ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠢᠰᠫᠠᠨᠢ ᠵᠢᠨ ᠲᠡᠷᠢᠭᠦᠨ ᠰᠠᠶ᠋ᠢᠳ ᠰᠠᠩᠴᠢᠶᠧᠰ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-04-14

    ᠰᠢᠨᠬᠤᠸᠠ ᠬᠤᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 11᠎ᠤ ᠴᠠᠭᠢᠯᠭ᠋ᠠᠨ ᠮᠡᠳᠡᠭᠡ 4 ᠰᠠᠷ᠎ᠠ ᠵᠢᠨ 11᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠳ᠋ᠢᠶᠣᠣ ᠢᠦᠢ᠎ᠲᠠᠢ᠎ᠳᠠᠬᠢ ᠲᠥᠷᠥ ᠵᠢᠨ ᠵᠣᠴᠢᠳ᠎ᠤᠨ ᠪᠠᠭᠤᠳᠠᠯ᠎ᠳᠤ ᠳᠤᠮᠳᠠᠳᠤ ᠤᠯᠤᠰ᠎ᠲᠤ ᠠᠶ᠋ᠢᠯᠴᠢᠯᠠᠬᠤ᠎ᠪᠠᠷ ᠢᠷᠡᠭᠰᠡᠨ ᠢᠰᠫᠠᠨᠢ ᠵᠢᠨ ᠲᠡᠷᠢᠭᠦᠨ ᠰᠠᠶ᠋ᠢᠳ ᠰᠠᠩᠴᠢᠶᠧᠰ᠎ᠲᠠᠢ ᠠᠭᠤᠯᠵᠠᠪᠠ᠃

   4 ᠰᠠᠷ᠎ᠠ ᠵᠢᠨ 11᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠳ᠋ᠢᠶᠣᠣ ᠢᠦᠢ᠎ᠲᠠᠢ᠎ᠳᠠᠬᠢ ᠲᠥᠷᠥ ᠵᠢᠨ ᠵᠣᠴᠢᠳ᠎ᠤᠨ ᠪᠠᠭᠤᠳᠠᠯ᠎ᠳᠤ ᠳᠤᠮᠳᠠᠳᠤ ᠤᠯᠤᠰ᠎ᠲᠤ ᠠᠶ᠋ᠢᠯᠴᠢᠯᠠᠬᠤ᠎ᠪᠠᠷ ᠢᠷᠡᠭᠰᠡᠨ ᠢᠰᠫᠠᠨᠢ ᠵᠢᠨ ᠲᠡᠷᠢᠭᠦᠨ ᠰᠠᠶ᠋ᠢᠳ ᠰᠠᠩᠴᠢᠶᠧᠰ᠎ᠲᠠᠢ ᠠᠭᠤᠯᠵᠠᠪᠠ᠃ (ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠷᠣᠣ ᠠᠢ ᠮᠢᠨ ᠰᠡᠭᠦᠳᠡᠷᠯᠡᠪᠡ)
    ᠰᠢ ᠵᠢᠨ ᠫᠢᠩ᠂ ᠣᠳᠣᠬᠠᠨ᠎ᠳᠤ ᠳᠡᠯᠡᠬᠡᠢ ᠳ᠋ᠠᠬᠢᠨ᠎ᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠠᠨ ᠳᠠᠪᠬᠤᠷ ᠠᠶᠤᠯ ᠲᠦᠭᠰᠢᠭᠦᠷᠢ ᠪᠠ ᠥᠷᠢᠰᠦᠯᠳᠦᠭᠡᠨ ᠳᠠᠪᠬᠤᠴᠠᠵᠤ ᠪᠤᠢ᠂ ᠡᠯ᠎ᠡ ᠤᠯᠤᠰ ᠪᠦᠯᠬᠦᠮᠳᠡᠨ ᠬᠠᠮᠵᠢᠯᠴᠠᠪᠠᠯ ᠰᠠᠶᠢ ᠳᠡᠯᠡᠬᠡᠢ ᠵᠢᠨ ᠡᠩᠬᠡ ᠲᠠᠶ᠋ᠢᠪᠤᠩ ᠲᠣᠭᠲᠠᠭᠤᠨ᠎ᠢ ᠬᠠᠮᠠᠭ᠋ᠠᠯᠠᠵᠤ᠂ ᠪᠦᠭᠦ ᠪᠥᠮᠪᠥᠷᠴᠡᠭ᠎ᠤᠨ ᠬᠥᠭᠵᠢᠯ ᠴᠡᠴᠡᠭᠯᠡᠯ᠎ᠢ ᠠᠬᠢᠭᠤᠯᠵᠤ ᠴᠢᠳᠠᠨ᠎ᠠ᠃ ᠳᠡᠯᠡᠬᠡᠢ ᠵᠢᠨ ᠪᠠᠶ᠋ᠢᠳᠠᠯ ᠰᠠᠮᠠᠭᠤᠷᠠᠨ ᠰᠣᠯᠪᠢᠴᠠᠬᠤ ᠲᠤᠰᠤᠮ᠂ ᠳᠤᠮᠳᠠᠳᠤ ᠢᠰᠫᠠᠨᠢ ᠵᠢᠨ ᠬᠠᠷᠢᠯᠴᠠᠭ᠎ᠠ ᠵᠢᠨ ᠰᠠᠶ᠋ᠢᠨ ᠰᠠᠶ᠋ᠢᠬᠠᠨ ᠲᠣᠭᠲᠠᠭᠤᠨ ᠵᠶ᠋ᠠᠷ ᠬᠥᠭᠵᠢᠬᠦ ᠵᠢᠨ ᠴᠢᠬᠤᠯᠠ ᠴᠢᠨᠠᠷ ᠲᠡᠳᠦᠢ ᠲᠣᠪᠣᠶ᠋ᠢᠮ᠎ᠠ ᠪᠣᠯᠣᠨ᠎ᠠ᠃ ᠡᠨᠡ ᠵᠢᠯ ᠪᠣᠯ ᠳᠤᠮᠳᠠᠳᠤ ᠤᠯᠤᠰ ᠪᠣᠯᠣᠨ ᠢᠰᠫᠠᠨᠢ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠪᠠᠶ᠋ᠢᠭᠤᠯᠤᠭᠰᠠᠨ 20 ᠵᠢᠯ᠎ᠤᠨ ᠤᠢ ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠢᠰᠫᠠᠨᠢ᠎ᠯᠤᠭ᠎ᠠ ᠨᠡᠩ ᠢᠯᠡᠭᠦᠦ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠲᠠᠢ᠂ ᠨᠡᠩ ᠢᠯᠡᠭᠦᠦ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠲᠠᠢ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠪᠠᠶ᠋ᠢᠭᠤᠯᠵᠤ᠂ ᠬᠤᠶᠠᠷ ᠤᠯᠤᠰ᠎ᠤᠨ ᠠᠷᠠᠳ ᠲᠦᠮᠡᠨ᠎ᠤ ᠠᠵᠠ ᠵᠢᠷᠭ᠋ᠠᠯ᠎ᠢ ᠨᠡᠮᠡᠭᠳᠡᠭᠦᠯᠬᠦ᠂ ᠳᠤᠮᠳᠠᠳᠤ ᠡᠸᠦ᠋ᠷᠦᠫᠡ ᠵᠢᠨ ᠬᠠᠷᠢᠯᠴᠠᠭ᠎ᠠ᠎ᠳᠤ ᠬᠥᠳᠡᠯᠭᠡᠬᠦ ᠬᠦᠴᠦᠨ ᠨᠡᠮᠡᠷᠢᠯᠡᠬᠦ ᠵᠢᠨ ᠬᠠᠮᠲᠤ ᠳᠡᠯᠡᠬᠡᠢ ᠵᠢᠨ ᠡᠩᠬᠡ ᠲᠠᠶ᠋ᠢᠪᠤᠩ᠂ ᠲᠣᠭᠲᠠᠭᠤᠨ᠂ ᠬᠥᠭᠵᠢᠯᠲᠡ ᠵᠢ ᠠᠬᠢᠭᠤᠯᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠠᠯᠢᠪᠠ ᠵᠢ ᠠᠵᠢᠭᠯᠠᠬᠤ᠎ᠳᠤ ᠥᠷᠭᠡᠨ ᠬᠠᠷᠠᠭ᠋ᠠᠰᠤ ᠠᠭᠤᠳᠠᠮ ᠪᠠᠭᠲᠠᠭ᠋ᠠᠮᠵᠢ ᠬᠡᠷᠡᠭᠲᠡᠢ᠃ ᠳᠤᠮᠳᠠᠳᠤ ᠢᠰᠫᠠᠨᠢ ᠵᠢᠨ ᠨᠥᠬᠦᠷᠯᠡᠯ ᠪᠣᠯ ᠬᠤᠶᠠᠷ ᠤᠯᠤᠰ᠎ᠤᠨ ᠠᠷᠠᠳ ᠲᠦᠮᠡᠨ᠎ᠤ ᠤᠯᠠᠮᠵᠢᠯᠠᠯᠲᠤ ᠨᠥᠬᠦᠷᠯᠡᠯ᠂ ᠪᠣᠳᠠᠲᠤ ᠠᠬᠤᠢ ᠵᠢᠨ ᠬᠡᠷᠡᠭᠴᠡᠭᠡ᠂ ᠠᠯᠤᠰ ᠭᠡᠳᠦ ᠵᠢᠨ ᠠᠰᠢᠭ ᠲᠤᠰᠠ᠎ᠳᠤ ᠰᠠᠭᠤᠷᠢᠯᠠᠵᠤ ᠲᠣᠭᠲᠠᠭ᠋ᠠᠭᠰᠠᠨ ᠵᠥᠪ ᠰᠣᠩᠭᠤᠯᠲᠠ ᠮᠥᠨ᠃ ᠬᠤᠶᠠᠷ ᠲᠠᠯ᠎ᠠ᠎ᠪᠠᠷ ᠵᠶ᠋ᠠᠨ ᠬᠠᠷᠢᠯᠴᠠᠨ ᠳᠡᠮᠵᠢᠬᠦ ᠤᠯᠤᠰ ᠲᠦᠷᠦ ᠵᠢᠨ ᠰᠠᠭᠤᠷᠢ᠎ᠪᠠᠨ ᠦᠷᠭᠦᠯᠵᠢᠯᠡᠨ ᠪᠠᠬᠢᠵᠢᠭᠦᠯᠵᠦ᠂ ᠬᠠᠷᠢᠯᠴᠠᠨ ᠢᠲᠡᠭᠡᠵᠦ᠂ ᠬᠠᠷᠢᠯᠴᠠᠨ ᠭᠦᠨᠳᠦᠳᠭᠡᠵᠦ᠂ ᠨᠦᠭᠦᠭᠡ ᠡᠲᠡᠭᠡᠳ᠎ᠤᠨ ᠵᠶ᠋ᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶ᠋ᠢᠭ᠎ᠠ ᠴᠢᠬᠤᠯᠠ ᠶᠡᠭᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠳᠡᠮᠵᠢᠵᠦ᠂ ᠢᠯᠠᠩᠭᠤᠶ᠎ᠠ ᠨᠦᠭᠦᠭᠡ ᠡᠲᠡᠭᠡᠳ᠎ᠤᠨ ᠵᠶ᠋ᠠᠨ ᠡᠷᠬᠡ ᠮᠡᠳᠡᠯ ᠪᠣᠯᠣᠨ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠶ᠋ᠢᠬᠤ᠎ᠪᠠᠨ ᠬᠠᠮᠠᠭ᠋ᠠᠯᠠᠬᠤ ᠵᠢ ᠳᠡᠮᠵᠢᠶ᠎ᠡ᠃ ᠳᠤᠮᠳᠠᠳᠤ ᠤᠯᠤᠰ᠎ᠤᠨ 14 ᠳ᠋ᠦᠩᠰᠢᠭᠤᠷ ᠭᠠᠷᠤᠢ ᠬᠥᠮᠥᠨ ᠠᠮᠠ ᠵᠢᠨ ᠬᠡᠷᠡᠭᠯᠡᠭᠡ ᠵᠢᠨ ᠲᠡᠰ ᠳᠡᠪᠰᠢᠬᠦ ᠬᠡᠷᠡᠭᠴᠡᠭᠡ ᠪᠣᠯᠣᠨ ᠠᠵᠤ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠬᠤ ᠲᠠᠯᠳᠠ ᠬᠦᠴᠦᠨ᠎ᠨᠢ ᠳᠡᠯᠡᠬᠡᠢ ᠵᠢᠨ ᠠᠵᠤ ᠠᠬᠤᠢ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭ᠋ᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠢᠰᠫᠠᠨᠢ᠎ᠯᠤᠭ᠎ᠠ ᠬᠠᠷᠢᠯᠴᠠᠨ ᠠᠰᠢᠭᠲᠠᠢ ᠬᠠᠷᠢᠯᠴᠠᠨ ᠨᠥᠬᠦᠪᠦᠷᠢᠯᠡᠬᠦ ᠬᠠᠮᠲᠤᠷᠠᠯᠴᠠᠭ᠋ᠠᠨ᠎ᠤ ᠳᠠᠪᠠᠭᠤᠯᠢᠭ ᠵᠶ᠋ᠠᠨ ᠰᠠᠶ᠋ᠢᠲᠤᠷ ᠠᠰᠢᠭᠯᠠᠵᠤ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠬᠠᠮᠲᠤᠷᠠᠯᠴᠠᠭ᠋ᠠᠨ᠎ᠤ ᠲᠣᠭᠲᠠᠴᠠ ᠵᠢᠨ ᠦᠢ᠍ᠯᠡᠳᠦᠯ ᠵᠶ᠋ᠠᠨ ᠰᠠᠶ᠋ᠢᠲᠤᠷ ᠪᠠᠳᠠᠷᠠᠭᠤᠯᠵᠤ᠂ ᠰᠢᠨ᠎ᠡ ᠡᠨᠧᠷᠭᠢ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠂ ᠣᠶᠤᠨᠲᠤ ᠬᠤᠳᠠ ᠵᠡᠷᠭᠡ ᠬᠦᠷᠢᠶᠡᠨ᠎ᠳᠠᠬᠢ ᠬᠠᠮᠲᠤᠷᠠᠯᠴᠠᠭ᠋ᠠᠨ᠎ᠤ ᠳᠠᠯᠳᠠ ᠬᠦᠴᠦᠨ ᠵᠶ᠋ᠠᠨ ᠭᠦᠨᠵᠡᠭᠡᠢ ᠠᠭᠤᠳᠠᠯᠵᠤ᠂ ᠨᠡᠩ ᠤᠯᠠᠨ ᠬᠠᠷᠢᠯᠴᠠᠨ ᠠᠰᠢᠭᠲᠠᠢ ᠬᠠᠮᠲᠤᠷᠠᠯᠴᠠᠭ᠋ᠠᠨ᠎ᠤ ᠦᠷ᠎ᠡ ᠪᠦᠲᠦᠭᠡᠯ᠎ᠢ ᠡᠭᠦᠳᠦᠨ᠎ᠡ᠃ ᠬᠠᠷᠢᠯᠴᠠᠨ ᠣᠶ᠋ᠢᠯᠠᠭ᠋ᠠᠯᠴᠠᠵᠤ ᠬᠠᠷᠢᠯᠴᠠᠨ ᠳᠣᠲᠣᠨᠣᠴᠢᠯᠠᠬᠤ ᠨᠥᠬᠦᠷᠯᠡᠯ᠎ᠤᠨ ᠤᠯᠠᠮᠵᠢᠯᠠᠯ ᠵᠶ᠋ᠠᠨ ᠦᠷᠭᠦᠯᠵᠢᠯᠡᠭᠦᠯᠵᠦ᠂ ᠬᠤᠶᠠᠷ ᠤᠯᠤᠰ᠎ᠤᠨ ᠠᠷᠠᠳ ᠲᠦᠮᠡᠨ᠎ᠤ 《ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ》᠂ 《ᠮᠠᠯᠤᠷ ᠦᠳᠡᠭᠡ ᠵᠢᠨ ᠬᠠᠶ᠋ᠢᠷ᠎ᠠ ᠰᠡᠳᠬᠢᠯᠭᠡ》 ᠵᠢ ᠰᠠᠶ᠋ᠢᠲᠤᠷ ᠤᠯᠠᠮᠵᠢᠯᠠᠵᠤ᠂ 《ᠪᠠᠶᠠᠰᠬᠤᠯᠠᠩᠲᠤ ᠴᠠᠭ᠋ᠠᠨ ᠰᠠᠷ᠎ᠠ》 ᠵᠡᠷᠭᠡ ᠰᠢᠨ᠎ᠡ 《ᠠᠯᠳᠠᠨ ᠱᠣᠰᠢᠭ᠎ᠠ》 ᠵᠢ ᠡᠭᠦᠳᠴᠦ᠂ ᠬᠠᠷᠢᠯᠴᠠᠨ ᠭᠠᠳᠠᠭ᠋ᠠᠳᠤ᠎ᠳᠤ ᠰᠤᠷᠤᠯᠴᠠᠬᠤ ᠰᠤᠷᠤᠬ᠍ᠴᠢ ᠲᠣᠮᠢᠯᠠᠬᠤ ᠬᠡᠪᠴᠢᠶ᠎ᠡ᠎ᠪᠠᠨ ᠥᠷᠭᠡᠳᠬᠡᠵᠦ᠂ ᠨᠡᠩ ᠤᠯᠠᠨ ᠵᠠᠯᠠᠭᠤᠴᠤᠳ᠎ᠢ ᠳᠤᠮᠳᠠᠳᠤ ᠢᠰᠫᠠᠨᠢ ᠵᠢᠨ ᠨᠥᠬᠦᠷᠯᠡᠯ᠎ᠤᠨ ᠰᠢᠨ᠎ᠡ ᠬᠦᠴᠦᠨ ᠪᠣᠯᠭ᠋ᠠᠶ᠎ᠠ᠃ ᠳᠤᠮᠳᠠᠳᠤ ᠢᠰᠫᠠᠨᠢ ᠪᠣᠯ ᠴᠥᠮ ᠤᠯᠠᠨ ᠲᠠᠯᠠᠲᠤ ᠦᠵᠡᠯ ᠪᠣᠯᠣᠨ ᠨᠡᠭᠡᠭᠡᠯᠲᠡᠲᠤ ᠬᠠᠮᠲᠤᠷᠠᠯᠴᠠᠭ᠎ᠠ ᠵᠢ ᠳᠡᠮᠵᠢᠬᠦ ᠢᠳᠡᠪᠬᠢ ᠬᠦᠴᠦᠨ ᠮᠥᠨ᠂ ᠬᠤᠶᠠᠷ ᠲᠠᠯ᠎ᠠ᠎ᠪᠠᠷ ᠵᠶ᠋ᠠᠨ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠵᠤ᠂ ᠳᠡᠯᠡᠬᠡᠢ ᠵᠢᠨ ᠡᠩᠬᠡ ᠲᠠᠶ᠋ᠢᠪᠤᠩ ᠪᠣᠯᠣᠨ ᠠᠮᠤᠷ ᠲᠦᠪᠰᠢᠨ᠎ᠢ ᠬᠠᠮᠠᠭ᠋ᠠᠯᠠᠵᠤ᠂ ᠬᠠᠮᠲᠤ ᠵᠢᠨ ᠬᠥᠭᠵᠢᠯ ᠴᠡᠴᠡᠭᠯᠡᠯ᠎ᠢ ᠠᠬᠢᠭᠤᠯᠤᠶ᠎ᠠ ᠭᠡᠵᠦ ᠴᠢᠬᠤᠯᠠᠴᠢᠯᠠᠪᠠ᠃
    ᠰᠢ ᠵᠢᠨ ᠫᠢᠩ᠂ ᠳᠤᠮᠳᠠᠳᠤ ᠤᠯᠤᠰ ᠢᠮᠠᠭᠲᠠ ᠡᠸᠦ᠋ᠷᠦᠫᠡ ᠲᠢᠪ᠎ᠤᠨ ᠤᠯᠤᠰ᠎ᠤᠳ᠎ᠤᠨ ᠬᠤᠯᠪᠤᠭ᠎ᠠ ᠵᠢ ᠤᠯᠠᠨ ᠲᠤᠶ᠋ᠢᠯᠵᠢᠯᠲᠡ ᠵᠢᠨ ᠳᠡᠯᠡᠬᠡᠢ ᠵᠢᠨ ᠴᠢᠬᠤᠯᠠ ᠨᠢᠭᠡ ᠲᠤᠶ᠋ᠢᠯ ᠵᠶ᠋ᠠᠷ ᠦᠵᠡᠵᠦ᠂ ᠡᠸᠦ᠋ᠷᠦᠫᠡ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ ᠪᠦᠯᠬᠦᠮᠳᠡᠨ ᠬᠥᠭᠵᠢᠨ ᠪᠤᠵᠠᠭ᠋ᠠᠶ᠋ᠢᠷᠠᠬᠤ ᠵᠢ ᠢᠯᠠ ᠲᠣᠳᠣᠷᠬᠠᠢ᠎ᠪᠠᠷ ᠳᠡᠮᠵᠢᠬᠦ ᠭᠤᠣᠯ ᠪᠤᠯᠬᠤ ᠲᠣᠮᠣ ᠤᠯᠤᠰ ᠪᠣᠯᠣᠨ᠎ᠠ᠃ ᠣᠳᠣᠬᠠᠨ᠎ᠤ ᠪᠠᠶ᠋ᠢᠳᠠᠯ ᠳᠣᠣᠷ᠎ᠠ᠂ ᠳᠤᠮᠳᠠᠳᠤ ᠡᠸᠦ᠋ᠷᠦᠫᠡ ᠵᠢᠨ ᠡᠩᠬᠡ ᠲᠠᠶ᠋ᠢᠪᠤᠩ᠂ ᠨᠡᠮᠡᠭᠳᠡᠯ᠂ ᠥᠭᠡᠷᠡᠴᠢᠯᠡᠯᠲᠡ᠂ ᠪᠣᠯᠪᠠᠰᠤᠨ ᠵᠡᠷᠭᠡ ᠳᠦᠷᠪᠡᠨ ᠶᠡᠭᠡ ᠬᠠᠨᠢᠲᠠᠨ᠎ᠤ ᠬᠠᠷᠢᠯᠴᠠᠭ᠎ᠠ ᠵᠢ ᠬᠠᠮᠲᠤ᠎ᠪᠠᠷ ᠪᠠᠶ᠋ᠢᠭᠤᠯᠬᠤ᠎ᠨᠢ ᠴᠢᠬᠤᠯᠠ ᠠᠬᠤᠶ᠋ᠢᠴᠢ ᠠᠴᠢ ᠬᠤᠯᠪᠣᠭᠳᠠᠯ᠎ᠲᠠᠢ ᠶᠤᠮ᠃ ᠳᠤᠮᠳᠠᠳᠤ ᠡᠸᠦ᠋ᠷᠦᠫᠡ ᠬᠠᠨᠢᠲᠠᠨ᠎ᠤ ᠪᠠᠶ᠋ᠢᠷᠢ ᠲᠣᠭᠲᠠᠭ᠋ᠠᠯᠲᠠ ᠵᠢ ᠪᠠᠷᠢᠮᠲᠠᠯᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠵᠢ ᠪᠠᠷᠢᠮᠲᠠᠯᠠᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠡᠸᠦ᠋ᠷᠦᠫᠡ ᠲᠢᠪ᠎ᠤᠨ᠎ᠬᠢᠨ᠎ᠲᠠᠢ ᠬᠠᠮᠲᠤ᠎ᠪᠠᠷ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠢ ᠪᠡᠯᠭᠡᠯᠡᠵᠦ᠂ ᠳᠤᠮᠳᠠᠳᠤ ᠡᠸᠦ᠋ᠷᠦᠫᠡ ᠵᠢᠨ ᠬᠠᠷᠢᠯᠴᠠᠭ᠎ᠠ ᠵᠢᠨ ᠤᠷᠢᠳᠤᠬᠢ ᠵᠢ ᠵᠠᠯᠭ᠋ᠠᠮᠵᠢᠯᠠᠨ ᠬᠤᠶ᠋ᠢᠲᠤᠬᠢ᠎ᠳᠤ ᠵᠠᠮ ᠨᠡᠭᠡᠭᠡᠬᠦ᠂ ᠪᠠᠶ᠋ᠢᠯᠳᠤᠬᠤ ᠪᠣᠳᠣᠯᠭ᠎ᠠ ᠵᠢᠨ ᠲᠣᠭᠲᠠᠭᠤᠨ ᠪᠣᠯᠣᠨ ᠬᠠᠷᠢᠯᠴᠠᠨ ᠠᠮᠵᠢᠯᠲᠠ ᠣᠯᠬᠤ ᠵᠢ ᠳᠡᠮᠵᠢᠬᠦ ᠴᠢᠭᠯᠡᠯ ᠲᠡᠶ᠋ᠢᠰᠢ ᠬᠥᠭᠵᠢᠬᠦ ᠵᠢ ᠠᠬᠢᠭᠤᠯᠵᠤ᠂ ᠳᠤᠮᠳᠠᠳᠤ ᠡᠸᠦ᠋ᠷᠦᠫᠡ ᠵᠢᠨ ᠠᠷᠠᠳ ᠲᠦᠮᠡᠨ ᠪᠣᠯᠣᠨ ᠳᠡᠯᠡᠬᠡᠢ ᠨᠡᠶ᠋ᠢᠭᠡᠮ᠎ᠳᠤ ᠨᠡᠩ ᠰᠠᠶ᠋ᠢᠲᠤᠷ ᠪᠤᠶᠠᠨ ᠦᠢ᠍ᠯᠡᠳᠦᠨ᠎ᠡ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠪᠣᠭᠤᠮᠲᠠ ᠵᠢᠨ ᠭᠠᠶ᠋ᠢᠯᠢ ᠵᠢᠨ ᠳᠠᠶ᠋ᠢᠯᠠᠯᠳᠤᠭ᠋ᠠᠨ ᠬᠢᠬᠦ᠎ᠳᠤ ᠢᠯᠠᠭᠴᠢ ᠪᠠᠶ᠋ᠢᠳᠠᠭ ᠦᠭᠡᠢ᠂ ᠳᠡᠯᠡᠬᠡᠢ ᠳ᠋ᠠᠬᠢᠨ᠎ᠲᠠᠢ ᠡᠰᠡᠷᠭᠦᠴᠡᠯᠳᠦᠪᠡᠯ ᠥᠪᠡᠷ᠎ᠢ᠎ᠪᠠᠨ ᠭᠠᠭᠴᠠᠭ᠋ᠠᠷᠳᠠᠭᠤᠯᠬᠤ ᠪᠣᠯᠣᠨ᠎ᠠ᠃ 70 ᠭᠠᠷᠤᠢ ᠵᠢᠯ᠎ᠤᠨ ᠲᠤᠷᠰᠢ᠂ ᠳᠤᠮᠳᠠᠳᠤ ᠤᠯᠤᠰ᠎ᠤᠨ ᠬᠥᠭᠵᠢᠯᠲᠡ ᠢᠮᠠᠭᠲᠠ ᠥᠪᠡᠷ᠎ᠤᠨ ᠬᠦᠴᠦ᠎ᠪᠠᠷ ᠵᠶ᠋ᠠᠨ ᠳᠡᠭᠵᠢᠷᠡᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ᠎ᠳᠤ ᠲᠦᠰᠢᠭᠯᠡᠵᠦ᠂ ᠶᠡᠷᠦ᠎ᠠᠴᠠ ᠬᠡᠨ ᠨᠢᠭᠡᠨ᠎ᠤ ᠬᠢᠨᠢ ᠥᠷᠥᠰᠢᠶᠡᠯ ᠰᠣᠶᠣᠷᠬᠠᠯ᠎ᠳᠤ ᠲᠦᠰᠢᠭᠯᠡᠭᠰᠡᠨ ᠪᠢᠰᠢ᠂ ᠨᠡᠩ ᠴᠤ᠌ ᠶᠠᠮᠠᠷᠪᠠ ᠶᠣᠰᠣ ᠪᠤᠰᠤ ᠳᠠᠷᠤᠯᠲᠠ ᠵᠢᠨ ᠡᠮᠦᠨ᠎ᠡ ᠰᠦᠷᠳᠡᠭᠰᠡᠨ ᠦᠭᠡᠢ ᠶᠤᠮ᠃
    ᠭᠠᠳᠠᠭ᠋ᠠᠳᠤ ᠣᠷᠴᠢᠨ ᠶᠠᠭ᠋ᠠᠬᠢᠵᠤ ᠬᠤᠪᠢᠷᠠᠭᠰᠠᠨ ᠴᠤ᠌᠂ ᠳᠤᠮᠳᠠᠳᠤ ᠤᠯᠤᠰ ᠢᠲᠡᠭᠡᠯ ᠵᠣᠷᠢᠭ ᠵᠶ᠋ᠠᠨ ᠪᠠᠲᠤᠳᠬᠠᠵᠤ᠂ ᠲᠣᠭᠲᠠᠯ ᠬᠦᠴᠦᠨ ᠵᠶ᠋ᠠᠨ ᠪᠠᠲᠤᠯᠠᠵᠤ᠂ ᠤᠶᠤᠨ ᠴᠢᠳᠠᠯ ᠵᠶ᠋ᠠᠨ ᠲᠥᠪᠯᠡᠷᠡᠭᠦᠯᠦᠨ ᠥᠪᠡᠷ᠎ᠤᠨ ᠶᠠᠪᠤᠳᠠᠯ ᠵᠶ᠋ᠠᠨ ᠰᠠᠶ᠋ᠢᠲᠤᠷ ᠬᠢᠨ᠎ᠡ᠃ ᠳᠤᠮᠳᠠᠳᠤ ᠤᠯᠤᠰ ᠪᠣᠯᠣᠨ ᠡᠸᠦ᠋ᠷᠦᠫᠡ ᠲᠢᠪ᠎ᠤᠨ ᠤᠯᠤᠰ᠎ᠤᠳ᠎ᠤᠨ ᠬᠤᠯᠪᠤᠭ᠎ᠠ ᠪᠣᠯ ᠴᠥᠮ ᠳᠡᠯᠡᠬᠡᠢ ᠵᠢᠨ ᠭᠤᠣᠯ ᠪᠤᠯᠬᠤ ᠠᠵᠤ ᠠᠬᠤᠢ ᠵᠢᠨ ᠴᠣᠭᠴᠠ ᠮᠥᠨ᠂ ᠴᠥᠮ ᠠᠵᠤ ᠠᠬᠤᠢ ᠵᠢᠨ ᠳᠡᠯᠡᠬᠡᠶ᠋ᠢᠵᠢᠯᠲᠡ ᠪᠣᠯᠣᠨ ᠴᠢᠯᠦᠭᠡᠲᠦ ᠠᠷᠠᠯᠵᠢᠶᠠᠨ᠎ᠤ ᠡᠷᠡᠰ ᠳᠡᠮᠵᠢᠭᠴᠢ ᠮᠥᠨ᠂ ᠬᠤᠶᠠᠷ ᠲᠠᠯ᠎ᠠ ᠵᠢᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠳᠡᠯᠡᠬᠡᠢ ᠵᠢᠨ ᠠᠵᠤ ᠠᠬᠤᠢ ᠵᠢᠨ ᠶᠡᠷᠦᠩᠬᠡᠢ ᠬᠡᠮᠵᠢᠶᠡᠨ᠎ᠤ ᠭᠤᠷᠪᠠᠨ᠎ᠤ ᠨᠢᠭᠡ ᠵᠢ ᠳᠠᠪᠠᠵᠤ᠂ ᠨᠢᠭᠡᠨᠲᠡ ᠠᠵᠤ ᠠᠬᠤᠢ ᠵᠢᠨ ᠬᠠᠮᠲᠤ ᠣᠷᠣᠰᠢᠬᠤ ᠨᠢᠭᠲᠠ ᠬᠠᠷᠢᠯᠴᠠᠭ᠎ᠠ ᠵᠢ ᠪᠦᠷᠢᠯᠳᠦᠭᠦᠯᠪᠡ᠃ ᠳᠤᠮᠳᠠᠳᠤ ᠡᠸᠦ᠋ᠷᠦᠫᠡ ᠤᠯᠠᠨ ᠤᠯᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠤᠷᠤᠰᠬᠠᠯ ᠪᠣᠯᠣᠨ ᠤᠯᠠᠨ ᠤᠯᠤᠰ᠎ᠤᠨ ᠠᠷᠠᠯᠵᠢᠶᠠᠨ᠎ᠤ ᠣᠷᠴᠢᠨ᠎ᠢ ᠬᠠᠮᠲᠤ᠎ᠪᠠᠷ ᠬᠠᠮᠠᠭ᠋ᠠᠯᠠᠵᠤ᠂ ᠭᠠᠭᠴᠠ ᠲᠠᠯ᠎ᠠ ᠵᠢᠨ ᠡᠵᠡᠷᠬᠡᠭ ᠠᠵᠢᠯᠯᠠᠭ᠎ᠠ ᠵᠢ ᠬᠠᠮᠲᠤ᠎ᠪᠠᠷ ᠡᠰᠡᠷᠭᠦᠴᠡᠵᠦ᠂ ᠥᠪᠡᠷ᠎ᠤᠨ ᠵᠦᠢ ᠶᠣᠰᠣᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ᠎ᠪᠠᠷ ᠪᠠᠷᠠᠬᠤ ᠦᠭᠡᠢ ᠪᠠᠰᠠ ᠤᠯᠠᠨ ᠤᠯᠤᠰ᠎ᠤᠨ ᠲᠥᠪ ᠭᠤᠣᠯᠴᠢ ᠰᠢᠳᠤᠷᠭᠤ ᠶᠣᠰᠣ ᠵᠢ ᠬᠠᠮᠠᠭ᠋ᠠᠯᠠᠵᠤ᠂ ᠤᠯᠠᠨ ᠤᠯᠤᠰ᠎ᠤᠨ ᠳᠦᠷᠢᠮ ᠪᠣᠯᠣᠨ ᠡᠮᠬᠢ ᠳᠢᠭᠯᠢᠮ᠎ᠢ ᠬᠠᠮᠠᠭ᠋ᠠᠯᠠᠪᠠᠯ ᠵᠣᠬᠢᠨ᠎ᠠ ᠭᠡᠵᠦ ᠴᠢᠬᠤᠯᠠᠴᠢᠯᠠᠪᠠ᠃
    ᠰᠠᠩᠴᠢᠶᠧᠰ᠂ ᠢᠰᠫᠠᠨᠢ ᠪᠣᠯᠣᠨ ᠳᠤᠮᠳᠠᠳᠤ ᠤᠯᠤᠰ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠪᠠᠶ᠋ᠢᠭᠤᠯᠤᠭᠰᠠᠨ 20 ᠵᠢᠯ᠎ᠤᠨ ᠲᠤᠷᠰᠢ᠂ ᠢᠮᠠᠭᠲᠠ ᠬᠠᠷᠢᠯᠴᠠᠨ ᠭᠦᠨᠳᠦᠳᠭᠡᠵᠦ᠂ ᠨᠥᠭᠦᠷᠰᠡᠭ ᠵᠶ᠋ᠠᠷ ᠬᠠᠮᠲᠤᠷᠠᠯᠴᠠᠵᠤ᠂ ᠬᠤᠶᠠᠷ ᠤᠯᠤᠰ᠎ᠤᠨ ᠬᠠᠷᠢᠯᠴᠠᠭ᠎ᠠ ᠲᠠᠰᠤᠷᠠᠯᠳᠠ ᠦᠭᠡᠢ ᠭᠦᠨᠵᠡᠭᠡᠶ᠋ᠢᠷᠡᠨ ᠬᠥᠭᠵᠢᠪᠡ᠃ ᠲᠡᠷᠢᠭᠦᠯᠡᠭᠴᠢ ᠰᠢ ᠵᠢᠨ ᠫᠢᠩ᠎ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠬᠥᠭᠵᠢᠯᠲᠡ ᠵᠢᠨ ᠲᠠᠯ᠎ᠠ᠎ᠪᠠᠷ ᠭᠠᠷᠮᠠᠭ᠋ᠠᠢ ᠠᠮᠵᠢᠯᠲᠠ ᠣᠯᠵᠤ᠂ ᠳᠡᠯᠡᠬᠡᠢ ᠵᠢᠨ ᠬᠥᠭᠵᠢᠯ ᠴᠡᠴᠡᠭᠯᠡᠯ ᠲᠣᠭᠲᠠᠭᠤᠨ᠎ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠢᠰᠫᠠᠨᠢ ᠳᠤᠮᠳᠠᠳᠤ ᠤᠯᠤᠰ᠎ᠯᠤᠭ᠎ᠠ ᠵᠢᠨ ᠬᠠᠷᠢᠯᠴᠠᠭ᠎ᠠ ᠵᠢ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠶ᠋ᠢᠬᠤ ᠲᠦᠷᠦ ᠵᠢᠨ ᠪᠣᠳᠣᠯᠭ᠎ᠠ ᠵᠢ ᠡᠷᠡᠰ ᠭᠤᠶ᠋ᠢᠪᠢᠰᠢ ᠦᠭᠡᠢ ᠬᠡᠷᠡᠭᠵᠢᠭᠦᠯᠵᠦ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠳᠡᠭᠡᠳᠦ ᠳᠠᠪᠬᠤᠷᠭ᠎ᠠ ᠵᠢᠨ ᠶᠠᠪᠤᠯᠴᠠᠭ᠎ᠠ᠎ᠪᠠᠨ ᠪᠠᠲᠤᠯᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠂ ᠪᠣᠬᠢᠷᠳᠤᠯ ᠦᠭᠡᠢ ᠡᠨᠧᠷᠭᠢ ᠵᠡᠷᠭᠡ ᠬᠦᠷᠢᠶᠡᠨ᠎ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠰᠤᠷᠭ᠋ᠠᠨ ᠬᠥᠮᠦᠵᠢᠯ᠂ ᠰᠣᠶᠣᠯ᠂ ᠵᠢᠭᠤᠯᠴᠢᠯᠠᠯ᠎ᠤᠨ ᠬᠦᠷᠢᠶᠡᠨ᠎ᠳᠠᠬᠢ ᠰᠣᠯᠢᠯᠴᠠᠭ᠎ᠠ᠎ᠪᠠᠨ ᠴᠢᠩᠭ᠋ᠠᠳᠬᠠᠵᠤ᠂ ᠬᠤᠶᠠᠷ ᠤᠯᠤᠰ᠎ᠤᠨ ᠬᠠᠷᠢᠯᠴᠠᠭ᠎ᠠ ᠵᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠤᠨ᠎ᠠ᠃ ᠳᠤᠮᠳᠠᠳᠤ ᠤᠯᠤᠰ ᠪᠣᠯ ᠡᠸᠦ᠋ᠷᠦᠫᠡ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ ᠴᠢᠬᠤᠯᠠ ᠬᠠᠮᠲᠤᠷᠠᠯᠴᠠᠭ᠋ᠠᠨ᠎ᠤ ᠬᠠᠨᠢᠲᠠᠨ ᠮᠥᠨ᠂ ᠢᠰᠫᠠᠨᠢ ᠢᠮᠠᠭᠲᠠ ᠡᠸᠦ᠋ᠷᠦᠫᠡ ᠳᠤᠮᠳᠠᠳᠤ ᠵᠢᠨ ᠬᠠᠷᠢᠯᠴᠠᠭ᠎ᠠ ᠵᠢᠨ ᠲᠣᠭᠲᠠᠭᠤᠨ ᠬᠥᠭᠵᠢᠯᠲᠡ ᠵᠢ ᠳᠡᠮᠵᠢᠨ᠎ᠠ᠃ ᠡᠸᠦ᠋ᠷᠦᠫᠡ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ᠎ᠬᠢᠨ ᠨᠡᠭᠡᠭᠡᠯᠲᠡᠲᠤ ᠴᠢᠯᠦᠭᠡᠲᠦ ᠠᠷᠠᠯᠵᠢᠶ᠎ᠠ ᠵᠢ ᠪᠠᠷᠢᠮᠲᠠᠯᠠᠵᠤ᠂ ᠤᠯᠠᠨ ᠲᠠᠯᠠᠲᠤ ᠦᠵᠡᠯ᠎ᠢ ᠬᠠᠮᠠᠭ᠋ᠠᠯᠠᠬᠤ᠎ᠪᠠᠷ ᠴᠢᠷᠮᠠᠶ᠋ᠢᠵᠤ᠂ ᠭᠠᠭᠴᠠ ᠲᠠᠯ᠎ᠠ᠎ᠠᠴᠠ ᠪᠣᠭᠤᠮᠲᠠ ᠵᠢᠨ ᠭᠠᠶ᠋ᠢᠯᠢ ᠨᠡᠮᠡᠵᠦ ᠲᠠᠲᠠᠪᠤᠷᠢᠯᠠᠬᠤ ᠵᠢ ᠡᠰᠡᠷᠭᠦᠴᠡᠨ᠎ᠡ᠃ ᠠᠷᠠᠯᠵᠢᠶᠠᠨ᠎ᠤ ᠳᠠᠶ᠋ᠢᠨ᠎ᠳᠤ ᠢᠯᠠᠭᠴᠢ ᠭᠡᠵᠦ ᠪᠠᠶ᠋ᠢᠳᠠᠭ ᠦᠭᠡᠢ᠃ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠳᠡᠯᠡᠬᠡᠢ ᠵᠢᠨ ᠪᠠᠶ᠋ᠢᠳᠠᠯ᠎ᠤᠨ ᠡᠮᠦᠨ᠎ᠡ᠂ ᠢᠰᠫᠠᠨᠢ ᠪᠣᠯᠣᠨ ᠡᠸᠦ᠋ᠷᠦᠫᠡ ᠲᠢᠪ᠎ᠤᠨ ᠤᠯᠤᠰ᠎ᠤᠳ᠎ᠤᠨ ᠬᠤᠯᠪᠤᠭ᠎ᠠ ᠳᠤᠷᠠᠲᠠᠶ᠎ᠠ ᠳᠤᠮᠳᠠᠳᠤ ᠤᠯᠤᠰ᠎ᠯᠤᠭ᠎ᠠ ᠣᠯᠣᠯᠴᠠᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠤᠯᠠᠨ ᠤᠯᠤᠰ᠎ᠤᠨ ᠠᠷᠠᠯᠵᠢᠶᠠᠨ᠎ᠤ ᠡᠮᠬᠢ ᠳᠢᠭᠯᠢᠮ᠎ᠢ ᠬᠠᠮᠠᠭ᠋ᠠᠯᠠᠵᠤ᠂ ᠠᠭᠤᠷ ᠠᠮᠢᠰᠬᠤᠯ᠎ᠤᠨ ᠬᠤᠪᠢᠷᠠᠯᠲᠠ᠂ ᠶᠠᠳᠠᠭᠤ ᠬᠦᠴᠢᠷᠳᠡᠯ ᠵᠡᠷᠭᠡ ᠥᠷᠢᠰᠦᠯᠳᠦᠭᠡᠨ᠎ᠢ ᠭᠠᠷ ᠬᠤᠯᠪᠣᠯᠴᠠᠨ ᠠᠷᠭ᠋ᠠᠴᠠᠭ᠋ᠠᠵᠤ᠂ ᠳᠡᠯᠡᠬᠡᠢ ᠨᠡᠶ᠋ᠢᠭᠡᠮ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠨ᠎ᠠ ᠭᠡᠵᠦ ᠢᠯᠡᠳᠬᠡᠪᠡ᠃
    ᠬᠤᠶᠠᠷ ᠲᠠᠯ᠎ᠠ᠎ᠪᠠᠷ ᠵᠶ᠋ᠠᠨ ᠪᠠᠰᠠ ᠦᠺᠷᠠᠶ᠋ᠢᠨ᠎ᠤ ᠬᠢᠮᠤᠷᠠᠯ ᠵᠡᠷᠭᠡ ᠠᠰᠠᠭᠤᠳᠠᠯ᠎ᠤᠨ ᠲᠤᠬᠠᠢ ᠰᠠᠨᠠᠯ ᠵᠶ᠋ᠠᠨ ᠰᠣᠯᠢᠯᠴᠠᠪᠠ᠃
    ᠸᠠᠩ ᠢ ᠠᠭᠤᠯᠵᠠᠯᠲᠠ᠎ᠳᠤ ᠣᠷᠣᠯᠴᠠᠵᠠᠢ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠢᠰᠫᠠᠨᠢ ᠵᠢᠨ ᠲᠡᠷᠢᠭᠦᠨ ᠰᠠᠶ᠋ᠢᠳ ᠰᠠᠩᠴᠢᠶᠧᠰ᠎ᠲᠠᠢ ᠠᠭᠤᠯᠵᠠᠪᠠ
ᠰᠢ ᠵᠢᠨ ᠫᠢᠩ ᠠᠽᠧᠷᠪᠠᠶ᠋ᠢᠵᠠᠨ᠎ᠤ ᠶᠡᠷᠦᠩᠬᠡᠢ᠌ᠯᠡᠭᠴᠢ ᠠᠯᠢᠶᠧᠹ᠎ᠲᠠᠢ ᠬᠡᠯᠡᠯᠴᠡᠭᠡ ᠬᠢᠪᠡ
ᠰᠢ ᠵᠢᠨ ᠫᠢᠩ ᠬᠣᠶᠠᠷ᠎ᠢ ᠬᠦᠷᠢᠶᠡᠯᠡᠬᠦ ᠠᠵᠢᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠴᠡᠷᠢᠭ ᠵᠠᠰᠠᠭ ᠴᠡᠷᠢᠭ ᠠᠷᠠᠳ᠎ᠤᠨ ᠪᠠᠲᠤ ᠪᠡᠬᠢ ᠪᠦᠯᠬᠦᠮᠳᠡᠯ᠎ᠢ ᠪᠡᠬᠢᠵᠢᠭᠦᠯᠦᠨ ᠬᠥᠭᠵᠢᠭᠦᠯᠵᠦ ᠠᠷᠠᠳ ᠲᠦᠮᠡᠨ ᠵᠶ᠋ᠠᠨ ᠬᠠᠢ᠌ᠷᠠᠯᠠᠬᠤ ᠴᠡᠷᠢᠭ ᠵᠶ᠋ᠠᠨ ᠬᠠᠢ᠌ᠷᠠᠯᠠᠬᠤ ᠴᠠᠭ ᠦᠶ᠎ᠡ ᠵᠢᠨ ᠰᠢᠨ᠎ᠡ ᠬᠠᠭᠤᠳᠠᠰᠤ ᠵᠢ ᠬᠠᠮᠲᠤ᠎ᠪᠠᠷ ᠦᠷᠭᠦᠯᠵᠢᠯᠡᠨ ᠪᠢᠴᠢᠭᠯᠡᠬᠦ ᠬᠡᠷᠡᠭᠲᠡᠢ ᠯᠢ ᠴᠢᠶᠠᠩ ᠪᠦᠭᠦ ᠤᠯᠤᠰ᠎ᠤᠨ ᠬᠣᠶᠠᠷ᠎ᠢ ᠬᠦᠷᠢᠶᠡᠯᠡᠬᠦ ᠵᠢᠱ᠌ᠢᠶᠡᠴᠢ ᠬᠤᠲᠠ (ᠰᠢᠶᠠᠨ) ᠵᠢ ᠨᠡᠷᠡᠢ᠌ᠳᠬᠦ ᠶᠡᠬᠡ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯᠳᠤᠭ᠋ᠠᠨ ᠬᠤᠷᠠᠯᠳᠤᠭᠤᠯᠵᠤ ᠣᠳᠣᠬᠠᠨ᠎ᠤ ᠠᠵᠤ ᠠᠬᠤᠢ ᠵᠢᠨ ᠪᠠᠢ᠌ᠳᠠᠯ ᠪᠠ ᠠᠵᠤ ᠠᠬᠤᠢ ᠵᠢᠨ ᠠᠵᠢᠯ᠎ᠢ ᠵᠠᠳᠠᠯᠤᠨ ᠰᠤᠳᠤᠯᠪᠠ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯᠳᠤᠭ᠋ᠠᠨ᠎ᠢ ᠡᠷᠭᠢᠯᠡᠪᠡ
ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠬᠣᠷᠢᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ  ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠪᠠᠷᠢᠮᠲᠠᠯᠠᠵᠤ ᠬᠡᠷᠡᠭᠯᠡᠭᠡᠨ᠎ᠤ ᠤᠳᠤᠷᠢᠳᠤᠮᠵᠢ ᠵᠢ ᠲᠣᠪᠤᠶ᠋ᠢᠯᠭ᠋ᠠᠵᠤ ᠵᠣᠬᠢᠶᠠᠯ ᠣᠶᠤᠨ ᠴᠢᠳᠠᠪᠤᠷᠢ ᠵᠢᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠬᠤ ᠬᠡᠷᠡᠭᠲᠡᠢ
 
            