ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠶᠦᠨᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠦᠵᠡᠯ ᠰᠠᠨᠠᠭ᠎ᠠ᠎ᠪᠠᠨ ᠴᠢᠯᠦᠭᠡᠯᠡᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠡᠷᠡᠮᠡᠬᠡᠶ᠋ᠢᠯᠡᠨ ᠤᠷᠤᠭᠰᠢᠯᠠᠵᠤ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠶᠦᠨᠨᠠᠨ᠎ᠤ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ
ᠨᠡᠶ᠋ᠢᠲᠡᠯᠡᠭᠰᠡᠨ ᠴᠠᠭ᠄ 2025-03-22

    ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ
    ᠰᠢᠨᠬᠤᠸᠠ ᠬᠤᠷᠢᠶ᠎ᠠ ᠵᠢᠨ ᠺᠦᠨᠮᠢᠩ᠎ᠤᠨ 3 ᠰᠠᠷ᠎ᠠ ᠵᠢᠨ 20᠎ᠤ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠶ᠋ᠢᠷ᠎ᠠ᠎ᠳᠤ ᠶᠦᠨᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠂ ᠶᠦᠨᠨᠠᠨ ᠮᠤᠵᠢ ᠵᠢᠨ᠎ᠬᠢᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠪᠠ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢ ᠬᠥᠭᠵᠢᠭᠦᠯᠬᠦ ᠲᠤᠬᠠᠢ ᠨᠠᠮ᠎ᠤᠨ ᠲᠥᠪ ᠬᠤᠷᠢᠶ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠨ᠂ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠦᠵᠡᠯ ᠰᠠᠨᠠᠭ᠎ᠠ᠎ᠪᠠᠨ ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ᠂ ᠡᠷᠡᠮᠡᠬᠡᠶ᠋ᠢᠯᠡᠨ ᠤᠷᠤᠭᠰᠢᠯᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠶᠦᠨᠨᠠᠨ᠎ᠤ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃

   3 ᠰᠠᠷ᠎ᠠ ᠵᠢᠨ 19᠎ᠠᠴᠠ 20᠎ᠤ ᠡᠳᠦᠷ ᠪᠤᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠶᠦᠨᠨᠠᠨ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠣᠯ 19᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠯᠢᠵᠢᠶᠠᠩ᠎ᠤᠨ ᠤᠳᠤ ᠦᠶ᠎ᠡ ᠵᠢᠨ ᠴᠡᠴᠡᠭ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠰᠠᠷᠭ᠋ᠠᠢ ᠴᠡᠴᠡᠭ ᠲᠠᠷᠢᠬᠤ ᠲᠣᠭᠤᠷᠢᠭ᠎ᠲᠤ ᠲᠤᠬᠠᠢ ᠵᠢᠨ ᠲᠠᠯᠠᠪᠠᠢ ᠵᠢᠨ ᠲᠣᠰᠬᠤᠨ᠎ᠤ ᠠᠷᠠᠳ᠂ ᠮᠡᠷᠭᠡᠵᠢᠯᠲᠡᠨ᠎ᠲᠠᠢ ᠳᠣᠲᠣᠨᠣ᠎ᠪᠠᠷ ᠶᠠᠷᠢᠯᠴᠠᠵᠤ ᠪᠠᠶ᠋ᠢᠭ᠎ᠠ᠎ᠨᠢ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠠᠨ ᠶᠠᠨ ᠰᠡᠭᠦᠳᠡᠷᠯᠡᠪᠡ

   3 ᠰᠠᠷ᠎ᠠ ᠵᠢᠨ 19᠎ᠠᠴᠠ 20᠎ᠤ ᠡᠳᠦᠷ ᠪᠤᠯᠲᠠᠯ᠎ᠠ᠂ ᠰᠢ ᠵᠢᠨ ᠫᠢᠩ ᠶᠦᠨᠨᠠᠨ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠸᠠᠩ ᠨᠢᠩ ᠪᠣᠯᠣᠨ ᠮᠤᠵᠢ ᠵᠢᠨ ᠳᠠᠷᠤᠭ᠎ᠠ ᠸᠠᠩ ᠢᠦᠢ ᠪᠦᠸᠧ ᠵᠢᠨ ᠪᠠᠷ᠎ᠠ ᠪᠤᠯᠤᠯᠭ᠎ᠠ᠎ᠲᠠᠢ᠎ᠪᠠᠷ ᠤᠷᠢᠳ ᠬᠤᠵᠢᠳ ᠯᠢᠵᠢᠶᠠᠩ᠂ ᠺᠦᠨᠮᠢᠩ ᠵᠡᠷᠭᠡ ᠭᠠᠵᠠᠷ᠎ᠲᠤ ᠬᠦᠷᠴᠦ ᠰᠢᠨᠵᠢᠯᠡᠨ ᠪᠠᠶ᠋ᠢᠴᠠᠭ᠋ᠠᠪᠠ᠃
   19᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠯᠢᠵᠢᠶᠠᠩ᠎ᠤᠨ ᠤᠳᠤ ᠦᠶ᠎ᠡ ᠵᠢᠨ ᠴᠡᠴᠡᠭ᠎ᠤᠨ ᠠᠵᠤ ᠦᠢ᠍ᠯᠡᠰ᠎ᠤᠨ ᠬᠦᠷᠢᠶᠡᠯᠡᠩ᠎ᠳᠤ ᠭᠦᠷᠪᠡ᠃ ᠦᠵᠡᠭᠦᠯᠭᠡ ᠵᠢᠨ ᠲᠢᠩᠬᠢᠮ᠎ᠳᠤ ᠲᠡᠷᠡ ᠰᠠᠷᠭ᠋ᠠᠢ ᠴᠡᠴᠡᠭ᠂ ᠲᠤᠭᠤᠷᠠᠢ ᠯᠢᠩᠬ᠍᠊ ᠤᠠ᠋ ᠰᠣᠷᠭᠤᠭ ᠴᠡᠴᠡᠭ᠎ᠤᠨ ᠲᠥᠷᠥᠯ ᠵᠦᠢ᠍ᠯ᠎ᠤᠨ ᠦᠵᠡᠭᠦᠯᠭᠡ ᠵᠢ ᠪᠠᠶ᠋ᠢᠴᠠᠭ᠋ᠠᠨ ᠦᠵᠡᠵᠦ᠂ ᠶᠦᠨᠨᠠᠨ᠎ᠤ ᠬᠤᠸᠠᠷ ᠴᠡᠴᠡᠭ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠪᠠ᠃ ᠰᠠᠷᠭ᠋ᠠᠢ ᠴᠡᠴᠡᠭ ᠲᠠᠷᠢᠬᠤ ᠲᠣᠭᠤᠷᠢᠭ᠎ᠲᠤ ᠲᠡᠷᠡ ᠣᠶᠤᠨᠲᠤ ᠬᠦᠯᠡᠮᠵᠢ᠎ᠳᠤ ᠬᠥᠷᠥᠰᠥ ᠰᠢᠷᠣᠢ ᠦᠭᠡᠢ᠎ᠪᠠᠷ ᠲᠠᠷᠢᠬᠤ ᠮᠡᠷᠭᠡᠵᠢᠯ᠎ᠢ ᠣᠶ᠋ᠢᠯᠠᠭ᠋ᠠᠵᠤ᠂ ᠲᠤᠬᠠᠢ ᠵᠢᠨ ᠲᠠᠯᠠᠪᠠᠢ ᠵᠢᠨ ᠲᠣᠰᠬᠤᠨ᠎ᠤ ᠠᠷᠠᠳ᠂ ᠮᠡᠷᠭᠡᠵᠢᠯᠲᠡᠨ᠎ᠲᠠᠢ ᠳᠣᠲᠣᠨᠣ᠎ᠪᠠᠷ ᠶᠠᠷᠢᠯᠴᠠᠪᠠ᠃ ᠲᠡᠷᠡ ᠪᠠᠰᠠ ᠰᠠᠷᠭ᠋ᠠᠢ ᠴᠡᠴᠡᠭ᠎ᠢ ᠲᠠᠰ ᠬᠤᠪᠢᠶᠠᠨ ᠪᠣᠭᠤᠳᠠᠯᠯᠠᠬᠤ ᠦᠢ᠍ᠯᠡᠳᠪᠦᠷᠢᠯᠡᠯ᠎ᠤᠨ ᠱᠤᠭᠤᠮ᠎ᠳᠤ ᠬᠦᠷᠴᠦ᠂ ᠰᠢᠭᠰᠢᠨ ᠰᠣᠩᠭᠤᠬᠤ᠂ ᠲᠠᠰ ᠬᠤᠪᠢᠶᠠᠨ ᠪᠣᠭᠤᠳᠠᠯᠯᠠᠬᠤ᠂ ᠪᠠᠷᠠᠭ᠎ᠠ ᠶᠠᠪᠤᠭᠤᠯᠬᠤ ᠪᠦᠭᠦ ᠶᠠᠪᠤᠴᠠ ᠵᠢ ᠪᠠᠶ᠋ᠢᠴᠠᠭ᠋ᠠᠨ ᠦᠵᠡᠵᠦ᠂ ᠰᠣᠷᠭᠤᠭ ᠴᠡᠴᠡᠭ᠎ᠢ ᠪᠠᠷᠠᠭ᠋ᠠᠨ᠎ᠤ ᠭᠦᠢ᠍ᠯᠭᠡᠭᠡ᠎ᠪᠠᠷ ᠳᠠᠮᠵᠢᠨ ᠴᠠᠭ ᠲᠤᠬᠠᠢ᠎ᠳᠤᠨᠢ ᠭᠠᠳᠠᠭᠰᠢ ᠪᠣᠷᠣᠯᠠᠭᠤᠯᠵᠤ ᠪᠠᠶ᠋ᠢᠬᠤ ᠵᠢ ᠨᠤᠲᠠᠯᠠᠵᠤ ᠪᠠᠶ᠋ᠢᠬᠤ᠎ᠪᠠᠨ ᠢᠯᠡᠳᠬᠡᠵᠡᠢ᠃ ᠰᠢ ᠵᠢᠨ ᠫᠢᠩ᠂ ᠶᠦᠨᠨᠠᠨ᠎ᠤ ᠴᠡᠴᠡᠭ᠎ᠤᠨ ᠠᠵᠤ ᠦᠢ᠍ᠯᠡᠰ᠎ᠤᠨ ᠠᠯᠤᠰ ᠢᠷᠡᠭᠡᠳᠦᠢ ᠥᠷᠭᠡᠨ ᠠᠭᠤᠳᠠᠮ ᠪᠠᠶ᠋ᠢᠨ᠎ᠠ᠃ ᠪᠦᠭᠦ ᠠᠵᠤ ᠦᠢ᠍ᠯᠡᠰ᠎ᠤᠨ ᠬᠡᠯᠬᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠷᠢᠮᠠᠯ᠎ᠤᠨ ᠦᠢ᠍ᠯᠡᠰ᠎ᠤᠨ ᠦᠵᠦᠭᠦᠷᠯᠢᠭ᠂ ᠲᠠᠷᠢᠮᠠᠯ᠎ᠤᠨ ᠦᠵᠦᠭᠦᠷᠯᠢᠭ᠂ ᠵᠠᠬ᠎ᠠ ᠳᠡᠯᠭᠡᠭᠦᠷ᠎ᠤᠨ ᠦᠵᠦᠭᠦᠷᠯᠢᠭ᠎ᠠᠴᠠ ᠲᠠᠰᠤᠷᠠᠯᠳᠠ ᠦᠭᠡᠢ ᠭᠦᠨᠵᠡᠭᠡᠶ᠋ᠢᠷᠡᠨ ᠨᠠᠷᠢᠯᠢᠭ ᠠᠵᠢᠯᠯᠠᠵᠤ᠂ ᠡᠨᠡ ᠬᠦ᠌ 《ᠦᠵᠡᠰᠬᠦᠯᠡᠩᠲᠦ ᠰᠠᠶ᠋ᠢᠬᠠᠨ ᠠᠵᠤ ᠦᠢ᠍ᠯᠡᠰ》᠎ᠢ ᠤᠯᠠᠨ ᠲᠦᠮᠡᠨ᠎ᠳᠤ ᠪᠤᠶᠠᠨ ᠦᠢ᠍ᠯᠡᠳᠬᠦ        《ᠵᠣᠯ ᠵᠢᠷᠭ᠋ᠠᠯᠲᠤ ᠠᠵᠤ ᠦᠢ᠍ᠯᠡᠰ》 ᠪᠤᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

   3 ᠰᠠᠷ᠎ᠠ ᠵᠢᠨ 19᠎ᠠᠴᠠ 20᠎ᠤ ᠡᠳᠦᠷ ᠪᠤᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠶᠦᠨᠨᠠᠨ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠣᠯ 19᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠯᠢᠵᠢᠶᠠᠩ᠎ᠤᠨ ᠡᠷᠲᠡᠨ᠎ᠤ ᠬᠤᠲᠠ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠰᠠᠭᠤᠭ᠋ᠠᠯᠢ ᠠᠷᠠᠳ ᠪᠣᠯᠣᠨ ᠵᠢᠭᠤᠯᠴᠢᠯᠠᠬᠰᠠᠳ᠎ᠲᠠᠢ ᠳᠣᠲᠣᠨᠣ᠎ᠪᠠᠷ ᠶᠠᠷᠢᠯᠴᠠᠵᠤ ᠪᠠᠶ᠋ᠢᠭ᠎ᠠ᠎ᠨᠢ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠠᠨ ᠶᠠᠨ ᠰᠡᠭᠦᠳᠡᠷᠯᠡᠪᠡ

    ᠯᠢᠵᠢᠶᠠᠩ᠎ᠤᠨ ᠡᠷᠲᠡᠨ᠎ᠤ ᠬᠤᠲᠠ 800 ᠭᠠᠷᠤᠢ ᠵᠢᠯ᠎ᠤᠨ ᠲᠡᠦᠬᠡ᠎ᠲᠠᠢ ᠪᠠᠶ᠋ᠢᠵᠤ᠂ ᠳᠡᠯᠡᠬᠡᠢ ᠵᠢᠨ ᠰᠣᠶᠣᠯ᠎ᠤᠨ ᠥᠪ᠎ᠤᠨ ᠨᠡᠷᠡᠰ᠎ᠲᠤ ᠵᠢᠭᠰᠠᠭ᠋ᠠᠭᠳᠠᠪᠠ᠃ ᠨᠢᠭᠡ ᠤᠳᠠᠭ᠋ᠠᠨ᠎ᠤ ᠬᠠᠪᠤᠷ᠎ᠤᠨ ᠴᠠᠰᠤᠨ᠎ᠤ ᠳᠠᠷᠠᠭ᠎ᠠ ᠯᠢᠵᠢᠶᠠᠩ᠎ᠳᠤ ᠵᠢᠭᠤᠯᠴᠢᠯᠠᠬᠤ ᠬᠥᠮᠥᠰ ᠣᠯᠠᠰᠢᠷᠠᠪᠠ᠃ ᠰᠢ ᠵᠢᠨ ᠫᠢᠩ ᠠᠳᠡ ᠡᠷᠲᠡᠨ᠎ᠤ ᠬᠤᠳᠠ ᠵᠢ ᠪᠠᠶ᠋ᠢᠭᠤᠯᠤᠭᠰᠠᠨ ᠲᠡᠦᠬᠡ᠂ ᠨᠠᠰᠢ ᠦᠨᠳᠦᠰᠦᠲᠡᠨ᠎ᠤ ᠠᠷᠠᠳ᠎ᠤᠨ ᠰᠠᠭᠤᠴᠠ ᠵᠢᠨ ᠣᠨᠴᠠᠯᠢᠭ ᠪᠣᠯᠣᠨ ᠲᠤᠬᠠᠢ ᠵᠢᠨ ᠭᠠᠵᠠᠷ᠎ᠤᠨ ᠰᠣᠶᠣᠯ᠎ᠤᠨ ᠥᠪ᠎ᠢ ᠬᠠᠮᠠᠭ᠋ᠠᠯᠠᠨ ᠠᠰᠢᠭᠯᠠᠭᠰᠠᠨ ᠪᠠᠶ᠋ᠢᠳᠠᠯ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠭᠰᠠᠨ ᠪᠠᠶ᠋ᠢᠳᠠᠯ ᠵᠡᠷᠭᠡ ᠵᠢ ᠨᠠᠷᠢᠨ ᠣᠶ᠋ᠢᠯᠠᠭ᠋ᠠᠪᠠ᠃ ᠰᠠᠭᠤᠭ᠋ᠠᠯᠢ ᠠᠷᠠᠳ ᠪᠣᠯᠣᠨ ᠵᠢᠭᠤᠯᠴᠢᠯᠠᠬᠰᠠᠳ ᠶᠡᠷᠦᠩᠬᠡᠢ ᠱᠦᠵᠢ᠎ᠲᠠᠢ ᠠᠭᠤᠯᠵᠠᠭ᠋ᠠᠳ ᠲᠤᠶ᠋ᠢᠯ ᠵᠶ᠋ᠠᠷ ᠪᠠᠶᠠᠷᠯᠠᠵᠤ᠂ ᠪᠤᠯᠢᠶᠠᠯᠳᠤᠨ ᠮᠡᠨᠳᠦᠴᠢᠯᠡᠵᠦ᠂ ᠵᠠᠷᠢᠮ᠎ᠨᠢ ᠪᠠᠰᠠ ᠬᠥᠭᠵᠢᠮ ᠬᠥᠭᠵᠢᠮᠳᠡᠵᠦ᠂ ᠳᠠᠭᠤᠯᠠᠨ ᠪᠥᠵᠢᠭᠯᠡᠵᠦ ᠶᠡᠷᠦᠩᠬᠡᠢ ᠱᠦᠵᠢ ᠵᠢ ᠤᠭᠲᠤᠪᠠ᠃ ᠰᠢ ᠵᠢᠨ ᠫᠢᠩ ᠤᠯᠠᠨ᠎ᠲᠠᠢ ᠪᠠᠶ᠋ᠢᠨ ᠪᠠᠶ᠋ᠢᠨ ᠰᠠᠨᠠᠯ ᠵᠶ᠋ᠠᠨ ᠰᠣᠯᠢᠯᠴᠠᠵᠤ᠂ ᠬᠤᠳᠠᠯᠳᠤᠭ᠋ᠠᠨ᠎ᠤ ᠳᠡᠯᠭᠡᠭᠦᠷ᠎ᠤᠨ ᠡᠵᠡᠩᠨᠡᠯᠲᠡ ᠵᠢᠨ ᠪᠠᠶ᠋ᠢᠳᠠᠯ ᠪᠣᠯᠣᠨ ᠵᠢᠭᠤᠯᠴᠢᠯᠠᠬᠰᠠᠳ᠎ᠤᠨ ᠲᠥᠷᠥᠭᠳᠡᠯ᠎ᠢ ᠣᠶ᠋ᠢᠯᠠᠭ᠋ᠠᠪᠠ᠃ ᠲᠡᠷᠡ ᠲᠤᠬᠠᠢ ᠵᠢᠨ ᠭᠠᠵᠠᠷ᠎ᠤᠨ᠎ᠬᠢᠨ ᠬᠠᠮᠠᠭ᠋ᠠᠯᠠᠯᠲᠠ ᠪᠠ ᠬᠥᠭᠵᠢᠯᠲᠡ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠡᠨᠡ ᠬᠦ᠌ ᠦᠵᠡᠰᠬᠦᠯᠡᠩᠲᠦ ᠰᠠᠶ᠋ᠢᠬᠠᠨ ᠡᠷᠲᠡᠨ᠎ᠤ ᠬᠤᠲᠠ ᠵᠢᠨ ᠰᠢᠨ᠎ᠡ ᠭᠡᠷᠡᠯ ᠭᠢᠯᠪᠠᠭ᠎ᠠ ᠵᠢ ᠰᠠᠴᠤᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃
    ᠡᠷᠲᠡᠨ᠎ᠤ ᠬᠤᠳᠠ ᠵᠢᠨ ᠳᠣᠲᠣᠷᠠᠬᠢ ᠮᠦ᠍ ᠣᠪᠣᠭᠲᠤ ᠵᠢᠨ ᠠᠶ᠋ᠢᠮᠠᠭ᠎ᠤᠨ ᠠᠬᠠᠯᠠᠭᠴᠢ ᠵᠢᠨ ᠣᠷᠳᠣᠨ᠎ᠤ ᠶᠠᠮᠤᠨ᠎ᠨᠢ ᠪᠠᠷᠠᠭᠤᠨ ᠡᠮᠦᠨᠡᠲᠦ ᠣᠷᠣᠨ᠎ᠤ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠵᠢ ᠭᠡᠷᠡᠴᠢᠯᠡᠵᠡᠢ᠃ ᠰᠢ ᠵᠢᠨ ᠫᠢᠩ ᠮᠦ᠍ ᠣᠪᠣᠭᠲᠤ ᠵᠢᠨ ᠠᠶ᠋ᠢᠮᠠᠭ᠎ᠤᠨ ᠠᠬᠠᠯᠠᠭᠴᠢ ᠵᠢᠨ ᠣᠷᠳᠣᠨ᠎ᠤ ᠭᠤᠣᠯ ᠪᠠᠷᠢᠯᠭ᠎ᠠ ᠵᠢ ᠪᠠᠶ᠋ᠢᠴᠠᠭ᠋ᠠᠨ ᠦᠵᠡᠵᠦ᠂ ᠨᠠᠰᠢ ᠦᠨᠳᠦᠰᠦᠲᠡᠨ᠎ᠤ ᠳ᠋ᠦᠩᠪᠠ ᠵᠢᠨ ᠰᠣᠶᠣᠯ᠎ᠤᠨ ᠰᠤᠳᠤᠯᠭ᠋ᠠᠨ᠎ᠤ ᠦᠷ᠎ᠡ ᠪᠦᠲᠦᠭᠡᠯ᠎ᠤᠨ ᠦᠵᠡᠭᠦᠯᠭᠡ ᠵᠢ ᠲᠣᠭᠤᠷᠢᠨ ᠦᠵᠡᠪᠡ᠃ ᠲᠡᠷᠡ᠂ ᠮᠦ᠍ ᠣᠪᠣᠭᠲᠤ ᠵᠢᠨ ᠠᠶ᠋ᠢᠮᠠᠭ᠎ᠤᠨ ᠠᠬᠠᠯᠠᠭᠴᠢ ᠵᠢᠨ ᠣᠷᠳᠣᠨ ᠮᠡᠲᠦ ᠵᠢᠨ ᠴᠢᠬᠤᠯᠠ ᠰᠣᠶᠣᠯ᠎ᠤᠨ ᠪᠡᠯᠭᠡ ᠲᠡᠮᠳᠡᠭ᠎ᠢ ᠰᠠᠶ᠋ᠢᠲᠤᠷ ᠬᠠᠮᠠᠭ᠋ᠠᠯᠠᠨ ᠠᠰᠢᠭᠯᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠰᠠᠶ᠋ᠢᠲᠤᠷ ᠬᠠᠮᠠᠭ᠋ᠠᠯᠠᠨ ᠵᠠᠯᠭ᠋ᠠᠮᠵᠢᠯᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠤᠬᠠᠮᠰᠠᠷ᠎ᠠᠴᠠ᠎ᠪᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠬᠥᠲᠥᠯᠥᠨ ᠵᠢᠯᠤᠭᠤᠳᠴᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠳᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠠᠶᠠᠷᠯᠠᠬᠤ ᠦᠶ᠎ᠡ᠎ᠳᠤ ᠮᠠᠰᠢ ᠤᠯᠠᠨ ᠰᠠᠭᠤᠭ᠋ᠠᠯᠢ ᠠᠷᠠᠳ ᠪᠣᠯᠣᠨ ᠵᠢᠭᠤᠯᠴᠢᠯᠠᠬᠰᠠᠳ ᠴᠤᠭᠯᠠᠷᠠᠨ ᠢᠷᠡᠵᠦ ᠶᠡᠷᠦᠩᠬᠡᠢ ᠱᠦᠵᠢ ᠵᠢ ᠦᠳᠡᠨ ᠮᠣᠷᠳᠠᠭᠤᠯᠵᠠᠢ᠃ ᠰᠢ ᠵᠢᠨ ᠫᠢᠩ ᠤᠯᠠᠨ᠎ᠢ ᠵᠣᠷᠢᠭᠵᠢᠭᠤᠯᠵᠤ᠂ ᠯᠢᠵᠢᠶᠠᠩ᠎ᠳᠤ ᠦᠵᠡᠰᠬᠦᠯᠡᠩᠲᠦ ᠰᠠᠶ᠋ᠢᠬᠠᠨ ᠦᠵᠡᠮᠵᠢ᠎ᠲᠠᠢ᠂ ᠥᠪᠡᠷᠮᠢᠴᠡ ᠣᠨᠴᠠᠯᠢᠭᠲᠤ ᠰᠣᠶᠣᠯ᠎ᠲᠠᠢ᠂ ᠥᠨᠳᠥᠷ ᠮᠠᠨᠳᠤᠭᠰᠠᠨ ᠨᠡᠷ᠎ᠡ ᠠᠯᠳᠠᠷ᠎ᠲᠠᠢ᠂ ᠯᠠᠪᠲᠠᠶ᠎ᠠ ᠦᠷᠭᠦᠯᠵᠢᠯᠡᠭᠰᠡᠨ ᠡᠷᠡᠭᠦᠯ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠵᠠᠮ᠎ᠢ ᠨᠡᠭᠡᠭᠡᠵᠦ ᠴᠢᠳᠠᠨ᠎ᠠ ᠭᠡᠪᠡ᠃ ᠲᠡᠷᠡ ᠯᠢᠵᠢᠶᠠᠩ᠎ᠤᠨ ᠠᠷᠠᠳ ᠲᠦᠮᠡᠨ᠎ᠤ ᠠᠮᠢᠳᠤᠷᠠᠯ᠎ᠢ ᠨᠠᠰᠢ ᠦᠨᠳᠦᠰᠦᠲᠡᠨ᠎ᠤ 《ᠾᠧ》 ᠣᠪᠣᠭ ᠮᠡᠲᠦ᠂ ᠵᠣᠯ ᠵᠢᠷᠭ᠋ᠠᠯᠲᠠᠢ ᠠᠮᠤᠷ ᠠᠮᠤᠭᠤᠯᠠᠩ᠂ ᠡᠶ᠎ᠡ ᠨᠠᠶ᠋ᠢᠷᠠᠮᠳᠠᠭᠤ ᠪᠠᠶ᠋ᠢᠭ᠋ᠠᠰᠠᠢ ᠭᠡᠵᠦ ᠵᠥᠩᠨᠡᠪᠡ᠃
   20᠎ᠤ ᠦᠳᠡ ᠵᠢᠨ ᠡᠮᠦᠨ᠎ᠡ᠂ ᠰᠢ ᠵᠢᠨ ᠫᠢᠩ ᠶᠦᠨᠨᠠᠨ ᠮᠤᠵᠢ ᠵᠢᠨ ᠨᠠᠮ᠎ᠤᠨ ᠬᠤᠷᠢᠶ᠎ᠠ ᠪᠣᠯᠣᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠶᠦᠨᠨᠠᠨ᠎ᠤ ᠡᠯ᠎ᠡ ᠲᠠᠯ᠎ᠠ ᠵᠢᠨ᠎ᠬᠢᠨ᠎ᠤ ᠣᠯᠣᠭᠰᠠᠨ ᠠᠮᠵᠢᠯᠲᠠ ᠪᠦᠲᠦᠮᠵᠢ ᠵᠢ ᠨᠤᠲᠠᠯᠠᠵᠤ᠂ ᠲᠠᠷᠠᠭ᠋ᠠᠴᠢ ᠵᠢᠨ ᠠᠯᠬᠤᠮ᠎ᠤᠨ ᠠᠵᠢᠯ᠎ᠳᠤ ᠱᠠᠭ᠋ᠠᠷᠳᠠᠯᠭ᠎ᠠ ᠳᠤᠷᠠᠳᠪᠠ᠃
    ᠰᠢ ᠵᠢᠨ ᠫᠢᠩ᠂ ᠠᠵᠤ ᠦᠢ᠍ᠯᠡᠰ᠎ᠤᠨ ᠭᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠬᠤ ᠪᠣᠯ ᠴᠢᠨᠠᠷ ᠰᠠᠶ᠋ᠢᠲᠠᠢ ᠬᠥᠭᠵᠢᠯᠲᠡ ᠵᠢᠨ ᠭᠤᠣᠯᠳᠠᠯᠭ᠎ᠠ᠎ᠲᠠᠢ ᠠᠵᠢᠯ ᠮᠥᠨ᠃ ᠡᠯ᠎ᠡ ᠭᠠᠵᠠᠷ᠎ᠤᠨ ᠡᠬᠢ ᠪᠠᠶᠠᠯᠢᠭ᠎ᠤᠨ ᠬᠡᠮᠵᠢᠶ᠎ᠡ᠂ ᠰᠠᠭᠤᠷᠢ ᠨᠥᠬᠦᠴᠡᠯ ᠵᠡᠷᠭᠡ᠎ᠨᠢ ᠠᠳᠠᠯᠢ ᠪᠤᠰᠤ ᠪᠠᠶ᠋ᠢᠵᠤ᠂ ᠠᠵᠤ ᠦᠢ᠍ᠯᠡᠰ᠎ᠤᠨ ᠭᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠵᠢ ᠠᠳᠬᠤᠬᠤ᠎ᠳᠤ ᠪᠣᠳᠠᠲᠠᠢ᠎ᠠᠴᠠ ᠡᠭᠦᠰᠴᠦ᠂ ᠠᠵᠤ ᠠᠬᠤᠢ ᠵᠢᠨ ᠵᠢᠮ᠎ᠡ ᠶᠣᠰᠣ ᠵᠢ ᠵᠢᠷᠤᠮᠯᠠᠵᠤ᠂ ᠥᠪᠡᠷ᠎ᠤᠨ ᠣᠨᠴᠠᠯᠢᠭ ᠵᠶ᠋ᠠᠨ ᠳᠣᠪᠤᠶ᠋ᠢᠯᠭ᠋ᠠᠬᠤ ᠬᠡᠷᠡᠭᠲᠡᠢ᠃ ᠶᠦᠨᠨᠠᠨ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠤᠳᠤᠷᠢᠳᠤᠮᠵᠢ ᠪᠣᠯᠭ᠋ᠠᠨ ᠡᠬᠢ ᠪᠠᠶᠠᠯᠢᠭ᠎ᠤᠨ ᠭᠡᠯᠪᠡᠷᠢ ᠵᠢᠨ ᠠᠵᠤ ᠦᠢ᠍ᠯᠡᠰ᠎ᠢ ᠬᠦᠴᠦᠷᠬᠡᠭᠵᠢᠭᠦᠯᠵᠦ ᠰᠢᠯᠢᠳᠡᠭᠵᠢᠭᠦᠯᠦᠨ ᠪᠤᠵᠠᠭ᠋ᠠᠶ᠋ᠢᠷᠠᠭᠤᠯᠵᠤ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠣᠯᠣᠨ ᠢᠷᠡᠭᠡᠳᠦᠢ ᠵᠢᠨ ᠠᠵᠤ ᠦᠢ᠍ᠯᠡᠰ᠎ᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠥᠨᠳᠦᠷᠯᠢᠭ᠎ᠤᠨ ᠣᠨᠴᠠᠯᠢᠭᠲᠤ ᠲᠠᠷᠢᠶᠠᠯᠠᠩ ᠪᠣᠯᠣᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠲᠦᠷᠭᠡᠨ ᠬᠥᠭᠵᠢᠭᠦᠯᠵᠦ᠂ ᠠᠵᠤ ᠦᠢ᠍ᠯᠡᠰ᠎ᠤᠨ ᠦᠷᠳᠡᠭ᠎ᠢ ᠨᠡᠮᠡᠭᠳᠡᠭᠦᠯᠬᠦ᠂ ᠠᠵᠤ ᠠᠬᠤᠶ᠋ᠢᠯᠠᠯ᠎ᠤᠨ ᠦᠷ᠎ᠡ ᠠᠰᠢᠭ᠎ᠢ ᠨᠡᠮᠡᠭᠳᠡᠭᠦᠯᠬᠦ᠂ ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠠᠰᠢᠭ ᠲᠤᠰᠠ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠢᠳᠡᠪᠬᠢᠲᠡᠢ ᠰᠦᠪᠡᠭᠴᠢᠯᠡᠵᠦ᠂ ᠠᠵᠤ ᠦᠢ᠍ᠯᠡᠰ᠎ᠤᠨ ᠱᠠᠲᠤᠴᠢ ᠰᠢᠯᠵᠢᠯᠲᠡ ᠵᠢ ᠡᠮᠬᠢ ᠵᠢᠷᠤᠮ᠎ᠲᠠᠢ ᠭᠥᠯᠢᠶᠡᠨ ᠠᠪᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠶᠦᠨᠨᠠᠨ᠎ᠤ ᠣᠷᠣᠨ ᠪᠠᠶ᠋ᠢᠷᠢ ᠵᠢᠨ ᠨᠥᠬᠦᠴᠡᠯ ᠥᠪᠡᠷᠮᠢᠴᠡ ᠪᠠᠶ᠋ᠢᠵᠤ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠢᠳᠡᠪᠬᠢᠲᠡᠢ ᠠᠬᠢᠭᠤᠯᠵᠤ᠂ ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ᠎ᠳᠤ ᠬᠠᠨᠳᠤᠭᠤᠯᠤᠭᠰᠠᠨ ᠨᠥᠯᠥᠭᠡᠯᠡᠨ ᠳᠠᠶ᠋ᠢᠴᠢᠯᠠᠬᠤ ᠲᠥᠪ᠎ᠢ ᠪᠦᠲᠦᠭᠡᠨ ᠪᠠᠶ᠋ᠢᠭᠤᠯᠬᠤ ᠬᠡᠷᠡᠭᠲᠡᠢ᠃ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠵᠤ᠂ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ᠂ ᠡᠨᠧᠷᠭᠢ᠂ ᠲᠣᠭ᠋ᠠᠴᠢᠯᠠᠭᠰᠠᠨ ᠮᠡᠳᠡᠭᠡ ᠵᠠᠩᠭᠢ ᠵᠡᠷᠭᠡ ᠶᠡᠭᠡ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠯ᠎ᠡ ᠲᠦᠷᠦᠯ᠎ᠤᠨ ᠨᠡᠭᠡᠭᠡᠯᠲᠡᠲᠤ ᠲᠠᠪᠴᠠᠩ᠎ᠢ ᠠᠵᠤ ᠠᠬᠤᠢ ᠵᠢᠨ ᠬᠥᠭᠵᠢᠯᠲᠡ ᠵᠢᠨ ᠨᠡᠮᠡᠭᠳᠡᠯ᠎ᠤᠨ ᠴᠡᠭ ᠪᠤᠯᠭ᠋ᠠᠬᠤ ᠬᠡᠷᠡᠭᠲᠡᠢ᠃ ᠡᠷᠭᠢᠨ ᠲᠣᠭᠤᠷᠢᠨ᠎ᠤ ᠤᠯᠤᠰ᠎ᠯᠤᠭ᠎ᠠ ᠵᠢᠨ ᠠᠵᠤ ᠠᠬᠤᠢ᠂ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠂ ᠴᠢᠳᠠᠪᠤᠷᠢᠲᠠᠨ᠂ ᠡᠮᠴᠢᠯᠡᠭᠡ᠂ ᠰᠣᠶᠣᠯ ᠵᠡᠷᠭᠡ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠥᠷᠭᠡᠳᠬᠡᠵᠦ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠨᠡᠩ ᠰᠠᠶ᠋ᠢᠨ ᠣᠯᠣᠯᠲᠠ ᠲᠥᠷᠥᠭᠳᠡᠯ᠎ᠲᠠᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠶᠦᠨᠨᠠᠨ᠎ᠤ ᠠᠮᠢ ᠠᠬᠤᠢ ᠵᠢᠨ ᠪᠠᠶ᠋ᠢᠷᠢ ᠰᠠᠭᠤᠷᠢ ᠴᠢᠬᠤᠯᠠ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠮᠠᠨ᠎ᠤ ᠤᠯᠤᠰ᠎ᠤᠨ ᠪᠠᠷᠠᠭᠤᠨ ᠡᠮᠦᠨᠡᠲᠦ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠬᠡᠷᠡᠭᠲᠡᠢ᠃ ᠤᠯᠤᠰ᠎ᠤᠨ ᠴᠡᠴᠡᠷᠯᠢᠭ ᠵᠶ᠋ᠠᠷ ᠭᠤᠣᠯ ᠴᠣᠭᠴᠠ ᠪᠤᠯᠭ᠋ᠠᠬᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠪᠦᠷᠢᠨᠰᠢᠭᠦᠯᠵᠦ᠂ ᠠᠮᠢ ᠠᠬᠤᠢ ᠵᠢᠨ ᠰᠢᠰᠲ᠋ᠧᠮ᠎ᠤᠨ ᠬᠠᠮᠠᠭ᠋ᠠᠯᠠᠯᠲᠠ ᠪᠠ ᠰᠡᠷᠭᠦᠭᠡᠯᠲᠡ ᠵᠢ ᠴᠢᠩᠭ᠋ᠠᠳᠬᠠᠵᠤ᠂ ᠬᠠᠶ᠋ᠢᠷ ᠴᠢᠯᠠᠭᠤᠵᠢᠬᠤ᠂ ᠬᠥᠷᠥᠰᠥ ᠰᠢᠷᠣᠢ ᠵᠢᠨ ᠢᠳᠡᠭᠳᠡᠯ ᠵᠢᠴᠢ ᠵᠢᠵᠢᠭ ᠰᠠᠪᠠ ᠭᠠᠵᠠᠷ᠎ᠤᠨ ᠶᠡᠷᠦᠩᠬᠡᠶ᠋ᠢᠯᠡᠭᠰᠡᠨ ᠵᠠᠰᠠᠯᠲᠠ ᠵᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠬᠡᠷᠡᠭᠴᠡᠭᠡ ᠵᠢᠨ ᠬᠠᠮᠢᠶᠠᠷᠤᠯᠲᠠ ᠬᠢᠭᠡᠳ ᠠᠮᠢ ᠠᠬᠤᠢ ᠣᠷᠴᠢᠨ ᠲᠣᠭᠤᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠵᠣᠯᠭ᠋ᠠᠭᠤᠯᠬᠤ ᠵᠢ ᠴᠢᠩᠭ᠋ᠠᠳᠬᠠᠵᠤ᠂ ᠭᠤᠣᠯᠳᠠᠯᠭ᠎ᠠ᠎ᠲᠠᠢ ᠬᠦᠷᠢᠶᠡᠨ᠎ᠤ ᠪᠣᠬᠢᠷᠳᠤᠯ᠎ᠢ ᠰᠡᠷᠭᠡᠶ᠋ᠢᠯᠡᠨ ᠵᠠᠰᠠᠬᠤ ᠪᠠ ᠭᠤᠣᠯᠳᠠᠯᠭ᠎ᠠ᠎ᠲᠠᠢ ᠨᠠᠭᠤᠷ ᠴᠥᠭᠦᠷᠥᠮ᠎ᠤᠨ ᠣᠷᠴᠢᠨ ᠲᠣᠭᠤᠷᠢᠨ᠎ᠤ ᠵᠠᠰᠠᠯᠲᠠ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠶᠦᠨᠨᠠᠨ᠎ᠳᠤ ᠦᠨᠳᠦᠰᠦᠲᠡᠨ ᠤᠯᠠᠨ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠵᠠᠰᠠᠯᠲᠠ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠪᠦᠭᠦ ᠲᠠᠯ᠎ᠠ᠎ᠪᠠᠷ ᠠᠭᠤᠰᠤᠯᠴᠠᠬᠤ ᠦᠢ᠍ᠯᠡᠳᠦᠯᠭᠡ ᠵᠢᠨ ᠠᠷᠭ᠎ᠠ ᠵᠠᠮ᠎ᠢ ᠥᠷᠭᠡᠳᠬᠡᠵᠦ᠂ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ᠂ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠨᠠᠮ᠎ᠤᠨ ᠤᠳᠤᠷᠢᠳᠤᠯᠭ᠎ᠠ ᠪᠣᠯ ᠠᠵᠢᠯ ᠦᠢ᠍ᠯᠡᠰ᠎ᠤᠨ ᠬᠥᠭᠵᠢᠯᠲᠡ ᠵᠢᠨ ᠦᠨᠳᠦᠰᠦᠨ ᠪᠠᠲᠤᠯᠠᠭ᠎ᠠ ᠮᠥᠨ᠃ ᠨᠢᠭᠡ ᠭᠠᠵᠠᠷ ᠣᠷᠣᠨ᠎ᠤ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠶ᠋ᠢᠭᠤᠯᠤᠯᠲᠠ ᠵᠢᠨ ᠲᠦᠪᠰᠢᠨ ᠥᠨᠳᠥᠷ ᠪᠠᠶ᠋ᠢᠬᠤ ᠡᠰᠡᠬᠦ ᠵᠢ ᠦᠵᠡᠬᠦ᠎ᠳᠤ ᠤᠯᠤᠰ ᠲᠦᠷᠦ ᠵᠢᠨ ᠠᠮᠢ ᠠᠬᠤᠢ ᠰᠠᠶ᠋ᠢᠨ ᠪᠠᠶ᠋ᠢᠬᠤ ᠡᠰᠡᠬᠦ ᠵᠢ ᠦᠵᠡᠬᠦ ᠪᠣᠯ ᠨᠢᠭᠡ ᠴᠢᠬᠤᠯᠠ ᠲᠠᠯ᠎ᠠ ᠪᠣᠯᠣᠨ᠎ᠠ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠣᠪᠣᠷ ᠰᠤᠷᠲᠠᠯ᠎ᠨᠢ ᠲᠥᠪ ᠴᠢᠬᠡᠴᠢ᠂ ᠲᠥᠪ ᠭᠤᠣᠯᠴᠢ᠎ᠪᠠᠷ ᠠᠵᠢᠯᠯᠠᠵᠤ᠂ ᠲᠤᠰ ᠪᠡᠶ᠎ᠡ ᠵᠢᠨ ᠵᠢᠱ᠌ᠢᠶᠡᠴᠢ ᠠᠵᠢᠯᠯᠠᠭ᠎ᠠ᠎ᠪᠠᠷ ᠵᠶ᠋ᠠᠨ ᠤᠯᠤᠰ ᠲᠦᠷᠦ ᠵᠢᠨ ᠠᠮᠢ ᠠᠬᠤᠢ ᠵᠢ ᠦᠷᠭᠦᠯᠵᠢᠯᠡᠨ ᠴᠡᠪᠡᠷᠰᠢᠭᠦᠯᠬᠦ ᠵᠢ ᠠᠬᠢᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠮ᠎ᠤᠨ ᠭᠡᠰᠢᠭᠦᠨ᠂ ᠺᠠᠳ᠋ᠷᠴᠤᠳ᠎ᠤᠨ ᠬᠥᠮᠦᠵᠢᠯ ᠬᠠᠮᠢᠶᠠᠷᠤᠯᠲᠠ᠎ᠪᠠᠨ ᠴᠢᠩᠭ᠋ᠠᠳᠬᠠᠵᠤ᠂ ᠳᠦᠷᠢᠮ ᠲᠣᠭᠲᠠᠭ᠋ᠠᠯ ᠰᠠᠬᠢᠯᠭ᠎ᠠ ᠪᠠᠲᠤ ᠵᠢ ᠵᠥᠷᠢᠴᠡᠭᠰᠡᠨ ᠡᠯ᠎ᠡ ᠵᠦᠢ᠍ᠯ᠎ᠤᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠭᠠᠵᠢᠭᠤ ᠰᠤᠷᠲᠠᠯ᠎ᠢ ᠵᠠᠬ᠎ᠠ ᠳᠡᠯᠭᠡᠭᠦᠷ ᠦᠭᠡᠢ ᠪᠤᠯᠭ᠋ᠠᠬᠤ ᠬᠡᠷᠡᠭᠲᠡᠢ᠃ ᠨᠠᠮ᠎ᠤᠨ ᠲᠥᠪ ᠬᠤᠷᠢᠶ᠎ᠠ᠎ᠠᠴᠠ ᠪᠦᠭᠦ ᠨᠠᠮ᠎ᠳᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠨᠢᠭᠡᠨᠲᠡ ᠪᠠᠶ᠋ᠢᠷᠢᠯᠠᠭᠤᠯᠵᠠᠢ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ ᠰᠤᠷᠤᠯᠴᠠᠯᠭ᠎ᠠ ᠬᠥᠮᠦᠵᠢᠯ᠎ᠤᠨ ᠬᠠᠷᠢᠭᠤᠴᠠᠯᠭ᠋ᠠᠲᠤ ᠰᠡᠳᠬᠢᠯᠭᠡ ᠲᠤᠯᠭ᠋ᠠᠮ ᠰᠡᠳᠬᠢᠯᠭᠡ᠎ᠪᠠᠨ ᠤᠬᠠᠮᠰᠠᠷ᠎ᠠᠴᠠ᠎ᠪᠠᠨ ᠴᠢᠩᠭ᠋ᠠᠳᠬᠠᠵᠤ᠂ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ ᠪᠠᠶ᠋ᠢᠳᠠᠯ ᠡᠭᠦᠷᠭᠡ᠎ᠲᠠᠢ ᠤᠶᠠᠯᠳᠤᠭᠤᠯᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠵᠢᠨ ᠵᠶ᠋ᠠᠨ ᠡᠳᠡᠭᠡᠷ ᠵᠢᠯ᠎ᠤᠨ ᠲᠤᠷᠰᠢᠬᠢ ᠰᠤᠷᠲᠠᠯ᠎ᠤᠨ ᠪᠠᠶ᠋ᠢᠭᠤᠯᠤᠯᠲᠠ ᠵᠢ ᠠᠳᠬᠤᠭᠰᠠᠨ ᠪᠣᠳᠠᠲᠠᠢ ᠦᠢ᠍ᠯᠡᠳᠦᠯᠭᠡ᠎ᠲᠠᠢ ᠤᠶᠠᠯᠳᠤᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠨᠡᠪᠲᠡ ᠣᠶ᠋ᠢᠯᠠᠭ᠋ᠠᠵᠤ᠂ ᠬᠤᠯᠪᠣᠭᠳᠠᠯ ᠪᠦᠬᠦᠢ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ ᠲᠣᠭᠲᠠᠭ᠋ᠠᠯ᠎ᠢ ᠡᠵᠡᠮᠳᠡᠨ᠂ ᠠᠰᠠᠭᠤᠳᠠᠯ᠎ᠢ ᠪᠠᠶ᠋ᠢᠴᠠᠭ᠋ᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ᠎ᠳᠤ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ ᠵᠢ ᠪᠠᠲᠤ ᠲᠠᠯᠪᠢᠬᠤ ᠬᠡᠷᠡᠭᠲᠡᠢ᠃ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠬᠤ ᠢᠯᠵᠢᠷᠡᠯ᠎ᠢ ᠡᠰᠡᠷᠭᠦᠴᠡᠬᠦ ᠵᠢ ᠨᠠᠪᠲᠠᠷᠡᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠤᠨ ᠤᠬᠠᠮᠰᠠᠷ᠎ᠠᠴᠠ᠎ᠪᠠᠨ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠵᠤ᠂ ᠵᠣᠷᠢᠭᠲᠠᠢ᠎ᠪᠠᠷ ᠠᠵᠢᠯ ᠬᠢᠵᠦ ᠦᠢ᠍ᠯᠡᠰ ᠪᠣᠰᠬᠠᠬᠤ ᠵᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃
    ᠾᠧ ᠯᠢ ᠹᠧᠩ ᠵᠢᠴᠢ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃
   3 ᠰᠠᠷ᠎ᠠ ᠵᠢᠨ 20᠎ᠤ ᠦᠳᠡ ᠵᠢᠨ ᠡᠮᠦᠨ᠎ᠡ᠂ ᠰᠢ ᠵᠢᠨ ᠫᠢᠩ ᠺᠦᠨᠮᠢᠩ᠎ᠳᠤ ᠰᠠᠭᠤᠭ᠎ᠠ ᠴᠡᠷᠢᠭ ᠠᠩᠭᠢ ᠵᠢᠨ ᠬᠤᠷᠠᠩᠳᠠ᠎ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠣᠨ ᠦᠨᠳᠦᠰᠦᠨ ᠱᠠᠲᠤᠨ᠎ᠤ ᠲᠡᠷᠢᠭᠦᠨ᠎ᠤ ᠵᠢᠱ᠌ᠢᠶᠡᠴᠢ᠂ ᠪᠢᠴᠢᠭ᠎ᠤᠨ ᠲᠤᠰᠢᠶᠠᠯᠲᠠᠨ᠎ᠤ ᠲᠥᠯᠥᠭᠡᠯᠡᠭᠴᠢᠳ᠎ᠲᠠᠢ ᠺᠦᠨᠮᠢᠩ᠎ᠳᠤ ᠳᠣᠲᠣᠨᠣ᠎ᠪᠠᠷ ᠠᠭᠤᠯᠵᠠᠵᠤ᠂ ᠨᠠᠮ᠎ᠤᠨ ᠲᠥᠪ ᠬᠤᠷᠢᠶ᠎ᠠ ᠪᠣᠯᠣᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠡᠮᠦᠨ᠎ᠡ᠎ᠠᠴᠠ ᠺᠦᠨᠮᠢᠩ᠎ᠳᠤ ᠰᠠᠭᠤᠭ᠎ᠠ ᠴᠡᠷᠢᠭ ᠠᠩᠭᠢ ᠵᠢᠨ ᠪᠦᠭᠦ ᠳᠠᠷᠤᠭ᠎ᠠ ᠪᠠᠶ᠋ᠢᠯᠳᠤᠭᠴᠢᠳ᠎ᠲᠤ ᠴᠢᠩ ᠰᠡᠳᠬᠢᠯ᠎ᠤᠨ ᠮᠡᠨᠳᠦᠴᠢᠯᠡᠯ ᠬᠦᠷᠭᠡᠭᠰᠡᠨ ᠪᠥᠭᠡᠳ ᠣᠯᠠᠨ᠎ᠲᠠᠢ ᠬᠠᠮᠲᠤ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠴᠢᠨᠠᠷ ᠰᠠᠶ᠋ᠢᠲᠠᠢ ᠬᠥᠭᠵᠢᠯᠲᠡ᠎ᠪᠠᠷ ᠪᠥᠬᠦ ᠲᠠᠯ᠎ᠠ ᠵᠢ ᠬᠠᠮᠤᠷᠬᠤ ᠵᠢ ᠪᠠᠷᠢᠮᠲᠠᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠭᠦᠢ᠍ᠵᠧᠦ ᠵᠢᠨ ᠰᠢᠨ᠎ᠡ ᠵᠢᠪᠬᠤᠭ᠎ᠠ ᠵᠢ ᠢᠯᠡᠷᠡᠭᠦᠯᠬᠦ ᠬᠡᠷᠡᠭᠲᠡᠢ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠠᠢ᠍ᠮᠠᠳᠤᠭ᠋ᠠᠷ ᠤᠳᠠᠭ᠎ᠠ ᠵᠢᠨ ᠪᠦᠭᠦᠳᠡ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ ᠪᠦᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠠᠬᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠲᠦᠷᠦ ᠵᠢᠨ ᠶᠠᠪᠤᠳᠠᠯ᠎ᠤᠨ ᠬᠤᠷᠢᠶᠠᠨ᠎ᠤ 2025 ᠣᠨ᠎ᠤ ᠭᠤᠣᠯᠳᠠᠯᠭ᠎ᠠ ᠪᠣᠯᠬᠤ ᠠᠵᠢᠯ᠎ᠢ ᠨᠠᠶ᠋ᠢᠳᠠᠪᠤᠷᠢᠵᠢᠭᠤᠯᠬᠤ ᠪᠠᠶ᠋ᠢᠷᠢᠯᠠᠭᠤᠯᠤᠯᠲᠠ ᠬᠢᠪᠡ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ 《ᠲᠥᠷᠥ ᠵᠢᠨ ᠶᠠᠪᠤᠳᠠᠯ᠎ᠤᠨ ᠬᠤᠷᠢᠶᠠᠨ᠎ᠤ 2025 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》 ᠵᠡᠷᠭᠡ ᠵᠢ ᠶᠠᠷᠢᠯᠴᠠᠨ ᠪᠠᠲᠤᠯᠠᠪᠠ
ᠰᠢ ᠵᠢᠨ ᠫᠢᠩ ᠤᠯᠤᠰ ᠲᠥᠷᠥ ᠵᠢᠨ ᠵᠥᠪᠯᠯᠡᠭᠡᠨ᠎ᠤ ᠬᠤᠷᠠᠯ᠎ᠳᠤ ᠣᠷᠣᠯᠴᠠᠵᠤ ᠪᠠᠶ᠋ᠢᠭ᠎ᠠ ᠠᠷᠠᠳᠴᠢᠯᠠᠭᠰᠠᠨ ᠬᠤᠯᠪᠣᠭ᠎ᠠ ᠠᠷᠠᠳᠴᠢᠯᠠᠯ ᠵᠶ᠋ᠠᠷ ᠠᠬᠢᠭᠤᠯᠬᠤ ᠬᠤᠷᠠᠯ ᠰᠤᠷᠭ᠋ᠠᠨ ᠬᠥᠮᠥᠵᠢᠯ᠎ᠤᠨ ᠡᠲᠡᠭᠡᠳ᠎ᠤᠨ ᠭᠡᠰᠢᠭᠦᠳ᠎ᠢ ᠡᠷᠭᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯᠣᠨ ᠴᠢᠳᠠᠪᠤᠷᠢᠲᠠᠨ᠎ᠳᠠᠬᠢ ᠲᠤᠯᠭ᠋ᠠᠭᠤᠷᠢᠯᠠᠬᠤ ᠦᠢ᠍ᠯᠡᠳᠦᠯ᠎ᠢ ᠴᠢᠩᠭ᠋ᠠᠳᠬᠠᠵᠤ ᠴᠢᠳᠠᠪᠤᠷᠢᠲᠠᠨ ᠴᠣᠯᠭᠤᠷᠠᠨ ᠭᠠᠷᠬᠤ ᠬᠥᠮᠥᠨ ᠪᠦᠭᠦᠨ᠎ᠤ ᠴᠢᠳᠠᠪᠤᠷᠢ ᠵᠢ ᠭᠦᠢ᠍ᠴᠡᠳ ᠪᠠᠳᠠᠷᠠᠭᠤᠯᠬᠤ ᠴᠢᠳᠠᠪᠤᠷᠢ ᠵᠢᠨ ᠬᠢᠷᠢ᠎ᠪᠠᠷ᠎ᠨᠢ ᠬᠡᠷᠡᠭᠯᠡᠬᠦ ᠠᠮᠢᠳᠤᠯᠢᠭ ᠪᠠᠶ᠋ᠢᠳᠠᠯ᠎ᠢ ᠪᠦᠷᠢᠯᠳᠦᠭᠦᠯᠬᠦ ᠬᠡᠷᠡᠭᠲᠡᠢ
ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠠᠷᠪᠠ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠡᠷᠡᠰ ᠭᠤᠶ᠋ᠢᠪᠢᠰᠢ ᠦᠭᠡᠢ ᠲᠤᠭᠤᠰᠢᠯᠠᠭᠤᠯᠵᠤ ᠠᠮᠤᠭᠤᠯᠠᠩᠲᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠨᠡᠩ ᠥᠨᠳᠥᠷ ᠲᠦᠪᠰᠢᠨ ᠲᠡᠶ᠋ᠢᠰᠢ ᠠᠬᠢᠭᠤᠯᠬᠤ ᠬᠡᠷᠡᠭᠲᠡᠢ
 
            