ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠤᠷᠢᠶ᠎ᠡ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ
ᠨᠡᠶ᠋ᠢᠲᠡᠯᠡᠭᠰᠡᠨ ᠴᠠᠭ᠄ 2025-03-04

    ᠰᠢᠨᠬᠤᠸᠠ ᠬᠤᠷᠢᠶ᠎ᠠ ᠵᠢᠨ ᠪᠡᠭᠡᠵᠢᠩ᠎ᠤᠨ 2 ᠰᠠᠷ᠎ᠠ ᠵᠢᠨ 28᠎ᠤ ᠴᠠᠬᠢᠯᠭ᠋ᠠᠨ ᠮᠡᠳᠡᠭᠡ ᠳᠣᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠤᠷᠢᠶ᠎ᠡ ᠵᠢᠨ ᠤᠯᠤᠰ ᠳᠦᠷᠦ ᠵᠢᠨ ᠲᠣᠪᠴᠢᠶ᠎ᠠ 2 ᠰᠠᠷ᠎ᠠ ᠵᠢᠨ 28᠎ᠤ ᠡᠳᠦᠷ ᠬᠤᠷᠠᠯ ᠬᠤᠷᠠᠯᠳᠤᠭᠤᠯᠵᠤ᠂ ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ᠎ᠳᠤ ᠳᠡᠪᠰᠢᠭᠦᠯᠦᠨ ᠬᠢᠨᠠᠨ ᠶᠠᠷᠢᠯᠴᠠᠭᠤᠯᠬᠤ᠎ᠪᠠᠷ ᠪᠠᠶ᠋ᠢᠭ᠎ᠠ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ》᠎ᠤᠨ ᠨᠤᠤᠷᠠᠭ᠎ᠢ ᠶᠠᠷᠢᠯᠴᠠᠪᠠ᠃ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠤᠷᠢᠶ᠎ᠡ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ᠃
    ᠬᠤᠷᠠᠯ᠎ᠠᠴᠠ᠂ ᠥᠩᠭᠡᠷᠡᠭᠰᠡᠨ ᠨᠢᠭᠡ ᠵᠢᠯ᠎ᠳᠤ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠪᠦᠬᠦ ᠲᠠᠯ᠎ᠠ ᠵᠢ ᠶᠡᠷᠦᠩᠬᠡᠶ᠋ᠢᠯᠡᠨ ᠵᠢᠯᠤᠭᠤᠳᠴᠤ᠂ ᠯᠠᠪᠳᠠᠭᠤᠨ ᠲᠣᠭᠲᠠᠭᠤᠨ ᠵᠶ᠋ᠠᠷ ᠬᠤᠪᠢᠷᠠᠯᠲᠠ ᠵᠢ ᠠᠷᠭ᠋ᠠᠴᠠᠭ᠋ᠠᠵᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠬᠠᠷᠠᠯᠲᠠ ᠡᠭᠦᠷᠭᠡ ᠵᠢ ᠤᠷᠤᠭᠰᠢᠲᠠᠢ ᠪᠡᠶᠡᠯᠡᠭᠦᠯᠪᠡ᠃ ᠮᠠᠨ᠎ᠤ ᠤᠯᠤᠰ᠎ᠤᠨ ᠠᠵᠤ ᠠᠬᠤᠢ ᠵᠢᠨ ᠡᠷᠬᠢᠯᠳᠠ ᠶᠡᠷᠦᠩᠬᠡᠢ᠎ᠳᠡᠭᠡᠨ ᠲᠣᠭᠲᠠᠭᠤᠨ ᠪᠠᠶ᠋ᠢᠵᠤ᠂ ᠲᠣᠭᠲᠠᠭᠤᠨ᠎ᠤ ᠳᠤᠮᠳᠠ ᠤᠷᠤᠭᠰᠢᠯᠠᠯᠲᠠ᠎ᠲᠠᠢ ᠪᠠᠶ᠋ᠢᠵᠤ᠂ ᠴᠢᠨᠠᠷ ᠰᠠᠶ᠋ᠢᠲᠠᠢ ᠬᠥᠭᠵᠢᠯᠲᠡ ᠯᠠᠪᠳᠠᠭᠤᠨ ᠵᠶ᠋ᠠᠷ ᠠᠬᠢᠵᠤ᠂ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠮ᠎ᠢ ᠠᠯᠬᠤᠵᠠᠢ ᠭᠡᠵᠤ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ ᠮᠥᠨ᠂ ᠵᠠᠰᠠᠭ᠎ᠤᠨ ᠣᠷᠳᠣᠨ᠎ᠤ ᠠᠵᠢᠯ᠎ᠢ ᠰᠠᠶ᠋ᠢᠲᠤᠷ ᠬᠢᠬᠦ᠎ᠳᠤ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠡ ᠵᠢᠨ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠭᠦᠢ᠍ᠴᠡᠳ ᠵᠦᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠨ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠵᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠵᠤ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠶ᠋ᠢᠲᠤᠷ ᠨᠢᠭᠡᠳᠦᠯᠲᠡᠢ ᠲᠥᠯᠥᠪᠯᠡᠵᠦ᠂ ᠨᠡᠩ ᠢᠳᠡᠪᠬᠢᠲᠡᠢ ᠰᠠᠶ᠋ᠢᠨ ᠬᠤᠷᠸ᠎ᠠ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠥᠷᠭᠡᠳᠬᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠵᠤ᠂ ᠭᠡᠷ ᠪᠠᠶ᠋ᠢᠰᠢᠩ᠎ᠤᠨ ᠵᠠᠬ᠎ᠠ ᠳᠡᠯᠭᠡᠭᠦᠷ ᠰᠲ᠋ᠣᠺ᠎ᠤᠨ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠵᠤ᠂ ᠭᠤᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭᠰᠢᠭᠦᠷᠢ ᠪᠠ ᠭᠠᠳᠠᠨᠠᠬᠢ ᠳᠠᠭ᠋ᠠᠷᠢᠯᠲᠠ ᠵᠢ ᠰᠡᠷᠭᠡᠶ᠋ᠢᠯᠡᠨ ᠠᠷᠢᠯᠭ᠋ᠠᠵᠤ᠂ ᠵᠢᠱ᠌ᠢᠯᠲᠡ ᠵᠢ ᠲᠣᠭᠲᠠᠪᠤᠷᠢᠵᠢᠭᠤᠯᠤᠨ᠂ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠠᠵᠤ ᠠᠬᠤᠢ ᠵᠢᠨ ᠦᠷᠭᠦᠯᠵᠢᠯᠡᠨ ᠳᠡᠭᠡᠭᠰᠢᠯᠡᠵᠦ ᠰᠠᠶ᠋ᠢᠵᠢᠷᠠᠬᠤ ᠵᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶ᠋ᠢᠭᠡᠮ᠎ᠤᠨ ᠡᠶ᠎ᠡ ᠵᠣᠬᠢᠴᠠᠩᠭᠤᠢ ᠪᠠ ᠲᠣᠭᠲᠠᠭᠤᠨ ᠪᠠᠶ᠋ᠢᠳᠠᠯ᠎ᠢ ᠪᠠᠲᠤᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠴᠢᠨᠠᠷ ᠰᠠᠶ᠋ᠢᠲᠠᠢ ᠪᠡᠶᠡᠯᠡᠭᠦᠯᠵᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠡᠬᠢᠯᠡᠯᠲᠡ ᠵᠢ ᠪᠡᠶᠡᠯᠡᠭᠦᠯᠬᠦ᠎ᠳᠤ ᠪᠠᠲᠤ ᠰᠠᠭᠤᠷᠢ ᠵᠢ ᠲᠠᠯᠪᠢᠬᠤ ᠬᠡᠷᠡᠭᠳᠡᠢ ᠭᠡᠵᠤ ᠴᠢᠬᠤᠯᠠᠴᠢᠯᠠᠪᠠ᠃
    ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠦ᠍ ᠯᠢᠨ᠎ᠲᠠᠢ ᠬᠡᠯᠡᠯᠴᠡᠭᠡ ᠬᠢᠪᠡ
ᠰᠢ ᠵᠢᠨ ᠫᠢᠩ ᠢᠰᠫᠠᠨᠢ ᠵᠢᠨ ᠲᠡᠷᠢᠭᠦᠨ ᠰᠠᠶ᠋ᠢᠳ ᠰᠠᠩᠴᠢᠶᠧᠰ᠎ᠲᠠᠢ ᠠᠭᠤᠯᠵᠠᠪᠠ
ᠰᠢ ᠵᠢᠨ ᠫᠢᠩ ᠢᠰᠫᠠᠨᠢ ᠵᠢᠨ ᠲᠡᠷᠢᠭᠦᠨ ᠰᠠᠶ᠋ᠢᠳ ᠰᠠᠩᠴᠢᠶᠧᠰ᠎ᠲᠠᠢ ᠠᠭᠤᠯᠵᠠᠪᠠ
ᠰᠢ ᠵᠢᠨ ᠫᠢᠩ ᠠᠽᠧᠷᠪᠠᠶ᠋ᠢᠵᠠᠨ᠎ᠤ ᠶᠡᠷᠦᠩᠬᠡᠢ᠌ᠯᠡᠭᠴᠢ ᠠᠯᠢᠶᠧᠹ᠎ᠲᠠᠢ ᠬᠡᠯᠡᠯᠴᠡᠭᠡ ᠬᠢᠪᠡ
ᠰᠢ ᠵᠢᠨ ᠫᠢᠩ ᠬᠣᠶᠠᠷ᠎ᠢ ᠬᠦᠷᠢᠶᠡᠯᠡᠬᠦ ᠠᠵᠢᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠴᠡᠷᠢᠭ ᠵᠠᠰᠠᠭ ᠴᠡᠷᠢᠭ ᠠᠷᠠᠳ᠎ᠤᠨ ᠪᠠᠲᠤ ᠪᠡᠬᠢ ᠪᠦᠯᠬᠦᠮᠳᠡᠯ᠎ᠢ ᠪᠡᠬᠢᠵᠢᠭᠦᠯᠦᠨ ᠬᠥᠭᠵᠢᠭᠦᠯᠵᠦ ᠠᠷᠠᠳ ᠲᠦᠮᠡᠨ ᠵᠶ᠋ᠠᠨ ᠬᠠᠢ᠌ᠷᠠᠯᠠᠬᠤ ᠴᠡᠷᠢᠭ ᠵᠶ᠋ᠠᠨ ᠬᠠᠢ᠌ᠷᠠᠯᠠᠬᠤ ᠴᠠᠭ ᠦᠶ᠎ᠡ ᠵᠢᠨ ᠰᠢᠨ᠎ᠡ ᠬᠠᠭᠤᠳᠠᠰᠤ ᠵᠢ ᠬᠠᠮᠲᠤ᠎ᠪᠠᠷ ᠦᠷᠭᠦᠯᠵᠢᠯᠡᠨ ᠪᠢᠴᠢᠭᠯᠡᠬᠦ ᠬᠡᠷᠡᠭᠲᠡᠢ ᠯᠢ ᠴᠢᠶᠠᠩ ᠪᠦᠭᠦ ᠤᠯᠤᠰ᠎ᠤᠨ ᠬᠣᠶᠠᠷ᠎ᠢ ᠬᠦᠷᠢᠶᠡᠯᠡᠬᠦ ᠵᠢᠱ᠌ᠢᠶᠡᠴᠢ ᠬᠤᠲᠠ (ᠰᠢᠶᠠᠨ) ᠵᠢ ᠨᠡᠷᠡᠢ᠌ᠳᠬᠦ ᠶᠡᠬᠡ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ
 
            