ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-02-25

    ᠰᠢᠨᠬᠤᠸᠠ ᠬᠤᠷᠢᠶᠠᠨ᠎ᠤ ᠪᠡᠭᠡᠵᠢᠩ᠎ᠤᠨ 2 ᠳ᠋ᠤᠭ᠋ᠠᠷ ᠰᠠᠷ᠎ᠠ ᠵᠢᠨ 21᠎ᠤ ᠡᠳᠦᠷ᠎ᠤᠨ ᠴᠠᠬᠢᠯᠭ᠋ᠠᠨ ᠮᠡᠳᠡᠭᠡ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠶ ᠰᠠᠶ᠋ᠢᠳ ᠯᠢ ᠴᠢᠶᠠᠩ 2 ᠳ᠋ᠤᠭ᠋ᠠᠷ ᠰᠠᠷ᠎ᠠ ᠵᠢᠨ 21᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠬᠢᠯᠡᠨ ᠬᠤᠷᠠᠯᠳᠤᠭᠤᠯᠵᠤ᠂ ᠦᠢ᠍ᠯᠡᠴᠢᠯᠡᠭᠡᠨ᠎ᠤ ᠠᠷᠠᠯᠵᠢᠶ᠎ᠠ ᠪᠠ ᠦᠢ᠍ᠯᠡᠴᠢᠯᠡᠭᠡᠨ᠎ᠤ ᠬᠡᠷᠡᠭᠯᠡᠭᠡ ᠵᠢᠨ ᠬᠤᠯᠪᠣᠭᠳᠠᠯ ᠪᠦᠬᠦᠢ ᠠᠵᠢᠯ᠎ᠢ ᠰᠤᠳᠤᠯᠵᠤ᠂ 《ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠥᠳᠡᠯᠭᠡᠭᠴᠢ ᠬᠦᠴᠦᠨ᠎ᠤ ᠴᠡᠨᠡᠭ᠎ᠢ ᠡᠭᠡᠭᠦᠯᠦᠨ ᠠᠪᠴᠤ ᠠᠰᠢᠭᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠠᠵᠢᠯᠯᠠᠭ᠋ᠠᠨ᠎ᠤ ᠲᠥᠰᠦᠯ》᠎ᠢ ᠬᠢᠨᠠᠨ ᠵᠥᠪᠯᠡᠵᠦ ᠪᠠᠲᠤᠯᠠᠭᠰᠠᠨ ᠮᠥᠷᠲᠡᠭᠡᠨ᠂ 2024 ᠣᠨ᠎ᠳᠠᠬᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠠᠯᠠᠭ᠎ᠠ ᠮᠥᠴᠢᠷ᠎ᠤᠳ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ ᠪᠠ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃
    ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠭᠰᠠᠨ᠎ᠨᠢ᠂ ᠦᠢ᠍ᠯᠡᠴᠢᠯᠡᠭᠡᠨ᠎ᠤ ᠠᠷᠠᠯᠵᠢᠶ᠎ᠠ ᠪᠠ ᠦᠢ᠍ᠯᠡᠴᠢᠯᠡᠭᠡᠨ᠎ᠤ ᠬᠡᠷᠡᠭᠯᠡᠭᠡ ᠵᠢ ᠬᠥᠭᠵᠢᠭᠦᠯᠬᠦ ᠪᠣᠯ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠬᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠵᠢᠨ ᠴᠢᠬᠤᠯᠠ ᠭᠠᠷᠳᠠᠴᠠ ᠮᠥᠨ᠃ ᠰᠢᠨ᠎ᠡ ᠵᠢ ᠡᠭᠦᠳᠦᠨ ᠬᠦᠴᠦᠯᠡᠵᠦ ᠪᠠᠶ᠋ᠢᠭ᠋ᠠᠳ ᠦᠢ᠍ᠯᠡᠴᠢᠯᠡᠭᠡᠨ᠎ᠤ ᠠᠷᠠᠯᠵᠢᠶ᠎ᠠ᠎ᠪᠠᠨ ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠦᠢ᠍ᠯᠡᠴᠢᠯᠡᠭᠡᠨ᠎ᠤ ᠠᠷᠠᠯᠵᠢᠶᠠᠨ᠎ᠤ ᠲᠠᠯ᠎ᠠ᠎ᠪᠠᠷ᠎ᠬᠢ ᠬᠤᠷᠢᠭ᠋ᠠᠲᠠᠢ ᠵᠦᠢ᠍ᠯ᠎ᠤᠨ ᠨᠠᠷᠢᠨ ᠲᠠᠩᠰᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠲᠦᠷᠢᠮ᠎ᠯᠦᠭᠡ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠴᠠᠬᠢᠯᠭ᠋ᠠᠨ ᠬᠤᠯᠪᠣᠭ᠎ᠠ᠂ ᠰᠤᠷᠭ᠋ᠠᠨ ᠬᠥᠮᠦᠵᠢᠯ᠂ ᠰᠣᠶᠣᠯ᠂ ᠡᠮ ᠡᠮᠨᠡᠯᠭᠡ᠂ ᠮᠥᠩᠭᠦᠨ ᠭᠦᠢ᠍ᠯᠭᠡᠭᠡ ᠵᠡᠷᠭᠡ ᠬᠦᠷᠢᠶᠡᠨ᠎ᠳᠤ ᠨᠢᠭᠡ ᠪᠦᠯᠦᠭ ᠰᠢᠨ᠎ᠡ᠎ᠪᠠᠷ ᠨᠡᠭᠡᠭᠡᠯᠲᠡ ᠬᠢᠬᠦ ᠠᠷᠭ᠎ᠠ ᠬᠡᠮᠵᠢᠶ᠎ᠡ ᠵᠢ ᠰᠤᠳᠤᠯᠤᠨ ᠭᠠᠷᠭ᠋ᠠᠨ᠎ᠠ᠃ ᠦᠢ᠍ᠯᠡᠴᠢᠯᠡᠭᠡᠨ᠎ᠤ ᠭᠠᠳᠠᠭ᠋ᠠᠳᠤ ᠭᠠᠷᠭ᠋ᠠᠯᠲᠠ ᠵᠢ ᠢᠳᠡᠪᠬᠢᠲᠡᠶ ᠠᠬᠢᠭᠤᠯᠵᠤ᠂ ᠮᠠᠨ᠎ᠤ ᠤᠯᠤᠰ᠎ᠤᠨ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠳ᠎ᠤᠨ ᠤᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠬᠦ ᠪᠠ ᠳᠡᠯᠡᠬᠡᠶ᠋ᠢᠴᠢᠯᠡᠬᠦ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠦᠢ᠍ᠯᠡᠴᠢᠯᠡᠭᠡᠨ᠎ᠤ ᠠᠷᠠᠯᠵᠢᠶᠠᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠨᠡᠭᠡᠭᠡᠯᠳᠡ ᠵᠢᠨ ᠲᠠᠪᠴᠠᠩ᠎ᠨᠤᠭᠤᠳ᠎ᠢ ᠪᠠᠶ᠋ᠢᠭᠤᠯᠵᠤ᠂ ᠦᠢ᠍ᠯᠡᠴᠢᠯᠡᠭᠡᠨ᠎ᠤ ᠠᠷᠠᠯᠵᠢᠶ᠎ᠠ᠂ ᠳ᠋ᠢᠭᠢᠲ ᠠᠷᠠᠯᠵᠢᠶᠠᠨ᠎ᠤ ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠵᠢᠨ ᠬᠠᠮᠲᠤᠷᠠᠯᠴᠠᠭ᠎ᠠ ᠵᠢ ᠥᠷᠭᠡᠳᠬᠡᠨ᠎ᠡ᠃ ᠦᠢ᠍ᠯᠡᠴᠢᠯᠡᠭᠡᠨ᠎ᠤ ᠬᠡᠷᠡᠭᠯᠡᠭᠡ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠦᠢ᠍ᠯᠡᠴᠢᠯᠡᠭᠡᠨ᠎ᠤ ᠬᠡᠷᠡᠭᠯᠡᠭᠡ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ ᠠᠷᠠᠳ᠎ᠲᠤ ᠠᠰᠢᠭ ᠬᠦᠷᠲᠡᠭᠡᠬᠦ ᠠᠵᠢᠯᠯᠠᠭ᠋ᠠᠨ᠎ᠢ ᠬᠡᠷᠡᠭᠵᠢᠭᠦᠯᠵᠦ᠂ ᠦᠢ᠍ᠯᠡᠴᠢᠯᠡᠭᠡᠨ᠎ᠤ ᠬᠡᠷᠡᠭᠯᠡᠭᠡ ᠵᠢᠨ ᠣᠷᠴᠢᠨ ᠪᠠᠶ᠋ᠢᠳᠠᠯ᠎ᠤᠨ ᠰᠢᠨ᠎ᠡ ᠵᠢ ᠡᠭᠦᠳᠬᠦ᠂ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠠᠭᠤᠰᠤᠯᠴᠠᠬᠤ᠂ ᠠᠵᠤ ᠦᠢ᠍ᠯᠡᠰ᠎ᠤᠨ ᠲᠥᠪᠯᠡᠷᠡᠬᠦ ᠵᠢ ᠳᠡᠮᠵᠢᠵᠦ᠂ ᠰᠣᠶᠣᠯ ᠵᠢᠭᠤᠯᠴᠢᠯᠠᠯ᠂ ᠬᠤᠭᠤᠯᠠ ᠤᠮᠳᠠ ᠬᠤᠨᠣᠭᠯᠠᠵᠤ ᠪᠠᠭᠤᠳᠠᠯᠯᠠᠬᠤ᠂ ᠨᠠᠰᠤᠵᠢᠯ᠎ᠤᠨ ᠠᠰᠠᠷᠠᠮᠵᠢ ᠨᠠᠶ᠋ᠢᠳᠠᠨ ᠰᠠᠭ᠋ᠠᠲᠠᠭᠤᠯᠬᠤ᠂ ᠳ᠋ᠢᠭᠢᠲ ᠬᠡᠷᠡᠭᠯᠡᠭᠡ ᠵᠡᠷᠭᠡ ᠬᠦᠷᠢᠶᠡᠨ᠎ᠤ ᠪᠠᠷᠢᠮᠵᠢᠶ᠎ᠠ ᠵᠢ ᠲᠡᠭᠦᠯᠳᠡᠷᠵᠢᠭᠦᠯᠦᠨ᠎ᠡ᠃ 《ᠭᠠᠳᠠᠭ᠋ᠠᠳᠤ᠎ᠳᠤ ᠨᠡᠭᠡᠭᠡᠯᠲᠡ ᠬᠢᠬᠦ》᠂ 《ᠳᠣᠲᠣᠭ᠋ᠠᠳᠤ᠎ᠳᠤ᠎ᠪᠠᠨ ᠴᠢᠯᠦᠭᠡᠲᠡᠢ ᠪᠠᠶ᠋ᠢᠯᠭ᠋ᠠᠬᠤ》 ᠠᠷᠭ᠎ᠠ᠎ᠪᠠᠷ ᠡᠳ᠋᠎ᠤᠨ ᠵᠠᠰᠠᠭ᠂ ᠭᠠᠶ᠋ᠢᠯᠢ ᠲᠠᠲᠠᠪᠤᠷᠢ᠂ ᠮᠥᠩᠭᠦᠨ ᠭᠦᠢ᠍ᠯᠭᠡᠭᠡ ᠵᠡᠷᠭᠡ ᠵᠢᠨ ᠲᠦᠷᠦ ᠵᠢᠨ ᠪᠤᠳᠤᠯᠭ᠎ᠠ ᠵᠢ ᠶᠡᠷᠦᠩᠬᠡᠶ᠋ᠢᠯᠡᠨ ᠬᠡᠷᠡᠭᠯᠡᠵᠦ᠂ ᠵᠠᠬ᠎ᠠ ᠳᠡᠯᠭᠡᠭᠦᠷ᠎ᠤᠨ ᠬᠦᠴᠦᠨ᠎ᠢ ᠭᠦᠢ᠍ᠴᠡᠳ ᠠᠰᠢᠭᠯᠠᠨ᠂ ᠴᠢᠨᠠᠷ ᠰᠠᠶ᠋ᠢᠲᠠᠶ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠤᠯᠠᠮ ᠨᠢᠭᠡ ᠠᠯᠬᠤᠮ ᠨᠡᠮᠡᠭᠳᠡᠭᠦᠯᠵᠦ ᠪᠠᠶ᠋ᠢᠭ᠋ᠠᠳ ᠤᠯᠠᠨ ᠲᠦᠮᠡᠨ᠎ᠤ ᠤᠯᠠᠨ ᠶᠠᠩᠵᠤᠴᠢᠯᠠᠭᠰᠠᠨ ᠦᠢ᠍ᠯᠡᠴᠢᠯᠡᠭᠡᠨ᠎ᠤ ᠬᠡᠷᠡᠭᠯᠡᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠡᠩ ᠰᠠᠶ᠋ᠢᠨ ᠬᠠᠩᠭ᠋ᠠᠨ᠎ᠠ᠃
    ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠭᠰᠠᠨ᠎ᠨᠢ᠂ ᠮᠠᠨ᠎ᠤ ᠤᠯᠤᠰ᠎ᠤᠨ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠥᠳᠡᠯᠭᠡᠭᠴᠢ ᠬᠦᠴᠦᠨ᠎ᠤ ᠴᠡᠨᠡᠭ ᠣᠳᠣᠬᠠᠨ᠎ᠳᠤ ᠬᠡᠷᠡᠭᠴᠡᠭᠡ᠎ᠠᠴᠠ ᠭᠠᠷᠬᠤ ᠬᠡᠪᠴᠢᠶᠡᠵᠢᠭᠰᠡᠨ ᠱᠠᠲᠤᠨ᠎ᠳᠤ ᠣᠷᠣᠵᠤ᠂ ᠬᠥᠳᠡᠯᠭᠡᠭᠴᠢ ᠬᠦᠴᠦᠨ᠎ᠤ ᠴᠡᠨᠡᠭ᠎ᠢ ᠡᠭᠡᠭᠦᠯᠦᠨ ᠠᠪᠴᠤ ᠠᠰᠢᠭᠯᠠᠬᠤ ᠴᠢᠳᠠᠪᠤᠷᠢ ᠵᠢᠨ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠶᠠᠪᠤᠳᠠᠯ ᠮᠠᠰᠢ ᠴᠢᠬᠤᠯᠠ ᠪᠣᠯᠪᠠ᠃ ᠪᠦᠬᠦ ᠬᠡᠯᠬᠢᠶᠡᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠲᠦᠭᠵᠢᠷᠡᠯ ᠬᠠᠰᠢᠭᠳᠠᠯ᠎ᠢ ᠬᠦᠴᠦᠯᠡᠨ ᠨᠡᠪᠲᠡᠷᠡᠭᠦᠯᠵᠦ᠂ ᠵᠢᠷᠤᠮᠵᠢᠭᠤᠨ᠂ ᠠᠮᠤᠷ ᠲᠦᠪᠰᠢᠨ᠂ ᠥᠨᠳᠥᠷ ᠪᠦᠲᠦᠮᠵᠢᠲᠡᠢ ᠡᠭᠡᠭᠦᠯᠦᠨ ᠠᠪᠴᠤ ᠠᠰᠢᠭᠯᠠᠬᠤ ᠲᠣᠭᠲᠠᠯᠴᠠᠭ᠎ᠠ ᠵᠢ ᠪᠠᠶ᠋ᠢᠭᠤᠯᠵᠤ᠂ ᠳ᠋ᠢᠭᠢᠳ᠋ᠴᠢᠯᠡᠭᠰᠡᠨ ᠮᠡᠷᠭᠡᠵᠢᠯ᠎ᠢ ᠬᠡᠷᠡᠭᠯᠡᠨ ᠬᠥᠳᠡᠯᠭᠡᠭᠴᠢ ᠬᠦᠴᠦᠨ᠎ᠤ ᠴᠡᠨᠡᠭ᠎ᠤᠨ ᠪᠦᠬᠦ ᠬᠡᠷᠡᠭᠯᠡᠭᠡᠨ᠎ᠤ ᠦᠶᠡᠯᠡᠯ᠎ᠤᠨ ᠬᠤᠭᠤᠴᠠᠭ᠋ᠠᠨ᠎ᠳᠠᠬᠢ ᠭᠦᠢ᠍ᠯᠭᠡᠭᠡᠨ᠎ᠢ ᠬᠢᠨᠠᠨ ᠰᠢᠨᠵᠢᠬᠦ ᠵᠢ᠎ᠨᠢ ᠴᠢᠩᠭ᠋ᠠᠳᠬᠠᠵᠤ᠂ ᠦᠢ᠍ᠯᠡᠳᠪᠦᠷᠢᠯᠡᠬᠦ᠂ ᠪᠣᠷᠣᠯᠠᠭᠤᠯᠬᠤ᠂ ᠵᠠᠳᠠᠯᠬᠤ᠂ ᠠᠰᠢᠭᠯᠠᠬᠤ ᠵᠢ ᠪᠦᠬᠦ ᠶᠠᠪᠤᠴᠠ᠎ᠳᠤ᠎ᠨᠢ ᠮᠥᠷᠳᠡᠨ ᠤᠬᠤᠴᠢᠯᠠᠬᠤ ᠵᠢ ᠪᠡᠶᠡᠯᠡᠭᠦᠯᠦᠨ᠎ᠡ᠃ ᠬᠠᠤᠯᠢᠵᠢᠯ᠎ᠤᠨ ᠠᠷᠭ᠎ᠠ ᠪᠠᠷᠢᠯ᠎ᠢ ᠬᠡᠷᠡᠭᠯᠡᠨ ᠡᠭᠡᠭᠦᠯᠦᠨ ᠠᠪᠴᠤ ᠠᠰᠢᠭᠯᠠᠬᠤ ᠵᠢ ᠵᠢᠷᠤᠮᠵᠢᠭᠤᠯᠵᠤ᠂ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠲᠣᠭᠲᠠᠭ᠋ᠠᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠎ᠠ᠃ ᠬᠥᠳᠡᠯᠭᠡᠭᠴᠢ ᠬᠦᠴᠦᠨ᠎ᠤ ᠴᠡᠨᠡᠭ᠎ᠤᠨ ᠪᠣᠬᠢᠷᠲᠤᠯ ᠦᠭᠡᠢ ᠵᠢᠷᠤᠭᠯᠠᠬᠤ᠂ ᠦᠢ᠍ᠯᠡᠳᠬᠦᠨ᠎ᠤ ᠨᠡᠭᠦᠷᠡᠰᠦᠲᠥ᠋ᠷᠥᠭᠴᠢ ᠵᠢᠨ ᠤᠯᠠ ᠮᠥᠷ᠎ᠤᠨ ᠲᠣᠭ᠋ᠠᠴᠠᠭ᠋ᠠᠯᠠᠬᠤ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠵᠢ ᠲᠦᠷᠭᠡᠬᠡᠨ ᠲᠣᠭᠲᠠᠭ᠋ᠠᠵᠤ ᠵᠠᠰᠠᠪᠤᠷᠢ ᠣᠷᠣᠭᠤᠯᠤᠨ᠂ ᠪᠠᠷᠢᠮᠵᠢᠶ᠎ᠠ᠎ᠪᠠᠷ ᠬᠦᠳᠦᠯᠦᠨ ᠳᠠᠭ᠋ᠠᠭᠤᠯᠵᠤ ᠪᠠᠶ᠋ᠢᠭ᠋ᠠᠳ ᠡᠭᠡᠭᠦᠯᠦᠨ ᠠᠪᠴᠤ ᠠᠰᠢᠭᠯᠠᠬᠤ ᠵᠢ ᠳᠠᠶ᠋ᠢᠴᠢᠯᠠᠨ᠎ᠠ᠃
    ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠭᠰᠠᠨ᠎ᠨᠢ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠦᠷᠦ ᠵᠢᠨ ᠵᠥᠪᠯᠡᠯᠭᠡᠨ᠎ᠤ ᠰᠠᠨᠠᠯ ᠳᠤᠷᠠᠳᠤᠯᠭ᠎ᠠ ᠵᠢ ᠰᠠᠶ᠋ᠢᠲᠤᠷ ᠭᠦᠢ᠍ᠴᠡᠳᠬᠡᠬᠦ ᠪᠣᠯ ᠵᠠᠰᠠᠭ᠎ᠤᠨ ᠣᠷᠳᠣᠨ᠎ᠤ ᠤᠬᠠᠮᠰᠠᠷ᠎ᠠᠴᠠ᠎ᠪᠠᠨ ᠬᠢᠨᠠᠯᠲᠠ ᠬᠦᠯᠢᠶᠡᠬᠦ᠂ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢᠨ ᠳᠣᠲᠣᠭ᠋ᠠᠳᠤ ᠱᠠᠭ᠋ᠠᠷᠳᠠᠯᠭ᠎ᠠ ᠪᠣᠯᠤᠨ᠎ᠠ᠂ ᠮᠥᠨ ᠴᠦ᠍ ᠪᠦᠬᠦ ᠶᠠᠪᠤᠴᠠ᠎ᠳᠠᠬᠢ ᠠᠷᠠᠳ᠎ᠤᠨ ᠠᠷᠠᠳᠴᠢᠯᠠᠯ᠎ᠢ ᠭᠦᠨᠵᠡᠭᠡᠢ ᠦᠢ᠍ᠯᠡᠳᠦᠯᠭᠡᠵᠢᠭᠦᠯᠬᠦ ᠵᠢᠨ ᠴᠢᠬᠤᠯᠠ ᠢᠯᠡᠷᠡᠯ ᠪᠣᠯᠤᠨ᠎ᠠ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠠᠯᠠᠭ᠎ᠠ ᠮᠥᠴᠢᠷ᠎ᠤᠳ᠎ᠤᠨ ᠨᠢᠳᠤᠨᠤᠨ᠎ᠤ ᠳᠠᠭ᠋ᠠᠭ᠋ᠠᠨ ᠠᠪᠴᠤ ᠭᠦᠢ᠍ᠴᠡᠳᠬᠡᠭᠰᠡᠨ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠴᠥᠮ ᠴᠠᠭ ᠲᠤᠬᠠᠶ᠎ᠳᠤ᠎ᠨᠢ ᠭᠦᠢ᠍ᠴᠡᠳᠬᠡᠨ ᠳᠠᠭᠤᠰᠬᠠᠵᠤ᠂ ᠥᠭᠡᠷᠡᠴᠢᠯᠡᠯᠲᠡ ᠬᠥᠭᠵᠢᠯᠲᠡ ᠪᠠ ᠤᠯᠠᠨ ᠲᠦᠮᠡᠨ᠎ᠤ ᠠᠮᠢ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠭᠰᠠᠨ ᠭᠤᠣᠯᠳᠠᠯᠭ᠎ᠠ ᠪᠣᠯᠬᠤ ᠬᠦᠴᠢᠷᠳᠡᠯᠲᠡᠢ ᠠᠰᠠᠭᠤᠳᠠᠯ᠎ᠤᠳ᠎ᠢ ᠰᠢᠢ᠍ᠳᠪᠦᠷᠢᠯᠡᠬᠦ ᠵᠢ ᠠᠬᠢᠭᠤᠯᠪᠠ᠃ ᠡᠨᠡ ᠵᠢᠯ᠎ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠭᠦᠢ᠍ᠴᠡᠳᠬᠡᠬᠦ ᠠᠵᠢᠯ ᠵᠶ᠋ᠠᠨ ᠦᠷᠭᠦᠯᠵᠢᠯᠡᠨ ᠴᠢᠨᠠᠷ ᠰᠠᠶ᠋ᠢᠲᠠᠢ᠎ᠪᠠᠷ ᠰᠠᠶ᠋ᠢᠲᠤᠷ ᠬᠢᠵᠦ᠂ ᠲᠥᠯᠥᠭᠡᠯᠡᠭᠴᠢ ᠭᠡᠰᠢᠭᠦᠳ᠎ᠯᠦᠭᠡ ᠣᠶ᠋ᠢᠯᠠᠭ᠋ᠠᠯᠴᠠᠵᠤ ᠨᠡᠪᠲᠡᠷᠡᠯᠴᠡᠬᠦ᠎ᠪᠠᠨ ᠴᠢᠩᠭ᠋ᠠᠳᠬᠠᠵᠤ᠂ ᠠᠳᠠᠯᠢ ᠰᠡᠳᠦᠪ᠎ᠢ ᠬᠠᠮᠲᠤ ᠬᠠᠷᠢᠭᠤᠯᠬᠤ᠂ ᠠᠳᠠᠯᠢ ᠴᠢᠭᠯᠡᠯ ᠵᠶ᠋ᠠᠷ ᠬᠠᠮᠲᠤ ᠬᠦᠴᠦᠯᠡᠬᠦ ᠵᠢ ᠪᠠᠷᠢᠮᠲᠠᠯᠠᠵᠤ᠂ ᠬᠦᠴᠢᠷ ᠠᠰᠠᠭᠤᠳᠠᠯ᠎ᠢ ᠴᠢᠨᠠᠭᠰᠢᠳᠠ ᠰᠢᠢ᠍ᠳᠪᠦᠷᠢᠯᠡᠵᠦ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠴᠢᠨᠠᠷ ᠰᠠᠶ᠋ᠢᠲᠠᠢ ᠭᠦᠢ᠍ᠴᠡᠳᠬᠡᠬᠦ᠎ᠪᠠᠷ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠨ᠎ᠡ᠃
    ᠬᠤᠷᠠᠯᠳᠤᠭ᠋ᠠᠨ ᠵᠶ᠋ᠠᠷ ᠪᠠᠰᠠ ᠪᠤᠰᠤᠳ ᠵᠦᠢ᠍ᠯᠡᠰ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠲᠥᠪ᠎ᠤᠨ ᠬᠥᠷᠰᠢ ᠵᠡᠷᠭᠡᠯᠡᠳᠡᠭᠡ ᠵᠢᠨ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ ᠯᠢ ᠴᠢᠶᠠᠩ ᠬᠤᠷᠠᠯ᠎ᠢ ᠡᠷᠬᠢᠯᠡᠵᠦ ᠵᠤᠤ ᠯᠧ ᠵᠢᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ᠎ᠳᠤ ᠣᠷᠣᠯᠴᠠᠵᠠᠢ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ 《ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠠᠵᠢᠯ᠎ᠤᠨ ᠳᠦᠷᠢᠮ》 《ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠡᠭᠡᠯᠵᠢ ᠵᠢᠨ ᠲᠣᠭᠤᠷᠢᠨ ᠪᠠᠶ᠋ᠢᠴᠠᠭ᠋ᠠᠯᠲᠠ ᠵᠢᠨ ᠪᠠᠶ᠋ᠢᠳᠠᠯ᠎ᠤᠨ ᠲᠤᠬᠠᠢ ᠶᠡᠷᠦᠩᠬᠡᠶ᠋ᠢᠯᠡᠭᠰᠡᠨ ᠮᠡᠳᠡᠭᠦᠯᠦᠯᠲᠡ》 ᠵᠢ ᠬᠢᠨᠠᠨ ᠵᠥᠪᠯᠡᠵᠡᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ
ᠣᠯᠠᠨ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ᠎ᠤᠨ ᠲᠥᠯᠥᠭᠡᠯᠡᠭᠴᠢᠳ᠎ᠲᠠᠢ ᠠᠭᠤᠯᠵᠠᠬᠤ ᠦᠶ᠎ᠡ ᠵᠢᠨ ᠶᠠᠷᠢᠶ᠎ᠠ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠵᠤ ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠯᠲᠠ᠎ᠳᠤ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠵᠡᠷᠭᠡ ᠵᠢ ᠰᠤᠳᠤᠯᠪᠠ
ᠰᠢ ᠵᠢᠨ ᠫᠢᠩ ᠶᠦᠨᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠦᠵᠡᠯ ᠰᠠᠨᠠᠭ᠎ᠠ᠎ᠪᠠᠨ ᠴᠢᠯᠦᠭᠡᠯᠡᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠡᠷᠡᠮᠡᠬᠡᠶ᠋ᠢᠯᠡᠨ ᠤᠷᠤᠭᠰᠢᠯᠠᠵᠤ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠶᠦᠨᠨᠠᠨ᠎ᠤ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ
 
            