲᠤᠭᠤᠰᠢᠯᠠᠭᠤᠯᠵᠤ᠂ ᠠᠷᠠᠳ ᠣᠯᠠᠨ᠎ᠤ ᠬᠦᠰᠡᠯ ᠡᠷᠡᠮᠡᠯᠵᠡᠯ᠎ᠳᠤ ᠨᠡᠩ ᠨᠡᠶ᠋ᠢᠴᠡᠭᠦᠯᠬᠦ ᠬᠡᠷᠡᠭᠲᠡᠢ ᠬᠡᠮᠡᠨ ᠵᠢᠭ᠋ᠠᠨ ᠭᠠᠷᠭ᠋ᠠᠵᠠᠢ᠃
    ᠯᠢ ᠴᠢᠶᠠᠩ ᠵᠢᠭ᠋ᠠᠨ ᠭᠠᠷᠭ᠋ᠠᠬᠤ᠎ᠳᠤ᠎ᠪᠠᠨ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ ᠵᠢ ᠠᠬᠢᠭᠤᠯᠤᠨ᠂ ᠬᠠᠤᠯᠢ ᠲᠣᠭᠲᠠᠭ᠋ᠠᠬᠤ ᠪᠠᠭᠤᠷᠠᠢ ᠪᠠ ᠬᠤᠭᠤᠰᠤᠨ᠎ᠢ ᠲᠦᠷᠭᠡᠬᠡᠨ ᠨᠥᠬᠦᠪᠦᠷᠢᠯᠡᠵᠦ᠂ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ᠎ᠳᠤ ᠦᠨᠳᠦᠰᠦᠯᠡᠬᠦ ᠬᠠᠤᠯᠢ ᠴᠠᠭ᠋ᠠᠵᠠ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠂ ᠲᠡᠷᠡᠴᠢᠯᠡᠨ ᠥᠭᠡᠷᠡᠴᠢᠯᠡᠯᠲᠡ ᠬᠥᠭᠵᠢᠯᠲᠡ ᠵᠢᠨ ᠱᠠᠭ᠋ᠠᠷᠳᠠᠯᠭ᠎ᠠ᠎ᠳᠤ ᠡᠰᠡ ᠳᠣᠬᠢᠷᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠪᠠᠰᠠ ᠴᠠᠭ ᠲᠤᠬᠠᠢ᠎ᠳᠤ᠎ᠨᠢ ᠵᠠᠰᠠᠪᠤᠷᠢᠯᠠᠬᠤ ᠪᠤᠶᠤ ᠴᠤᠴᠠᠯᠬᠤ᠎ᠪᠠᠨ ᠠᠬᠢᠭᠤᠯᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ 《ᠵᠢᠵᠢᠭ ᠲᠦᠷᠭᠡᠨ ᠤᠶᠠᠨ》᠂ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ ᠬᠠᠤᠯᠢ ᠳᠣᠭᠲᠠᠭ᠋ᠠᠯᠲᠠ ᠵᠢ ᠢᠯᠡᠭᠦᠬᠡᠨ ᠠᠬᠢᠭᠤᠯᠵᠤ᠂ ᠠᠵᠤ ᠠᠬᠤᠶ᠋ᠢᠯᠠᠯ ᠪᠠ ᠤᠯᠠᠨ ᠲᠦᠮᠡᠨ᠎ᠢ ᠬᠠᠪᠰᠤᠷᠤᠨ ᠪᠣᠳᠠᠲᠠᠢ ᠠᠰᠠᠭᠤᠳᠠᠯ᠎ᠢ᠎ᠨᠢ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ᠃ ᠲᠥᠪ ᠭᠤᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠴᠢᠩᠭ᠎ᠠ ᠵᠢᠷᠤᠮᠵᠢᠭᠤᠯᠤᠨ᠂ ᠡᠷᠴᠢᠮ ᠬᠦᠴᠦᠲᠡᠢ ᠪᠠᠶ᠋ᠢᠵᠤ᠂ ᠬᠠᠤᠯᠢ ᠵᠢ ᠵᠠᠪᠠᠯ ᠵᠢᠷᠤᠮᠯᠠᠬᠤ᠂ ᠬᠠᠤᠯᠢ ᠵᠢ ᠵᠠᠪᠠᠯ ᠴᠢᠩᠭ᠎ᠠ ᠬᠡᠷᠡᠭᠵᠢᠭᠦᠯᠬᠦ᠂ ᠬᠠᠤᠯᠢ᠎ᠠᠴᠠ ᠵᠥᠷᠢᠴᠡᠪᠡᠯ ᠵᠠᠪᠠᠯ ᠨᠡᠬᠡᠮᠵᠢᠯᠡᠬᠦ ᠵᠢ ᠪᠠᠷᠢᠮᠲᠠᠯᠠᠬᠤ ᠬᠡᠷᠡᠭᠲᠡᠢ᠎ᠪᠠᠷ ᠦᠯᠦ ᠪᠠᠷᠠᠮ ᠪᠠᠰᠠ ᠰᠡᠳᠬᠢᠯᠭᠡ᠎ᠲᠠᠢ ᠪᠠᠶ᠋ᠢᠵᠤ᠂ ᠴᠢᠬᠤᠯᠠ᠎ᠲᠠᠢ ᠦᠶ᠎ᠡ᠎ᠳᠤ ᠤᠶᠠᠨ ᠬᠠᠳᠠᠨ ᠵᠶ᠋ᠠᠷ ᠬᠠᠤᠯᠢ ᠬᠡᠷᠡᠭᠵᠢᠭᠦᠯᠬᠦ᠂ ᠬᠥᠮᠥᠡᠯᠢᠭ ᠵᠶ᠋ᠠᠷ ᠬᠠᠤᠯᠢ ᠬᠡᠷᠡᠭᠵᠢᠭᠦᠯᠬᠦ ᠵᠡᠷᠭᠡ ᠠᠷᠭ᠎ᠠ ᠬᠡᠯᠪᠡᠷᠢ ᠵᠢ ᠠᠪᠴᠤ᠂ ᠡᠷᠬᠡ ᠲᠡᠭᠰᠢ ᠲᠥᠪ ᠭᠤᠣᠯᠴᠢ ᠬᠥᠭᠵᠢᠯᠲᠡ ᠵᠢᠨ ᠣᠷᠴᠢᠨ ᠨᠥᠬᠦᠴᠡᠯ᠎ᠢ ᠬᠦᠴᠦᠯᠡᠨ ᠪᠤᠢ ᠪᠣᠯᠭ᠋ᠠᠬᠤ ᠬᠡᠷᠡᠭᠲᠡᠢ᠃ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠦᠨᠳᠦᠰᠦᠨ ᠪᠠᠷᠢᠮᠵᠢᠶᠠᠨ᠎ᠤ ᠳᠦᠷᠢᠮ᠎ᠢ ᠲᠦᠷᠭᠡᠪᠴᠢᠯᠡᠨ ᠨᠠᠶ᠋ᠢᠳᠠᠪᠤᠷᠢᠵᠢᠭᠤᠯᠵᠤ᠂ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠤᠭᠤᠳ᠎ᠢ ᠰᠢᠢ᠍ᠳᠬᠡᠬᠦ ᠪᠠᠷᠢᠮᠵᠢᠶ᠎ᠠ ᠨᠢᠭᠡᠳᠦᠯᠲᠡᠢ᠂ ᠳᠠᠷᠠᠭ᠋ᠠᠯᠠᠯ ᠲᠥᠪ ᠭᠤᠤᠯᠴᠢ᠂ ᠦᠷ᠎ᠡ ᠳ᠋ᠦᠩ ᠵᠦᠢ ᠵᠣᠬᠢᠰᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠢᠨᠠᠯᠲᠠ ᠲᠠᠯᠪᠢᠯᠲᠠ᠎ᠪᠠᠨ ᠲᠡᠭᠦᠯᠳᠡᠷᠵᠢᠭᠦᠯᠵᠦ᠂ ᠵᠠᠰᠠᠭ ᠵᠠᠬᠢᠷᠭ᠋ᠠᠨ᠎ᠤ ᠡᠷᠬᠡ ᠵᠢ ᠬᠢᠵᠠᠭ᠋ᠠᠷᠯᠠᠬᠤ ᠪᠠ ᠬᠢᠨᠠᠯᠲᠠ ᠲᠠᠯᠪᠢᠬᠤ ᠲᠣᠭᠲᠠᠯᠴᠠᠭ᠎ᠠ ᠵᠢ ᠪᠦᠷᠢᠨᠰᠢᠭᠦᠯᠵᠦ᠂ ᠡᠯ᠎ᠡ ᠲᠠᠯ᠎ᠠ ᠵᠢᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠢ ᠮᠥᠷᠲᠡᠭᠡᠨ ᠵᠠᠰᠠᠭ ᠵᠠᠬᠢᠷᠭ᠋ᠠᠨ᠎ᠤ ᠬᠢᠨᠠᠯᠲᠠ᠎ᠪᠠᠨ ᠲᠡᠭᠦᠯᠳᠡᠷᠵᠢᠭᠦᠯᠦᠨ᠂ ᠬᠢᠨᠠᠯᠲᠠ᠎ᠲᠠᠢ ᠨᠥᠬᠦᠴᠡᠯ ᠳᠣᠣᠷ᠎ᠠ ᠡᠷᠬᠡ᠎ᠪᠠᠨ ᠬᠡᠷᠡᠭᠵᠢᠭᠦᠯᠬᠦ ᠳᠠᠳᠬᠠᠯ ᠬᠢᠭᠡᠳ ᠤᠬᠠᠮᠰᠠᠷ᠎ᠢ ᠪᠤᠢ ᠪᠣᠯᠭ᠋ᠠᠵᠤ᠂ ᠵᠠᠰᠠᠭ᠎ᠤᠨ ᠣᠷᠳᠣᠨ᠎ᠤ ᠠᠵᠢᠯ᠎ᠢ ᠢᠮᠠᠭᠲᠠ ᠢᠯᠡ᠎ᠪᠠᠷ ᠶᠠᠪᠤᠭᠳᠠᠭᠤᠯᠬᠤ ᠬᠡᠷᠡᠭᠲᠡᠢ ᠭᠡᠯ᠎ᠡ᠃
    ᠯᠢ ᠴᠢᠶᠠᠩ ᠴᠢᠬᠤᠯᠠᠴᠢᠯᠠᠬᠤ᠎ᠳᠤ᠎ᠪᠠᠨ᠂ ᠥᠷᠭᠡᠨ ᠣᠯᠠᠨ ᠺᠠᠳ᠋ᠷᠴᠤᠳ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠬᠠᠤᠯᠢ ᠶᠣᠰᠣᠭ᠋ᠠᠷ ᠵᠠᠰᠠᠭ ᠶᠠᠪᠤᠭᠤᠯᠬᠤ ᠴᠢᠳᠠᠪᠤᠷᠢ ᠪᠠ ᠲᠦᠪᠰᠢᠨ᠎ᠢ᠎ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠳᠤᠷᠢᠳᠬᠤ ᠺᠠᠳ᠋ᠷᠴᠤᠳ᠎ᠤᠨ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠤᠨ᠂ ᠬᠥᠮᠦᠵᠢᠯ ᠪᠣᠯᠪᠠᠰᠤᠷᠠᠯ᠎ᠢ ᠦᠨᠡᠨ ᠬᠦ᠌ ᠴᠢᠩᠭ᠋ᠠᠳᠬᠠᠵᠤ᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ》 ᠵᠢᠨ ᠲᠣᠭᠤᠷᠢᠨ᠎ᠳᠤ ᠬᠤᠯᠪᠤᠭᠳᠠᠯ ᠪᠦᠬᠦᠢ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠪᠠ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠳ᠎ᠢ ᠲᠣᠬᠢᠷᠠᠭᠤᠯᠤᠨ ᠰᠢᠯᠢᠳᠡᠭᠵᠢᠭᠦᠯᠬᠦ᠎ᠪᠠᠨ ᠠᠬᠢᠭᠤᠯᠵᠤ᠂ ᠬᠠᠤᠯᠢ ᠶᠣᠰᠣᠭ᠋ᠠᠷ ᠥᠨᠳᠥᠷ ᠪᠦᠲᠦᠮᠵᠢᠲᠡᠶ ᠠᠵᠢᠯ ᠶᠠᠪᠤᠳᠠᠯ ᠭᠦᠢ᠍ᠴᠡᠳᠬᠡᠬᠦ ᠵᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠲᠠᠪᠤᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠤᠳᠤ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠵᠦ ᠪᠦᠭᠦ ᠪᠥᠮᠪᠥᠷᠴᠡᠭ᠎ᠤᠨ ᠥᠷᠢᠰᠦᠯᠳᠦᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠨᠡᠭᠡᠭᠡᠯᠲᠡᠲᠤ ᠣᠷᠴᠢᠨ᠎ᠢ ᠪᠠᠶ᠋ᠢᠭᠤᠯᠬᠤ ᠬᠡᠷᠡᠭᠲᠡᠢ ᠯᠢ ᠴᠢᠶᠠᠩ ᠸᠠᠩ ᠬᠤ᠌ ᠨᠢᠩ ᠼᠠᠢ ᠴᠢ ᠣᠷᠣᠯᠴᠠᠪᠠ
ᠰᠢ ᠵᠢᠨ ᠫᠢᠩ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠳᠤ ᠴᠢᠬᠤᠯᠠ ᠵᠢᠭ᠋ᠠᠪᠤᠷᠢ ᠥᠭᠴᠦ ᠱᠠᠭ᠋ᠠᠷᠳᠠᠭᠰᠠᠨ᠎ᠨᠢ — ᠭᠠᠮᠰᠢᠭ᠎ᠤᠨ ᠪᠠᠶ᠋ᠢᠳᠠᠯ᠎ᠢ ᠪᠦᠭᠦ ᠬᠦᠴᠦ᠎ᠪᠠᠷ ᠵᠶ᠋ᠠᠨ ᠠᠷᠭ᠋ᠠᠴᠠᠭ᠋ᠠᠵᠤ ᠦᠶᠡᠷ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠲᠠᠢ ᠲᠡᠮᠡᠴᠡᠵᠦ ᠠᠶᠤᠯ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠵᠦ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠲᠡᠢ
ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠥᠬᠡᠨᠠᠭᠤᠷ᠎ᠤᠨ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ
ᠪᠦᠭᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠭᠡ ᠬᠤᠷᠠᠯ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠬᠢᠭᠦᠯᠦᠨ ᠱᠠᠩᠨᠠᠬᠤ ᠶᠡᠭᠡ ᠬᠤᠷᠠᠯ ᠬᠤᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ ᠰᠢ ᠵᠢᠨ ᠫᠢᠩ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ ᠬᠦᠷᠲᠡᠭᠰᠡᠳ᠎ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠡᠷᠭᠡ ᠵᠢ ᠰᠣᠨᠣᠰᠪᠠ
 
            