ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠴᠢᠨᠠᠷ ᠰᠠᠶ᠋ᠢᠲᠠᠢ ᠬᠥᠭᠵᠢᠯᠲᠡ᠎ᠪᠠᠷ ᠪᠥᠬᠦ ᠲᠠᠯ᠎ᠠ ᠵᠢ ᠬᠠᠮᠤᠷᠬᠤ ᠵᠢ ᠪᠠᠷᠢᠮᠲᠠᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠭᠦᠢ᠍ᠵᠧᠦ ᠵᠢᠨ ᠰᠢᠨ᠎ᠡ ᠵᠢᠪᠬᠤᠭ᠎ᠠ ᠵᠢ ᠢᠯᠡᠷᠡᠭᠦᠯᠬᠦ ᠬᠡᠷᠡᠭᠲᠡᠢ
ᠨᠡᠶ᠋ᠢᠲᠡᠯᠡᠭᠰᠡᠨ ᠴᠠᠭ᠄ 2025-03-20

    ᠰᠢ ᠵᠢᠨ ᠫᠢᠩ ᠭᠦᠢ᠍ᠵᠧᠦ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ
    ᠴᠢᠨᠠᠷ ᠰᠠᠶ᠋ᠢᠲᠠᠢ ᠬᠥᠭᠵᠢᠯᠲᠡ᠎ᠪᠠᠷ ᠪᠥᠬᠦ ᠲᠠᠯ᠎ᠠ ᠵᠢ ᠬᠠᠮᠤᠷᠬᠤ ᠵᠢ ᠪᠠᠷᠢᠮᠲᠠᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠭᠦᠢ᠍ᠵᠧᠦ ᠵᠢᠨ ᠰᠢᠨ᠎ᠡ ᠵᠢᠪᠬᠤᠭ᠎ᠠ ᠵᠢ ᠢᠯᠡᠷᠡᠭᠦᠯᠬᠦ ᠬᠡᠷᠡᠭᠲᠡᠢ
    ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ


    ᠰᠢᠨᠬᠤᠸᠠ ᠬᠤᠷᠢᠶ᠎ᠠ ᠵᠢᠨ ᠭᠦᠢ᠍ᠶᠠᠩ᠎ᠤᠨ 3 ᠰᠠᠷ᠎ᠠ ᠵᠢᠨ 18᠎ᠤ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠶ᠋ᠢᠷ᠎ᠠ᠎ᠳᠤ ᠭᠦᠢ᠍ᠵᠧᠦ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠂ ᠭᠦᠢ᠍ᠵᠧᠦ ᠮᠤᠵᠢ ᠵᠢᠨ᠎ᠬᠢᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠪᠠ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ ᠵᠢᠨ ᠲᠤᠬᠠᠢ ᠨᠠᠮ᠎ᠤᠨ ᠲᠥᠪ ᠬᠤᠷᠢᠶ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠢ ᠬᠥᠭᠵᠢᠯᠲᠡ᠎ᠪᠠᠷ ᠪᠦᠭᠦ ᠲᠠᠯ᠎ᠠ ᠵᠢ ᠬᠠᠮᠤᠷᠬᠤ ᠵᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠬᠥᠳᠡᠯᠭᠡᠬᠦ ᠬᠦᠴᠦᠨ ᠪᠤᠯᠭ᠋ᠠᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠰᠢᠷᠭ᠋ᠠᠭᠤ ᠠᠵᠢᠯᠯᠠᠨ ᠪᠣᠳᠠᠲᠠᠢ ᠠᠵᠢᠯᠯᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠡᠪᠰᠢᠵᠦ᠂ ᠴᠢᠳᠠᠮᠠᠭ᠋ᠠᠢ ᠠᠵᠢᠯᠯᠠᠨ ᠴᠢᠳᠠᠮᠠᠭ᠋ᠠᠢ᠎ᠪᠠᠷ ᠠᠮᠵᠢᠯᠲᠠ ᠪᠦᠲᠦᠮᠵᠢ ᠭᠠᠷᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠭᠦᠢ᠍ᠵᠧᠦ ᠵᠢᠨ ᠰᠢᠨ᠎ᠡ ᠵᠢᠪᠬᠤᠭ᠎ᠠ ᠵᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

   3 ᠰᠠᠷ᠎ᠠ ᠵᠢᠨ 17᠎ᠠᠴᠠ 18᠎ᠤ ᠡᠳᠦᠷ ᠪᠤᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠭᠦᠢ᠍ᠵᠧᠦ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠣᠯ 17᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠭᠦᠢ᠍ᠵᠧᠦ ᠵᠢᠨ ᠵᠡᠭᠦᠨ ᠡᠮᠦᠨᠡᠲᠦ ᠵᠧᠦ ᠵᠢᠨ ᠯᠢ ᠫᠢᠩ ᠰᠢᠶᠠᠨ᠎ᠤ ᠵᠤᠤ ᠰᠢᠩ᠎ᠤᠨ ᠳ᠋ᠦᠩ ᠦᠨᠳᠦᠰᠦᠲᠡᠨ᠎ᠤ ᠴᠠᠶ᠋ᠢᠵᠠ᠎ᠳᠤ ᠬᠦᠷᠴᠦ ᠰᠢᠨᠵᠢᠯᠡᠨ ᠪᠠᠶ᠋ᠢᠴᠠᠭ᠋ᠠᠬᠤ᠎ᠳᠠᠭᠠᠨ ᠲᠣᠰᠬᠤᠨ᠎ᠤ ᠠᠷᠠᠳ᠎ᠲᠠᠢ ᠳᠣᠲᠣᠨᠣ ᠶᠠᠷᠢᠯᠴᠠᠵᠤ ᠪᠠᠶ᠋ᠢᠭ᠎ᠠ᠎ᠨᠢ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠠᠨ ᠶᠠᠨ ᠰᠡᠭᠦᠳᠡᠷᠯᠡᠪᠡ
   3 ᠰᠠᠷ᠎ᠠ ᠵᠢᠨ 17᠎ᠠᠴᠠ 18᠎ᠤ ᠡᠳᠦᠷ ᠪᠤᠯᠲᠠᠯ᠎ᠠ᠂ ᠰᠢ ᠵᠢᠨ ᠫᠢᠩ ᠭᠦᠢ᠍ᠵᠧᠦ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠰᠢᠦᠢ ᠯᠢᠨ ᠪᠣᠯᠣᠨ ᠮᠤᠵᠢ ᠵᠢᠨ ᠳᠠᠷᠤᠭ᠎ᠠ ᠯᠢ ᠪᠢᠩ ᠵᠢᠶᠦ᠋ᠨ᠎ᠤ ᠪᠠᠷ᠎ᠠ ᠪᠤᠯᠤᠯᠭ᠎ᠠ᠎ᠲᠠᠢ᠎ᠪᠠᠷ ᠤᠷᠢᠳ ᠬᠤᠵᠢᠳ ᠭᠦᠢ᠍ᠵᠧᠦ ᠵᠢᠨ ᠵᠡᠭᠦᠨ ᠡᠮᠦᠨᠡᠲᠦ ᠵᠢᠨ ᠮᠢᠶᠣᠣ ᠦᠨᠳᠦᠰᠦᠲᠡᠨ ᠳ᠋ᠦᠩ ᠦᠨᠳᠦᠰᠦᠲᠡᠨ᠎ᠤ ᠥᠪᠡᠷᠲᠡᠭᠡᠨ ᠵᠠᠰᠠᠬᠤ ᠵᠧᠦ᠂ ᠭᠦᠢ᠍ᠶᠠᠩ ᠬᠤᠳᠠ ᠵᠡᠷᠭᠡ ᠭᠠᠵᠠᠷ᠎ᠲᠤ ᠬᠦᠷᠴᠦ ᠰᠢᠨᠵᠢᠯᠡᠨ ᠪᠠᠶ᠋ᠢᠴᠠᠭ᠋ᠠᠪᠠ᠃

   3 ᠰᠠᠷ᠎ᠠ ᠵᠢᠨ 17᠎ᠠᠴᠠ 18᠎ᠤ ᠡᠳᠦᠷ ᠪᠤᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠭᠦᠢ᠍ᠵᠧᠦ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠣᠯ 17᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠭᠦᠢ᠍ᠵᠧᠦ ᠵᠢᠨ ᠵᠡᠭᠦᠨ ᠡᠮᠦᠨᠡᠲᠦ ᠵᠧᠦ ᠵᠢᠨ ᠯᠢ ᠫᠢᠩ ᠰᠢᠶᠠᠨ᠎ᠤ ᠵᠤᠤ ᠰᠢᠩ᠎ᠤᠨ ᠳ᠋ᠦᠩ ᠦᠨᠳᠦᠰᠦᠲᠡᠨ᠎ᠤ ᠴᠠᠶ᠋ᠢᠵᠠ᠎ᠳᠤ ᠬᠦᠷᠴᠦ ᠰᠢᠨᠵᠢᠯᠡᠨ ᠪᠠᠶ᠋ᠢᠴᠠᠭ᠋ᠠᠬᠤ᠎ᠳᠠᠭᠠᠨ ᠰᠢᠨᠲ᠋ᠤᠸᠠᠨ ᠬᠡᠩᠭᠡᠷᠭᠡᠲᠦ ᠠᠰᠠᠷ᠎ᠲᠤ ᠲᠣᠰᠬᠤᠨ᠎ᠤ ᠺᠠᠳ᠋ᠷ ᠪᠣᠯᠣᠨ ᠲᠣᠰᠬᠤᠨ᠎ᠤ ᠠᠷᠠᠳ᠎ᠤᠨ ᠲᠥᠯᠥᠭᠡᠯᠡᠭᠴᠢᠳ᠎ᠲᠠᠢ ᠬᠠᠮᠲᠤ ᠲᠣᠭᠤᠷᠢᠨ ᠰᠠᠭᠤᠯᠴᠠᠵᠤ᠂ ᠬᠥᠳᠡᠭᠡ ᠳᠤᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠲᠤᠬᠠᠢ ᠶᠠᠷᠢᠯᠴᠠᠵᠤ ᠪᠠᠶ᠋ᠢᠭ᠎ᠠ᠎ᠨᠢ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ

   17᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠭᠦᠢ᠍ᠵᠧᠦ ᠵᠢᠨ ᠵᠡᠭᠦᠨ ᠡᠮᠦᠨᠡᠲᠦ ᠵᠧᠦ ᠵᠢᠨ ᠯᠢ ᠫᠢᠩ᠎ᠤᠨ ᠰᠢᠶᠠᠨ᠎ᠤ ᠵᠤᠤ ᠰᠢᠩ᠎ᠤᠨ ᠳ᠋ᠦᠩ ᠦᠨᠳᠦᠰᠦᠲᠡᠨ᠎ᠤ ᠴᠠᠶ᠋ᠢᠵᠠ᠎ᠳᠤ ᠬᠦᠷᠴᠦ ᠰᠢᠨᠵᠢᠯᠡᠨ ᠪᠠᠶ᠋ᠢᠴᠠᠭ᠋ᠠᠪᠠ᠃ ᠴᠠᠶ᠋ᠢᠵᠠ ᠵᠢᠨ ᠡᠭᠦᠳᠡᠨ᠎ᠳᠤ ᠦᠨᠳᠦᠰᠦᠲᠡᠨ᠎ᠤ ᠬᠤᠪᠴᠠᠰᠤ ᠵᠠᠰᠠᠯ ᠵᠶ᠋ᠠᠷ ᠵᠶ᠋ᠠᠨ ᠴᠢᠮᠡᠭᠯᠡᠭᠰᠡᠨ ᠲᠣᠰᠬᠤᠨ᠎ᠤ ᠠᠷᠠᠳ ᠳ᠋ᠦᠩ ᠦᠨᠳᠦᠰᠦᠲᠡᠨ᠎ᠤ ᠨᠠᠶ᠋ᠢᠷ᠎ᠤᠨ ᠳᠠᠭᠤᠤ᠎ᠪᠠᠨ ᠳᠠᠭᠤᠯᠠᠵᠤ ᠶᠡᠷᠦᠩᠬᠡᠢ ᠱᠦᠵᠢ ᠵᠢ ᠤᠭᠲᠤᠪᠠ᠃ ᠰᠢ ᠵᠢᠨ ᠫᠢᠩ ᠳ᠋ᠦᠩ ᠦᠨᠳᠦᠰᠦᠲᠡᠨ᠎ᠤ ᠨᠠᠶ᠋ᠢᠷ᠎ᠤᠨ ᠳᠠᠭᠤᠤ ᠵᠢᠨ ᠤᠷᠠᠯᠢᠭ᠎ᠤᠨ ᠡᠭᠦᠰᠦᠯ᠂ ᠠᠶᠠᠯᠭᠤ ᠵᠢᠨ ᠣᠨᠴᠠᠯᠢᠭ᠂ ᠳᠠᠭᠤᠯᠠᠬᠤ ᠭᠡᠯᠪᠡᠷᠢ ᠵᠡᠷᠭᠡ ᠲᠠᠯ᠎ᠠ ᠵᠢᠨ ᠲᠠᠨᠢᠯᠴᠠᠭᠤᠯᠭ᠎ᠠ ᠵᠢ ᠮᠠᠰᠢ ᠰᠣᠨᠢᠷᠬᠠᠯᠲᠠᠢ ᠰᠣᠨᠣᠰᠴᠠᠢ᠃ ᠳᠠᠷᠠᠭ᠎ᠠ᠎ᠨᠢ ᠲᠣᠰᠬᠤᠨ ᠴᠠᠶ᠋ᠢᠵᠠ ᠵᠢᠨ ᠵᠠᠮ ᠳᠠᠭ᠋ᠠᠤ ᠳ᠋ᠦᠩ ᠦᠨᠳᠦᠰᠦᠲᠡᠨ᠎ᠤ ᠴᠠᠶ᠋ᠢᠵᠠ ᠵᠢᠨ ᠳᠦᠷᠰᠦ ᠪᠠᠶ᠋ᠢᠳᠠᠯ ᠪᠠ ᠵᠢᠭᠤᠯᠴᠢᠯᠠᠯ᠎ᠤᠨ ᠳᠡᠯᠭᠡᠭᠦᠷ᠎ᠢ ᠪᠠᠶ᠋ᠢᠴᠠᠭ᠋ᠠᠨ ᠦᠵᠡᠵᠦ᠂ ᠪᠠᠶ᠋ᠢᠨ ᠲᠠᠭᠢᠨ ᠵᠣᠭᠰᠣᠨ ᠳᠡᠯᠭᠡᠭᠦᠷ᠎ᠤᠨ ᠡᠵᠡᠨ᠂ ᠵᠢᠭᠤᠯᠴᠢᠯᠠᠬᠰᠡᠳ᠂ ᠲᠣᠰᠬᠤᠨ᠎ᠤ ᠠᠷᠠᠳ᠎ᠲᠠᠢ ᠶᠠᠷᠢᠯᠴᠠᠵᠤ ᠪᠠᠶ᠋ᠢᠯ᠎ᠠ᠃ ᠳ᠋ᠦᠩ ᠦᠨᠳᠦᠰᠦᠲᠡᠨ᠎ᠤ ᠰᠣᠶᠣᠯ᠎ᠤᠨ ᠦᠵᠡᠭᠦᠯᠭᠡ ᠵᠢᠨ ᠲᠥᠪ᠎ᠲᠤ ᠲᠡᠷᠡ ᠳ᠋ᠦᠩ ᠦᠨᠳᠦᠰᠦᠲᠡᠨ᠎ᠤ ᠲᠡᠦᠬᠡ᠂ ᠵᠠᠩ ᠦᠢ᠍ᠯᠡ ᠪᠣᠯᠣᠨ ᠬᠤᠪᠴᠠᠰᠤ ᠵᠠᠰᠠᠯ᠂ ᠪᠠᠷᠢᠯᠭ᠎ᠠ ᠵᠡᠷᠭᠡ ᠣᠨᠴᠠᠯᠢᠭᠲᠤ ᠰᠣᠶᠣᠯ᠎ᠢ ᠬᠠᠮᠠᠭ᠋ᠠᠯᠠᠵᠤ ᠤᠯᠠᠮᠵᠢᠯᠠᠵᠤ ᠪᠠᠶ᠋ᠢᠭ᠎ᠠ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠳ᠋ᠦᠩ ᠦᠨᠳᠦᠰᠦᠲᠡᠨ᠎ᠤ ᠰᠢᠶᠠᠩ᠎ᠤᠨ ᠣᠨᠴᠠᠯᠢᠭᠲᠤ ᠠᠵᠤ ᠦᠢ᠍ᠯᠡᠰ᠎ᠤᠨ ᠰᠠᠭᠤᠷᠢᠨ᠎ᠳᠤ ᠲᠡᠷᠡ ᠯᠠᠳᠠᠵᠤ ᠪᠤᠳᠤᠬᠤ ᠤᠷ᠎ᠠ ᠮᠡᠷᠭᠡᠵᠢᠯ᠎ᠤᠨ ᠶᠠᠪᠤᠴᠠ ᠵᠢ ᠦᠵᠡᠵᠦ᠂ ᠯᠠᠳᠠᠵᠤ ᠪᠤᠳᠤᠬᠤ ᠬᠤᠷᠰᠢᠶ᠎ᠠ ᠵᠢᠨ ᠵᠣᠴᠢᠳ᠎ᠢ ᠳᠡᠭᠡᠳᠦᠯᠡᠬᠦ᠂ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ ᠡᠵᠡᠩᠨᠡᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ ᠪᠠᠶ᠋ᠢᠬᠤ ᠵᠢ ᠨᠤᠲᠠᠯᠠᠪᠠ᠃ ᠰᠢ ᠵᠢᠨ ᠫᠢᠩ᠂ ᠴᠥᠭᠡᠨ ᠲᠣᠭ᠋ᠠᠲᠤ ᠦᠨᠳᠦᠰᠦᠲᠡᠨ᠎ᠤ ᠰᠣᠶᠣᠯ ᠪᠣᠯ ᠳᠤᠮᠳᠠᠳᠤ ᠵᠢᠨ ᠰᠣᠶᠣᠯ᠎ᠤᠨ ᠲᠤᠲᠠᠭᠳᠠᠵᠤ ᠪᠣᠯᠣᠰᠢ ᠦᠭᠡᠢ ᠪᠦᠷᠢᠯᠳᠦᠭᠦᠨ ᠬᠡᠰᠡᠭ ᠮᠥᠨ᠃ ᠪᠦᠲᠦᠨ ᠵᠶ᠋ᠠᠷ ᠵᠶ᠋ᠠᠨ ᠪᠠᠶ᠋ᠢᠭ᠎ᠠ ᠠᠶ᠋ᠢᠯ ᠲᠣᠰᠬᠤᠨ᠂ ᠠᠷᠠᠳ᠎ᠤᠨ ᠣᠷᠣᠨ ᠰᠠᠭᠤᠴᠠ᠂ ᠣᠨᠴᠠᠯᠢᠭᠲᠤ ᠪᠠᠷᠢᠯᠭ᠎ᠠ ᠵᠢᠨ ᠳᠦᠷᠰᠦ ᠪᠠᠶ᠋ᠢᠳᠠᠯ᠎ᠢ ᠬᠠᠮᠠᠭ᠋ᠠᠯᠠᠵᠤ᠂ ᠦᠯᠦ ᠮᠡᠳᠡᠭᠳᠡᠮ᠎ᠡ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭ᠋ᠠᠮᠵᠢᠯᠠᠬᠤ᠎ᠪᠠᠷ ᠪᠠᠷᠠᠬᠤ ᠦᠭᠡᠢ ᠪᠠᠰᠠ ᠲᠡᠭᠦᠨ᠎ᠢ ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠠᠬᠢᠭᠤᠯᠵᠤ᠂ ᠠᠰᠢᠭᠯᠠᠯᠲᠠ ᠵᠢᠨ ᠳᠤᠮᠳᠠ ᠦᠨᠳᠦᠰᠦᠲᠡᠨ᠎ᠤ ᠣᠨᠴᠠᠯᠢᠭ᠎ᠢ ᠨᠠᠩ ᠠᠮᠢᠳᠤᠯᠢᠭ ᠲᠣᠳᠣ ᠪᠤᠯᠭ᠋ᠠᠵᠤ᠂ ᠰᠢᠨ᠎ᠡ ᠭᠡᠷᠡᠯ ᠭᠢᠯᠪᠠᠭ᠎ᠠ ᠵᠢ᠎ᠨᠢ ᠲᠠᠰᠤᠷᠠᠯᠲᠠ ᠦᠭᠡᠢ ᠰᠠᠴᠤᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢᠨᠲ᠋ᠤᠸᠠᠨ ᠬᠡᠩᠭᠡᠷᠭᠡᠲᠦ ᠠᠰᠠᠷ᠎ᠲᠤ ᠰᠢ ᠵᠢᠨ ᠫᠢᠩ ᠲᠣᠰᠬᠤᠨ᠎ᠤ ᠺᠠᠳ᠋ᠷ ᠪᠣᠯᠣᠨ ᠲᠣᠰᠬᠤᠨ᠎ᠤ ᠠᠷᠠᠳ᠎ᠤᠨ ᠲᠥᠯᠥᠭᠡᠯᠡᠭᠴᠢᠳ᠎ᠲᠠᠢ ᠬᠠᠮᠲᠤ ᠰᠠᠭᠤᠯᠴᠠᠵᠤ ᠳᠣᠲᠣᠨᠣ᠎ᠪᠠᠷ ᠶᠠᠷᠢᠯᠴᠠᠪᠠ᠃ ᠤᠯᠠᠨ ᠵᠶ᠋ᠠᠷ ᠵᠶ᠋ᠠᠨ ᠶᠡᠷᠦᠩᠬᠡᠢ ᠱᠦᠵᠢ᠎ᠳᠤ ᠣᠶ᠋ᠢᠷ᠎ᠠ ᠵᠢᠨ ᠵᠢᠯ᠎ᠤᠨ ᠲᠤᠷᠰᠢᠬᠢ ᠬᠥᠳᠡᠭᠡ ᠲᠣᠰᠬᠤᠨ᠎ᠳᠤ ᠭᠠᠷᠤᠭᠰᠠᠨ ᠪᠠᠶᠠᠷᠯᠠᠭᠤᠰᠢᠲᠠᠢ ᠬᠤᠪᠢᠷᠠᠯᠲᠠ ᠵᠢ ᠶᠠᠷᠢᠵᠤ ᠥᠭᠪᠡ᠃ ᠰᠢ ᠵᠢᠨ ᠫᠢᠩ᠂ ᠳ᠋ᠦᠩ ᠦᠨᠳᠦᠰᠦᠲᠡᠨ᠎ᠤ ᠴᠠᠶ᠋ᠢᠵᠠ ᠵᠢ ᠡᠶ᠋ᠢᠮᠦ ᠰᠠᠶ᠋ᠢᠬᠠᠨ ᠬᠠᠮᠠᠭ᠋ᠠᠯᠠᠵᠤ᠂ ᠳ᠋ᠦᠩ ᠦᠨᠳᠦᠰᠦᠲᠡᠨ᠎ᠤ ᠤᠯᠠᠨ ᠲᠦᠮᠡᠨ᠎ᠤ ᠠᠮᠢᠳᠤᠷᠠᠯ ᠵᠣᠯ ᠵᠢᠷᠭ᠋ᠠᠯ᠎ᠲᠠᠢ ᠪᠠᠶ᠋ᠢᠬᠤ ᠵᠢ ᠦᠵᠡᠭᠡᠳ ᠮᠠᠰᠢ ᠪᠠᠶᠠᠷᠯᠠᠵᠤ ᠪᠠᠶ᠋ᠢᠨ᠎ᠠ ᠭᠡᠵᠦ ᠢᠯᠡᠳᠬᠡᠪᠡ᠃ ᠲᠡᠷᠡ᠂ ᠠᠷᠠᠳ ᠤᠯᠠᠨ᠎ᠤ ᠶᠠᠪᠤᠳᠠᠯ᠎ᠢ ᠰᠠᠶ᠋ᠢᠲᠤᠷ ᠬᠢᠬᠦ ᠵᠢᠨ ᠵᠠᠩᠭᠢᠯᠠᠭ᠎ᠠ᠎ᠨᠢ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠵᠤ᠂ ᠨᠠᠮ᠎ᠤᠨ ᠡᠭᠦᠷ᠎ᠤᠨ ᠲᠠᠶ᠋ᠢᠴᠢᠨ ᠪᠠᠬᠢᠯᠡᠯᠲᠡ ᠵᠢᠨ ᠦᠢ᠍ᠯᠡᠳᠦᠯ ᠪᠣᠯᠣᠨ ᠨᠠᠮ᠎ᠤᠨ ᠭᠡᠰᠢᠭᠦᠨ᠎ᠤ ᠬᠤᠰᠢᠭᠤᠴᠢ ᠵᠢᠱ᠌ᠢᠶᠡᠴᠢ ᠦᠢ᠍ᠯᠡᠳᠦᠯ᠎ᠢ ᠪᠠᠳᠠᠷᠠᠭᠤᠯᠵᠤ᠂ ᠤᠯᠠᠨ ᠲᠦᠮᠡᠨ᠎ᠢ ᠳᠠᠭ᠋ᠠᠭᠤᠯᠤᠨ ᠠᠵᠤ ᠠᠬᠤᠢ ᠵᠢ ᠬᠥᠭᠵᠢᠭᠦᠯᠵᠦ᠂ ᠬᠥᠳᠡᠭᠡ ᠲᠣᠰᠬᠤᠨ᠎ᠤ ᠵᠠᠰᠠᠯᠲᠠ ᠵᠢ ᠰᠠᠶ᠋ᠢᠲᠤᠷ ᠬᠢᠬᠦ᠎ᠳᠤ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
    ᠬᠡᠩᠭᠡᠷᠭᠡᠲᠦ ᠠᠰᠠᠷ᠎ᠠᠴᠠ ᠰᠠᠯᠬᠤ ᠦᠶ᠎ᠡ᠎ᠳᠤ ᠲᠣᠰᠬᠤᠨ᠎ᠤ ᠠᠷᠠᠳ ᠠᠷᠤ ᠠᠷᠤ᠎ᠠᠴᠠ᠎ᠪᠠᠨ ᠬᠦᠷᠢᠶᠡᠯᠡᠨ ᠢᠷᠡᠵᠦ᠂ ᠬᠠᠯᠠᠭᠤᠨ ᠠᠯᠠᠭ᠎ᠠ ᠲᠠᠰᠢᠵᠤ᠂ ᠥᠨᠳᠥᠷ ᠲᠠᠭᠤᠨ ᠵᠶ᠋ᠠᠷ ᠶᠡᠷᠦᠩᠬᠡᠢ ᠱᠦᠵᠢ ᠵᠢᠨ ᠠᠮᠤᠷ᠎ᠢ ᠠᠰᠠᠭᠤᠪᠠ᠃ ᠰᠢ ᠵᠢᠨ ᠫᠢᠩ᠂ ᠳ᠋ᠦᠩ ᠦᠨᠳᠦᠰᠦᠲᠡᠨ᠎ᠤ ᠠᠷᠠᠳ ᠲᠦᠮᠡᠨ ᠪᠣᠷᠣᠭᠵᠢᠭᠤᠨ᠂ ᠠᠵᠢᠯᠴᠢ ᠭᠦᠳᠡᠯᠮᠦᠷᠢᠴᠢ᠂ ᠰᠣᠶᠣᠯ᠎ᠲᠠᠢ᠂ ᠤᠶᠤᠨ ᠤᠬᠠᠭ᠋ᠠᠨ᠎ᠲᠠᠢ ᠶᠤᠮ᠃ ᠤᠯᠠᠨ ᠵᠶ᠋ᠠᠷ ᠵᠶ᠋ᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠨᠡᠩ ᠰᠠᠶ᠋ᠢᠲᠤᠷ ᠬᠢᠬᠦ ᠵᠢ ᠬᠦᠰᠡᠵᠦ ᠪᠠᠶ᠋ᠢᠨ᠎ᠠ᠂ ᠤᠯᠠᠨ᠎ᠤ ᠠᠮᠢᠳᠤᠷᠠᠯ ᠡᠳᠦᠷ᠎ᠠᠴᠠ ᠡᠳᠦᠷ ᠥᠭᠡᠳᠡ ᠡᠰᠡᠷᠡᠭ ᠪᠤᠯᠬᠤ ᠵᠢ ᠬᠦᠰᠡᠨ ᠵᠥᠩᠨᠡᠵᠦ ᠪᠠᠶ᠋ᠢᠨ᠎ᠠ ᠭᠡᠵᠦ ᠪᠠᠶᠠᠷ᠎ᠲᠠᠢ ᠬᠠᠷᠢᠭᠤᠯᠪᠠ᠃ ᠳ᠋ᠦᠩ ᠦᠨᠳᠦᠰᠦᠲᠡᠨ᠎ᠤ ᠴᠠᠶ᠋ᠢᠵᠠ᠎ᠠᠴᠠ ᠰᠠᠯᠬᠤ ᠦᠶ᠎ᠡ᠎ᠳᠤ ᠳ᠋ᠦᠩ ᠦᠨᠳᠦᠰᠦᠲᠡᠨ᠎ᠤ ᠣᠯᠠᠨ ᠲᠦᠮᠡᠨ 《ᠳ᠋ᠦᠩ ᠦᠨᠳᠦᠰᠦᠲᠡᠨ᠎ᠤ ᠳᠠᠭᠤᠤ᠎ᠪᠠᠨ ᠨᠠᠮ᠎ᠳᠠᠭᠠᠨ ᠳᠠᠭᠤᠯᠠᠵᠤ ᠥᠭᠭᠦᠶ᠎ᠡ》 ᠭᠡᠬᠦ ᠳᠠᠭᠤᠤ ᠵᠢ ᠭᠦᠨ ᠰᠡᠳᠬᠢᠯᠭᠡ᠎ᠲᠠᠢ ᠳᠠᠭᠤᠯᠠᠵᠤ᠂ ᠶᠡᠷᠦᠩᠬᠡᠢ ᠱᠦᠵᠢ ᠵᠢ ᠬᠠᠶ᠋ᠢᠷᠠᠯᠠᠵᠤ ᠪᠠᠶ᠋ᠢᠬᠤ ᠪᠠ ᠰᠠᠯᠵᠤ ᠶᠠᠳᠠᠵᠤ ᠪᠠᠶ᠋ᠢᠬᠤ᠎ᠪᠠᠨ ᠢᠯᠡᠳᠬᠡᠪᠡ᠃ ᠰᠢ ᠵᠢᠨ ᠫᠢᠩ ᠪᠠᠶ᠋ᠢᠨ ᠳᠠᠭᠢᠨ ᠭᠠᠷ ᠳᠠᠯᠠᠯᠤᠨ᠂ ᠨᠤᠲᠤᠭ᠎ᠤᠨ ᠠᠬ᠎ᠠ ᠳᠡᠭᠦᠦ ᠨᠠᠷ᠎ᠲᠠᠢ ᠰᠠᠯᠬᠤ ᠶᠣᠰᠣ ᠭᠦᠢ᠍ᠴᠡᠳᠬᠡᠪᠡ᠃
   18᠎ᠤ ᠦᠳᠡ ᠵᠢᠨ ᠡᠮᠦᠨ᠎ᠡ᠂ ᠰᠢ ᠵᠢᠨ ᠫᠢᠩ ᠭᠦᠢ᠍ᠵᠧᠦ ᠮᠤᠵᠢ ᠵᠢᠨ ᠨᠠᠮ᠎ᠤᠨ ᠬᠤᠷᠢᠶ᠎ᠠ ᠪᠣᠯᠣᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠭᠦᠢ᠍ᠵᠧᠦ ᠵᠢᠨ ᠡᠯ᠎ᠡ ᠲᠠᠯ᠎ᠠ ᠵᠢᠨ ᠣᠯᠣᠭᠰᠠᠨ ᠠᠮᠵᠢᠯᠲᠠ ᠵᠢ ᠨᠤᠲᠠᠯᠠᠵᠤ᠂ ᠳᠠᠷᠠᠭ᠋ᠠᠴᠢ ᠵᠢᠨ ᠠᠯᠬᠤᠮ᠎ᠤᠨ ᠠᠵᠢᠯ᠎ᠳᠤ ᠱᠠᠭ᠋ᠠᠷᠳᠠᠯᠭ᠎ᠠ ᠳᠤᠷᠠᠳᠪᠠ᠃
    ᠰᠢ ᠵᠢᠨ ᠫᠢᠩ᠂ ᠴᠢᠨᠠᠷ ᠰᠠᠶ᠋ᠢᠲᠠᠢ ᠬᠥᠭᠵᠢᠯᠲᠡ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ ᠭᠦᠢ᠍ᠵᠧᠦ ᠵᠣᠷᠢᠭ ᠰᠢᠭᠤᠳᠤᠨ᠂ ᠵᠣᠷᠢᠭᠲᠠᠢ᠎ᠪᠠᠷ ᠬᠠᠶ᠋ᠢᠨ ᠰᠦᠪᠡᠭᠴᠢᠯᠡᠵᠦ᠂ ᠪᠣᠳᠠᠲᠤ ᠴᠣᠭᠴᠠ ᠵᠢᠨ ᠠᠵᠤ ᠠᠬᠤᠢ᠎ᠪᠠᠷ ᠰᠠᠭᠤᠷᠢ ᠪᠤᠯᠭ᠋ᠠᠬᠤ ᠵᠢ ᠪᠠᠷᠢᠮᠲᠠᠯᠠᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠤ ᠵᠢ ᠴᠢᠩᠭ᠋ᠠᠳᠬᠠᠵᠤ᠂ ᠰᠢᠨ᠎ᠡ ᠬᠠᠭᠤᠴᠢᠨ ᠬᠥᠳᠡᠯᠭᠡᠬᠦ ᠬᠦᠴᠦᠨ᠎ᠤ ᠰᠣᠯᠢᠭᠳᠠᠯ᠎ᠢ ᠨᠢᠭᠡᠳᠦᠯᠲᠡᠢ ᠲᠥᠯᠥᠪᠵᠢᠭᠦᠯᠵᠦ᠂ ᠤᠯᠠᠮᠵᠢᠯᠠᠯᠲᠤ ᠠᠵᠤ ᠦᠢ᠍ᠯᠡᠰ᠎ᠤᠨ ᠭᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠲᠦᠷᠭᠡᠳᠬᠡᠵᠦ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠢᠳᠡᠪᠬᠢᠲᠡᠢ ᠬᠥᠭᠵᠢᠭᠦᠯᠵᠦ᠂ ᠲᠣᠭ᠋ᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ ᠵᠡᠷᠭᠡ ᠠᠵᠤ ᠦᠢ᠍ᠯᠡᠰ᠎ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠬᠡᠷᠡᠭᠲᠡᠢ᠃ ᠲᠣᠭᠲᠠᠯ ᠬᠦᠴᠦᠨ ᠪᠠ ᠲᠡᠪᠴᠢᠶᠡᠷᠢᠲᠡᠢ ᠪᠠᠶ᠋ᠢᠬᠤ ᠵᠢ ᠪᠠᠲᠤᠯᠠᠵᠤ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠵᠤ᠂ ᠨᠠᠷᠢᠯᠢᠭ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠤᠷᠳᠤᠴᠠ ᠪᠠ ᠦᠷ᠎ᠡ ᠠᠰᠢᠭ᠎ᠤᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠶᠠᠰᠤ ᠴᠢᠨᠠᠷ᠎ᠢ ᠪᠦᠲᠦᠮᠵᠢᠲᠡᠶ᠎ᠪᠠᠷ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠵᠢ ᠵᠦᠢ ᠵᠣᠬᠢᠰᠲᠠᠢ ᠨᠡᠮᠡᠭᠳᠡᠭᠦᠯᠬᠦ ᠵᠢ ᠪᠡᠶᠡᠯᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ᠎ᠢ ᠰᠠᠶ᠋ᠢᠲᠤᠷ ᠬᠠᠮᠠᠭ᠋ᠠᠯᠠᠵᠤ᠂ ᠠᠮᠢ ᠠᠬᠤᠢ ᠵᠢᠨ ᠳᠠᠪᠠᠭᠤᠯᠢᠭ᠎ᠢ ᠬᠥᠭᠵᠢᠯᠲᠡ ᠵᠢᠨ   ᠳᠠᠪᠠᠭᠤᠯᠢᠭ   ᠪᠣᠯᠭ᠋ᠠᠨ   ᠬᠤᠪᠢᠷᠠᠭᠤᠯᠬᠤ ᠎ᠪᠠᠷ   ᠴᠢᠷᠮᠠᠶ᠋ᠢᠬᠤ   ᠬᠡᠷᠡᠭᠲᠡᠢ   ᠭᠡᠵᠦ   ᠵᠢᠭ᠋ᠠᠵᠤ ᠭᠠᠷᠭ᠋ᠠᠪᠠ᠃
    ᠰᠢ ᠵᠢᠨ ᠫᠢᠩ᠂ ᠨᠢᠭᠡ ᠭᠠᠵᠠᠷ ᠣᠷᠣᠨ᠎ᠤ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠨᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠲᠠᠢ ᠨᠢᠭᠲᠠ ᠬᠤᠯᠪᠤᠭ᠎ᠠ᠎ᠲᠠᠢ ᠪᠠᠶ᠋ᠢᠳᠠᠭ᠃ ᠭᠦᠢ᠍ᠵᠧᠦ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠠᠭᠤᠰᠤᠯᠴᠠᠵᠤ᠂ ᠣᠷᠣᠨ ᠨᠤᠲᠤᠭ᠎ᠤᠨ ᠬᠠᠮᠠᠭ᠋ᠠᠯᠠᠯᠲᠠ᠂ ᠵᠠᠬ᠎ᠠ ᠳᠡᠯᠭᠡᠭᠦᠷ᠎ᠤᠨ ᠬᠡᠰᠡᠭᠯᠡᠯᠲᠡ᠂ ᠳᠣᠲᠣᠭ᠋ᠠᠳᠤ ᠵᠢᠨ ᠰᠢᠷᠦᠭᠦᠨ ᠥᠷᠢᠰᠦᠯᠳᠦᠭᠡᠨ᠎ᠢ ᠡᠷᠡᠰ ᠡᠪᠳᠡᠵᠦ᠂ ᠪᠦᠭᠦ ᠨᠡᠶ᠋ᠢᠭᠡᠮ᠎ᠤᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ᠎ᠳᠤ ᠯᠠᠪᠳᠠᠭᠤᠨ ᠲᠣᠭᠲᠠᠭᠤᠨ ᠡᠷᠬᠡ ᠲᠡᠭᠰᠢ ᠢᠯᠡ ᠲᠣᠳᠣ᠂ ᠵᠢᠱ᠌ᠢᠵᠦ ᠪᠣᠯᠬᠤᠶ᠋ᠢᠴᠠ ᠣᠷᠴᠢᠨ ᠲᠣᠭᠤᠷᠢᠨ᠎ᠢ ᠪᠤᠢ ᠪᠤᠯᠭ᠋ᠠᠵᠤ ᠥᠭᠬᠦ ᠬᠡᠷᠡᠭᠲᠡᠢ᠃ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ᠎ᠳᠤ ᠨᠢᠭᠡ ᠲᠠᠯ᠎ᠠ᠎ᠪᠠᠷ ᠥᠭᠡᠷᠡᠴᠢᠯᠡᠯᠲᠡ ᠵᠢ ᠠᠳᠬᠤᠵᠤ᠂ ᠴᠢᠨᠠᠷ ᠰᠠᠶ᠋ᠢᠲᠠᠢ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠲᠦᠭᠵᠢᠷᠡᠯ ᠴᠡᠭ ᠲᠣᠷᠬᠤ ᠴᠡᠭ᠎ᠢ ᠨᠡᠪᠲᠡᠷᠡᠭᠦᠯᠬᠦ ᠭᠡᠷᠡᠭᠲᠡᠢ; ᠨᠦᠭᠦᠭᠡ ᠲᠠᠯ᠎ᠠ᠎ᠪᠠᠷ ᠺᠠᠳ᠋ᠷ᠎ᠤᠨ ᠬᠥᠮᠦᠵᠢᠯ ᠬᠠᠮᠢᠶᠠᠷᠤᠯᠲᠠ ᠵᠢ ᠠᠳᠬᠤᠵᠤ᠂ ᠺᠠᠳ᠋ᠷᠴᠤᠳ᠎ᠤᠨ ᠶᠡᠭᠡ ᠲᠠᠯ᠎ᠠ ᠵᠢᠨ ᠤᠬᠠᠮᠰᠠᠷ᠂ ᠦᠢ᠍ᠯᠡᠴᠢᠯᠡᠭᠡᠨ᠎ᠤ ᠤᠬᠠᠮᠰᠠᠷ᠂ ᠦᠨᠡᠨᠴᠢ ᠢᠲᠡᠭᠡᠮᠵᠢ ᠵᠢᠨ ᠤᠬᠠᠮᠰᠠᠷ᠂ ᠠᠷᠢᠭᠤᠨ ᠴᠢᠬᠡᠴᠢ ᠵᠢᠨ ᠤᠬᠠᠮᠰᠠᠷ᠎ᠢ ᠳᠡᠭᠡᠭᠰᠢᠯᠡᠭᠦᠯᠭᠦ ᠵᠢ ᠬᠥᠲᠥᠯᠥᠨ ᠵᠢᠯᠤᠭᠤᠳᠬᠤ ᠬᠡᠷᠡᠭᠲᠡᠢ᠃ ᠨᠡᠭᠡᠭᠡᠯᠲᠡ ᠬᠢᠬᠦ ᠪᠣᠯ ᠪᠠᠰᠠ ᠴᠤ᠌ ᠴᠢᠬᠤᠯᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠮᠥᠨ᠃ ᠭᠦᠢ᠍ᠵᠧᠦ ᠪᠠᠷᠠᠭᠤᠨ ᠬᠡᠰᠡᠭ᠎ᠤᠨ ᠡᠬᠡ ᠬᠠᠭᠤᠷᠠᠢ ᠳᠠᠯᠠᠢ ᠲᠠᠩᠭᠢᠰ᠎ᠤᠨ ᠰᠢᠨ᠎ᠡ ᠨᠡᠪᠲᠡᠷᠡᠬᠦ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠠᠵᠠ ᠲᠣᠭᠢᠶᠠᠯ᠎ᠢ ᠰᠠᠶ᠋ᠢᠲᠤᠷ ᠠᠰᠢᠭᠯᠠᠵᠤ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠂ ᠴᠧᠩᠳᠦ᠋ ᠴᠦᠩᠴᠢᠩ᠎ᠤᠨ ᠬᠤᠶᠠᠷ ᠬᠤᠲᠠ ᠵᠢᠨ ᠠᠵᠤ ᠠᠬᠤᠢ ᠵᠢᠨ ᠴᠠᠭ᠋ᠠᠷᠢᠭ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠢ ᠵᠣᠯᠭ᠋ᠠᠭᠤᠯᠵᠤ᠂ ᠡᠬᠡ ᠬᠠᠭᠤᠷᠠᠢ ᠲᠠᠯᠠᠢ ᠲᠠᠩᠭᠢᠰ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠯᠪᠤᠭ᠋ᠠᠯᠠᠨ ᠬᠥᠳᠡᠯᠦᠯᠴᠡᠬᠦ᠂ ᠵᠡᠭᠦᠨᠰᠢ ᠪᠠᠷᠠᠭᠤᠨᠰᠢ ᠬᠤᠣᠰ ᠴᠢᠭᠯᠡᠯ ᠵᠶ᠋ᠠᠷ ᠬᠠᠷᠢᠯᠴᠠᠨ ᠲᠡᠳᠬᠦᠬᠦ ᠪᠦᠭᠦ ᠲᠠᠯ᠎ᠠ ᠵᠢᠨ ᠨᠡᠭᠡᠭᠡᠯᠲᠡ ᠵᠢᠨ ᠪᠠᠶ᠋ᠢᠷᠢᠰᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠭᠦᠢ᠍ᠵᠧᠦ ᠥᠪᠡᠷ᠎ᠤᠨ ᠪᠣᠳᠠᠲᠤ ᠪᠠᠶ᠋ᠢᠳᠠᠯ᠎ᠠᠴᠠ᠎ᠪᠠᠨ ᠡᠭᠦᠰᠴᠦ᠂ ᠰᠢᠶᠠᠨ᠎ᠤ ᠲᠥᠪ ᠵᠶ᠋ᠠᠷ ᠴᠢᠬᠤᠯᠠ ᠠᠴᠢᠶᠠᠯᠠᠪᠤᠷᠢ ᠪᠤᠯᠭ᠋ᠠᠬᠰᠠᠨ ᠬᠤᠳᠠ ᠪᠠᠯᠭ᠋ᠠᠰᠤᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠦᠢ᠍ᠯᠡᠰ ᠵᠶ᠋ᠠᠨ ᠬᠥᠭᠵᠢᠭᠦᠯᠬᠦ᠂ ᠰᠢᠶᠠᠨ ᠵᠶ᠋ᠠᠨ ᠬᠦᠴᠦᠷᠬᠡᠭᠵᠢᠭᠦᠯᠬᠦ᠂ ᠠᠷᠠᠳ᠎ᠢ ᠪᠠᠶᠠᠵᠢᠭᠤᠯᠬᠤ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠠᠬᠢᠭᠤᠯᠬᠤ ᠬᠡᠷᠡᠭᠲᠡᠢ᠃ ᠰᠢᠶᠠᠨ᠎ᠤ ᠬᠡᠪᠴᠢᠶᠡᠨ᠎ᠤ ᠠᠵᠤ ᠦᠢ᠍ᠯᠡᠰ᠎ᠤᠨ ᠰᠠᠭᠤᠷᠢ᠎ᠳᠤ ᠰᠠᠭᠤᠷᠢᠯᠠᠨ᠂ ᠠᠵᠢᠯ ᠬᠤᠪᠢᠶᠠᠷᠢᠯᠠᠨ ᠬᠠᠮᠵᠢᠯᠴᠠᠬᠤ ᠵᠢ ᠴᠢᠬᠤᠯᠠᠴᠢᠯᠠᠵᠤ᠂ ᠵᠥᠷᠢᠭᠦᠯᠦᠨ ᠬᠥᠭᠵᠢᠭᠦᠯᠵᠦ᠂ ᠲᠠᠷᠠᠬᠠᠢ ᠪᠤᠲᠠᠷᠬᠠᠢ ᠴᠡᠭ᠎ᠢ ᠬᠡᠯᠬᠢᠶᠡᠵᠢᠭᠦᠯᠬᠦ ᠬᠡᠷᠡᠭᠲᠡᠢ᠃ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠣᠳᠣ ᠦᠶ᠎ᠡ ᠵᠢᠨ ᠠᠭᠤᠯᠠᠷᠬᠠᠭ ᠭᠠᠵᠠᠷ᠎ᠤᠨ ᠣᠨᠴᠠᠯᠢᠭ ᠪᠦᠬᠦᠢ ᠥᠨᠳᠥᠷ ᠦᠷ᠎ᠡ ᠠᠰᠢᠭᠲᠤ ᠬᠥᠳᠡᠭᠡ ᠠᠵᠤ ᠠᠬᠤᠢ ᠵᠢ ᠬᠥᠭᠵᠢᠭᠦᠯᠵᠦ᠂ ᠵᠠᠬ᠎ᠠ ᠳᠡᠯᠭᠡᠭᠦᠷ᠎ᠲᠤ ᠤᠳᠠᠭ᠋ᠠᠨ ᠳᠠᠭ᠋ᠠᠭ᠋ᠠᠮᠠᠭ᠋ᠠᠢ ᠥᠷᠢᠰᠦᠯᠳᠦᠬᠦ ᠬᠦᠴᠦᠨ᠎ᠲᠠᠢ ᠣᠨᠴᠠᠯᠢᠭᠲᠤ ᠭᠤᠣᠯᠯᠠᠬᠤ ᠠᠵᠤ ᠦᠢ᠍ᠯᠡᠰ᠎ᠢ ᠪᠣᠶ᠋ᠢᠵᠢᠭᠤᠯᠬᠤ ᠬᠡᠷᠡᠭᠲᠡᠢ᠃ ᠠᠰᠢᠭ ᠲᠤᠰᠠ ᠵᠢᠨ ᠬᠤᠯᠪᠣᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠦᠢ᠍ᠯᠡᠰ᠎ᠤᠨ ᠬᠥᠭᠵᠢᠯᠲᠡ ᠵᠢᠨ ᠳᠤᠮᠳᠠ ᠤᠯᠠᠨ ᠲᠦᠮᠡᠨ᠎ᠤ ᠣᠷᠣᠯᠭ᠎ᠠ᠎ᠪᠠᠨ ᠨᠡᠮᠡᠭᠳᠡᠭᠦᠯᠵᠦ ᠪᠠᠶᠠᠵᠢᠬᠤ ᠵᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢ ᠨᠢᠭᠡᠳᠦᠯᠲᠡᠢ ᠬᠢᠨᠠᠨ ᠬᠡᠮᠵᠢᠬᠦ᠂ ᠲᠦᠷᠦᠯ ᠬᠤᠪᠢᠶᠠᠨ ᠬᠠᠪᠰᠤᠷᠤᠨ ᠲᠡᠳᠬᠦᠬᠦ ᠲᠣᠭᠲᠠᠴᠠ ᠵᠢ ᠪᠠᠶ᠋ᠢᠭᠤᠯᠵᠤ᠂ ᠠᠷᠠᠳ᠎ᠤᠨ ᠠᠮᠢᠳᠤᠷᠠᠯ᠎ᠤᠨ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠭᠦᠢ᠍ᠵᠧᠦ ᠵᠢᠨ ᠲᠡᠦᠬᠡ ᠵᠢᠨ ᠲᠤᠨᠳᠠᠰᠤ ᠵᠤᠵᠠᠭ᠋ᠠᠨ᠂ ᠬᠤᠪᠢᠰᠬᠠᠯ᠎ᠤᠨ ᠰᠣᠶᠣᠯ ᠪᠠᠶᠠᠯᠢᠭ᠂ ᠦᠨᠳᠦᠰᠦᠲᠡᠨ᠎ᠤ ᠰᠣᠶᠣᠯ ᠥᠩᠭᠡ ᠢᠯᠭ᠋ᠠᠷᠠᠮ᠎ᠠ ᠰᠠᠶ᠋ᠢᠬᠠᠨ ᠶᠤᠮ᠂ ᠡᠨᠡ ᠬᠦ᠌ ᠳᠠᠪᠠᠭᠤᠯᠢᠭ ᠵᠶ᠋ᠠᠨ ᠠᠰᠢᠭᠯᠠᠵᠤ᠂ ᠰᠣᠶᠣᠯ᠎ᠤᠨ ᠢᠲᠡᠭᠡᠯ ᠵᠶ᠋ᠠᠨ ᠨᠡᠮᠡᠭᠳᠡᠭᠦᠯᠵᠦ᠂ ᠰᠤᠷᠲᠠᠯ ᠵᠶ᠋ᠠᠷ ᠬᠥᠮᠥᠨ᠎ᠢ ᠬᠥᠮᠥᠵᠢᠭᠦᠯᠵᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠦᠨᠳᠦᠰᠦᠲᠡᠨ᠎ᠤ ᠣᠨᠴᠠᠯᠢᠭᠲᠤ ᠬᠥᠳᠡᠭᠡ ᠲᠣᠰᠬᠤᠨ᠂ ᠤᠯᠠᠮᠵᠢᠯᠠᠯᠲᠤ ᠲᠣᠰᠬᠤᠨ ᠪᠣᠯᠣᠨ ᠲᠡᠦᠬᠡ ᠰᠣᠶᠣᠯ᠎ᠤᠨ ᠨᠡᠷᠡᠳᠤ ᠲᠣᠰᠬᠤᠨ ᠨᠡᠷᠡᠳᠤ ᠪᠠᠯᠭ᠋ᠠᠰᠤ᠂ ᠬᠤᠪᠢᠰᠬᠠᠯᠲᠤ ᠲᠠᠶ᠋ᠢᠨ᠎ᠤ ᠦᠶ᠎ᠡ᠎ᠳᠤ ᠦᠯᠡᠳᠡᠭᠡᠭᠰᠡᠨ ᠬᠤᠪᠢᠰᠬᠠᠯ᠎ᠤᠨ ᠬᠠᠭᠤᠴᠢᠨ ᠪᠠᠭᠤᠷᠢ ᠵᠢ ᠰᠢᠰᠲ᠋ᠧᠮᠲᠦ ᠴᠢᠨᠠᠷᠲᠠᠢ᠎ᠪᠠᠷ ᠬᠠᠮᠠᠭ᠋ᠠᠯᠠᠬᠤ ᠵᠢ ᠴᠢᠩᠭ᠋ᠠᠳᠬᠠᠬᠤ ᠬᠡᠷᠡᠭᠲᠡᠢ᠃ ᠬᠡᠪ ᠵᠠᠩᠰᠢᠯ᠎ᠢ ᠥᠭᠡᠷᠡᠴᠢᠯᠡᠬᠦ ᠵᠢ ᠪᠠᠷᠢᠮᠲᠠᠯᠠᠵᠤ᠂ ᠪᠣᠯᠪᠠᠰᠤᠨ ᠰᠢᠨ᠎ᠡ ᠰᠤᠷᠲᠠᠯ᠎ᠢ ᠢᠳᠡᠪᠬᠢᠲᠡᠢ ᠪᠣᠶ᠋ᠢᠵᠢᠭᠤᠯᠬᠤ ᠬᠡᠷᠡᠭᠲᠡᠢ᠃ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠠᠭᠤᠰᠤᠯᠴᠠᠯ᠎ᠢ ᠭᠦᠨᠵᠡᠭᠡᠶ᠋ᠢᠷᠡᠭᠦᠯᠵᠦ᠂ ᠵᠢᠭᠤᠯᠴᠢᠯᠠᠯ᠎ᠤᠨ ᠡᠵᠡᠩᠨᠡᠯᠲᠡ ᠵᠢᠨ ᠭᠡᠯᠪᠡᠷᠢ ᠵᠢ ᠪᠠᠶᠠᠯᠢᠭᠵᠢᠭᠤᠯᠵᠤ᠂ 《ᠲᠠᠩᠰᠤᠭ ᠰᠠᠶ᠋ᠢᠬᠠᠨ ᠭᠦᠢ᠍ᠵᠧᠦ》 ᠰᠣᠶᠣᠯ ᠵᠢᠭᠤᠯᠴᠢᠯᠠᠯ᠎ᠤᠨ ᠰᠢᠨ᠎ᠡ ᠲᠥᠷᠥᠯ ᠲᠡᠮᠳᠡᠭ᠎ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠡᠷᠬᠡᠪᠰᠢ ᠨᠠᠮ᠎ᠤᠨ ᠤᠳᠤᠷᠢᠳᠤᠯᠭ᠎ᠠ ᠵᠢ ᠤᠬᠳᠤ ᠭᠤᠶ᠋ᠢᠪᠢᠰᠢ ᠦᠭᠡᠢ ᠪᠠᠷᠢᠮᠲᠠᠯᠠᠵᠤ᠂ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠨᠠᠮ᠎ᠤᠨ ᠲᠥᠪ ᠬᠤᠷᠢᠶ᠎ᠠ᠎ᠠᠴᠠ ᠪᠦᠭᠦ ᠨᠠᠮ᠎ᠳᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠪᠠᠷ ᠲᠣᠭᠲᠠᠪᠠ᠂ ᠡᠨᠡ ᠪᠣᠯ ᠡᠨᠡ ᠵᠢᠯ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠭᠤᠣᠯᠳᠠᠯᠭ᠎ᠠ᠎ᠲᠠᠢ ᠡᠭᠦᠷᠭᠡ ᠪᠣᠯᠣᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠨᠠᠮ᠎ᠤᠨ ᠭᠡᠰᠢᠭᠦᠨ᠂ ᠺᠠᠳ᠋ᠷ᠎ᠤᠨ ᠲᠣᠭᠲᠠᠯ ᠬᠦᠴᠦᠨ ᠵᠶ᠋ᠠᠨ ᠨᠡᠮᠡᠭᠳᠡᠭᠦᠯᠬᠦ᠂ ᠳᠠᠳᠬᠠᠯ ᠪᠤᠯᠬᠤ ᠵᠢ ᠠᠬᠢᠭᠤᠯᠵᠤ᠂ ᠰᠢᠯᠢᠳᠡᠭ ᠰᠤᠷᠲᠠᠯ ᠵᠶ᠋ᠠᠷ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠠᠵᠢᠯ ᠬᠢᠵᠦ ᠦᠢ᠍ᠯᠡᠰ ᠪᠣᠰᠬᠠᠬᠤ ᠬᠡᠷᠡᠭᠲᠡᠢ᠃ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠵᠢ ᠬᠠᠷᠢᠯᠴᠠᠨ ᠤᠶᠠᠯᠳᠤᠭᠤᠯᠵᠤ᠂ ᠢᠯᠵᠢᠷᠡᠯ᠎ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ᠎ᠢ ᠠᠷᠢᠯᠭ᠋ᠠᠬᠤ ᠵᠢ ᠰᠤᠯᠠᠷᠠᠭᠤᠯᠤᠯ ᠦᠭᠡᠢ ᠪᠠᠶ᠋ᠢᠩᠭᠤ ᠠᠳᠬᠤᠬᠤ ᠬᠡᠷᠡᠭᠲᠡᠢ᠃ ᠤᠷᠳᠤ ᠵᠠᠮ᠎ᠤᠨ ᠠᠶᠠᠨ ᠲᠠᠶ᠋ᠢᠨ᠎ᠤ ᠵᠣᠷᠢᠭ ᠰᠠᠨᠠᠭ᠎ᠠ ᠪᠣᠯᠣᠨ ᠽᠦᠨ ᠢ ᠵᠢᠨ ᠬᠤᠷᠠᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠣᠮᠤᠭ ᠲᠡᠭᠦᠯᠳᠡᠷ ᠲᠡᠮᠡᠴᠡᠯ᠎ᠤᠨ ᠵᠣᠷᠢᠭ ᠵᠶ᠋ᠠᠷ ᠰᠢᠨ᠎ᠡ ᠴᠠᠭ ᠦᠶ᠎ᠡ ᠵᠢᠨ ᠤᠷᠳᠤ ᠵᠠᠮ᠎ᠤᠨ ᠠᠶᠠᠨ ᠲᠠᠶ᠋ᠢᠨ᠎ᠢ ᠰᠠᠶ᠋ᠢᠲᠤᠷ ᠬᠢᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃
    ᠾᠧ ᠯᠢ ᠹᠧᠩ ᠵᠢᠴᠢ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃
   

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠠᠢ᠍ᠮᠠᠳᠤᠭ᠋ᠠᠷ ᠤᠳᠠᠭ᠎ᠠ ᠵᠢᠨ ᠪᠦᠭᠦᠳᠡ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ ᠪᠦᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠠᠬᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠲᠦᠷᠦ ᠵᠢᠨ ᠶᠠᠪᠤᠳᠠᠯ᠎ᠤᠨ ᠬᠤᠷᠢᠶᠠᠨ᠎ᠤ 2025 ᠣᠨ᠎ᠤ ᠭᠤᠣᠯᠳᠠᠯᠭ᠎ᠠ ᠪᠣᠯᠬᠤ ᠠᠵᠢᠯ᠎ᠢ ᠨᠠᠶ᠋ᠢᠳᠠᠪᠤᠷᠢᠵᠢᠭᠤᠯᠬᠤ ᠪᠠᠶ᠋ᠢᠷᠢᠯᠠᠭᠤᠯᠤᠯᠲᠠ ᠬᠢᠪᠡ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ 《ᠲᠥᠷᠥ ᠵᠢᠨ ᠶᠠᠪᠤᠳᠠᠯ᠎ᠤᠨ ᠬᠤᠷᠢᠶᠠᠨ᠎ᠤ 2025 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》 ᠵᠡᠷᠭᠡ ᠵᠢ ᠶᠠᠷᠢᠯᠴᠠᠨ ᠪᠠᠲᠤᠯᠠᠪᠠ
ᠰᠢ ᠵᠢᠨ ᠫᠢᠩ ᠤᠯᠤᠰ ᠲᠥᠷᠥ ᠵᠢᠨ ᠵᠥᠪᠯᠯᠡᠭᠡᠨ᠎ᠤ ᠬᠤᠷᠠᠯ᠎ᠳᠤ ᠣᠷᠣᠯᠴᠠᠵᠤ ᠪᠠᠶ᠋ᠢᠭ᠎ᠠ ᠠᠷᠠᠳᠴᠢᠯᠠᠭᠰᠠᠨ ᠬᠤᠯᠪᠣᠭ᠎ᠠ ᠠᠷᠠᠳᠴᠢᠯᠠᠯ ᠵᠶ᠋ᠠᠷ ᠠᠬᠢᠭᠤᠯᠬᠤ ᠬᠤᠷᠠᠯ ᠰᠤᠷᠭ᠋ᠠᠨ ᠬᠥᠮᠥᠵᠢᠯ᠎ᠤᠨ ᠡᠲᠡᠭᠡᠳ᠎ᠤᠨ ᠭᠡᠰᠢᠭᠦᠳ᠎ᠢ ᠡᠷᠭᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯᠣᠨ ᠴᠢᠳᠠᠪᠤᠷᠢᠲᠠᠨ᠎ᠳᠠᠬᠢ ᠲᠤᠯᠭ᠋ᠠᠭᠤᠷᠢᠯᠠᠬᠤ ᠦᠢ᠍ᠯᠡᠳᠦᠯ᠎ᠢ ᠴᠢᠩᠭ᠋ᠠᠳᠬᠠᠵᠤ ᠴᠢᠳᠠᠪᠤᠷᠢᠲᠠᠨ ᠴᠣᠯᠭᠤᠷᠠᠨ ᠭᠠᠷᠬᠤ ᠬᠥᠮᠥᠨ ᠪᠦᠭᠦᠨ᠎ᠤ ᠴᠢᠳᠠᠪᠤᠷᠢ ᠵᠢ ᠭᠦᠢ᠍ᠴᠡᠳ ᠪᠠᠳᠠᠷᠠᠭᠤᠯᠬᠤ ᠴᠢᠳᠠᠪᠤᠷᠢ ᠵᠢᠨ ᠬᠢᠷᠢ᠎ᠪᠠᠷ᠎ᠨᠢ ᠬᠡᠷᠡᠭᠯᠡᠬᠦ ᠠᠮᠢᠳᠤᠯᠢᠭ ᠪᠠᠶ᠋ᠢᠳᠠᠯ᠎ᠢ ᠪᠦᠷᠢᠯᠳᠦᠭᠦᠯᠬᠦ ᠬᠡᠷᠡᠭᠲᠡᠢ
ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠠᠷᠪᠠ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠡᠷᠡᠰ ᠭᠤᠶ᠋ᠢᠪᠢᠰᠢ ᠦᠭᠡᠢ ᠲᠤᠭᠤᠰᠢᠯᠠᠭᠤᠯᠵᠤ ᠠᠮᠤᠭᠤᠯᠠᠩᠲᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠨᠡᠩ ᠥᠨᠳᠥᠷ ᠲᠦᠪᠰᠢᠨ ᠲᠡᠶ᠋ᠢᠰᠢ ᠠᠬᠢᠭᠤᠯᠬᠤ ᠬᠡᠷᠡᠭᠲᠡᠢ
ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠤᠷᠢᠶ᠎ᠡ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ
 
            