ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠠᠷᠪᠠ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠡᠷᠡᠰ ᠭᠤᠶ᠋ᠢᠪᠢᠰᠢ ᠦᠭᠡᠢ ᠲᠤᠭᠤᠰᠢᠯᠠᠭᠤᠯᠵᠤ ᠠᠮᠤᠭᠤᠯᠠᠩᠲᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠨᠡᠩ ᠥᠨᠳᠥᠷ ᠲᠦᠪᠰᠢᠨ ᠲᠡᠶ᠋ᠢᠰᠢ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2025-03-04

    ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 1᠎ᠤ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ 2 ᠰᠠᠷ᠎ᠠ ᠵᠢᠨ 28᠎ᠤ ᠦᠳᠡ ᠵᠢᠨ ᠡᠮᠦᠨ᠎ᠡ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠲᠤᠬᠠᠢ ᠠᠷᠪᠠ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠭᠢᠯᠡᠭᠦ᠎ᠳᠡᠭᠡᠨ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠨᠢ ᠠᠵᠢᠯ ᠦᠢ᠍ᠯᠡᠰ᠎ᠤᠨ ᠬᠥᠭᠵᠢᠯ ᠪᠠᠳᠠᠷᠠᠯ᠎ᠲᠠᠢ ᠬᠤᠯᠪᠣᠭᠳᠠᠵᠤ᠂ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠲᠠᠢ ᠬᠤᠯᠪᠣᠭᠳᠠᠵᠤ᠂ ᠤᠯᠤᠰ ᠣᠷᠣᠨ᠎ᠤ ᠥᠨᠢ ᠤᠳᠠᠭ᠋ᠠᠨ ᠠᠮᠤᠷ ᠲᠣᠭᠲᠠᠭᠤᠨ᠎ᠲᠠᠢ ᠬᠤᠯᠪᠣᠭᠳᠠᠵᠤ ᠪᠠᠶ᠋ᠢᠭ᠎ᠠ ᠶᠤᠮ᠃ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠡᠷᠡᠰ ᠭᠤᠶ᠋ᠢᠪᠢᠰᠢ ᠦᠭᠡᠢ ᠲᠤᠭᠤᠰᠢᠯᠠᠭᠤᠯᠵᠤ᠂ ᠤᠯᠤᠰ ᠨᠡᠩ ᠠᠮᠤᠷ ᠲᠦᠪᠰᠢᠨ᠂ ᠨᠡᠶ᠋ᠢᠭᠡᠮ ᠨᠡᠩ ᠡᠮᠬᠢ ᠳᠢᠭᠯᠢᠮ᠎ᠲᠠᠢ᠂ ᠵᠠᠰᠠᠯᠲᠠ ᠨᠡᠩ ᠪᠦᠲᠦᠮᠵᠢᠲᠡᠢ᠂ ᠠᠷᠠᠳ ᠲᠦᠮᠡᠨ ᠨᠡᠩ ᠬᠠᠨᠤᠮᠵᠢᠲᠠᠢ ᠪᠠᠶ᠋ᠢᠬᠤ ᠳᠡᠭᠡᠷ᠎ᠡ ᠦᠷᠭᠦᠯᠵᠢᠯᠡᠨ ᠬᠦᠴᠦᠯᠡᠵᠦ᠂ ᠠᠮᠤᠭᠤᠯᠠᠩᠲᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠨᠡᠩ ᠥᠨᠳᠥᠷ ᠲᠦᠪᠰᠢᠨ ᠲᠡᠶ᠋ᠢᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠪᠠᠷᠠᠭᠤᠨ ᠡᠮᠦᠨᠡᠲᠦ ᠵᠢᠨ ᠤᠯᠤᠰ ᠲᠦᠷᠦ ᠬᠠᠤᠯᠢ ᠴᠠᠭ᠋ᠠᠵᠠ ᠵᠢᠨ ᠶᠡᠭᠡ ᠰᠤᠷᠭ᠋ᠠᠭᠤᠯᠢ ᠵᠢᠨ ᠳᠡᠳ᠋ ᠵᠠᠬᠢᠷᠤᠯ᠂ ᠫᠷᠤᠹᠧᠰᠰᠤᠷ ᠯᠢ ᠶᠠᠨ ᠨᠥᠬᠦᠷ ᠡᠨᠡ ᠬᠦ᠌ ᠠᠰᠠᠭᠤᠳᠠᠯ᠎ᠤᠨ ᠲᠤᠬᠠᠢ ᠲᠠᠶ᠋ᠢᠯᠤᠮᠵᠢ ᠬᠢᠵᠦ᠂ ᠠᠵᠢᠯ᠎ᠤᠨ ᠰᠠᠨᠠᠭᠤᠯᠭ᠎ᠠ ᠳᠤᠷᠠᠳᠴᠠᠢ᠃ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠨᠥᠬᠦᠳ ᠲᠠᠶ᠋ᠢᠯᠤᠮᠵᠢ ᠵᠢ ᠨᠠᠷᠢᠨ ᠬᠢᠨᠠᠮᠠᠭ᠋ᠠᠢ ᠰᠣᠨᠣᠰᠤᠭᠰᠠᠨ ᠪᠥᠭᠡᠳ ᠶᠠᠷᠢᠯᠴᠠᠭ᠎ᠠ ᠥᠷᠨᠢᠭᠦᠯᠪᠡ᠃
    ᠰᠢ ᠵᠢᠨ ᠫᠢᠩ ᠲᠠᠶ᠋ᠢᠯᠤᠮᠵᠢ ᠪᠠ ᠶᠠᠷᠢᠯᠴᠠᠭ᠎ᠠ ᠵᠢ ᠰᠣᠨᠣᠰᠤᠭᠰᠠᠨ᠎ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠤᠯᠤᠰ᠎ᠤᠨ ᠠᠮᠤᠷ ᠲᠦᠪᠰᠢᠨ᠎ᠤ ᠤᠳᠤᠷᠢᠳᠬᠤ ᠪᠠᠶ᠋ᠢᠭᠤᠯᠤᠮᠵᠢ ᠪᠣᠯᠣᠨ ᠬᠠᠤᠯᠢ᠎ᠪᠠᠷ ᠵᠠᠰᠠᠬᠤ ᠰᠢᠰᠲ᠋ᠧᠮ᠂ ᠪᠠᠶ᠋ᠢᠯᠳᠤᠬᠤ ᠪᠣᠳᠣᠯᠭ᠎ᠠ ᠵᠢᠨ ᠰᠢᠰᠲ᠋ᠧᠮ᠂ ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠠᠮᠤᠷ ᠲᠦᠪᠰᠢᠨ᠎ᠤ ᠪᠦᠬᠦᠯᠢ ᠴᠣᠭᠴᠠ ᠵᠢᠨ ᠰᠡᠷᠭᠡᠶ᠋ᠢᠯᠡᠯᠲᠡ ᠡᠵᠡᠮᠳᠡᠯ᠎ᠢ ᠴᠢᠩᠭ᠋ᠠᠳᠬᠠᠵᠤ᠂ ᠤᠯᠠᠨ ᠨᠡᠶ᠋ᠢᠲᠡ ᠵᠢᠨ ᠠᠮᠤᠷ ᠲᠦᠪᠰᠢᠨ᠎ᠤ ᠵᠠᠰᠠᠯᠲᠠ ᠵᠢᠨ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠵᠤ᠂ ᠠᠵᠤ ᠠᠬᠤᠢ ᠵᠢᠨ ᠲᠦᠷᠭᠡᠨ ᠬᠥᠭᠵᠢᠯᠲᠡ ᠪᠣᠯᠣᠨ ᠨᠡᠶ᠋ᠢᠭᠡᠮ᠎ᠤᠨ ᠤᠷᠳᠤ ᠬᠤᠭᠤᠴᠠᠭ᠎ᠠ᠎ᠪᠠᠷ ᠲᠣᠭᠲᠠᠭᠤᠨ ᠪᠠᠶ᠋ᠢᠬᠤ 《ᠬᠤᠶᠠᠷ ᠶᠡᠭᠡ ᠭᠠᠶ᠋ᠢᠬᠠᠮᠰᠢᠭ》᠎ᠤᠨ ᠰᠢᠨ᠎ᠡ ᠬᠠᠭᠤᠳᠠᠰᠤ ᠵᠢ ᠠᠮᠵᠢᠯᠲᠠᠲᠠᠢ ᠦᠷᠭᠦᠯᠵᠢᠯᠡᠨ ᠪᠢᠴᠢᠭᠯᠡᠵᠡᠢ᠃ ᠪᠠᠶ᠋ᠢᠳᠠᠯ ᠡᠭᠦᠷᠭᠡ ᠵᠢᠨ ᠬᠥᠭᠵᠢᠯᠲᠡ ᠬᠤᠪᠢᠷᠠᠯᠲᠠ᠎ᠳᠤ ᠵᠣᠬᠢᠴᠠᠭᠤᠯᠤᠨ᠂ ᠠᠮᠤᠭᠤᠯᠠᠩᠲᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠷᠠᠭᠤᠯᠬᠤ᠎ᠠᠴᠠ ᠪᠢᠰᠢ ᠰᠤᠯᠠᠷᠠᠭᠤᠯᠵᠤ ᠪᠤᠯᠬᠤ ᠦᠭᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠪᠣᠯ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠵᠢᠨ ᠴᠢᠬᠤᠯᠠ ᠵᠢᠷᠤᠮᠯᠠᠯ ᠮᠥᠨ᠂ ᠡᠷᠬᠡᠪᠰᠢ ᠡᠷᠡᠰ ᠭᠤᠶ᠋ᠢᠪᠢᠰᠢ ᠦᠭᠡᠢ ᠲᠤᠭᠤᠰᠢᠯᠠᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠰᠢᠰᠲ᠋ᠧᠮᠲᠦ ᠰᠡᠳᠬᠢᠬᠦᠢ ᠵᠢ ᠪᠠᠷᠢᠮᠲᠠᠯᠠᠨ᠂ ᠬᠥᠭᠵᠢᠯᠲᠡ ᠪᠣᠯ ᠬᠠᠲᠠᠭᠤ ᠶᠣᠰᠣ ᠮᠥᠨ᠂ ᠠᠮᠤᠷ ᠲᠦᠪᠰᠢᠨ ᠪᠠᠰᠠ ᠬᠠᠲᠠᠭᠤ ᠶᠣᠰᠣ ᠮᠥᠨ ᠭᠡᠬᠦ ᠣᠶ᠋ᠢᠯᠠᠭ᠋ᠠᠭᠳᠠᠬᠤᠨ᠎ᠢ ᠤᠯᠠᠮ ᠨᠢᠭᠡ ᠠᠯᠬᠤᠮ ᠪᠤᠢ ᠪᠤᠯᠭ᠋ᠠᠵᠤ᠂ ᠠᠵᠢᠯ᠎ᠤᠨ ᠳᠤᠮᠳᠠ᠎ᠪᠠᠨ ᠬᠥᠭᠵᠢᠯᠲᠡ ᠪᠠ ᠠᠮᠤᠷ ᠲᠦᠪᠰᠢᠨ᠎ᠢ ᠤᠬᠠᠮᠰᠠᠷ᠎ᠠᠴᠠ᠎ᠪᠠᠨ ᠨᠢᠭᠡᠳᠬᠡᠨ᠂ ᠬᠠᠮᠲᠤ᠎ᠪᠠᠷ ᠲᠥᠯᠥᠪᠯᠡᠵᠦ᠂ ᠨᠢᠭᠡ ᠴᠣᠭᠴᠠᠵᠢᠭᠤᠯᠤᠨ ᠪᠠᠶ᠋ᠢᠷᠢᠯᠠᠭᠤᠯᠵᠤ᠂ ᠬᠠᠷᠢᠯᠴᠠᠨ ᠠᠬᠢᠭᠤᠯᠬᠤ ᠬᠡᠷᠡᠭᠲᠡᠢ᠃ ᠤᠯᠤᠰ ᠳᠠᠶᠠᠭ᠋ᠠᠷ ᠵᠶ᠋ᠠᠨ ᠨᠢᠭᠡ ᠬᠥᠯᠭᠡ ᠰᠢᠲᠠᠷ᠎ᠠ ᠮᠡᠲᠦ ᠪᠠᠶ᠋ᠢᠬᠤ ᠵᠢ ᠪᠠᠷᠢᠮᠲᠠᠯᠠᠵᠤ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠵᠡᠷᠭᠡ᠎ᠪᠠᠷ ᠬᠦᠴᠦᠯᠡᠵᠦ᠂ ᠨᠢᠭᠡ ᠭᠠᠵᠠᠷ ᠣᠷᠣᠨ ᠨᠢᠭᠡ ᠣᠷᠣᠨ ᠪᠦᠰᠡ ᠨᠢᠭᠡ ᠠᠵᠤ ᠦᠢ᠍ᠯᠡᠰ᠎ᠤᠨ ᠠᠮᠤᠷ ᠲᠦᠪᠰᠢᠨ᠎ᠢ ᠰᠠᠶ᠋ᠢᠲᠤᠷ ᠠᠳᠬᠤᠬᠤ᠎ᠪᠠᠷ ᠳᠠᠮᠵᠢᠨ ᠤᠯᠤᠰ᠎ᠤᠨ ᠪᠦᠬᠦᠯᠢ ᠴᠣᠭᠴᠠ ᠵᠢᠨ ᠠᠮᠤᠷ ᠲᠦᠪᠰᠢᠨ᠎ᠳᠤ ᠨᠥᠬᠦᠴᠡᠯ ᠡᠭᠦᠳᠦᠨ ᠥᠭᠴᠦ᠂ ᠠᠮᠤᠷ ᠲᠦᠪᠰᠢᠨ᠎ᠤ ᠠᠰᠠᠭᠤᠳᠠᠯ᠎ᠢ ᠴᠠᠭ ᠲᠤᠬᠠᠢ᠎ᠳᠤᠨᠢ ᠪᠦᠲᠦᠮᠵᠢᠲᠡᠢ ᠰᠢᠢ᠍ᠳᠪᠦᠷᠢᠯᠡᠬᠦ᠎ᠪᠠᠷ ᠳᠠᠮᠵᠢᠨ ᠤᠯᠤᠰ᠎ᠤᠨ ᠥᠨᠢ ᠤᠳᠠᠭ᠋ᠠᠨ ᠠᠮᠤᠷ ᠲᠦᠪᠰᠢᠨ ᠪᠠᠶ᠋ᠢᠬᠤ᠎ᠳᠤ ᠪᠠᠲᠤ ᠰᠠᠭᠤᠷᠢ ᠲᠠᠯᠪᠢᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠠᠮᠤᠭᠤᠯᠠᠩᠲᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ᠎ᠨᠢ ᠠᠷᠠᠳ ᠲᠦᠮᠡᠨ᠎ᠤ ᠲᠥᠯᠥᠭᠡ ᠪᠥᠭᠡᠳ ᠪᠠᠰᠠ ᠠᠷᠠᠳ ᠲᠦᠮᠡᠨ᠎ᠳᠤ ᠲᠦᠰᠢᠭᠯᠡᠨ᠎ᠡ᠃ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠠᠮᠲᠤ᠎ᠪᠠᠷ ᠪᠠᠶᠠᠵᠢᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠣᠯᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠵᠤ᠂ ᠨᠡᠶ᠋ᠢᠭᠡᠮ᠎ᠤᠨ ᠲᠥᠪ ᠭᠤᠤᠯᠴᠢ ᠰᠢᠳᠤᠷᠭᠤ ᠶᠣᠰᠣ ᠵᠢ ᠬᠠᠮᠠᠭ᠋ᠠᠯᠠᠬᠤ ᠬᠡᠷᠡᠭᠲᠡᠢ᠃ ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠠᠵᠢᠯ᠎ᠤᠨ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠦᠨ᠂ ᠬᠥᠮᠥᠨ ᠪᠦᠭᠦᠨ ᠬᠠᠷᠢᠭᠤᠴᠠᠯᠭ᠎ᠠ᠎ᠲᠠᠢ᠂ ᠬᠥᠮᠥᠨ ᠪᠦᠭᠦᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠬᠥᠮᠥᠨ ᠪᠦᠭᠦᠨ ᠡᠳ᠋ᠯᠡᠬᠦ ᠨᠡᠶ᠋ᠢᠭᠡᠮ᠎ᠤᠨ ᠵᠠᠰᠠᠯᠲᠠ ᠵᠢᠨ ᠬᠠᠮᠲᠤ ᠵᠢᠨ ᠴᠣᠭᠴᠠ ᠵᠢ ᠪᠠᠶ᠋ᠢᠭᠤᠯᠬᠤ ᠬᠡᠷᠡᠭᠲᠡᠢ᠃ ᠥᠪᠡᠷ᠎ᠢ᠎ᠪᠠᠨ ᠭᠦᠨᠳᠦᠳᠭᠡᠵᠦ ᠥᠪᠡᠷ᠎ᠢ᠎ᠪᠠᠨ ᠢᠲᠡᠭᠡᠬᠦ᠂ ᠣᠶᠤᠨᠴᠢ ᠡᠶᠡᠯᠳᠡᠭ᠂ ᠢᠳᠡᠪᠬᠢᠲᠡᠢ ᠥᠭᠡᠳᠡᠷᠡᠭ ᠨᠡᠶ᠋ᠢᠭᠡᠮ᠎ᠤᠨ ᠰᠡᠳᠬᠢᠴᠡ ᠵᠢ ᠬᠥᠮᠥᠵᠢᠭᠦᠯᠵᠦ᠂ ᠵᠣᠷᠢᠭᠲᠠᠢ᠎ᠪᠠᠷ ᠤᠷᠤᠭᠰᠢᠯᠠᠨ ᠳᠠᠪᠰᠢᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠭᠦ᠂ ᠬᠠᠤᠯᠢ᠎ᠪᠠᠷ ᠵᠠᠰᠠᠬᠤ ᠵᠢ ᠡᠷᠭᠢᠮᠯᠡᠭᠦ᠂ ᠪᠣᠯᠪᠠᠰᠤᠨ ᠵᠶ᠋ᠠᠷ ᠨᠠᠶ᠋ᠢᠷ ᠲᠠᠯᠪᠢᠬᠤ ᠴᠠᠭ ᠦᠶ᠎ᠡ ᠵᠢᠨ ᠰᠢᠨ᠎ᠡ ᠰᠤᠷᠲᠠᠯ᠎ᠢ ᠪᠠᠳᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠡᠯ᠎ᠡ ᠲᠦᠷᠦᠯ᠎ᠤᠨ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠪᠣᠯ ᠠᠮᠤᠭᠤᠯᠠᠩᠲᠤ ᠳᠤᠮᠳᠠᠳᠤ ᠤᠯᠤᠰ᠎ᠤᠨ ᠪᠠᠶ᠋ᠢᠭᠤᠯᠤᠯᠲᠠ ᠵᠢᠨ ᠴᠢᠬᠤᠯᠠ ᠡᠭᠦᠷᠭᠡ ᠪᠣᠯᠣᠨ᠎ᠠ᠃ ᠤᠯᠤᠰ᠎ᠤᠨ ᠤᠯᠤᠰ ᠲᠦᠷᠦ ᠵᠢᠨ ᠠᠮᠤᠷ ᠲᠦᠪᠰᠢᠨ᠎ᠢ ᠬᠠᠮᠠᠭ᠋ᠠᠯᠠᠬᠤ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠤᠯᠤᠰ᠎ᠤᠨ ᠡᠷᠬᠡ ᠮᠡᠳᠡᠯ᠎ᠤᠨ ᠠᠮᠤᠷ ᠲᠦᠪᠰᠢᠨ᠂ ᠪᠠᠶ᠋ᠢᠭᠤᠯᠤᠯ᠎ᠤᠨ ᠠᠮᠤᠷ ᠲᠦᠪᠰᠢᠨ᠂ ᠦᠵᠡᠯ ᠤᠬᠠᠮᠰᠠᠷ᠎ᠤᠨ ᠭᠡᠯᠪᠡᠷᠢ ᠵᠢᠨ ᠠᠮᠤᠷ ᠲᠦᠪᠰᠢᠨ᠎ᠢ ᠡᠷᠡᠰ ᠬᠠᠮᠠᠭ᠋ᠠᠯᠠᠬᠤ ᠬᠡᠷᠡᠭᠲᠡᠢ᠃ ᠤᠯᠠᠨ ᠨᠡᠶ᠋ᠢᠲᠡ ᠵᠢᠨ ᠠᠮᠤᠷ ᠲᠦᠪᠰᠢᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠤᠯᠠᠨ ᠨᠡᠶ᠋ᠢᠲᠡ ᠵᠢᠨ ᠠᠮᠤᠷ ᠲᠦᠪᠰᠢᠨ᠎ᠤ ᠵᠠᠰᠠᠯᠲᠠ ᠵᠢᠨ ᠵᠠᠭᠪᠤᠷ᠎ᠢ ᠤᠷᠢᠳᠴᠢᠯᠠᠨ ᠰᠡᠷᠭᠡᠶ᠋ᠢᠯᠡᠬᠦ ᠲᠡᠶ᠋ᠢᠰᠢ ᠬᠤᠪᠢᠷᠠᠭᠤᠯᠬᠤ ᠵᠢ ᠠᠬᠢᠭᠤᠯᠵᠤ᠂ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ᠂ ᠠᠶᠤᠯᠭᠦᠢ ᠦᠢ᠍ᠯᠡᠳᠪᠦᠷᠢᠯᠡᠯ᠂ ᠢᠳᠡᠭᠡᠨ ᠪᠠ ᠡᠮ᠎ᠤᠨ ᠵᠦᠢ᠍ᠯᠡᠰ᠎ᠤᠨ ᠠᠮᠤᠷ ᠲᠦᠪᠰᠢᠨ᠂ ᠰᠦᠯᠵᠢᠶᠡᠨ᠎ᠤ ᠠᠮᠤᠷ ᠲᠦᠪᠰᠢᠨ᠂ ᠵᠣᠬᠢᠶᠠᠮᠠᠯ ᠤᠶᠤᠨ ᠴᠢᠳᠠᠪᠤᠷᠢ ᠵᠢᠨ ᠠᠮᠤᠷ ᠲᠦᠪᠰᠢᠨ ᠵᠡᠷᠭᠡ ᠲᠠᠯ᠎ᠠ ᠵᠢᠨ ᠠᠵᠢᠯ᠎ᠢ ᠴᠢᠩᠭ᠋ᠠᠳᠬᠠᠬᠤ ᠬᠡᠷᠡᠭᠲᠡᠢ᠃ ᠭᠤᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠬᠦᠴᠦᠯᠡᠨ ᠰᠡᠷᠭᠡᠶ᠋ᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ᠎ᠢ ᠪᠠᠶ᠋ᠢᠭᠤᠯᠬᠤ᠎ᠳᠤ ᠡᠷᠬᠡᠪᠰᠢ ᠨᠡᠶ᠋ᠢᠭᠡᠮ᠎ᠤᠨ ᠠᠮᠤᠷ ᠲᠦᠪᠰᠢᠨ᠎ᠢ ᠪᠦᠬᠦᠯᠢ ᠴᠣᠭᠴᠠ᠎ᠪᠠᠷ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠬᠤ ᠬᠡᠷᠡᠭᠲᠡᠢ᠃ ᠲᠤᠰᠬᠠᠢ ᠵᠠᠰᠠᠬᠤ ᠪᠠ ᠰᠢᠰᠲ᠋ᠧᠮ᠎ᠲᠠᠢ ᠵᠠᠰᠠᠬᠤ᠂ ᠬᠠᠤᠯᠢ ᠶᠣᠰᠣᠭ᠋ᠠᠷ ᠵᠠᠰᠠᠬᠤ᠂ ᠶᠡᠷᠦᠩᠬᠡᠶ᠋ᠢᠯᠡᠨ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠤᠶᠠᠯᠳᠤᠭᠤᠯᠵᠤ᠂ ᠤᠯᠠᠨ ᠵᠶ᠋ᠠᠷ ᠵᠶ᠋ᠠᠨ ᠰᠡᠷᠭᠡᠶ᠋ᠢᠯᠡᠵᠦ ᠤᠯᠠᠨ ᠵᠶ᠋ᠠᠷ ᠵᠶ᠋ᠠᠨ ᠵᠠᠰᠠᠬᠤ ᠬᠦᠴᠦᠨ᠎ᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ ᠵᠢᠩᠬᠢᠨᠢ ᠪᠣᠯᠣᠳ ᠬᠡᠷᠡᠮ ᠲᠡᠮᠦᠷ ᠬᠠᠨ᠎ᠠ ᠵᠢ ᠴᠣᠭᠴᠠᠯᠠᠬᠤ ᠬᠡᠷᠡᠭᠲᠡᠢ᠃ ᠰᠢᠨ᠎ᠡ ᠴᠠᠭ ᠦᠶ᠎ᠡ ᠵᠢᠨ      《ᠹᠧᠩᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢ᠎ᠪᠠᠷ ᠵᠠᠰᠠᠬᠤ ᠵᠢ ᠠᠬᠢᠭᠤᠯᠵᠤ᠂ ᠡᠯ᠎ᠡ ᠵᠦᠢ᠍ᠯ᠎ᠤᠨ ᠵᠥᠷᠢᠴᠡᠯ ᠵᠠᠭᠤᠷᠠᠯᠳᠤᠭ᠋ᠠᠨ᠎ᠢ ᠴᠠᠭ ᠲᠤᠬᠠᠢ᠎ᠳᠤᠨᠢ ᠪᠦᠲᠦᠮᠵᠢᠲᠡᠢ ᠰᠢᠢ᠍ᠳᠪᠦᠷᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠨᠠᠮ᠎ᠤᠨ ᠤᠳᠤᠷᠢᠳᠤᠯᠭ᠎ᠠ ᠪᠣᠯ ᠠᠮᠤᠭᠤᠯᠠᠩᠲᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠦᠨᠳᠦᠰᠦᠨ ᠪᠠᠲᠤᠯᠠᠭ᠎ᠠ ᠮᠥᠨ᠃ ᠤᠯᠤᠰ᠎ᠤᠨ ᠠᠮᠤᠷ ᠲᠦᠪᠰᠢᠨ᠎ᠤ ᠠᠵᠢᠯ᠂ ᠤᠯᠤᠰ ᠲᠦᠷᠦ ᠬᠠᠤᠯᠢ ᠴᠠᠭ᠋ᠠᠵᠠ ᠵᠢᠨ ᠠᠵᠢᠯ᠎ᠳᠠᠬᠢ ᠨᠠᠮ᠎ᠤᠨ ᠲᠥᠪ ᠬᠤᠷᠢᠶ᠎ᠠ ᠵᠢᠨ ᠬᠠᠷᠢᠴᠠᠯᠠᠰᠢᠭᠦᠢ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠵᠤ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠵᠢᠨ ᠠᠮᠤᠭᠤᠯᠠᠩᠲᠤ ᠪᠠᠶ᠋ᠢᠭᠤᠯᠤᠯᠲᠠ ᠳᠤᠮᠳᠠᠬᠢ ᠪᠦᠭᠦ ᠲᠠᠯ᠎ᠠ ᠵᠢ ᠶᠡᠷᠦᠩᠬᠡᠶ᠋ᠢᠯᠡᠨ ᠡᠵᠡᠮᠳᠡᠬᠦ᠂ ᠡᠯ᠎ᠡ ᠲᠠᠯ᠎ᠠ ᠵᠢ ᠵᠣᠬᠢᠴᠠᠭᠤᠯᠬᠤ ᠤᠳᠤᠷᠢᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠵᠥᠪ ᠲᠠᠯ᠎ᠠ ᠵᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ᠎ᠤ ᠵᠢᠯᠣᠭᠤᠳᠤᠮᠵᠢ ᠵᠢ ᠴᠢᠩᠭ᠋ᠠᠳᠬᠠᠵᠤ᠂ ᠤᠳᠤ ᠦᠶ᠎ᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ ᠨᠡᠶ᠋ᠢᠭᠡᠮ᠎ᠤᠨ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠭᠦ ᠵᠢ ᠴᠢᠬᠤᠯᠠᠴᠢᠯᠠᠬᠤ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ ᠵᠢᠨ ᠤᠯᠤᠰ ᠲᠦᠷᠦ ᠬᠠᠤᠯᠢ ᠴᠠᠭ᠋ᠠᠵᠠ ᠵᠢᠨ ᠲᠡᠮᠦᠷ ᠴᠡᠷᠢᠭ᠎ᠢ ᠳᠠᠪᠲᠠᠨ ᠪᠤᠯᠪᠠᠰᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠤᠷᠢᠶ᠎ᠡ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ
ᠰᠢ ᠵᠢᠨ ᠫᠢᠩ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠦ᠍ ᠯᠢᠨ᠎ᠲᠠᠢ ᠬᠡᠯᠡᠯᠴᠡᠭᠡ ᠬᠢᠪᠡ
ᠰᠢ ᠵᠢᠨ ᠫᠢᠩ ᠢᠰᠫᠠᠨᠢ ᠵᠢᠨ ᠲᠡᠷᠢᠭᠦᠨ ᠰᠠᠶ᠋ᠢᠳ ᠰᠠᠩᠴᠢᠶᠧᠰ᠎ᠲᠠᠢ ᠠᠭᠤᠯᠵᠠᠪᠠ
ᠰᠢ ᠵᠢᠨ ᠫᠢᠩ ᠢᠰᠫᠠᠨᠢ ᠵᠢᠨ ᠲᠡᠷᠢᠭᠦᠨ ᠰᠠᠶ᠋ᠢᠳ ᠰᠠᠩᠴᠢᠶᠧᠰ᠎ᠲᠠᠢ ᠠᠭᠤᠯᠵᠠᠪᠠ
ᠰᠢ ᠵᠢᠨ ᠫᠢᠩ ᠠᠽᠧᠷᠪᠠᠶ᠋ᠢᠵᠠᠨ᠎ᠤ ᠶᠡᠷᠦᠩᠬᠡᠢ᠌ᠯᠡᠭᠴᠢ ᠠᠯᠢᠶᠧᠹ᠎ᠲᠠᠢ ᠬᠡᠯᠡᠯᠴᠡᠭᠡ ᠬᠢᠪᠡ
 
            