ᠰᠢᠨᠬᠤᠸᠠ ᠬᠤᠷᠢᠶᠠᠨ᠎ᠤ ᠪᠡᠭᠡᠵᠢᠩ᠎ᠤᠨ 3 ᠳ᠋ᠤᠭ᠋ᠠᠷ ᠰᠠᠷ᠎ᠠ ᠵᠢᠨ 14᠎ᠤ ᠡᠳᠦᠷ᠎ᠤᠨ ᠴᠠᠬᠢᠯᠭ᠋ᠠᠨ ᠮᠡᠳᠡᠭᠡ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ 3 ᠳ᠋ᠤᠭ᠋ᠠᠷ ᠰᠠᠷ᠎ᠠ ᠵᠢᠨ 14᠎ᠤ ᠡᠳᠦᠷ ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠠᠢ᠍ᠮᠠᠳᠤᠭ᠋ᠠᠷ ᠤᠳᠠᠭ᠎ᠠ ᠵᠢᠨ ᠪᠦᠬᠦᠳᠡ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠠᠬᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠪᠠ ᠪᠦᠬᠦ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠷᠦ ᠵᠢᠨ ᠶᠠᠪᠤᠳᠠᠯ᠎ᠤᠨ ᠬᠤᠷᠢᠶᠠᠨ᠎ᠤ 2025 ᠣᠨ᠎ᠤ ᠭᠤᠣᠯᠳᠠᠯᠭ᠎ᠠ ᠪᠣᠯᠬᠤ ᠠᠵᠢᠯ᠎ᠢ ᠨᠠᠶ᠋ᠢᠳᠠᠪᠤᠷᠢᠵᠢᠭᠤᠯᠬᠤ ᠪᠠᠶ᠋ᠢᠷᠢᠯᠠᠭᠤᠯᠤᠯᠲᠠ ᠬᠢᠪᠡ᠃
ᠯᠢ ᠴᠢᠶᠠᠩ ᠵᠢᠭ᠋ᠠᠵᠤ ᠭᠠᠷᠭ᠋ᠠᠬᠤ᠎ᠳᠤ᠎ᠪᠠᠨ᠂ ᠲᠣᠰ ᠬᠤᠭᠤᠴᠠᠭ᠋ᠠᠨ᠎ᠤ ᠲᠥᠷᠥ ᠵᠢᠨ ᠶᠠᠪᠤᠳᠠᠯ᠎ᠤᠨ ᠬᠤᠷᠢᠶ᠎ᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢᠨ ᠡᠬᠢᠨ ᠵᠶ᠋ᠠᠷ 《ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠰᠠᠶ᠋ᠢᠲᠤᠷ ᠲᠤᠭᠤᠰᠢᠯᠠᠭᠤᠯᠬᠤ ᠬᠡᠷᠡᠭᠵᠢᠭᠦᠯᠦᠭᠴᠢ᠂ ᠠᠵᠢᠯᠯᠠᠭ᠋ᠠᠲᠠᠨ᠂ ᠰᠢᠷᠭ᠋ᠠᠭᠤ ᠠᠵᠢᠯᠯᠠᠭᠴᠢ ᠪᠣᠯᠣᠨ᠎ᠠ》 ᠭᠡᠵᠦ ᠲᠣᠳᠣᠷᠬᠠᠢ ᠳᠤᠷᠠᠳᠤᠨ ᠭᠠᠷᠭ᠋ᠠᠪᠠ᠃ ᠡᠨᠡ ᠬᠦ᠌ ᠪᠠᠶ᠋ᠢᠷᠢ ᠲᠣᠭᠲᠠᠭ᠋ᠠᠯᠲᠠ ᠪᠣᠯ ᠲᠤᠰ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠣᠷᠣᠰᠢᠨ ᠲᠣᠭᠲᠠᠨᠢᠬᠤ ᠵᠢᠨ ᠦᠨᠳᠦᠰᠦ ᠮᠥᠷᠲᠡᠭᠡᠨ ᠲᠤᠰ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠬᠠᠮᠤᠭ᠎ᠤᠨ ᠢᠯᠡ ᠲᠣᠳᠣ ᠲᠡᠮᠳᠡᠭ ᠮᠥᠨ ᠪᠣᠯᠬᠤ ᠵᠢ ᠬᠤᠶᠠᠷ ᠵᠢᠯ᠎ᠤᠨ ᠲᠤᠷᠰᠢᠬᠢ ᠦᠢ᠍ᠯᠡᠳᠦᠯᠭᠡ ᠪᠢᠳᠡᠨ᠎ᠳᠤ ᠭᠦᠨᠵᠡᠭᠡᠢ ᠣᠶ᠋ᠢᠯᠠᠭ᠋ᠠᠭᠤᠯᠵᠠᠢ᠃ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠳᠤ᠂ ᠪᠢᠳᠡᠨ᠎ᠳᠤ ᠲᠤᠯᠭ᠋ᠠᠷᠠᠭᠰᠠᠨ ᠪᠠᠶ᠋ᠢᠳᠠᠯ ᠨᠡᠩ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ᠂ ᠡᠭᠦᠷᠭᠡ ᠨᠡᠩ ᠪᠡᠷᠬᠡ ᠬᠠᠲᠠᠭᠤᠵᠢᠯᠲᠠᠢ ᠪᠥᠭᠡᠳ ᠨᠦᠰᠡᠷ ᠬᠦᠨᠳᠦ ᠪᠣᠯᠣᠨ᠎ᠠ᠂ ᠡᠭᠦᠷᠭᠡ ᠬᠠᠷᠢᠭᠤᠴᠠᠯᠭ᠎ᠠ᠎ᠪᠠᠨ ᠴᠢᠨᠠᠭᠰᠢᠳᠠ ᠤᠯᠠᠮ ᠰᠠᠶ᠋ᠢᠲᠤᠷ ᠭᠦᠢ᠍ᠴᠡᠳᠬᠡᠬᠦ᠎ᠳᠤ᠂ ᠡᠷᠬᠡᠪᠰᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠡᠩ ᠡᠷᠡᠰ ᠪᠠᠲᠤ ᠨᠡᠩ ᠤᠬᠠᠮᠰᠠᠷ᠎ᠠᠴᠠ᠎ᠪᠠᠨ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠤᠰᠢᠭᠤ ᠱᠠᠯᠠᠮᠠᠭ᠋ᠠᠢ ᠭᠦᠢ᠍ᠴᠡᠳᠭᠡᠭᠴᠢ᠂ ᠬᠦᠴᠢᠷ᠎ᠢ ᠲᠤᠭᠤᠯᠤᠨ ᠪᠡᠷᠬᠡ ᠵᠢ ᠳᠠᠪᠠᠭ᠍ᠤ ᠠᠵᠢᠯᠯᠠᠭ᠋ᠠᠲᠠᠨ᠂ ᠬᠢᠵᠦ ᠪᠦᠲᠦᠭᠡᠬᠦ᠎ᠳᠤ᠎ᠪᠠᠨ ᠴᠢᠳᠠᠮᠠᠭ᠋ᠠᠢ ᠰᠢᠷᠭ᠋ᠠᠭᠤ ᠠᠵᠢᠯᠯᠠᠭᠴᠢ ᠪᠣᠯᠬᠤ ᠬᠡᠷᠡᠭᠲᠡᠢ ᠭᠡᠵᠡᠢ᠃
3 ᠳ᠋ᠤᠭ᠋ᠠᠷ ᠰᠠᠷ᠎ᠠ ᠵᠢᠨ 14᠎ᠤ ᠡᠳᠦᠷ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠨᠠᠢ᠍ᠮᠠᠳᠤᠭ᠋ᠠᠷ ᠪᠥᠬᠦᠳᠡ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠠᠬᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠪᠠ ᠪᠥᠬᠦ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ 2025 ᠣᠨ᠎ᠤ ᠭᠤᠣᠯᠳᠠᠯᠭ᠎ᠠ ᠪᠣᠯᠬᠤ ᠠᠵᠢᠯ᠎ᠢ ᠨᠠᠶ᠋ᠢᠳᠠᠪᠤᠷᠢᠵᠢᠭᠤᠯᠬᠤ ᠪᠠᠶ᠋ᠢᠷᠢᠯᠠᠭᠤᠯᠤᠯᠲᠠ ᠬᠢᠪᠡ᠃ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ
ᠯᠢ ᠴᠢᠶᠠᠩ ᠵᠢᠭ᠋ᠠᠵᠤ ᠭᠠᠷᠭ᠋ᠠᠬᠤ᠎ᠳᠤ᠎ᠪᠠᠨ᠂ ᠨᠠᠮ᠎ᠤᠨ ᠲᠥᠪ ᠬᠤᠷᠢᠶᠠᠨ᠎ᠤ ᠲᠣᠭᠲᠠᠭ᠋ᠠᠭᠰᠠᠨ ᠦᠨᠳᠦᠰᠦᠨ ᠪᠣᠳᠣᠯᠭ᠎ᠠ ᠴᠢᠭᠯᠡᠯᠲᠡ ᠵᠢ ᠦᠨᠳᠦᠰᠦᠯᠡᠨ᠂ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠡᠨᠡ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠠᠵᠢᠯ᠎ᠢ ᠪᠣᠳᠠᠲᠠᠢ ᠲᠣᠬᠢᠷᠠᠭᠤᠯᠪᠠ᠃ ᠣᠳᠣᠬᠠᠨ᠎ᠳᠤ ᠬᠠᠷᠠᠯᠲᠠ ᠡᠭᠦᠷᠭᠡ ᠲᠣᠳᠣᠷᠬᠠᠢ ᠪᠣᠯᠪᠠ᠂ ᠨᠠᠶ᠋ᠢᠳᠠᠪᠤᠷᠢᠵᠢᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠂ ᠣᠨᠴᠠᠭ᠋ᠠᠶ᠋ᠢᠯᠠᠨ ᠠᠵᠢᠯ᠎ᠤᠨ ᠭᠠᠷᠳᠠᠴᠠ᠎ᠪᠠᠨ ᠣᠨᠣᠪᠴᠢᠲᠠᠢ ᠣᠯᠵᠤ᠂ ᠬᠦᠴᠦ᠎ᠪᠠᠨ ᠲᠥᠪᠯᠡᠷᠡᠭᠦᠯᠦᠨ ᠬᠥᠲᠥᠯᠬᠦ ᠴᠢᠨᠠᠷ ᠪᠠ ᠳᠠᠶ᠋ᠢᠴᠢᠯᠠᠬᠤ ᠴᠢᠨᠠᠷ ᠵᠶ᠋ᠠᠷ ᠴᠢᠩᠭ᠎ᠠ ᠭᠤᠣᠯᠳᠠᠯᠭ᠎ᠠ ᠪᠣᠯᠬᠤ ᠵᠦᠢ᠍ᠯᠡᠰ᠎ᠢ ᠰᠠᠶ᠋ᠢᠲᠤᠷ ᠠᠳᠬᠤᠵᠤ᠂ ᠲᠡᠭᠦᠨ᠎ᠤ ᠬᠥᠭᠵᠢᠯᠲᠡ ᠵᠢᠨ ᠪᠦᠬᠦ ᠲᠠᠯ᠎ᠠ᠎ᠳᠤ ᠦᠵᠡᠭᠦᠯᠬᠦ ᠳᠠᠶ᠋ᠢᠴᠢᠯᠠᠬᠤ ᠪᠠ ᠠᠬᠢᠭᠤᠯᠬᠤ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠨᠢᠭᠡ᠎ᠳᠤ ᠬᠡᠷᠡᠭᠯᠡᠭᠡ ᠵᠢ ᠬᠥᠭᠵᠢᠭᠡᠬᠦ ᠲᠤᠰᠬᠠᠢ ᠠᠵᠢᠯᠯᠠᠭ᠋ᠠᠨ᠎ᠢ ᠬᠡᠷᠡᠭᠵᠢᠭᠦᠯᠦᠨ᠎ᠡ᠂ ᠬᠤᠶᠠᠷ᠎ᠲᠤ ᠪᠥᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠠᠬᠢᠭᠤᠯᠤᠨ᠎ᠠ᠂ ᠭᠤᠷᠪᠠ᠎ᠳᠤ 《ᠵᠣᠬᠢᠶᠠᠮᠠᠯ ᠣᠶᠤᠨ +》 ᠠᠵᠢᠯᠯᠠᠭ᠋ᠠᠨ᠎ᠢ ᠬᠡᠷᠡᠭᠵᠢᠭᠦᠯᠦᠨ᠎ᠡ᠂ ᠳᠥᠷᠪᠡ᠎ᠳᠤ ᠦᠢ᠍ᠯᠡᠳᠬᠦ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠎ᠠ᠂ ᠲᠠᠪᠤ᠎ᠳᠤ ᠬᠥᠮᠥᠨ ᠵᠶ᠋ᠠᠷ ᠦᠨᠳᠦᠰᠦ ᠪᠣᠯᠭ᠋ᠠᠭᠰᠠᠨ ᠰᠢᠨ᠎ᠡ ᠮᠠᠶᠢᠭ᠎ᠤᠨ ᠬᠤᠲᠠ ᠪᠠᠯᠭ᠋ᠠᠰᠤᠵᠢᠯᠲᠠ ᠵᠢ ᠠᠬᠢᠭᠤᠯᠤᠨ᠎ᠠ᠂ ᠵᠢᠷᠭᠤᠭ᠎ᠠ᠎ᠳᠤ ᠳᠡᠭᠡᠳᠦ ᠮᠡᠷᠭᠡᠰᠢᠯᠲᠦ ᠴᠢᠳᠠᠪᠤᠷᠢᠲᠠᠨ ᠬᠥᠮᠥᠵᠢᠭᠦᠯᠬᠦ᠎ᠪᠠᠨ ᠴᠢᠩᠭ᠋ᠠᠳᠬᠠᠨ᠎ᠠ᠂ ᠳᠣᠯᠤᠭ᠎ᠠ᠎ᠳᠤ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 ᠵᠢ ᠰᠠᠶ᠋ᠢᠲᠤᠷ ᠠᠳᠬᠤᠨ᠎ᠠ᠃ ᠡᠭᠦᠨ᠎ᠤ ᠵᠡᠷᠭᠡ᠎ᠳᠤ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠭᠠᠳᠠᠭ᠋ᠠᠳᠤ ᠠᠷᠠᠯᠵᠢᠶ᠎ᠠ ᠪᠠ ᠭᠠᠳᠠᠭ᠋ᠠᠳᠤ ᠪᠡᠯᠡ ᠵᠢ ᠢᠳᠡᠪᠬᠢᠲᠡᠢ᠎ᠪᠠᠷ ᠲᠣᠭᠲᠠᠪᠤᠷᠢᠵᠢᠭᠤᠯᠵᠤ᠂ ᠭᠠᠳᠠᠭ᠋ᠠᠳᠤ ᠵᠢᠨ ᠳᠠᠭ᠋ᠠᠷᠢᠯᠲᠠ ᠵᠢ ᠪᠦᠲᠦᠮᠵᠢᠲᠡᠶ᠎ᠪᠠᠷ ᠠᠷᠭ᠋ᠠᠴᠠᠭ᠋ᠠᠬᠤ ᠬᠡᠷᠡᠭᠲᠡᠢ ᠭᠡᠵᠡᠢ᠃
ᠯᠢ ᠴᠢᠶᠠᠩ ᠵᠢᠭ᠋ᠠᠵᠤ ᠭᠠᠷᠭ᠋ᠠᠭᠰᠠᠨ᠎ᠨᠢ᠂ ᠡᠨᠡ ᠵᠢᠯ᠎ᠤᠨ ᠪᠠᠶ᠋ᠢᠳᠠᠯ ᠪᠠ ᠡᠭᠦᠷᠭᠡ ᠵᠢᠨ ᠣᠨᠴᠠᠯᠢᠭᠲᠤ ᠴᠢᠭᠯᠡᠭᠦᠯᠦᠨ᠂ ᠲᠥᠷᠥ ᠵᠢᠨ ᠪᠣᠳᠣᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠬᠤ ᠪᠠ ᠵᠠᠬ᠎ᠠ ᠳᠡᠯᠭᠡᠭᠦᠷ᠎ᠤᠨ ᠬᠦᠴᠦᠨ᠎ᠤ ᠰᠠᠶ᠋ᠢᠨ ᠦᠢ᠍ᠯᠡᠳᠦᠯᠴᠡᠬᠦ᠂ ᠬᠠᠮᠵᠢᠯᠴᠠᠨ ᠬᠦᠴᠦᠯᠡᠬᠦ ᠵᠢ ᠰᠡᠷᠭᠦᠭᠡᠬᠦ᠎ᠪᠠᠨ ᠨᠡᠩ ᠴᠢᠬᠤᠯᠠᠴᠢᠯᠠᠬᠤ ᠬᠡᠷᠡᠭᠲᠡᠢ᠃ ᠨᠡᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠦᠷᠦ ᠵᠢᠨ ᠪᠣᠳᠣᠯᠭ᠎ᠠ ᠵᠢ ᠰᠠᠶ᠋ᠢᠲᠤᠷ ᠬᠡᠷᠡᠭᠵᠢᠭᠦᠯᠵᠦ᠂ ᠲᠦᠷᠦ ᠵᠢᠨ ᠪᠣᠳᠣᠯᠭ᠎ᠠ ᠵᠢᠨ ᠦᠢ᠍ᠯᠡᠳᠦᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠳᠠᠷᠠᠭᠤᠯᠤᠨ᠎ᠠ᠃ ᠥᠭᠡᠷᠡᠴᠢᠯᠡᠯᠲᠡ ᠵᠢ ᠬᠦᠴᠦᠯᠡᠨ ᠭᠦᠨᠵᠡᠭᠡᠶ᠋ᠢᠷᠡᠭᠦᠯᠵᠦ᠂ ᠬᠠᠤᠯᠢᠵᠢᠯ ᠪᠠ ᠢᠲᠡᠭᠡᠮᠵᠢ ᠵᠢᠨ ᠣᠷᠴᠢᠨ ᠨᠥᠬᠦᠴᠡᠯ᠎ᠢ ᠲᠡᠭᠦᠯᠳᠡᠷᠵᠢᠭᠦᠯᠦᠨ᠂ ᠡᠯ᠎ᠡ ᠲᠦᠷᠦᠯ᠎ᠤᠨ ᠡᠵᠡᠩᠨᠡᠯᠲᠡ ᠵᠢᠨ ᠭᠤᠣᠯ ᠴᠣᠭᠴᠠ ᠵᠢᠨ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠲᠠᠶ᠋ᠢᠴᠢᠯᠠᠨ᠎ᠠ᠃ ᠨᠠᠭ᠋ᠠᠲᠤ ᠵᠠᠬ᠎ᠠ ᠵᠢᠨ ᠬᠤᠷᠢᠭ᠎ᠠ ᠱᠤᠭᠤᠮ᠎ᠢ ᠦᠨᠡᠨ ᠬᠦ᠌ ᠰᠠᠬᠢᠵᠤ᠂ ᠨᠡᠩ ᠥᠨᠳᠥᠷ ᠪᠠᠷᠢᠮᠵᠢᠶ᠎ᠠ ᠱᠤᠭᠤᠮ᠎ᠳᠤ ᠬᠦᠷᠬᠦ᠎ᠪᠠᠷ ᠴᠢᠷᠮᠠᠶ᠋ᠢᠨ ᠬᠥᠭᠡᠭᠡᠴᠡᠯᠳᠦᠬᠦ ᠬᠡᠷᠡᠭᠲᠡᠢ᠃ ᠠᠮᠤᠷ ᠲᠣᠭᠲᠠᠭᠤᠨ ᠵᠡᠷᠭᠡ ᠵᠢ ᠪᠠᠲᠤᠯᠠᠬᠤ ᠬᠤᠷᠢᠭ᠎ᠠ ᠱᠤᠭᠤᠮ᠎ᠢ ᠪᠠᠲᠤ ᠰᠠᠬᠢᠬᠤ ᠵᠢᠨ ᠬᠠᠮᠲᠤ᠂ ᠨᠡᠩ ᠥᠨᠳᠥᠷ ᠬᠠᠷᠠᠯᠲᠠ ᠬᠥᠭᠡᠭᠡᠴᠡᠯᠳᠦᠯ ᠪᠠ ᠠᠵᠢᠯ᠎ᠤᠨ ᠪᠠᠷᠢᠮᠵᠢᠶ᠎ᠠ᠎ᠪᠠᠷ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠢ ᠬᠦᠴᠦᠷᠬᠡᠭᠵᠢᠭᠦᠯᠬᠦ᠂ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠬᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠬᠦ ᠵᠡᠷᠭᠡ ᠲᠠᠯ᠎ᠠ᠎ᠳᠤ ᠨᠡᠩ ᠶᠡᠭᠡ ᠦᠷ᠎ᠡ ᠪᠦᠲᠦᠮᠵᠢ ᠣᠯᠵᠤ᠂ ᠨᠡᠩ ᠤᠯᠠᠨ ᠰᠢᠪᠲᠤᠯᠬᠤ ᠴᠢᠨᠠᠷᠲᠠᠢ᠂ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠡᠭᠦᠳᠬᠦ ᠬᠡᠷᠡᠭᠲᠡᠢ᠃
ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠭᠤᠣᠯ ᠬᠠᠷᠢᠭᠤᠴᠠᠯᠭ᠋ᠠᠲᠠᠨ ᠨᠥᠬᠦᠳ ᠬᠤᠷᠠᠯ ᠳᠡᠭᠡᠷ᠎ᠡ ᠦᠭᠡ ᠬᠡᠯᠡᠪᠡ᠃
ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠦᠭᠦᠳᠡ ᠬᠤᠷᠠᠯᠳᠤᠭ᠋ᠠᠨ᠎ᠤ ᠪᠦᠷᠢᠯᠳᠦᠭᠦᠨ ᠨᠠᠷ ᠬᠤᠷᠠᠯ᠎ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢᠨ ᠬᠠᠷᠢᠭᠤᠴᠠᠯᠭ᠋ᠠᠲᠠᠨ ᠬᠤᠷᠠᠯ᠎ᠳᠤ ᠰᠤᠯᠠ ᠣᠷᠣᠯᠴᠠᠪᠠ᠃