ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠤᠯᠤᠰ ᠲᠥᠷᠥ ᠵᠢᠨ ᠵᠥᠪᠯᠯᠡᠭᠡᠨ᠎ᠤ ᠬᠤᠷᠠᠯ᠎ᠳᠤ ᠣᠷᠣᠯᠴᠠᠵᠤ ᠪᠠᠶ᠋ᠢᠭ᠎ᠠ ᠠᠷᠠᠳᠴᠢᠯᠠᠭᠰᠠᠨ ᠬᠤᠯᠪᠣᠭ᠎ᠠ ᠠᠷᠠᠳᠴᠢᠯᠠᠯ ᠵᠶ᠋ᠠᠷ ᠠᠬᠢᠭᠤᠯᠬᠤ ᠬᠤᠷᠠᠯ ᠰᠤᠷᠭ᠋ᠠᠨ ᠬᠥᠮᠥᠵᠢᠯ᠎ᠤᠨ ᠡᠲᠡᠭᠡᠳ᠎ᠤᠨ ᠭᠡᠰᠢᠭᠦᠳ᠎ᠢ ᠡᠷᠭᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯᠣᠨ ᠴᠢᠳᠠᠪᠤᠷᠢᠲᠠᠨ᠎ᠳᠠᠬᠢ ᠲᠤᠯᠭ᠋ᠠᠭᠤᠷᠢᠯᠠᠬᠤ ᠦᠢ᠍ᠯᠡᠳᠦᠯ᠎ᠢ ᠴᠢᠩᠭ᠋ᠠᠳᠬᠠᠵᠤ ᠴᠢᠳᠠᠪᠤᠷᠢᠲᠠᠨ ᠴᠣᠯᠭᠤᠷᠠᠨ ᠭᠠᠷᠬᠤ ᠬᠥᠮᠥᠨ ᠪᠦᠭᠦᠨ᠎ᠤ ᠴᠢᠳᠠᠪᠤᠷᠢ ᠵᠢ ᠭᠦᠢ᠍ᠴᠡᠳ ᠪᠠᠳᠠᠷᠠᠭᠤᠯᠬᠤ ᠴᠢᠳᠠᠪᠤᠷᠢ ᠵᠢᠨ ᠬᠢᠷᠢ᠎ᠪᠠᠷ᠎ᠨᠢ ᠬᠡᠷᠡᠭᠯᠡᠬᠦ ᠠᠮᠢᠳᠤᠯᠢᠭ ᠪᠠᠶ᠋ᠢᠳᠠᠯ᠎ᠢ ᠪᠦᠷᠢᠯᠳᠦᠭᠦᠯᠬᠦ ᠬᠡᠷᠡᠭᠲᠡᠢ
ᠨᠡᠶ᠋ᠢᠲᠡᠯᠡᠭᠰᠡᠨ ᠴᠠᠭ᠄ 2025-03-08

    ᠸᠠᠩ ᠬᠤ᠌ ᠨᠢᠩ ᠼᠠᠢ ᠴᠢ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠵᠠᠢ
    ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 6᠎ᠤ ᠴᠠᠭᠢᠯᠭ᠋ᠠᠨ ᠮᠡᠳᠡᠭᠡ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 6᠎ᠤ ᠦᠳᠡ ᠵᠢᠨ ᠬᠤᠶ᠋ᠢᠨ᠎ᠠ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠭᠤᠷᠪᠠᠳᠤᠭ᠋ᠠᠷ ᠬᠤᠷᠠᠯ᠎ᠳᠤ ᠣᠷᠣᠯᠴᠠᠵᠤ ᠪᠠᠶ᠋ᠢᠭ᠎ᠠ ᠠᠷᠠᠳᠴᠢᠯᠠᠭᠰᠠᠨ ᠬᠤᠯᠪᠤᠭ᠎ᠠ᠂ ᠠᠷᠠᠳᠴᠢᠯᠠᠯ ᠵᠶ᠋ᠠᠷ ᠠᠬᠢᠭᠤᠯᠬᠤ ᠬᠤᠷᠠᠯ᠂ ᠰᠤᠷᠭ᠋ᠠᠨ ᠬᠥᠮᠦᠵᠢᠯ᠎ᠤᠨ ᠡᠲᠡᠭᠡᠳ᠎ᠤᠨ ᠭᠡᠰᠢᠭᠦᠳ᠎ᠢ ᠡᠷᠭᠢᠨ ᠦᠵᠡᠭᠰᠡᠨ ᠪᠥᠭᠡᠳ ᠳᠤᠭᠤᠶ᠋ᠢᠯᠠᠩ ᠬᠠᠮᠲᠤᠷᠠᠭᠰᠠᠨ ᠬᠤᠷᠠᠯ᠎ᠳᠤ ᠣᠷᠣᠯᠴᠠᠵᠤ᠂ ᠰᠠᠨᠠᠯ ᠰᠠᠨᠠᠭᠤᠯᠭ᠎ᠠ ᠵᠢ᠎ᠨᠢ ᠰᠣᠨᠣᠰᠴᠠᠢ᠃ ᠲᠡᠷᠡ᠂ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠡᠷᠬᠡᠪᠰᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠤ ᠲᠤᠬᠠᠢ ᠬᠡᠷᠡᠭᠴᠡᠭᠡ ᠱᠠᠭ᠋ᠠᠷᠳᠠᠯᠭ᠎ᠠ ᠵᠢ ᠭᠦᠨᠵᠡᠭᠡᠢ ᠡᠵᠡᠮᠳᠡᠵᠦ᠂ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯᠣᠨ ᠴᠢᠳᠠᠪᠤᠷᠢᠲᠠᠨ᠎ᠳᠠᠬᠢ ᠲᠤᠯᠭ᠋ᠠᠭᠤᠷᠢᠯᠠᠬᠤ ᠦᠢ᠍ᠯᠡᠳᠦᠯ᠎ᠢ ᠴᠢᠩᠭ᠋ᠠᠳᠬᠠᠵᠤ᠂ ᠴᠢᠳᠠᠪᠤᠷᠢᠲᠠᠨ ᠴᠣᠯᠭᠤᠷᠠᠨ ᠭᠠᠷᠬᠤ᠂ ᠬᠥᠮᠥᠨ ᠪᠦᠭᠦᠨ᠎ᠤ ᠴᠢᠳᠠᠪᠤᠷᠢ ᠵᠢ ᠭᠦᠢ᠍ᠴᠡᠳ ᠪᠠᠳᠠᠷᠠᠭᠤᠯᠬᠤ᠂ ᠴᠢᠳᠠᠪᠤᠷᠢ ᠵᠢᠨ ᠬᠢᠷᠢ᠎ᠪᠠᠷ᠎ᠨᠢ ᠬᠡᠷᠡᠭᠯᠡᠬᠦ ᠠᠮᠢᠳᠤᠯᠢᠭ ᠪᠠᠶ᠋ᠢᠳᠠᠯ᠎ᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

   3 ᠰᠠᠷ᠎ᠠ ᠵᠢᠨ 6᠎ᠤ ᠦᠳᠡ ᠵᠢᠨ ᠬᠤᠶ᠋ᠢᠨ᠎ᠠ᠂ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠭᠤᠷᠪᠠᠳᠤᠭ᠋ᠠᠷ ᠬᠤᠷᠠᠯ᠎ᠳᠤ ᠣᠷᠣᠯᠴᠠᠵᠤ ᠪᠠᠶ᠋ᠢᠭ᠎ᠠ ᠠᠷᠠᠳᠴᠢᠯᠠᠭᠰᠠᠨ ᠬᠤᠯᠪᠤᠭ᠎ᠠ᠂ ᠠᠷᠠᠳᠴᠢᠯᠠᠯ ᠵᠶ᠋ᠠᠷ ᠠᠬᠢᠭᠤᠯᠬᠤ ᠬᠤᠷᠠᠯ᠂ ᠰᠤᠷᠭ᠋ᠠᠨ ᠬᠥᠮᠦᠵᠢᠯ᠎ᠤᠨ ᠡᠲᠡᠭᠡᠳ᠎ᠤᠨ ᠭᠡᠰᠢᠭᠦᠳ᠎ᠢ ᠡᠷᠭᠢᠵᠦ ᠦᠵᠡᠭᠰᠡᠨ ᠪᠥᠭᠡᠳ ᠳᠤᠭᠤᠶ᠋ᠢᠯᠠᠩ ᠬᠠᠮᠲᠤᠷᠠᠭᠰᠠᠨ ᠬᠤᠷᠠᠯ᠎ᠳᠤ ᠣᠷᠣᠯᠴᠠᠵᠤ᠂ ᠰᠠᠨᠠᠯ ᠰᠠᠨᠠᠭᠤᠯᠭ᠎ᠠ ᠵᠢ᠎ᠨᠢ ᠰᠣᠨᠣᠰᠴᠠᠢ᠃ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠸᠠᠩ ᠬᠤ᠌ ᠨᠢᠩ᠂ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠥᠪ᠎ᠤᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠪᠠ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠳ᠋ᠢᠩ ᠯᠢᠨ ᠰᠡᠭᠦᠳᠡᠷᠯᠡᠪᠡ

   《3 · 8》᠎ᠤ ᠳᠡᠯᠡᠬᠡᠢ ᠵᠢᠨ ᠬᠥᠳᠡᠯᠮᠦᠷᠢᠴᠢᠨ ᠡᠮᠡᠭᠲᠡᠶ᠋ᠢᠴᠦᠳ᠎ᠤᠨ ᠪᠠᠶᠠᠷ ᠬᠦᠷᠴᠦ ᠢᠷᠡᠬᠦ ᠲᠠᠰᠢᠷᠠᠮ ᠵᠶ᠋ᠠᠷ᠂ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠠᠴᠠ ᠪᠦᠭᠦ ᠤᠯᠤᠰ᠎ᠤᠨ ᠬᠤᠶᠠᠷ ᠬᠤᠷᠠᠯ᠎ᠳᠤ ᠣᠷᠣᠯᠴᠠᠬᠰᠠᠨ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ ᠠᠵᠢᠯᠲᠠᠨ᠂ ᠪᠦᠭᠦ ᠤᠯᠤᠰ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠡᠮᠡᠭᠲᠡᠶ᠋ᠢᠴᠦᠳ᠂ ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠂ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠂ ᠲᠠᠶ᠋ᠢᠸᠠᠨ ᠣᠷᠣᠨ᠎ᠤ ᠡᠮᠡᠭᠲᠡᠶ᠋ᠢᠴᠦᠳ ᠪᠣᠯᠣᠨ ᠭᠠᠳᠠᠭ᠋ᠠᠳᠤ᠎ᠳᠤ ᠪᠠᠶ᠋ᠢᠭ᠎ᠠ ᠡᠮᠡᠭᠲᠡᠢ   ᠬᠠᠷᠢᠶᠠᠲᠤ   ᠨᠠᠷ ᠎ᠲᠤ   ᠪᠠᠶᠠᠷ ᠎ᠤᠨ   ᠡᠳᠦᠷ᠎ᠤᠨ   ᠮᠡᠨᠳᠦᠴᠢᠯᠡᠯ   ᠪᠣᠯᠣᠨ   ᠰᠠᠶ᠋ᠢᠨ   ᠰᠠᠶ᠋ᠢᠬᠠᠨ   ᠵᠥᠩᠨᠡᠯ ᠳᠡᠪᠰᠢᠭᠦᠯᠪᠡ᠃
    ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠸᠠᠩ ᠬᠤ᠌ ᠨᠢᠩ᠂ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠥᠪ᠎ᠤᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠵᠠᠢ᠃
    ᠳᠤᠭᠤᠶ᠋ᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠵᠠᠩ ᠶᠦᠨ ᠺᠠᠢ᠂ ᠼᠠᠢ ᠭᠤᠸᠠᠩ ᠵᠢᠶᠧ᠂ ᠵᠧᠩ ᠵᠢᠶᠠ ᠵᠢᠶᠠᠨ᠂ ᠰᠢᠦᠢ ᠺᠦᠨ᠂ ᠼᠦᠢ ᠶᠠ ᠯᠢ᠂ ᠮᠠ ᠵᠢᠩ ᠯᠢᠨ ᠵᠡᠷᠭᠡ 6 ᠭᠡᠰᠢᠭᠦᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠣᠨ ᠣᠷᠣᠨ ᠪᠦᠰᠡ ᠵᠢᠨ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠬᠤ᠂ ᠰᠠᠭᠤᠷᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠬᠦ᠂ ᠬᠡᠦᠬᠡᠳ ᠵᠠᠯᠠᠭᠤᠴᠤᠳ ᠪᠠᠭ᠋ᠠᠴᠤᠳ᠎ᠤᠨ ᠤᠩᠰᠢᠯᠭ᠎ᠠ ᠵᠢᠨ ᠠᠮᠢ ᠠᠬᠤᠢ ᠵᠢ ᠴᠣᠭᠴᠠᠯᠠᠬᠤ᠂ ᠤᠯᠤᠰ᠎ᠤᠨ ᠰᠤᠷᠭ᠋ᠠᠨ ᠬᠥᠮᠦᠵᠢᠯ᠎ᠤᠨ ᠣᠶᠤᠨᠴᠢ ᠰᠦᠯᠵᠢᠶᠡᠨ᠎ᠤ ᠪᠠᠶ᠋ᠢᠭᠤᠯᠤᠯᠲᠠ ᠵᠢ ᠠᠬᠢᠭᠤᠯᠬᠤ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠠᠬᠢᠭᠤᠯᠬᠤ᠂ ᠰᠤᠷᠭ᠋ᠠᠭᠤᠯᠢ ᠵᠢᠨ ᠬᠢᠴᠢᠶᠡᠯ᠎ᠳᠤ ᠲᠦᠰᠢᠭᠯᠡᠨ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ ᠵᠡᠷᠭᠡ ᠵᠢᠨ ᠲᠣᠭᠤᠷᠢᠨ᠎ᠳᠤ ᠦᠭᠡ ᠬᠡᠯᠡᠪᠡ᠃
    ᠤᠯᠠᠨ᠎ᠤ ᠬᠡᠯᠡᠭᠰᠡᠨ᠎ᠢ ᠰᠣᠨᠣᠰᠤᠭᠰᠠᠨ᠎ᠤ ᠳᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠤᠯᠠᠨ᠎ᠲᠠᠢ ᠬᠠᠮᠲᠤ ᠶᠠᠷᠢᠯᠴᠠᠵᠤ᠂ ᠰᠠᠨᠠᠯ ᠰᠠᠨᠠᠭᠤᠯᠭ᠎ᠠ ᠵᠢ ᠰᠣᠨᠣᠰᠤᠭᠰᠠᠨ᠎ᠳᠠᠭᠠᠨ ᠮᠠᠰᠢ ᠪᠠᠶᠠᠷ᠎ᠲᠠᠢ ᠪᠠᠶ᠋ᠢᠨ᠎ᠠ ᠭᠡᠵᠦ ᠢᠯᠡᠳᠬᠡᠪᠡ᠃ ᠲᠡᠷᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢ ᠲᠥᠯᠥᠭᠡᠯᠡᠨ᠂ ᠠᠳᠡ ᠰᠠᠭᠤᠵᠤ ᠪᠠᠶ᠋ᠢᠭ᠎ᠠ ᠭᠡᠰᠢᠭᠦᠳ᠎ᠲᠤ᠂ ᠮᠥᠨ ᠴᠦ᠍ ᠥᠷᠭᠡᠨ ᠤᠯᠠᠨ ᠠᠷᠠᠳᠴᠢᠯᠠᠭᠰᠠᠨ ᠬᠤᠯᠪᠤᠭ᠎ᠠ᠂ ᠠᠷᠠᠳᠴᠢᠯᠠᠯ ᠵᠶ᠋ᠠᠷ ᠠᠬᠢᠭᠤᠯᠬᠤ ᠬᠤᠷᠠᠯ᠎ᠤᠨ ᠪᠦᠷᠢᠯᠳᠦᠭᠦᠨ ᠪᠠ ᠰᠤᠷᠭ᠋ᠠᠨ ᠬᠥᠮᠦᠵᠢᠯ᠎ᠤᠨ ᠡᠲᠡᠭᠡᠳ᠎ᠤᠨ ᠬᠥᠮᠥᠰ᠂ ᠥᠷᠭᠡᠨ ᠤᠯᠠᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ᠃
    ᠰᠢ ᠵᠢᠨ ᠫᠢᠩ᠂ ᠥᠩᠭᠡᠷᠡᠭᠰᠡᠨ ᠨᠢᠭᠡ ᠵᠢᠯ᠎ᠳᠤ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ ᠭᠤᠣᠯ ᠡᠭᠦᠷᠭᠡ᠎ᠲᠠᠢ ᠨᠢᠭᠲᠠ ᠤᠶᠠᠯᠳᠤᠭᠤᠯᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠰᠢᠨ᠎ᠡ ᠬᠤᠪᠢ ᠨᠡᠮᠡᠷᠢ ᠦᠵᠡᠭᠦᠯᠪᠡ᠃ ᠠᠷᠠᠳᠴᠢᠯᠠᠭᠰᠠᠨ ᠬᠤᠯᠪᠤᠭ᠎ᠠ᠂ ᠠᠷᠠᠳᠴᠢᠯᠠᠯ ᠵᠶ᠋ᠠᠷ ᠠᠬᠢᠭᠤᠯᠬᠤ ᠬᠤᠷᠠᠯ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ ᠪᠠ ᠥᠷᠭᠡᠨ ᠤᠯᠠᠨ ᠪᠦᠷᠢᠯᠳᠦᠭᠦᠨ ᠭᠤᠣᠯ ᠠᠵᠢᠯ᠎ᠳᠠᠭᠠᠨ ᠠᠩᠬᠠᠷᠤᠯ ᠵᠶ᠋ᠠᠨ ᠲᠥᠪᠯᠡᠷᠡᠭᠦᠯᠵᠦ᠂ ᠢᠳᠡᠪᠬᠢᠲᠡᠢ᠎ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠵᠤ᠂ ᠨᠡᠶ᠋ᠢᠭᠡᠮ᠎ᠤᠨ ᠦᠢ᠍ᠯᠡᠴᠢᠯᠡᠭᠡ᠎ᠳᠤ ᠣᠷᠣᠯᠴᠠᠵᠤ᠂ ᠡᠯ᠎ᠡ ᠵᠦᠢ᠍ᠯ᠎ᠤᠨ ᠠᠵᠢᠯ ᠰᠢᠨ᠎ᠡ ᠠᠮᠵᠢᠯᠲᠠ ᠪᠦᠲᠦᠮᠵᠢ ᠣᠯᠪᠠ᠃ ᠥᠷᠭᠡᠨ ᠤᠯᠠᠨ ᠰᠤᠷᠭ᠋ᠠᠨ ᠬᠥᠮᠦᠵᠢᠯ᠎ᠤᠨ ᠡᠲᠡᠭᠡᠳ᠎ᠤᠨ ᠬᠥᠮᠥᠰ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠵᠤ᠂ 《ᠲᠠᠪᠤᠨ ᠬᠥᠮᠦᠵᠢᠯ》᠎ᠢ ᠵᠡᠷᠭᠡ᠎ᠪᠠᠷ ᠠᠳᠬᠤᠬᠤ᠂ ᠶᠣᠰᠣ ᠰᠤᠷᠲᠠᠬᠤᠨ᠎ᠢ ᠪᠤᠢ ᠪᠤᠯᠭ᠋ᠠᠵᠤ ᠬᠥᠮᠥᠨ᠎ᠢ ᠬᠥᠮᠥᠵᠢᠭᠦᠯᠬᠦ ᠵᠢ ᠠᠬᠢᠭᠤᠯᠬᠤ᠎ᠳᠤ ᠰᠢᠨ᠎ᠡ ᠠᠯᠬᠤᠮ᠎ᠢ ᠠᠯᠬᠤᠵᠠᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠡᠷᠬᠡᠪᠰᠢ ᠰᠤᠷᠭ᠋ᠠᠭᠤᠯᠢ ᠡᠷᠭᠢᠯᠡᠭᠦ ᠵᠥᠪ ᠴᠢᠭᠯᠡᠯ᠎ᠢ ᠪᠠᠷᠢᠮᠲᠠᠯᠠᠵᠤ᠂ ᠶᠣᠰᠣ ᠮᠣᠷᠠᠯ ᠣᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠶ᠋ᠢᠬᠠᠨ ᠭᠦᠳᠡᠯᠮᠦᠷᠢ ᠪᠦᠭᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠥᠵᠢᠭᠦᠯᠬᠦ ᠬᠡᠷᠡᠭᠲᠡᠢ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ ᠵᠢ ᠱᠤᠭᠤᠵᠤ ᠬᠥᠮᠥᠨ᠎ᠢ ᠬᠥᠮᠥᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠶᠣᠰᠣ ᠰᠤᠷᠲᠠᠬᠤᠨ᠎ᠤ ᠬᠥᠮᠦᠵᠢᠯ᠎ᠢ ᠤᠶᠤᠨ᠎ᠤ ᠬᠥᠮᠦᠵᠢᠯ᠂ ᠪᠡᠶ᠎ᠡ ᠵᠢᠨ ᠲᠠᠮᠢᠷ᠂ ᠭᠤᠸ᠎ᠠ ᠰᠠᠶ᠋ᠢᠬᠠᠨ᠎ᠤ ᠬᠥᠮᠦᠵᠢᠯ᠂ ᠭᠦᠳᠡᠯᠮᠦᠷᠢ ᠵᠢᠨ ᠬᠥᠮᠦᠵᠢᠯ᠎ᠤᠨ ᠪᠦᠭᠦ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠶ᠋ᠢᠭᠤᠯᠤᠯᠲᠠ ᠪᠣᠯᠣᠨ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠵᠡᠪᠰᠡᠭᠯᠡᠬᠦ ᠵᠢ ᠵᠡᠷᠭᠡ᠎ᠪᠠᠷ ᠠᠬᠢᠭᠤᠯᠬᠤ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ ᠪᠣᠯᠣᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠦᠷᠦ ᠵᠢ ᠵᠡᠷᠭᠡ᠎ᠪᠠᠷ ᠤᠷᠤᠭᠰᠢᠯᠠᠭᠤᠯᠬᠤ ᠵᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ᠎ᠤᠨ 《ᠪᠠᠭ᠎ᠠ ᠬᠢᠴᠢᠶᠡᠯ᠎ᠤᠨ ᠲᠠᠩᠬᠢᠮ》 ᠪᠣᠯᠣᠨ ᠨᠡᠶ᠋ᠢᠭᠡᠮ᠎ᠤᠨ 《ᠶᠡᠭᠡ ᠬᠢᠴᠢᠶᠡᠯ᠎ᠤᠨ ᠲᠠᠩᠬᠢᠮ》᠎ᠢ ᠪᠦᠲᠦᠮᠵᠢᠲᠡᠢ ᠠᠭᠤᠰᠤᠯᠴᠠᠭᠤᠯᠵᠤ᠂ ᠶᠣᠰᠣ ᠰᠤᠷᠲᠠᠬᠤᠨ᠎ᠤ ᠬᠥᠮᠦᠵᠢᠯ᠎ᠤᠨ ᠠᠵᠢᠯ᠎ᠢ ᠨᠡᠩ ᠪᠣᠳᠠᠲᠠᠢ᠂ ᠨᠡᠩ ᠪᠦᠲᠦᠮᠵᠢᠲᠡᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠴᠢᠨᠠᠷ ᠰᠠᠶ᠋ᠢᠲᠠᠢ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠠᠶ᠋ᠢᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠭᠦ ᠵᠢᠨ ᠦᠨᠳᠦᠰᠦ᠎ᠨᠢ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠪᠤᠢ᠃
    ᠰᠢᠨᠵᠢᠯᠡᠬᠦ ᠤᠬᠠᠭ᠋ᠠᠨᠴᠢ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠰᠢᠰᠲ᠋ᠧᠮ᠎ᠢ ᠪᠠᠶ᠋ᠢᠭᠤᠯᠵᠤ᠂ ᠳᠣᠬᠢᠭᠤᠷ᠎ᠤᠨ ᠦᠢ᠍ᠯᠡᠳᠦᠯ᠎ᠢ ᠪᠦᠲᠦᠮᠵᠢᠲᠡᠢ ᠪᠠᠳᠠᠷᠠᠭᠤᠯᠬᠤ ᠬᠡᠷᠡᠭᠲᠡᠢ᠃ ᠰᠤᠷᠭ᠋ᠠᠭᠤᠯᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠭᠦ ᠡᠵᠡᠨ ᠮᠡᠳᠡᠬᠦ ᠡᠷᠬᠡ ᠵᠢ ᠨᠠᠶ᠋ᠢᠳᠠᠪᠤᠷᠢᠵᠢᠭᠤᠯᠵᠤ᠂ ᠬᠠᠤᠯᠢ ᠶᠣᠰᠣᠭ᠋ᠠᠷ ᠰᠤᠷᠭ᠋ᠠᠨ ᠬᠥᠮᠦᠵᠢᠯ᠎ᠢ ᠵᠠᠰᠠᠬᠤ ᠪᠠ ᠬᠠᠮᠢᠶᠠᠷᠬᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠣᠳᠣᠬᠢᠴᠢᠯᠠᠭᠰᠠᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠮᠥᠨ ᠠᠮᠠ ᠵᠢᠨ ᠪᠦᠲᠦᠴᠡ ᠵᠢᠨ ᠬᠤᠪᠢᠷᠠᠯᠲᠠ᠎ᠳᠤ ᠵᠣᠬᠢᠴᠠᠵᠤ᠂ ᠰᠠᠭᠤᠷᠢ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠨᠢᠭᠡᠳᠦᠯᠲᠡᠢ ᠲᠥᠯᠥᠪᠵᠢᠭᠦᠯᠵᠦ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠪᠣᠯᠣᠨ ᠨᠡᠶ᠋ᠢᠭᠡᠮ᠎ᠤᠨ ᠪᠡᠯᠡ ᠣᠷᠣᠭᠤᠯᠤᠯᠲᠠ ᠵᠢ ᠨᠢᠭᠡᠳᠦᠯᠲᠡᠢ ᠲᠥᠯᠥᠪᠵᠢᠭᠦᠯᠵᠦ᠂ ᠨᠡᠩ ᠵᠦᠢ ᠵᠣᠬᠢᠰᠲᠠᠢ ᠥᠨᠳᠥᠷ ᠪᠦᠲᠦᠮᠵᠢᠲᠡᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠪᠠ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠥᠵᠢᠭᠦᠯᠬᠦ ᠰᠠᠶ᠋ᠢᠨ ᠬᠤᠷᠰᠢᠯᠴᠠᠯ᠎ᠢ ᠪᠡᠶᠡᠯᠡᠭᠦᠯᠵᠦ᠂ ᠰᠤᠷᠭ᠋ᠠᠨ ᠬᠥᠮᠦᠵᠢᠯ᠎ᠤᠨ ᠤᠳᠤᠷᠢᠳᠤᠮᠵᠢ ᠵᠢᠨ ᠴᠢᠨᠠᠷᠲᠠᠢ᠂ ᠰᠠᠭᠤᠷᠢ ᠴᠢᠨᠠᠷᠲᠠᠢ ᠲᠤᠯᠭ᠋ᠠᠭᠤᠷᠢᠯᠠᠬᠤ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ᠃ ᠰᠠᠭᠤᠷᠢ ᠰᠢᠨᠵᠢᠯᠡᠭᠡᠨ᠎ᠤ ᠰᠠᠯᠠᠭ᠎ᠠ ᠪᠣᠯᠣᠨ ᠰᠣᠯᠪᠢᠴᠠᠯ ᠰᠢᠨᠵᠢᠯᠡᠭᠡᠨ᠎ᠤ ᠰᠠᠯᠠᠭ᠎ᠠ ᠵᠢᠨ ᠰᠢᠪᠲᠤᠯᠤᠯᠲᠠ ᠵᠢᠨ ᠲᠥᠯᠥᠪᠯᠡᠭᠡ ᠵᠢ ᠰᠠᠶ᠋ᠢᠲᠤᠷ ᠬᠡᠷᠡᠭᠵᠢᠭᠦᠯᠵᠦ᠂ ᠰᠤᠷᠭ᠋ᠠᠭᠤᠯᠢ ᠠᠵᠤ ᠠᠬᠤᠶ᠋ᠢᠯᠠᠯ ᠣᠷᠣᠨ ᠨᠤᠲᠤᠭ᠎ᠤᠨ ᠬᠠᠮᠲᠤᠷᠠᠭᠰᠠᠨ ᠰᠢᠨ᠎ᠡ ᠵᠢ ᠡᠭᠦᠳᠬᠦ ᠲᠠᠪᠴᠠᠩ᠎ᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠭᠦ ᠬᠡᠷᠡᠭᠲᠡᠢ᠃ ᠴᠢᠳᠠᠪᠤᠷᠢᠲᠠᠨ᠎ᠢ ᠬᠥᠮᠥᠵᠢᠭᠦᠯᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠵᠢ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠥᠵᠢᠭᠦᠯᠬᠦ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠭᠦ ᠬᠡᠷᠡᠭᠲᠡᠢ᠃ ᠤᠯᠤᠰ᠎ᠤᠨ ᠰᠤᠷᠭ᠋ᠠᠨ ᠬᠥᠮᠦᠵᠢᠯ᠎ᠤᠨ ᠲᠣᠭ᠋ᠠᠴᠢᠯᠠᠯᠲᠠ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠰᠤᠷᠤᠯᠴᠠᠬᠤ ᠭᠡᠯᠪᠡᠷᠢ ᠵᠢᠨ ᠨᠡᠶ᠋ᠢᠭᠡᠮ᠎ᠢ ᠪᠠᠶ᠋ᠢᠭᠤᠯᠵᠤ᠂ ᠡᠯ᠎ᠡ ᠲᠦᠷᠦᠯ᠎ᠤᠨ ᠭᠡᠯᠪᠡᠷᠢ ᠡᠯ᠎ᠡ ᠲᠡᠰ ᠳᠠᠪᠬᠤᠷᠭ᠎ᠠ ᠵᠢᠨ ᠴᠢᠳᠠᠪᠤᠷᠢᠲᠠᠨ᠎ᠤ ᠥᠷᠢᠰᠦᠯᠳᠦᠨ ᠴᠣᠯᠭᠤᠷᠠᠵᠤ ᠭᠠᠷᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠪᠣᠯ ᠪᠦᠭᠦ ᠨᠠᠮ ᠪᠦᠭᠦ ᠨᠡᠶ᠋ᠢᠭᠡᠮ᠎ᠤᠨ ᠬᠠᠮᠲᠤ ᠵᠢᠨ ᠬᠠᠷᠢᠭᠤᠴᠠᠯᠭ᠎ᠠ ᠮᠥᠨ᠃ ᠠᠷᠠᠳ᠎ᠤᠨ ᠤᠯᠤᠰ ᠲᠦᠷᠦ ᠵᠢᠨ ᠵᠥᠪᠯᠡᠯᠭᠡᠨ ᠲᠤᠰᠬᠠᠢ ᠵᠥᠪᠯᠡᠬᠦ ᠪᠠᠶ᠋ᠢᠭᠤᠯᠤᠮᠵᠢ ᠵᠢᠨ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠬᠥᠮᠥᠰ᠎ᠤᠨ ᠰᠡᠳᠬᠢᠯ᠎ᠢ ᠥᠷᠭᠡᠨ ᠵᠶ᠋ᠠᠷ ᠨᠢᠭᠲᠠᠷᠠᠭᠤᠯᠤᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ᠂ ᠤᠶᠤᠨ ᠤᠬᠠᠭ᠋ᠠᠨ᠎ᠢ ᠨᠢᠭᠲᠠᠷᠠᠭᠤᠯᠤᠨ ᠬᠦᠴᠦᠨ ᠴᠢᠳᠠᠯ᠎ᠢ ᠨᠢᠭᠲᠠᠷᠠᠭᠤᠯᠵᠤ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠥᠷᠭᠡᠨ ᠤᠯᠠᠨ ᠠᠷᠠᠳᠴᠢᠯᠠᠭᠰᠠᠨ ᠬᠤᠯᠪᠤᠭ᠎ᠠ᠂ ᠠᠷᠠᠳᠴᠢᠯᠠᠯ ᠵᠶ᠋ᠠᠷ ᠠᠬᠢᠭᠤᠯᠬᠤ ᠬᠤᠷᠠᠯ᠎ᠤᠨ ᠪᠦᠷᠢᠯᠳᠦᠭᠦᠨ ᠪᠣᠯᠣᠨ ᠰᠤᠷᠭ᠋ᠠᠨ ᠬᠥᠮᠦᠵᠢᠯ᠎ᠤᠨ ᠡᠲᠡᠭᠡᠳ᠎ᠤᠨ᠎ᠬᠢᠨ ᠲᠤᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠪᠠᠶ᠋ᠢᠭᠤᠯᠤᠮᠵᠢ ᠲᠣᠭᠲᠠᠴᠠ ᠵᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠪᠠ ᠬᠥᠭᠵᠢᠯᠲᠡ ᠵᠢᠨ ᠦᠢ᠍ᠯᠡᠳᠦᠯᠭᠡ᠎ᠳᠤ ᠣᠷᠤᠯᠴᠠᠬᠤ ᠵᠢ ᠨᠡᠩ ᠰᠠᠶ᠋ᠢᠲᠤᠷ ᠳᠡᠮᠵᠢᠵᠦ᠂ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠭᠦ᠎ᠳᠤ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠱ᠌ᠢ᠎ᠲᠠᠢ ᠹᠧᠩ᠂ ᠳ᠋ᠢᠩ ᠵᠦᠩ ᠯᠢ᠂ ᠼᠠᠢ ᠳ᠋ᠠ ᠹᠧᠩ᠂ ᠬᠤ᠌ ᠴᠦᠨ ᠬᠤᠸᠠ᠂ ᠸᠠᠩ ᠳ᠋ᠦᠩ ᠹᠧᠩ᠂ ᠵᠢᠶᠠᠩ ᠰᠢᠨ ᡁᠢ᠂ ᠸᠠᠩ ᠭᠤᠸᠠᠩ ᠴᠢᠶᠠᠨ᠂ ᠵᠦ᠍ ᠶᠦᠩ ᠰᠢᠨ ᠨᠠᠷ ᠳᠤᠭᠤᠶ᠋ᠢᠯᠠᠩ ᠬᠠᠮᠲᠤᠷᠠᠭᠰᠠᠨ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠠᠷᠪᠠ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠡᠷᠡᠰ ᠭᠤᠶ᠋ᠢᠪᠢᠰᠢ ᠦᠭᠡᠢ ᠲᠤᠭᠤᠰᠢᠯᠠᠭᠤᠯᠵᠤ ᠠᠮᠤᠭᠤᠯᠠᠩᠲᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠨᠡᠩ ᠥᠨᠳᠥᠷ ᠲᠦᠪᠰᠢᠨ ᠲᠡᠶ᠋ᠢᠰᠢ ᠠᠬᠢᠭᠤᠯᠬᠤ ᠬᠡᠷᠡᠭᠲᠡᠢ
ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠤᠷᠢᠶ᠎ᠡ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ
ᠰᠢ ᠵᠢᠨ ᠫᠢᠩ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠦ᠍ ᠯᠢᠨ᠎ᠲᠠᠢ ᠬᠡᠯᠡᠯᠴᠡᠭᠡ ᠬᠢᠪᠡ
ᠰᠢ ᠵᠢᠨ ᠫᠢᠩ ᠢᠰᠫᠠᠨᠢ ᠵᠢᠨ ᠲᠡᠷᠢᠭᠦᠨ ᠰᠠᠶ᠋ᠢᠳ ᠰᠠᠩᠴᠢᠶᠧᠰ᠎ᠲᠠᠢ ᠠᠭᠤᠯᠵᠠᠪᠠ
ᠰᠢ ᠵᠢᠨ ᠫᠢᠩ ᠢᠰᠫᠠᠨᠢ ᠵᠢᠨ ᠲᠡᠷᠢᠭᠦᠨ ᠰᠠᠶ᠋ᠢᠳ ᠰᠠᠩᠴᠢᠶᠧᠰ᠎ᠲᠠᠢ ᠠᠭᠤᠯᠵᠠᠪᠠ
 
            