ᠰᠢᠨᠬᠤᠸᠠ ᠬᠤᠷᠢᠶᠠᠨ᠎ᠤ ᠪᠡᠭᠡᠵᠢᠩ᠎ᠤᠨ 3 ᠳ᠋ᠤᠭ᠋ᠠᠷ ᠰᠠᠷ᠎ᠠ ᠵᠢᠨ 12᠎ᠤᠨ ᠡᠳᠦᠷ᠎ᠤᠨ ᠮᠡᠳᠡᠭᠡ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ 3 ᠳ᠋ᠤᠭ᠋ᠠᠷ ᠰᠠᠷ᠎ᠠ ᠵᠢᠨ 12᠎ᠤᠨ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠵᠤ᠂ 《ᠲᠥᠷᠥ ᠵᠢᠨ ᠶᠠᠪᠤᠳᠠᠯ᠎ᠤᠨ ᠬᠤᠷᠢᠶᠠᠨ᠎ᠤ 2025 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》᠎ᠢ ᠶᠠᠷᠢᠯᠴᠠᠨ ᠪᠠᠲᠤᠯᠠᠵᠤ᠂ 《〈ᠲᠦᠷᠭᠡᠨ ᠬᠦᠷᠭᠡᠯᠲᠡ ᠵᠢᠨ ᠲᠦᠷ ᠬᠡᠷᠡᠭᠵᠢᠭᠦᠯᠬᠦ ᠳᠦᠷᠢᠮ〉᠎ᠳᠤ ᠵᠠᠰᠠᠪᠤᠷᠢ ᠣᠷᠣᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠣᠭᠲᠠᠭ᠋ᠠᠯ (ᠡᠬᠡ ᠲᠥᠰᠥᠯ)》᠎ᠢ ᠬᠢᠨᠠᠨ ᠶᠠᠷᠢᠯᠴᠠᠵᠤ ᠪᠠᠲᠤᠯᠠᠪᠠ᠃
ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠰᠠᠶᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ ᠵᠶ᠋ᠠᠷ ᠬᠢᠨᠠᠨ ᠶᠠᠷᠢᠯᠴᠠᠵᠤ ᠪᠠᠲᠤᠯᠠᠭᠰᠠᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠪᠦᠬᠦ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠲᠣᠳᠣᠷᠬᠠᠢ ᠲᠣᠭᠲᠠᠭ᠋ᠠᠵᠠᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠎ᠨᠦᠭᠦᠳ ᠰᠠᠨᠠᠭ᠋ᠠᠴᠢᠯᠠᠭ᠎ᠠ᠎ᠠᠴᠠ᠎ᠪᠠᠨ ᠪᠣᠳᠠᠲᠤ ᠪᠠᠶ᠋ᠢᠳᠠᠯ᠎ᠳᠤ᠎ᠪᠠᠨ ᠲᠣᠬᠢᠷᠠᠭᠤᠯᠤᠨ᠂ ᠨᠡᠩ ᠴᠢᠩᠭ᠎ᠠ ᠡᠭᠦᠷᠭᠡᠯᠡᠯ᠂ ᠨᠡᠩ ᠢᠳᠡᠪᠬᠢᠲᠡᠢ ᠠᠵᠢᠯᠯᠠᠭ᠎ᠠ᠎ᠪᠠᠷ ᠡᠯ᠎ᠡ ᠵᠦᠢ᠍ᠯ᠎ᠤᠨ ᠠᠵᠢᠯ᠎ᠤᠨ ᠡᠭᠦᠷᠭᠡ᠎ᠪᠠᠨ ᠰᠠᠶ᠋ᠢᠲᠤᠷ ᠪᠡᠶᠡᠯᠡᠭᠦᠯᠵᠦ᠂ ᠪᠣᠳᠠᠲᠠᠢ ᠠᠵᠢᠯᠯᠠᠭ᠎ᠠ ᠪᠣᠳᠠᠲᠠᠢ ᠪᠦᠲᠦᠮᠵᠢ᠎ᠪᠠᠷ ᠵᠶ᠋ᠠᠨ ᠠᠷᠠᠳ ᠲᠦᠮᠡᠨ᠎ᠳᠤ ᠬᠢᠭᠰᠡᠨ ᠲᠥᠪ ᠴᠢᠩᠭ᠎ᠠ ᠠᠮᠠᠯᠠᠯᠲᠠ᠎ᠪᠠᠨ ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠭ᠋ᠠᠳ ᠲᠦᠷᠭᠡᠳᠬᠡᠨ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠮᠠᠭ᠋ᠠᠳ ᠪᠤᠰᠤ ᠬᠦᠴᠦᠨ ᠵᠦᠢ᠍ᠯ᠎ᠯᠦᠭᠡ ᠴᠠᠭ᠎ᠢ ᠠᠮᠵᠢᠨ ᠴᠢᠩᠭ᠎ᠠ ᠠᠳᠬᠤᠨ ᠲᠦᠷᠭᠡᠨ ᠠᠵᠢᠯᠯᠠᠵᠤ᠂ ᠤᠷᠤᠭᠰᠢ᠎ᠪᠠᠨ ᠬᠦᠴᠦᠯᠡᠬᠦ ᠬᠡᠷᠡᠭᠲᠡᠢ᠃ ᠡᠭᠦᠨ᠎ᠤ ᠵᠡᠷᠭᠡ᠎ᠳᠤ ᠪᠠᠶ᠋ᠢᠳᠠᠯ᠎ᠤᠨ ᠬᠤᠪᠢᠷᠠᠯᠲᠠ ᠵᠢ ᠨᠢᠭᠲᠠ ᠮᠥᠷᠳᠡᠵᠦ᠂ ᠲᠥᠷᠥ ᠵᠢᠨ ᠪᠣᠳᠣᠯᠭ᠎ᠠ ᠵᠢᠨ ᠨᠥᠭᠡᠴᠡᠯᠡᠯ᠎ᠢ ᠰᠠᠶ᠋ᠢᠲᠤᠷ ᠬᠢᠵᠦ᠂ ᠬᠡᠷᠡᠭᠴᠡᠭᠡ᠎ᠲᠠᠢ ᠦᠶ᠎ᠡ᠎ᠳᠤ ᠴᠠᠭ ᠲᠤᠬᠠᠢᠳᠤᠨᠢ ᠨᠡᠶ᠋ᠢᠲᠡᠯᠡᠵᠦ᠂ ᠠᠯᠢ ᠲᠦᠷᠭᠡᠨ ᠵᠶ᠋ᠠᠷ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠨ᠎ᠠ᠃ ᠭᠤᠣᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠤᠨᠢᠨ ᠳᠡᠭᠡᠷ᠎ᠡ᠎ᠨᠢ ᠬᠦᠴᠦᠯᠡᠵᠦ᠂ ᠳᠠᠶ᠋ᠢᠴᠢᠯᠠᠬᠤ ᠴᠢᠨᠠᠷ ᠪᠠ ᠬᠥᠰᠢᠵᠦ ᠨᠡᠭᠡᠭᠡᠬᠦ ᠴᠢᠨᠠᠷ ᠵᠶ᠋ᠠᠷ ᠴᠢᠩᠭ᠎ᠠ ᠭᠠᠷᠳᠠᠬᠤ ᠴᠡᠭ᠎ᠢ ᠴᠢᠳᠠᠮᠠᠭ᠋ᠠᠢ ᠣᠯᠵᠤ᠂ ᠰᠢᠨ᠎ᠡ ᠭᠠᠷᠳᠠᠴᠠ ᠪᠠ ᠠᠴᠢᠶᠠᠯᠠᠪᠤᠷᠢ ᠵᠢ ᠳᠠᠰᠤᠷᠠᠯᠳᠠ ᠦᠭᠡᠢ ᠰᠦᠪᠡᠭᠴᠢᠯᠡᠨ᠂ ᠴᠡᠭ ᠵᠶ᠋ᠠᠷ ᠨᠡᠶ᠋ᠢᠳᠡᠮ᠎ᠢ ᠳᠠᠶ᠋ᠢᠴᠢᠯᠠᠨ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠵᠢᠨ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ᠎ᠢ ᠵᠢᠯᠣᠭᠤᠳᠤᠨ ᠳᠡᠮᠵᠢᠬᠦ᠎ᠪᠠᠨ ᠴᠢᠩᠭ᠋ᠠᠳᠬᠠᠵᠤ᠂ ᠬᠦᠴᠦᠨ ᠵᠦᠢ᠍ᠯ᠎ᠤᠨ ᠪᠠᠲᠤᠯᠠᠭ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠂ ᠥᠭᠡᠷᠡᠴᠢᠯᠡᠯᠲᠡ ᠨᠡᠭᠡᠭᠡᠯᠲᠡ ᠵᠢᠨ ᠤᠷᠢᠳ ᠵᠶ᠋ᠠᠷ ᠬᠡᠷᠡᠭᠵᠢᠭᠦᠯᠦᠨ ᠤᠷᠢᠳ ᠵᠶ᠋ᠠᠷ ᠲᠤᠷᠰᠢᠬᠤ ᠵᠡᠷᠭᠡ ᠲᠠᠯ᠎ᠠ᠎ᠪᠠᠷ ᠳᠡᠮᠵᠢᠬᠦ ᠲᠦᠷᠦ ᠵᠢᠨ ᠪᠣᠳᠣᠯᠭ᠎ᠠ ᠲᠣᠭᠲᠠᠭ᠋ᠠᠵᠤ᠂ ᠪᠣᠳᠠᠲᠠᠢ ᠲᠥᠰᠥᠯ ᠭᠠᠷᠭ᠋ᠠᠬᠤ ᠬᠡᠷᠡᠭᠲᠡᠢ᠃ ᠰᠠᠯᠠᠭ᠎ᠠ ᠮᠥᠴᠢᠷ ᠬᠤᠭᠤᠷᠣᠨᠳᠤᠬᠢ ᠬᠠᠮᠵᠢᠯᠴᠠᠨ ᠬᠠᠮᠲᠤᠷᠠᠯᠴᠠᠬᠤ ᠵᠢ ᠴᠢᠩᠭ᠋ᠠᠳᠬᠠᠵᠤ᠂ ᠡᠯ᠎ᠡ ᠰᠠᠯᠠᠭ᠎ᠠ ᠮᠥᠴᠢᠷ᠎ᠤᠳ ᠶᠡᠭᠡ ᠲᠠᠯᠠᠲᠤ ᠤᠬᠠᠮᠰᠠᠷ ᠵᠶ᠋ᠠᠨ ᠴᠢᠩᠭ᠋ᠠᠳᠬᠠᠵᠤ᠂ ᠰᠢᠰᠲ᠋ᠧᠮᠲᠦ ᠦᠵᠡᠯᠲᠡ᠎ᠪᠠᠨ ᠴᠢᠩᠭ᠋ᠠᠷᠠᠭᠤᠯᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ᠎ᠤᠳ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭ᠋ᠠᠴᠢᠯᠠᠭ᠎ᠠ᠎ᠠᠴᠠ᠎ᠪᠠᠨ ᠠᠰᠠᠭᠤᠳᠠᠯ ᠰᠢᠢ᠍ᠳᠪᠦᠷᠢᠯᠡᠵᠦ᠂ ᠣᠷᠣᠯᠴᠠᠭᠰᠠᠨ ᠰᠠᠯᠠᠭ᠎ᠠ ᠮᠥᠴᠢᠷ ᠢᠳᠡᠪᠬᠢᠲᠡᠢ ᠠᠵᠢᠯᠯᠠᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠪᠦᠷᠢᠯᠳᠦᠭᠦᠯᠦᠭᠡᠳ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠡᠢ᠃
ᠬᠤᠷᠠᠯᠳᠤᠭ᠋ᠠᠨ ᠵᠶ᠋ᠠᠷ 《〈ᠲᠦᠷᠭᠡᠨ ᠬᠦᠷᠭᠡᠯᠲᠡ ᠵᠢᠨ ᠲᠦᠷ ᠬᠡᠷᠡᠭᠵᠢᠭᠦᠯᠬᠦ ᠳᠦᠷᠢᠮ〉᠎ᠳᠤ ᠵᠠᠰᠠᠪᠤᠷᠢ ᠣᠷᠣᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠣᠭᠲᠠᠭ᠋ᠠᠯ (ᠡᠬᠡ ᠲᠥᠰᠥᠯ)》᠎ᠢ ᠬᠢᠨᠠᠨ ᠶᠠᠷᠢᠯᠴᠠᠵᠤ ᠪᠠᠲᠤᠯᠠᠪᠠ᠃ ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠲᠦᠷᠭᠡᠨ ᠬᠦᠷᠭᠡᠯᠲᠡ ᠵᠢᠨ ᠪᠣᠭᠤᠳᠠᠯ᠎ᠤᠨ ᠠᠰᠠᠭᠤᠳᠠᠯ᠎ᠳᠤ ᠴᠢᠭᠯᠡᠭᠦᠯᠦᠨ 《ᠳᠦᠷᠢᠮ》᠎ᠳᠤ ᠲᠤᠰᠬᠠᠢ ᠵᠠᠰᠠᠪᠤᠷᠢ ᠣᠷᠣᠭᠤᠯᠤᠭᠰᠠᠨ᠎ᠨᠢ ᠲᠦᠷᠭᠡᠨ ᠬᠦᠷᠭᠡᠯᠲᠡ ᠵᠢᠨ ᠪᠣᠭᠤᠳᠠᠯ᠎ᠢ ᠪᠣᠬᠢᠷᠲᠤᠯ ᠦᠭᠡᠢ ᠪᠣᠯᠭ᠋ᠠᠬᠤ᠂ ᠬᠡᠷᠡᠭᠯᠡᠬᠦ ᠮᠠᠲ᠋ᠧᠷᠢᠶᠠᠯ᠎ᠢ ᠪᠠᠭ᠋ᠠᠰᠬᠠᠬᠤ᠂ ᠡᠷᠭᠢᠯᠳᠦᠬᠦᠶ᠋ᠢᠴᠡ ᠵᠢ ᠠᠬᠢᠭᠤᠯᠬᠤ᠂ ᠪᠣᠬᠢᠷᠲᠤᠯ ᠦᠭᠡᠢ ᠦᠢ᠍ᠯᠡᠳᠪᠦᠷᠢᠯᠡᠯ ᠪᠠ ᠠᠮᠢᠳᠤᠷᠠᠯ᠎ᠤᠨ ᠠᠷᠭ᠎ᠠ ᠬᠡᠯᠪᠡᠷᠢ ᠵᠢ ᠲᠦᠷᠭᠡᠨ ᠪᠦᠷᠢᠯᠳᠦᠭᠦᠯᠬᠦ᠎ᠳᠤ ᠠᠰᠢᠭᠲᠠᠢ ᠶᠤᠮ᠃ ᠰᠢᠰᠲ᠋ᠧᠮᠵᠢᠭᠦᠯᠦᠨ ᠵᠠᠰᠠᠬᠤ᠂ ᠬᠠᠮᠵᠢᠯᠴᠠᠨ ᠵᠠᠰᠠᠬᠤ ᠵᠢ ᠪᠠᠷᠢᠮᠲᠠᠯᠠᠵᠤ᠂ ᠲᠦᠷᠭᠡᠨ ᠬᠦᠷᠭᠡᠯᠲᠡ ᠵᠢᠨ ᠠᠵᠤ ᠠᠬᠤᠶ᠋ᠢᠯᠠᠯ᠎ᠤᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠠᠲᠤᠳᠬᠠᠨ᠂ ᠳᠡᠭᠡᠳᠦ ᠤᠷᠤᠰᠬᠠᠯ᠎ᠳᠤ ᠪᠠᠶ᠋ᠢᠷᠢᠯᠠᠵᠤ ᠪᠦᠬᠦᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠂ ᠬᠤᠳᠠᠯᠳᠤᠭ᠋ᠠᠴᠢᠨ ᠪᠠ ᠳᠣᠣᠷᠠᠳᠤ ᠤᠷᠤᠰᠬᠠᠯ᠎ᠳᠤ ᠪᠠᠶ᠋ᠢᠷᠢᠯᠠᠵᠤ ᠪᠦᠬᠦᠢ ᠬᠡᠷᠡᠭᠯᠡᠭᠴᠢᠳ᠎ᠢ ᠬᠥᠲᠥᠯᠥᠨ ᠵᠢᠯᠤᠭᠤᠳᠴᠤ ᠵᠢᠷᠤᠮᠵᠢᠭᠤᠯᠬᠤ ᠵᠢ ᠴᠢᠩᠭ᠋ᠠᠳᠬᠠᠵᠤ᠂ ᠪᠥᠬᠦ ᠬᠡᠯᠬᠢᠶ᠎ᠡ᠎ᠪᠠᠷ᠎ᠨᠢ ᠵᠠᠰᠠᠬᠤ ᠵᠢ ᠠᠬᠢᠭᠤᠯᠬᠤ ᠬᠡᠷᠡᠭᠲᠡᠢ᠃ ᠲᠦᠷᠭᠡᠨ ᠬᠦᠷᠭᠡᠯᠲᠡ ᠵᠢᠨ ᠪᠣᠭᠤᠳᠠᠯ᠎ᠤᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠶᠡᠷᠦᠩᠬᠡᠶ᠋ᠢᠯᠡᠭᠰᠡᠨ ᠴᠢᠨᠠᠷᠲᠠᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠪᠣᠭᠤᠳᠠᠯᠯᠠᠬᠤ᠂ ᠡᠭᠡᠭᠦᠯᠦᠨ ᠬᠤᠷᠢᠶᠠᠬᠤ᠂ ᠤᠬᠢᠶᠠᠵᠤ ᠴᠡᠪᠡᠷᠯᠡᠬᠦ᠂ ᠲᠣᠬᠢᠷᠠᠭᠤᠯᠬᠤ ᠰᠠᠯᠭ᠋ᠠᠬᠤ ᠵᠡᠷᠭᠡ ᠡᠵᠡᠩᠨᠡᠯᠲᠡ ᠵᠢᠨ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠡᠯ᠎ᠡ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂ ᠪᠣᠬᠢᠷᠲᠤᠯ ᠦᠭᠡᠢ ᠬᠥᠭᠵᠢᠯᠲᠡ ᠵᠢᠨ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ ᠭᠡᠵᠡᠢ᠃
ᠬᠤᠷᠠᠯᠳᠤᠭ᠋ᠠᠨ ᠵᠶ᠋ᠠᠷ ᠪᠠᠰᠠ ᠪᠤᠰᠤᠳ ᠵᠦᠢ᠍ᠯᠡᠰ᠎ᠢ ᠰᠤᠳᠤᠯᠵᠠᠢ᠃