ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠦ᠍ ᠯᠢᠨ᠎ᠲᠠᠢ ᠬᠡᠯᠡᠯᠴᠡᠭᠡ ᠬᠢᠪᠡ
ᠨᠡᠶ᠋ᠢᠲᠡᠯᠡᠭᠰᠡᠨ ᠴᠠᠭ᠄ 2025-04-15

    ᠰᠢᠨᠬᠤᠸᠠ ᠬᠤᠷᠢᠶ᠎ᠠ ᠵᠢᠨ ᠬᠠᠨᠤᠢ ᠵᠢᠨ 4 ᠰᠠᠷ᠎ᠠ ᠵᠢᠨ 14᠎ᠤ ᠴᠠᠭᠢᠯᠭ᠋ᠠᠨ ᠮᠡᠳᠡᠭᠡ 4 ᠰᠠᠷ᠎ᠠ ᠵᠢᠨ 14᠎ᠤ ᠦᠳᠡ ᠵᠢᠨ ᠬᠤᠶ᠋ᠢᠨ᠎ᠠ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠰᠠᠭᠤᠭ᠎ᠠ ᠭᠠᠵᠠᠷ᠎ᠲᠤ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠦ᠍ ᠯᠢᠨ᠎ᠲᠠᠢ ᠬᠡᠯᠡᠯᠴᠡᠭᠡ ᠬᠢᠪᠡ᠃
    ᠰᠢ ᠵᠢᠨ ᠫᠢᠩ᠂ ᠸᠢᠶᠸᠲᠨᠠᠮ᠎ᠳᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠵᠦ᠂ ᠶᠡᠷᠦᠩᠬᠡᠢ ᠱᠦᠵᠢ ᠰᠦ᠍ ᠯᠢᠨ᠎ᠲᠠᠢ ᠠᠩᠬᠠᠨ᠎ᠤ ᠡᠭᠡᠯᠵᠢ ᠵᠢᠨ ᠬᠠᠷᠢᠯᠴᠠᠨ ᠠᠶ᠋ᠢᠯᠴᠢᠯᠠᠯᠲᠠ᠎ᠪᠠᠨ ᠪᠡᠶᠡᠯᠡᠭᠦᠯᠦᠭᠰᠡᠨ᠎ᠳᠡᠭᠡᠨ ᠮᠠᠰᠢ ᠪᠠᠶᠠᠷ᠎ᠲᠠᠢ ᠪᠠᠶ᠋ᠢᠨ᠎ᠠ᠃ ᠡᠨᠡ ᠵᠢᠯ ᠪᠣᠯ ᠸᠢᠶᠸᠲᠨᠠᠮ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 95 ᠵᠢᠯ᠎ᠤᠨ ᠤᠢ᠂ ᠸᠢᠶᠸᠲᠨᠠᠮ᠎ᠤᠨ ᠤᠯᠤᠰ ᠪᠠᠶ᠋ᠢᠭᠤᠯᠤᠭᠳᠠᠭᠰᠠᠨ 80 ᠵᠢᠯ᠎ᠤᠨ ᠤᠢ ᠪᠣᠯᠣᠨ ᠡᠮᠦᠨᠡᠲᠦ ᠸᠢᠶᠸᠲᠨᠠᠮ ᠴᠢᠯᠦᠭᠡᠯᠡᠭᠳᠡᠭᠰᠡᠨ 50 ᠵᠢᠯ᠎ᠤᠨ ᠤᠢ ᠪᠣᠯᠣᠨ᠎ᠠ᠂ ᠪᠢ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠸᠢᠶᠸᠲᠨᠠᠮ᠎ᠤᠨ ᠲᠠᠯ᠎ᠠ᠎ᠳᠤ ᠬᠠᠯᠠᠭᠤᠨ ᠪᠠᠶᠠᠷ ᠬᠦᠷᠭᠡᠵᠦ ᠪᠠᠶ᠋ᠢᠨ᠎ᠠ᠃ ᠳᠤᠮᠳᠠᠳᠤ ᠤᠯᠤᠰ ᠥᠩᠭᠡᠷᠡᠭᠰᠡᠨ᠎ᠲᠠᠢ᠎ᠪᠠᠨ ᠠᠳᠠᠯᠢ᠎ᠪᠠᠷ ᠸᠢᠶᠸᠲᠨᠠᠮ᠎ᠤᠨ᠎ᠬᠢᠨ᠎ᠤ ᠲᠣᠰ ᠤᠯᠤᠰ᠎ᠤᠨ ᠵᠶ᠋ᠠᠨ ᠤᠯᠤᠰ᠎ᠤᠨ ᠪᠠᠶ᠋ᠢᠳᠠᠯ᠎ᠳᠤ ᠨᠡᠶ᠋ᠢᠴᠡᠭᠰᠡᠨ ᠨᠡᠶ᠋ᠢᠭᠡᠮ ᠵᠢᠷᠤᠮ᠎ᠤᠨ ᠵᠠᠮ ᠵᠶ᠋ᠠᠷ ᠰᠠᠶ᠋ᠢᠲᠤᠷ ᠵᠠᠮᠨᠠᠵᠤ᠂ 2026 ᠣᠨ᠎ᠳᠤ ᠸᠢᠶᠸᠲᠨᠠᠮ᠎ᠤᠨ ᠡᠪ ᠬᠠᠮᠲᠤ ᠨᠠᠮ᠎ᠤᠨ ᠠᠷᠪᠠᠨ ᠳᠥᠷᠪᠡᠳᠦᠭᠡᠷ ᠶᠡᠭᠡ ᠬᠤᠷᠠᠯ ᠵᠶ᠋ᠠᠨ ᠢᠯᠠᠯᠲᠠ᠎ᠲᠠᠢ ᠬᠤᠷᠠᠯᠳᠤᠭᠤᠯᠵᠤ᠂ ᠨᠠᠮ ᠪᠠᠶ᠋ᠢᠭᠤᠯᠤᠭᠳᠠᠭᠰᠠᠨ ᠤᠯᠤᠰ ᠪᠠᠶ᠋ᠢᠭᠤᠯᠤᠭᠳᠠᠭᠰᠠᠨ 《ᠬᠤᠣᠰ ᠵᠠᠭᠤᠨ ᠵᠢᠯ》᠎ᠤᠨ ᠲᠡᠮᠡᠴᠡᠬᠦ ᠬᠠᠷᠠᠯᠲᠠ ᠲᠡᠶ᠋ᠢᠰᠢ ᠲᠠᠰᠤᠷᠠᠯᠲᠠ ᠦᠭᠡᠢ ᠤᠷᠤᠭᠰᠢᠯᠠᠬᠤ ᠵᠢ ᠲᠡᠮᠵᠢᠨ᠎ᠡ ᠭᠡᠵᠦ ᠵᠢᠭ᠋ᠠᠵᠤ ᠭᠠᠷᠭ᠋ᠠᠪᠠ᠃


   4 ᠰᠠᠷ᠎ᠠ ᠵᠢᠨ 14᠎ᠤ ᠦᠳᠡ ᠵᠢᠨ ᠬᠤᠶ᠋ᠢᠨ᠎ᠠ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠰᠠᠭᠤᠭ᠎ᠠ ᠭᠠᠵᠠᠷ᠎ᠲᠤ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠦ᠍ ᠯᠢᠨ᠎ᠲᠠᠢ ᠬᠡᠯᠡᠯᠴᠡᠭᠡ ᠬᠢᠪᠡ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠯᠢ ᠰᠢᠤᠸᠠᠢ ᠷᠧᠨ ᠰᠡᠭᠦᠳᠡᠷᠯᠡᠪᠡ

    ᠰᠢ ᠵᠢᠨ ᠫᠢᠩ᠂ ᠡᠨᠡ ᠵᠢᠯ ᠪᠣᠯ ᠳᠤᠮᠳᠠᠳᠤ ᠸᠢᠶᠸᠲᠨᠠᠮ᠎ᠤᠨ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 75 ᠵᠢᠯ᠎ᠤᠨ ᠤᠢ ᠵᠢᠴᠢ 《ᠳᠤᠮᠳᠠᠳᠤ ᠸᠢᠶᠸᠲᠨᠠᠮ᠎ᠤᠨ ᠰᠣᠶᠣᠯ ᠢᠷᠭᠡᠨᠰᠢᠯ᠎ᠤᠨ ᠰᠣᠯᠢᠯᠴᠠᠭ᠋ᠠᠨ᠎ᠤ ᠣᠨ》 ᠪᠣᠯᠣᠨ᠎ᠠ᠃ 75 ᠵᠢᠯ᠎ᠤᠨ ᠲᠤᠷᠰᠢ ᠳᠡᠯᠡᠬᠡᠢ ᠵᠢᠨ ᠪᠠᠶ᠋ᠢᠳᠠᠯ ᠶᠠᠭ᠋ᠠᠬᠢᠵᠤ ᠬᠤᠪᠢᠷᠠᠭᠰᠠᠨ ᠴᠤ᠌ ᠬᠤᠶᠠᠷ ᠲᠠᠯ᠎ᠠ᠎ᠪᠠᠷ ᠵᠶ᠋ᠠᠨ ᠤᠯᠤᠰ᠎ᠤᠨ ᠲᠤᠰᠠᠭ᠋ᠠᠷ ᠲᠣᠭᠲᠠᠨᠢᠯ ᠪᠣᠯᠣᠨ ᠦᠨᠳᠦᠰᠦᠲᠡᠨ᠎ᠤ ᠴᠢᠯᠦᠭᠡᠯᠡᠯᠲᠡ ᠵᠢ ᠲᠡᠮᠡᠴᠡᠨ ᠣᠯᠬᠤ ᠲᠡᠮᠡᠴᠡᠯ ᠳᠤᠮᠳᠠ ᠬᠠᠷᠢᠯᠴᠠᠨ ᠲᠡᠮᠵᠢᠵᠤ᠂ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠳᠤᠮᠳᠠ ᠭᠠᠷ ᠬᠤᠯᠪᠣᠨ ᠬᠠᠮᠲᠤ᠎ᠪᠠᠷ ᠤᠷᠤᠭᠰᠢᠯᠠᠵᠤ᠂ ᠲᠤᠰ ᠲᠤᠰ᠎ᠤᠨ ᠣᠳᠣᠬᠢᠴᠢᠯᠠᠯᠲᠠ ᠵᠢᠨ ᠠᠬᠢᠴᠠ ᠵᠢ ᠠᠬᠢᠭᠤᠯᠬᠤ ᠶᠠᠪᠤᠴᠠ᠎ᠳᠤ ᠡᠷᠡᠮᠡᠬᠡᠶ᠋ᠢᠯᠡᠨ ᠤᠷᠤᠭᠰᠢᠯᠠᠵᠤ᠂ ᠨᠡᠶ᠋ᠢᠭᠡᠮ ᠵᠢᠷᠤᠮᠲᠤ ᠤᠯᠤᠰ᠎ᠤᠨ ᠪᠦᠯᠬᠦᠮᠳᠡᠨ ᠬᠠᠮᠲᠤᠷᠠᠯᠴᠠᠬᠤ ᠬᠡᠪ ᠳᠠᠭᠤᠷᠢᠶᠠᠯ ᠪᠣᠯᠪᠠ᠃ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠵᠢᠨ ᠪᠠᠶ᠋ᠢᠳᠠᠯ᠎ᠤᠨ ᠡᠮᠦᠨ᠎ᠡ ᠳᠤᠮᠳᠠᠳᠤ ᠸᠢᠶᠸᠲᠨᠠᠮ ᠬᠤᠶᠠᠷ ᠤᠯᠤᠰ ᠡᠩᠬᠡ ᠲᠠᠶ᠋ᠢᠪᠤᠩ ᠬᠥᠭᠵᠢᠯᠲᠡ ᠵᠢ ᠪᠠᠷᠢᠮᠲᠠᠯᠠᠵᠤ᠂ ᠨᠥᠭᠦᠷᠰᠡᠭ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠳᠡᠯᠡᠬᠡᠢ ᠳ᠋ᠠᠬᠢᠨ᠎ᠳᠤ ᠡᠷᠬᠢᠮ ᠨᠠᠨᠳᠢᠨ ᠲᠣᠭᠲᠠᠪᠤᠷᠢᠲᠤ ᠴᠢᠨᠠᠷ ᠪᠠ ᠲᠣᠬᠲᠠᠭ᠋ᠠᠯᠲᠤ ᠴᠢᠨᠠᠷ᠎ᠢ ᠨᠡᠮᠡᠷᠢᠯᠡᠪᠡ᠃ ᠲᠡᠦᠬᠡ ᠵᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠬᠤᠶᠠᠷ ᠲᠠᠯ᠎ᠠ᠎ᠪᠠᠷ ᠵᠶ᠋ᠠᠨ ᠤᠷᠢᠳᠤᠬᠢ ᠵᠢ ᠵᠠᠯᠭ᠋ᠠᠮᠵᠢᠯᠠᠨ ᠬᠤᠶ᠋ᠢᠰᠢᠬᠢ᠎ᠳᠤ ᠵᠠᠮ ᠨᠡᠭᠡᠭᠡᠵᠦ᠂ ᠭᠠᠷ ᠬᠤᠯᠪᠣᠨ ᠤᠷᠤᠭᠰᠢᠯᠠᠵᠤ᠂ 《ᠸᠢᠶᠸᠲᠨᠠᠮ ᠳᠤᠮᠳᠠᠳᠤ ᠵᠢᠨ ᠨᠥᠬᠦᠷᠯᠡᠯ ᠭᠦᠨ ᠵᠤᠵᠠᠭ᠋ᠠᠨ᠂ ᠨᠥᠬᠦᠷ ᠪᠥᠭᠡᠳ ᠠᠬ᠎ᠠ ᠳᠡᠭᠦᠦ》 ᠵᠢᠨ ᠤᠯᠠᠮᠵᠢᠯᠠᠯᠲᠤ ᠨᠥᠬᠦᠷᠯᠡᠯ ᠵᠶ᠋ᠠᠨ ᠦᠷᠭᠦᠯᠵᠢᠯᠡᠭᠦᠯᠵᠦ᠂ ᠤᠯᠤᠰ ᠲᠦᠷᠦ ᠵᠢᠨ ᠢᠲᠡᠭᠡᠯᠴᠡᠭᠡ ᠨᠡᠩ ᠥᠨᠳᠥᠷ᠂ ᠠᠮᠤᠷ ᠲᠦᠪᠰᠢᠨ᠎ᠤ ᠬᠠᠮᠲᠤᠷᠠᠯᠴᠠᠭ᠎ᠠ ᠨᠡᠩ ᠪᠣᠳᠠᠲᠠᠢ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠨᠡᠩ ᠭᠦᠨᠵᠡᠭᠡᠢ᠂ ᠠᠷᠠᠳ᠎ᠤᠨ ᠰᠠᠨᠠᠭ᠋ᠠᠨ᠎ᠤ ᠰᠠᠭᠤᠷᠢ ᠨᠡᠩ ᠪᠠᠲᠤ᠂ ᠤᠯᠠᠨ ᠲᠠᠯ᠎ᠠ ᠵᠢᠨ ᠵᠣᠬᠢᠴᠠᠭᠤᠯᠭ᠎ᠠ ᠬᠠᠮᠵᠢᠯᠴᠠᠭ᠎ᠠ ᠨᠡᠩ ᠴᠢᠩᠭ᠎ᠠ᠂ ᠵᠥᠷᠢᠯᠳᠦᠭᠡᠨ᠎ᠢ ᠬᠠᠮᠢᠶᠠᠷᠤᠨ ᠡᠵᠡᠮᠳᠡᠵᠦ ᠰᠢᠢ᠍ᠳᠪᠦᠷᠢᠯᠡᠬᠦ᠎ᠪᠠᠷ ᠨᠡᠩ ᠰᠠᠶ᠋ᠢᠨ 《ᠵᠢᠷᠭᠤᠭ᠋ᠠᠨ ᠨᠡᠩ ᠪᠠᠶ᠋ᠢᠬᠤ》 ᠶᠡᠷᠦᠩᠬᠡᠢ ᠬᠠᠷᠠᠯᠲᠠ ᠶᠣᠰᠣᠭ᠋ᠠᠷ ᠪᠦᠬᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠵᠢ ᠴᠢᠨᠠᠷ ᠰᠠᠶ᠋ᠢᠲᠠᠢ ᠠᠬᠢᠭᠤᠯᠵᠤ᠂ ᠳᠤᠮᠳᠠᠳᠤ ᠸᠢᠶᠸᠲᠨᠠᠮ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠯᠠᠪᠳᠠᠭᠤᠨ ᠵᠶ᠋ᠠᠷ ᠬᠤᠯᠠ ᠠᠶᠠᠯᠠᠬᠤ ᠵᠢ ᠦᠨᠡᠨ ᠬᠦ᠌ ᠪᠠᠲᠤᠯᠠᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃


   4 ᠰᠠᠷ᠎ᠠ ᠵᠢᠨ 14᠎ᠤ ᠦᠳᠡ ᠵᠢᠨ ᠬᠤᠶ᠋ᠢᠨ᠎ᠠ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠰᠠᠭᠤᠭ᠎ᠠ ᠭᠠᠵᠠᠷ᠎ᠲᠤ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠦ᠍ ᠯᠢᠨ᠎ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠲᠡᠭᠦᠰᠦᠭᠰᠡᠨ᠎ᠤ ᠲᠠᠷᠠᠭ᠎ᠠ ᠬᠤᠶᠠᠷ ᠨᠠᠮ᠎ᠤᠨ ᠶᠡᠷᠦᠩᠬᠡᠢ ᠱᠦᠵᠢ ᠳᠤᠮᠳᠠᠳᠤ ᠸᠢᠶᠸᠲᠨᠠᠮ ᠬᠤᠶᠠᠷ ᠲᠠᠯ᠎ᠠ ᠵᠢᠨ ᠲᠣᠬᠢᠷᠠᠯᠴᠠᠭᠰᠠᠨ ᠬᠤᠶᠠᠷ ᠲᠠᠯ᠎ᠠ ᠵᠢᠨ ᠬᠠᠮᠲᠤᠷᠠᠯᠴᠠᠭ᠋ᠠᠨ᠎ᠤ 45 ᠬᠤᠪᠢ ᠪᠢᠴᠢᠭ᠎ᠤᠨ ᠦᠵᠡᠭᠦᠯᠭᠡ ᠵᠢ ᠬᠠᠮᠲᠤ᠎ᠪᠠᠷ ᠭᠡᠷᠡᠴᠢᠯᠡᠵᠦ ᠪᠠᠶ᠋ᠢᠭ᠎ᠠ᠎ᠨᠢ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ

    ᠰᠢ ᠵᠢᠨ ᠫᠢᠩ᠂ ᠳᠤᠮᠳᠠᠳᠤ ᠸᠢᠶᠸᠲᠨᠠᠮ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠨᠢ ᠴᠢᠬᠤᠯᠠ ᠳᠡᠯᠡᠬᠡᠢ ᠵᠢᠨ ᠠᠴᠢ ᠬᠤᠯᠪᠣᠭᠳᠠᠯ᠎ᠲᠠᠢ ᠶᠤᠮ᠃ ᠬᠤᠶᠠᠷ ᠤᠯᠤᠰ ᠭᠠᠷ ᠬᠤᠯᠪᠣᠨ ᠡᠩᠬᠡ ᠲᠠᠶ᠋ᠢᠪᠤᠩ ᠬᠥᠭᠵᠢᠯᠲᠡ ᠵᠢᠨ ᠵᠠᠮ ᠵᠶ᠋ᠠᠷ ᠵᠠᠮᠨᠠᠵᠤ᠂ 15 ᠳ᠋ᠦᠩᠰᠢᠭᠤᠷ ᠭᠠᠷᠤᠢ ᠬᠥᠮᠥᠨ ᠠᠮᠠ ᠬᠠᠮᠲᠤ᠎ᠪᠠᠷ ᠣᠳᠣᠬᠢᠴᠢᠯᠠᠯᠲᠠ ᠲᠡᠶ᠋ᠢᠰᠢ ᠤᠷᠤᠭᠰᠢᠯᠠᠬᠤ᠎ᠨᠢ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠵᠢᠨ ᠡᠩᠬᠡ ᠲᠠᠶ᠋ᠢᠪᠤᠩ ᠲᠣᠭᠲᠠᠭᠤᠨ᠎ᠢ ᠬᠦᠴᠦᠲᠡᠢ ᠬᠠᠮᠠᠭ᠋ᠠᠯᠠᠵᠤ᠂ ᠬᠠᠮᠲᠤ ᠵᠢᠨ ᠬᠥᠭᠵᠢᠯᠲᠡ ᠵᠢ ᠠᠬᠢᠭᠤᠯᠬᠤ ᠪᠣᠯᠣᠨ᠋᠃ ᠬᠤᠶᠠᠷ ᠤᠯᠤᠰ ᠵᠶ᠋ᠠᠷ ᠵᠶ᠋ᠠᠨ ᠴᠥᠮ ᠭᠠᠳᠠᠭ᠋ᠠᠳᠤ ᠨᠡᠭᠡᠭᠡᠯᠲᠡ ᠬᠢᠬᠦ ᠵᠢ ᠪᠠᠷᠢᠮᠲᠠᠯᠠᠵᠤ᠂ ᠭᠠᠵᠠᠷ ᠣᠷᠣᠨ᠎ᠤ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠰᠠᠭ᠋ᠠᠳ ᠦᠭᠡᠢ ᠨᠡᠪᠲᠡᠷᠡᠬᠦ ᠵᠢ ᠬᠠᠮᠠᠭ᠋ᠠᠯᠠᠬᠤ᠂ ᠠᠵᠤ ᠠᠬᠤᠢ ᠵᠢᠨ ᠳᠡᠯᠡᠬᠡᠶ᠋ᠢᠵᠢᠯᠲᠡ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠪᠡ᠃ ᠵᠢᠵᠢᠭ ᠣᠩᠭᠤᠴᠠ ᠪᠢᠴᠢᠬᠠᠨ ᠵᠠᠪᠢ ᠲᠤᠬᠰᠢᠨ ᠳᠠᠪᠠᠯᠭ᠋ᠠᠨ ᠰᠢᠷᠦᠭᠦᠨ ᠳᠣᠯᠭᠢᠶᠠᠨ᠎ᠢ ᠳᠠᠭ᠋ᠠᠭ᠋ᠠᠵᠤ ᠳᠡᠶ᠋ᠢᠯᠭᠦ ᠦᠭᠡᠢ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠪᠠᠯ ᠰᠠᠶᠢ ᠯᠠᠪᠳᠠᠭᠤᠨ ᠵᠶ᠋ᠠᠷ ᠬᠤᠯᠠ ᠠᠶᠠᠯᠠᠵᠤ ᠴᠢᠳᠠᠨ᠎ᠠ᠃ ᠳᠤᠮᠳᠠᠳᠤ ᠤᠯᠤᠰ ᠪᠣᠯᠣᠨ ᠸᠢᠶᠸᠲᠨᠠᠮ ᠪᠣᠯ ᠴᠥᠮ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠠᠰᠢᠭ᠎ᠢ ᠭᠦᠷᠳᠡᠭᠴᠢ ᠮᠥᠨ᠂ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠴᠢᠩᠭ᠋ᠠᠳᠬᠠᠵᠤ᠂ ᠭᠠᠭᠴᠠ ᠲᠠᠯ᠎ᠠ ᠵᠢᠨ ᠡᠵᠡᠷᠬᠡᠭ ᠠᠵᠢᠯᠯᠠᠭ᠎ᠠ ᠵᠢ ᠬᠠᠮᠲᠤ᠎ᠪᠠᠷ ᠡᠰᠡᠷᠭᠦᠴᠡᠵᠦ᠂ ᠪᠦᠬᠦ ᠪᠥᠮᠪᠥᠷᠴᠡᠭ᠎ᠤᠨ ᠴᠢᠯᠦᠭᠡᠲᠦ ᠠᠷᠠᠯᠵᠢᠶᠠᠨ᠎ᠤ ᠪᠠᠶ᠋ᠢᠭᠤᠯᠤᠯ ᠪᠣᠯᠣᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ᠎ᠢ ᠬᠠᠮᠠᠭ᠋ᠠᠯᠠᠶ᠎ᠠ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ ᠳᠤᠮᠳᠠᠳᠤ ᠸᠢᠶᠸᠲᠨᠠᠮ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ ᠲᠤᠬᠠᠢ ᠵᠢᠷᠭᠤᠭ᠋ᠠᠨ ᠠᠷᠭ᠎ᠠ ᠬᠡᠮᠵᠢᠶ᠎ᠡ ᠳᠤᠷᠠᠳᠪᠠ᠃
    ᠨᠢᠭᠡ᠎ᠳᠤ ᠨᠡᠩ ᠥᠨᠳᠥᠷ ᠲᠦᠪᠰᠢᠨ ᠪᠦᠬᠦᠢ ᠪᠠᠶ᠋ᠢᠯᠳᠤᠬᠤ ᠪᠣᠳᠣᠯᠭ᠎ᠠ ᠵᠢᠨ ᠢᠲᠡᠭᠡᠯᠴᠡᠭᠡ᠎ᠪᠠᠨ ᠨᠡᠮᠡᠭᠳᠡᠭᠦᠯᠦᠶ᠎ᠡ᠃ ᠬᠤᠶᠠᠷ ᠨᠠᠮ ᠬᠤᠶᠠᠷ ᠤᠯᠤᠰ᠎ᠤᠨ ᠤᠳᠤᠷᠢᠳᠬᠤ ᠬᠥᠮᠥᠰ ᠲᠦᠷᠦᠯ ᠰᠠᠳᠤᠨ ᠵᠶ᠋ᠠᠨ ᠡᠷᠭᠢᠵᠦ ᠦᠵᠡᠬᠦ᠎ᠲᠠᠢ ᠠᠳᠠᠯᠢ᠎ᠪᠠᠷ ᠦᠷᠭᠦᠯᠵᠢ ᠶᠠᠪᠤᠯᠴᠠᠵᠤ᠂ ᠢᠯᠡᠭᠦᠬᠡᠨ ᠣᠯᠣᠯᠴᠠᠶ᠎ᠠ᠃ ᠬᠤᠶᠠᠷ ᠲᠠᠯ᠎ᠠ᠎ᠪᠠᠷ ᠵᠶ᠋ᠠᠨ ᠨᠠᠮ᠎ᠤᠨ ᠬᠤᠭᠤᠷᠣᠨᠳᠦᠭᠢ᠂ ᠬᠠᠤᠯᠢ ᠲᠣᠭᠲᠠᠭ᠋ᠠᠬᠤ ᠪᠠᠶ᠋ᠢᠭᠤᠯᠤᠮᠵᠢ᠂ ᠤᠯᠤᠰ ᠲᠦᠷᠦ ᠵᠢᠨ ᠵᠥᠪᠯᠡᠯᠭᠡᠨ᠎ᠤ ᠵᠣᠬᠢᠶᠠᠨ ᠪᠠᠶ᠋ᠢᠭᠤᠯᠤᠯᠲᠠ ᠵᠡᠷᠭᠡ ᠵᠠᠮ ᠰᠤᠪᠠᠭ᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠷᠰᠢᠯᠭ᠎ᠠ ᠵᠢᠨ ᠰᠣᠯᠢᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠤᠯᠤᠰ᠎ᠤᠨ ᠣᠳᠣᠬᠢᠴᠢᠯᠠᠯᠲᠠ ᠵᠢ ᠠᠬᠢᠭᠤᠯᠬᠤ ᠲᠠᠯ᠎ᠠ᠎ᠪᠠᠷ᠎ᠬᠢ ᠨᠠᠮ᠎ᠤᠨ ᠤᠳᠤᠷᠢᠳᠬᠤ ᠲᠦᠪᠰᠢᠨ᠎ᠢ ᠳᠡᠭᠡᠭᠰᠢᠯᠡᠭᠦᠯᠦᠶ᠎ᠡ᠃
    ᠬᠤᠶᠠᠷ᠎ᠲᠤ ᠨᠡᠩ ᠪᠠᠲᠤ ᠪᠠᠬᠢ ᠠᠮᠤᠷ ᠲᠦᠪᠰᠢᠨ᠎ᠤ ᠬᠠᠯᠬᠠᠪᠴᠢ ᠵᠢ ᠪᠠᠶ᠋ᠢᠭᠤᠯᠤᠶ᠎ᠠ᠃ ᠬᠤᠶᠠᠷ ᠤᠯᠤᠰ᠎ᠤᠨ ᠭᠠᠳᠠᠭ᠋ᠠᠳᠤ ᠬᠠᠷᠢᠯᠴᠠᠭ᠎ᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ᠂ ᠳᠣᠲᠣᠭ᠋ᠠᠳᠤ ᠵᠢ ᠬᠠᠮᠠᠭ᠋ᠠᠯᠠᠬᠤ 《3+3》 ᠵᠢᠨ ᠪᠠᠶ᠋ᠢᠯᠳᠤᠬᠤ ᠪᠣᠳᠣᠯᠭ᠎ᠠ ᠵᠢᠨ ᠶᠠᠷᠢᠯᠴᠠᠭ᠋ᠠᠨ᠎ᠤ ᠲᠣᠭᠲᠠᠴᠠ ᠵᠢ ᠰᠠᠶ᠋ᠢᠳ᠎ᠤᠨ ᠲᠡᠰ ᠵᠶ᠋ᠠᠷ ᠲᠣᠭᠲᠠᠭ᠋ᠠᠵᠤ᠂ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠎ᠠ᠎ᠪᠠᠨ ᠨᠡᠮᠡᠭᠳᠡᠭᠦᠯᠦᠶ᠎ᠡ᠃ ᠰᠡᠷᠭᠡᠶ᠋ᠢᠯᠡᠨ ᠬᠠᠮᠠᠭ᠋ᠠᠯᠠᠬᠤ ᠠᠵᠢᠯ ᠪᠠ ᠬᠠᠤᠯᠢ ᠬᠡᠷᠡᠭᠵᠢᠭᠦᠯᠬᠦ ᠠᠮᠤᠷ ᠲᠦᠪᠰᠢᠨ᠎ᠤ ᠬᠠᠮᠲᠤᠷᠠᠯᠴᠠᠭ᠋ᠠᠨ᠎ᠤ ᠲᠣᠭᠲᠠᠴᠠ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠰᠦᠯᠵᠢᠶᠡᠨ ᠳᠡᠭᠡᠷ᠎ᠡ ᠵᠣᠭᠤᠰ ᠮᠥᠷᠥᠶ᠋ᠢᠴᠡᠬᠦ ᠴᠠᠭᠢᠯᠭ᠋ᠠᠨ ᠴᠢᠮᠡᠭᠡ ᠬᠤᠯᠪᠣᠭ᠋ᠠᠨ᠎ᠤ ᠮᠡᠬᠡᠯᠡᠯ ᠵᠡᠷᠭᠡ ᠬᠢᠯᠢ ᠠᠯᠤᠰᠯᠠᠭᠰᠠᠨ ᠶᠠᠯᠠᠲᠤ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠂ ᠬᠤᠶᠠᠷ ᠲᠠᠯᠠᠲᠤ ᠪᠠ ᠤᠯᠠᠨ ᠲᠠᠯᠠᠲᠤ ᠢᠯᠠᠩᠭᠤᠶ᠎ᠠ ᠯᠠᠨᠼᠠᠩᠵᠢᠶᠠᠩ ᠮᠥᠷᠡᠨ ᠮᠸᠢᠢ᠍ᠭᠤᠩ ᠮᠥᠷᠡᠨ᠎ᠤ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠳᠣᠲᠣᠷᠠᠬᠢ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠭᠠᠵᠠᠷ ᠣᠷᠣᠨ᠎ᠤ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠶ᠎ᠠ᠃
    ᠭᠤᠷᠪᠠ᠎ᠳᠤ ᠨᠡᠩ ᠴᠢᠨᠠᠷ ᠰᠠᠶ᠋ᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠥᠷᠭᠡᠳᠬᠡᠶ᠎ᠡ᠃ ᠳᠤᠮᠳᠠᠳᠤ ᠤᠯᠤᠰ᠎ᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠪᠣᠯᠣᠨ ᠸᠢᠶᠸᠲᠨᠠᠮ᠎ᠤᠨ ᠰᠢᠨ᠎ᠡ ᠭᠡᠯᠪᠡᠷᠢ ᠵᠢᠨ ᠦᠢ᠍ᠯᠡᠳᠪᠦᠷᠢᠯᠡᠯ᠎ᠤᠨ ᠬᠦᠴᠦᠨ᠎ᠤ ᠲᠦᠷᠭᠡᠨ ᠪᠦᠷᠢᠯᠳᠦᠬᠦ ᠴᠢᠬᠤᠯᠠ ᠶᠡᠭᠡ ᠠᠵᠠ ᠲᠣᠭᠢᠶᠠᠯ᠎ᠢ ᠡᠵᠡᠮᠳᠡᠵᠦ᠂ ᠬᠤᠶᠠᠷ ᠤᠯᠤᠰ᠎ᠤᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠲᠡᠰ ᠳᠡᠪᠰᠢᠭᠦᠯᠦᠶ᠎ᠡ᠃ ᠬᠤᠶᠠᠷ ᠲᠠᠯ᠎ᠠ ᠵᠢᠨ ᠪᠠᠷᠢᠮᠵᠢᠶᠠᠲᠤ ᠵᠢᠮᠳᠦ ᠲᠡᠮᠦᠷ ᠵᠠᠮ᠂ ᠲᠦᠷᠭᠡᠨ᠎ᠤ ᠵᠠᠰᠠᠮᠠᠯ ᠵᠠᠮ᠂ ᠣᠶᠤᠨᠲᠤ ᠬᠢᠯᠢ ᠵᠢᠨ ᠪᠣᠭᠤᠮᠲᠠ ᠵᠢ ᠪᠦᠬᠦ ᠲᠠᠯ᠎ᠠ᠎ᠪᠠᠷ ᠬᠤᠯᠪᠣᠨ ᠨᠡᠪᠲᠡᠷᠡᠭᠦᠯᠬᠦ ᠵᠢ ᠡᠷᠲᠡᠬᠡᠨ ᠪᠡᠶᠡᠯᠡᠭᠦᠯᠦᠶ᠎ᠡ᠃ ᠵᠣᠬᠢᠶᠠᠮᠠᠯ ᠤᠶᠤᠨ ᠴᠢᠳᠠᠪᠤᠷᠢ᠂ ᠪᠠᠷᠠᠭ᠋ᠠᠨ᠎ᠤ ᠰᠦᠯᠵᠢᠶ᠎ᠡ ᠵᠡᠷᠭᠡ ᠳᠡᠭᠡᠳᠦ ᠮᠡᠷᠭᠡᠵᠢᠯ᠎ᠤᠨ ᠬᠠᠮᠲᠤᠷᠠᠯᠴᠠᠭ᠎ᠠ ᠵᠢ ᠠᠬᠢᠭᠤᠯᠤᠶ᠎ᠠ᠃ ᠳᠤᠮᠳᠠᠳᠤ ᠤᠯᠤᠰ᠎ᠤᠨ ᠭᠡᠳᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ ᠢᠮᠠᠭᠲᠠ ᠸᠢᠶᠸᠲᠨᠠᠮ᠎ᠳᠤ ᠨᠡᠭᠡᠭᠡᠯᠲᠡ ᠬᠢᠵᠦ᠂ ᠸᠢᠶᠸᠲᠨᠠᠮ᠎ᠤᠨ ᠨᠡᠩ ᠤᠯᠠᠨ ᠰᠢᠯᠢᠳᠡᠭ ᠦᠢ᠍ᠯᠡᠳᠬᠦᠨ᠎ᠢ ᠳᠤᠮᠳᠠᠳᠤ ᠤᠯᠤᠰ᠎ᠲᠤ ᠭᠠᠷᠭ᠋ᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠃ ᠳᠤᠮᠳᠠᠳᠤ ᠵᠢᠨ ᠲᠠᠯ᠎ᠠ ᠵᠢᠨ᠎ᠬᠢᠨ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠸᠢᠶᠸᠲᠨᠠᠮ᠎ᠳᠤ ᠬᠦᠷᠴᠦ ᠪᠡᠯᠡ ᠣᠷᠣᠭᠤᠯᠬᠤ ᠵᠢ ᠵᠣᠷᠢᠭᠵᠢᠭᠤᠯᠵᠤ᠂ ᠸᠢᠶᠸᠲᠨᠠᠮ᠎ᠤᠨ ᠲᠠᠯ᠎ᠠ ᠵᠢᠨ᠎ᠬᠢᠨ ᠨᠡᠩ ᠡᠷᠬᠡ ᠲᠡᠭᠰᠢ ᠨᠥᠭᠦᠷᠰᠡᠭ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠪᠤᠢ ᠪᠤᠯᠭ᠋ᠠᠬᠤ ᠵᠢ ᠬᠦᠰᠡᠵᠦ ᠪᠠᠶ᠋ᠢᠨ᠎ᠠ᠃
    ᠳᠥᠷᠪᠡ᠎ᠳᠤ ᠨᠡᠩ ᠥᠷᠭᠡᠨ ᠳᠡᠯᠭᠡᠷ ᠠᠷᠠᠳ᠎ᠤᠨ ᠰᠠᠨᠠᠭ᠎ᠠ ᠵᠢᠨ ᠬᠤᠯᠪᠣᠭ᠋ᠠᠰᠤ ᠵᠢ ᠪᠠᠲᠤ ᠴᠢᠩᠭ᠋ᠠᠯᠠᠶ᠎ᠠ᠃ ᠡᠨᠡ ᠵᠢᠯ᠎ᠤᠨ 《ᠳᠤᠮᠳᠠᠳᠤ ᠸᠢᠶᠸᠲᠨᠠᠮ᠎ᠤᠨ ᠰᠣᠶᠣᠯ ᠢᠷᠭᠡᠨᠰᠢᠯ᠎ᠤᠨ ᠰᠣᠯᠢᠯᠴᠠᠭ᠋ᠠᠨ᠎ᠤ ᠣᠨ》 ᠵᠶ᠋ᠠᠷ ᠠᠵᠠ ᠲᠣᠭᠢᠶᠠᠯ ᠪᠤᠯᠭ᠋ᠠᠵᠤ᠂ ᠤᠯᠠᠨ ᠲᠦᠮᠡᠨ᠎ᠲᠠᠢ ᠣᠶ᠋ᠢᠷᠠᠲᠤᠭᠰᠠᠨ᠂ ᠠᠷᠠᠳ᠎ᠤᠨ ᠰᠡᠳᠬᠢᠯ᠎ᠢ ᠣᠯᠣᠭᠰᠠᠨ ᠨᠡᠩ ᠤᠯᠠᠨ ᠨᠥᠭᠦᠷᠰᠡᠭ ᠠᠵᠢᠯᠯᠠᠭ᠎ᠠ ᠵᠢ ᠡᠷᠭᠢᠯᠡᠵᠦ᠂ ᠵᠢᠭᠤᠯᠴᠢᠯᠠᠯ᠂ ᠰᠣᠶᠣᠯ᠂ ᠵᠠᠭᠤᠴᠢᠯᠠᠭᠤᠷ᠂ ᠡᠷᠡᠭᠦᠯ ᠬᠠᠮᠠᠭ᠋ᠠᠯᠠᠯ ᠵᠡᠷᠭᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠶ᠎ᠠ᠃ ᠬᠤᠪᠢᠰᠬᠠᠯᠲᠤ ᠰᠣᠶᠣᠯ᠎ᠤᠨ ᠡᠬᠢ ᠪᠠᠶᠠᠯᠢᠭ᠎ᠢ ᠦᠷᠭᠦᠯᠵᠢᠯᠡᠨ ᠭᠦᠨ ᠠᠭᠤᠳᠠᠯᠤᠨ᠂ ᠨᠥᠭᠦᠷᠰᠡᠭ ᠦᠯᠢᠭᠡᠷ᠎ᠢ ᠰᠠᠶ᠋ᠢᠲᠤᠷ ᠶᠠᠷᠢᠵᠤ᠂ ᠬᠤᠶ᠋ᠢᠰᠢᠳᠠ ᠵᠢᠨ 3 ᠵᠢᠯ᠎ᠳᠤ ᠸᠢᠶᠸᠲᠨᠠᠮ᠎ᠤᠨ ᠵᠠᠯᠠᠭᠤᠴᠤᠳ᠎ᠢ ᠤᠷᠢᠵᠤ ᠳᠤᠮᠳᠠᠳᠤ ᠤᠯᠤᠰ᠎ᠲᠤ ᠣᠴᠢᠭᠤᠯᠤᠨ 《ᠬᠤᠪᠢᠰᠬᠠᠯ᠎ᠤᠨ ᠰᠤᠳᠤᠯᠭ᠋ᠠᠨ᠎ᠤ ᠠᠶᠠᠯᠠᠯ》᠎ᠢ ᠥᠷᠨᠢᠭᠦᠯᠵᠦ᠂ ᠬᠤᠶᠠᠷ ᠤᠯᠤᠰ᠎ᠤᠨ ᠠᠷᠠᠳ ᠲᠦᠮᠡᠨ ᠢᠯᠠᠩᠭᠤᠶ᠎ᠠ ᠵᠠᠯᠠᠭᠤ ᠨᠢᠭᠡ ᠦᠶ᠎ᠡ ᠵᠢᠨ᠎ᠬᠢᠨ᠎ᠳᠤ ᠬᠤᠪᠢᠰᠬᠠᠯ᠎ᠤᠨ ᠲᠦᠷᠦ ᠭᠦᠷᠦᠨ᠎ᠢ ᠭᠢᠯᠪᠠᠷ ᠪᠤᠰᠤ᠎ᠪᠠᠷ ᠣᠯᠵᠤ ᠢᠷᠡᠭᠰᠡᠨ᠂ ᠬᠤᠶᠠᠷ ᠤᠯᠤᠰ᠎ᠤᠨ ᠡᠶᠡᠯᠳᠡᠭ ᠬᠥᠷᠰᠢ ᠵᠢᠨ ᠨᠥᠭᠦᠷᠰᠡᠭ ᠬᠠᠮᠲᠤᠷᠠᠯᠴᠠᠭ᠎ᠠ ᠡᠷᠬᠢᠮ ᠨᠠᠨᠳᠢᠨ ᠭᠡᠳᠡᠭ᠎ᠢ ᠣᠶ᠋ᠢᠯᠠᠭ᠋ᠠᠭᠤᠯᠵᠤ᠂ ᠳᠤᠮᠳᠠᠳᠤ ᠸᠢᠶᠸᠲᠨᠠᠮ᠎ᠤᠨ ᠬᠠᠷᠢᠯᠴᠠᠭ᠋ᠠᠨ᠎ᠤ ᠬᠥᠭᠵᠢᠯᠲᠡ ᠪᠣᠯᠣᠨ ᠥᠪᠡᠷ ᠥᠪᠡᠷ᠎ᠤᠨ ᠤᠯᠤᠰ᠎ᠤᠨ ᠪᠦᠲᠦᠭᠡᠨ ᠪᠠᠶ᠋ᠢᠭᠤᠯᠤᠯᠲᠠ᠎ᠳᠤ ᠨᠡᠩ ᠤᠯᠠᠨ ᠵᠠᠯᠠᠭᠤ ᠬᠦᠴᠦᠨ᠎ᠢ ᠬᠥᠮᠥᠵᠢᠭᠦᠯᠵᠦ ᠥᠭᠭᠦᠶ᠎ᠡ᠃
    ᠲᠠᠪᠤ᠎ᠳᠤ ᠨᠡᠩ ᠨᠢᠭᠲᠠ ᠤᠯᠠᠨ ᠲᠠᠯᠠᠲᠤ ᠬᠠᠮᠵᠢᠯᠴᠠᠭ᠎ᠠ ᠵᠢ ᠥᠷᠨᠢᠭᠦᠯᠦᠶ᠎ᠡ᠃ ᠳᠡᠯᠡᠬᠡᠢ ᠵᠢᠨ ᠬᠤᠶᠠᠳᠤᠭ᠋ᠠᠷ ᠶᠡᠭᠡ ᠲᠠᠶ᠋ᠢᠨ᠎ᠤ ᠢᠯᠠᠯᠲᠠ ᠵᠢᠨ ᠦᠷ᠎ᠡ ᠪᠦᠲᠦᠭᠡᠯ᠎ᠢ ᠬᠠᠮᠲᠤ᠎ᠪᠠᠷ ᠬᠠᠮᠠᠭ᠋ᠠᠯᠠᠵᠤ᠂ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠎ᠪᠠᠷ ᠭᠤᠣᠯ ᠪᠤᠯᠭ᠋ᠠᠬᠰᠠᠨ ᠤᠯᠠᠨ ᠤᠯᠤᠰ᠎ᠤᠨ ᠰᠢᠰᠲ᠋ᠧᠮ ᠪᠣᠯᠣᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠡᠮᠬᠢ ᠳᠢᠭᠯᠢᠮ᠎ᠢ ᠡᠷᠡᠰ ᠬᠠᠮᠠᠭ᠋ᠠᠯᠠᠵᠤ᠂ ᠡᠷᠬᠡ ᠲᠡᠭᠰᠢ ᠡᠮᠬᠢ ᠳᠢᠭᠯᠢᠮ᠎ᠲᠠᠢ ᠳᠡᠯᠡᠬᠡᠢ ᠵᠢᠨ ᠤᠯᠠᠨ ᠲᠤᠶ᠋ᠢᠯᠵᠢᠯᠲᠡ᠂ ᠲᠦᠭᠡᠮᠡᠯ ᠬᠠᠷᠠᠭ᠋ᠠᠯᠵᠠᠯᠲᠤ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠶ᠋ᠢᠵᠢᠯᠲᠡ ᠵᠢ ᠠᠬᠢᠭᠤᠯᠵᠤ᠂ ᠭᠤᠷᠪᠠᠨ ᠶᠡᠭᠡ ᠪᠦᠬᠦ ᠪᠥᠮᠪᠥᠷᠴᠡᠭ᠎ᠤᠨ ᠰᠠᠨᠠᠭ᠋ᠠᠴᠢᠯᠠᠭ᠎ᠠ ᠵᠢᠨ ᠪᠦᠳᠦᠭᠦᠪᠴᠢ ᠵᠥᠪᠯᠡᠯᠴᠡᠭᠡᠷ᠎ᠤᠨ ᠳᠣᠲᠣᠷᠠᠬᠢ ᠬᠠᠮᠲᠤᠷᠠᠯᠴᠠᠭ᠎ᠠ ᠵᠢ ᠴᠢᠩᠭ᠋ᠠᠳᠬᠠᠶ᠎ᠠ᠃ ᠳᠤᠮᠳᠠᠳᠤ ᠤᠯᠤᠰ ᠳᠣᠲᠣᠨᠣ ᠦᠨᠡᠨᠴᠢ ᠠᠰᠢᠭ ᠬᠦᠷᠲᠡᠭᠡᠬᠦ ᠪᠠᠭᠲᠠᠭ᠋ᠠᠮᠵᠢᠲᠠᠢ ᠪᠠᠶ᠋ᠢᠬᠤ ᠣᠶ᠋ᠢᠯᠠᠭ᠋ᠠᠭᠳᠠᠬᠤᠨ ᠪᠠ ᠬᠥᠷᠰᠢ ᠵᠡᠷᠭᠡᠯᠡᠳᠡᠭᠡ᠎ᠲᠠᠢ᠎ᠪᠠᠨ ᠰᠠᠶ᠋ᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ᠎ᠲᠠᠢ᠎ᠪᠠᠨ ᠨᠥᠬᠦᠷᠯᠡᠬᠦ ᠴᠢᠭᠯᠡᠯᠲᠡ ᠵᠢ ᠪᠠᠷᠢᠮᠲᠠᠯᠠᠵᠤ᠂ ᠡᠷᠭᠢᠨ ᠲᠣᠭᠤᠷᠢᠨ᠎ᠤ ᠤᠯᠤᠰ᠎ᠤᠳ᠎ᠯᠤᠭ᠎ᠠ ᠵᠢᠨ ᠨᠥᠭᠦᠷᠰᠡᠭ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠦᠷ᠎ᠡ ᠪᠦᠲᠦᠭᠡᠯ᠎ᠢ ᠬᠥᠷᠰᠢ ᠵᠡᠷᠭᠡᠯᠡᠳᠡᠭᠡ᠎ᠳᠡᠭᠡᠨ ᠨᠡᠩ ᠢᠯᠡᠭᠦᠦ ᠬᠦᠷᠲᠡᠭᠡᠨ᠎ᠡ᠃
    ᠵᠢᠷᠭᠤᠭ᠎ᠠ᠎ᠳᠤ᠂ ᠳᠠᠯᠠᠢ ᠳᠡᠭᠡᠷᠡᠬᠢ ᠨᠡᠩ ᠰᠠᠶ᠋ᠢᠨ ᠬᠤᠷᠰᠢᠯᠴᠠᠭ᠎ᠠ ᠵᠢ ᠪᠡᠶᠡᠯᠡᠭᠦᠯᠦᠶ᠎ᠡ᠃ ᠬᠤᠶᠠᠷ ᠤᠯᠤᠰ᠎ᠤᠨ ᠤᠳᠤᠷᠢᠳᠬᠤ ᠬᠥᠮᠥᠰ᠎ᠤᠨ ᠬᠠᠮᠲᠤ ᠵᠢᠨ ᠲᠠᠨᠢᠯᠲᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠳᠠᠯᠠᠢ ᠳᠡᠭᠡᠷᠡᠬᠢ ᠠᠰᠠᠭᠤᠳᠠᠯ᠎ᠢ ᠵᠣᠬᠢᠰᠲᠠᠢ ᠰᠢᠢ᠍ᠳᠪᠦᠷᠢᠯᠡᠵᠦ᠂ ᠳᠠᠯᠠᠢ ᠳᠡᠭᠡᠷᠡᠬᠢ ᠬᠠᠮᠲᠤᠷᠠᠯᠴᠠᠭ᠎ᠠ ᠵᠢ ᠥᠷᠭᠡᠳᠬᠡᠵᠦ᠂ ᠬᠠᠮᠲᠤ᠎ᠪᠠᠷ ᠨᠡᠭᠡᠭᠡᠨ ᠬᠥᠭᠵᠢᠭᠦᠯᠬᠦ ᠵᠢ ᠵᠣᠷᠢᠭ ᠰᠢᠭᠤᠳᠤᠨ ᠡᠬᠢᠯᠡᠭᠦᠯᠵᠦ᠂ 《ᠡᠮᠦᠨᠡᠲᠦ ᠲᠠᠩᠭᠢᠰ᠎ᠤᠨ ᠠᠵᠢᠯᠯᠠᠭ᠋ᠠᠨ᠎ᠤ ᠪᠠᠷᠢᠮᠵᠢᠶ᠎ᠠ》 ᠵᠢ ᠲᠦᠷᠭᠡᠬᠡᠨ ᠲᠣᠬᠢᠷᠠᠯᠴᠠᠬᠤ ᠵᠢ ᠠᠬᠢᠭᠤᠯᠤᠶ᠎ᠠ᠃
    ᠰᠦ᠍ ᠯᠢᠨ᠎ᠠᠴᠠ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠤᠨ ᠬᠤᠶᠠᠷ ᠤᠯᠤᠰ᠎ᠤᠨ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 75 ᠵᠢᠯ᠎ᠤᠨ ᠣᠶ ᠵᠢᠨ ᠲᠠᠰᠢᠷᠠᠮ ᠵᠶ᠋ᠠᠷ ᠸᠢᠶᠸᠲᠨᠠᠮ᠎ᠳᠤ ᠲᠥᠷᠥ ᠵᠢᠨ ᠶᠠᠪᠤᠳᠠᠯ᠎ᠤᠨ ᠠᠶ᠋ᠢᠯᠴᠢᠯᠠᠯᠲᠠ ᠬᠢᠭᠰᠡᠨ᠎ᠢ ᠬᠠᠯᠠᠭᠤᠨ ᠵᠶ᠋ᠠᠷ ᠤᠭᠲᠤᠪᠠ᠃ ᠰᠦ᠍ ᠯᠢᠨ᠂ ᠶᠡᠷᠦᠩᠬᠡᠢ ᠱᠦᠵᠢ ᠰᠢ ᠵᠢᠨ ᠫᠢᠩ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠭᠠᠷᠮᠠᠭ᠋ᠠᠢ ᠤᠳᠤᠷᠢᠳᠤᠭᠴᠢ ᠮᠥᠨ᠂ ᠪᠠᠰᠠ ᠴᠤ᠌ ᠸᠢᠶᠸᠲᠨᠠᠮ᠎ᠤᠨ ᠠᠷᠠᠳ ᠲᠦᠮᠡᠨ᠎ᠤ ᠠᠭᠤᠤ ᠶᠡᠭᠡ ᠨᠠᠶ᠋ᠢᠵᠠ ᠮᠥᠨ᠃ ᠶᠡᠷᠦᠩᠬᠡᠢ ᠱᠦᠵᠢ ᠰᠢ ᠵᠢᠨ ᠫᠢᠩ ᠡᠨᠡ ᠵᠢᠯ᠎ᠤᠨ ᠠᠩᠬᠠᠳᠠᠭᠴᠢ ᠭᠠᠳᠠᠭ᠋ᠠᠳᠤ ᠤᠯᠤᠰ᠎ᠲᠠᠬᠢ ᠠᠶ᠋ᠢᠯᠴᠢᠯᠠᠯᠲᠠ᠎ᠳᠠᠭᠠᠨ ᠸᠢᠶᠸᠲᠨᠠᠮ᠎ᠳᠤ ᠢᠷᠡᠭᠰᠡᠨ᠎ᠨᠢ ᠸᠢᠶᠸᠲᠨᠠᠮ ᠳᠤᠮᠳᠠᠳᠤ ᠵᠢᠨ ᠬᠠᠷᠢᠯᠴᠠᠭ᠎ᠠ ᠵᠢ ᠴᠢᠬᠤᠯᠠᠴᠢᠯᠠᠨ ᠦᠵᠡᠵᠦ ᠪᠠᠶ᠋ᠢᠬᠤ ᠪᠠ ᠸᠢᠶᠸᠲᠨᠠᠮ᠎ᠢ ᠲᠡᠮᠵᠢᠵᠥ ᠪᠠᠶ᠋ᠢᠬᠤ ᠵᠢ ᠭᠦᠢ᠍ᠴᠡᠳ ᠢᠯᠡᠷᠡᠭᠦᠯᠪᠡ᠃ ᠲᠤᠰ ᠤᠳᠠᠭ᠎ᠠ ᠵᠢᠨ ᠠᠶ᠋ᠢᠯᠴᠢᠯᠠᠯᠲᠠ᠎ᠨᠢ ᠯᠠᠪᠲᠠᠢ ᠬᠤᠶᠠᠷ ᠨᠠᠮ ᠬᠤᠶᠠᠷ ᠤᠯᠤᠰ᠎ᠤᠨ ᠨᠥᠭᠦᠷᠰᠡᠭ ᠶᠠᠪᠤᠯᠴᠠᠭ᠎ᠠ ᠵᠢᠨ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ ᠪᠣᠯᠵᠤ᠂ ᠬᠤᠶᠠᠷ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠠᠴᠢ ᠬᠤᠯᠪᠣᠭᠳᠠᠯ ᠪᠦᠬᠦᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠰᠢᠨ᠎ᠡ ᠠᠬᠢᠴᠠ᠎ᠲᠠᠢ ᠪᠤᠯᠬᠤ ᠵᠢ ᠠᠬᠢᠭᠤᠯᠬᠤ ᠪᠣᠯᠣᠨ᠎ᠠ ᠭᠡᠵᠦ ᠢᠯᠡᠳᠬᠡᠪᠡ᠃
    ᠰᠦ᠍ ᠯᠢᠨ᠂ ᠶᠡᠷᠦᠩᠬᠡᠢ ᠱᠦᠵᠢ ᠰᠢ ᠵᠢᠨ ᠫᠢᠩ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠵᠢᠯ ᠦᠢ᠍ᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠦᠬᠦ ᠲᠠᠯ᠎ᠠ᠎ᠪᠠᠷ ᠠᠬᠢᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠲᠦᠷᠭᠡᠨ ᠬᠥᠭᠵᠢᠵᠦ᠂ ᠳᠤᠮᠳᠠᠳᠤ ᠤᠯᠤᠰ᠎ᠤᠨ ᠳᠡᠯᠡᠬᠡᠢ ᠳᠡᠭᠡᠷᠡᠬᠢ ᠪᠠᠶ᠋ᠢᠷᠢ ᠰᠠᠭᠤᠷᠢ ᠲᠠᠰᠤᠷᠠᠯᠲᠠ ᠦᠭᠡᠢ ᠳᠡᠭᠡᠭᠰᠢᠯᠡᠪᠡ᠂ ᠸᠢᠶᠸᠲᠨᠠᠮ᠎ᠤᠨ᠎ᠬᠢᠨ ᠡᠭᠦᠨ᠎ᠳᠤ ᠴᠢᠩ ᠰᠡᠳᠬᠢᠯ᠎ᠠᠴᠠ᠎ᠪᠠᠨ ᠪᠠᠶᠠᠷ ᠬᠦᠷᠭᠡᠵᠦ ᠪᠠᠶ᠋ᠢᠨ᠎ᠠ᠂ ᠳᠤᠮᠳᠠᠳᠤ ᠤᠯᠤᠰ᠎ᠤᠨ ᠣᠷᠳᠣ ᠬᠤᠭᠤᠴᠠᠭ᠋ᠠᠨ᠎ᠤ ᠲᠤᠷᠰᠢ ᠸᠢᠶᠸᠲᠨᠠᠮ᠎ᠳᠤ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ᠎ᠳᠤ ᠲᠠᠯᠠᠷᠬᠠᠵᠤ ᠪᠠᠶ᠋ᠢᠨ᠎ᠠ ᠭᠡᠵᠦ ᠢᠯᠡᠳᠬᠡᠪᠡ᠃
    ᠰᠦ᠍ ᠯᠢᠨ᠂ ᠸᠢᠶᠸᠲᠨᠠᠮ ᠪᠣᠯᠣᠨ ᠳᠤᠮᠳᠠᠳᠤ ᠤᠯᠤᠰ ᠪᠣᠯ ᠪᠦᠷ ᠡᠪ ᠬᠠᠮᠲᠤ ᠨᠠᠮ᠎ᠤᠨ ᠤᠳᠤᠷᠢᠳᠤᠭᠰᠠᠨ ᠨᠡᠶ᠋ᠢᠭᠡᠮ ᠵᠢᠷᠤᠮᠲᠤ ᠤᠯᠤᠰ ᠪᠣᠯᠣᠨ᠎ᠠ᠂ ᠳᠤᠮᠳᠠᠳᠤ ᠤᠯᠤᠰ᠎ᠯᠤᠭ᠎ᠠ ᠵᠢᠨ ᠬᠠᠷᠢᠯᠴᠠᠭ᠎ᠠ ᠵᠢ ᠬᠥᠭᠵᠢᠭᠦᠯᠬᠦ ᠪᠣᠯ ᠸᠢᠶᠸᠲᠨᠠᠮ᠎ᠤᠨ ᠪᠤᠰᠤᠳᠴᠢ ᠱᠠᠭ᠋ᠠᠷᠳᠠᠯᠭ᠎ᠠ ᠮᠥᠨ᠂ ᠪᠠᠶ᠋ᠢᠯᠳᠤᠬᠤ ᠪᠣᠳᠣᠯᠭ᠎ᠠ ᠵᠢᠨ ᠰᠣᠩᠭᠤᠯᠲᠠ ᠪᠠ ᠲᠡᠷᠢᠭᠦᠨ ᠴᠢᠬᠤᠯᠠ ᠰᠣᠩᠭᠤᠯᠲᠠ ᠮᠥᠨ᠃ ᠸᠢᠶᠸᠲᠨᠠᠮ᠎ᠤᠨ᠎ᠬᠢᠨ ᠨᠢᠭᠡ ᠳᠤᠮᠳᠠᠳᠤ ᠤᠯᠤᠰ ᠪᠠᠶ᠋ᠢᠬᠤ ᠲᠦᠷᠦ ᠵᠢᠨ ᠪᠣᠳᠣᠯᠭ᠎ᠠ ᠵᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ᠎ᠤᠨ ᠨᠢᠭᠡᠳᠦᠯ᠎ᠤᠨ ᠶᠡᠭᠡ ᠦᠢ᠍ᠯᠡᠰ ᠵᠶ᠋ᠠᠨ ᠪᠡᠶᠡᠯᠡᠭᠦᠯᠬᠦ ᠵᠢ ᠳᠡᠮᠵᠢᠵᠦ᠂ 《ᠲᠠᠶ᠋ᠢᠸᠠᠨ᠎ᠢ ᠲᠤᠰᠠᠭ᠋ᠠᠷ ᠲᠣᠭᠲᠠᠨᠢᠭᠤᠯᠬᠤ》 ᠶᠠᠮᠠᠷᠪᠠ ᠬᠠᠭ᠋ᠠᠴᠠᠭᠤᠯᠬᠤ ᠠᠵᠢᠯᠯᠠᠭ᠎ᠠ ᠵᠢ ᠡᠷᠡᠰ ᠡᠰᠡᠷᠭᠦᠴᠡᠨ᠎ᠡ᠃ ᠸᠢᠶᠸᠲᠨᠠᠮ ᠳᠤᠮᠳᠠᠳᠤ ᠵᠢᠨ ᠬᠠᠷᠢᠯᠴᠠᠭ᠎ᠠ ᠵᠢᠨ ᠲᠠᠰᠤᠷᠠᠯᠳᠡ ᠦᠭᠡᠢ ᠬᠥᠭᠵᠢᠬᠦ ᠵᠢ ᠠᠬᠢᠭᠤᠯᠬᠤ᠎ᠨᠢ ᠬᠤᠶᠠᠷ ᠤᠯᠤᠰ᠎ᠤᠨ ᠠᠷᠠᠳ ᠲᠦᠮᠡᠨ᠎ᠤ ᠦᠨᠳᠦᠰᠦᠨ ᠠᠰᠢᠭ ᠲᠤᠰᠠ᠎ᠲᠠᠢ ᠨᠡᠶ᠋ᠢᠴᠡᠵᠦ᠂ ᠴᠠᠭ ᠦᠶ᠎ᠡ ᠵᠢᠨ ᠤᠷᠤᠰᠬᠠᠯ᠎ᠲᠠᠢ ᠨᠡᠶ᠋ᠢᠴᠡᠨ᠎ᠡ᠃ ᠸᠢᠶᠸᠲᠨᠠᠮ᠎ᠤᠨ᠎ᠬᠢᠨ ᠳᠤᠮᠳᠠᠳᠤ ᠤᠯᠤᠰ᠎ᠯᠤᠭ᠎ᠠ ᠬᠤᠶᠠᠷ ᠨᠠᠮ ᠬᠤᠶᠠᠷ ᠤᠯᠤᠰ᠎ᠤᠨ ᠳᠡᠭᠡᠳᠦ ᠳᠠᠪᠬᠤᠷᠭ᠎ᠠ ᠵᠢᠨ ᠶᠠᠪᠤᠯᠴᠠᠭ᠎ᠠ᠎ᠪᠠᠨ ᠨᠢᠭᠲᠠᠷᠠᠭᠤᠯᠵᠤ᠂ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠷᠰᠢᠯᠭ᠎ᠠ ᠵᠢᠨ ᠰᠣᠯᠢᠯᠴᠠᠭ᠎ᠠ᠎ᠪᠠᠨ ᠴᠢᠩᠭ᠋ᠠᠳᠬᠠᠵᠤ᠂ ᠪᠠᠶ᠋ᠢᠯᠳᠤᠬᠤ ᠪᠣᠳᠣᠯᠭ᠎ᠠ ᠵᠢᠨ ᠠᠮᠤᠷ ᠲᠦᠪᠰᠢᠨ᠎ᠤ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠤᠯᠤᠰ ᠲᠦᠷᠦ ᠵᠢᠨ ᠢᠲᠡᠭᠡᠯᠴᠡᠭᠡ᠎ᠪᠠᠨ ᠲᠠᠰᠤᠷᠠᠯᠳᠠ ᠦᠭᠡᠢ ᠪᠠᠲᠤᠳᠬᠠᠬᠤ; ᠬᠤᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠲᠦᠪᠰᠢᠨ᠎ᠢ ᠳᠡᠭᠡᠭᠰᠢᠯᠡᠭᠦᠯᠵᠦ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠬᠦᠷᠢᠶᠡᠨ᠎ᠳᠠᠬᠢ ᠬᠠᠮᠲᠤᠷᠠᠯᠴᠠᠭ᠋ᠠᠨ᠎ᠤ ᠨᠡᠩ ᠤᠯᠠᠨ ᠭᠢᠯᠠᠰ ᠴᠡᠭ᠎ᠢ ᠪᠤᠢ ᠪᠤᠯᠭ᠋ᠠᠬᠤ; ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠠᠬᠢᠭᠤᠯᠵᠤ᠂ ᠣᠷᠣᠨ ᠨᠤᠲᠤᠭ᠂ ᠵᠠᠯᠠᠭᠤᠴᠤᠳ᠎ᠤᠨ ᠶᠠᠪᠤᠯᠴᠠᠭ᠎ᠠ ᠵᠢ ᠠᠬᠢᠭᠤᠯᠵᠤ᠂ ᠵᠢᠭᠤᠯᠴᠢᠯᠠᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠠᠷᠠᠳ ᠲᠦᠮᠡᠨ᠎ᠤ ᠬᠠᠷᠢᠯᠴᠠᠨ ᠣᠶ᠋ᠢᠯᠠᠭ᠋ᠠᠯᠴᠠᠵᠤ ᠬᠠᠷᠢᠯᠴᠠᠨ ᠳᠣᠲᠣᠨᠣᠴᠢᠯᠠᠬᠤ ᠵᠢ ᠠᠬᠢᠭᠤᠯᠬᠤ ᠵᠢ ᠬᠦᠰᠡᠵᠦ ᠪᠠᠶ᠋ᠢᠨ᠎ᠠ᠃ ᠸᠢᠶᠸᠲᠨᠠᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠳᠤᠷᠠᠳᠤᠭᠰᠠᠨ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ ᠪᠣᠯᠣᠨ ᠭᠤᠷᠪᠠᠨ ᠶᠡᠭᠡ ᠪᠦᠬᠦ ᠪᠥᠮᠪᠥᠷᠴᠡᠭ᠎ᠤᠨ ᠰᠠᠨᠠᠭ᠋ᠠᠴᠢᠯᠠᠭ᠎ᠠ ᠵᠢ ᠲᠡᠮᠵᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠬᠥᠷᠰᠢ ᠵᠡᠷᠭᠡᠯᠡᠳᠡᠭᠡ ᠵᠢᠨ ᠠᠵᠢᠯ᠎ᠤᠨ ᠬᠤᠷᠠᠯ᠎ᠠᠴᠠ ᠬᠥᠷᠰᠢ ᠵᠡᠷᠭᠡᠯᠡᠳᠡᠭᠡ ᠤᠯᠤᠰ᠎ᠯᠤᠭ᠎ᠠ 《ᠲᠠᠪᠤᠨ ᠶᠡᠭᠡ ᠭᠡᠷ ᠣᠷᠣᠨ》᠎ᠢ ᠪᠦᠲᠦᠭᠡᠨ ᠪᠠᠶ᠋ᠢᠭᠤᠯᠬᠤ ᠠᠯᠤᠰ᠎ᠤᠨ ᠲᠥᠰᠥᠪ ᠪᠠ ᠡᠶᠡᠯᠳᠡᠭ ᠬᠥᠷᠰᠢ ᠠᠮᠤᠷ ᠲᠣᠭᠲᠠᠭᠤᠨ ᠬᠥᠷᠰᠢ ᠬᠥᠷᠰᠢ ᠵᠡᠷᠭᠡᠯᠡᠳᠡᠭᠡ᠎ᠪᠠᠨ ᠪᠠᠶᠠᠵᠢᠭᠤᠯᠬᠤ ᠴᠢᠭᠯᠡᠯᠲᠡ ᠵᠢ ᠪᠠᠷᠢᠮᠲᠠᠯᠠᠬᠤ᠎ᠪᠠᠷ ᠲᠣᠭᠲᠠᠭᠰᠠᠨ᠎ᠢ ᠳᠡᠭᠡᠳᠦ ᠬᠡᠮᠵᠢᠶ᠎ᠡ᠎ᠪᠠᠷ ᠮᠠᠭᠲᠠᠨ ᠰᠠᠶ᠋ᠢᠰᠢᠶᠠᠵᠤ ᠪᠠᠶ᠋ᠢᠨ᠎ᠠ᠃ ᠸᠢᠶᠸᠲᠨᠠᠮ᠎ᠤᠨ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠵᠣᠬᠢᠴᠠᠭᠤᠯᠭ᠎ᠠ ᠪᠣᠯᠣᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠨᠠᠶ᠋ᠢᠷᠠᠮᠳᠠᠯ ᠵᠶ᠋ᠠᠷ ᠵᠡᠷᠭᠡᠴᠡᠨ ᠣᠷᠣᠰᠢᠬᠤ ᠲᠠᠪᠤᠨ ᠵᠠᠷᠴᠢᠮ᠎ᠢ ᠪᠠᠲᠤ ᠰᠠᠬᠢᠵᠤ᠂ ᠤᠯᠠᠨ ᠤᠯᠤᠰ᠎ᠤᠨ ᠠᠷᠠᠯᠵᠢᠶᠠᠨ᠎ᠤ ᠳᠦᠷᠢᠮ᠎ᠢ ᠬᠠᠮᠠᠭ᠋ᠠᠯᠠᠵᠤ᠂ ᠬᠤᠶᠠᠷ ᠲᠠᠯ᠎ᠠ ᠵᠢᠨ ᠲᠣᠭᠲᠠᠭᠰᠠᠨ ᠬᠡᠯᠡᠯᠴᠡᠭᠡᠷ᠎ᠢ ᠵᠢᠷᠤᠮᠯᠠᠵᠤ᠂ ᠬᠠᠮᠲᠤ᠎ᠪᠠᠷ ᠳᠡᠯᠡᠬᠡᠢ ᠵᠢᠨ ᠡᠩᠬᠡ ᠲᠠᠶ᠋ᠢᠪᠤᠩ ᠪᠣᠯᠣᠨ ᠬᠥᠮᠥᠨ ᠲᠥᠷᠥᠯᠬᠢᠲᠡᠨ᠎ᠤ ᠲᠠᠪᠰᠢᠯᠳᠠ ᠵᠢ ᠠᠬᠢᠭᠤᠯᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ ᠸᠢᠶᠸᠲᠨᠠᠮ᠎ᠤᠨ᠎ᠬᠢᠨ ᠳᠤᠷᠠᠲᠠᠶ᠎ᠠ ᠳᠤᠮᠳᠠᠳᠤ ᠤᠯᠤᠰ᠎ᠲᠠᠢ ᠲᠠᠯᠠᠢ ᠳᠡᠭᠡᠷᠡᠬᠢ ᠵᠥᠷᠢᠯᠳᠦᠭᠡᠨ ᠵᠶ᠋ᠠᠨ ᠵᠣᠬᠢᠰᠲᠠᠢ ᠰᠢᠢ᠍ᠳᠪᠦᠷᠢᠯᠡᠵᠦ᠂ ᠲᠠᠯᠠᠢ ᠳᠡᠭᠡᠷᠡᠬᠢ ᠲᠣᠭᠲᠠᠭᠤᠨ᠎ᠢ ᠬᠠᠮᠠᠭ᠋ᠠᠯᠠᠨ᠎ᠠ ᠭᠡᠵᠦ ᠢᠯᠡᠳᠬᠡᠪᠡ᠃
    ᠬᠡᠯᠡᠯᠴᠡᠭᠡ ᠬᠢᠬᠦ᠎ᠠᠴᠠ ᠡᠮᠦᠨ᠎ᠡ᠂ ᠰᠦ᠍ ᠯᠢᠨ ᠰᠢ ᠵᠢᠨ ᠫᠢᠩ᠎ᠢ ᠤᠷᠢᠵᠤ ᠪᠠᠭ᠎ᠠ ᠬᠡᠪᠴᠢᠶᠡᠨ᠎ᠤ ᠴᠠᠶ᠋ᠢᠯᠠᠯᠭ᠎ᠠ ᠬᠢᠪᠡ᠃ ᠬᠤᠶᠠᠷ ᠨᠠᠮ᠎ᠤᠨ ᠶᠡᠷᠦᠩᠬᠡᠢ ᠱᠦᠵᠢ ᠨᠠᠮ᠎ᠢ ᠵᠠᠰᠠᠬᠤ ᠲᠦᠷᠦ ᠵᠢ ᠵᠠᠰᠠᠬᠤ ᠣᠶ᠋ᠢᠯᠠᠭ᠋ᠠᠭᠳᠠᠬᠤᠨ᠎ᠤ ᠲᠤᠬᠠᠢ ᠰᠠᠨᠠᠯ ᠵᠶ᠋ᠠᠨ ᠰᠣᠯᠢᠯᠴᠠᠪᠠ᠃ ᠰᠢ ᠵᠢᠨ ᠫᠢᠩ᠂ ᠨᠠᠮ᠎ᠤᠨ ᠪᠠᠶ᠋ᠢᠭᠤᠯᠤᠯᠲᠠ᠎ᠨᠢ ᠨᠠᠮ ᠪᠣᠯᠣᠨ ᠤᠯᠤᠰ᠎ᠤᠨ ᠢᠷᠡᠭᠡᠳᠦᠢ ᠬᠤᠪᠢ ᠵᠠᠶᠠᠭ᠎ᠠ᠎ᠲᠠᠢ ᠬᠤᠯᠪᠣᠭᠳᠠᠵᠤ᠂ ᠨᠠᠮ᠎ᠤᠨ ᠰᠤᠷᠲᠠᠯ᠎ᠨᠢ ᠬᠥᠮᠥᠨ᠎ᠤ ᠰᠡᠳᠬᠢᠯ᠎ᠤᠨ ᠬᠦᠷᠢᠶᠡᠯᠡᠬᠦ ᠪᠠ ᠡᠰᠡᠷᠭᠦᠴᠡᠬᠦ᠎ᠲᠠᠢ ᠬᠤᠯᠪᠣᠭᠳᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠡᠨᠡ ᠵᠢᠯ ᠪᠦᠬᠦ ᠨᠠᠮ ᠵᠶ᠋ᠠᠷ ᠵᠶ᠋ᠠᠨ ᠲᠥᠪ ᠵᠢᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ᠂ ᠰᠤᠷᠲᠠᠯ᠎ᠤᠨ ᠪᠠᠶ᠋ᠢᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭ᠋ᠠᠬᠤ᠎ᠪᠠᠷ ᠲᠣᠭᠲᠠᠪᠠ᠃ ᠬᠤᠶᠠᠷ ᠨᠠᠮ᠎ᠤᠨ ᠶᠡᠷᠦᠩᠬᠡᠢ ᠱᠦᠵᠢ ᠰᠣᠯᠢᠯᠴᠠᠭ᠎ᠠ᠎ᠪᠠᠨ ᠴᠢᠩᠭ᠋ᠠᠳᠬᠠᠵᠤ ᠬᠠᠷᠢᠯᠴᠠᠨ ᠲᠣᠯᠢ ᠪᠤᠯᠭ᠋ᠠᠬᠤ᠂ ᠨᠡᠶ᠋ᠢᠭᠡᠮ ᠵᠢᠷᠤᠮ᠎ᠤᠨ ᠵᠠᠮ ᠵᠶ᠋ᠠᠷ ᠬᠠᠮᠲᠤ᠎ᠪᠠᠷ ᠰᠠᠶ᠋ᠢᠲᠤᠷ ᠵᠠᠮᠨᠠᠬᠤ᠎ᠪᠠᠷ ᠰᠠᠨᠠᠯ ᠨᠢᠭᠡᠲᠡᠢ ᠵᠥᠪᠰᠢᠶᠡᠷᠡᠪᠡ᠃
    ᠬᠡᠯᠡᠯᠴᠡᠭᠡ ᠲᠡᠭᠦᠰᠦᠭᠰᠡᠨ᠎ᠤ ᠲᠠᠷᠠᠭ᠎ᠠ᠂ ᠬᠤᠶᠠᠷ ᠨᠠᠮ᠎ᠤᠨ ᠶᠡᠷᠦᠩᠬᠡᠢ ᠱᠦᠵᠢ ᠳᠤᠮᠳᠠᠳᠤ ᠸᠢᠶᠸᠲᠨᠠᠮ ᠬᠤᠶᠠᠷ ᠲᠠᠯ᠎ᠠ ᠵᠢᠨ ᠲᠣᠬᠢᠷᠠᠯᠴᠠᠭᠰᠠᠨ ᠬᠤᠶᠠᠷ ᠲᠠᠯ᠎ᠠ ᠵᠢᠨ ᠬᠠᠮᠲᠤᠷᠠᠯᠴᠠᠭ᠋ᠠᠨ᠎ᠤ 45 ᠬᠤᠪᠢ ᠪᠢᠴᠢᠭ᠎ᠤᠨ ᠦᠵᠡᠭᠦᠯᠭᠡ ᠵᠢ ᠬᠠᠮᠲᠤ᠎ᠪᠠᠷ ᠭᠡᠷᠡᠴᠢᠯᠡᠵᠦ᠂ ᠬᠤᠯᠪᠣᠯᠳᠤᠨ ᠨᠡᠪᠲᠡᠷᠡᠯᠴᠡᠬᠦ᠂ ᠵᠣᠬᠢᠶᠠᠮᠠᠯ ᠤᠶᠤᠨ ᠴᠢᠳᠠᠪᠤᠷᠢ᠂ ᠪᠣᠭᠤᠮᠲᠠ ᠵᠢᠨ ᠰᠢᠯᠭ᠋ᠠᠨ ᠪᠠᠶ᠋ᠢᠴᠠᠭ᠋ᠠᠬᠤ ᠬᠢᠵᠢᠭ᠎ᠢ ᠪᠠᠶ᠋ᠢᠴᠠᠭ᠋ᠠᠬᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠠᠷᠠᠯᠵᠢᠶ᠎ᠠ᠂ ᠰᠣᠶᠣᠯ ᠪᠠ ᠪᠡᠶ᠎ᠡ ᠵᠢᠨ ᠲᠠᠮᠢᠷ᠂ ᠠᠷᠠᠳ᠎ᠤᠨ ᠠᠮᠢᠳᠤᠷᠠᠯ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠨᠡᠭᠡᠭᠡᠨ ᠬᠥᠭᠵᠢᠭᠦᠯᠦᠯᠲᠡ᠂ ᠵᠠᠭᠤᠴᠢᠯᠠᠭᠤᠷ ᠵᠡᠷᠭᠡ ᠬᠦᠷᠢᠶ᠎ᠡ ᠴᠠᠷᠠᠭ᠎ᠠ ᠵᠢ ᠬᠠᠮᠤᠷᠴᠠᠢ᠃
    ᠬᠤᠶᠠᠷ ᠲᠠᠯ᠎ᠠ᠎ᠪᠠᠷ ᠵᠶ᠋ᠠᠨ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶ᠋ᠢᠷᠠᠮᠳᠠᠬᠤ ᠨᠡᠶ᠋ᠢᠭᠡᠮ ᠵᠢᠷᠤᠮᠲᠤ ᠸᠢᠶᠸᠲᠨᠠᠮ ᠤᠯᠤᠰ᠎ᠤᠨ ᠪᠦᠬᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠪᠠᠶ᠋ᠢᠯᠳᠤᠬᠤ ᠪᠣᠳᠣᠯᠭ᠎ᠠ ᠵᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠸᠲᠨᠠᠮ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠲᠦᠷᠭᠡᠳᠬᠡᠨ ᠪᠠᠶ᠋ᠢᠭᠤᠯᠬᠤ ᠲᠤᠬᠠᠢ ᠬᠠᠮᠲᠤᠷᠠᠭᠰᠠᠨ ᠢᠯᠡᠷᠬᠡᠶ᠋ᠢᠯᠡᠯᠲᠡ》 ᠵᠢ ᠨᠡᠶ᠋ᠢᠲᠡᠯᠡᠪᠡ᠃
    ᠲᠤᠰ ᠣᠷᠣᠢ᠂ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠦ᠍ ᠯᠢᠨ᠂ ᠸᠢᠶᠸᠲᠨᠠᠮ᠎ᠤᠨ ᠤᠯᠤᠰ᠎ᠤᠨ ᠲᠡᠷᠢᠭᠦᠯᠡᠭᠴᠢ ᠯᠢᠶᠠᠩ ᠴᠢᠶᠠᠩ ᠬᠠᠮᠲᠤ᠎ᠪᠠᠷ ᠰᠢ ᠵᠢᠨ ᠫᠢᠩ᠎ᠢ ᠤᠭᠲᠤᠬᠤ ᠳᠠᠶ᠋ᠢᠯᠠᠯᠭ᠎ᠠ ᠬᠢᠪᠡ᠃ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠭᠡᠰᠢᠭᠦᠨ᠂ ᠱᠦᠵᠢ ᠨᠠᠷ᠎ᠤᠨ ᠭᠠᠵᠠᠷ᠎ᠤᠨ ᠱᠦᠵᠢ ᠵᠡᠷᠭᠡ ᠤᠳᠤᠷᠢᠳᠬᠤ ᠨᠥᠬᠦᠳ ᠪᠠᠷ᠎ᠠ ᠪᠣᠯᠵᠤ ᠣᠷᠣᠯᠴᠠᠪᠠ᠃
    ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠢᠰᠫᠠᠨᠢ ᠵᠢᠨ ᠲᠡᠷᠢᠭᠦᠨ ᠰᠠᠶ᠋ᠢᠳ ᠰᠠᠩᠴᠢᠶᠧᠰ᠎ᠲᠠᠢ ᠠᠭᠤᠯᠵᠠᠪᠠ
ᠰᠢ ᠵᠢᠨ ᠫᠢᠩ ᠢᠰᠫᠠᠨᠢ ᠵᠢᠨ ᠲᠡᠷᠢᠭᠦᠨ ᠰᠠᠶ᠋ᠢᠳ ᠰᠠᠩᠴᠢᠶᠧᠰ᠎ᠲᠠᠢ ᠠᠭᠤᠯᠵᠠᠪᠠ
ᠰᠢ ᠵᠢᠨ ᠫᠢᠩ ᠠᠽᠧᠷᠪᠠᠶ᠋ᠢᠵᠠᠨ᠎ᠤ ᠶᠡᠷᠦᠩᠬᠡᠢ᠌ᠯᠡᠭᠴᠢ ᠠᠯᠢᠶᠧᠹ᠎ᠲᠠᠢ ᠬᠡᠯᠡᠯᠴᠡᠭᠡ ᠬᠢᠪᠡ
ᠰᠢ ᠵᠢᠨ ᠫᠢᠩ ᠬᠣᠶᠠᠷ᠎ᠢ ᠬᠦᠷᠢᠶᠡᠯᠡᠬᠦ ᠠᠵᠢᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠴᠡᠷᠢᠭ ᠵᠠᠰᠠᠭ ᠴᠡᠷᠢᠭ ᠠᠷᠠᠳ᠎ᠤᠨ ᠪᠠᠲᠤ ᠪᠡᠬᠢ ᠪᠦᠯᠬᠦᠮᠳᠡᠯ᠎ᠢ ᠪᠡᠬᠢᠵᠢᠭᠦᠯᠦᠨ ᠬᠥᠭᠵᠢᠭᠦᠯᠵᠦ ᠠᠷᠠᠳ ᠲᠦᠮᠡᠨ ᠵᠶ᠋ᠠᠨ ᠬᠠᠢ᠌ᠷᠠᠯᠠᠬᠤ ᠴᠡᠷᠢᠭ ᠵᠶ᠋ᠠᠨ ᠬᠠᠢ᠌ᠷᠠᠯᠠᠬᠤ ᠴᠠᠭ ᠦᠶ᠎ᠡ ᠵᠢᠨ ᠰᠢᠨ᠎ᠡ ᠬᠠᠭᠤᠳᠠᠰᠤ ᠵᠢ ᠬᠠᠮᠲᠤ᠎ᠪᠠᠷ ᠦᠷᠭᠦᠯᠵᠢᠯᠡᠨ ᠪᠢᠴᠢᠭᠯᠡᠬᠦ ᠬᠡᠷᠡᠭᠲᠡᠢ ᠯᠢ ᠴᠢᠶᠠᠩ ᠪᠦᠭᠦ ᠤᠯᠤᠰ᠎ᠤᠨ ᠬᠣᠶᠠᠷ᠎ᠢ ᠬᠦᠷᠢᠶᠡᠯᠡᠬᠦ ᠵᠢᠱ᠌ᠢᠶᠡᠴᠢ ᠬᠤᠲᠠ (ᠰᠢᠶᠠᠨ) ᠵᠢ ᠨᠡᠷᠡᠢ᠌ᠳᠬᠦ ᠶᠡᠬᠡ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯᠳᠤᠭ᠋ᠠᠨ ᠬᠤᠷᠠᠯᠳᠤᠭᠤᠯᠵᠤ ᠣᠳᠣᠬᠠᠨ᠎ᠤ ᠠᠵᠤ ᠠᠬᠤᠢ ᠵᠢᠨ ᠪᠠᠢ᠌ᠳᠠᠯ ᠪᠠ ᠠᠵᠤ ᠠᠬᠤᠢ ᠵᠢᠨ ᠠᠵᠢᠯ᠎ᠢ ᠵᠠᠳᠠᠯᠤᠨ ᠰᠤᠳᠤᠯᠪᠠ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯᠳᠤᠭ᠋ᠠᠨ᠎ᠢ ᠡᠷᠭᠢᠯᠡᠪᠡ
 
            