ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠲᠥᠪ᠎ᠤᠨ ᠬᠥᠷᠰᠢ ᠵᠡᠷᠭᠡᠯᠡᠳᠡᠭᠡ ᠵᠢᠨ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ ᠯᠢ ᠴᠢᠶᠠᠩ ᠬᠤᠷᠠᠯ᠎ᠢ ᠡᠷᠬᠢᠯᠡᠵᠦ ᠵᠤᠤ ᠯᠧ ᠵᠢᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ᠎ᠳᠤ ᠣᠷᠣᠯᠴᠠᠵᠠᠢ
ᠨᠡᠶ᠋ᠢᠲᠡᠯᠡᠭᠰᠡᠨ ᠴᠠᠭ᠄ 2025-04-11

    ᠰᠢᠨᠬᠤᠸᠠ ᠬᠤᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 9᠎ᠤ ᠴᠠᠭᠢᠯᠭ᠋ᠠᠨ ᠮᠡᠳᠡᠭᠡ
   ■ ᠮᠠᠨ᠎ᠤ ᠤᠯᠤᠰ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠢᠯᠢ ᠵᠢᠨ ᠱᠤᠭᠤᠮ ᠤᠷᠳᠤ᠂ ᠬᠥᠷᠰᠢ ᠵᠡᠷᠭᠡᠯᠡᠳᠡᠭᠡ ᠪᠣᠯ ᠬᠥᠭᠵᠢᠯ ᠴᠡᠴᠡᠭᠯᠡᠯ᠎ᠢ ᠪᠡᠶᠡᠯᠡᠭᠦᠯᠬᠦ ᠴᠢᠬᠤᠯᠠ ᠰᠠᠭᠤᠷᠢ᠂ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠭᠤᠣᠯᠳᠠᠯᠭ᠎ᠠ᠂ ᠭᠠᠳᠠᠭ᠋ᠠᠳᠤ ᠬᠠᠷᠢᠯᠴᠠᠭ᠋ᠠᠨ᠎ᠤ ᠪᠦᠭᠦ ᠲᠠᠯ᠎ᠠ ᠵᠢ ᠲᠥᠯᠥᠪᠵᠢᠭᠦᠯᠬᠦ ᠲᠡᠷᠢᠭᠦᠨ ᠴᠢᠬᠤᠯᠠ ᠵᠦᠢ᠍ᠯ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ ᠵᠠᠩᠭᠢᠯᠠᠭ᠎ᠠ ᠪᠣᠯᠣᠨ᠎ᠠ᠃ ᠪᠦᠭᠦ ᠪᠥᠮᠪᠥᠷᠴᠡᠭ᠎ᠤᠨ ᠬᠠᠷᠠᠭ᠋ᠠᠰᠤ᠎ᠠᠴᠠ ᠬᠥᠷᠰᠢ ᠵᠡᠷᠭᠡᠯᠡᠳᠡᠭᠡ᠎ᠪᠠᠨ ᠰᠢᠨᠵᠢᠵᠦ ᠠᠵᠢᠭᠯᠠᠨ᠂ ᠬᠥᠷᠰᠢ ᠵᠡᠷᠭᠡᠯᠡᠳᠡᠭᠡ ᠵᠢᠨ ᠠᠵᠢᠯ᠎ᠢ ᠰᠠᠶ᠋ᠢᠲᠤᠷ ᠬᠢᠬᠦ ᠡᠭᠦᠷᠭᠡ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠳᠬᠠᠬᠤ ᠬᠡᠷᠡᠭᠲᠡᠢ᠃
   ■ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠣᠲᠣᠨᠣ ᠦᠨᠡᠨᠴᠢ ᠠᠰᠢᠭᠲᠠᠢ ᠪᠠᠭᠲᠠᠭ᠋ᠠᠮᠵᠢᠲᠠᠢ ᠬᠥᠷᠰᠢ ᠵᠡᠷᠭᠡᠯᠡᠳᠡᠭᠡ ᠵᠢᠨ ᠣᠶ᠋ᠢᠯᠠᠭ᠋ᠠᠭᠳᠠᠬᠤᠨ᠎ᠢ ᠳᠤᠷᠠᠳᠴᠤ᠂ ᠬᠥᠷᠰᠢ ᠵᠡᠷᠭᠡᠯᠡᠳᠡᠭᠡ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ ᠵᠢ ᠰᠠᠨᠠᠭ᠋ᠠᠴᠢᠯᠠᠵᠤ᠂ ᠤᠯᠤᠰ᠎ᠤᠨ ᠲᠡᠷᠢᠭᠦᠨ᠎ᠤ ᠭᠠᠳᠠᠭ᠋ᠠᠳᠤ ᠬᠠᠷᠢᠯᠴᠠᠭ᠎ᠠ᠎ᠪᠠᠷ ᠵᠢᠯᠣᠭᠤᠳᠤᠮᠵᠢ ᠪᠤᠯᠭ᠋ᠠᠵᠤ᠂ ᠬᠥᠷᠰᠢ ᠵᠡᠷᠭᠡᠯᠡᠳᠡᠭᠡ ᠤᠯᠤᠰ᠎ᠤᠳ᠎ᠯᠤᠭ᠎ᠠ ᠪᠦᠭᠦ ᠲᠠᠯ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠡᠯ᠎ᠡ ᠬᠦᠷᠢᠶᠡᠨ᠎ᠤ ᠰᠣᠯᠢᠯᠴᠠᠭ᠎ᠠ᠎ᠪᠠᠨ ᠴᠢᠩᠭ᠋ᠠᠳᠬᠠᠵᠤ᠂ ᠡᠩᠬᠡ ᠲᠠᠶ᠋ᠢᠪᠤᠩ ᠲᠣᠭᠲᠠᠭᠤᠨ᠎ᠢ ᠬᠠᠮᠲᠤ᠎ᠪᠠᠷ ᠬᠠᠮᠠᠭ᠋ᠠᠯᠠᠵᠤ᠂ ᠪᠣᠳᠠᠲᠠᠢ ᠵᠢ ᠡᠷᠬᠢᠮᠯᠡᠭᠰᠡᠨ ᠥᠨᠳᠥᠷ ᠪᠦᠲᠦᠮᠵᠢᠲᠡᠶ ᠬᠥᠷᠰᠢ ᠵᠡᠷᠭᠡᠯᠡᠳᠡᠭᠡ ᠵᠢᠨ ᠠᠵᠢᠯ᠎ᠤᠨ ᠪᠣᠷᠣ ᠲᠥᠯᠥᠪ᠎ᠢ ᠪᠦᠷᠢᠯᠳᠦᠭᠦᠯᠵᠦ᠂ ᠬᠥᠷᠰᠢ ᠵᠡᠷᠭᠡᠯᠡᠳᠡᠭᠡ ᠵᠢᠨ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠵᠢ ᠠᠬᠢᠭᠤᠯᠪᠠ᠃ ᠦᠢ᠍ᠯᠡᠳᠦᠯᠭᠡ ᠳᠤᠮᠳᠠ ᠰᠦᠪᠡᠭᠴᠢᠯᠡᠨ ᠪᠤᠢ ᠪᠤᠯᠭ᠋ᠠᠬᠰᠠᠨ ᠲᠤᠷᠰᠢᠯᠭ᠎ᠠ ᠵᠢ ᠰᠠᠶ᠋ᠢᠲᠤᠷ ᠪᠠᠷᠢᠮᠲᠠᠯᠠᠵᠤ᠂ ᠰᠠᠶ᠋ᠢᠲᠤᠷ ᠬᠡᠷᠡᠭᠯᠡᠬᠦ ᠬᠡᠷᠡᠭᠲᠡᠢ᠃
   ■ ᠣᠳᠣᠬᠠᠨ᠎ᠳᠤ ᠮᠠᠨ᠎ᠤ ᠤᠯᠤᠰ ᠪᠣᠯᠣᠨ ᠬᠥᠷᠰᠢ ᠵᠡᠷᠭᠡᠯᠡᠳᠡᠭᠡ ᠤᠯᠤᠰ᠎ᠤᠳ᠎ᠤᠨ ᠬᠠᠷᠢᠯᠴᠠᠭ᠎ᠠ ᠣᠶ᠋ᠢᠷ᠎ᠠ ᠦᠶ᠎ᠡ᠎ᠠᠴᠠ ᠨᠠᠭ᠋ᠠᠰᠢᠬᠢ ᠬᠠᠮᠤᠭ᠎ᠤᠨ ᠰᠠᠶ᠋ᠢᠨ ᠴᠠᠭ ᠦᠶ᠎ᠡ᠎ᠳᠤ ᠣᠷᠣᠰᠢᠵᠤ ᠪᠤᠢ᠂ ᠡᠭᠦᠨ᠎ᠤ ᠵᠡᠷᠭᠡ᠎ᠪᠠᠷ ᠬᠥᠷᠰᠢ ᠵᠡᠷᠭᠡᠯᠡᠳᠡᠭᠡ ᠵᠢᠨ ᠪᠠᠶ᠋ᠢᠷᠢᠰᠢᠯ ᠪᠣᠯᠣᠨ ᠳᠡᠯᠡᠬᠡᠢ ᠵᠢᠨ ᠬᠤᠪᠢᠰᠤᠯᠲᠠ ᠭᠦᠨᠵᠡᠭᠡᠢ ᠬᠤᠯᠪᠤᠭ᠋ᠠᠯᠠᠨ ᠬᠥᠳᠡᠯᠦᠯᠴᠡᠬᠦ ᠴᠢᠬᠤᠯᠠ ᠱᠠᠲᠤᠨ᠎ᠳᠤ ᠣᠷᠣᠪᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ ᠪᠣᠯᠣᠨ ᠤᠯᠤᠰ᠎ᠤᠨ ᠭᠤᠣᠯ ᠡᠭᠦᠷᠭᠡ ᠵᠢᠨ ᠲᠣᠭᠤᠷᠢᠨ᠎ᠳᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠶᠠᠷ ᠶᠡᠭᠡ ᠲᠠᠯ᠎ᠠ᠂ ᠬᠥᠭᠵᠢᠯᠲᠡ ᠠᠮᠤᠷ ᠲᠦᠪᠰᠢᠨ ᠬᠤᠶᠠᠷ ᠶᠡᠭᠡ ᠶᠠᠪᠤᠳᠠᠯ᠎ᠢ ᠨᠢᠭᠡᠳᠦᠯᠲᠡᠢ ᠲᠥᠯᠥᠪᠵᠢᠭᠦᠯᠦᠨ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠲᠤᠭ᠎ᠢ ᠥᠨᠳᠥᠷ ᠮᠠᠨᠳᠤᠭᠤᠯᠵᠤ᠂ ᠡᠩᠬᠡ ᠲᠠᠶ᠋ᠢᠪᠤᠩ᠂ ᠠᠮᠤᠷ ᠠᠮᠤᠭᠤᠯᠠᠩ᠂ ᠴᠡᠴᠡᠭᠯᠡᠨ ᠬᠥᠭᠵᠢᠭᠰᠡᠨ᠂ ᠦᠵᠡᠰᠬᠦᠯᠡᠩᠲᠦ ᠰᠠᠶ᠋ᠢᠬᠠᠨ᠂ ᠨᠥᠭᠦᠷᠰᠡᠭ 《ᠲᠠᠪᠤᠨ ᠶᠡᠭᠡ ᠭᠡᠷ ᠣᠷᠣᠨ》᠎ᠢ ᠪᠦᠲᠦᠭᠡᠨ ᠪᠠᠶ᠋ᠢᠭᠤᠯᠬᠤ᠎ᠪᠠᠷ ᠬᠠᠮᠲᠤ ᠵᠢᠨ ᠬᠦᠰᠡᠯ ᠡᠷᠡᠮᠡᠯᠵᠡᠯ ᠪᠤᠯᠭ᠋ᠠᠵᠤ᠂ ᠡᠶᠡᠯᠳᠡᠭ ᠬᠥᠷᠰᠢ᠂ ᠠᠮᠤᠷ ᠲᠣᠭᠲᠠᠭᠤᠨ ᠬᠥᠷᠰᠢ᠂ ᠬᠥᠷᠰᠢ ᠵᠡᠷᠭᠡᠯᠡᠳᠡᠭᠡ᠎ᠪᠠᠨ ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ ᠪᠠᠭᠲᠠᠭ᠋ᠠᠮᠵᠢᠲᠠᠢ᠂ ᠬᠤᠪᠢ ᠵᠠᠶᠠᠭ᠎ᠠ᠎ᠪᠠᠨ ᠬᠠᠮᠲᠤᠳᠬᠠᠬᠤ ᠣᠶ᠋ᠢᠯᠠᠭ᠋ᠠᠭᠳᠠᠬᠤᠨ ᠵᠶ᠋ᠠᠷ ᠴᠢᠭᠯᠡᠯᠲᠡ ᠪᠤᠯᠭ᠋ᠠᠵᠤ᠂ ᠡᠩᠬᠡ ᠲᠠᠶ᠋ᠢᠪᠤᠩ᠂ ᠬᠠᠮᠲᠤᠷᠠᠯᠴᠠᠭ᠎ᠠ ᠬᠢᠬᠦ᠂ ᠨᠡᠭᠡᠭᠡᠯᠲᠡ ᠬᠢᠬᠦ᠂ ᠪᠠᠭᠲᠠᠭ᠋ᠠᠮᠵᠢᠲᠠᠢ ᠠᠽᠢᠶ᠎ᠠ ᠲᠢᠪ᠎ᠤᠨ ᠥᠷᠲᠡᠭ᠎ᠤᠨ ᠦᠵᠡᠯᠲᠡ᠎ᠪᠠᠷ ᠦᠨᠳᠦᠰᠦᠨ ᠵᠢᠷᠤᠮᠯᠠᠯ ᠪᠤᠯᠭ᠋ᠠᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠬᠤ᠎ᠪᠠᠷ ᠭᠤᠣᠯ ᠲᠠᠪᠴᠠᠩ ᠪᠤᠯᠭ᠋ᠠᠵᠤ᠂ ᠠᠮᠤᠷ ᠲᠦᠪᠰᠢᠨ᠎ᠢ ᠬᠠᠮᠲᠤ᠎ᠪᠠᠷ ᠡᠳ᠋ᠯᠡᠵᠦ ᠠᠶᠤᠯ ᠲᠦᠭᠰᠢᠭᠦᠷᠢ ᠵᠢ ᠬᠠᠮᠲᠤ᠎ᠪᠠᠷ ᠲᠤᠭᠤᠯᠬᠤ᠂ ᠠᠳᠠᠯᠢ ᠲᠠᠯ᠎ᠠ᠎ᠪᠠᠨ ᠡᠷᠢᠵᠦ ᠵᠥᠷᠢᠶ᠎ᠡ᠎ᠲᠠᠢ ᠲᠠᠯ᠎ᠠ᠎ᠪᠠᠨ ᠦᠯᠡᠳᠡᠭᠡᠬᠦ᠂ ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ᠎ᠤᠨ ᠠᠮᠤᠷ ᠲᠦᠪᠰᠢᠨ᠎ᠤ ᠵᠠᠭᠪᠤᠷ ᠵᠶ᠋ᠠᠷ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠯ ᠪᠤᠯᠭ᠋ᠠᠵᠤ᠂ ᠬᠥᠷᠰᠢ ᠵᠡᠷᠭᠡᠯᠡᠳᠡᠭᠡ ᠤᠯᠤᠰ᠎ᠤᠳ᠎ᠯᠤᠭ᠎ᠠ ᠭᠠᠷ ᠬᠤᠯᠪᠣᠯᠴᠠᠨ ᠰᠠᠶ᠋ᠢᠨ ᠰᠠᠶ᠋ᠢᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠶ᠎ᠠ᠃
   ■ ᠬᠥᠷᠰᠢ ᠵᠡᠷᠭᠡᠯᠡᠳᠡᠭᠡ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠬᠥᠷᠰᠢ ᠵᠡᠷᠭᠡᠯᠡᠳᠡᠭᠡ ᠤᠯᠤᠰ᠎ᠤᠳ᠎ᠯᠤᠭ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠢᠲᠡᠭᠡᠯᠴᠡᠭᠡ᠎ᠪᠠᠨ ᠪᠠᠬᠢᠵᠢᠭᠦᠯᠵᠦ᠂ ᠭᠠᠵᠠᠷ ᠣᠷᠣᠨ᠎ᠤ ᠤᠯᠤᠰ᠎ᠤᠳ᠎ᠤᠨ ᠲᠣᠰ ᠪᠡᠶ᠎ᠡ ᠵᠢᠨ ᠬᠥᠭᠵᠢᠯᠲᠡ ᠵᠢᠨ ᠵᠠᠮ ᠵᠶ᠋ᠠᠷ ᠵᠶ᠋ᠠᠨ ᠵᠠᠮᠨᠠᠬᠤ ᠵᠢ ᠳᠡᠮᠵᠢᠵᠦ᠂ ᠵᠥᠷᠢᠴᠡᠯ ᠵᠥᠷᠢᠯᠳᠦᠭᠡᠨ ᠵᠶ᠋ᠠᠨ ᠲᠣᠬᠢᠲᠠᠢ ᠬᠠᠮᠢᠶᠠᠷᠤᠨ ᠡᠵᠡᠮᠳᠡᠬᠦ ᠭᠡᠷᠡᠭᠲᠡᠶ; ᠭᠦᠭᠵᠢᠯᠲᠡ ᠵᠢᠨ ᠠᠭᠤᠰᠤᠯᠴᠠᠯ᠎ᠢ ᠭᠦᠨᠵᠡᠭᠡᠶ᠋ᠢᠷᠡᠭᠦᠯᠵᠦ᠂ ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ᠎ᠢ ᠪᠠᠶ᠋ᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠬᠤ ᠭᠡᠷᠡᠭᠳᠠᠢ; ᠭᠠᠵᠠᠷ ᠣᠷᠣᠨ᠎ᠤ ᠲᠣᠭᠲᠠᠭᠤᠨ ᠪᠠᠶ᠋ᠢᠳᠠᠯ᠎ᠢ ᠬᠠᠮᠲᠤ᠎ᠪᠠᠷ ᠬᠠᠮᠠᠭ᠋ᠠᠯᠠᠵᠤ᠂ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠵᠢ ᠥᠷᠨᠢᠭᠦᠯᠦᠨ᠂ ᠡᠯ᠎ᠡ ᠲᠦᠷᠦᠯ᠎ᠤᠨ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭ᠋ᠠᠴᠠᠭ᠋ᠠᠬᠤ ᠭᠡᠷᠡᠭᠳᠠᠢ; ᠶᠠᠪᠤᠯᠴᠠᠭ᠎ᠠ ᠰᠣᠯᠢᠯᠴᠠᠭ᠎ᠠ᠎ᠪᠠᠨ ᠥᠷᠭᠡᠳᠬᠡᠵᠦ᠂ ᠬᠥᠮᠥᠰ᠎ᠤᠨ ᠶᠠᠪᠤᠯᠴᠠᠭ᠎ᠠ᠎ᠳᠤ ᠲᠦᠭᠦᠮ ᠦᠵᠡᠭᠦᠯᠭᠦ ᠬᠡᠷᠡᠭᠲᠡᠢ᠃
   ■ ᠬᠥᠷᠰᠢ ᠵᠡᠷᠭᠡᠯᠡᠳᠡᠭᠡ ᠵᠢᠨ ᠠᠵᠢᠯ᠎ᠢ ᠰᠠᠶ᠋ᠢᠲᠤᠷ ᠬᠢᠬᠦ᠎ᠳᠤ᠂ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠴᠢᠩᠭ᠋ᠠᠳᠬᠠᠵᠤ᠂ ᠡᠯ᠎ᠡ ᠲᠠᠯ᠎ᠠ ᠵᠢᠨ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭ᠋ᠠᠳᠬᠠᠬᠤ ᠬᠡᠷᠡᠭᠲᠡᠢ᠃ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠭᠠᠳᠠᠭ᠋ᠠᠳᠤ᠎ᠳᠤ ᠬᠤᠯᠪᠣᠭᠳᠠᠭᠰᠠᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ᠃ ᠴᠢᠳᠠᠪᠤᠷᠢ ᠪᠠ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠷᠰᠢ ᠵᠡᠷᠭᠡᠯᠡᠳᠡᠭᠡ ᠵᠢᠨ ᠠᠵᠢᠯ᠎ᠤᠨ ᠣᠨᠣᠯ ᠪᠠ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠵᠢ ᠠᠬᠢᠭᠤᠯᠬᠤ ᠬᠡᠷᠡᠭᠲᠡᠢ᠃
    ᠲᠥᠪ᠎ᠤᠨ ᠬᠥᠷᠰᠢ ᠵᠡᠷᠭᠡᠯᠡᠳᠡᠭᠡ ᠵᠢᠨ ᠠᠵᠢᠯ᠎ᠤᠨ ᠬᠤᠷᠠᠯ 4 ᠰᠠᠷ᠎ᠠ ᠵᠢᠨ 8᠎ᠠᠴᠠ 9᠎ᠤ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ᠎ᠤᠨ ᠳᠡᠳ᠋ ᠲᠡᠷᠢᠭᠦᠯᠡᠭᠴᠢ ᠬᠠᠨ ᠵᠧᠩ ᠬᠤᠷᠠᠯ᠎ᠳᠤ ᠣᠷᠣᠯᠴᠠᠪᠠ᠃

   4 ᠰᠠᠷ᠎ᠠ ᠵᠢᠨ 8᠎ᠠᠴᠠ 9᠎ᠤ ᠡᠳᠦᠷ ᠪᠤᠯᠲᠠᠯ᠎ᠠ᠂ ᠲᠥᠪ᠎ᠤᠨ ᠬᠥᠷᠰᠢ ᠵᠡᠷᠭᠡᠯᠡᠳᠡᠭᠡ ᠵᠢᠨ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ

    ᠰᠢ ᠵᠢᠨ ᠫᠢᠩ ᠴᠢᠬᠤᠯᠠ ᠶᠠᠷᠢᠶᠠᠨ᠎ᠳᠠᠭᠠᠨ ᠰᠢᠨ᠎ᠡ ᠴᠠᠭ ᠦᠶ᠎ᠡ᠎ᠠᠴᠠ ᠨᠠᠭ᠋ᠠᠰᠢᠬᠢ ᠮᠠᠨ᠎ᠤ ᠤᠯᠤᠰ᠎ᠤᠨ ᠬᠥᠷᠰᠢ ᠵᠡᠷᠭᠡᠯᠡᠳᠡᠭᠡ ᠵᠢᠨ ᠠᠵᠢᠯ᠎ᠤᠨ ᠠᠮᠵᠢᠯᠲᠠ ᠪᠦᠲᠦᠮᠵᠢ ᠪᠣᠯᠣᠨ ᠲᠤᠷᠰᠢᠯᠭ᠎ᠠ ᠵᠢ ᠰᠢᠰᠲ᠋ᠧᠮ᠎ᠲᠠᠢ ᠳ᠋ᠦᠩᠨᠡᠵᠦ᠂ ᠪᠠᠶ᠋ᠢᠳᠠᠯ᠎ᠢ ᠰᠢᠨᠵᠢᠯᠡᠬᠦ ᠤᠬᠠᠭ᠋ᠠᠨᠴᠢ᠎ᠪᠠᠷ ᠵᠠᠳᠠᠯᠵᠤ᠂ ᠬᠤᠶ᠋ᠢᠰᠢᠳᠠ ᠵᠢᠨ ᠬᠡᠰᠡᠭ ᠬᠤᠭᠤᠴᠠᠭ᠋ᠠᠨ᠎ᠤ ᠬᠥᠷᠰᠢ ᠵᠡᠷᠭᠡᠯᠡᠳᠡᠭᠡ ᠵᠢᠨ ᠠᠵᠢᠯ᠎ᠤᠨ ᠬᠠᠷᠠᠯᠲᠠ ᠡᠭᠦᠷᠭᠡ ᠪᠣᠯᠣᠨ ᠰᠡᠳᠬᠢᠴᠡ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠵᠤ᠂ ᠬᠥᠷᠰᠢ ᠵᠡᠷᠭᠡᠯᠡᠳᠡᠭᠡ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠷᠰᠢ ᠵᠡᠷᠭᠡᠯᠡᠳᠡᠭᠡ ᠵᠢᠨ ᠠᠵᠢᠯ᠎ᠤᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ ᠯᠢ ᠴᠢᠶᠠᠩ ᠬᠤᠷᠠᠯ᠎ᠢ ᠡᠷᠭᠢᠯᠡᠭᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠬᠥᠷᠰᠢ ᠵᠡᠷᠭᠡᠯᠡᠳᠡᠭᠡ ᠵᠢᠨ ᠠᠵᠢᠯ᠎ᠤᠨ ᠡᠯ᠎ᠡ ᠵᠦᠢ᠍ᠯ᠎ᠤᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠯᠠᠪᠳᠠᠭᠤᠨ ᠪᠠᠲᠤᠲᠠᠢ ᠰᠠᠶ᠋ᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ᠃
    ᠬᠤᠷᠠᠯ᠎ᠠᠴᠠ᠂ ᠮᠠᠨ᠎ᠤ ᠤᠯᠤᠰ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠢᠯᠢ ᠵᠢᠨ ᠱᠤᠭᠤᠮ ᠤᠷᠳᠤ᠂ ᠬᠥᠷᠰᠢ ᠵᠡᠷᠭᠡᠯᠡᠳᠡᠭᠡ ᠪᠣᠯ ᠬᠥᠭᠵᠢᠯ ᠴᠡᠴᠡᠭᠯᠡᠯ᠎ᠢ ᠪᠡᠶᠡᠯᠡᠭᠦᠯᠬᠦ ᠴᠢᠬᠤᠯᠠ ᠰᠠᠭᠤᠷᠢ᠂ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠭᠤᠣᠯᠳᠠᠯᠭ᠎ᠠ᠂ ᠭᠠᠳᠠᠭ᠋ᠠᠳᠤ ᠬᠠᠷᠢᠯᠴᠠᠭ᠋ᠠᠨ᠎ᠤ ᠪᠦᠭᠦ ᠲᠠᠯ᠎ᠠ ᠵᠢ ᠲᠥᠯᠥᠪᠵᠢᠭᠦᠯᠬᠦ ᠲᠡᠷᠢᠭᠦᠨ ᠴᠢᠬᠤᠯᠠ ᠵᠦᠢ᠍ᠯ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ ᠵᠠᠩᠭᠢᠯᠠᠭ᠎ᠠ ᠪᠣᠯᠣᠨ᠎ᠠ᠃ ᠪᠦᠭᠦ ᠪᠥᠮᠪᠥᠷᠴᠡᠭ᠎ᠤᠨ ᠬᠠᠷᠠᠭ᠋ᠠᠰᠤ᠎ᠠᠴᠠ ᠬᠥᠷᠰᠢ ᠵᠡᠷᠭᠡᠯᠡᠳᠡᠭᠡ᠎ᠪᠠᠨ ᠰᠢᠨᠵᠢᠵᠦ ᠠᠵᠢᠭᠯᠠᠨ᠂ ᠬᠥᠷᠰᠢ ᠵᠡᠷᠭᠡᠯᠡᠳᠡᠭᠡ ᠵᠢᠨ ᠠᠵᠢᠯ᠎ᠢ ᠰᠠᠶ᠋ᠢᠲᠤᠷ ᠬᠢᠬᠦ ᠡᠭᠦᠷᠭᠡ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠣᠲᠣᠨᠣ ᠦᠨᠡᠨᠴᠢ ᠠᠰᠢᠭᠲᠠᠢ ᠪᠠᠭᠲᠠᠭ᠋ᠠᠮᠵᠢᠲᠠᠢ ᠬᠥᠷᠰᠢ ᠵᠡᠷᠭᠡᠯᠡᠳᠡᠭᠡ ᠵᠢᠨ ᠣᠶ᠋ᠢᠯᠠᠭ᠋ᠠᠭᠳᠠᠬᠤᠨ᠎ᠢ ᠳᠤᠷᠠᠳᠴᠤ᠂ ᠬᠥᠷᠰᠢ ᠵᠡᠷᠭᠡᠯᠡᠳᠡᠭᠡ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ ᠵᠢ ᠰᠠᠨᠠᠭ᠋ᠠᠴᠢᠯᠠᠵᠤ᠂ ᠤᠯᠤᠰ᠎ᠤᠨ ᠲᠡᠷᠢᠭᠦᠨ᠎ᠤ ᠭᠠᠳᠠᠭ᠋ᠠᠳᠤ ᠬᠠᠷᠢᠯᠴᠠᠭ᠎ᠠ᠎ᠪᠠᠷ ᠵᠢᠯᠣᠭᠤᠳᠤᠮᠵᠢ ᠪᠤᠯᠭ᠋ᠠᠵᠤ᠂ ᠬᠥᠷᠰᠢ ᠵᠡᠷᠭᠡᠯᠡᠳᠡᠭᠡ ᠤᠯᠤᠰ᠎ᠤᠳ᠎ᠯᠤᠭ᠎ᠠ ᠪᠦᠭᠦ ᠲᠠᠯ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠡᠯ᠎ᠡ ᠬᠦᠷᠢᠶᠡᠨ᠎ᠤ ᠰᠣᠯᠢᠯᠴᠠᠭ᠎ᠠ᠎ᠪᠠᠨ ᠴᠢᠩᠭ᠋ᠠᠳᠬᠠᠵᠤ᠂ ᠡᠩᠬᠡ ᠲᠠᠶ᠋ᠢᠪᠤᠩ ᠲᠣᠭᠲᠠᠭᠤᠨ᠎ᠢ ᠬᠠᠮᠲᠤ᠎ᠪᠠᠷ ᠬᠠᠮᠠᠭ᠋ᠠᠯᠠᠵᠤ᠂ ᠪᠣᠳᠠᠲᠠᠢ ᠵᠢ ᠡᠷᠬᠢᠮᠯᠡᠭᠰᠡᠨ ᠥᠨᠳᠥᠷ ᠪᠦᠲᠦᠮᠵᠢᠲᠡᠶ ᠬᠥᠷᠰᠢ ᠵᠡᠷᠭᠡᠯᠡᠳᠡᠭᠡ ᠵᠢᠨ ᠠᠵᠢᠯ᠎ᠤᠨ ᠪᠣᠷᠣ ᠲᠥᠯᠥᠪ᠎ᠢ ᠪᠦᠷᠢᠯᠳᠦᠭᠦᠯᠵᠦ᠂ ᠬᠥᠷᠰᠢ ᠵᠡᠷᠭᠡᠯᠡᠳᠡᠭᠡ ᠵᠢᠨ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠵᠢ ᠠᠬᠢᠭᠤᠯᠪᠠ᠃ ᠦᠢ᠍ᠯᠡᠳᠦᠯᠭᠡ ᠳᠤᠮᠳᠠ ᠰᠦᠪᠡᠭᠴᠢᠯᠡᠨ ᠪᠤᠢ ᠪᠤᠯᠭ᠋ᠠᠬᠰᠠᠨ ᠲᠤᠷᠰᠢᠯᠭ᠎ᠠ ᠵᠢ ᠰᠠᠶ᠋ᠢᠲᠤᠷ ᠪᠠᠷᠢᠮᠲᠠᠯᠠᠵᠤ᠂ ᠰᠠᠶ᠋ᠢᠲᠤᠷ ᠬᠡᠷᠡᠭᠯᠡᠬᠦ ᠬᠡᠷᠡᠭᠲᠡᠢ ᠭᠡᠵᠦ ᠦᠵᠡᠪᠡ᠃
    ᠬᠤᠷᠠᠯ᠎ᠠᠴᠠ᠂ ᠣᠳᠣᠬᠠᠨ᠎ᠳᠤ ᠮᠠᠨ᠎ᠤ ᠤᠯᠤᠰ ᠪᠣᠯᠣᠨ ᠬᠥᠷᠰᠢ ᠵᠡᠷᠭᠡᠯᠡᠳᠡᠭᠡ ᠤᠯᠤᠰ᠎ᠤᠳ᠎ᠤᠨ ᠬᠠᠷᠢᠯᠴᠠᠭ᠎ᠠ ᠣᠶ᠋ᠢᠷ᠎ᠠ ᠦᠶ᠎ᠡ᠎ᠠᠴᠠ ᠨᠠᠭ᠋ᠠᠰᠢᠬᠢ ᠬᠠᠮᠤᠭ᠎ᠤᠨ ᠰᠠᠶ᠋ᠢᠨ ᠴᠠᠭ ᠦᠶ᠎ᠡ᠎ᠳᠤ ᠣᠷᠣᠰᠢᠵᠤ ᠪᠤᠢ᠂ ᠡᠭᠦᠨ᠎ᠤ ᠵᠡᠷᠭᠡ᠎ᠪᠠᠷ ᠬᠥᠷᠰᠢ ᠵᠡᠷᠭᠡᠯᠡᠳᠡᠭᠡ ᠵᠢᠨ ᠪᠠᠶ᠋ᠢᠷᠢᠰᠢᠯ ᠪᠣᠯᠣᠨ ᠳᠡᠯᠡᠬᠡᠢ ᠵᠢᠨ ᠬᠤᠪᠢᠰᠤᠯᠲᠠ ᠭᠦᠨᠵᠡᠭᠡᠢ ᠬᠤᠯᠪᠤᠭ᠋ᠠᠯᠠᠨ ᠬᠥᠳᠡᠯᠦᠯᠴᠡᠬᠦ ᠴᠢᠬᠤᠯᠠ ᠱᠠᠲᠤᠨ᠎ᠳᠤ ᠣᠷᠣᠪᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ ᠪᠣᠯᠣᠨ ᠤᠯᠤᠰ᠎ᠤᠨ ᠭᠤᠣᠯ ᠡᠭᠦᠷᠭᠡ ᠵᠢᠨ ᠲᠣᠭᠤᠷᠢᠨ᠎ᠳᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠶᠠᠷ ᠶᠡᠭᠡ ᠲᠠᠯ᠎ᠠ᠂ ᠬᠥᠭᠵᠢᠯᠲᠡ ᠠᠮᠤᠷ ᠲᠦᠪᠰᠢᠨ ᠬᠤᠶᠠᠷ ᠶᠡᠭᠡ ᠶᠠᠪᠤᠳᠠᠯ᠎ᠢ ᠨᠢᠭᠡᠳᠦᠯᠲᠡᠢ ᠲᠥᠯᠥᠪᠵᠢᠭᠦᠯᠦᠨ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠲᠤᠭ᠎ᠢ ᠥᠨᠳᠥᠷ ᠮᠠᠨᠳᠤᠭᠤᠯᠵᠤ᠂ ᠡᠩᠬᠡ ᠲᠠᠶ᠋ᠢᠪᠤᠩ᠂ ᠠᠮᠤᠷ ᠠᠮᠤᠭᠤᠯᠠᠩ᠂ ᠴᠡᠴᠡᠭᠯᠡᠨ ᠬᠥᠭᠵᠢᠭᠰᠡᠨ᠂ ᠦᠵᠡᠰᠬᠦᠯᠡᠩᠲᠦ ᠰᠠᠶ᠋ᠢᠬᠠᠨ᠂ ᠨᠥᠭᠦᠷᠰᠡᠭ 《ᠲᠠᠪᠤᠨ ᠶᠡᠭᠡ ᠭᠡᠷ ᠣᠷᠣᠨ》᠎ᠢ ᠪᠦᠲᠦᠭᠡᠨ ᠪᠠᠶ᠋ᠢᠭᠤᠯᠬᠤ᠎ᠪᠠᠷ ᠬᠠᠮᠲᠤ ᠵᠢᠨ ᠬᠦᠰᠡᠯ ᠡᠷᠡᠮᠡᠯᠵᠡᠯ ᠪᠤᠯᠭ᠋ᠠᠵᠤ᠂ ᠡᠶᠡᠯᠳᠡᠭ ᠬᠥᠷᠰᠢ᠂ ᠠᠮᠤᠷ ᠲᠣᠭᠲᠠᠭᠤᠨ ᠬᠥᠷᠰᠢ᠂ ᠬᠥᠷᠰᠢ ᠵᠡᠷᠭᠡᠯᠡᠳᠡᠭᠡ᠎ᠪᠠᠨ ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ ᠪᠠᠭᠲᠠᠭ᠋ᠠᠮᠵᠢᠲᠠᠢ᠂ ᠬᠤᠪᠢ ᠵᠠᠶᠠᠭ᠎ᠠ᠎ᠪᠠᠨ ᠬᠠᠮᠲᠤᠳᠬᠠᠬᠤ ᠣᠶ᠋ᠢᠯᠠᠭ᠋ᠠᠭᠳᠠᠬᠤᠨ ᠵᠶ᠋ᠠᠷ ᠴᠢᠭᠯᠡᠯᠲᠡ ᠪᠤᠯᠭ᠋ᠠᠵᠤ᠂ ᠡᠩᠬᠡ ᠲᠠᠶ᠋ᠢᠪᠤᠩ᠂ ᠬᠠᠮᠲᠤᠷᠠᠯᠴᠠᠭ᠎ᠠ ᠬᠢᠬᠦ᠂ ᠨᠡᠭᠡᠭᠡᠯᠲᠡ ᠬᠢᠬᠦ᠂ ᠪᠠᠭᠲᠠᠭ᠋ᠠᠮᠵᠢᠲᠠᠢ ᠠᠽᠢᠶ᠎ᠠ ᠲᠢᠪ᠎ᠤᠨ ᠥᠷᠲᠡᠭ᠎ᠤᠨ ᠦᠵᠡᠯᠲᠡ᠎ᠪᠠᠷ ᠦᠨᠳᠦᠰᠦᠨ ᠵᠢᠷᠤᠮᠯᠠᠯ ᠪᠤᠯᠭ᠋ᠠᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠬᠤ᠎ᠪᠠᠷ ᠭᠤᠣᠯ ᠲᠠᠪᠴᠠᠩ ᠪᠤᠯᠭ᠋ᠠᠵᠤ᠂ ᠠᠮᠤᠷ ᠲᠦᠪᠰᠢᠨ᠎ᠢ ᠬᠠᠮᠲᠤ᠎ᠪᠠᠷ ᠡᠳ᠋ᠯᠡᠵᠦ ᠠᠶᠤᠯ ᠲᠦᠭᠰᠢᠭᠦᠷᠢ ᠵᠢ ᠬᠠᠮᠲᠤ᠎ᠪᠠᠷ ᠲᠤᠭᠤᠯᠬᠤ᠂ ᠠᠳᠠᠯᠢ ᠲᠠᠯ᠎ᠠ᠎ᠪᠠᠨ ᠡᠷᠢᠵᠦ ᠵᠥᠷᠢᠶ᠎ᠡ᠎ᠲᠠᠢ ᠲᠠᠯ᠎ᠠ᠎ᠪᠠᠨ ᠦᠯᠡᠳᠡᠭᠡᠬᠦ᠂ ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ᠎ᠤᠨ ᠠᠮᠤᠷ ᠲᠦᠪᠰᠢᠨ᠎ᠤ ᠵᠠᠭᠪᠤᠷ ᠵᠶ᠋ᠠᠷ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠯ ᠪᠤᠯᠭ᠋ᠠᠵᠤ᠂ ᠬᠥᠷᠰᠢ ᠵᠡᠷᠭᠡᠯᠡᠳᠡᠭᠡ ᠤᠯᠤᠰ᠎ᠤᠳ᠎ᠯᠤᠭ᠎ᠠ ᠭᠠᠷ ᠬᠤᠯᠪᠣᠯᠴᠠᠨ ᠰᠠᠶ᠋ᠢᠨ ᠰᠠᠶ᠋ᠢᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠶ᠎ᠠ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠬᠥᠷᠰᠢ ᠵᠡᠷᠭᠡᠯᠡᠳᠡᠭᠡ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠬᠥᠷᠰᠢ ᠵᠡᠷᠭᠡᠯᠡᠳᠡᠭᠡ ᠤᠯᠤᠰ᠎ᠤᠳ᠎ᠯᠤᠭ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠢᠲᠡᠭᠡᠯᠴᠡᠭᠡ᠎ᠪᠠᠨ ᠪᠠᠬᠢᠵᠢᠭᠦᠯᠵᠦ᠂ ᠭᠠᠵᠠᠷ ᠣᠷᠣᠨ᠎ᠤ ᠤᠯᠤᠰ᠎ᠤᠳ᠎ᠤᠨ ᠲᠣᠰ ᠪᠡᠶ᠎ᠡ ᠵᠢᠨ ᠬᠥᠭᠵᠢᠯᠲᠡ ᠵᠢᠨ ᠵᠠᠮ ᠵᠶ᠋ᠠᠷ ᠵᠶ᠋ᠠᠨ ᠵᠠᠮᠨᠠᠬᠤ ᠵᠢ ᠳᠡᠮᠵᠢᠵᠦ᠂ ᠵᠥᠷᠢᠴᠡᠯ ᠵᠥᠷᠢᠯᠳᠦᠭᠡᠨ ᠵᠶ᠋ᠠᠨ ᠲᠣᠬᠢᠲᠠᠢ ᠬᠠᠮᠢᠶᠠᠷᠤᠨ ᠡᠵᠡᠮᠳᠡᠬᠦ ᠭᠡᠷᠡᠭᠲᠡᠶ; ᠭᠦᠭᠵᠢᠯᠲᠡ ᠵᠢᠨ ᠠᠭᠤᠰᠤᠯᠴᠠᠯ᠎ᠢ ᠭᠦᠨᠵᠡᠭᠡᠶ᠋ᠢᠷᠡᠭᠦᠯᠵᠦ᠂ ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ᠎ᠢ ᠪᠠᠶ᠋ᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠬᠤ ᠭᠡᠷᠡᠭᠳᠠᠢ; ᠭᠠᠵᠠᠷ ᠣᠷᠣᠨ᠎ᠤ ᠲᠣᠭᠲᠠᠭᠤᠨ ᠪᠠᠶ᠋ᠢᠳᠠᠯ᠎ᠢ ᠬᠠᠮᠲᠤ᠎ᠪᠠᠷ ᠬᠠᠮᠠᠭ᠋ᠠᠯᠠᠵᠤ᠂ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠵᠢ ᠥᠷᠨᠢᠭᠦᠯᠦᠨ᠂ ᠡᠯ᠎ᠡ ᠲᠦᠷᠦᠯ᠎ᠤᠨ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭ᠋ᠠᠴᠠᠭ᠋ᠠᠬᠤ ᠭᠡᠷᠡᠭᠳᠠᠢ; ᠶᠠᠪᠤᠯᠴᠠᠭ᠎ᠠ ᠰᠣᠯᠢᠯᠴᠠᠭ᠎ᠠ᠎ᠪᠠᠨ ᠥᠷᠭᠡᠳᠬᠡᠵᠦ᠂ ᠬᠥᠮᠥᠰ᠎ᠤᠨ ᠶᠠᠪᠤᠯᠴᠠᠭ᠎ᠠ᠎ᠳᠤ ᠲᠦᠭᠦᠮ ᠦᠵᠡᠭᠦᠯᠭᠦ ᠬᠡᠷᠡᠭᠲᠡᠢ ᠭᠡᠵᠦ ᠴᠢᠩᠭ᠋ᠠᠳᠬᠠᠪᠠ᠃
    ᠬᠤᠷᠠᠯ᠎ᠠᠴᠠ᠂ ᠬᠥᠷᠰᠢ ᠵᠡᠷᠭᠡᠯᠡᠳᠡᠭᠡ ᠵᠢᠨ ᠠᠵᠢᠯ᠎ᠢ ᠰᠠᠶ᠋ᠢᠲᠤᠷ ᠬᠢᠬᠦ᠎ᠳᠤ᠂ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠴᠢᠩᠭ᠋ᠠᠳᠬᠠᠵᠤ᠂ ᠡᠯ᠎ᠡ ᠲᠠᠯ᠎ᠠ ᠵᠢᠨ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭ᠋ᠠᠳᠬᠠᠬᠤ ᠬᠡᠷᠡᠭᠲᠡᠢ᠃ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠭᠠᠳᠠᠭ᠋ᠠᠳᠤ᠎ᠳᠤ ᠬᠤᠯᠪᠣᠭᠳᠠᠭᠰᠠᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ᠃ ᠴᠢᠳᠠᠪᠤᠷᠢ ᠪᠠ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠷᠰᠢ ᠵᠡᠷᠭᠡᠯᠡᠳᠡᠭᠡ ᠵᠢᠨ ᠠᠵᠢᠯ᠎ᠤᠨ ᠣᠨᠣᠯ ᠪᠠ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
    ᠸᠠᠩ ᠢ ᠳ᠋ᠦᠩᠨᠡᠯᠲᠡ ᠵᠢᠨ ᠶᠠᠷᠢᠶ᠎ᠠ ᠲᠠᠯᠪᠢᠪᠠ᠃
    ᠨᠠᠮ ᠪᠠ ᠲᠦᠷᠦ ᠵᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠯᠪᠣᠭᠳᠠᠯ ᠪᠦᠬᠦᠢ ᠲᠠᠯ᠎ᠠ ᠵᠢᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ 《ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠠᠵᠢᠯ᠎ᠤᠨ ᠳᠦᠷᠢᠮ》 《ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠡᠭᠡᠯᠵᠢ ᠵᠢᠨ ᠲᠣᠭᠤᠷᠢᠨ ᠪᠠᠶ᠋ᠢᠴᠠᠭ᠋ᠠᠯᠲᠠ ᠵᠢᠨ ᠪᠠᠶ᠋ᠢᠳᠠᠯ᠎ᠤᠨ ᠲᠤᠬᠠᠢ ᠶᠡᠷᠦᠩᠬᠡᠶ᠋ᠢᠯᠡᠭᠰᠡᠨ ᠮᠡᠳᠡᠭᠦᠯᠦᠯᠲᠡ》 ᠵᠢ ᠬᠢᠨᠠᠨ ᠵᠥᠪᠯᠡᠵᠡᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ
ᠣᠯᠠᠨ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ᠎ᠤᠨ ᠲᠥᠯᠥᠭᠡᠯᠡᠭᠴᠢᠳ᠎ᠲᠠᠢ ᠠᠭᠤᠯᠵᠠᠬᠤ ᠦᠶ᠎ᠡ ᠵᠢᠨ ᠶᠠᠷᠢᠶ᠎ᠠ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠵᠤ ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠯᠲᠠ᠎ᠳᠤ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠵᠡᠷᠭᠡ ᠵᠢ ᠰᠤᠳᠤᠯᠪᠠ
ᠰᠢ ᠵᠢᠨ ᠫᠢᠩ ᠶᠦᠨᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠦᠵᠡᠯ ᠰᠠᠨᠠᠭ᠎ᠠ᠎ᠪᠠᠨ ᠴᠢᠯᠦᠭᠡᠯᠡᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠡᠷᠡᠮᠡᠬᠡᠶ᠋ᠢᠯᠡᠨ ᠤᠷᠤᠭᠰᠢᠯᠠᠵᠤ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠶᠦᠨᠨᠠᠨ᠎ᠤ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ
ᠴᠢᠨᠠᠷ ᠰᠠᠶ᠋ᠢᠲᠠᠢ ᠬᠥᠭᠵᠢᠯᠲᠡ᠎ᠪᠠᠷ ᠪᠥᠬᠦ ᠲᠠᠯ᠎ᠠ ᠵᠢ ᠬᠠᠮᠤᠷᠬᠤ ᠵᠢ ᠪᠠᠷᠢᠮᠲᠠᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠭᠦᠢ᠍ᠵᠧᠦ ᠵᠢᠨ ᠰᠢᠨ᠎ᠡ ᠵᠢᠪᠬᠤᠭ᠎ᠠ ᠵᠢ ᠢᠯᠡᠷᠡᠭᠦᠯᠬᠦ ᠬᠡᠷᠡᠭᠲᠡᠢ
 
            