ᠰᠢᠨᠬᠤᠸᠠ ᠬᠣᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 23᠎ᠤ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠢ᠌ᠷ᠎ᠠ ᠵᠢᠨ ᠡᠳᠦᠷ ᠬᠣᠶᠠᠷ᠎ᠢ ᠬᠦᠷᠢᠶᠡᠯᠡᠬᠦ ᠠᠵᠢᠯ᠎ᠳᠤ ᠴᠢᠬᠤᠯᠠ ᠵᠢᠭ᠋ᠠᠪᠤᠷᠢ ᠥᠭᠴᠦ᠂ ᠴᠡᠷᠢᠭ ᠵᠶ᠋ᠠᠨ ᠬᠦᠷᠢᠶᠡᠯᠡᠨ ᠭᠡᠷ ᠪᠦᠯᠢ ᠵᠢ᠎ᠨᠢ ᠬᠠᠷᠠᠭ᠋ᠠᠯᠵᠠᠬᠤ᠂ ᠵᠠᠰᠠᠭ ᠵᠶ᠋ᠠᠨ ᠬᠦᠷᠢᠶᠡᠯᠡᠨ ᠠᠷᠠᠳ ᠵᠶ᠋ᠠᠨ ᠬᠠᠢ᠌ᠷᠠᠯᠠᠬᠤ ᠪᠣᠯ ᠮᠠᠨ᠎ᠤ ᠨᠠᠮ ᠮᠠᠨ᠎ᠤ ᠴᠡᠷᠢᠭ ᠮᠠᠨ᠎ᠤ ᠤᠯᠤᠰ᠎ᠤᠨ ᠠᠷᠠᠳ ᠲᠦᠮᠡᠨ᠎ᠤ ᠰᠢᠯᠢᠳᠡᠭ ᠤᠯᠠᠮᠵᠢᠯᠠᠯ ᠪᠠ ᠣᠨᠴᠠᠭ᠋ᠠᠶ ᠤᠯᠤᠰ ᠲᠥᠷᠥ ᠵᠢᠨ ᠳᠠᠪᠠᠭᠤᠯᠢᠭ ᠮᠥᠨ᠃ ᠰᠢᠨ᠎ᠡ ᠠᠶᠠᠨ᠎ᠳᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠵᠦ᠂ ᠲᠥᠷᠥ ᠵᠢᠨ ᠪᠣᠳᠣᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠬᠣᠶᠠᠷ᠎ᠢ ᠬᠦᠷᠢᠶᠡᠯᠡᠬᠦ ᠠᠵᠢᠯ᠎ᠤᠨ ᠲᠠᠰᠤᠷᠠᠯᠲᠠ ᠦᠭᠡᠢ ᠰᠢᠨ᠎ᠡ ᠳᠠᠪᠰᠢᠯᠲᠠ᠎ᠲᠠᠢ ᠪᠤᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠴᠡᠷᠢᠭ ᠠᠩᠭᠢ ᠵᠢᠨ ᠪᠦᠲᠦᠭᠡᠨ ᠪᠠᠢ᠌ᠭᠤᠯᠤᠯᠲᠠ ᠪᠣᠯᠣᠨ ᠥᠭᠡᠷᠡᠴᠢᠯᠡᠯᠲᠡ ᠵᠢ ᠬᠠᠯᠠᠮᠵᠢᠯᠠᠨ ᠳᠡᠮᠵᠢᠵᠦ᠂ ᠥᠷᠭᠡᠨ ᠣᠯᠠᠨ ᠳᠠᠷᠤᠭ᠎ᠠ ᠪᠠᠢ᠌ᠯᠳᠤᠭᠴᠢ ᠵᠢᠨ ᠬᠦᠴᠢᠷ ᠵᠣᠪᠠᠭᠤᠷᠢ ᠵᠢ ᠰᠠᠨᠠᠭ᠋ᠠᠴᠢᠯᠠᠭ᠎ᠠ᠎ᠠᠴᠠ᠎ᠪᠠᠨ ᠰᠢᠢ᠍ᠳᠪᠦᠷᠢᠯᠡᠨ ᠥᠭᠴᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢ ᠬᠠᠯᠠᠮᠵᠢᠯᠠᠬᠤ᠂ ᠴᠡᠷᠢᠭ ᠠᠩᠭᠢ ᠵᠢ ᠬᠠᠢ᠌ᠷᠠᠯᠠᠬᠤ᠂ ᠴᠡᠷᠢᠭ ᠬᠥᠮᠥᠨ᠎ᠢ ᠬᠦᠨᠳᠦᠳᠬᠡᠬᠦ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠤᠯᠠᠮ ᠨᠢᠭᠡ ᠠᠯᠬᠤᠮ ᠪᠤᠶ ᠪᠤᠯᠭ᠋ᠠᠬᠤ ᠬᠡᠷᠡᠭᠲᠡᠢ᠃ ᠴᠡᠷᠢᠭ ᠠᠩᠭᠢ ᠵᠣᠷᠢᠯᠲᠠ ᠵᠢᠨ ᠤᠬᠠᠮᠰᠠᠷ ᠵᠶ᠋ᠠᠨ ᠪᠠᠲᠤ ᠪᠤᠢ ᠪᠤᠯᠭ᠋ᠠᠵᠤ᠂ ᠣᠷᠣᠨ ᠨᠤᠲᠤᠭ᠎ᠤᠨ ᠪᠦᠲᠦᠭᠡᠨ ᠪᠠᠢ᠌ᠭᠤᠯᠤᠯᠲᠠ ᠬᠥᠭᠵᠢᠯᠲᠡ ᠵᠢ ᠢᠳᠡᠪᠬᠢᠲᠡᠢ ᠳᠡᠮᠵᠢᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠠᠷᠠᠳ ᠲᠦᠮᠡᠨ᠎ᠳᠤ ᠪᠤᠶᠠᠨ ᠦᠢ᠍ᠯᠡᠳᠴᠦ ᠠᠰᠢᠭ ᠬᠦᠷᠲᠡᠭᠡᠬᠦ ᠬᠡᠷᠡᠭᠲᠡᠢ᠃ ᠴᠡᠷᠢᠭ ᠠᠩᠭᠢ ᠣᠷᠣᠨ ᠨᠤᠲᠤᠭ ᠬᠣᠶᠠᠷ ᠲᠠᠯ᠎ᠠ᠎ᠪᠠᠷ ᠵᠶ᠋ᠠᠨ ᠨᠢᠭᠲᠠ ᠬᠠᠮᠵᠢᠯᠴᠠᠵᠤ᠂ ᠴᠡᠷᠢᠭ ᠵᠠᠰᠠᠭ ᠴᠡᠷᠢᠭ ᠠᠷᠠᠳ᠎ᠤᠨ ᠪᠠᠲᠤ ᠪᠡᠬᠢ ᠪᠦᠯᠬᠦᠮᠳᠡᠯ᠎ᠢ ᠪᠡᠬᠢᠵᠢᠭᠦᠯᠦᠨ ᠬᠥᠭᠵᠢᠭᠦᠯᠵᠦ᠂ ᠠᠷᠠᠳ ᠲᠦᠮᠡᠨ ᠵᠶ᠋ᠠᠨ ᠬᠠᠢ᠌ᠷᠠᠯᠠᠬᠤ ᠴᠡᠷᠢᠭ ᠵᠶ᠋ᠠᠨ ᠬᠠᠢ᠌ᠷᠠᠯᠠᠬᠤ ᠴᠠᠭ ᠦᠶ᠎ᠡ ᠵᠢᠨ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃
ᠪᠦᠭᠦ ᠤᠯᠤᠰ᠎ᠤᠨ ᠬᠣᠶᠠᠷ᠎ᠢ ᠬᠦᠷᠢᠶᠡᠯᠡᠬᠦ ᠵᠢᠱ᠌ᠢᠶᠡᠴᠢ ᠬᠤᠲᠠ (ᠰᠢᠶᠠᠨ) ᠵᠢ ᠨᠡᠷᠡᠢ᠌ᠳᠬᠦ ᠶᠡᠬᠡ ᠬᠤᠷᠠᠯ 4 ᠰᠠᠷ᠎ᠠ ᠵᠢᠨ 23᠎ᠤ ᠡᠳᠦᠷ ᠪᠡᠭᠡᠵᠢᠩ᠎ᠳᠤ ᠬᠤᠷᠠᠯᠳᠤᠪᠠ᠃ ᠬᠤᠷᠠᠯ ᠳᠡᠭᠡᠷ᠎ᠡ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢ᠌ᠳ ᠯᠢ ᠴᠢᠶᠠᠩ ᠶᠡᠬᠡ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠯᠢ ᠴᠢᠶᠠᠩ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠤᠨ ᠬᠣᠶᠠᠷ᠎ᠢ ᠬᠦᠷᠢᠶᠡᠯᠡᠬᠦ ᠠᠵᠢᠯ᠎ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠪᠣᠯ ᠨᠠᠮ᠎ᠠᠴᠠ ᠬᠣᠶᠠᠷ᠎ᠢ ᠬᠦᠷᠢᠶᠡᠯᠡᠬᠦ ᠠᠵᠢᠯ᠎ᠢ ᠤᠳᠤᠷᠢᠳᠤᠭᠰᠠᠨ ᠲᠡᠦᠬᠡᠨ ᠲᠤᠷᠰᠢᠯᠭ᠎ᠠ ᠵᠢᠨ ᠳ᠋ᠦᠩᠨᠡᠯᠲᠡ ᠪᠠ ᠣᠨᠣᠯ᠎ᠤᠨ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ ᠪᠠᠢ᠌ᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠬᠣᠶᠠᠷ᠎ᠢ ᠬᠦᠷᠢᠶᠡᠯᠡᠬᠦ ᠠᠵᠢᠯ᠎ᠢ ᠰᠠᠢ᠌ᠲᠤᠷ ᠬᠢᠬᠦ᠎ᠳᠤ ᠦᠨᠳᠦᠰᠦᠨ ᠵᠢᠷᠤᠮᠯᠠᠯ ᠬᠠᠩᠭ᠋ᠠᠪᠠ᠃ ᠪᠢᠳᠡ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠣᠶᠠᠷ᠎ᠢ ᠬᠦᠷᠢᠶᠡᠯᠡᠬᠦ ᠠᠵᠢᠯ᠎ᠤᠨ ᠰᠢᠨ᠎ᠡ ᠪᠠᠢ᠌ᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
ᠯᠢ ᠴᠢᠶᠠᠩ᠂ ᠣᠢ᠌ᠷ᠎ᠠ ᠵᠢᠨ ᠵᠢᠯ᠎ᠠᠴᠠ᠂ ᠴᠡᠷᠢᠭ ᠠᠩᠭᠢ ᠪᠠ ᠣᠷᠣᠨ ᠨᠤᠲᠤᠭ᠎ᠤᠨ ᠡᠯ᠎ᠡ ᠱᠠᠲᠤ ᠡᠯ᠎ᠡ ᠲᠠᠯ᠎ᠠ ᠵᠢᠨ᠎ᠬᠢᠨ᠎ᠤ ᠬᠠᠮᠲᠤ ᠵᠢᠨ ᠴᠢᠷᠮᠠᠢ᠌ᠯᠭ᠎ᠠ᠎ᠪᠠᠷ᠂ ᠬᠣᠶᠠᠷ᠎ᠢ ᠬᠦᠷᠢᠶᠡᠯᠡᠬᠦ ᠠᠵᠢᠯ ᠢᠳᠡᠪᠬᠢᠲᠡᠢ ᠠᠬᠢᠴᠠ᠎ᠲᠠᠢ ᠪᠣᠯᠵᠤ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠳᠦᠷᠢᠮ᠎ᠤᠨ ᠰᠢᠰᠲ᠋ᠧᠮ ᠨᠡᠩ ᠪᠦᠷᠢᠨᠰᠢᠵᠦ᠂ ᠨᠡᠢ᠌ᠭᠡᠮ᠎ᠤᠨ ᠴᠡᠷᠢᠭ᠎ᠢ ᠬᠦᠷᠢᠶᠡᠯᠡᠬᠦ ᠵᠣᠬᠢᠶᠠᠨ ᠪᠠᠢ᠌ᠭᠤᠯᠤᠯᠲᠠ ᠪᠠ ᠦᠢ᠍ᠯᠡᠴᠢᠯᠡᠭᠡᠨ᠎ᠤ ᠲᠣᠣᠷ ᠨᠡᠩ ᠲᠡᠭᠦᠯᠳᠡᠷᠵᠢᠵᠦ᠂ ᠪᠦᠭᠦ ᠴᠡᠷᠢᠭ ᠠᠩᠭᠢ ᠵᠢᠨ᠎ᠬᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠ ᠬᠢᠯᠢ ᠬᠢᠵᠠᠭ᠋ᠠᠷ᠎ᠢ ᠬᠦᠴᠦᠷᠬᠡᠭᠵᠢᠭᠦᠯᠵᠦ ᠰᠡᠷᠭᠡᠢ᠌ᠯᠡᠯᠲᠡ ᠵᠢ ᠪᠡᠬᠢᠵᠢᠭᠦᠯᠬᠦ ᠵᠡᠷᠭᠡ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠬᠡᠷᠡᠭᠵᠢᠭᠦᠯᠦᠯᠲᠡ᠎ᠳᠤ ᠢᠳᠡᠪᠬᠢᠲᠡᠢ ᠣᠷᠣᠯᠴᠠᠵᠤ᠂ ᠠᠶᠤᠯ ᠭᠠᠮᠰᠢᠭ᠎ᠠᠴᠠ ᠠᠪᠤᠷᠠᠬᠤ᠂ ᠳᠤᠮᠳᠠᠳᠤ ᠵᠢᠨ ᠬᠠᠷᠢᠶᠠᠲᠤ ᠨᠠᠷ᠎ᠤᠨ ᠪᠤᠴᠠᠵᠤ ᠭᠠᠷᠬᠤ ᠠᠶᠠᠯᠠᠯ᠎ᠢ ᠬᠠᠮᠠᠭ᠋ᠠᠯᠠᠬᠤ᠂ ᠲᠣᠭᠲᠠᠭᠤᠨ᠎ᠢ ᠬᠠᠮᠠᠭ᠋ᠠᠯᠠᠵᠤ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠵᠡᠷᠭᠡ ᠡᠭᠦᠷᠭᠡ ᠵᠢ ᠭᠠᠷᠮᠠᠭ᠋ᠠᠢ ᠪᠡᠶᠡᠯᠡᠭᠦᠯᠪᠡ᠃ ᠣᠳᠣᠬᠠᠨ᠎ᠤ ᠪᠠ ᠬᠣᠢ᠌ᠰᠢᠳᠠ ᠵᠢᠨ ᠬᠡᠰᠡᠭ ᠬᠤᠭᠤᠴᠠᠭ᠎ᠠ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠵᠠᠩᠭᠢᠯᠠᠭ᠎ᠠ ᠵᠢᠨ ᠬᠤᠭᠤᠴᠠᠭ᠎ᠠ ᠪᠣᠯᠣᠨ᠎ᠠ᠃ ᠬᠣᠶᠠᠷ᠎ᠢ ᠬᠦᠷᠢᠶᠡᠯᠡᠬᠦ ᠠᠵᠢᠯ᠎ᠨᠢ ᠴᠡᠷᠢᠭ ᠠᠩᠭᠢ ᠪᠠ ᠣᠷᠣᠨ ᠨᠤᠲᠤᠭ᠎ᠲᠠᠢ ᠬᠠᠷᠢᠯᠴᠠᠵᠤ᠂ ᠴᠡᠷᠢᠭ ᠠᠷᠠᠳ᠎ᠢ ᠪᠦᠯᠬᠦᠮᠳᠡᠭᠦᠯᠵᠦ᠂ ᠰᠡᠳᠬᠢᠯ᠎ᠢ ᠨᠢᠭᠡᠳᠬᠡᠨ ᠬᠦᠴᠦ ᠵᠢ ᠬᠠᠮᠲᠤᠳᠬᠠᠬᠤ ᠴᠢᠬᠤᠯᠠ ᠦᠢ᠍ᠯᠡᠳᠦᠯ ᠵᠶ᠋ᠠᠨ ᠨᠡᠩ ᠰᠠᠢ᠌ᠲᠤᠷ ᠪᠠᠳᠠᠷᠠᠭᠤᠯᠵᠤ᠂ ᠴᠡᠷᠢᠭ ᠠᠩᠭᠢ ᠪᠠ ᠣᠷᠣᠨ ᠨᠤᠲᠤᠭ᠎ᠢ ᠬᠣᠣᠰ ᠴᠢᠭᠯᠡᠯ ᠵᠶ᠋ᠠᠷ ᠳᠡᠮᠵᠢᠬᠦ ᠥᠪᠡᠷᠮᠢᠴᠡ ᠳᠠᠪᠠᠭᠤᠯᠢᠭ ᠵᠶ᠋ᠠᠨ ᠪᠠᠳᠠᠷᠠᠭᠤᠯᠵᠤ᠂ ᠨᠠᠮ ᠪᠠ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ
ᠭᠡᠪᠡ᠃
ᠯᠢ ᠴᠢᠶᠠᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠤᠬᠠᠮᠰᠠᠷ ᠪᠣᠯᠣᠨ ᠪᠦᠭᠦ ᠲᠠᠯ᠎ᠠ ᠵᠢᠨ ᠦᠵᠡᠯᠲᠡ ᠵᠢ ᠪᠠᠲᠤ ᠪᠤᠢ ᠪᠤᠯᠭ᠋ᠠᠵᠤ᠂ ᠴᠡᠷᠢᠭ ᠠᠩᠭᠢ ᠵᠢᠨ ᠪᠦᠲᠦᠭᠡᠨ ᠪᠠᠢ᠌ᠭᠤᠯᠤᠯᠲᠠ ᠪᠣᠯᠣᠨ ᠥᠭᠡᠷᠡᠴᠢᠯᠡᠯᠲᠡ ᠵᠢᠨ ᠭᠣᠣᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ᠂ ᠴᠡᠷᠢᠭ ᠠᠩᠭᠢ ᠪᠣᠯᠣᠨ ᠣᠷᠣᠨ ᠨᠤᠲᠤᠭ᠎ᠤᠨ ᠬᠠᠮᠵᠢᠯᠴᠠᠭ᠎ᠠ ᠵᠢ ᠨᠢᠭᠲᠠᠷᠠᠭᠤᠯᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠣᠯᠣᠨ ᠴᠡᠷᠢᠭ ᠠᠩᠭᠢ ᠵᠢᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠬᠡᠷᠡᠭᠲᠡᠢ᠃ ᠠᠯᠪᠠᠨ᠎ᠳᠤ ᠪᠠᠢ᠌ᠭ᠎ᠠ ᠴᠡᠷᠢᠭ ᠪᠣᠯᠣᠨ ᠠᠯᠪᠠ᠎ᠠᠴᠠ ᠬᠠᠯᠠᠭᠳᠠᠭᠰᠠᠨ ᠴᠡᠷᠢᠭ᠎ᠤᠨ ᠪᠣᠳᠠᠲᠠᠢ ᠬᠡᠷᠡᠭᠴᠡᠭᠡ ᠵᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠦᠢ᠍ᠯᠡᠴᠢᠯᠡᠭᠡ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢᠨ ᠣᠨᠣᠪᠴᠢᠲᠤ ᠴᠢᠨᠠᠷ᠎ᠢ ᠳᠡᠭᠡᠭᠰᠢᠯᠡᠭᠦᠯᠵᠦ᠂ ᠴᠡᠷᠢᠭ ᠬᠥᠮᠥᠨ᠎ᠤ ᠬᠠᠯᠠᠮᠵᠢᠯᠠᠵᠤ ᠪᠠᠢ᠌ᠭ᠎ᠠ ᠦᠷ᠎ᠡ ᠬᠡᠦᠬᠡᠳ᠎ᠤᠨ ᠬᠢᠨᠢ ᠰᠤᠷᠭ᠋ᠠᠨ ᠬᠥᠮᠦᠵᠢᠯ᠂ ᠭᠡᠷ ᠪᠦᠯᠢ ᠵᠢᠨ᠎ᠬᠢᠨ᠎ᠤ ᠠᠵᠢᠯ ᠣᠯᠭᠣᠯᠲᠠ᠂ ᠡᠴᠢᠭᠡ ᠡᠬᠡ ᠵᠢᠨ ᠬᠢᠨᠢ ᠨᠠᠰᠤᠵᠢᠯ᠎ᠤᠨ ᠠᠰᠠᠷᠠᠮᠵᠢ ᠵᠡᠷᠭᠡ ᠠᠰᠠᠭᠤᠳᠠᠯ᠎ᠢ ᠴᠢᠩ ᠰᠡᠳᠬᠢᠯ᠎ᠠᠴᠠ᠎ᠪᠠᠨ ᠬᠠᠪᠰᠤᠷᠤᠨ ᠰᠢᠢ᠍ᠳᠪᠦᠷᠢᠯᠡᠵᠦ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠢ ᠲᠥᠪᠬᠢᠨᠡᠭᠦᠯᠬᠦ᠂ ᠠᠵᠢᠯ ᠣᠯᠵᠤ ᠦᠢ᠍ᠯᠡᠰ ᠪᠣᠰᠬᠠᠬᠤ᠂ ᠠᠰᠠᠷᠠᠮᠵᠢ ᠬᠠᠷᠠᠭ᠋ᠠᠯᠵᠠᠯ ᠪᠠ ᠬᠦᠴᠢᠷᠳᠡᠯ᠎ᠢ᠎ᠨᠢ ᠬᠠᠪᠰᠤᠷᠤᠨ ᠲᠡᠳᠬᠦᠬᠦ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ᠃ ᠴᠡᠷᠢᠭ ᠠᠩᠭᠢ ᠵᠢᠨ ᠲᠣᠰ ᠪᠡᠶ᠎ᠡ ᠵᠢᠨ ᠳᠠᠪᠠᠭᠤᠯᠢᠭ᠎ᠲᠠᠭᠠᠨ ᠰᠠᠭᠤᠷᠢᠯᠠᠵᠤ᠂ ᠣᠷᠣᠨ ᠨᠤᠲᠤᠭ᠎ᠤᠨ ᠠᠵᠤ ᠠᠬᠤᠢ ᠨᠡᠢ᠌ᠭᠡᠮ᠎ᠤᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠣᠷᠤᠯᠴᠠᠬᠤ ᠵᠢ ᠳᠡᠮᠵᠢᠵᠦ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠂ ᠣᠷᠣᠨ ᠨᠤᠲᠤᠭ᠎ᠲᠤ ᠬᠠᠪᠰᠤᠷᠤᠨ ᠲᠡᠳᠬᠦᠬᠦ ᠵᠢ ᠴᠢᠩᠭ᠋ᠠᠳᠬᠠᠬᠤ᠂ ᠠᠮᠤᠷ ᠠᠮᠤᠭᠤᠯᠠᠩ ᠲᠣᠭᠲᠠᠭᠤᠨ᠎ᠢ ᠬᠠᠮᠠᠭ᠋ᠠᠯᠠᠬᠤ ᠵᠡᠷᠭᠡ ᠲᠠᠯ᠎ᠠ᠎ᠪᠠᠷ ᠨᠠᠩ ᠶᠡᠬᠡ ᠦᠢ᠍ᠯᠡᠳᠦᠯ ᠦᠵᠡᠭᠦᠯᠭᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠬᠦ ᠳᠤᠮᠳᠠ ᠬᠣᠶᠠᠷ᠎ᠢ ᠬᠦᠷᠢᠶᠡᠯᠡᠬᠦ ᠠᠵᠢᠯ᠎ᠤᠨ ᠶᠠᠰᠤ ᠴᠢᠨᠠᠷ ᠪᠣᠯᠣᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠵᠣᠬᠢᠶᠠᠨ ᠪᠠᠢ᠌ᠭᠤᠯᠵᠤ ᠤᠳᠤᠷᠢᠳᠬᠤ ᠲᠣᠭᠲᠠᠴᠠ ᠵᠢ ᠲᠡᠭᠦᠯᠳᠡᠷᠵᠢᠭᠦᠯᠵᠦ᠂ ᠬᠣᠶᠠᠷ᠎ᠢ ᠬᠦᠷᠢᠶᠡᠯᠡᠬᠦ ᠵᠢᠱ᠌ᠢᠶᠡᠴᠢ ᠵᠢ ᠡᠭᠦᠳᠦᠨ ᠪᠠᠶ᠋ᠢᠭᠤᠯᠬᠤ ᠵᠢ ᠭᠦᠨᠵᠡᠭᠡᠢ᠌ᠷᠡᠭᠦᠯᠵᠦ᠂ ᠬᠣᠶᠠᠷ᠎ᠢ ᠬᠦᠷᠢᠶᠡᠯᠡᠬᠦ ᠨᠡᠢ᠌ᠭᠡᠮ᠎ᠤᠨ ᠰᠠᠭᠤᠷᠢ ᠵᠢ ᠪᠡᠬᠢᠵᠢᠭᠦᠯᠦᠨ ᠥᠷᠭᠡᠳᠬᠡᠵᠦ᠂ ᠨᠠᠮ᠎ᠤᠨ ᠲᠥᠪ ᠬᠣᠷᠢᠶ᠎ᠠ ᠵᠢᠨ ᠬᠣᠶᠠᠷ᠎ᠢ ᠬᠦᠷᠢᠶᠡᠯᠡᠬᠦ ᠠᠵᠢᠯ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠶᠡᠬᠡ ᠬᠤᠷᠠᠯ᠎ᠠᠴᠠ ᠪᠦᠭᠦ ᠤᠯᠤᠰ᠎ᠤᠨ ᠬᠣᠶᠠᠷ᠎ᠢ ᠬᠦᠷᠢᠶᠡᠯᠡᠬᠦ ᠵᠢᠱ᠌ᠢᠶᠡᠴᠢ ᠬᠤᠲᠠ (ᠰᠢᠶᠠᠨ) ᠵᠢ ᠨᠡᠷᠡᠢ᠌ᠳᠬᠦ ᠲᠤᠬᠠᠢ ᠲᠣᠭᠲᠠᠭ᠋ᠠᠯ᠎ᠢ ᠤᠩᠰᠢᠨ ᠨᠡᠢ᠌ᠲᠡᠯᠡᠵᠦ᠂ ᠪᠦᠭᠦ ᠤᠯᠤᠰ᠎ᠤᠨ ᠬᠣᠶᠠᠷ᠎ᠢ ᠬᠦᠷᠢᠶᠡᠯᠡᠬᠦ ᠵᠢᠱ᠌ᠢᠶᠡᠴᠢ ᠬᠤᠲᠠ (ᠰᠢᠶᠠᠨ) ᠵᠢᠨ ᠲᠥᠯᠥᠭᠡᠯᠡᠭᠴᠢ᠎ᠳᠤ ᠱᠠᠩᠨᠠᠯ ᠣᠯᠭᠣᠪᠠ᠃ ᠬᠣᠯᠪᠣᠭᠳᠠᠯ ᠪᠦᠬᠦᠢ ᠴᠡᠷᠢᠭ ᠠᠩᠭᠢ ᠪᠠ ᠣᠷᠣᠨ ᠨᠤᠲᠤᠭ᠎ᠤᠨ ᠲᠥᠯᠥᠭᠡᠯᠡᠭᠴᠢ ᠦᠭᠡ ᠬᠡᠯᠡᠪᠡ᠃
ᠱ᠌ᠢ᠎ᠲᠠᠢ ᠹᠧᠩ᠂ ᠯᠢ ᠱᠤ᠌ ᠯᠧᠢ᠂ ᠵᠠᠩ ᠶᠢᠦ ᠰᠢᠶᠠ᠂ ᠸᠠᠩ ᠳ᠋ᠦᠩ ᠮᠢᠩ᠂ ᠦ᠋ ᠵᠧᠩ ᠯᠦᠩ᠂ ᠱᠧᠨ ᠶᠤᠸᠠᠢ ᠶᠤᠸᠠᠢ ᠶᠡᠬᠡ ᠬᠤᠷᠠᠯ᠎ᠳᠤ ᠣᠷᠣᠯᠴᠠᠪᠠ᠃ ᠴᠧᠨ ᠢ ᠴᠢᠨ ᠶᠡᠬᠡ ᠬᠤᠷᠠᠯ᠎ᠢ ᠡᠷᠭᠢᠯᠡᠵᠡᠢ᠃
ᠨᠡᠷᠡᠢ᠌ᠳᠦᠭᠳᠡᠭᠰᠡᠨ ᠪᠦᠭᠦ ᠤᠯᠤᠰ᠎ᠤᠨ ᠬᠣᠶᠠᠷ᠎ᠢ ᠬᠦᠷᠢᠶᠡᠯᠡᠬᠦ ᠵᠢᠱ᠌ᠢᠶᠡᠴᠢ ᠬᠤᠲᠠ (ᠰᠢᠶᠠᠨ) ᠵᠢᠨ ᠲᠥᠯᠥᠭᠡᠯᠡᠭᠴᠢ᠂ ᠪᠦᠭᠦ ᠤᠯᠤᠰ᠎ᠤᠨ ᠬᠣᠶᠠᠷ᠎ᠢ ᠬᠦᠷᠢᠶᠡᠯᠡᠬᠦ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠴᠡᠷᠢᠭ ᠠᠩᠭᠢ ᠪᠠ ᠣᠷᠣᠨ ᠨᠤᠲᠤᠭ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠬᠣᠶᠠᠷ᠎ᠢ ᠬᠦᠷᠢᠶᠡᠯᠡᠬᠦ ᠠᠵᠢᠯ᠎ᠤᠨ ᠤᠳᠤᠷᠢᠳᠬᠤ ᠳᠤᠭᠤᠢ᠌ᠯᠠᠩ ᠵᠢᠴᠢ ᠬᠣᠶᠠᠷ᠎ᠢ ᠬᠦᠷᠢᠶᠡᠯᠡᠬᠦ ᠠᠵᠢᠯ᠎ᠤᠨ ᠠᠯᠪᠠᠨ ᠭᠡᠷ᠎ᠤᠨ ᠬᠠᠷᠢᠭᠤᠴᠠᠯᠭ᠋ᠠᠲᠠᠨ ᠨᠥᠬᠥᠳ ᠶᠡᠬᠡ ᠬᠤᠷᠠᠯ᠎ᠳᠤ ᠣᠷᠣᠯᠴᠠᠵᠠᠢ᠃
ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ