ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠣᠯᠠᠨ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ᠎ᠤᠨ ᠲᠥᠯᠥᠭᠡᠯᠡᠭᠴᠢᠳ᠎ᠲᠠᠢ ᠠᠭᠤᠯᠵᠠᠬᠤ ᠦᠶ᠎ᠡ ᠵᠢᠨ ᠶᠠᠷᠢᠶ᠎ᠠ
ᠨᠡᠶ᠋ᠢᠲᠡᠯᠡᠭᠰᠡᠨ ᠴᠠᠭ᠄ 2025-03-31

    ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 28᠎ᠤ ᠴᠠᠭᠢᠯᠭ᠋ᠠᠨ ᠮᠡᠳᠡᠭᠡ
   (2025 ᠣᠨ᠎ᠤ 3 ᠰᠠᠷ᠎ᠠ ᠵᠢᠨ 28᠎ᠤ ᠡᠳᠦᠷ᠂ ᠪᠡᠭᠡᠵᠢᠩ᠎ᠳᠤ)
                ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠰᠢ ᠵᠢᠨ ᠫᠢᠩ
   

    ᠬᠠᠪᠤᠷ᠎ᠤᠨ ᠤᠷᠢᠨ ᠳᠤᠯᠠᠭ᠋ᠠᠨ ᠤᠯᠠᠷᠢᠯ᠎ᠳᠤ᠂ ᠲᠠ ᠤᠯᠠᠨ᠎ᠲᠠᠢ ᠠᠭᠤᠯᠵᠠᠵᠤ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠠᠭᠠᠨ ᠮᠠᠰᠢ ᠪᠠᠶᠠᠷ᠎ᠲᠠᠢ ᠪᠠᠶ᠋ᠢᠨ᠎ᠠ᠃ ᠤᠯᠠᠨ᠎ᠢ ᠤᠷᠢᠵᠤ ᠠᠪᠴᠢᠷᠠᠭᠰᠠᠨ᠎ᠨᠢ ᠤᠯᠠᠨ᠎ᠤ ᠰᠠᠨᠠᠯ᠎ᠢ ᠰᠣᠨᠣᠰᠴᠤ᠂ ᠤᠯᠠᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠳᠤ ᠬᠠᠷᠢᠭᠤᠯᠲᠠ ᠥᠭᠴᠦ᠂ ᠥᠷᠭᠡᠨ ᠤᠯᠠᠨ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠤ ᠨᠡᠩ ᠰᠠᠶ᠋ᠢᠨ ᠬᠥᠭᠵᠢᠬᠦ ᠵᠢ ᠳᠡᠮᠵᠢᠬᠦ ᠵᠢᠨ ᠲᠥᠯᠥᠭᠡ ᠶᠤᠮ᠃ ᠪᠢ 4 ᠲᠠᠯ᠎ᠠ ᠵᠢᠨ ᠲᠠᠨᠢᠯᠲᠠ ᠵᠢᠨ ᠲᠤᠬᠠᠢ ᠶᠠᠷᠢᠶ᠎ᠠ᠃
    ᠨᠢᠭᠡ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠳᠤᠮᠳᠠ ᠴᠢᠬᠤᠯᠠ ᠦᠢ᠍ᠯᠡᠳᠦᠯ ᠦᠵᠡᠭᠦᠯᠪᠡ
    ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 70 ᠭᠠᠷᠤᠢ ᠵᠢᠯ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ 40 ᠭᠠᠷᠤᠢ ᠵᠢᠯ᠎ᠤᠨ ᠲᠤᠷᠰᠢ᠂ ᠠᠵᠤ ᠠᠬᠤᠢ ᠵᠢᠨ ᠲᠦᠷᠭᠡᠨ ᠬᠥᠭᠵᠢᠯᠲᠡ ᠪᠠ ᠨᠡᠶ᠋ᠢᠭᠡᠮ᠎ᠤᠨ ᠣᠷᠳᠣ ᠬᠤᠭᠤᠴᠠᠭ᠋ᠠᠨ᠎ᠤ ᠲᠣᠭᠲᠠᠭᠤᠨ ᠪᠠᠶ᠋ᠢᠳᠠᠯ᠎ᠤᠨ 《ᠬᠤᠶᠠᠷ ᠶᠡᠭᠡ ᠭᠠᠶ᠋ᠢᠬᠠᠮᠰᠢᠭ》᠎ᠢ ᠡᠭᠦᠳᠦᠭᠰᠡᠨ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠪᠠ ᠳᠤᠮᠳᠠᠳᠤ ᠤᠯᠤᠰ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠬᠦ᠎ᠳᠤ ᠲᠦᠰᠢᠭᠯᠡᠭᠰᠡᠨ ᠶᠤᠮ᠂ ᠡᠭᠦᠨ᠎ᠳᠤ ᠳᠤᠮᠳᠠᠳᠤ ᠤᠯᠤᠰ᠎ᠲᠤ ᠪᠠᠶ᠋ᠢᠭ᠎ᠠ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠦᠵᠡᠭᠦᠯᠦᠭᠰᠡᠨ ᠬᠤᠪᠢ ᠨᠡᠮᠡᠷᠢ ᠵᠢ ᠪᠠᠭᠲᠠᠭ᠋ᠠᠭᠰᠠᠨ ᠳᠡᠯᠡᠬᠡᠢ ᠨᠡᠶ᠋ᠢᠭᠡᠮ᠎ᠤᠨ ᠳᠡᠮᠵᠢᠯᠭᠡ ᠬᠠᠪᠰᠤᠷᠤᠯᠭ᠎ᠠ᠎ᠠᠴᠠ ᠰᠠᠯᠵᠤ ᠴᠢᠳᠠᠬᠤ ᠦᠭᠡᠢ ᠶᠤᠮ᠃
    ᠥᠭᠡᠷᠡᠴᠢᠯᠡᠯᠲᠡ ᠨᠡᠭᠡᠭᠡᠯᠲᠡ᠎ᠨᠢ ᠳᠤᠮᠳᠠᠳᠤ ᠤᠯᠤᠰ᠎ᠢ ᠦᠳᠲᠡᠷ ᠲᠦᠷᠭᠡᠨ ᠵᠶ᠋ᠠᠷ ᠳᠡᠯᠡᠬᠡᠢ ᠵᠢᠨ ᠵᠠᠬ᠎ᠠ ᠳᠡᠯᠭᠡᠭᠦᠷ᠎ᠲᠤ ᠣᠷᠣᠭᠤᠯᠵᠤ᠂ ᠶᠡᠭᠡ ᠠᠯᠬᠤᠮ ᠵᠶ᠋ᠠᠷ ᠴᠠᠭ ᠦᠶ᠎ᠡ ᠵᠢ ᠬᠥᠭᠡᠭᠡᠵᠦ ᠭᠦᠢ᠍ᠴᠡᠬᠦ ᠪᠤᠯᠭ᠋ᠠᠬᠰᠠᠨ᠎ᠤ ᠴᠢᠬᠤᠯᠠ ᠨᠢᠭᠡ ᠵᠤᠷᠪᠤᠰ ᠪᠣᠯ ᠭᠠᠳᠠᠭ᠋ᠠᠳᠤ ᠪᠡᠯᠡ ᠵᠢ ᠢᠳᠡᠪᠬᠢᠲᠡᠢ ᠠᠰᠢᠭᠯᠠᠭᠰᠠᠨ ᠶᠠᠪᠤᠳᠠᠯ ᠪᠣᠯᠣᠨ᠎ᠠ᠃ 1979 ᠣᠨ᠎ᠳᠤ ᠳᠤᠮᠳᠠᠳᠤ ᠤᠯᠤᠰ᠎ᠠᠴᠠ ᠳᠤᠮᠳᠠᠳᠤ ᠭᠠᠳᠠᠭ᠋ᠠᠳᠤ ᠪᠡᠯᠡ ᠵᠢᠨ ᠨᠡᠶ᠋ᠢᠯᠡᠭᠦᠯᠦᠨ ᠡᠵᠡᠩᠨᠡᠬᠦ ᠠᠵᠤ ᠠᠬᠤᠶ᠋ᠢᠯᠠᠯ᠎ᠤᠨ ᠬᠠᠤᠯᠢ ᠵᠢ ᠨᠡᠶ᠋ᠢᠲᠡᠯᠡᠵᠦ᠂ ᠭᠠᠳᠠᠭ᠋ᠠᠳᠤ ᠵᠢᠨ ᠪᠡᠯᠡ ᠵᠢ ᠠᠰᠢᠭᠯᠠᠬᠤ ᠡᠭᠦᠳᠡ ᠵᠢ ᠠᠯᠬᠤᠮ ᠠᠯᠬᠤᠮ ᠵᠶ᠋ᠠᠷ ᠨᠡᠭᠡᠭᠡᠪᠡ᠃ 1992 ᠣᠨ᠎ᠳᠤ ᠳᠤᠮᠳᠠᠳᠤ ᠤᠯᠤᠰ᠎ᠠᠴᠠ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠯ᠎ᠢ ᠪᠠᠶ᠋ᠢᠭᠤᠯᠬᠤ᠎ᠪᠠᠷ ᠲᠣᠭᠲᠠᠵᠤ᠂ ᠭᠠᠳᠠᠭ᠋ᠠᠳᠤ ᠵᠢᠨ ᠠᠵᠤ ᠠᠬᠤᠶ᠋ᠢᠯᠠᠯ ᠳᠤᠮᠳᠠᠳᠤ ᠤᠯᠤᠰ᠎ᠲᠤ ᠪᠡᠯᠡ ᠣᠷᠣᠭᠤᠯᠬᠤ ᠵᠢ ᠪᠦᠭᠦ ᠲᠠᠯ᠎ᠠ᠎ᠪᠠᠷ ᠲᠦᠷᠭᠡᠳᠬᠡᠪᠡ᠃ 2001 ᠣᠨ᠎ᠳᠤ ᠳᠤᠮᠳᠠᠳᠤ ᠤᠯᠤᠰ ᠳᠡᠯᠡᠬᠡᠢ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠳᠤ ᠵᠢᠩᠬᠢᠨᠢ᠎ᠪᠠᠷ ᠣᠷᠣᠵᠤ᠂ ᠭᠠᠳᠠᠭ᠋ᠠᠳᠤ ᠵᠢᠨ ᠠᠵᠤ ᠠᠬᠤᠶ᠋ᠢᠯᠠᠯ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠬᠤ᠎ᠨᠢ ᠤᠯᠠᠮ᠎ᠠᠴᠠ ᠤᠯᠠᠮ ᠣᠯᠠᠰᠢᠷᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠤᠨ ᠳᠠᠷᠠᠭ᠎ᠠ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢᠨ ᠰᠢᠨ᠎ᠡ ᠱᠠᠲᠤᠨ᠎ᠳᠤ ᠣᠷᠣᠵᠤ᠂ ᠭᠠᠳᠠᠭ᠋ᠠᠳᠤ ᠪᠡᠯᠡ ᠵᠢ ᠠᠰᠢᠭᠯᠠᠬᠤ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠪᠠ᠃ ᠣᠳᠣᠬᠠᠨ ᠪᠤᠯᠲᠠᠯ᠎ᠠ ᠭᠠᠳᠠᠭ᠋ᠠᠳᠤ ᠵᠢᠨ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠠᠬᠢ ᠪᠡᠯᠡ ᠤᠷᠤᠭᠤᠯᠤᠯᠲᠠ 20 ᠠᠵᠢᠯ ᠲᠥᠷᠥᠯ᠎ᠤᠨ ᠲᠦᠷᠦᠯ ᠵᠦᠢ᠍ᠯ᠂ 115 ᠠᠵᠢᠯ ᠲᠥᠷᠥᠯ᠎ᠤᠨ ᠲᠣᠮᠣ ᠲᠥᠷᠥᠯ᠎ᠢ ᠪᠦᠷᠬᠦᠵᠦ᠂ ᠨᠡᠶ᠋ᠢᠲᠡ 124 ᠲᠦᠮᠡᠨ ᠡᠷᠦᠭᠡ ᠠᠵᠤ ᠠᠬᠤᠶ᠋ᠢᠯᠠᠯ᠎ᠢ ᠪᠠᠶ᠋ᠢᠭᠤᠯᠵᠤ᠂ ᠪᠡᠯᠡ ᠣᠷᠣᠭᠤᠯᠤᠯᠲᠠ ᠵᠢᠨ ᠬᠡᠮᠵᠢᠶ᠎ᠡ᠎ᠨᠢ 3 ᠲᠦᠮᠡᠨ ᠳ᠋ᠦᠩᠰᠢᠭᠤᠷ ᠭᠠᠷᠤᠢ ᠳ᠋ᠣᠯᠯᠠᠷ᠎ᠲᠤ ᠬᠦᠷᠴᠡᠢ᠃
    ᠭᠠᠳᠠᠭ᠋ᠠᠳᠤ ᠵᠢᠨ ᠠᠵᠤ ᠠᠬᠤᠶ᠋ᠢᠯᠠᠯ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠵᠤ᠂ ᠳᠤᠮᠳᠠᠳᠤ ᠤᠯᠤᠰ᠎ᠤᠨ ᠬᠥᠭᠵᠢᠯᠲᠡ᠎ᠳᠤ ᠴᠢᠬᠤᠯᠠ ᠦᠢ᠍ᠯᠡᠳᠦᠯ ᠦᠵᠡᠭᠦᠯᠪᠡ᠃ ᠨᠢᠭᠡ᠎ᠳᠤ ᠳᠤᠮᠳᠠᠳᠤ ᠤᠯᠤᠰ᠎ᠤᠨ ᠠᠵᠤ ᠠᠬᠤᠢ ᠵᠢᠨ ᠨᠡᠮᠡᠭᠳᠡᠯ ᠪᠠ ᠠᠵᠢᠯ ᠣᠯᠭᠤᠯᠲᠠ ᠵᠢ ᠲᠠᠶ᠋ᠢᠴᠢᠯᠠᠪᠠ᠃ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠨᠢ ᠳᠤᠮᠳᠠᠳᠤ ᠤᠯᠤᠰ᠎ᠤᠨ 1/3 ᠵᠢᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ᠂ 1/4 ᠵᠢᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠂ 1/7 ᠵᠢᠨ ᠭᠠᠶ᠋ᠢᠯᠢ ᠲᠠᠲᠠᠪᠤᠷᠢ᠎ᠳᠤ ᠬᠤᠪᠢ ᠨᠡᠮᠡᠷᠢ ᠦᠵᠡᠭᠦᠯᠵᠦ᠂ 3000 ᠲᠦᠮᠡ ᠭᠠᠷᠤᠢ ᠠᠵᠢᠯ᠎ᠤᠨ ᠪᠠᠶ᠋ᠢᠷᠢ ᠵᠢ ᠡᠭᠦᠳᠪᠡ᠃ ᠬᠤᠶᠠᠷ᠎ᠲᠤ ᠳᠤᠮᠳᠠᠳᠤ ᠤᠯᠤᠰ᠎ᠤᠨ ᠮᠡᠷᠭᠡᠵᠢᠯ ᠪᠣᠯᠣᠨ ᠬᠠᠮᠢᠶᠠᠷᠤᠯᠲᠠ ᠵᠢᠨ ᠲᠡᠪᠰᠢᠯᠳᠠ ᠵᠢ ᠠᠬᠢᠭᠤᠯᠪᠠ᠃ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠠᠪᠴᠢᠷᠠᠭᠰᠠᠨ ᠲᠡᠷᠢᠭᠦᠨ᠎ᠤ ᠮᠡᠷᠭᠡᠵᠢᠯ ᠪᠠ ᠬᠠᠮᠢᠶᠠᠷᠤᠯᠲᠠ ᠵᠢᠨ ᠲᠤᠷᠰᠢᠯᠭ᠎ᠠ᠎ᠨᠢ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠬᠥᠭᠵᠢᠯᠲᠡ ᠪᠠ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ᠎ᠳᠤ ᠢᠳᠡᠪᠬᠢᠲᠡᠢ ᠨᠥᠯᠥᠭᠡ ᠦᠵᠡᠭᠦᠯᠪᠡ᠃ ᠥᠩᠭᠡᠷᠡᠭᠰᠡᠨ 10 ᠵᠢᠯ᠎ᠳᠤ ᠳᠤᠮᠳᠠᠳᠤ ᠤᠯᠤᠰ᠎ᠲᠤ ᠪᠠᠶ᠋ᠢᠭ᠎ᠠ ᠬᠡᠪᠴᠢᠶᠡᠵᠢᠯ᠎ᠠᠴᠠ ᠳᠡᠭᠡᠭᠰᠢᠬᠢ ᠭᠠᠳᠠᠭ᠋ᠠᠳᠤ ᠪᠡᠯᠡ ᠵᠢᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ 86.4%᠎ᠪᠠᠷ ᠨᠡᠮᠡᠭᠳᠡᠵᠦ᠂ ᠪᠦᠲᠦᠮᠵᠢᠲᠡᠢ ᠡᠭᠦᠳᠦᠯᠲᠡ ᠵᠢᠨ ᠲᠤᠰᠬᠠᠢ ᠠᠰᠢᠭ᠎ᠤᠨ ᠲᠤᠭ᠎ᠠ 336%᠎ᠪᠠᠷ ᠨᠡᠮᠡᠭᠳᠡᠪᠡ᠃ ᠭᠤᠷᠪᠠ᠎ᠳᠤ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠵᠢ ᠠᠬᠢᠭᠤᠯᠪᠠ᠃ ᠳᠤᠮᠳᠠᠳᠤ ᠤᠯᠤᠰ᠎ᠤᠨ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠠᠵᠢᠯ᠎ᠤᠨ ᠬᠤᠪᠢᠶᠠᠷᠢᠯᠠᠯ᠎ᠳᠤ ᠭᠦᠨᠵᠡᠭᠡᠢ ᠣᠷᠤᠯᠴᠠᠬᠤ ᠵᠢ ᠠᠬᠢᠭᠤᠯᠵᠤ᠂ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠠᠵᠤ ᠠᠬᠤᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠠᠮᠢ ᠠᠬᠤᠢ ᠵᠡᠷᠭᠡ ᠤᠯᠠᠨ ᠲᠠᠯ᠎ᠠ ᠵᠢᠨ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠠᠬᠢᠭᠤᠯᠪᠠ᠃ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ ᠪᠠᠰᠠ ᠳᠤᠮᠳᠠᠳᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠠᠵᠢᠯᠯᠠᠭ᠎ᠠ ᠪᠣᠯᠣᠨ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠪᠤᠰᠤᠳ ᠦᠢ᠍ᠯᠡᠰ᠎ᠲᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠲᠠᠢ ᠭᠦᠨ ᠵᠤᠵᠠᠭ᠋ᠠᠨ ᠨᠥᠬᠦᠷᠯᠡᠯ ᠪᠠᠶ᠋ᠢᠭᠤᠯᠪᠠ᠃
    ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠴᠢᠬᠤᠯᠠ ᠣᠷᠣᠯᠴᠠᠭᠴᠢ ᠮᠥᠨ᠂ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠪᠣᠯᠣᠨ ᠰᠢᠨ᠎ᠡ ᠵᠢ ᠡᠭᠦᠳᠬᠦ ᠡᠭᠦᠳᠦᠨ ᠪᠦᠲᠦᠭᠡᠯᠲᠡ ᠵᠢᠨ ᠴᠢᠬᠤᠯᠠ ᠣᠷᠣᠯᠴᠠᠭᠴᠢ ᠮᠥᠨ᠂ ᠳᠤᠮᠳᠠᠳᠤ ᠤᠯᠤᠰ᠎ᠤᠨ ᠳᠡᠯᠡᠬᠡᠢ ᠳ᠋ᠠᠬᠢᠨ᠎ᠢ ᠬᠤᠯᠪᠣᠨ ᠨᠡᠪᠲᠡᠷᠡᠯᠴᠡᠭᠦᠯᠬᠦ᠂ ᠠᠵᠤ ᠠᠬᠤᠢ ᠵᠢᠨ ᠳᠡᠯᠡᠬᠡᠶ᠋ᠢᠵᠢᠯᠲᠡ᠎ᠳᠤ ᠠᠭᠤᠰᠤᠯᠴᠠᠬᠤ ᠵᠢᠨ ᠴᠢᠬᠤᠯᠠ ᠣᠷᠣᠯᠴᠠᠭᠴᠢ ᠮᠥᠨ ᠭᠡᠳᠡᠭ᠎ᠢ ᠦᠢ᠍ᠯᠡᠳᠦᠯᠭᠡ ᠭᠡᠷᠡᠴᠢᠯᠡᠪᠡ᠃ ᠠᠳᠡ ᠪᠢ ᠳᠤᠮᠳᠠᠳᠤ ᠤᠯᠤᠰ᠎ᠤᠨ ᠬᠥᠭᠵᠢᠯᠲᠡ᠎ᠳᠤ ᠣᠷᠣᠯᠴᠠᠬᠰᠠᠨ ᠪᠠ ᠲᠡᠭᠦᠨ᠎ᠢ ᠳᠡᠮᠵᠢᠭᠰᠡᠨ ᠪᠤᠢ ᠪᠦᠬᠦᠢ ᠭᠠᠳᠠᠭ᠋ᠠᠳᠤ ᠪᠡᠯᠡ ᠵᠢᠨ   ᠠᠵᠤ   ᠠᠬᠤᠶ᠋ᠢᠯᠠᠯ᠎ᠳᠤ   ᠴᠢᠩ   ᠰᠡᠳᠬᠢᠯ ᠎ᠤᠨ   ᠲᠠᠯᠠᠷᠬᠠᠯ ᠵᠶ᠋ᠠᠨ   ᠳᠡᠪᠰᠢᠭᠦᠯᠵᠦ   ᠪᠠᠶ᠋ᠢᠬᠤ᠎ᠪᠠᠨ ᠢᠯᠡᠳᠬᠡᠶ᠎ᠡ!
    ᠭᠠᠳᠠᠭ᠋ᠠᠳᠤ ᠵᠢᠨ ᠠᠵᠤ ᠠᠬᠤᠶ᠋ᠢᠯᠠᠯ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠤᠭ᠋ᠠᠳ ᠨᠡᠶ᠋ᠢᠳᠡᠮ᠎ᠳᠡᠭᠡᠨ ᠡᠯᠪᠡᠭ ᠳᠡᠯᠪᠡᠭ ᠠᠴᠢ ᠬᠠᠷᠢᠭᠤ ᠣᠯᠵᠤ ᠪᠠᠶ᠋ᠢᠬᠤ ᠵᠢ ᠪᠢᠳᠡ ᠪᠠᠶᠠᠷ᠎ᠲᠠᠢ᠎ᠪᠠᠷ ᠣᠯᠵᠤ ᠬᠠᠷᠠᠯ᠎ᠠ᠃ ᠵᠠᠷᠢᠮ᠎ᠨᠢ ᠲᠠᠩ ᠭᠠᠭᠴᠠ ᠲᠤᠬᠠᠶ᠋ᠢᠯᠠᠭᠰᠠᠨ ᠠᠵᠢᠯ ᠵᠶ᠋ᠠᠨ ᠶᠡᠷᠦᠩᠬᠡᠶ᠋ᠢᠯᠡᠭᠰᠡᠨ ᠡᠵᠡᠩᠨᠡᠯᠲᠡ ᠪᠣᠯᠭ᠋ᠠᠨ ᠥᠷᠭᠡᠳᠬᠡᠵᠦ᠂ ᠵᠠᠷᠢᠮ᠎ᠨᠢ ᠨᠢᠭᠡ ᠭᠠᠵᠠᠷ᠎ᠲᠤ ᠡᠵᠡᠩᠨᠡᠵᠦ ᠪᠠᠶ᠋ᠢᠭᠰᠠᠨ᠎ᠠᠴᠠ᠎ᠪᠠᠨ ᠤᠯᠠᠨ ᠭᠠᠵᠠᠷ᠎ᠲᠤ ᠪᠦᠭᠦ ᠲᠠᠯ᠎ᠠ᠎ᠪᠠᠷ ᠬᠥᠭᠵᠢᠵᠦ᠂ ᠵᠠᠷᠢᠮ᠎ᠨᠢ ᠨᠢᠭᠡ ᠦᠢ᠍ᠯᠡᠳᠪᠦᠷᠢ᠎ᠠᠴᠠ᠎ᠪᠠᠨ ᠠᠵᠤ ᠠᠬᠤᠶ᠋ᠢᠯᠠᠯ᠎ᠤᠨ ᠪᠦᠯᠦᠭᠯᠡᠯ ᠪᠣᠯᠣᠨ ᠪᠤᠵᠠᠭ᠋ᠠᠶ᠋ᠢᠷᠠᠵᠤ᠂ ᠠᠵᠤ ᠠᠬᠤᠶ᠋ᠢᠯᠠᠯ᠎ᠤᠨ ᠪᠣᠳᠠᠲᠤ ᠬᠦᠴᠦᠨ᠎ᠨᠢ ᠬᠡᠳᠦᠨ ᠲᠠᠭᠢᠨ᠂ ᠬᠡᠳᠦᠨ ᠠᠷᠪᠠᠨ ᠲᠠᠭᠢᠨ ᠴᠢᠨᠠᠭᠰᠢᠯᠠᠪᠠᠯ ᠵᠠᠭᠤ ᠭᠠᠷᠤᠢ ᠲᠠᠭᠢᠨ ᠵᠶ᠋ᠠᠷ ᠨᠡᠮᠡᠭᠳᠡᠵᠦ ᠪᠠᠶ᠋ᠢᠨ᠎ᠠ᠃ ᠶᠠᠭ ᠳᠤᠮᠳᠠᠳᠤ ᠤᠯᠤᠰ᠎ᠤᠨ ᠡᠷᠲᠡᠨ᠎ᠤ ᠦᠭᠡᠨ᠎ᠳᠤ ᠬᠡᠯᠡᠭᠰᠡᠨ 《ᠮᠤᠳᠤᠷ ᠵᠢᠮᠢᠰ᠎ᠤᠨ ᠠᠴᠢ ᠵᠢ ᠴᠡᠪᠡᠷ ᠬᠠᠰ ᠵᠶ᠋ᠠᠷ ᠬᠠᠷᠢᠭᠤᠯᠤᠮᠤᠢ》 ᠭᠡᠳᠡᠭᠴᠢᠯᠡᠨ᠂ ᠡᠨᠡ᠎ᠨᠢ ᠳᠠᠷᠤᠢ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠵᠢ ᠬᠠᠷᠠᠭᠤᠯᠵᠤ ᠪᠠᠶ᠋ᠢᠨ᠎ᠠ᠃
    ᠬᠤᠶᠠᠷ᠂ ᠳᠤᠮᠳᠠᠳᠤ ᠤᠯᠤᠰ ᠣᠷᠳᠣ ᠬᠤᠭᠤᠴᠠᠭ᠎ᠠ᠎ᠪᠠᠷ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠪᠡᠯᠡ ᠣᠷᠣᠭᠤᠯᠵᠤ ᠦᠢ᠍ᠯᠡᠰ ᠵᠶ᠋ᠠᠨ ᠬᠥᠭᠵᠢᠭᠦᠯᠬᠦ ᠰᠢᠮᠡᠲᠦ ᠬᠥᠷᠥᠰᠥ ᠪᠣᠯᠣᠨ᠎ᠠ
    ᠤᠯᠠᠨ ᠵᠢᠯ᠎ᠤᠨ ᠲᠤᠷᠰᠢ᠂ ᠳᠤᠮᠳᠠᠳᠤ ᠤᠯᠤᠰ ᠢᠮᠠᠭᠲᠠ ᠳᠡᠯᠡᠬᠡᠢ ᠵᠢᠨ ᠠᠵᠤ ᠠᠬᠤᠢ ᠵᠢᠨ ᠨᠡᠮᠡᠭᠳᠡᠯ᠎ᠤᠨ ᠭᠤᠣᠯ ᠬᠤᠪᠢ ᠨᠡᠮᠡᠷᠢ ᠦᠵᠡᠭᠦᠯᠦᠭᠴᠢ ᠪᠠ ᠲᠣᠭᠲᠠᠪᠤᠷᠢᠵᠢᠭᠤᠯᠤᠭᠴᠢ ᠪᠣᠯᠵᠤ᠂ ᠤᠳᠤ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠦᠭᠦ ᠲᠠᠯ᠎ᠠ᠎ᠪᠠᠷ ᠠᠬᠢᠭᠤᠯᠵᠤ᠂ ᠠᠵᠢᠯ ᠦᠢ᠍ᠯᠡᠰ᠎ᠤᠨ ᠲᠠᠪᠴᠠᠩ ᠶᠡᠭᠡ᠂ ᠵᠠᠬ᠎ᠠ ᠳᠡᠯᠭᠡᠭᠦᠷ᠎ᠤᠨ ᠢᠷᠡᠭᠡᠳᠦᠢ ᠥᠷᠭᠡᠨ᠂ ᠲᠦᠷᠦ ᠵᠢᠨ ᠪᠣᠳᠣᠯᠭ᠎ᠠ ᠵᠢᠨ ᠵᠢᠱ᠌ᠢᠯᠲᠡ ᠲᠣᠭᠲᠠᠭᠤᠨ᠂ ᠠᠮᠤᠷ ᠲᠦᠪᠰᠢᠨ᠎ᠤ ᠪᠠᠶ᠋ᠢᠳᠠᠯ ᠰᠠᠶ᠋ᠢᠨ ᠪᠠᠶ᠋ᠢᠨ᠎ᠠ᠂ ᠶᠠᠭ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠪᠡᠯᠡ ᠣᠷᠣᠭᠤᠯᠵᠤ ᠦᠢ᠍ᠯᠡᠰ ᠵᠶ᠋ᠠᠨ ᠬᠥᠭᠵᠢᠭᠦᠯᠬᠦ᠎ᠳᠤ ᠠᠰᠢᠭᠲᠠᠢ ᠰᠢᠮᠡᠲᠦ ᠬᠥᠷᠥᠰᠥ ᠪᠣᠯᠣᠨ᠎ᠠ᠃
    ᠭᠠᠳᠠᠭ᠋ᠠᠳᠤ ᠨᠡᠭᠡᠭᠡᠯᠲᠡ ᠪᠣᠯ ᠳᠤᠮᠳᠠᠳᠤ ᠤᠯᠤᠰ᠎ᠤᠨ ᠦᠨᠳᠦᠰᠦᠨ ᠤᠯᠤᠰ᠎ᠤᠨ ᠪᠣᠳᠣᠯᠭ᠎ᠠ ᠮᠥᠨ᠂ ᠳᠤᠮᠳᠠᠳᠤ ᠤᠯᠤᠰ ᠶᠠᠭ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠵᠤ᠂ ᠳᠦᠷᠢᠮ᠂ ᠲᠣᠭᠲᠠᠭ᠋ᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠵᠦ ᠪᠠᠶ᠋ᠢᠨ᠎ᠠ᠃ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠵᠢ ᠭᠤᠶ᠋ᠢᠪᠢᠰᠢ ᠦᠭᠡᠢ ᠠᠬᠢᠭᠤᠯᠵᠤ᠂ ᠨᠡᠭᠡᠭᠡᠯᠲᠡ ᠬᠢᠬᠦ ᠡᠭᠦᠳᠡ᠎ᠪᠠᠨ ᠶᠠᠪᠤᠬᠤ ᠳᠤᠳᠤᠮ ᠶᠡᠭᠡ ᠨᠡᠭᠡᠭᠡᠵᠦ᠂ ᠭᠠᠳᠠᠭ᠋ᠠᠳᠤ ᠪᠡᠯᠡ ᠵᠢ ᠠᠰᠢᠭᠯᠠᠬᠤ ᠳᠦᠷᠦ ᠵᠢᠨ ᠪᠣᠳᠣᠯᠭ᠎ᠠ ᠬᠤᠪᠢᠷᠠᠭᠰᠠᠨ ᠦᠭᠡᠢ ᠮᠥᠷᠲᠡᠭᠡᠨ ᠬᠤᠪᠢᠷᠠᠭᠤᠯᠬᠤ ᠴᠤ᠌ ᠦᠭᠡᠢ ᠶᠤᠮ ᠭᠡᠳᠡᠭ᠎ᠢ ᠪᠢ ᠠᠳᠡ ᠳᠤᠷᠠᠲᠠᠶ᠎ᠠ ᠳᠠᠬᠢᠨᠲᠠ ᠢᠯᠡᠷᠬᠡᠶ᠋ᠢᠯᠡᠶ᠎ᠡ᠃
    ᠳᠤᠮᠳᠠᠳᠤ ᠤᠯᠤᠰ ᠪᠣᠯ ᠪᠦᠭᠦ ᠪᠥᠮᠪᠥᠷᠴᠡᠭ᠎ᠤᠨ ᠬᠤᠶᠠᠳᠤᠭ᠋ᠠᠷ ᠲᠣᠮᠣ ᠬᠡᠷᠡᠭᠯᠡᠭᠡ ᠵᠢᠨ ᠵᠠᠬ᠎ᠠ ᠳᠡᠯᠭᠡᠭᠦᠷ ᠪᠣᠯᠣᠨ᠎ᠠ᠂ ᠪᠦᠭᠦ ᠪᠥᠮᠪᠥᠷᠴᠡᠭ᠎ᠤᠨ ᠬᠠᠮᠤᠭ᠎ᠤᠨ ᠶᠡᠭᠡ ᠬᠡᠪᠴᠢᠶ᠎ᠡ᠎ᠲᠠᠢ ᠳᠤᠮᠳᠠ ᠵᠡᠷᠭᠡ ᠵᠢᠨ ᠣᠷᠣᠯᠭ᠎ᠠ᠎ᠲᠠᠢ ᠬᠥᠮᠥᠰ᠎ᠲᠠᠢ ᠪᠠᠶ᠋ᠢᠵᠤ᠂ ᠲᠡᠭᠦᠨ᠎ᠳᠤ ᠯᠤᠲᠤ ᠶᠡᠭᠡ ᠪᠡᠯᠡ ᠣᠷᠣᠭᠤᠯᠤᠯᠲᠠ ᠪᠠ ᠬᠡᠷᠡᠭᠯᠡᠭᠡᠨ᠎ᠤ ᠲᠠᠯᠳᠠ ᠬᠦᠴᠦᠨ ᠠᠭᠤᠯᠤᠭᠳᠠᠵᠤ ᠪᠠᠶ᠋ᠢᠳᠠᠭ᠃ ᠳᠤᠮᠳᠠᠳᠤ ᠤᠯᠤᠰ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠪᠡᠶᠡᠯᠡᠭᠦᠯᠵᠦ᠂ ᠪᠣᠬᠢᠷᠳᠤᠯ ᠦᠭᠡᠢ᠂ ᠲᠣᠭ᠋ᠠᠴᠢᠯᠠᠯᠲᠠ᠂ ᠣᠶᠤᠨᠴᠢᠯᠠᠯᠲᠠ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ᠂ ᠠᠵᠤ ᠦᠢ᠍ᠯᠡᠰ᠎ᠤᠨ ᠢᠵᠢ ᠪᠦᠷᠢᠳᠦᠭᠦᠯᠬᠦ ᠴᠢᠳᠠᠪᠤᠷᠢ ᠴᠢᠩᠭ᠎ᠠ ᠪᠠᠶ᠋ᠢᠬᠤ ᠪᠣᠯ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠣᠨ ᠠᠵᠤ ᠦᠢ᠍ᠯᠡᠰ᠎ᠤᠨ ᠬᠤᠪᠢᠰᠤᠯᠲᠠ ᠵᠢᠨ ᠬᠠᠮᠤᠭ᠎ᠤᠨ ᠰᠠᠶ᠋ᠢᠨ ᠬᠡᠷᠡᠭᠯᠡᠭᠡ ᠵᠢᠨ ᠦᠵᠡᠭᠳᠡᠯ ᠪᠣᠯᠣᠨ᠎ᠠ᠃ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ ᠳᠤᠮᠳᠠᠳᠤ ᠤᠯᠤᠰ᠎ᠲᠤ ᠳᠠᠪᠠᠭᠤᠯᠢᠭ ᠪᠠ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠵᠤ᠂ ᠪᠦᠭᠦ ᠪᠥᠮᠪᠥᠷᠴᠡᠭ᠎ᠤᠨ ᠥᠷᠢᠰᠦᠯᠳᠦᠭᠡᠨ᠎ᠤ ᠳᠤᠮᠳᠠ ᠲᠡᠷᠢᠭᠦᠨ ᠲᠣᠭᠢᠶᠠᠯ᠎ᠢ ᠣᠯᠵᠤ ᠪᠣᠯᠣᠨ᠎ᠠ᠃
    ᠳᠤᠮᠳᠠᠳᠤ ᠤᠯᠤᠰ ᠨᠢᠭᠡᠨᠲᠡ ᠭᠠᠳᠠᠭ᠋ᠠᠳᠤ ᠪᠡᠯᠡ ᠵᠢ ᠠᠰᠢᠭᠯᠠᠬᠤ ᠨᠡᠯᠢᠶᠡᠳ ᠪᠦᠷᠢᠨ ᠲᠡᠭᠦᠯᠳᠡᠷ ᠬᠠᠤᠯᠢ ᠲᠣᠭᠲᠠᠭ᠋ᠠᠯ ᠲᠦᠷᠦ ᠵᠢᠨ ᠪᠣᠳᠣᠯᠭ᠎ᠠ ᠵᠢᠨ ᠰᠢᠰᠲ᠋ᠧᠮ ᠪᠠ ᠠᠵᠢᠯ᠎ᠤᠨ ᠰᠢᠰᠲ᠋ᠧᠮ᠎ᠢ ᠪᠦᠷᠢᠯᠳᠦᠭᠦᠯᠪᠡ᠃ ᠪᠢᠳᠡ ᠭᠠᠳᠠᠭ᠋ᠠᠳᠤ ᠵᠢᠨ ᠠᠷᠠᠯᠵᠢᠶᠠᠴᠢᠨ᠎ᠤ ᠪᠡᠯᠡ ᠣᠷᠣᠭᠤᠯᠤᠯᠲᠠ ᠵᠢᠨ ᠬᠠᠤᠯᠢ ᠲᠣᠭᠲᠠᠭ᠋ᠠᠯᠲᠠ ᠵᠢ ᠴᠢᠩᠭ᠋ᠠᠳᠬᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠵᠢᠨ ᠴᠢᠯᠦᠭᠡᠵᠢᠯᠲᠡ ᠳᠥᠭᠦᠮᠴᠢᠯᠡᠯᠲᠡ ᠵᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ᠎ᠪᠠᠷ ᠵᠠᠰᠠᠭᠰᠠᠨ᠂ ᠳᠡᠯᠡᠬᠡᠶ᠋ᠢᠵᠢᠭᠰᠡᠨ ᠲᠡᠷᠢᠭᠦᠨ ᠵᠡᠷᠭᠡ ᠵᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠢᠳᠡᠪᠬᠢᠲᠡᠢ ᠪᠤᠢ ᠪᠤᠯᠭ᠋ᠠᠵᠤ᠂ ᠢᠯᠡ ᠲᠣᠳᠣ᠂ ᠲᠣᠭᠲᠠᠭᠤᠨ᠂ ᠵᠢᠱ᠌ᠢᠵᠦ ᠪᠣᠯᠬᠤᠶ᠋ᠢᠴᠠ ᠲᠦᠷᠦ ᠵᠢᠨ ᠪᠣᠳᠣᠯᠭ᠎ᠠ ᠵᠢᠨ ᠣᠷᠴᠢᠨ ᠨᠥᠬᠦᠴᠡᠯ᠎ᠢ ᠪᠤᠢ ᠪᠤᠯᠭ᠋ᠠᠵᠤ᠂ ᠭᠠᠳᠠᠭ᠋ᠠᠳᠤ ᠪᠡᠯᠡ ᠵᠢᠨ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠨᠠᠵᠠᠭ᠋ᠠᠢ ᠲᠠᠯ᠎ᠠ ᠵᠢᠨ ᠨᠠᠷᠢᠨ ᠲᠠᠩᠰᠠ ᠵᠢ ᠬᠠᠮᠤᠭ ᠠᠩᠬ᠎ᠠ 190 ᠵᠦᠢ᠍ᠯ ᠪᠠᠶ᠋ᠢᠭᠰᠠᠨ᠎ᠠᠴᠠ ᠬᠠᠰᠤᠭ᠋ᠠᠳ ᠤᠳᠤ ᠵᠢᠨ ᠪᠦᠭᠦ ᠤᠯᠤᠰ᠎ᠤᠨ ᠬᠡᠪᠯᠡᠯ᠎ᠤᠨ 29 ᠵᠦᠢ᠍ᠯ ᠪᠠ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠬᠡᠪᠯᠡᠯ᠎ᠤᠨ 27 ᠵᠦᠢ᠍ᠯ ᠪᠤᠯᠭ᠋ᠠᠵᠤ᠂ ᠦᠢ᠍ᠯᠡᠳᠬᠦ ᠦᠢ᠍ᠯᠡᠰ᠎ᠤᠨ ᠬᠦᠷᠢᠶᠡᠨ᠎ᠳᠤ 《ᠳᠠᠭᠤᠰᠬᠠᠬᠤ》 ᠵᠢ ᠪᠡᠶᠡᠯᠡᠭᠦᠯᠪᠡ᠃ ᠣᠶ᠋ᠢᠷ᠎ᠠ ᠵᠢᠨ ᠬᠡᠳᠦᠨ ᠵᠢᠯ᠎ᠳᠤ᠂ ᠣᠯᠠᠨ ᠤᠯᠤᠰ᠎ᠤᠨ ᠠᠵᠤ ᠠᠬᠤᠢ ᠵᠢᠨ ᠣᠷᠴᠢᠨ ᠨᠥᠬᠦᠴᠡᠯ᠎ᠤᠨ ᠬᠤᠪᠢᠷᠠᠯᠲᠠ ᠨᠡᠯᠢᠶᠡᠳ ᠶᠡᠭᠡ ᠪᠠᠶ᠋ᠢᠵᠤ᠂ ᠪᠢᠳᠡ ᠭᠠᠳᠠᠭ᠋ᠠᠳᠤ ᠪᠡᠯᠡ ᠵᠢ ᠲᠣᠭᠲᠠᠪᠤᠷᠢᠵᠢᠭᠤᠯᠬᠤ ᠰᠢᠷᠢᠰ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ 《ᠳᠤᠮᠳᠠᠳᠤ ᠤᠯᠤᠰ᠎ᠲᠤ ᠪᠡᠯᠡ ᠣᠷᠣᠭᠤᠯᠬᠤ》 ᠲᠦᠷᠦᠯ ᠲᠡᠮᠳᠡᠭ᠎ᠢ ᠦᠷᠭᠦᠯᠵᠢᠯᠡᠨ ᠡᠭᠦᠳᠴᠦ᠂ ᠡᠯ᠎ᠡ ᠭᠠᠵᠠᠷ᠎ᠤᠨ᠎ᠬᠢᠨ ᠴᠥᠮ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠳᠤ ᠦᠢ᠍ᠯᠡᠴᠢᠯᠡᠬᠦ ᠪᠠᠲᠤᠯᠠᠭ᠎ᠠ᠎ᠪᠠᠨ ᠴᠢᠩᠭ᠋ᠠᠳᠬᠠᠪᠠ᠂ ᠡᠨᠡ ᠲᠠᠯ᠎ᠠ ᠵᠢᠨ ᠠᠵᠢᠯ᠎ᠢ ᠶᠠᠪᠤᠬᠤ ᠲᠤᠲᠤᠮ ᠰᠠᠶ᠋ᠢᠨ ᠬᠢᠬᠦ ᠪᠣᠯᠣᠨ᠎ᠠ᠃
    ᠳᠤᠮᠳᠠᠳᠤ ᠤᠯᠤᠰ ᠤᠷᠳᠤ ᠬᠤᠭᠤᠴᠠᠭ᠎ᠠ᠎ᠪᠠᠷ ᠤᠯᠤᠰ ᠲᠦᠷᠦ ᠵᠢᠨ ᠪᠠᠶ᠋ᠢᠳᠠᠯ ᠲᠣᠭᠲᠠᠭᠤᠨ᠂ ᠨᠡᠶ᠋ᠢᠭᠡᠮ ᠠᠮᠤᠷ ᠲᠣᠭᠲᠠᠭᠤᠨ ᠪᠠᠶ᠋ᠢᠬᠤ ᠵᠢ ᠪᠠᠲᠤᠯᠠᠵᠤ᠂ ᠳᠡᠯᠡᠬᠡᠢ ᠨᠡᠶ᠋ᠢᠲᠡ᠎ᠳᠤ ᠮᠡᠳᠡᠷᠡᠭᠳᠡᠭᠰᠡᠨ ᠬᠠᠮᠤᠭ᠎ᠤᠨ ᠠᠮᠤᠷ ᠲᠦᠪᠰᠢᠨ ᠤᠯᠤᠰ᠎ᠤᠨ ᠨᠢᠭᠡ ᠮᠥᠨ᠃ ᠤᠯᠠᠨ ᠵᠶ᠋ᠠᠷ ᠵᠶ᠋ᠠᠨ ᠳᠤᠮᠳᠠᠳᠤ ᠤᠯᠤᠰ᠎ᠲᠤ ᠠᠵᠢᠯᠯᠠᠵᠤ ᠠᠮᠢᠳᠤᠷᠠᠵᠤ᠂ ᠡᠶ᠎ᠡ ᠡᠪ᠎ᠢ ᠡᠷᠬᠢᠮᠯᠡᠨ᠂ ᠡᠶ᠎ᠡ ᠨᠠᠶ᠋ᠢᠷᠲᠠᠢ ᠬᠠᠮᠲᠤ ᠣᠷᠣᠰᠢᠬᠤ ᠪᠣᠯᠪᠠᠰᠤᠨ᠎ᠤ ᠤᠯᠠᠮᠵᠢᠯᠠᠯ᠎ᠢ ᠣᠶ᠋ᠢᠯᠠᠭ᠋ᠠᠨ ᠮᠡᠳᠡᠷᠡᠵᠦ᠂ ᠢᠲᠡᠭᠡᠯ᠎ᠢ ᠵᠢᠷᠤᠮᠯᠠᠨ ᠡᠪ᠎ᠢ ᠬᠢᠴᠢᠶᠡᠬᠦ᠂ ᠲᠦᠷᠦᠯ ᠰᠠᠲᠤᠨ᠎ᠲᠠᠢ᠎ᠪᠠᠨ ᠳᠣᠲᠣᠨᠣ᠂ ᠬᠥᠷᠰᠢ ᠵᠡᠷᠭᠡᠯᠡᠳᠡᠭᠡ᠎ᠲᠠᠢ᠎ᠪᠠᠨ ᠨᠥᠭᠦᠷᠰᠡᠭ ᠨᠡᠶ᠋ᠢᠭᠡᠮ᠎ᠤᠨ ᠠᠭᠤᠷ ᠠᠮᠢᠰᠬᠤᠯ᠎ᠢ ᠪᠡᠶᠡᠴᠢᠯᠡᠨ ᠣᠶ᠋ᠢᠯᠠᠭ᠋ᠠᠬᠤ ᠵᠢ ᠢᠲᠡᠭᠡᠵᠦ ᠪᠠᠶ᠋ᠢᠨ᠎ᠠ᠃
    ᠶᠡᠷᠦᠩᠬᠡᠶ᠋ᠢᠯᠡᠭᠡᠳ ᠬᠡᠯᠡᠪᠡᠯ᠂ ᠳᠤᠮᠳᠠᠳᠤ ᠤᠯᠤᠰ ᠥᠩᠭᠡᠷᠡᠭᠰᠡᠨ᠎ᠳᠤ᠂ ᠤᠳᠤ᠂ ᠢᠷᠡᠭᠡᠳᠦᠢ᠎ᠳᠤ ᠴᠦ᠍ ᠭᠡᠰᠡᠨ ᠯᠠᠪᠲᠠᠢ ᠭᠠᠳᠠᠭ᠋ᠠᠳᠤ ᠵᠢᠨ ᠠᠷᠠᠯᠵᠢᠶᠠᠴᠢᠨ᠎ᠤ ᠬᠦᠰᠡᠵᠦ ᠪᠠᠶ᠋ᠢᠭ᠎ᠠ᠂ ᠠᠮᠤᠷ ᠲᠦᠪᠰᠢᠨ᠂ ᠵᠢᠳᠬᠦᠯ ᠴᠢᠷᠮᠠᠶ᠋ᠢᠯᠭ᠎ᠠ ᠭᠠᠷᠭ᠋ᠠᠵᠤ ᠳᠡᠶ᠋ᠢᠯᠭᠦ ᠪᠡᠯᠡ ᠣᠷᠣᠭᠤᠯᠤᠯᠲᠠ ᠵᠢᠨ ᠵᠣᠷᠢᠭᠰᠠᠨ ᠭᠠᠵᠠᠷ ᠪᠣᠯᠣᠨ᠎ᠠ᠂ ᠳᠤᠮᠳᠠᠳᠤ ᠤᠯᠤᠰ᠎ᠲᠠᠢ ᠬᠠᠮᠲᠤ ᠤᠷᠤᠭᠰᠢᠯᠠᠬᠤ ᠪᠣᠯ ᠠᠵᠠ ᠲᠣᠭᠢᠶᠠᠯ᠎ᠲᠠᠢ ᠬᠠᠮᠲᠤ ᠤᠷᠤᠭᠰᠢᠯᠠᠭᠰᠠᠨ ᠶᠠᠪᠤᠳᠠᠯ ᠪᠠᠶ᠋ᠢᠵᠤ᠂ ᠳᠤᠮᠳᠠᠳᠤ ᠤᠯᠤᠰ᠎ᠢ ᠢᠲᠡᠭᠡᠬᠦ ᠪᠣᠯ ᠮᠠᠷᠭ᠋ᠠᠰᠢ᠎ᠪᠠᠨ ᠢᠲᠡᠭᠡᠵᠦ ᠪᠠᠶ᠋ᠢᠭ᠎ᠠ ᠶᠠᠪᠤᠳᠠᠯ ᠪᠠᠶ᠋ᠢᠵᠤ᠂ ᠳᠤᠮᠳᠠᠳᠤ ᠤᠯᠤᠰ᠎ᠲᠤ ᠪᠡᠯᠡ ᠣᠷᠣᠭᠤᠯᠬᠤ ᠪᠣᠯ ᠢᠷᠡᠭᠡᠳᠦᠢ᠎ᠳᠡᠭᠡᠨ ᠪᠡᠯᠡ ᠣᠷᠣᠭᠤᠯᠵᠤ ᠪᠠᠶ᠋ᠢᠭ᠎ᠠ ᠶᠠᠪᠤᠳᠠᠯ ᠪᠣᠯᠣᠨ᠎ᠠ ᠭᠡᠳᠡᠭ᠎ᠢ ᠢᠲᠡᠭᠡᠵᠦ ᠪᠠᠶ᠋ᠢᠨ᠎ᠠ᠃ ᠥᠷᠭᠡᠨ ᠤᠯᠠᠨ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ᠎ᠬᠢᠨ ᠡᠷᠡᠭᠡᠯᠵᠡᠭᠡ᠎ᠪᠠᠨ ᠠᠯᠳᠠᠷᠠᠭ᠋ᠠᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠰᠠᠨᠠᠭ᠎ᠠ ᠠᠮᠤᠷ ᠳᠤᠮᠳᠠᠳᠤ ᠤᠯᠤᠰ᠎ᠲᠤ ᠢᠷᠡᠨ ᠬᠥᠭᠵᠢᠵᠦ᠂ ᠳᠤᠮᠳᠠᠳᠤ ᠤᠯᠤᠰ᠎ᠤᠨ ᠬᠥᠭᠵᠢᠯᠲᠡ ᠵᠢᠨ ᠠᠵᠠ ᠲᠣᠭᠢᠶᠠᠯ᠎ᠢ ᠬᠤᠪᠢᠶᠠᠯᠴᠠᠬᠤ ᠵᠢ ᠬᠦᠰᠡᠵᠦ ᠪᠠᠶ᠋ᠢᠨ᠎ᠠ᠃
    ᠭᠤᠷᠪᠠ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠠᠬᠢ ᠬᠥᠭᠵᠢᠯᠲᠡ᠎ᠳᠤ ᠲᠤᠯᠭ᠋ᠠᠷᠠᠭᠰᠠᠨ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠨ᠎ᠡ
    ᠡᠳᠡᠭᠡᠷ ᠵᠢᠯ᠎ᠤᠳ᠎ᠲᠤ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠠᠬᠢ ᠬᠥᠭᠵᠢᠯᠲᠡ᠎ᠳᠤ ᠨᠡᠬᠡᠷᠡᠨ ᠡᠳᠦᠢ ᠲᠡᠳᠦᠢ ᠠᠰᠠᠭᠤᠳᠠᠯ ᠲᠤᠯᠭ᠋ᠠᠷᠠᠵᠤ ᠪᠤᠢ᠃ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠣᠪᠣᠷ ᠮᠠᠰᠢ ᠢᠯᠠ ᠲᠣᠳᠣᠷᠬᠠᠢ ᠪᠠᠶ᠋ᠢᠵᠤ᠂ ᠮᠠᠨ᠎ᠤ ᠤᠯᠤᠰ᠎ᠤᠨ ᠳᠣᠲᠣᠭ᠋ᠠᠳᠤ ᠵᠢᠨ ᠬᠠᠮᠢᠶᠠᠷᠤᠯᠲᠠ᠎ᠳᠤ ᠬᠤᠯᠪᠣᠭᠳᠠᠬᠤ ᠠᠰᠠᠭᠤᠳᠠᠯ᠎ᠢ ᠪᠣᠯ ᠥᠭᠡᠷᠡᠴᠢᠯᠡᠯᠲᠡ ᠨᠡᠭᠡᠭᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠳᠠᠮᠵᠢᠭᠤᠯᠤᠨ ᠰᠢᠢ᠍ᠳᠪᠦᠷᠢᠯᠡᠨ᠎ᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠠᠴᠠ ᠭᠠᠳᠠᠭ᠋ᠠᠳᠤ ᠵᠢᠨ ᠠᠷᠠᠯᠵᠢᠶᠠᠴᠢᠨ᠎ᠤ ᠪᠡᠯᠡ ᠣᠷᠣᠭᠤᠯᠤᠯᠲᠠ ᠪᠣᠯᠣᠨ ᠭᠠᠳᠠᠭ᠋ᠠᠳᠤ᠎ᠳᠤ ᠵᠣᠷᠢᠭᠤᠯᠤᠭᠰᠠᠨ ᠪᠡᠯᠡ ᠣᠷᠣᠭᠤᠯᠤᠯᠲᠠ ᠵᠢᠨ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ᠎ᠳᠤ ᠨᠢᠭᠡᠨᠲᠡ ᠵᠠᠮ ᠱᠤᠭᠤᠮ᠎ᠤᠨ ᠵᠢᠷᠤᠭ ᠪᠠ ᠴᠠᠭ᠎ᠤᠨ ᠬᠦᠰᠦᠨᠦᠭᠲᠦ ᠵᠢ ᠲᠣᠭᠲᠠᠭ᠋ᠠᠪᠠ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ ᠳᠠᠭ᠋ᠠᠯᠳᠤᠨ᠂ ᠤᠯᠠᠨ᠎ᠤ ᠠᠩᠬᠠᠷᠴᠤ ᠪᠠᠶ᠋ᠢᠭ᠎ᠠ ᠠᠰᠠᠭᠤᠳᠠᠯ ᠪᠦᠲᠦᠮᠵᠢᠲᠡᠢ ᠰᠢᠢ᠍ᠳᠪᠦᠷᠢᠯᠡᠭᠳᠡᠨ᠎ᠡ ᠭᠡᠳᠡᠭ᠎ᠢ ᠢᠲᠡᠭᠡᠵᠦ ᠪᠠᠶ᠋ᠢᠨ᠎ᠠ᠃
    ᠨᠢᠭᠡ᠎ᠳᠤ ᠨᠡᠭᠡᠭᠡᠯᠲᠡ ᠬᠢᠬᠦ ᠵᠢ ᠤᠯᠠᠮ ᠨᠢᠭᠡ ᠠᠯᠬᠤᠮ ᠥᠷᠭᠡᠳᠬᠡᠬᠦ ᠲᠤᠬᠠᠢ᠃ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠤᠨ ᠪᠠᠷᠢᠮᠵᠢᠶ᠎ᠠ ᠵᠢ ᠳᠣᠷᠣᠭᠰᠢᠯᠠᠭᠤᠯᠬᠤ ᠪᠣᠯ ᠮᠠᠨ᠎ᠤ ᠲᠠᠷᠠᠭ᠋ᠠᠴᠢ ᠵᠢᠨ ᠨᠡᠭᠡᠭᠡᠯᠲᠡ ᠬᠢᠬᠦ ᠵᠢ ᠥᠷᠭᠡᠳᠬᠡᠬᠦ ᠵᠢᠨ ᠭᠤᠣᠯᠳᠠᠯᠭ᠎ᠠ ᠪᠣᠯᠣᠨ᠎ᠠ᠃ ᠨᠡᠭᠡᠭᠡᠯᠲᠡ ᠵᠢᠨ ᠠᠷᠭ᠎ᠠ ᠬᠡᠮᠵᠢᠶ᠎ᠡ ᠵᠢ ᠡᠷᠲᠡ ᠨᠠᠶ᠋ᠢᠳᠠᠪᠤᠷᠢᠵᠢᠭᠤᠯᠬᠤ᠎ᠠᠴᠠ ᠪᠢᠰᠢ ᠬᠤᠵᠢᠭᠤᠳᠠᠭᠤᠯᠵᠤ ᠪᠤᠯᠬᠤ ᠦᠭᠡᠢ᠂ ᠲᠦᠷᠭᠡᠨ ᠨᠠᠶ᠋ᠢᠳᠠᠪᠤᠷᠢᠵᠢᠭᠤᠯᠬᠤ᠎ᠠᠴᠠ ᠪᠢᠰᠢ ᠤᠳᠠᠭ᠋ᠠᠰᠢᠷᠠᠭᠤᠯᠵᠤ ᠪᠤᠯᠬᠤ ᠦᠭᠡᠢ ᠭᠡᠵᠦ ᠪᠢ ᠲᠤᠰᠬᠠᠶ᠋ᠢᠯᠠᠨ ᠴᠢᠬᠤᠯᠠᠴᠢᠯᠠᠵᠤ ᠥᠩᠭᠡᠷᠡᠭᠰᠡᠨ ᠶᠤᠮ᠃ ᠡᠨᠡ ᠵᠢᠯ᠂ ᠪᠢᠳᠡ ᠵᠠᠷᠢᠮ ᠲᠠᠯ᠎ᠠ ᠵᠢᠨ ᠨᠡᠭᠡᠭᠡᠯᠲᠡ ᠬᠢᠬᠦ ᠲᠤᠷᠰᠢᠯᠲᠠ ᠵᠢᠨ ᠴᠡᠭ᠎ᠢ ᠥᠷᠭᠡᠳᠬᠡᠵᠦ᠂ ᠪᠠᠰᠠ ᠰᠣᠶᠣᠯ᠂ ᠰᠤᠷᠭ᠋ᠠᠨ ᠬᠥᠮᠦᠵᠢᠯ ᠵᠡᠷᠭᠡ ᠬᠦᠷᠢᠶᠡᠨ᠎ᠳᠠᠬᠢ ᠨᠡᠭᠡᠭᠡᠯᠲᠡ ᠬᠢᠬᠦ ᠵᠢ ᠲᠦᠷᠭᠡᠳᠬᠡᠬᠦ ᠪᠣᠯᠣᠨ᠎ᠠ᠃ ᠡᠭᠦᠨ᠎ᠤ ᠬᠠᠮᠲᠤ᠂ ᠪᠢᠳᠡ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠶᠠᠪᠤᠴᠠ᠎ᠳᠠᠬᠢ 《ᠲᠣᠮᠣ ᠡᠭᠦᠳᠡ ᠵᠢ ᠨᠡᠭᠡᠭᠡᠵᠦ᠂ ᠵᠢᠵᠢᠭ ᠡᠭᠦᠳᠡ ᠵᠢ ᠨᠡᠭᠡᠭᠡᠬᠦ ᠦᠭᠡᠢ》 ᠪᠣᠳᠠᠲᠠᠢ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠢ ᠮᠠᠨ᠎ᠤ ᠨᠢᠭᠡᠨᠲᠡ ᠨᠡᠭᠡᠭᠡᠭᠰᠡᠨ ᠬᠦᠷᠢᠶᠡᠨ᠎ᠳᠤ 《ᠣᠷᠣᠬᠤ ᠵᠢ ᠵᠥᠪᠰᠢᠶᠡᠷᠡᠬᠦ ᠮᠥᠷᠲᠡᠭᠡᠨ ᠡᠵᠡᠩᠨᠡᠬᠦ ᠵᠢ ᠴᠦ᠍ ᠵᠥᠪᠰᠢᠶᠡᠷᠡᠬᠦ》 ᠪᠣᠯᠭ᠋ᠠᠨ᠎ᠠ᠃
    ᠬᠤᠶᠠᠷ᠎ᠲᠤ ᠵᠠᠬ᠎ᠠ ᠳᠡᠯᠭᠡᠭᠦᠷ᠎ᠤᠨ ᠲᠥᠪ ᠭᠤᠣᠯᠴᠢ ᠥᠷᠢᠰᠦᠯᠳᠦᠭᠡᠨ᠎ᠢ ᠬᠠᠮᠠᠭ᠋ᠠᠯᠠᠬᠤ ᠲᠤᠬᠠᠢ᠃ ᠳᠤᠮᠳᠠᠳᠤ ᠤᠯᠤᠰ᠎ᠲᠤ ᠪᠠᠶ᠋ᠢᠭ᠎ᠠ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠳ᠎ᠤᠨ ᠤᠯᠤᠰ᠎ᠤᠨ ᠠᠷᠠᠳ ᠢᠷᠭᠡᠨ᠎ᠤ ᠬᠠᠷᠠᠭ᠋ᠠᠯᠵᠠᠯ᠎ᠢ ᠪᠠᠲᠤᠯᠠᠵᠤ᠂ ᠬᠠᠤᠯᠢ ᠴᠠᠭ᠋ᠠᠵᠠ ᠵᠢ ᠬᠡᠷᠡᠭᠯᠡᠬᠦ ᠲᠠᠯ᠎ᠠ᠎ᠪᠠᠷ ᠨᠢᠭᠡᠳᠦᠯᠲᠡᠢ᠂ ᠪᠠᠶ᠋ᠢᠷᠢ ᠰᠠᠭᠤᠷᠢ ᠬᠠᠷᠠᠭ᠋ᠠᠯᠵᠠᠯ᠎ᠤᠨ ᠲᠠᠯ᠎ᠠ᠎ᠪᠠᠷ ᠠᠳᠠᠯᠢ ᠲᠡᠭᠰᠢ ᠪᠠᠶ᠋ᠢᠬᠤ ᠵᠢ ᠪᠠᠲᠤᠯᠠᠬᠤ ᠶᠣᠰᠣᠲᠠᠢ ᠭᠡᠵᠦ ᠪᠢᠳᠡ ᠦᠵᠡᠭᠰᠡᠭᠡᠷ ᠢᠷᠡᠭᠰᠡᠨ ᠶᠤᠮ᠃ ᠪᠢᠳᠡ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠤᠨ ᠡᠯᠧᠮᠧᠨ᠋ᠲ᠎ᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠣᠯᠬᠤ ᠵᠢ ᠪᠠᠲᠤᠯᠠᠵᠤ᠂ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠲᠦᠷᠭᠡᠳᠬᠡᠨ ᠪᠠᠶ᠋ᠢᠭᠤᠯᠵᠤ᠂ ᠵᠠᠷᠢᠮ ᠬᠦᠷᠢᠶᠡᠨ᠎ᠳᠠᠬᠢ ᠳᠣᠲᠣᠭ᠋ᠠᠳᠤ ᠵᠢᠨ ᠰᠢᠷᠦᠭᠦᠨ ᠥᠷᠢᠰᠦᠯᠳᠦᠭᠡᠨ᠎ᠢ ᠬᠦᠴᠦᠯᠡᠨ ᠴᠡᠭᠴᠡᠯᠡᠨ ᠵᠠᠰᠠᠵᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠳᠤᠮᠳᠠᠳᠤ᠎ᠳᠤ ᠦᠢ᠍ᠯᠡᠳᠪᠦᠷᠢᠯᠡᠭᠰᠡᠨ ᠦᠢ᠍ᠯᠡᠳᠬᠦᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠬᠠᠤᠯᠢ ᠶᠣᠰᠣᠭ᠋ᠠᠷ ᠡᠷᠬᠡ ᠲᠡᠭᠰᠢ᠎ᠪᠠᠷ ᠣᠷᠤᠯᠴᠠᠬᠤ ᠵᠢ ᠪᠠᠲᠤᠯᠠᠨ᠎ᠠ᠃ ᠤᠯᠠᠨ᠎ᠤ ᠬᠦᠰᠡᠯ ᠱᠠᠭ᠋ᠠᠷᠳᠠᠯᠭ᠎ᠠ ᠵᠢ ᠪᠢᠳᠡ ᠨᠠᠷᠢᠨ ᠬᠢᠨᠠᠮᠠᠭ᠋ᠠᠢ ᠰᠤᠳᠤᠯᠵᠤ᠂ ᠶᠠᠮᠠᠷ ᠠᠰᠠᠭᠤᠳᠠᠯ ᠪᠠᠶ᠋ᠢᠪᠠᠯ ᠴᠠᠭ ᠲᠤᠬᠠᠢ᠎ᠳᠤᠨᠢ ᠲᠡᠷᠡ ᠠᠰᠠᠭᠤᠳᠠᠯ᠎ᠢ ᠰᠢᠢ᠍ᠳᠪᠦᠷᠢᠯᠡᠨ᠎ᠡ᠃
    ᠭᠤᠷᠪᠠ᠎ᠳᠤ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠬᠤ ᠲᠤᠬᠠᠢ᠃ ᠭᠠᠳᠠᠭ᠋ᠠᠳᠤ ᠵᠢᠨ ᠠᠷᠠᠯᠵᠢᠶᠠᠴᠢᠨ᠎ᠯᠤᠭ᠎ᠠ ᠵᠢᠨ ᠣᠯᠣᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠵᠤ᠂ ᠳᠤᠮᠳᠠᠳᠤ ᠤᠯᠤᠰ᠎ᠲᠤ ᠢᠷᠡᠵᠤ ᠠᠷᠠᠯᠵᠢᠶ᠎ᠠ ᠬᠢᠵᠦ ᠪᠡᠯᠡ ᠣᠷᠣᠭᠤᠯᠬᠤ᠎ᠳᠤ ᠠᠯᠢ ᠴᠢᠳᠠᠬᠤ᠎ᠪᠠᠷ ᠲᠦᠭᠦᠮ ᠦᠵᠡᠭᠦᠯᠵᠦ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠢ ᠭᠡᠵᠦ ᠪᠢ ᠣᠯᠠᠨᠲᠠ ᠱᠠᠭ᠋ᠠᠷᠳᠠᠭᠰᠠᠨ ᠶᠤᠮ᠃ ᠳᠤᠮᠳᠠᠳᠤ ᠤᠯᠤᠰ᠎ᠤᠨ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠲᠣᠭᠤᠷᠢᠭ ᠰᠢᠷᠡᠭᠡᠨ᠎ᠤ ᠬᠤᠷᠠᠯ᠎ᠢ ᠰᠠᠷ᠎ᠠ ᠪᠦᠷᠢ ᠨᠢᠭᠡ ᠤᠳᠠᠭ᠎ᠠ ᠬᠤᠷᠠᠯᠳᠤᠭᠤᠯᠵᠤ᠂ ᠠᠵᠤ ᠠᠬᠤᠶ᠋ᠢᠯᠠᠯ᠎ᠤᠨ ᠬᠦᠰᠡᠯ ᠱᠠᠭ᠋ᠠᠷᠳᠠᠯᠭ᠎ᠠ ᠵᠢ ᠰᠣᠨᠣᠰᠴᠤ᠂ ᠬᠦᠴᠢᠷ ᠵᠣᠪᠠᠭᠤᠷᠢ ᠵᠢ᠎ᠨᠢ ᠬᠠᠪᠰᠤᠷᠴᠤ ᠰᠢᠢ᠍ᠳᠪᠦᠷᠢᠯᠡᠨ ᠥᠭᠳᠡᠭ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠳᠤ ᠦᠢ᠍ᠯᠡᠴᠢᠯᠡᠬᠦ ᠲᠤᠰᠬᠠᠢ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ 《ᠨᠢᠭᠡᠳ ᠨᠢᠭᠡ᠎ᠪᠠᠷ ᠬᠠᠷᠠᠭ᠋ᠠᠯᠵᠠᠨ》 ᠭᠤᠣᠯᠳᠠᠯᠭ᠎ᠠ᠎ᠲᠠᠢ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠢ ᠲᠣᠭᠤᠷᠢᠨ ᠰᠤᠷᠪᠤᠯᠵᠢᠯᠠᠵᠤ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠪᠠ᠃ ᠡᠳᠡᠭᠡᠷ ᠠᠷᠭ᠎ᠠ ᠬᠢᠳᠡᠯ᠎ᠢ ᠦᠷᠭᠦᠯᠵᠢᠯᠠᠨ ᠪᠠᠷᠢᠮᠲᠠᠯᠠᠨ᠎ᠠ᠃ ᠤᠯᠠᠨ ᠰᠠᠯᠠᠭ᠎ᠠ ᠮᠥᠴᠢᠷ᠎ᠲᠤ ᠬᠤᠯᠪᠣᠭᠳᠠᠭᠰᠠᠨ ᠠᠰᠠᠭᠤᠳᠠᠯ᠎ᠳᠤ᠂ ᠵᠣᠬᠢᠴᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠠᠮᠲᠤ᠎ᠪᠠᠷ ᠰᠢᠢ᠍ᠳᠪᠦᠷᠢᠯᠡᠬᠦ ᠵᠢ ᠠᠬᠢᠭᠤᠯᠤᠨ᠎ᠠ᠃ ᠬᠥᠮᠥᠰ᠎ᠤᠨ ᠶᠠᠪᠤᠯᠴᠠᠭ᠎ᠠ ᠵᠢ ᠨᠡᠮᠡᠭᠳᠡᠭᠦᠯᠬᠦ ᠪᠠ ᠳᠤᠮᠳᠠᠳᠤ ᠤᠯᠤᠰ᠎ᠲᠤ ᠪᠠᠶ᠋ᠢᠬᠤ᠎ᠳᠤ ᠲᠦᠭᠦᠮ ᠦᠵᠡᠭᠦᠯᠭᠦ ᠵᠢᠨ ᠲᠥᠯᠥᠭᠡ᠂ ᠡᠨᠡ ᠬᠡᠳᠦᠨ ᠵᠢᠯ᠎ᠳᠤ ᠳᠤᠮᠳᠠᠳᠤ ᠤᠯᠤᠰ᠎ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠮᠠᠰᠢ ᠤᠯᠠᠨ ᠠᠷᠭ᠎ᠠ ᠬᠡᠮᠵᠢᠶ᠎ᠡ ᠠᠪᠴᠠᠢ᠂ ᠤᠯᠠᠮ ᠨᠢᠭᠡ ᠠᠯᠬᠤᠮ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃
    ᠡᠳᠡᠭᠡᠷ ᠵᠢᠯ᠎ᠤᠳ᠎ᠲᠤ ᠭᠠᠳᠠᠭ᠋ᠠᠳᠤ ᠵᠢᠨ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠬᠤ ᠶᠠᠪᠤᠳᠠᠯ᠎ᠨᠢ ᠪᠠᠰᠠ ᠭᠠᠵᠠᠷ ᠣᠷᠣᠨ ᠵᠶ᠋ᠠᠷ ᠰᠢᠯᠲᠠᠭ᠋ᠠᠯᠠᠭᠳᠠᠭᠰᠠᠨ ᠤᠯᠤᠰ ᠲᠦᠷᠦ ᠵᠢᠨ ᠬᠦᠴᠦᠨ ᠵᠦᠢ᠍ᠯ᠎ᠤᠨ ᠬᠠᠷᠰᠢᠯᠠᠯ᠎ᠳᠤ ᠤᠴᠠᠷᠠᠪᠠ᠂ ᠡᠨᠡ᠎ᠨᠢ ᠤᠯᠠᠨ ᠤᠯᠤᠰ᠎ᠤᠨ ᠤᠯᠤᠰ ᠲᠦᠷᠦ᠂ ᠭᠠᠳᠠᠭ᠋ᠠᠳᠤ ᠬᠠᠷᠢᠯᠴᠠᠭ᠎ᠠ᠎ᠳᠤ ᠬᠤᠯᠪᠣᠭᠳᠠᠵᠤ ᠪᠠᠶ᠋ᠢᠨ᠎ᠠ᠃ ᠪᠤᠰᠤᠳ᠎ᠤᠨ ᠳ᠋ᠧᠩ᠎ᠢ ᠤᠨᠲᠠᠷᠠᠭ᠋ᠠᠬᠤ᠎ᠨᠢ ᠥᠪᠡᠷ᠎ᠢ᠎ᠪᠠᠨ ᠢᠯᠡᠭᠦᠦ ᠭᠡᠷᠡᠯ ᠭᠡᠭᠡ᠎ᠲᠠᠢ ᠪᠤᠯᠭ᠋ᠠᠵᠤ ᠴᠢᠳᠠᠬᠤ ᠦᠭᠡᠢ; ᠪᠤᠰᠤᠳ᠎ᠤᠨ ᠵᠠᠮ᠎ᠢ ᠬᠠᠰᠢᠪᠠᠯ ᠡᠴᠦᠰ᠎ᠲᠡᠭᠡᠨ ᠥᠪᠡᠷ᠎ᠤᠨ ᠵᠠᠮ ᠵᠶ᠋ᠠᠨ ᠪᠥᠭᠯᠡᠨ᠎ᠡ ᠭᠡᠵᠦ ᠪᠢ ᠦᠷᠭᠦᠯᠵᠢ ᠶᠠᠷᠢᠳᠠᠭ᠃ ᠤᠯᠠᠨ ᠵᠶ᠋ᠠᠷ ᠵᠶ᠋ᠠᠨ ᠨᠡᠯᠢᠶᠡᠳ ᠠᠩᠬᠠᠷᠴᠤ ᠪᠠᠶ᠋ᠢᠭ᠎ᠠ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠠᠰᠠᠭᠤᠳᠠᠯ᠎ᠤᠨ ᠲᠠᠯ᠎ᠠ᠎ᠪᠠᠷ᠂ ᠳᠤᠮᠳᠠᠳᠤ ᠠᠮᠧᠷᠢᠺᠠ ᠵᠢᠨ ᠬᠠᠷᠢᠴᠠᠭ᠎ᠠ ᠲᠣᠭᠲᠠᠭᠤᠨ᠂ ᠡᠷᠡᠭᠦᠯ᠂ ᠦᠷᠭᠦᠯᠵᠢᠯᠡᠬᠦ ᠬᠥᠭᠵᠢᠯᠲᠡ᠎ᠪᠠᠨ ᠪᠠᠲᠤᠯᠠᠬᠤ᠎ᠨᠢ ᠬᠤᠶᠠᠷ ᠤᠯᠤᠰ᠎ᠤᠨ ᠠᠷᠠᠳ ᠲᠦᠮᠡᠨ᠎ᠤ ᠦᠨᠳᠦᠰᠦᠨ ᠠᠰᠢᠭ ᠲᠤᠰᠠ᠎ᠲᠠᠢ ᠨᠡᠶ᠋ᠢᠴᠡᠵᠦ ᠪᠠᠶ᠋ᠢᠨ᠎ᠠ ᠭᠡᠵᠦ ᠪᠢᠳᠡ ᠢᠮᠠᠭᠲᠠ ᠦᠵᠡᠭᠰᠡᠭᠡᠷ ᠢᠷᠡᠪᠡ᠃ ᠳᠤᠮᠳᠠᠳᠤ ᠠᠮᠧᠷᠢᠺᠠ ᠵᠢᠨ ᠠᠵᠤ ᠠᠬᠤᠢ ᠠᠷᠠᠯᠵᠢᠶᠠᠨ᠎ᠤ ᠬᠠᠷᠢᠯᠴᠠᠭ᠎ᠠ ᠵᠢᠨ ᠮᠥᠨ ᠴᠢᠨᠠᠷ ᠪᠣᠯ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠶᠠᠪᠤᠳᠠᠯ ᠪᠣᠯᠣᠨ᠎ᠠ᠂ ᠠᠵᠤ ᠠᠬᠤᠢ ᠠᠷᠠᠯᠵᠢᠶᠠᠨ᠎ᠤ ᠮᠥᠷᠭᠦᠯᠳᠦᠭᠡᠨ᠎ᠢ ᠡᠷᠬᠡ ᠲᠡᠭᠰᠢ ᠶᠠᠷᠢᠯᠴᠠᠭ᠎ᠠ ᠵᠥᠪᠳᠡᠯᠴᠡᠭᠡ᠎ᠪᠠᠷ ᠳᠠᠮᠵᠢᠨ ᠵᠣᠬᠢᠰᠲᠠᠢ ᠰᠢᠢ᠍ᠳᠪᠦᠷᠢᠯᠡᠪᠡᠯ ᠵᠣᠬᠢᠨ᠎ᠠ᠃ ᠳᠤᠮᠳᠠᠳᠤ ᠤᠯᠤᠰ ᠬᠠᠷᠢᠯᠴᠠᠨ ᠬᠦᠨᠳᠦᠳᠬᠡᠬᠦ᠂ ᠨᠠᠶ᠋ᠢᠷᠠᠮᠳᠠᠯ ᠵᠶ᠋ᠠᠷ ᠵᠡᠷᠭᠡᠴᠡᠨ ᠣᠷᠣᠰᠢᠬᠤ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠭᠦᠷᠳᠡᠭᠦ ᠵᠠᠷᠴᠢᠮ ᠶᠣᠰᠣᠭ᠋ᠠᠷ ᠳᠤᠮᠳᠠᠳᠤ ᠠᠮᠧᠷᠢᠺᠠ ᠵᠢᠨ ᠬᠠᠷᠢᠴᠠᠭ᠎ᠠ ᠵᠢ ᠰᠢᠢ᠍ᠳᠪᠦᠷᠢᠯᠡᠨ᠎ᠡ᠃ ᠳᠤᠮᠳᠠᠳᠤ ᠤᠯᠤᠰ ᠡᠩᠬᠡ ᠲᠠᠶ᠋ᠢᠪᠤᠩ ᠬᠥᠭᠵᠢᠯᠲᠡ ᠵᠢᠨ ᠵᠠᠮ ᠵᠶ᠋ᠠᠷ ᠭᠤᠶ᠋ᠢᠪᠢᠰᠢ ᠦᠭᠡᠢ ᠵᠠᠮᠨᠠᠵᠤ᠂ ᠳᠡᠯᠡᠬᠡᠢ ᠵᠢᠨ ᠪᠠ ᠭᠠᠵᠠᠷ ᠣᠷᠣᠨ᠎ᠤ ᠬᠠᠯᠠᠮᠰᠢᠯ ᠠᠰᠠᠭᠤᠳᠠᠯ᠎ᠢ ᠰᠢᠢ᠍ᠳᠪᠦᠷᠢᠯᠡᠬᠦ ᠵᠢ ᠢᠳᠡᠪᠬᠢᠲᠡᠢ ᠠᠬᠢᠭᠤᠯᠵᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠬᠥᠭᠵᠢᠯᠲᠡ᠎ᠳᠤ ᠰᠠᠶ᠋ᠢᠨ ᠰᠠᠶ᠋ᠢᠬᠠᠨ ᠭᠠᠳᠠᠭ᠋ᠠᠳᠤ ᠣᠷᠴᠢᠨ ᠨᠥᠬᠦᠴᠡᠯ᠎ᠢ ᠴᠢᠷᠮᠠᠶ᠋ᠢᠨ ᠪᠤᠢ ᠪᠣᠯᠭ᠋ᠠᠨ᠎ᠠ᠃
    ᠳᠤᠮᠳᠠᠳᠤ ᠵᠢᠨ ᠡᠷᠲᠡᠨ᠎ᠤ ᠦᠭᠡᠨ᠎ᠳᠤ᠄ 《ᠠᠯᠢ ᠤᠯᠤᠰ᠎ᠲᠤᠷ ᠬᠦᠷᠪᠡᠰᠦ ᠲᠡᠷᠡ ᠤᠯᠤᠰ᠎ᠤᠨ ᠵᠠᠩᠰᠢᠯ᠎ᠢ ᠳᠠᠭ᠋ᠠᠮᠤᠢ᠂ ᠠᠯᠢ ᠭᠡᠷ᠎ᠲᠤᠷ ᠣᠴᠢᠪᠠᠰᠤ ᠲᠡᠷᠡ ᠭᠡᠷ᠎ᠤᠨ ᠴᠡᠭᠡᠷ᠎ᠢ ᠬᠢᠴᠢᠶᠡᠮᠦᠢ》 ᠭᠡᠳᠡᠭ᠃ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠠᠴᠠ ᠭᠠᠳᠠᠭᠰᠢ ᠭᠠᠷᠤᠭᠰᠠᠨ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠳᠤ ᠲᠤᠬᠠᠢ ᠵᠢᠨ ᠭᠠᠵᠠᠷ᠎ᠤᠨ ᠬᠠᠤᠯᠢ ᠴᠠᠭ᠋ᠠᠵᠠ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠵᠤ᠂ ᠲᠤᠬᠠᠢ ᠵᠢᠨ ᠭᠠᠵᠠᠷ᠎ᠤᠨ ᠰᠣᠶᠣᠯ ᠪᠠ ᠵᠠᠩ ᠳᠠᠳᠬᠠᠯ᠎ᠢ ᠭᠦᠨᠳᠦᠳᠭᠡᠵᠦ᠂ ᠦᠨᠡᠨᠴᠢ ᠢᠲᠡᠭᠡᠮᠵᠢᠲᠡᠢ ᠡᠵᠡᠩᠨᠡᠵᠦ᠂ ᠨᠡᠶ᠋ᠢᠭᠡᠮ᠎ᠤᠨ ᠬᠠᠷᠢᠭᠤᠴᠠᠯᠭ᠎ᠠ᠎ᠪᠠᠨ ᠢᠳᠡᠪᠬᠢᠲᠡᠢ ᠭᠦᠢ᠍ᠴᠡᠳᠬᠡᠬᠦ ᠬᠡᠷᠡᠭᠲᠡᠢ ᠭᠡᠵᠦ ᠢᠮᠠᠭᠲᠠ ᠴᠢᠬᠤᠯᠠᠴᠢᠯᠠᠭᠰᠠᠭ᠋ᠠᠷ ᠢᠷᠡᠭᠰᠡᠨ ᠶᠤᠮ᠃ ᠳᠤᠮᠳᠠᠳᠤ ᠤᠯᠤᠰ᠎ᠲᠤ ᠪᠠᠶ᠋ᠢᠭ᠎ᠠ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠳ ᠴᠤ᠌ ᠡᠶ᠋ᠢᠮᠦ ᠪᠠᠶ᠋ᠢᠬᠤ ᠶᠣᠰᠣᠲᠠᠢ᠃
    ᠳᠥᠷᠪᠡ᠂ ᠳᠡᠯᠡᠬᠡᠢ ᠵᠢᠨ ᠠᠵᠤ ᠠᠬᠤᠢ ᠵᠢᠨ ᠡᠮᠬᠢ ᠳᠢᠭᠯᠢᠮ᠎ᠢ ᠬᠠᠮᠠᠭ᠋ᠠᠯᠠᠬᠤ ᠵᠢᠨ ᠲᠥᠯᠥᠭᠡ ᠬᠠᠮᠲᠤ᠎ᠪᠠᠷ ᠴᠢᠷᠮᠠᠶ᠋ᠢᠶ᠎ᠠ
    ᠤᠯᠠᠨ ᠲᠠᠯᠠᠲᠤ ᠦᠵᠡᠯ ᠪᠣᠯ ᠳᠡᠯᠡᠬᠡᠢ ᠳ᠋ᠠᠬᠢᠨ᠎ᠳᠤ ᠲᠤᠯᠭ᠋ᠠᠷᠠᠵᠤ ᠪᠠᠶ᠋ᠢᠭ᠎ᠠ ᠬᠦᠴᠢᠷᠳᠡᠯ ᠥᠷᠢᠰᠦᠯᠳᠦᠭᠡᠨ᠎ᠢ ᠰᠢᠢ᠍ᠳᠪᠦᠷᠢᠯᠡᠬᠦ ᠵᠠᠶ᠋ᠢᠯᠠᠰᠢ ᠦᠭᠡᠢ ᠰᠣᠩᠭᠤᠯᠲᠠ ᠮᠥᠨ᠂ ᠠᠵᠤ ᠠᠬᠤᠢ ᠵᠢᠨ ᠳᠡᠯᠡᠬᠡᠶ᠋ᠢᠵᠢᠯᠲᠡ ᠪᠣᠯ ᠬᠤᠷᠢᠭᠯᠠᠭᠳᠠᠰᠢ ᠦᠭᠡᠢ ᠲᠡᠦᠬᠡ ᠵᠢᠨ ᠤᠷᠤᠰᠬᠠᠯ ᠮᠥᠨ᠃ ᠳᠤᠮᠳᠠᠳᠤ ᠤᠯᠤᠰ ᠵᠢᠩᠬᠢᠨᠢ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠲᠦᠭᠡᠮᠡᠯ ᠬᠠᠷᠠᠭ᠋ᠠᠯᠵᠠᠯᠲᠤ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠶ᠋ᠢᠵᠢᠯᠲᠡ ᠵᠢ ᠠᠬᠢᠭᠤᠯᠵᠤ᠂ ᠪᠦᠭᠦ ᠪᠥᠮᠪᠥᠷᠴᠡᠭ᠎ᠤᠨ ᠠᠵᠤ ᠠᠬᠤᠢ ᠵᠢᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠤ ᠮᠠᠶᠢᠭ᠎ᠤᠨ ᠳᠡᠯᠡᠬᠡᠢ ᠵᠢᠨ ᠠᠵᠤ ᠠᠬᠤᠢ ᠵᠢ ᠪᠠᠶ᠋ᠢᠭᠤᠯᠬᠤ᠎ᠪᠠᠷ ᠴᠢᠷᠮᠠᠶ᠋ᠢᠨ᠎ᠠ᠃ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ ᠢᠯᠠᠩᠭᠤᠶ᠎ᠠ ᠤᠯᠤᠰ ᠠᠯᠤᠰᠯᠠᠭᠰᠠᠨ ᠺᠤᠮᠫᠠᠨᠢ ᠳᠡᠯᠡᠬᠡᠢ ᠵᠢᠨ ᠠᠵᠤ ᠠᠬᠤᠢ ᠵᠢᠨ ᠡᠮᠬᠢ ᠳᠢᠭᠯᠢᠮ᠎ᠢ ᠬᠠᠮᠠᠭ᠋ᠠᠯᠠᠬᠤ ᠳᠤᠮᠳᠠ ᠴᠢᠬᠤᠯᠠ ᠦᠢ᠍ᠯᠡᠳᠦᠯ ᠦᠵᠡᠭᠦᠯᠵᠦ ᠪᠠᠶ᠋ᠢᠬᠤ ᠪᠥᠭᠡᠳ ᠪᠠᠰᠠ ᠴᠢᠬᠤᠯᠠ ᠬᠠᠷᠢᠭᠤᠴᠠᠯᠭ᠎ᠠ ᠵᠢ ᠡᠭᠦᠷᠭᠡᠯᠡᠵᠦ ᠪᠠᠶ᠋ᠢᠨ᠎ᠠ᠃ ᠪᠢᠳᠠ ᠭᠠᠷ ᠬᠤᠯᠪᠣᠨ ᠬᠠᠮᠲᠤ᠎ᠪᠠᠷ ᠤᠷᠤᠭᠰᠢᠯᠠᠵᠤ᠂ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠵᠥᠪ ᠴᠢᠭᠯᠡᠯ ᠵᠶ᠋ᠠᠷ ᠬᠥᠭᠵᠢᠬᠦ ᠵᠢ ᠠᠬᠢᠭᠤᠯᠤᠶ᠎ᠠ᠃
    ᠪᠢᠳᠠ ᠬᠠᠮᠲᠤ᠎ᠪᠠᠷ ᠣᠯᠠᠨ ᠲᠠᠯᠠᠲᠤ ᠠᠷᠠᠯᠵᠢᠶᠠᠨ᠎ᠤ ᠪᠠᠶ᠋ᠢᠭᠤᠯᠤᠯ᠎ᠢ ᠬᠠᠮᠠᠭ᠋ᠠᠯᠠᠶ᠎ᠠ᠃ ᠳᠡᠯᠡᠬᠡᠢ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠪᠠᠷ ᠭᠤᠣᠯ ᠪᠤᠯᠭ᠋ᠠᠬᠰᠠᠨ ᠤᠯᠠᠨ ᠲᠠᠯᠠᠲᠤ ᠠᠷᠠᠯᠵᠢᠶᠠᠨ᠎ᠤ ᠪᠠᠶ᠋ᠢᠭᠤᠯᠤᠯ ᠪᠣᠯ ᠤᠯᠠᠨ ᠤᠯᠤᠰ᠎ᠤᠨ ᠠᠷᠠᠯᠵᠢᠶᠠᠨ᠎ᠤ ᠰᠠᠭᠤᠷᠢ ᠮᠥᠨ᠃ ᠣᠳᠣᠬᠠᠨ᠎ᠳᠤ᠂ ᠳᠡᠯᠡᠬᠡᠢ ᠵᠢᠨ ᠨᠡᠭᠡᠭᠡᠯᠲᠡ ᠵᠢᠨ ᠵᠢᠭ᠋ᠠᠯᠲᠠ ᠲᠤᠭ᠎ᠠ ᠳᠠᠰᠤᠷᠠᠯᠳᠠ ᠦᠭᠡᠢ ᠪᠠᠭᠤᠷᠠᠵᠤ᠂ ᠭᠠᠭᠴᠠ ᠲᠠᠯᠠᠲᠤ ᠦᠵᠡᠯ᠂ ᠬᠠᠮᠠᠭ᠋ᠠᠯᠠᠬᠤ ᠦᠵᠡᠯ ᠰᠢᠷᠦᠭᠦᠰᠴᠦ᠂ ᠤᠯᠠᠨ ᠲᠠᠯᠠᠲᠤ ᠦᠵᠡᠯ᠂ ᠴᠢᠯᠦᠭᠡᠲᠦ ᠠᠷᠠᠯᠵᠢᠶ᠎ᠠ ᠬᠦᠨᠳᠦ ᠨᠣᠴᠢᠲᠠᠢ ᠥᠷᠢᠰᠦᠯᠳᠦᠭᠡᠨ᠎ᠳᠤ ᠲᠤᠯᠭ᠋ᠠᠷᠠᠵᠤ ᠪᠠᠶ᠋ᠢᠨ᠎ᠠ᠃ ᠪᠢᠳᠡ ᠳᠡᠯᠡᠬᠡᠢ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ ᠵᠢᠨ ᠣᠶ᠋ᠢᠯᠠᠭ᠋ᠠᠭᠳᠠᠬᠤᠨ ᠪᠣᠯᠣᠨ ᠳᠦᠷᠢᠮ᠎ᠢ ᠪᠠᠲᠤ ᠰᠠᠬᠢᠵᠤ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠵᠢᠨ ᠴᠢᠯᠦᠭᠡᠵᠢᠯᠲᠡ ᠳᠥᠭᠦᠮᠴᠢᠯᠡᠯᠲᠡ ᠵᠢ ᠦᠷᠭᠦᠯᠵᠢᠯᠡᠨ ᠠᠬᠢᠭᠤᠯᠵᠤ᠂ ᠡᠯ᠎ᠡ ᠤᠯᠤᠰ᠎ᠤᠨ ᠨᠡᠭᠡᠭᠡᠯᠲᠡ ᠬᠢᠬᠦ᠎ᠪᠠᠷ ᠳᠠᠮᠵᠢᠨ ᠬᠠᠮᠲᠤ᠎ᠪᠠᠷ ᠬᠥᠭᠵᠢᠬᠦ 《ᠪᠤᠭᠤᠷᠰᠤᠭ》᠎ᠢ ᠪᠤᠵᠠᠭ᠋ᠠᠶ᠋ᠢᠷᠠᠭᠤᠯᠬᠤ ᠵᠢ ᠠᠬᠢᠭᠤᠯᠤᠶ᠎ᠠ᠃ ᠴᠥᠭᠡᠨ ᠪᠤᠰᠤ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ ᠢᠯᠠᠩᠭᠤᠶ᠎ᠠ ᠤᠯᠤᠰ ᠠᠯᠤᠰᠯᠠᠭᠰᠠᠨ ᠺᠤᠮᠫᠠᠨᠢ᠎ᠨᠢ ᠨᠡᠯᠢᠶᠡᠳ ᠶᠡᠭᠡ ᠤᠯᠠᠨ ᠤᠯᠤᠰ᠎ᠤᠨ ᠨᠥᠯᠥᠭᠡᠯᠡᠬᠦ ᠬᠦᠴᠦᠨ᠎ᠲᠠᠢ ᠶᠤᠮ᠂ ᠤᠯᠠᠨ ᠵᠶ᠋ᠠᠷ ᠵᠶ᠋ᠠᠨ ᠣᠶᠤᠨᠴᠢ ᠲᠠᠭᠤᠨ ᠭᠠᠷᠭ᠋ᠠᠵᠤ᠂ ᠪᠣᠳᠠᠲᠠᠢ ᠵᠢ ᠡᠷᠬᠢᠮᠯᠡᠭᠰᠡᠨ ᠠᠵᠢᠯᠯᠠᠭ᠎ᠠ ᠠᠪᠴᠤ᠂ ᠡᠯ᠎ᠡ ᠵᠦᠢ᠍ᠯ᠎ᠤᠨ ᠲᠡᠦᠬᠡ ᠵᠢᠨ ᠬᠦᠷᠳᠦ ᠵᠢ ᠤᠬᠤᠷᠢᠭᠤᠯᠬᠤ ᠠᠵᠢᠯᠯᠠᠭ᠎ᠠ ᠵᠢ ᠬᠤᠷᠢᠭᠯᠠᠵᠤ᠂ ᠡᠪᠰᠡᠯ ᠦᠭᠡᠢ ᠦᠵᠡᠯᠴᠡᠭᠡᠨ᠎ᠠᠴᠠ ᠮᠤᠯᠲᠤᠷᠠᠵᠤ᠂ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠳᠡᠭᠦ ᠵᠢ ᠠᠬᠢᠭᠤᠯᠬᠤ ᠵᠢ ᠬᠦᠰᠡᠵᠦ ᠪᠠᠶ᠋ᠢᠨ᠎ᠠ᠃
    ᠪᠢᠳᠡ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ᠎ᠢ ᠬᠠᠮᠲᠤ᠎ᠪᠠᠷ ᠬᠠᠮᠠᠭ᠋ᠠᠯᠠᠶ᠎ᠠ᠃ ᠡᠨᠡ ᠪᠣᠯ ᠳᠡᠯᠡᠬᠡᠢ ᠵᠢᠨ ᠠᠵᠤ ᠠᠬᠤᠢ ᠵᠢᠨ ᠡᠷᠡᠭᠦᠯ ᠵᠶ᠋ᠠᠷ ᠬᠥᠭᠵᠢᠬᠦ ᠵᠢᠨ ᠴᠢᠬᠤᠯᠠ ᠪᠠᠲᠤᠯᠠᠭ᠎ᠠ ᠮᠥᠨ᠃ 《ᠬᠠᠷᠢᠴᠠᠭ᠎ᠠ ᠬᠤᠯᠪᠤᠭ᠎ᠠ᠎ᠪᠠᠨ ᠲᠠᠰᠤᠯᠬᠤ》᠎ᠨᠢ ᠪᠤᠰᠤᠳ᠎ᠢ ᠬᠤᠬᠢᠷᠠᠭᠤᠯᠵᠤ ᠪᠡᠶ᠎ᠡ᠎ᠳᠡᠭᠡᠨ ᠴᠤ᠌ ᠠᠰᠢᠭ ᠦᠭᠡᠢ ᠪᠠᠶ᠋ᠢᠵᠤ᠂ ᠭᠠᠷᠬᠤ ᠵᠠᠮ ᠦᠭᠡᠢ ᠶᠤᠮ᠃ ᠵᠠᠷᠢᠮ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ ᠪᠣᠯ ᠪᠦᠭᠦ ᠪᠥᠮᠪᠥᠷᠴᠡᠭ᠎ᠤᠨ ᠬᠤᠯᠪᠣᠭᠳᠠᠯ ᠪᠦᠬᠦᠢ ᠠᠵᠤ ᠦᠢ᠍ᠯᠡᠰ᠎ᠤᠨ 《ᠬᠡᠯᠬᠢᠶ᠎ᠡ ᠵᠢᠨ ᠡᠵᠡᠨ》 ᠮᠥᠨ᠂ ᠶᠡᠭᠡ ᠬᠡᠮᠵᠢᠶᠡᠨ᠎ᠤ ᠳᠡᠭᠡᠳᠦ ᠳᠣᠣᠷᠠᠳᠤ ᠬᠡᠯᠬᠢᠶ᠎ᠡ ᠵᠢᠨ ᠠᠵᠤ ᠠᠬᠤᠶ᠋ᠢᠯᠠᠯ᠎ᠲᠠᠢ ᠴᠤᠭ ᠬᠠᠮᠲᠤ᠎ᠪᠠᠷ ᠣᠷᠣᠰᠢᠵᠤ ᠬᠠᠮᠲᠤ᠎ᠪᠠᠷ ᠠᠰᠢᠭ ᠭᠦᠷᠳᠡᠭᠦ ᠠᠵᠤ ᠦᠢ᠍ᠯᠡᠰ᠎ᠤᠨ ᠠᠮᠢ ᠠᠬᠤᠢ ᠵᠢ ᠪᠦᠷᠢᠯᠳᠦᠭᠦᠯᠵᠦ᠂ ᠭᠡᠷ᠎ᠡ ᠵᠢᠨ ᠵᠣᠷᠢᠭ ᠰᠠᠨᠠᠭ᠎ᠠ ᠵᠢ ᠪᠠᠲᠤ ᠰᠠᠬᠢᠵᠤ᠂ ᠡᠷᠭᠢᠯᠡᠭᠴᠢ ᠤᠯᠤᠰ᠎ᠲᠤ ᠦᠨᠳᠦᠰᠦᠯᠡᠬᠦ᠎ᠨᠢ ᠲᠤᠰ ᠪᠡᠶ᠎ᠡ ᠵᠢᠨ ᠠᠯᠤᠰ ᠭᠡᠳᠤ ᠵᠢᠨ ᠬᠥᠭᠵᠢᠯᠲᠡ᠎ᠳᠤ ᠠᠰᠢᠭᠲᠠᠢ ᠪᠥᠭᠡᠳ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ᠎ᠢ ᠬᠠᠮᠠᠭ᠋ᠠᠯᠠᠬᠤ᠎ᠳᠤ ᠠᠰᠢᠭᠲᠠᠢ ᠶᠤᠮ᠃ ᠲᠠ ᠤᠯᠠᠨ᠎ᠳᠤ ᠥᠨᠳᠥᠷ᠎ᠲᠤ ᠵᠣᠭᠰᠣᠨ ᠠᠯᠤᠰ᠎ᠢ ᠪᠠᠷᠠᠯᠠᠵᠤ᠂ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ ᠲᠣᠭᠲᠠᠭᠤᠨ ᠪᠠᠶ᠋ᠢᠳᠠᠯ᠎ᠢ ᠬᠠᠷᠰᠢᠯᠠᠬᠤ ᠡᠯ᠎ᠡ ᠵᠦᠢ᠍ᠯ᠎ᠤᠨ ᠦᠢ᠍ᠯᠡ ᠠᠵᠢᠯᠯᠠᠭ᠎ᠠ ᠵᠢ ᠰᠣᠬᠤᠷ ᠪᠠᠯᠠᠢ᠎ᠪᠠᠷ ᠳᠠᠭ᠋ᠠᠬᠤ ᠦᠭᠡᠢ ᠪᠠᠶ᠋ᠢᠵᠤ᠂ ᠪᠦᠭᠦ ᠪᠥᠮᠪᠥᠷᠴᠡᠭ᠎ᠤᠨ ᠬᠥᠭᠵᠢᠯᠲᠡ᠎ᠳᠤ ᠢᠳᠡᠪᠬᠢ ᠬᠦᠴᠦᠨ ᠪᠠ ᠲᠣᠬᠲᠠᠭ᠋ᠠᠯᠲᠤ ᠴᠢᠨᠠᠷ᠎ᠢ ᠢᠯᠡᠭᠦᠬᠡᠨ ᠨᠡᠮᠡᠷᠢᠯᠡᠬᠦ ᠵᠢ ᠬᠦᠰᠡᠵᠦ ᠪᠠᠶ᠋ᠢᠨ᠎ᠠ᠃
    ᠪᠢᠳᠡ ᠬᠠᠮᠲᠤ᠎ᠪᠠᠷ ᠨᠡᠭᠡᠭᠡᠯᠲᠡ᠎ᠲᠠᠢ ᠬᠠᠮᠲᠤᠷᠠᠯᠴᠠᠬᠤ ᠤᠯᠠᠨ ᠤᠯᠤᠰ᠎ᠤᠨ ᠠᠮᠢ ᠠᠬᠤᠢ ᠵᠢ ᠬᠠᠮᠠᠭ᠋ᠠᠯᠠᠶ᠎ᠠ᠃ ᠣᠨᠴᠠ ᠵᠠᠷᠢᠮ ᠤᠯᠤᠰ 《ᠪᠠᠭ᠎ᠠ ᠬᠦᠷᠢᠶ᠎ᠡ ᠥᠨᠳᠥᠷ ᠬᠡᠷᠡᠮ》᠂ ᠪᠣᠭᠤᠮᠲᠠ ᠵᠢᠨ ᠭᠠᠶ᠋ᠢᠯᠢ ᠵᠢᠨ ᠪᠠᠬᠢᠯᠡᠯᠲᠡ ᠪᠠᠶ᠋ᠢᠭᠤᠯᠵᠤ᠂ ᠠᠵᠤ ᠠᠬᠤᠢ ᠠᠷᠠᠯᠵᠢᠶᠠᠨ᠎ᠤ ᠠᠰᠠᠭᠤᠳᠠᠯ᠎ᠢ ᠤᠯᠤᠰ ᠲᠥᠷᠥᠴᠢᠯᠡᠵᠦ᠂ ᠪᠠᠭ᠋ᠠᠵᠢ ᠬᠡᠷᠡᠭᠯᠡᠭᠦᠷ ᠪᠤᠯᠭ᠋ᠠᠵᠤ᠂ ᠵᠡᠪᠰᠡᠭᠯᠡᠵᠦ᠂ ᠨᠠᠷᠮᠠᠢ ᠠᠮᠤᠷ ᠲᠦᠪᠰᠢᠨ ᠪᠤᠯᠭ᠋ᠠᠵᠤ᠂ ᠠᠵᠤ ᠠᠬᠤᠶ᠋ᠢᠯᠠᠯ ᠡᠷᠬᠡᠪᠰᠢ ᠨᠢᠭᠡ ᠲᠠᠯ᠎ᠠ ᠵᠢ ᠰᠣᠩᠭᠤᠬᠤ ᠵᠢ ᠠᠯᠪᠠᠳᠠᠵᠤ᠂ ᠠᠵᠤ ᠠᠬᠤᠢ ᠵᠢᠨ ᠵᠢᠮ᠎ᠡ ᠶᠣᠰᠣ᠎ᠠᠴᠠ ᠵᠥᠷᠢᠴᠡᠭᠰᠡᠨ ᠰᠣᠩᠭᠤᠯᠲᠠ ᠭᠢᠯᠭᠡᠵᠦ ᠪᠠᠶ᠋ᠢᠨ᠎ᠠ᠃ ᠡᠨᠡ᠎ᠨᠢ ᠵᠠᠬ᠎ᠠ ᠳᠡᠯᠭᠡᠭᠦᠷ᠎ᠤᠨ ᠳᠦᠷᠢᠮ ᠪᠠ ᠨᠡᠭᠡᠭᠡᠯᠲᠡ ᠵᠢᠨ ᠶᠡᠭᠡ ᠬᠠᠨᠳᠤᠰᠢ᠎ᠲᠠᠢ ᠨᠡᠶ᠋ᠢᠴᠡᠬᠦ ᠦᠭᠡᠢ᠃ ᠠᠵᠤ ᠠᠬᠤᠶ᠋ᠢᠯᠠᠯ ᠪᠣᠯ ᠡᠵᠡᠩᠨᠡᠯᠲᠡ ᠵᠢᠨ ᠭᠤᠣᠯ ᠴᠣᠭᠴᠠ ᠮᠥᠨ᠂ ᠤᠯᠠᠨ ᠵᠶ᠋ᠠᠷ ᠵᠶ᠋ᠠᠨ ᠵᠠᠬ᠎ᠠ ᠳᠡᠯᠭᠡᠭᠦᠷ᠎ᠤᠨ ᠵᠢᠮ᠎ᠡ ᠶᠣᠰᠣ ᠵᠢ ᠭᠦᠨᠳᠦᠳᠭᠡᠵᠦ᠂ ᠵᠠᠬ᠎ᠠ ᠳᠡᠯᠭᠡᠭᠦᠷ᠎ᠤᠨ ᠳᠦᠷᠢᠮ᠎ᠢ ᠬᠠᠮᠠᠭ᠋ᠠᠯᠠᠵᠤ᠂ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠨ ᠬᠤᠳᠠᠯᠳᠤᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠵᠤ᠂ ᠨᠡᠭᠡᠭᠡᠯᠲᠡᠲᠡᠢ᠂ ᠤᠯᠠᠨ ᠡᠰᠢᠵᠢᠭᠰᠡᠨ᠂ ᠲᠣᠭᠲᠠᠭᠤᠨ ᠳᠡᠯᠡᠬᠡᠢ ᠵᠢᠨ ᠠᠵᠤ ᠠᠬᠤᠢ ᠵᠢᠨ ᠡᠮᠬᠢ ᠳᠢᠭᠯᠢᠮ᠎ᠢ ᠪᠦᠷᠢᠯᠳᠦᠭᠦᠯᠬᠦ ᠵᠢ ᠬᠠᠮᠲᠤ᠎ᠪᠠᠷ ᠠᠬᠢᠭᠤᠯᠬᠤ ᠵᠢ ᠬᠦᠰᠡᠵᠦ ᠪᠠᠶ᠋ᠢᠨ᠎ᠠ᠃
   《ᠵᠣᠷᠢᠭ ᠨᠢᠭᠡᠲᠡᠨ ᠵᠠᠮ᠎ᠢ ᠬᠤᠯᠠ ᠭᠡᠵᠦ ᠴᠥᠬᠦᠷᠡᠳᠡᠭ ᠦᠭᠡᠢ》᠃ ᠤᠯᠠᠨ ᠵᠶ᠋ᠠᠷ ᠵᠶ᠋ᠠᠨ ᠲᠦᠮᠡᠨ ᠭᠠᠵᠠᠷ᠎ᠤᠨ ᠬᠤᠯᠠ᠎ᠠᠴᠠ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠬᠤ᠎ᠳᠠᠭᠠᠨ ᠪᠦᠷ ᠰᠠᠶ᠋ᠢᠨ ᠰᠠᠶ᠋ᠢᠬᠠᠨ ᠬᠦᠰᠡᠯ ᠡᠷᠡᠮᠡᠯᠵᠡᠯ᠎ᠢ ᠡᠪᠦᠷᠯᠡᠨ ᠢᠷᠡᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠯᠦᠭᠡ ᠵᠢᠨ ᠨᠥᠬᠦᠷᠯᠡᠯ᠎ᠢ ᠪᠤᠳᠤᠵᠤ ᠢᠷᠡᠭᠰᠡᠨ ᠶᠤᠮ᠃ ᠥᠨᠥᠳᠥᠷ᠎ᠤᠨ ᠶᠠᠷᠢᠯᠴᠠᠭ᠎ᠠ᠎ᠨᠢ ᠪᠢᠳᠡᠨ᠎ᠤ ᠣᠶ᠋ᠢᠯᠠᠭ᠋ᠠᠯᠴᠠᠭ᠎ᠠ ᠵᠢ ᠭᠦᠨᠵᠡᠭᠡᠶ᠋ᠢᠷᠡᠭᠦᠯᠵᠦ᠂ ᠨᠥᠬᠦᠷᠯᠡᠯ᠎ᠢ ᠪᠠᠲᠤᠳᠬᠠᠵᠤ᠂ ᠢᠲᠡᠭᠡᠯ᠎ᠢ ᠨᠡᠮᠡᠭᠳᠡᠭᠦᠯᠪᠡ᠃ ᠪᠢᠳᠡ ᠳᠤᠷᠠᠲᠠᠶ᠎ᠠ ᠥᠷᠭᠡᠨ ᠤᠯᠠᠨ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠲᠠᠢ ᠬᠠᠮᠲᠤ᠎ᠪᠠᠷ᠂ ᠳᠤᠮᠳᠠᠳᠤ ᠤᠯᠤᠰ᠎ᠤᠨ ᠡᠨᠡ ᠬᠦ᠌ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠡᠬᠡ ᠭᠠᠵᠠᠷ᠎ᠲᠤ ᠬᠠᠮᠲᠤᠷᠠᠯᠴᠠᠭ᠎ᠠ᠎ᠪᠠᠨ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠨ᠎ᠡ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠵᠤ ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠯᠲᠠ᠎ᠳᠤ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠵᠡᠷᠭᠡ ᠵᠢ ᠰᠤᠳᠤᠯᠪᠠ
ᠰᠢ ᠵᠢᠨ ᠫᠢᠩ ᠶᠦᠨᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠦᠵᠡᠯ ᠰᠠᠨᠠᠭ᠎ᠠ᠎ᠪᠠᠨ ᠴᠢᠯᠦᠭᠡᠯᠡᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠡᠷᠡᠮᠡᠬᠡᠶ᠋ᠢᠯᠡᠨ ᠤᠷᠤᠭᠰᠢᠯᠠᠵᠤ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠶᠦᠨᠨᠠᠨ᠎ᠤ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ
ᠴᠢᠨᠠᠷ ᠰᠠᠶ᠋ᠢᠲᠠᠢ ᠬᠥᠭᠵᠢᠯᠲᠡ᠎ᠪᠠᠷ ᠪᠥᠬᠦ ᠲᠠᠯ᠎ᠠ ᠵᠢ ᠬᠠᠮᠤᠷᠬᠤ ᠵᠢ ᠪᠠᠷᠢᠮᠲᠠᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠭᠦᠢ᠍ᠵᠧᠦ ᠵᠢᠨ ᠰᠢᠨ᠎ᠡ ᠵᠢᠪᠬᠤᠭ᠎ᠠ ᠵᠢ ᠢᠯᠡᠷᠡᠭᠦᠯᠬᠦ ᠬᠡᠷᠡᠭᠲᠡᠢ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠠᠢ᠍ᠮᠠᠳᠤᠭ᠋ᠠᠷ ᠤᠳᠠᠭ᠎ᠠ ᠵᠢᠨ ᠪᠦᠭᠦᠳᠡ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ ᠪᠦᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠠᠬᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠲᠦᠷᠦ ᠵᠢᠨ ᠶᠠᠪᠤᠳᠠᠯ᠎ᠤᠨ ᠬᠤᠷᠢᠶᠠᠨ᠎ᠤ 2025 ᠣᠨ᠎ᠤ ᠭᠤᠣᠯᠳᠠᠯᠭ᠎ᠠ ᠪᠣᠯᠬᠤ ᠠᠵᠢᠯ᠎ᠢ ᠨᠠᠶ᠋ᠢᠳᠠᠪᠤᠷᠢᠵᠢᠭᠤᠯᠬᠤ ᠪᠠᠶ᠋ᠢᠷᠢᠯᠠᠭᠤᠯᠤᠯᠲᠠ ᠬᠢᠪᠡ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ 《ᠲᠥᠷᠥ ᠵᠢᠨ ᠶᠠᠪᠤᠳᠠᠯ᠎ᠤᠨ ᠬᠤᠷᠢᠶᠠᠨ᠎ᠤ 2025 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》 ᠵᠡᠷᠭᠡ ᠵᠢ ᠶᠠᠷᠢᠯᠴᠠᠨ ᠪᠠᠲᠤᠯᠠᠪᠠ
 
            