ᠰᠢᠨᠬᠤᠸᠠ ᠬᠤᠷᠢᠶ᠎ᠠ ᠵᠢᠨ ᠪᠡᠭᠡᠵᠢᠩ᠎ᠤᠨ 6 ᠰᠠᠷ᠎ᠠ ᠵᠢᠨ 27᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ 6 ᠰᠠᠷ᠎ᠠ ᠵᠢᠨ 27᠎ᠤ ᠡᠳᠦᠷ ᠬᠤᠷᠠᠯ ᠬᠤᠷᠠᠯᠳᠤᠭᠤᠯᠵᠤ᠂ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠠᠰᠠᠭᠤᠳᠠᠯ᠎ᠢ ᠰᠤᠳᠤᠯᠪᠠ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ᠃
ᠬᠤᠷᠠᠯ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠢ 7 ᠰᠠᠷ᠎ᠠ ᠵᠢᠨ 15᠎ᠠᠴᠠ 18᠎ᠤ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠭᠤᠯᠬᠤ᠎ᠪᠠᠷ ᠲᠣᠭᠲᠠᠪᠠ᠃
ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ 《ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠨᠠᠮ᠎ᠤᠨ ᠲᠥᠪ ᠬᠤᠷᠢᠶ᠎ᠠ ᠵᠢᠨ ᠲᠣᠭᠲᠠᠭ᠋ᠠᠯ》᠎ᠤᠨ ᠨᠣᠣᠷᠠᠭ᠎ᠤᠨ ᠲᠤᠬᠠᠢ ᠨᠠᠮ᠎ᠤᠨ ᠳᠣᠲᠣᠨ᠎ᠠ ᠭᠠᠳᠠᠨᠠᠬᠢ ᠵᠣᠬᠢᠬᠤ ᠬᠡᠪᠴᠢᠶᠡᠨ᠎ᠳᠤ ᠰᠠᠨᠠᠯ ᠬᠤᠷᠢᠶᠠᠭᠰᠠᠨ ᠪᠠᠶ᠋ᠢᠳᠠᠯ᠎ᠤᠨ ᠲᠤᠬᠠᠢ ᠮᠡᠳᠡᠭᠦᠯᠦᠯᠲᠡ ᠵᠢ ᠰᠣᠨᠣᠰᠴᠤ᠂ ᠲᠣᠰ ᠤᠳᠠᠭ᠋ᠠᠨ᠎ᠤ ᠬᠤᠷᠠᠯ᠎ᠳᠤ ᠶᠠᠷᠢᠯᠴᠠᠭᠰᠠᠨ ᠰᠠᠨᠠᠯ᠎ᠢ ᠦᠨᠳᠦᠰᠦᠯᠡᠨ ᠵᠠᠰᠠᠪᠤᠷᠢ ᠣᠷᠣᠭᠤᠯᠤᠭᠰᠠᠨ᠎ᠤ ᠳᠠᠷᠠᠭ᠎ᠠ ᠪᠢᠴᠢᠭ ᠮᠠᠲ᠋ᠧᠷᠢᠶᠠᠯ᠎ᠤᠨ ᠨᠣᠣᠷᠠᠭ᠎ᠢ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠲᠣᠭᠲᠠᠪᠠ᠃
ᠬᠤᠷᠠᠯ᠎ᠠᠴᠠ᠂ ᠡᠨᠡ ᠤᠳᠠᠭ᠎ᠠ ᠰᠠᠨᠠᠯ ᠬᠤᠷᠢᠶᠠᠬᠤ᠎ᠳᠠᠭᠠᠨ ᠨᠠᠮ᠎ᠤᠨ ᠳᠣᠲᠣᠭ᠋ᠠᠳᠤ ᠵᠢᠨ ᠠᠷᠠᠳᠴᠢᠯᠠᠯ᠂ ᠤᠯᠡᠠ᠎ᠤ ᠤᠶᠤᠨ ᠤᠬᠠᠭ᠋ᠠᠨ᠎ᠢ ᠲᠥᠪᠯᠡᠷᠡᠭᠦᠯᠬᠦ ᠰᠤᠷᠲᠠᠯ᠎ᠢ ᠭᠦᠢ᠍ᠴᠡᠳ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠵᠢᠨ᠎ᠬᠢᠨ ᠲᠣᠭᠲᠠᠭ᠋ᠠᠯ᠎ᠤᠨ ᠨᠣᠣᠷᠠᠭ᠎ᠢ ᠭᠦᠢ᠍ᠴᠡᠳ ᠨᠤᠲᠠᠯᠠᠵᠠᠢ ᠭᠡᠵᠦ ᠵᠢᠭ᠋ᠠᠵᠤ ᠭᠠᠷᠭ᠋ᠠᠨ᠂ ᠲᠣᠭᠲᠠᠭ᠋ᠠᠯ᠎ᠤᠨ ᠨᠣᠣᠷᠠᠭ᠎ᠲᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠠᠰᠠᠭᠤᠳᠠᠯ᠎ᠢ ᠭᠦᠨᠵᠡᠭᠡᠢ ᠵᠠᠳᠠᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠣᠭᠤᠷᠢᠨ᠎ᠳᠤ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠶᠡᠷᠦᠩᠬᠡᠢ ᠪᠠᠶ᠋ᠢᠷᠢᠯᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠵᠦ᠂ ᠰᠢᠨ᠎ᠡ ᠠᠶᠠᠨ᠎ᠳᠤ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠵᠢᠯᠤᠭᠤᠳᠬᠤ ᠬᠥᠲᠥᠯᠪᠦᠷᠢ ᠵᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠵᠤ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠢ ᠲᠡᠭᠦᠯᠳᠡᠷᠵᠢᠭᠦᠯᠦᠨ ᠬᠥᠭᠵᠢᠭᠦᠯᠬᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠲᠡᠦᠬᠡ ᠵᠢᠨ ᠰᠠᠨᠠᠭ᠋ᠠᠴᠢᠯᠠᠭ᠋ᠠᠲᠤ ᠴᠢᠨᠠᠷ᠂ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠠᠷᠠᠭᠤᠯ ᠢᠷᠡᠭᠡᠳᠦᠢ ᠵᠢ ᠨᠡᠭᠡᠭᠡᠬᠦ ᠴᠢᠩᠭ᠎ᠠ ᠬᠠᠲᠠᠭᠤ ᠡᠷᠡᠰ ᠵᠣᠷᠢᠭ᠎ᠢ ᠭᠦᠢ᠍ᠴᠡᠳ ᠢᠯᠡᠷᠡᠭᠦᠯᠵᠡᠢ ᠭᠡᠵᠦ ᠦᠵᠡᠪᠡ᠃
ᠬᠤᠷᠠᠯ᠎ᠠᠴᠠ᠂ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠶᠠᠪᠤᠳᠠᠯ ᠪᠣᠯᠣᠨ᠎ᠠ᠃ 2035 ᠣᠨ ᠪᠤᠯᠬᠤ᠎ᠳᠤ ᠥᠨᠳᠥᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠯ᠎ᠢ ᠪᠦᠭᠦ ᠲᠠᠯ᠎ᠠ᠎ᠪᠠᠷ ᠪᠡᠶᠡᠯᠡᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠢ ᠨᠠᠩ ᠲᠡᠭᠦᠯᠳᠡᠷᠵᠢᠭᠦᠯᠵᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠵᠦ᠂ ᠲᠣᠰ ᠵᠠᠭᠤᠨ᠎ᠤ ᠳᠤᠮᠳᠠᠴᠢ ᠪᠤᠯᠬᠤ᠎ᠳᠤ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠭᠡᠵᠦ ᠴᠢᠬᠤᠯᠠᠴᠢᠯᠠᠪᠠ᠃
ᠬᠤᠷᠠᠯ᠎ᠠᠴᠠ᠂ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢᠬᠢ ᠢᠯᠠᠩᠭᠤᠶ᠎ᠠ ᠰᠢᠨ᠎ᠡ ᠴᠠᠭ ᠦᠶ᠎ᠡ᠎ᠳᠤ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠵᠢ ᠳ᠋ᠦᠩᠨᠡᠨ ᠬᠡᠷᠡᠭᠯᠡᠵᠦ᠂ ᠳᠣᠣᠷᠠᠬᠢ ᠵᠠᠷᠴᠢᠮ᠎ᠢ ᠲᠤᠭᠤᠰᠢᠯᠠᠭᠤᠯᠬᠤ ᠬᠡᠷᠡᠭᠲᠡᠢ᠄ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ ᠵᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ ᠨᠠᠮ᠎ᠤᠨ ᠪᠦᠭᠦ ᠲᠠᠯ᠎ᠠ ᠵᠢ ᠶᠡᠷᠦᠩᠬᠡᠶ᠋ᠢᠯᠡᠨ ᠡᠵᠡᠮᠳᠡᠬᠦ᠂ ᠡᠯ᠎ᠡ ᠲᠠᠯ᠎ᠠ ᠵᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠵᠢᠨ ᠦᠢ᠍ᠯᠡᠳᠦᠯ᠎ᠢ ᠪᠠᠳᠠᠷᠠᠭᠤᠯᠵᠤ᠂ ᠨᠠᠮ᠎ᠤᠨ ᠤᠳᠤᠷᠢᠳᠤᠯᠭ᠎ᠠ ᠵᠢ ᠥᠭᠡᠷᠡᠴᠢᠯᠡᠯᠲᠡ ᠵᠢᠨ ᠡᠯ᠎ᠡ ᠲᠠᠯ᠎ᠠ ᠪᠦᠭᠦ ᠶᠠᠪᠤᠴᠠ᠎ᠳᠤ ᠲᠤᠭᠤᠰᠢᠯᠠᠭᠤᠯᠵᠤ᠂ ᠥᠭᠡᠷᠡᠴᠢᠯᠡᠯᠲᠡ ᠵᠢᠨ ᠢᠮᠠᠭᠲᠠ ᠵᠥᠪ ᠣᠨᠣᠪᠴᠢᠲᠠᠢ ᠤᠯᠤᠰ ᠲᠦᠷᠦ ᠵᠢᠨ ᠴᠢᠭᠯᠡᠯ ᠵᠶ᠋ᠠᠷ ᠤᠷᠤᠭᠰᠢᠯᠠᠬᠤ ᠵᠢ ᠪᠠᠲᠤᠯᠠᠬᠤ ᠭᠡᠷᠡᠭᠲᠡᠢ; ᠠᠷᠠᠳ ᠲᠦᠮᠡᠨ ᠵᠶ᠋ᠠᠷ ᠭᠤᠣᠯ ᠪᠤᠯᠭ᠋ᠠᠬᠤ ᠵᠢ ᠪᠠᠷᠢᠮᠲᠠᠯᠠᠵᠤ᠂ ᠠᠷᠠᠳ ᠲᠦᠮᠡᠨ᠎ᠤ ᠭᠤᠣᠯ ᠴᠣᠭᠴᠠ ᠵᠢᠨ ᠪᠠᠶ᠋ᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠭᠦᠨᠳᠦᠳᠭᠡᠵᠦ᠂ ᠠᠷᠠᠳ ᠲᠦᠮᠡᠨ ᠬᠦᠰᠡᠯ ᠱᠠᠭ᠋ᠠᠷᠳᠠᠯᠭ᠎ᠠ᠎ᠲᠠᠢ ᠪᠣᠯ ᠥᠭᠡᠷᠡᠴᠢᠯᠡᠯᠲᠡ᠎ᠨᠢ ᠬᠠᠷᠢᠭᠤ ᠲᠤᠰᠬᠠᠯ᠎ᠲᠠᠢ ᠪᠠᠶ᠋ᠢᠬᠤ ᠵᠢ ᠪᠠᠷᠢᠮᠲᠠᠯᠠᠵᠤ᠂ ᠥᠭᠡᠷᠡᠴᠢᠯᠡᠯᠲᠡ᠎ᠨᠢ ᠠᠷᠠᠳ ᠲᠦᠮᠡᠨ᠎ᠤ ᠲᠥᠯᠥᠭᠡ᠂ ᠥᠭᠡᠷᠡᠴᠢᠯᠡᠯᠲᠡ᠎ᠨᠢ ᠠᠷᠠᠳ ᠲᠦᠮᠡᠨ᠎ᠳᠤ ᠲᠦᠰᠢᠭᠯᠡᠵᠦ᠂ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠠᠷᠠᠳ ᠲᠦᠮᠡᠨ᠎ᠳᠤ ᠬᠠᠮᠲᠤ᠎ᠪᠠᠷ ᠡᠳ᠋ᠯᠡᠭᠦᠯᠭᠦ ᠵᠢ ᠪᠡᠶᠡᠯᠡᠭᠦᠯᠬᠦ ᠭᠡᠷᠡᠭᠳᠡᠢ; ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠭᠤᠶ᠋ᠢᠪᠢᠰᠢ ᠦᠭᠡᠢ ᠪᠠᠷᠢᠮᠲᠠᠯᠠᠨ᠂ ᠴᠠᠭ ᠦᠶ᠎ᠡ ᠵᠢᠨ ᠠᠯᠬᠤᠭ᠎ᠠ ᠵᠢ ᠴᠢᠩᠭ᠎ᠠ ᠲᠠᠭ᠋ᠠᠵᠤ᠂ ᠦᠢ᠍ᠯᠡᠳᠦᠯᠭᠡ ᠵᠢᠨ ᠬᠥᠭᠵᠢᠯᠲᠡ᠎ᠲᠠᠢ ᠵᠣᠬᠢᠴᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠲᠣᠪᠤᠶ᠋ᠢᠯᠭ᠋ᠠᠨ᠂ ᠰᠢᠨ᠎ᠡ ᠡᠭᠢᠯᠡᠯᠲᠡ ᠵᠢᠨ ᠴᠡᠭ ᠳᠡᠭᠡᠷ᠎ᠡ ᠤᠨᠤᠯ᠎ᠤᠨ ᠰᠢᠨ᠎ᠡ ᠵᠢ ᠡᠭᠦᠳᠬᠦ᠂ ᠦᠢ᠍ᠯᠡᠳᠦᠯᠭᠡ ᠵᠢᠨ ᠰᠢᠨ᠎ᠡ ᠵᠢ ᠡᠭᠦᠳᠬᠦ᠂ ᠳᠦᠷᠢᠮ᠎ᠤᠨ ᠰᠢᠨ᠎ᠡ ᠵᠢ ᠡᠭᠦᠳᠬᠦ᠂ ᠰᠣᠶᠣᠯ᠎ᠤᠨ ᠰᠢᠨ᠎ᠡ ᠵᠢ ᠡᠭᠦᠳᠬᠦ ᠪᠠ ᠪᠤᠰᠤᠳ ᠡᠯ᠎ᠡ ᠲᠠᠯ᠎ᠠ᠎ᠳᠤ ᠰᠢᠨ᠎ᠡ ᠵᠢ ᠡᠭᠦᠳᠬᠦ ᠵᠢ ᠠᠬᠢᠭᠤᠯᠬᠤ ᠭᠡᠷᠡᠭᠳᠡᠢ; ᠳᠦᠷᠢᠮ᠎ᠤᠨ ᠪᠠᠶ᠋ᠢᠭᠤᠯᠤᠯᠲᠠ᠎ᠪᠠᠷ ᠭᠤᠣᠯ ᠰᠢᠵᠢᠮ ᠪᠤᠯᠭ᠋ᠠᠬᠤ ᠵᠢ ᠪᠠᠷᠢᠮᠲᠠᠯᠠᠵᠤ᠂ ᠦᠵᠦ ᠲᠥᠯᠥᠪᠯᠡᠭᠡ ᠬᠢᠬᠦ᠂ ᠶᠡᠷᠦᠩᠬᠡᠢ᠎ᠳᠤ᠎ᠨᠢ ᠲᠥᠯᠥᠪᠵᠢᠭᠦᠯᠬᠦ᠂ ᠡᠪᠳᠡᠵᠦ ᠪᠠᠶ᠋ᠢᠭᠤᠯᠬᠤ ᠵᠢ ᠵᠡᠷᠭᠡ᠎ᠪᠠᠷ ᠠᠳᠬᠤᠬᠤ᠂ ᠤᠷᠢᠳ ᠵᠶ᠋ᠠᠷ ᠰᠢᠨ᠎ᠡ ᠵᠢ ᠪᠠᠶ᠋ᠢᠭᠤᠯᠤᠨ ᠳᠠᠷᠠᠭ᠎ᠠ᠎ᠨᠢ ᠬᠠᠭᠤᠴᠢᠨ᠎ᠢ ᠡᠪᠳᠡᠬᠦ ᠵᠢ ᠴᠢᠩᠭ᠋ᠠᠳᠬᠠᠵᠤ᠂ ᠦᠨᠳᠦᠰᠦ ᠪᠤᠯᠬᠤ ᠳᠦᠷᠢᠮ᠎ᠢ ᠪᠠᠬᠢᠵᠢᠭᠦᠯᠵᠦ᠂ ᠦᠨᠳᠦᠰᠦᠨ ᠳᠦᠷᠢᠮ᠎ᠢ ᠲᠡᠭᠦᠯᠳᠡᠷᠵᠢᠭᠦᠯᠵᠦ᠂ ᠴᠢᠬᠤᠯᠠ ᠳᠦᠷᠢᠮ᠎ᠤᠨ ᠰᠢᠨ᠎ᠡ ᠵᠢ ᠡᠭᠦᠳᠬᠦ ᠭᠡᠷᠡᠭᠳᠡᠢ; ᠪᠦᠭᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠵᠤ᠂ ᠬᠠᠤᠯᠢ᠎ᠪᠠᠷ ᠵᠠᠰᠠᠬᠤ ᠵᠠᠮ᠎ᠳᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠵᠤ᠂ ᠥᠭᠡᠷᠡᠴᠢᠯᠡᠯᠲᠡ ᠪᠠ ᠬᠠᠤᠯᠢ᠎ᠪᠠᠷ ᠵᠠᠰᠠᠬᠤ ᠵᠢ ᠬᠠᠷᠢᠯᠴᠠᠨ ᠨᠢᠭᠡᠳᠬᠡᠬᠦ ᠵᠢ ᠪᠡᠶᠡᠯᠡᠭᠦᠯᠵᠦ᠂ ᠴᠢᠬᠤᠯᠠ ᠶᠡᠭᠡ ᠥᠭᠡᠷᠡᠴᠢᠯᠡᠯᠲᠡ ᠵᠢ ᠬᠠᠤᠯᠢ ᠵᠢᠨ ᠦᠨᠳᠦᠰᠦᠯᠡᠯ᠎ᠲᠠᠢ ᠪᠤᠯᠭ᠋ᠠᠵᠤ᠂ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠴᠠᠭ ᠲᠤᠬᠠᠢᠳᠤᠨᠢ ᠬᠠᠤᠯᠢ ᠴᠠᠭ᠋ᠠᠵᠠ ᠵᠢᠨ ᠳᠦᠷᠢᠮ ᠪᠣᠯᠭ᠋ᠠᠨ ᠳᠡᠭᠡᠭᠰᠢᠯᠡᠭᠦᠯᠭᠦ ᠭᠡᠷᠡᠭᠳᠡᠢ; ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂ ᠠᠵᠤ ᠠᠬᠤᠢ ᠪᠠ ᠨᠡᠶ᠋ᠢᠭᠡᠮ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠂ ᠦᠷ᠎ᠡ ᠪᠦᠲᠦᠮᠵᠢ ᠪᠠ ᠲᠥᠪ ᠭᠤᠣᠯᠴᠢ᠂ ᠠᠮᠢᠵᠢᠷᠠᠯ᠎ᠤᠨ ᠬᠦᠴᠦᠨ ᠪᠠ ᠡᠮᠬᠢ ᠳᠢᠭᠯᠢᠮ᠂ ᠬᠥᠭᠵᠢᠯᠲᠡ ᠪᠠ ᠠᠮᠤᠷ ᠲᠦᠪᠰᠢᠨ ᠵᠡᠷᠭᠡ ᠴᠢᠬᠤᠯᠠ ᠶᠡᠭᠡ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠥᠭᠡᠷᠡᠴᠢᠯᠡᠯᠲᠡ ᠵᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠨᠠᠮ᠎ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ ᠡᠷᠬᠡᠪᠰᠢ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠵᠶ᠋ᠠᠷ ᠨᠡᠶ᠋ᠢᠭᠡᠮ᠎ᠤᠨ ᠬᠤᠪᠢᠰᠬᠠᠯ᠎ᠢ ᠬᠥᠲᠥᠯᠥᠨ ᠳᠠᠭ᠋ᠠᠭᠤᠯᠬᠤ ᠳᠡᠭᠡᠳᠦ ᠬᠡᠮᠵᠢᠶᠡᠨ᠎ᠤ ᠤᠬᠠᠮᠰᠠᠷ᠎ᠢ ᠪᠠᠷᠢᠮᠲᠠᠯᠠᠵᠤ᠂ ᠥᠭᠡᠷᠡᠴᠢᠯᠡᠯᠲᠡ ᠵᠢᠨ ᠵᠣᠷᠢᠭ ᠰᠠᠨᠠᠭ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ ᠵᠢ ᠪᠠᠷᠢᠮᠲᠠᠯᠠᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃