ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠵᠤ ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠯᠲᠠ᠎ᠳᠤ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠵᠡᠷᠭᠡ ᠵᠢ ᠰᠤᠳᠤᠯᠪᠠ
ᠨᠡᠶ᠋ᠢᠲᠡᠯᠡᠭᠰᠡᠨ ᠴᠠᠭ᠄ 2025-03-25

    ᠰᠢᠨᠬᠤᠸᠠ ᠬᠤᠷᠢᠶᠠᠨ᠎ᠤ ᠪᠡᠭᠡᠵᠢᠩ᠎ᠤᠨ 3 ᠳ᠋ᠤᠭ᠋ᠠᠷ ᠰᠠᠷ᠎ᠠ ᠵᠢᠨ 21᠎ᠤ ᠡᠳᠦᠷ᠎ᠤᠨ ᠴᠠᠬᠢᠯᠭ᠋ᠠᠨ ᠮᠡᠳᠡᠭᠡ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ 3 ᠳ᠋ᠤᠭ᠋ᠠᠷ ᠰᠠᠷ᠎ᠠ ᠵᠢᠨ 21᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠤᠭ᠋ᠠᠳ ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠯᠲᠠ᠎ᠳᠤ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠵᠢ ᠰᠤᠳᠤᠯᠤᠭᠰᠠᠨ ᠪᠥᠭᠡᠳ      《ᠤᠷᠤᠭ᠎ᠤᠨ ᠪᠦᠷᠢᠳᠬᠡᠯ᠎ᠤᠨ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠢ ᠬᠢᠨᠠᠨ ᠵᠥᠪᠯᠡᠵᠦ ᠪᠠᠲᠤᠯᠠᠪᠠ᠃
    ᠬᠤᠷᠠᠯ ᠵᠶ᠋ᠠᠷ ᠵᠢᠭ᠋ᠠᠵᠤ ᠭᠠᠷᠭ᠋ᠠᠭᠰᠠᠨ᠎ᠨᠢ᠂ ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠯᠲᠠ᠎ᠳᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠪᠣᠯ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠥᠪᠡᠷ᠎ᠤᠨ ᠦᠷᠳᠡᠭ᠎ᠢ᠎ᠨᠢ ᠪᠠᠭᠤᠷᠠᠭᠤᠯᠬᠤ   ᠪᠠ   ᠡᠵᠡᠩᠨᠡᠨ   ᠬᠤᠳᠠᠯᠳᠤᠭ᠋ᠠᠯᠠᠬᠤ   ᠣᠷᠴᠢᠨ   ᠨᠥᠭᠦᠴᠡᠯ᠎ᠢ   ᠰᠢᠯᠢᠳᠡᠭᠵᠢᠭᠦᠯᠬᠦ   ᠴᠢᠬᠤᠯᠠ   ᠠᠷᠭ᠎ᠠ ᠬᠡᠮᠵᠢᠶ᠎ᠡ ᠮᠥᠨ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠰᠡᠷᠭᠡᠶ᠋ᠢᠯᠡᠬᠦ ᠪᠠ ᠵᠠᠰᠠᠬᠤ ᠵᠢ ᠵᠡᠷᠭᠡ᠎ᠪᠠᠷ ᠠᠳᠬᠤᠬᠤ᠂ ᠦᠡᠭᠭᠡᠨ ᠲᠠᠯ᠎ᠠ ᠪᠠ ᠦᠨᠳᠦᠰᠦ᠎ᠠᠴᠠ᠎ᠨᠢ ᠵᠠᠰᠠᠬᠤ ᠵᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠠᠭᠤᠴᠢ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠠᠵᠢᠯ ᠲᠦᠷᠦᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠡᠪᠯᠡᠯ᠂ ᠠᠶᠠᠨᠳᠠᠭ᠋ᠠᠨ ᠭᠠᠭᠴᠠᠭ᠋ᠠᠷ ᠡᠵᠡᠮᠰᠢᠬᠦ ᠭᠤᠭᠴᠣᠭ᠋ᠠᠨ᠎ᠤ ᠲᠤᠬᠠᠶ᠋ᠢᠯᠠᠭᠰᠠᠨ ᠠᠵᠢᠯ ᠡᠵᠡᠩᠨᠡᠬᠦ ᠠᠵᠤ ᠠᠬᠤᠶ᠋ᠢᠯᠠᠯ ᠵᠡᠷᠭᠡ ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠬᠤ ᠭᠤᠣᠯ ᠴᠣᠭᠴᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠬᠠᠮᠵᠢᠯᠴᠠᠭᠰᠠᠨ ᠥᠨᠳᠥᠷ ᠪᠦᠲᠦᠮᠵᠢᠲᠡᠢ ᠤᠷᠳᠤ ᠬᠤᠭᠤᠴᠠᠭ᠋ᠠᠨ᠎ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠬᠦᠴᠦᠯᠡᠨ ᠪᠠᠶ᠋ᠢᠭᠤᠯᠤᠨ᠎ᠠ᠃ ᠠᠵᠤ ᠠᠬᠤᠶ᠋ᠢᠯᠠᠯ᠎ᠯᠤᠭ᠎ᠠ ᠬᠤᠯᠪᠤᠭᠳᠠᠭᠰᠠᠨ ᠰᠦᠢ᠍ᠳᠬᠡᠯ ᠬᠤᠷᠢᠶᠠᠬᠤ ᠭᠠᠷᠴᠠᠭ᠎ᠤᠨ ᠨᠠᠷᠢᠨ ᠳᠠᠩᠰᠠᠨ᠎ᠤ ᠳᠦᠷᠢᠮ᠎ᠢ ᠪᠦᠷᠢᠨᠰᠢᠭᠦᠯᠵᠦ᠂ ᠪᠣᠶ ᠪᠦᠬᠦᠢ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠴᠥᠮ ᠨᠠᠷᠢᠨ ᠳᠠᠩᠰᠠᠨ᠎ᠳᠤ ᠣᠷᠣᠭᠤᠯᠬᠤ ᠵᠢᠨ ᠬᠠᠮᠲᠤ ᠨᠡᠶ᠋ᠢᠭᠡᠮ᠎ᠳᠤ ᠢᠯᠡ ᠪᠣᠯᠭ᠋ᠠᠵᠤ᠂ ᠦᠢ᠍ᠯᠡᠴᠢᠯᠡᠭᠡᠨ᠎ᠤ ᠠᠭᠤᠯᠭ᠎ᠠ᠂ ᠦᠢ᠍ᠯᠡᠴᠢᠯᠡᠭᠡᠨ᠎ᠤ ᠪᠠᠷᠢᠮᠵᠢᠶ᠎ᠠ᠂ ᠰᠦᠢ᠍ᠳᠬᠡᠯ ᠬᠤᠷᠢᠶᠠᠬᠤ ᠲᠤᠭ᠎ᠠ ᠬᠡᠮᠵᠢᠶ᠎ᠡ ᠵᠢ ᠲᠣᠳᠣᠷᠬᠠᠶ᠋ᠢᠯᠠᠨ᠎ᠠ᠂ ᠨᠠᠷᠢᠨ ᠳᠠᠩᠰᠠᠨ᠎ᠤ ᠳᠣᠲᠣᠷᠠᠬᠢ᠎ᠠᠴᠠ ᠪᠤᠰᠤᠳ ᠶᠠᠮᠠᠷ ᠴᠤ᠌ ᠰᠦᠢ᠍ᠳᠬᠡᠯ ᠬᠤᠷᠢᠶᠠᠵᠤ ᠪᠣᠯᠬᠤ ᠦᠭᠡᠢ᠂ ᠠᠵᠤ ᠠᠬᠤᠶ᠋ᠢᠯᠠᠯ᠎ᠯᠤᠭ᠎ᠠ ᠬᠤᠯᠪᠤᠭᠳᠠᠭᠰᠠᠨ ᠰᠦᠢ᠍ᠳᠬᠡᠯ ᠬᠤᠷᠢᠶᠠᠯᠲᠠ ᠵᠢᠨ ᠦᠯᠡᠳᠡᠭᠡᠯ ᠲᠥᠷᠥ ᠵᠢᠨ ᠪᠣᠳᠣᠯᠭ᠎ᠠ᠎ᠨᠤᠭᠤᠳ᠎ᠢ ᠬᠠᠤᠯᠢ ᠲᠣᠭᠲᠠᠭ᠋ᠠᠯ ᠶᠣᠰᠣᠭ᠋ᠠᠷ ᠢᠯᠭ᠋ᠠᠷᠠᠭᠤᠯᠤᠨ᠎ᠠ᠃ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠬᠤ ᠵᠢ ᠵᠠᠰᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠦᠨᠳᠦᠰᠦᠯᠡᠯ ᠦᠭᠡᠢ᠂ ᠠᠵᠤ ᠠᠬᠤᠶ᠋ᠢᠯᠠᠯ᠎ᠯᠤᠭ᠎ᠠ ᠬᠤᠯᠪᠤᠭᠳᠠᠭᠰᠠᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠡᠷᠬᠡ᠎ᠠᠴᠠ᠎ᠪᠠᠨ ᠳᠠᠪᠠᠭᠤᠯᠵᠤ ᠳᠣᠭᠲᠠᠭ᠋ᠠᠭᠰᠠᠨ ᠪᠠᠶ᠋ᠢᠪᠠᠯ ᠴᠥᠮ ᠬᠦᠴᠦᠨ ᠦᠭᠡᠢ ᠪᠣᠯᠭ᠋ᠠᠨ᠎ᠠ; ᠲᠠᠲᠠᠪᠤᠷᠢᠯᠠᠵᠤ ᠬᠤᠷᠢᠶᠠᠬᠤ ᠪᠠᠷᠢᠮᠵᠢᠶ᠎ᠠ ᠵᠢ ᠳᠤᠷ᠎ᠠ᠎ᠪᠠᠷ ᠵᠶ᠋ᠠᠨ ᠳᠡᠭᠡᠭᠰᠢᠯᠡᠭᠦᠯᠦᠭᠰᠡᠨ᠂ ᠲᠠᠲᠠᠪᠤᠷᠢᠯᠠᠵᠤ ᠬᠤᠷᠢᠶᠠᠬᠤ ᠬᠡᠪᠴᠢᠶ᠎ᠡ ᠵᠢ ᠳᠤᠷ᠎ᠠ᠎ᠪᠠᠷ ᠵᠶ᠋ᠠᠨ ᠥᠷᠭᠡᠳᠬᠡᠭᠰᠡᠨ ᠦᠢ᠍ᠯᠡ ᠠᠵᠢᠯᠯᠠᠭ᠎ᠠ᠎ᠨᠤᠭᠤᠳ᠎ᠢ ᠡᠷᠡᠰ ᠵᠠᠯᠠᠷᠠᠭᠤᠯᠤᠨ᠎ᠠ; ᠠᠵᠤ ᠠᠬᠤᠶ᠋ᠢᠯᠠᠯ᠎ᠯᠤᠭ᠎ᠠ ᠬᠤᠯᠪᠤᠭᠳᠠᠭᠰᠠᠨ ᠰᠦᠢ᠍ᠳᠬᠡᠯ ᠬᠤᠷᠢᠶᠠᠯᠲᠠ ᠵᠢᠨ ᠲᠥᠷᠥ ᠵᠢᠨ ᠪᠣᠳᠣᠯᠭ᠎ᠠ ᠵᠢ ᠦᠨᠡᠨ ᠬᠦ᠌ ᠰᠢᠨ᠎ᠡ᠎ᠪᠠᠷ ᠨᠡᠶ᠋ᠢᠲᠡᠯᠡᠬᠦ ᠴᠢᠬᠤᠯᠠᠲᠠᠢ ᠪᠣᠯ ᠬᠠᠤᠯᠢ ᠶᠣᠰᠣᠴᠢ ᠴᠢᠨᠠᠷ᠂ ᠲᠥᠪ ᠭᠤᠥᠯᠴᠢ ᠴᠢᠨᠠᠷ ᠵᠢᠴᠢ ᠨᠡᠶ᠋ᠢᠭᠡᠮ᠎ᠳᠠᠬᠢ ᠨᠥᠯᠥᠭᠡ ᠵᠢᠨ ᠵᠢᠱ᠌ᠢᠯᠲᠡ ᠵᠡᠷᠭᠡ ᠲᠠᠯ᠎ᠠ᠎ᠠᠴᠠ ᠬᠢᠨᠠᠨ ᠬᠠᠷᠭᠤᠭᠤᠯᠤᠯᠲᠠ᠎ᠪᠠᠨ ᠴᠢᠩᠭ᠋ᠠᠳᠬᠠᠨ᠎ᠠ᠃ ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠯᠲᠠ ᠵᠢ ᠬᠢᠨᠠᠨ ᠰᠢᠨᠵᠢᠵᠦ ᠦᠨᠡᠯᠡᠨ ᠵᠢᠱ᠌ᠢᠬᠦ ᠳᠦᠷᠢᠮ ᠵᠶ᠋ᠠᠨ ᠪᠦᠷᠢᠨᠰᠢᠭᠦᠯᠦᠨ᠂ ᠠᠰᠠᠭᠤᠳᠠᠯ᠎ᠤᠨ ᠰᠦᠪᠡᠭᠴᠢ᠎ᠨᠦᠭᠦᠳ᠎ᠢ ᠴᠤᠭᠯᠠᠭᠤᠯᠬᠤ ᠪᠠ ᠰᠢᠢ᠍ᠳᠪᠦᠷᠢᠯᠡᠬᠦ ᠲᠣᠭᠲᠠᠴᠠ᠎ᠪᠠᠨ ᠰᠢᠯᠢᠳᠡᠭᠵᠢᠭᠦᠯᠵᠦ᠂ ᠪᠦᠬᠦ ᠨᠡᠶ᠋ᠢᠭᠡᠮ ᠵᠶ᠋ᠠᠷ ᠵᠶ᠋ᠠᠨ ᠣᠷᠣᠯᠴᠠᠭᠰᠠᠨ᠂ ᠬᠠᠮᠵᠢᠯᠴᠠᠨ ᠵᠠᠰᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠵᠤ᠂ ᠡᠯ᠎ᠡ ᠲᠦᠷᠦᠯ᠎ᠤᠨ ᠡᠵᠡᠩᠨᠡᠯᠲᠡ ᠵᠢᠨ ᠭᠤᠣᠯ ᠴᠣᠭᠴᠠ ᠵᠢᠨ ᠵᠢᠱ᠌ᠢᠯᠲᠡ ᠵᠢ᠎ᠨᠢ ᠴᠢᠨᠠᠭᠰᠢᠳᠠ ᠤᠯᠠᠮ ᠳᠣᠭᠲᠠᠪᠤᠷᠢᠵᠢᠭᠤᠯᠤᠨ᠂ ᠬᠥᠭᠵᠢᠯᠲᠡ ᠵᠢᠨ ᠢᠲᠡᠭᠡᠯ᠎ᠢ᠎ᠨᠢ ᠴᠢᠩᠭ᠋ᠠᠳᠬᠠᠨ᠎ᠠ᠃
    ᠬᠤᠷᠠᠯ ᠵᠶ᠋ᠠᠷ 《ᠤᠷᠤᠭ᠎ᠤᠨ ᠪᠦᠷᠢᠳᠬᠡᠯ᠎ᠤᠨ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠢ ᠬᠢᠨᠠᠨ ᠵᠥᠪᠯᠡᠵᠦ ᠪᠠᠲᠤᠯᠠᠪᠠ᠃ ᠬᠤᠷᠠᠯ ᠵᠶ᠋ᠠᠷ ᠵᠢᠭ᠋ᠠᠵᠤ ᠭᠠᠷᠭ᠋ᠠᠭᠰᠠᠨ᠎ᠨᠢ᠂ ᠲᠣᠰ ᠤᠳᠠᠭ᠎ᠠ ᠵᠠᠰᠠᠪᠤᠷᠢ ᠣᠷᠣᠭᠤᠯᠬᠤ᠎ᠳᠤ ᠢᠷᠭᠡᠨ᠎ᠤ ᠬᠠᠤᠯᠢ ᠵᠢᠨ ᠪᠢᠴᠢᠭ᠎ᠤᠨ ᠲᠣᠭᠲᠠᠭ᠋ᠠᠯ᠎ᠢ ᠨᠠᠶ᠋ᠢᠳᠠᠪᠤᠷᠢᠵᠢᠭᠤᠯᠤᠨ᠂ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠤᠳ᠎ᠲᠤ ᠢᠳᠡᠪᠬᠢᠲᠡᠢ ᠬᠠᠷᠢᠭᠤᠯᠲᠠ ᠥᠭᠴᠦ᠂ ᠣᠶ᠋ᠢᠷ᠎ᠠ ᠵᠢᠨ ᠵᠢᠯ᠎ᠤᠳ᠎ᠤᠨ ᠣᠷᠤᠭ᠎ᠤᠨ ᠪᠦᠷᠢᠳᠬᠡᠯ᠎ᠤᠨ     《ᠮᠤᠵᠢ ᠠᠯᠤᠰᠯᠠᠨ ᠨᠡᠶ᠋ᠢᠳᠡᠮ ᠭᠦᠢ᠍ᠴᠡᠳᠬᠡᠬᠦ》 ᠵᠡᠷᠭᠡ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠦᠷ᠎ᠡ ᠪᠦᠲᠦᠭᠡᠯ᠎ᠤᠳ᠎ᠢ ᠬᠠᠤᠯᠢ ᠴᠠᠭ᠋ᠠᠵᠠ ᠵᠢᠨ ᠳᠦᠷᠢᠮ ᠪᠣᠯᠭ᠋ᠠᠵᠤ᠂ ᠣᠷᠤᠭ᠎ᠤᠨ ᠪᠦᠷᠢᠳᠬᠡᠯ᠎ᠤᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ᠂ ᠣᠷᠤᠭ᠎ᠤᠨ ᠪᠦᠷᠢᠳᠬᠡᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠬᠦ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠪᠠ᠃ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ》 ᠱᠠᠭ᠋ᠠᠷᠳᠠᠯᠭ᠎ᠠ ᠶᠣᠰᠣᠭ᠋ᠠᠷ᠂ ᠪᠥᠬᠦ ᠤᠯᠤᠰ᠎ᠤᠨ ᠣᠷᠤᠭ᠎ᠤᠨ ᠰᠠᠭᠤᠷᠢ ᠮᠡᠳᠡᠭᠡ ᠵᠠᠩᠭᠢ ᠵᠢᠨ ᠬᠥᠮᠥᠷᠭᠡ ᠵᠢ ᠦᠷᠭᠦᠯᠵᠢᠯᠡᠨ ᠲᠡᠭᠦᠯᠳᠡᠷᠵᠢᠭᠦᠯᠵᠦ᠂ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠵᠢ ᠴᠢᠩᠭ᠋ᠠᠳᠬᠠᠨ᠂ ᠤᠷᠤᠭ᠎ᠤᠨ ᠪᠦᠷᠢᠳᠬᠡᠯ᠎ᠢ 《ᠪᠥᠬᠦ ᠤᠯᠤᠰ᠎ᠲᠤ ᠨᠡᠶ᠋ᠢᠳᠡᠮ ᠭᠦᠢ᠍ᠴᠡᠳᠬᠡᠬᠦ》 ᠵᠢ ᠪᠡᠶᠡᠯᠡᠭᠦᠯᠬᠦ᠎ᠪᠠᠨ ᠲᠦᠷᠭᠡᠳᠬᠡᠨ ᠠᠬᠢᠭᠤᠯᠵᠤ᠂ ᠤᠷᠤᠭ᠎ᠤᠨ ᠪᠦᠷᠢᠳᠬᠡᠯ᠎ᠤᠨ ᠦᠢ᠍ᠯᠡᠴᠢᠯᠡᠭᠡᠨ᠎ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠦᠭᠦᠮᠯᠡᠬᠦ ᠲᠦᠪᠰᠢᠨ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠷᠤᠭ ᠭᠡᠷ ᠪᠦᠯᠢ ᠵᠢᠨ ᠦᠢ᠍ᠯᠡᠴᠢᠯᠡᠭᠡᠨ᠎ᠤ ᠶᠡᠷᠦᠩᠬᠡᠶ᠋ᠢᠯᠡᠭᠰᠡᠨ ᠴᠢᠨᠠᠷᠲᠠᠢ ᠵᠢᠭ᠋ᠠᠨ ᠵᠢᠯᠤᠭᠤᠳᠬᠤ ᠠᠵᠢᠯ ᠪᠠ ᠤᠷᠤᠭ ᠭᠡᠷ ᠪᠦᠯᠢ ᠵᠢᠨ ᠬᠠᠪᠰᠤᠷᠤᠨ ᠵᠢᠯᠤᠭᠤᠳᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠷᠤᠭ ᠬᠤᠷᠢᠮ᠎ᠤᠨ ᠪᠣᠯᠪᠠᠰᠤᠨ ᠵᠠᠩ ᠦᠢ᠍ᠯᠡ ᠵᠢ ᠰᠠᠨᠠᠭ᠋ᠠᠴᠢᠯᠠᠨ᠂ ᠭᠡᠷ ᠪᠦᠯᠢ ᠵᠢᠨ ᠡᠶ᠎ᠡ ᠵᠣᠬᠢᠴᠠᠯ᠎ᠢ ᠠᠬᠢᠭᠤᠯᠵᠤ᠂ ᠢᠳᠡᠪᠬᠢᠲᠡᠢ ᠥᠭᠡᠳᠡᠷᠬᠡᠭ ᠰᠢᠨ᠎ᠡ ᠮᠠᠶᠢᠭ᠎ᠤᠨ ᠤᠷᠤᠭ ᠬᠤᠷᠢᠮ ᠦᠷᠡᠵᠢᠯ᠎ᠤᠨ ᠰᠣᠶᠣᠯ᠎ᠢ ᠪᠤᠢ ᠪᠣᠯᠭ᠋ᠠᠨ᠎ᠠ᠃
    ᠬᠤᠷᠠᠯ ᠵᠶ᠋ᠠᠷ ᠪᠠᠰᠠ ᠪᠤᠰᠤᠳ ᠵᠦᠢ᠍ᠯᠡᠰ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠶᠦᠨᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠦᠵᠡᠯ ᠰᠠᠨᠠᠭ᠎ᠠ᠎ᠪᠠᠨ ᠴᠢᠯᠦᠭᠡᠯᠡᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠡᠷᠡᠮᠡᠬᠡᠶ᠋ᠢᠯᠡᠨ ᠤᠷᠤᠭᠰᠢᠯᠠᠵᠤ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠶᠦᠨᠨᠠᠨ᠎ᠤ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ
ᠴᠢᠨᠠᠷ ᠰᠠᠶ᠋ᠢᠲᠠᠢ ᠬᠥᠭᠵᠢᠯᠲᠡ᠎ᠪᠠᠷ ᠪᠥᠬᠦ ᠲᠠᠯ᠎ᠠ ᠵᠢ ᠬᠠᠮᠤᠷᠬᠤ ᠵᠢ ᠪᠠᠷᠢᠮᠲᠠᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠭᠦᠢ᠍ᠵᠧᠦ ᠵᠢᠨ ᠰᠢᠨ᠎ᠡ ᠵᠢᠪᠬᠤᠭ᠎ᠠ ᠵᠢ ᠢᠯᠡᠷᠡᠭᠦᠯᠬᠦ ᠬᠡᠷᠡᠭᠲᠡᠢ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠠᠢ᠍ᠮᠠᠳᠤᠭ᠋ᠠᠷ ᠤᠳᠠᠭ᠎ᠠ ᠵᠢᠨ ᠪᠦᠭᠦᠳᠡ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ ᠪᠦᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠠᠬᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠲᠦᠷᠦ ᠵᠢᠨ ᠶᠠᠪᠤᠳᠠᠯ᠎ᠤᠨ ᠬᠤᠷᠢᠶᠠᠨ᠎ᠤ 2025 ᠣᠨ᠎ᠤ ᠭᠤᠣᠯᠳᠠᠯᠭ᠎ᠠ ᠪᠣᠯᠬᠤ ᠠᠵᠢᠯ᠎ᠢ ᠨᠠᠶ᠋ᠢᠳᠠᠪᠤᠷᠢᠵᠢᠭᠤᠯᠬᠤ ᠪᠠᠶ᠋ᠢᠷᠢᠯᠠᠭᠤᠯᠤᠯᠲᠠ ᠬᠢᠪᠡ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ 《ᠲᠥᠷᠥ ᠵᠢᠨ ᠶᠠᠪᠤᠳᠠᠯ᠎ᠤᠨ ᠬᠤᠷᠢᠶᠠᠨ᠎ᠤ 2025 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》 ᠵᠡᠷᠭᠡ ᠵᠢ ᠶᠠᠷᠢᠯᠴᠠᠨ ᠪᠠᠲᠤᠯᠠᠪᠠ
ᠰᠢ ᠵᠢᠨ ᠫᠢᠩ ᠤᠯᠤᠰ ᠲᠥᠷᠥ ᠵᠢᠨ ᠵᠥᠪᠯᠯᠡᠭᠡᠨ᠎ᠤ ᠬᠤᠷᠠᠯ᠎ᠳᠤ ᠣᠷᠣᠯᠴᠠᠵᠤ ᠪᠠᠶ᠋ᠢᠭ᠎ᠠ ᠠᠷᠠᠳᠴᠢᠯᠠᠭᠰᠠᠨ ᠬᠤᠯᠪᠣᠭ᠎ᠠ ᠠᠷᠠᠳᠴᠢᠯᠠᠯ ᠵᠶ᠋ᠠᠷ ᠠᠬᠢᠭᠤᠯᠬᠤ ᠬᠤᠷᠠᠯ ᠰᠤᠷᠭ᠋ᠠᠨ ᠬᠥᠮᠥᠵᠢᠯ᠎ᠤᠨ ᠡᠲᠡᠭᠡᠳ᠎ᠤᠨ ᠭᠡᠰᠢᠭᠦᠳ᠎ᠢ ᠡᠷᠭᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯᠣᠨ ᠴᠢᠳᠠᠪᠤᠷᠢᠲᠠᠨ᠎ᠳᠠᠬᠢ ᠲᠤᠯᠭ᠋ᠠᠭᠤᠷᠢᠯᠠᠬᠤ ᠦᠢ᠍ᠯᠡᠳᠦᠯ᠎ᠢ ᠴᠢᠩᠭ᠋ᠠᠳᠬᠠᠵᠤ ᠴᠢᠳᠠᠪᠤᠷᠢᠲᠠᠨ ᠴᠣᠯᠭᠤᠷᠠᠨ ᠭᠠᠷᠬᠤ ᠬᠥᠮᠥᠨ ᠪᠦᠭᠦᠨ᠎ᠤ ᠴᠢᠳᠠᠪᠤᠷᠢ ᠵᠢ ᠭᠦᠢ᠍ᠴᠡᠳ ᠪᠠᠳᠠᠷᠠᠭᠤᠯᠬᠤ ᠴᠢᠳᠠᠪᠤᠷᠢ ᠵᠢᠨ ᠬᠢᠷᠢ᠎ᠪᠠᠷ᠎ᠨᠢ ᠬᠡᠷᠡᠭᠯᠡᠬᠦ ᠠᠮᠢᠳᠤᠯᠢᠭ ᠪᠠᠶ᠋ᠢᠳᠠᠯ᠎ᠢ ᠪᠦᠷᠢᠯᠳᠦᠭᠦᠯᠬᠦ ᠬᠡᠷᠡᠭᠲᠡᠢ
 
            