ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ 《ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠠᠵᠢᠯ᠎ᠤᠨ ᠳᠦᠷᠢᠮ》 《ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠡᠭᠡᠯᠵᠢ ᠵᠢᠨ ᠲᠣᠭᠤᠷᠢᠨ ᠪᠠᠶ᠋ᠢᠴᠠᠭ᠋ᠠᠯᠲᠠ ᠵᠢᠨ ᠪᠠᠶ᠋ᠢᠳᠠᠯ᠎ᠤᠨ ᠲᠤᠬᠠᠢ ᠶᠡᠷᠦᠩᠬᠡᠶ᠋ᠢᠯᠡᠭᠰᠡᠨ ᠮᠡᠳᠡᠭᠦᠯᠦᠯᠲᠡ》 ᠵᠢ ᠬᠢᠨᠠᠨ ᠵᠥᠪᠯᠡᠵᠡᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ
ᠨᠡᠶ᠋ᠢᠲᠡᠯᠡᠭᠰᠡᠨ ᠴᠠᠭ᠄ 2025-04-02

    ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 31᠎ᠤ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ 3 ᠰᠠᠷ᠎ᠠ ᠵᠢᠨ 31᠎ᠤ ᠡᠳᠦᠷ ᠬᠤᠷᠠᠯ ᠬᠤᠷᠠᠯᠳᠤᠭᠤᠯᠵᠤ᠂ 《ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠠᠵᠢᠯ᠎ᠤᠨ ᠳᠦᠷᠢᠮ》᠂ 《ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠡᠭᠡᠯᠵᠢ ᠵᠢᠨ ᠲᠣᠭᠤᠷᠢᠨ ᠪᠠᠶ᠋ᠢᠴᠠᠭ᠋ᠠᠯᠲᠠ ᠵᠢᠨ ᠪᠠᠶ᠋ᠢᠳᠠᠯ᠎ᠤᠨ ᠲᠤᠬᠠᠢ ᠶᠡᠷᠦᠩᠬᠡᠶ᠋ᠢᠯᠡᠭᠰᠡᠨ ᠮᠡᠳᠡᠭᠦᠯᠦᠯᠲᠡ》 ᠵᠢ ᠬᠢᠨᠠᠨ ᠵᠥᠪᠯᠡᠵᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ᠃
    ᠬᠤᠷᠠᠯ᠎ᠠᠴᠠ᠂ ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠪᠣᠯ ᠨᠠᠮ᠎ᠤᠨ ᠲᠥᠪ ᠬᠤᠷᠢᠶ᠎ᠠ ᠵᠢᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠡᠯ᠎ᠡ ᠱᠠᠲᠤᠨ᠎ᠤ ᠤᠳᠤᠷᠢᠳᠬᠤ ᠺᠠᠳ᠋ᠷ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠎ᠠᠴᠠ ᠭᠠᠷᠳᠠᠵᠤ᠂ ᠠᠮᠢ ᠠᠬᠤᠢ ᠣᠷᠴᠢᠨ ᠲᠣᠭᠤᠷᠢᠨ᠎ᠢ ᠡᠪᠳᠡᠭᠰᠡᠨ ᠨᠢᠭᠡ ᠪᠦᠯᠦᠭ ᠴᠢᠬᠤᠯᠠ ᠶᠡᠭᠡ ᠨᠡᠶ᠋ᠢᠲᠡᠯᠢᠭ ᠬᠡᠷᠡᠭ᠎ᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠠᠷᠠᠳ ᠣᠯᠠᠨ᠎ᠤ ᠲᠤᠰᠬᠠᠯ ᠵᠶ᠋ᠠᠷ ᠴᠢᠩᠭ᠎ᠠ ᠪᠠᠶ᠋ᠢᠭ᠎ᠠ ᠨᠢᠭᠡ ᠪᠦᠯᠦᠭ ᠣᠷᠴᠢᠨ ᠲᠣᠭᠤᠷᠢᠨ᠎ᠤ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ᠂ ᠰᠠᠶ᠋ᠢᠨ ᠦᠷ᠎ᠡ ᠪᠦᠲᠦᠮᠵᠢ ᠣᠯᠵᠠᠢ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠬᠤᠷᠴᠠ ᠰᠡᠯᠡᠮ᠎ᠡ ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠤᠯᠠᠮ ᠪᠣᠳᠠᠲᠠᠶ᠋ᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠵᠢᠨ ᠳᠦᠷᠢᠮ ᠭᠡᠬᠦ ᠡᠨᠡ ᠬᠦ᠌ ᠵᠠᠩᠭᠢᠯᠠᠭ᠎ᠠ ᠵᠢ ᠪᠠᠲᠤ ᠡᠵᠡᠮᠳᠡᠵᠦ᠂ ᠶᠡᠭᠡ ᠲᠠᠯ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠴᠢᠩᠭ᠎ᠠ ᠪᠠᠶ᠋ᠢᠬᠤ ᠦᠨᠳᠦᠰᠦᠨ ᠭᠦᠭ ᠠᠶᠠᠰ᠎ᠢ ᠪᠠᠷᠢᠮᠲᠠᠯᠠᠵᠤ᠂ ᠵᠣᠷᠢᠭᠲᠠᠢ᠎ᠪᠠᠷ ᠬᠠᠲᠠᠭᠤ᠎ᠲᠠᠢ᠎ᠨᠢ ᠬᠠᠯᠳᠠᠵᠤ᠂ ᠦᠷᠭᠦᠯᠵᠢᠯᠡᠨ ᠠᠰᠠᠭᠤᠳᠠᠯ᠎ᠢ ᠢᠯᠡᠷᠡᠭᠦᠯᠵᠦ᠂ ᠠᠰᠠᠭᠤᠳᠠᠯ᠎ᠢ ᠨᠠᠷᠢᠨ ᠬᠢᠨᠠᠮᠠᠭ᠋ᠠᠢ ᠰᠢᠢ᠍ᠳᠪᠦᠷᠢᠯᠡᠵᠦ᠂ ᠨᠠᠮ᠎ᠤᠨ ᠲᠥᠪ ᠬᠤᠷᠢᠶ᠎ᠠ ᠵᠢᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢᠨ ᠬᠡᠷᠡᠭᠵᠢᠭᠦᠯᠬᠦ ᠬᠦᠴᠦᠨ᠎ᠢ ᠳᠡᠭᠡᠭᠰᠢᠯᠡᠭᠦᠯᠭᠦ ᠬᠡᠷᠡᠭᠲᠡᠢ᠃ ᠱᠠᠯᠠᠪᠳᠠᠭᠤᠯᠤᠨ ᠪᠠᠶ᠋ᠢᠴᠠᠭ᠋ᠠᠬᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠢᠷᠤᠮᠵᠢᠬᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠰᠤᠷᠲᠠᠯ ᠰᠠᠬᠢᠯᠭ᠎ᠠ ᠪᠠᠲᠤ ᠵᠢ ᠴᠢᠩᠳᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ᠂ ᠲᠥᠪ᠎ᠤᠨ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠲᠥᠪ᠎ᠤᠨ ᠪᠠ ᠲᠦᠷᠦ ᠵᠢᠨ ᠬᠡᠰᠡᠭ ᠪᠠᠶ᠋ᠢᠭᠤᠯᠭ᠎ᠠ ᠨᠢᠭᠡᠴᠢ᠎ᠳᠤ ᠲᠣᠭᠤᠷᠢᠨ ᠪᠠᠶ᠋ᠢᠴᠠᠭ᠋ᠠᠯᠲᠠ ᠥᠷᠨᠢᠭᠦᠯᠵᠦ᠂ ᠵᠠᠷᠢᠮ ᠠᠰᠠᠭᠤᠳᠠᠯ᠎ᠢ ᠢᠯᠡᠷᠡᠭᠦᠯᠪᠡ᠂ ᠴᠡᠭᠴᠡᠯᠡᠨ ᠰᠠᠶ᠋ᠢᠵᠢᠷᠠᠭᠤᠯᠬᠤ ᠵᠢ ᠲᠥᠪ ᠴᠢᠩᠭ᠎ᠠ ᠨᠠᠷᠢᠨ ᠬᠢᠨᠠᠮᠠᠭ᠋ᠠᠢ ᠰᠠᠶ᠋ᠢᠲᠤᠷ ᠠᠳᠬᠤᠬᠤ ᠬᠡᠷᠡᠭᠲᠡᠢ᠃ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠨᠠᠮ᠎ᠤᠨ ᠲᠥᠪ ᠬᠤᠷᠢᠶ᠎ᠠ᠎ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢ᠍ᠴᠡᠳᠬᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠵᠢᠨ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠦᠵᠦ ᠲᠥᠯᠥᠪᠯᠡᠭᠡ᠂ ᠶᠡᠷᠦᠩᠬᠡᠢ ᠲᠥᠯᠦᠪᠵᠢᠭᠦᠯᠭᠡ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠡᠷᠡᠰ ᠠᠬᠢᠭᠤᠯᠬᠤ ᠬᠡᠷᠡᠭᠲᠡᠢ᠃ ᠤᠳᠤᠷᠢᠳᠬᠤ ᠪᠠᠭ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠤᠷ᠎ᠠ᠎ᠪᠠᠷ ᠵᠶ᠋ᠠᠨ ᠦᠢ᠍ᠯᠡᠳᠬᠦ᠂ ᠠᠵᠢᠯ ᠬᠢᠬᠦ ᠦᠭᠡᠢ᠂ ᠬᠢᠬᠦ ᠵᠣᠷᠢᠭ ᠦᠭᠡᠢ᠂ ᠬᠢᠬᠦ᠎ᠳᠡᠭᠡᠨ ᠴᠢᠳᠠᠮᠠᠭ᠋ᠠᠢ ᠪᠤᠰᠤ ᠪᠠᠶ᠋ᠢᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠤᠳᠤᠷᠢᠳᠬᠤ ᠺᠠᠳ᠋ᠷ᠎ᠤᠨ ᠳᠠᠪᠰᠢᠵᠤ ᠪᠠᠭᠤᠵᠤ ᠪᠦᠷ ᠪᠤᠯᠬᠤ ᠵᠢ ᠪᠠᠶ᠋ᠢᠩᠭᠤᠵᠢᠭᠤᠯᠬᠤ ᠬᠡᠷᠡᠭᠲᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠥᠨᠳᠥᠷ ᠪᠠᠷᠢᠮᠵᠢᠶ᠎ᠠ᠂ ᠴᠢᠩᠭ᠎ᠠ ᠱᠠᠭ᠋ᠠᠷᠳᠠᠯᠭ᠎ᠠ ᠵᠢ ᠪᠠᠷᠢᠮᠲᠠᠯᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ ᠵᠢ ᠴᠥᠬᠦᠷᠡᠰᠢ ᠦᠭᠡᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠪᠠᠶ᠋ᠢᠭᠤᠯᠭ᠎ᠠ ᠵᠢ ᠪᠠᠶ᠋ᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ 2025 ᠣᠨ ᠪᠣᠯ ᠲᠣᠭᠤᠷᠢᠨ ᠪᠠᠶ᠋ᠢᠴᠠᠭ᠋ᠠᠯᠲᠠ ᠵᠢ ᠪᠦᠭᠦᠨ᠎ᠢ ᠪᠦᠷᠬᠦᠭᠦᠯᠬᠦ ᠵᠢ ᠠᠬᠢᠭᠤᠯᠬᠤ ᠵᠠᠩᠭᠢᠯᠠᠭ᠎ᠠ ᠵᠢᠨ ᠨᠢᠭᠡ ᠵᠢᠯ ᠪᠣᠯᠣᠨ᠎ᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ᠂ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃ ᠭᠤᠣᠯᠳᠠᠯᠭ᠎ᠠ ᠵᠢᠨ ᠲᠣᠭᠤᠷᠢᠨ᠎ᠳᠤ ᠶᠡᠭᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠤᠯᠤᠰ ᠲᠦᠷᠦ ᠵᠢᠨ ᠲᠣᠭᠤᠷᠢᠨ ᠪᠠᠶ᠋ᠢᠴᠠᠭ᠋ᠠᠯᠲᠠ ᠵᠢ ᠭᠦᠨᠵᠡᠭᠡᠶ᠋ᠢᠷᠡᠭᠦᠯᠵᠦ᠂ ᠨᠠᠮ᠎ᠤᠨ ᠲᠥᠪ ᠬᠤᠷᠢᠶ᠎ᠠ ᠵᠢᠨ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠬᠢᠨᠠᠯᠲᠠ ᠲᠠᠯᠪᠢᠬᠤ ᠭᠤᠣᠯᠳᠠᠯᠭ᠎ᠠ᠎ᠪᠠᠨ ᠪᠤᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ᠂ ᠴᠢᠩᠭ᠎ᠠ ᠪᠠᠶ᠋ᠢᠬᠤ ᠭᠦᠭ ᠠᠶᠠᠰ᠎ᠢ ᠪᠠᠷᠢᠮᠲᠠᠯᠠᠵᠤ᠂ ᠭᠤᠣᠯᠳᠠᠯᠭ᠎ᠠ᠎ᠲᠠᠢ ᠠᠰᠠᠭᠤᠳᠠᠯ᠂ ᠭᠤᠣᠯᠳᠠᠯᠭ᠎ᠠ᠎ᠲᠠᠢ ᠬᠦᠷᠢᠶ᠎ᠡ᠂ ᠭᠤᠣᠯᠳᠠᠯᠭ᠎ᠠ᠎ᠲᠠᠢ ᠡᠲᠡᠭᠡᠳ᠎ᠢ ᠴᠢᠩᠭ᠎ᠠ ᠠᠩᠬᠠᠷᠴᠤ᠂ 《ᠨᠢᠭᠡᠳᠦᠭᠡᠷ ᠬᠠᠷᠢᠭᠤᠴᠠᠯᠭ᠋ᠠᠲᠠᠨ》 ᠪᠣᠯᠣᠨ ᠤᠳᠤᠷᠢᠳᠬᠤ ᠪᠠᠭ᠎ᠲᠤ ᠬᠢᠨᠠᠯᠲᠠ ᠲᠠᠯᠪᠢᠬᠤ ᠵᠢ ᠴᠢᠩᠭ᠋ᠠᠳᠬᠠᠬᠤ ᠬᠡᠷᠡᠭᠲᠡᠢ᠃ ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂ ᠶᠡᠷᠦᠩᠬᠡᠶ᠋ᠢᠯᠡᠨ ᠬᠢᠨᠠᠯᠲᠠ ᠲᠠᠯᠪᠢᠬᠤ ᠦᠢ᠍ᠯᠡᠳᠦᠯ᠎ᠢ ᠪᠠᠳᠠᠷᠠᠭᠤᠯᠵᠤ᠂ ᠲᠣᠭᠤᠷᠢᠨ ᠪᠠᠶ᠋ᠢᠴᠠᠭ᠋ᠠᠯᠲᠠ ᠪᠠ ᠪᠤᠰᠤᠳ ᠬᠢᠨᠠᠯᠲᠠ ᠵᠢ ᠨᠡᠪᠲᠡᠷᠡᠯᠴᠡᠭᠦᠯᠦᠨ ᠵᠣᠬᠢᠴᠠᠭᠤᠯᠬᠤ ᠵᠢ ᠴᠢᠩᠭ᠋ᠠᠳᠬᠠᠵᠤ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠦᠨᠡᠨ᠎ᠠᠴᠠ ᠵᠥᠪ᠎ᠢ ᠡᠷᠢᠬᠦ᠂ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠢᠷᠤᠮᠯᠠᠬᠤ ᠵᠢ ᠪᠠᠷᠢᠮᠲᠠᠯᠠᠵᠤ᠂ ᠲᠦᠷᠦ ᠵᠢᠨ ᠪᠣᠳᠣᠯᠭ᠎ᠠ ᠵᠢ ᠣᠨᠣᠪᠴᠢᠲᠠᠢ ᠡᠵᠡᠮᠳᠡᠵᠦ᠂ ᠠᠰᠠᠭᠤᠳᠠᠯ᠎ᠢ ᠦᠨᠡᠨ ᠮᠥᠨ ᠵᠶ᠋ᠠᠷ᠎ᠨᠢ ᠲᠤᠰᠬᠠᠵᠤ᠂ ᠰᠠᠬᠢᠯᠭ᠎ᠠ ᠪᠠᠲᠤ ᠵᠢᠨ ᠤᠬᠠᠮᠰᠠᠷ ᠪᠣᠯᠣᠨ ᠬᠠᠤᠯᠢ᠎ᠪᠠᠷ ᠵᠠᠰᠠᠬᠤ ᠤᠬᠠᠮᠰᠠᠷ᠎ᠢ ᠴᠢᠩᠭ᠋ᠠᠳᠬᠠᠵᠤ᠂ ᠳᠣᠲᠣᠭ᠋ᠠᠳᠤ ᠵᠢᠨ ᠬᠠᠮᠢᠶᠠᠷᠤᠯᠲᠠ ᠬᠢᠨᠠᠯᠲᠠ ᠵᠢ ᠴᠢᠩᠭ᠋ᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠣᠯᠠᠨ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ᠎ᠤᠨ ᠲᠥᠯᠥᠭᠡᠯᠡᠭᠴᠢᠳ᠎ᠲᠠᠢ ᠠᠭᠤᠯᠵᠠᠬᠤ ᠦᠶ᠎ᠡ ᠵᠢᠨ ᠶᠠᠷᠢᠶ᠎ᠠ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠵᠤ ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠯᠲᠠ᠎ᠳᠤ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠵᠡᠷᠭᠡ ᠵᠢ ᠰᠤᠳᠤᠯᠪᠠ
ᠰᠢ ᠵᠢᠨ ᠫᠢᠩ ᠶᠦᠨᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠦᠵᠡᠯ ᠰᠠᠨᠠᠭ᠎ᠠ᠎ᠪᠠᠨ ᠴᠢᠯᠦᠭᠡᠯᠡᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠡᠷᠡᠮᠡᠬᠡᠶ᠋ᠢᠯᠡᠨ ᠤᠷᠤᠭᠰᠢᠯᠠᠵᠤ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠶᠦᠨᠨᠠᠨ᠎ᠤ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ
ᠴᠢᠨᠠᠷ ᠰᠠᠶ᠋ᠢᠲᠠᠢ ᠬᠥᠭᠵᠢᠯᠲᠡ᠎ᠪᠠᠷ ᠪᠥᠬᠦ ᠲᠠᠯ᠎ᠠ ᠵᠢ ᠬᠠᠮᠤᠷᠬᠤ ᠵᠢ ᠪᠠᠷᠢᠮᠲᠠᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠭᠦᠢ᠍ᠵᠧᠦ ᠵᠢᠨ ᠰᠢᠨ᠎ᠡ ᠵᠢᠪᠬᠤᠭ᠎ᠠ ᠵᠢ ᠢᠯᠡᠷᠡᠭᠦᠯᠬᠦ ᠬᠡᠷᠡᠭᠲᠡᠢ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠠᠢ᠍ᠮᠠᠳᠤᠭ᠋ᠠᠷ ᠤᠳᠠᠭ᠎ᠠ ᠵᠢᠨ ᠪᠦᠭᠦᠳᠡ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ ᠪᠦᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠠᠬᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠲᠦᠷᠦ ᠵᠢᠨ ᠶᠠᠪᠤᠳᠠᠯ᠎ᠤᠨ ᠬᠤᠷᠢᠶᠠᠨ᠎ᠤ 2025 ᠣᠨ᠎ᠤ ᠭᠤᠣᠯᠳᠠᠯᠭ᠎ᠠ ᠪᠣᠯᠬᠤ ᠠᠵᠢᠯ᠎ᠢ ᠨᠠᠶ᠋ᠢᠳᠠᠪᠤᠷᠢᠵᠢᠭᠤᠯᠬᠤ ᠪᠠᠶ᠋ᠢᠷᠢᠯᠠᠭᠤᠯᠤᠯᠲᠠ ᠬᠢᠪᠡ
 
            