ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠠᠽᠧᠷᠪᠠᠶ᠋ᠢᠵᠠᠨ᠎ᠤ ᠶᠡᠷᠦᠩᠬᠡᠢ᠌ᠯᠡᠭᠴᠢ ᠠᠯᠢᠶᠧᠹ᠎ᠲᠠᠢ ᠬᠡᠯᠡᠯᠴᠡᠭᠡ ᠬᠢᠪᠡ
ᠨᠡᠶ᠋ᠢᠲᠡᠯᠡᠭᠰᠡᠨ ᠴᠠᠭ᠄ 2025-04-25

      ᠰᠢᠨᠬᠤᠸᠠ ᠬᠣᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 23᠎ᠤ ᠴᠠᠭᠢᠯᠭ᠋ᠠᠨ ᠮᠡᠳᠡᠭᠡ  4 ᠰᠠᠷ᠎ᠠ ᠵᠢᠨ 23᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠠᠷ ᠢᠷᠡᠭᠰᠡᠨ ᠠᠽᠧᠷᠪᠠᠶ᠋ᠢᠵᠠᠨ᠎ᠤ ᠶᠡᠷᠦᠩᠬᠡᠢ᠌ᠯᠡᠭᠴᠢ ᠠᠯᠢᠶᠧᠹ᠎ᠲᠠᠢ ᠬᠡᠯᠡᠯᠴᠡᠭᠡ ᠬᠢᠪᠡ᠃ ᠬᠣᠶᠠᠷ ᠤᠯᠤᠰ᠎ᠤᠨ ᠲᠡᠷᠢᠭᠦᠨ᠂ ᠳᠤᠮᠳᠠᠳᠤ ᠠᠽᠧᠷᠪᠠᠶ᠋ᠢᠵᠠᠨ᠎ᠤ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠪᠠᠢ᠌ᠭᠤᠯᠤᠨ᠎ᠠ ᠭᠡᠵᠦ ᠨᠡᠢ᠌ᠲᠡᠯᠡᠪᠡ᠃


习近平同阿塞拜疆总统阿利耶夫会谈.jpg


      4 ᠰᠠᠷ᠎ᠠ ᠵᠢᠨ 23᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠥᠷᠥ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠠᠷ ᠢᠷᠡᠭᠰᠡᠨ ᠠᠽᠧᠷᠪᠠᠶ᠋ᠢᠵᠠᠨ᠎ᠤ ᠶᠡᠷᠦᠩᠬᠡᠢ᠌ᠯᠡᠭᠴᠢ ᠠᠯᠢᠶᠧᠹ᠎ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠵᠢᠨ ᠫᠢᠩ   ᠬᠠᠲᠤᠨ ᠫᠧᠩ ᠯᠢ ᠶᠤᠸᠠᠨ᠎ᠲᠠᠢ᠎ᠪᠠᠨ ᠠᠯᠢᠶᠧᠹ ᠪᠣᠯᠣᠨ ᠲᠡᠭᠦᠨ᠎ᠤ ᠬᠠᠲᠤᠨ ᠠᠯᠢᠶᠸᠧᠠ᠎ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠢ᠌ᠭ᠎ᠠ᠎ᠨᠢ᠃ (ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠬᠤᠸᠠᠩ ᠵᠢᠩ ᠸᠧᠨ ᠰᠡᠭᠦᠳᠡᠷᠯᠡᠪᠡ)

       ᠰᠢ ᠵᠢᠨ ᠫᠢᠩ᠂ ᠵᠣᠷᠢᠯᠲᠠ ᠨᠢᠭᠡᠲᠡᠳ ᠵᠠᠮ᠎ᠢ ᠬᠤᠯᠠ ᠭᠡᠵᠦ ᠴᠥᠬᠥᠷᠡᠳᠡᠭ ᠦᠭᠡᠢ᠃ ᠬᠡᠳᠦᠢ᠌ᠪᠡᠷ ᠳᠡᠯᠡᠬᠡᠢ ᠵᠢᠨ ᠪᠠᠢ᠌ᠳᠠᠯ ᠤᠷᠪᠠᠭ᠋ᠠᠨ ᠬᠥᠷᠪᠡᠭᠡᠨ᠎ᠲᠠᠢ ᠪᠠᠢ᠌ᠭᠰᠠᠨ ᠴᠤ᠌ ᠳᠤᠮᠳᠠᠳᠤ ᠠᠽᠧᠷᠪᠠᠶ᠋ᠢᠵᠠᠨ᠎ᠤ ᠬᠠᠷᠢᠯᠴᠠᠭ᠎ᠠ ᠭᠠᠵᠠᠷ ᠵᠦᠢ ᠵᠢᠨ ᠪᠠᠢ᠌ᠷᠢᠰᠢᠯ᠎ᠳᠤ ᠬᠢᠵᠠᠭ᠋ᠠᠷᠯᠠᠭᠳᠠᠭᠰᠠᠨ ᠦᠭᠡᠢ᠂ ᠶᠠᠪᠤᠬᠤ ᠲᠤᠳᠤᠮ ᠪᠡᠬᠢᠵᠢᠪᠡ᠃ ᠬᠣᠶᠠᠷ ᠤᠯᠤᠰ ᠵᠶ᠋ᠠᠷ ᠵᠶ᠋ᠠᠨ ᠭᠠᠳᠠᠭ᠋ᠠᠳᠤ ᠬᠠᠷᠢᠯᠴᠠᠭ᠎ᠠ ᠪᠠᠢ᠌ᠭᠤᠯᠤᠭᠰᠠᠨ ᠤᠭ ᠰᠠᠨᠠᠭ᠎ᠠ᠎ᠪᠠᠨ ᠢᠮᠠᠭᠲᠠ ᠪᠠᠲᠤ ᠴᠡᠭᠡᠵᠢᠯᠡᠵᠦ᠂ ᠬᠠᠷᠢᠯᠴᠠᠨ ᠬᠦᠨᠳᠦᠳᠬᠡᠬᠦ᠂ ᠲᠥᠪ ᠭᠤᠣᠯᠴᠢ ᠰᠢᠳᠤᠷᠭᠤ ᠶᠣᠰᠣ ᠵᠢ ᠡᠷᠭᠢᠮᠯᠡᠭᠦ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠭᠦᠷᠳᠡᠭᠦ ᠵᠢ ᠪᠠᠷᠢᠮᠲᠠᠯᠠᠵᠤ᠂ ᠪᠠᠢ᠌ᠯᠳᠤᠬᠤ ᠪᠣᠳᠣᠯᠭ᠎ᠠ ᠵᠢᠨ ᠥᠨᠳᠥᠷᠴᠡ ᠪᠣᠯᠣᠨ ᠠᠯᠤᠰ ᠭᠡᠳᠤ ᠵᠢᠨ ᠬᠠᠷᠠᠭ᠋ᠠᠰᠤ᠎ᠠᠴᠠ ᠳᠤᠮᠳᠠᠳᠤ ᠠᠽᠧᠷᠪᠠᠶ᠋ᠢᠵᠠᠨ᠎ᠤ ᠬᠠᠷᠢᠯᠴᠠᠭ᠎ᠠ᠎ᠳᠤ ᠬᠠᠨᠳᠤᠵᠤ ᠬᠥᠭᠵᠢᠭᠦᠯᠪᠡ᠃ ᠬᠣᠶᠠᠷ ᠲᠠᠯ᠎ᠠ᠎ᠪᠠᠷ ᠵᠶ᠋ᠠᠨ ᠤᠯᠤᠰ ᠲᠦᠷᠦ ᠵᠢᠨ ᠢᠲᠡᠭᠡᠯᠴᠡᠭᠡ᠎ᠪᠠᠨ ᠦᠷᠭᠦᠯᠵᠢᠯᠡᠨ ᠨᠡᠮᠡᠭᠳᠡᠭᠦᠯᠵᠦ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ᠂ ᠤᠯᠠᠨ ᠤᠯᠤᠰ᠎ᠤᠨ ᠬᠠᠮᠵᠢᠯᠴᠠᠭ᠎ᠠ᠎ᠪᠠᠨ ᠨᠢᠭᠲᠠᠷᠠᠭᠤᠯᠵᠤ᠂ ᠳᠤᠮᠳᠠᠳᠤ ᠠᠽᠧᠷᠪᠠᠶ᠋ᠢᠵᠠᠨ᠎ᠤ ᠪᠦᠭᠦ ᠲᠠᠯ᠎ᠠ ᠵᠢᠨ ᠬᠠᠮᠲᠤᠷᠠᠯᠴᠠᠭ᠋ᠠᠨ᠎ᠤ ᠰᠢᠨ᠎ᠡ ᠬᠠᠭᠤᠳᠠᠰᠤ ᠵᠢ ᠨᠡᠭᠡᠭᠡᠵᠦ᠂ ᠬᠣᠶᠠᠷ ᠤᠯᠤᠰ᠎ᠤᠨ ᠬᠥᠭᠵᠢᠯ ᠮᠠᠨᠳᠤᠯ᠎ᠳᠤ ᠬᠦᠴᠦᠨ ᠨᠡᠮᠡᠷᠢᠯᠡᠵᠦ᠂ ᠬᠣᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠢ᠌ᠲᠤᠷ ᠪᠤᠶᠠᠨ ᠦᠢ᠍ᠯᠡᠳᠦᠶ᠎ᠡ ᠭᠡᠵᠦ ᠵᠢᠭ᠋ᠠᠵᠤ ᠭᠠᠷᠭ᠋ᠠᠪᠠ᠃

       ᠰᠢ ᠵᠢᠨ ᠫᠢᠩ᠂ ᠲᠤᠰ ᠲᠤᠰ᠎ᠤᠨ ᠵᠶ᠋ᠠᠨ ᠭᠣᠣᠯᠯᠠᠭᠴᠢ ᠠᠰᠢᠭ ᠲᠤᠰᠠ᠎ᠳᠤ ᠬᠣᠯᠪᠣᠭᠳᠠᠭᠰᠠᠨ ᠠᠰᠠᠭᠤᠳᠠᠯ ᠳᠡᠭᠡᠷ᠎ᠡ ᠬᠠᠷᠢᠯᠴᠠᠨ ᠡᠷᠡᠰ ᠳᠡᠮᠵᠢᠯᠴᠡᠬᠦ ᠪᠣᠯ ᠳᠤᠮᠳᠠᠳᠤ ᠠᠽᠧᠷᠪᠠᠶ᠋ᠢᠵᠠᠨ ᠬᠣᠶᠠᠷ ᠤᠯᠤᠰ᠎ᠤᠨ ᠰᠢᠯᠢᠳᠡᠭ ᠤᠯᠠᠮᠵᠢᠯᠠᠯ ᠪᠤᠯᠬᠤ ᠪᠥᠭᠡᠳ ᠪᠠᠢ᠌ᠯᠳᠤᠬᠤ ᠪᠣᠳᠣᠯᠭ᠎ᠠ ᠵᠢᠨ ᠬᠠᠨᠢᠲᠠᠨ ᠪᠣᠯᠤᠭᠰᠠᠨ᠎ᠤ ᠬᠤᠪᠢ᠎ᠳᠤ ᠪᠠᠢ᠌ᠪᠠᠰᠤ ᠵᠣᠬᠢᠬᠤ ᠠᠭᠤᠯᠭ᠎ᠠ ᠪᠣᠯᠣᠨ᠎ᠠ᠃ ᠳᠤᠮᠳᠠᠳᠤ ᠤᠯᠤᠰ ᠠᠽᠧᠷᠪᠠᠶ᠋ᠢᠵᠠᠨ᠎ᠤ᠎ᠬᠢᠨ᠎ᠤ ᠤᠯᠤᠰ᠎ᠤᠨ ᠡᠷᠬᠡ ᠮᠡᠳᠡᠯ᠂ ᠲᠤᠰᠠᠭ᠋ᠠᠷ ᠲᠣᠭᠲᠠᠨᠢᠯ ᠪᠣᠯᠣᠨ ᠨᠤᠲᠤᠭ ᠳᠡᠪᠢᠰᠬᠡᠷ᠎ᠤᠨ ᠪᠦᠷᠢᠨ ᠪᠦᠲᠦᠨ ᠵᠶ᠋ᠠᠨ ᠬᠠᠮᠠᠭ᠋ᠠᠯᠠᠵᠤ᠂ ᠲᠤᠰ ᠤᠯᠤᠰ᠎ᠤᠨ ᠵᠶ᠋ᠠᠨ ᠪᠠᠢ᠌ᠳᠠᠯ᠎ᠳᠤ ᠨᠡᠢ᠌ᠴᠡᠭᠰᠡᠨ ᠬᠥᠭᠵᠢᠯᠲᠡ ᠵᠢᠨ ᠵᠠᠮ ᠵᠶ᠋ᠠᠷ ᠦᠷᠭᠦᠯᠵᠢᠯᠡᠨ ᠵᠠᠮᠨᠠᠬᠤ ᠵᠢ ᠳᠡᠮᠵᠢᠨ᠎ᠠ᠃ ᠠᠽᠧᠷᠪᠠᠶ᠋ᠢᠵᠠᠨ᠎ᠯᠤᠭ᠎ᠠ ᠬᠠᠤᠯᠢ ᠬᠡᠷᠡᠭᠵᠢᠭᠦᠯᠬᠦ ᠠᠮᠤᠷ ᠲᠦᠪᠰᠢᠨ᠎ᠤ ᠬᠠᠮᠲᠤᠷᠠᠯᠴᠠᠭ᠎ᠠ ᠵᠢ ᠭᠦᠨᠵᠡᠭᠡᠢ ᠥᠷᠨᠢᠭᠦᠯᠵᠦ᠂ 《ᠭᠤᠷᠪᠠᠨ ᠵᠦᠢ᠍ᠯ᠎ᠤᠨ ᠬᠦᠴᠦᠨ》᠎ᠳᠤ ᠡᠷᠡᠰ ᠴᠣᠬᠢᠯᠲᠠ ᠥᠭᠭᠦᠨ᠎ᠡ᠃ ᠳᠤᠮᠳᠠᠳᠤ ᠠᠽᠧᠷᠪᠠᠶ᠋ᠢᠵᠠᠨ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠢ᠌ᠭᠤᠯᠤᠭ᠋ᠠᠳ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠤ ᠦᠨᠡᠨ ᠪᠣᠳᠠᠲᠠᠢ ᠠᠵᠠ ᠵᠢᠷᠭ᠋ᠠᠯ ᠣᠯᠭᠣᠪᠠ᠃ ᠦᠵᠦ ᠲᠥᠯᠥᠪᠯᠡᠭᠡ ᠵᠢ ᠰᠢᠯᠢᠳᠡᠭᠵᠢᠭᠦᠯᠵᠦ᠂ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠵᠣᠯᠭ᠋ᠠᠯᠴᠠᠭ᠎ᠠ ᠵᠢ ᠴᠢᠩᠭ᠋ᠠᠳᠬᠠᠵᠤ᠂ ᠬᠠᠮᠲᠤᠷᠠᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠬᠠᠮᠲᠤᠷᠠᠯᠴᠠᠭ᠋ᠠᠨ᠎ᠤ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠦᠶ᠎ᠡ᠃ ᠰᠤᠷᠭ᠋ᠠᠨ ᠬᠥᠮᠦᠵᠢᠯ᠂ ᠰᠣᠶᠣᠯ᠂ ᠵᠢᠭᠤᠯᠴᠢᠯᠠᠯ᠂ ᠵᠠᠯᠠᠭᠤᠴᠤᠳ᠂ ᠣᠷᠣᠨ ᠨᠤᠲᠤᠭ ᠵᠡᠷᠭᠡ ᠵᠢᠨ ᠬᠠᠮᠲᠤᠷᠠᠯᠴᠠᠭ᠎ᠠ ᠵᠢ ᠵᠣᠷᠢᠭᠵᠢᠭᠤᠯᠤᠨ ᠳᠡᠮᠵᠢᠵᠦ᠂ ᠠᠷᠠᠳ᠎ᠤᠨ ᠰᠡᠳᠬᠢᠯ᠎ᠤᠨ ᠨᠡᠪᠲᠡᠷᠡᠯᠴᠡᠭᠡ ᠵᠢ ᠠᠬᠢᠭᠤᠯᠵᠤ᠂ ᠬᠣᠶᠠᠷ ᠤᠯᠤᠰ᠎ᠤᠨ ᠨᠥᠬᠥᠷᠯᠡᠯ᠎ᠤᠨ ᠠᠷᠠᠳ᠎ᠤᠨ ᠰᠠᠨᠠᠭ᠎ᠠ ᠵᠢᠨ ᠰᠠᠭᠤᠷᠢ ᠵᠢ ᠪᠡᠬᠢᠵᠢᠭᠦᠯᠦᠶ᠎ᠡ ᠭᠡᠵᠦ ᠴᠢᠬᠤᠯᠠᠴᠢᠯᠠᠪᠠ᠃

       ᠰᠢ ᠵᠢᠨ ᠫᠢᠩ᠂ ᠪᠣᠭᠣᠮᠲᠠ ᠵᠢᠨ ᠭᠠᠢ᠌ᠯᠢ ᠵᠢᠨ ᠲᠠᠶ᠋ᠢᠨ᠂ ᠠᠷᠠᠯᠵᠢᠶᠠᠨ᠎ᠤ ᠳᠠᠶ᠋ᠢᠨ᠎ᠨᠢ ᠡᠯ᠎ᠡ ᠤᠯᠤᠰ᠎ᠤᠨ ᠵᠦᠢ ᠶᠣᠰᠣᠨ᠎ᠤ ᠡᠷᠬᠡ ᠠᠰᠢᠭ᠎ᠢ ᠬᠣᠬᠢᠷᠠᠭᠤᠯᠵᠤ᠂ ᠤᠯᠠᠨ ᠲᠠᠯᠠᠲᠤ ᠠᠷᠠᠯᠵᠢᠶᠠᠨ᠎ᠤ ᠪᠠᠢ᠌ᠭᠤᠯᠤᠮᠵᠢ ᠵᠢ ᠡᠪᠳᠡᠵᠦ᠂ ᠳᠡᠯᠡᠬᠡᠢ ᠵᠢᠨ ᠠᠵᠤ ᠠᠬᠤᠢ ᠵᠢᠨ ᠡᠮᠬᠢ ᠳᠢᠭᠯᠢᠮ᠎ᠢ ᠲᠠᠭ᠋ᠠᠷᠢᠪᠠ᠃ ᠳᠤᠮᠳᠠᠳᠤ ᠤᠯᠤᠰ ᠳᠤᠷᠠᠲᠠᠶ᠎ᠠ ᠠᠽᠧᠷᠪᠠᠶ᠋ᠢᠵᠠᠨ᠎ᠲᠠᠢ ᠬᠠᠮᠲᠤ᠎ᠪᠠᠷ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠎ᠪᠠᠷ ᠭᠣᠣᠯ ᠪᠤᠯᠭ᠋ᠠᠬᠰᠠᠨ ᠤᠯᠠᠨ ᠤᠯᠤᠰ᠎ᠤᠨ ᠰᠢᠰᠲ᠋ᠧᠮ ᠪᠣᠯᠣᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠡᠮᠬᠢ ᠳᠢᠭᠯᠢᠮ᠎ᠢ ᠬᠠᠮᠠᠭ᠋ᠠᠯᠠᠵᠤ᠂ ᠲᠤᠰ ᠪᠡᠶ᠎ᠡ ᠵᠢᠨ ᠵᠦᠢ ᠶᠣᠰᠣᠨ᠎ᠤ ᠡᠷᠬᠡ ᠠᠰᠢᠭ ᠵᠶ᠋ᠠᠨ ᠡᠷᠡᠰ ᠬᠠᠮᠠᠭ᠋ᠠᠯᠠᠵᠤ᠂ ᠳᠡᠯᠡᠬᠡᠢ ᠵᠢᠨ ᠲᠥᠪ ᠭᠤᠣᠯᠴᠢ ᠰᠢᠳᠤᠷᠭᠤ ᠶᠣᠰᠣ ᠵᠢ ᠬᠠᠮᠠᠭ᠋ᠠᠯᠠᠨ᠎ᠠ ᠭᠡᠵᠦ ᠵᠢᠭ᠋ᠠᠵᠤ ᠭᠠᠷᠭ᠋ᠠᠪᠠ᠃

       ᠠᠯᠢᠶᠧᠹ᠂ ᠲᠡᠷᠢᠭᠦᠯᠡᠭᠴᠢ ᠰᠢ ᠵᠢᠨ ᠫᠢᠩ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠵᠤ ᠠᠬᠤᠢ ᠨᠡᠢ᠌ᠭᠡᠮ ᠲᠦᠷᠭᠡᠨ ᠬᠥᠭᠵᠢᠵᠦ᠂ ᠳᠡᠯᠡᠬᠡᠢ ᠳᠡᠭᠡᠷᠡᠬᠢ ᠪᠠᠢ᠌ᠷᠢ ᠰᠠᠭᠤᠷᠢ ᠪᠣᠯᠣᠨ ᠨᠥᠯᠥᠭᠡ ᠲᠠᠰᠤᠷᠠᠯᠳᠡ ᠦᠭᠡᠢ ᠳᠡᠭᠡᠭᠰᠢᠯᠡᠪᠡ᠃ ᠬᠡᠳᠦᠢ᠌ᠪᠡᠷ ᠳᠡᠯᠡᠬᠡᠢ ᠳ᠋ᠠᠬᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠳᠤ ᠣᠷᠣᠰᠢᠵᠤ ᠪᠠᠢ᠌ᠭ᠎ᠠ ᠪᠤᠯᠪᠠᠴᠤ ᠠᠽᠧᠷᠪᠠᠶ᠋ᠢᠵᠠᠨ ᠪᠣᠯᠣᠨ ᠳᠤᠮᠳᠠᠳᠤ ᠤᠯᠤᠰ ᠢᠮᠠᠭᠲᠠ ᠬᠠᠷᠢᠯᠴᠠᠨ ᠭᠦᠨᠳᠦᠳᠭᠡᠵᠦ᠂ ᠬᠠᠷᠢᠯᠴᠠᠨ ᠢᠲᠡᠭᠡᠯᠴᠡᠵᠦ᠂ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠢ᠌ᠷᠡᠵᠦ᠂ ᠠᠵᠤ ᠠᠬᠤᠢ ᠠᠷᠠᠯᠵᠢᠶᠠᠨ᠎ᠤ ᠬᠠᠷᠢᠯᠴᠠᠭ᠎ᠠ ᠲᠦᠷᠭᠡᠨ ᠬᠥᠭᠵᠢᠵᠦ᠂ ᠣᠷᠣᠨ ᠨᠤᠲᠤᠭ᠎ᠤᠨ ᠰᠣᠯᠢᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠬᠣᠯᠪᠣᠯᠳᠤᠨ ᠨᠡᠪᠲᠡᠷᠡᠯᠴᠡᠬᠦ ᠠᠵᠢᠯ ᠲᠦᠷᠭᠡᠨ ᠠᠬᠢᠴᠠ᠎ᠲᠠᠢ ᠪᠣᠯᠪᠠ᠃ ᠠᠽᠧᠷᠪᠠᠶ᠋ᠢᠵᠠᠨ᠎ᠤ᠎ᠬᠢᠨ ᠨᠢᠭᠡ ᠳᠤᠮᠳᠠᠳᠤ ᠤᠯᠤᠰ ᠪᠠᠢ᠌ᠬᠤ ᠵᠠᠷᠴᠢᠮ᠎ᠢ ᠡᠷᠡᠰ ᠵᠢᠷᠤᠮᠯᠠᠵᠤ᠂ ᠲᠠᠢ᠌ᠸᠠᠨ ᠪᠣᠯ ᠳᠤᠮᠳᠠᠳᠤ ᠤᠯᠤᠰ᠎ᠤᠨ ᠨᠤᠲᠤᠭ ᠳᠡᠪᠢᠰᠬᠡᠷ᠎ᠤᠨ ᠰᠠᠯᠵᠤ ᠪᠣᠯᠣᠰᠢ ᠦᠭᠡᠢ ᠨᠢᠭᠡ ᠬᠡᠰᠡᠭ ᠪᠤᠯᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠤᠯᠤᠰ᠎ᠤᠨ ᠨᠢᠭᠡᠳᠦᠯ ᠵᠶ᠋ᠠᠨ ᠪᠡᠶᠡᠯᠡᠭᠦᠯᠬᠦ ᠵᠢᠨ ᠲᠥᠯᠥᠭᠡ ᠭᠠᠷᠭ᠋ᠠᠭᠰᠠᠨ ᠠᠯᠢᠪᠠ ᠴᠢᠷᠮᠠᠢ᠌ᠯᠭ᠎ᠠ ᠵᠢ ᠳᠡᠮᠵᠢᠨ᠎ᠠ᠃ ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠣᠢ᠌ᠯᠠᠭ᠋ᠠᠭᠳᠠᠬᠤᠨ ᠪᠣᠯᠣᠨ ᠪᠦᠭᠦ ᠪᠥᠮᠪᠥᠷᠴᠡᠭ᠎ᠤᠨ ᠭᠤᠷᠪᠠᠨ ᠶᠡᠬᠡ ᠰᠠᠨᠠᠭ᠋ᠠᠴᠢᠯᠠᠭ᠎ᠠ᠎ᠨᠢ ᠳᠡᠯᠡᠬᠡᠢ ᠵᠢᠨ ᠡᠩᠬᠡ ᠲᠠᠢ᠌ᠪᠤᠩ ᠲᠣᠭᠲᠠᠭᠤᠨ ᠬᠥᠭᠵᠢᠯ ᠴᠡᠴᠡᠭᠯᠡᠯ᠎ᠳᠤ ᠠᠰᠢᠭᠲᠠᠢ ᠶᠤᠮ᠂ ᠠᠽᠧᠷᠪᠠᠶ᠋ᠢᠵᠠᠨ᠎ᠤ᠎ᠬᠢᠨ ᠳᠡᠭᠡᠳᠦ ᠬᠡᠮᠵᠢᠶ᠎ᠡ᠎ᠪᠠᠷ ᠮᠠᠭᠲᠠᠨ ᠰᠠᠢ᠌ᠰᠢᠶᠠᠵᠤ᠂ ᠢᠳᠡᠪᠬᠢᠲᠡᠢ ᠲᠡᠮᠵᠢᠵᠥ ᠪᠠᠢ᠌ᠨ᠎ᠠ᠃ ᠠᠽᠧᠷᠪᠠᠶ᠋ᠢᠵᠠᠨ᠎ᠤ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠢ᠌ᠭᠤᠯᠤᠯᠲᠠ᠂ ᠲᠣᠭ᠋ᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠡᠨᠧᠷᠭᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠡᠷᠭᠡ ᠡᠯ᠎ᠡ ᠬᠦᠷᠢᠶᠡᠨ᠎ᠳᠠᠬᠢ ᠬᠠᠮᠲᠤᠷᠠᠯᠴᠠᠭ᠎ᠠ ᠵᠢ ᠥᠷᠭᠡᠳᠬᠡᠵᠦ᠂ ᠲᠦᠷᠦ ᠵᠢᠨ ᠨᠠᠮ ᠵᠢᠴᠢ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠭᠦᠨᠵᠡᠭᠡᠢ᠌ᠷᠡᠭᠦᠯᠵᠦ᠂ ᠳᠡᠯᠡᠬᠡᠢ ᠵᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠳᠠᠬᠢ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠬᠣᠶᠠᠷ ᠤᠯᠤᠰ᠎ᠤᠨ ᠬᠠᠷᠢᠯᠴᠠᠭ᠎ᠠ ᠵᠢᠨ ᠨᠡᠩ ᠶᠡᠬᠡ ᠬᠥᠭᠵᠢᠯᠲᠡ᠎ᠲᠠᠢ ᠪᠤᠯᠬᠤ ᠵᠢ ᠠᠬᠢᠭᠤᠯᠤᠨ᠎ᠠ ᠭᠡᠵᠦ ᠢᠯᠡᠳᠬᠡᠪᠡ᠃

       ᠬᠡᠯᠡᠯᠴᠡᠭᠡ ᠲᠡᠭᠦᠰᠦᠭᠰᠡᠨ᠎ᠤ ᠲᠠᠷᠠᠭ᠎ᠠ᠂ ᠬᠣᠶᠠᠷ ᠤᠯᠤᠰ᠎ᠤᠨ ᠲᠡᠷᠢᠭᠦᠨ 《ᠪᠦᠭᠦᠳᠠ ᠨᠠᠢ᠌ᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠢ᠌ᠷᠠᠮᠳᠠᠬᠤ ᠠᠽᠧᠷᠪᠠᠶ᠋ᠢᠵᠠᠨ ᠤᠯᠤᠰ᠎ᠤᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠪᠠᠶ᠋ᠢᠭᠤᠯᠬᠤ ᠲᠤᠬᠠᠢ ᠬᠠᠮᠲᠤᠷᠠᠭᠰᠠᠨ ᠢᠯᠡᠷᠬᠡᠢ᠌ᠯᠡᠯᠲᠡ》᠎ᠳᠤ ᠬᠠᠮᠲᠤ᠎ᠪᠠᠷ ᠭᠠᠷ᠎ᠤᠨ ᠦᠰᠦᠭ ᠵᠢᠷᠤᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠂ ᠬᠠᠤᠯᠢ ᠴᠠᠭ᠋ᠠᠵᠠ᠂ ᠪᠣᠬᠢᠷᠳᠤᠯ ᠦᠭᠡᠢ ᠬᠥᠭᠵᠢᠯᠲᠡ᠂ ᠲᠣᠭ᠋ᠠᠴᠢᠯᠠᠭᠰᠠᠨ ᠠᠵᠤ ᠠᠬᠤᠢ᠂ ᠮᠡᠳᠡᠯᠭᠡ ᠵᠢᠨ ᠥᠮᠴᠢᠯᠡᠯ᠎ᠤᠨ ᠡᠷᠬᠡ᠂ ᠰᠠᠨᠰᠠᠷ᠎ᠤᠨ ᠠᠶᠠᠯᠠᠯ ᠵᠡᠷᠭᠡ ᠬᠦᠷᠢᠶᠡᠨ᠎ᠳᠠᠬᠢ 20 ᠵᠦᠢ᠍ᠯ᠎ᠤᠨ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ᠎ᠳᠤ ᠭᠠᠷ᠎ᠤᠨ ᠦᠰᠦᠭ ᠵᠢᠷᠤᠬᠤ ᠵᠢ

ᠭᠡᠷᠡᠴᠢᠯᠡᠪᠡ᠃

       ᠬᠡᠯᠡᠯᠴᠡᠭᠡ ᠬᠢᠬᠦ᠎ᠠᠴᠠ ᠡᠮᠦᠨ᠎ᠡ᠂ ᠰᠢ ᠵᠢᠨ ᠫᠢᠩ ᠬᠠᠳᠤᠨ ᠫᠧᠩ ᠯᠢ ᠶᠤᠸᠠᠨ᠎ᠲᠠᠢ᠎ᠪᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠡᠭᠦᠳᠡᠨ᠎ᠤ ᠭᠠᠳᠠᠨᠠᠬᠢ ᠠᠭᠤᠳᠠᠮ ᠲᠠᠯᠠᠪᠠᠢ᠎ᠳᠤ ᠠᠯᠢᠶᠧᠹ ᠪᠣᠯᠣᠨ ᠲᠡᠭᠦᠨ᠎ᠤ ᠬᠠᠳᠤᠨ ᠠᠯᠢᠶᠸᠧᠠ ᠵᠢ ᠤᠭᠲᠤᠬᠤ ᠶᠣᠰᠣᠯᠠᠯ ᠶᠠᠪᠤᠭᠤᠯᠪᠠ᠃

       ᠠᠯᠢᠶᠧᠹ ᠬᠦᠷᠴᠦ ᠢᠷᠡᠬᠦ᠎ᠳᠤ ᠶᠣᠰᠣᠯᠠᠯ᠎ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠰᠢ ᠵᠢᠨ ᠫᠢᠩ ᠠᠯᠢᠶᠧᠹ᠎ᠲᠠᠢ ᠬᠠᠮᠲᠤ ᠰᠢᠯᠭ᠋ᠠᠨ ᠦᠵᠡᠬᠦ ᠲᠠᠢ᠌ᠰᠠᠨ᠎ᠳᠤ ᠭᠠᠷᠴᠤ᠂ ᠴᠡᠷᠢᠭ᠎ᠤᠨ ᠬᠥᠭᠵᠢᠮ᠎ᠤᠨ ᠪᠦᠯᠭᠦᠮ ᠳᠤᠮᠳᠠᠳᠤ ᠠᠽᠧᠷᠪᠠᠶ᠋ᠢᠵᠠᠨ ᠬᠣᠶᠠᠷ ᠤᠯᠤᠰ᠎ᠤᠨ ᠰᠦᠯᠳᠡ ᠳᠠᠭᠤᠤ ᠵᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ᠎ᠳᠤ ᠶᠣᠰᠣᠯᠠᠯ᠎ᠤᠨ ᠫᠤᠤ ᠵᠢ 21 ᠳᠤᠤᠭ᠋ᠠᠷᠭ᠋ᠠᠪᠠ᠃ ᠠᠯᠢᠶᠧᠹ ᠰᠢ ᠵᠢᠨ ᠫᠢᠩ᠎ᠤᠨ ᠪᠠᠷ᠎ᠠ ᠪᠤᠯᠤᠯᠭ᠎ᠠ᠎ᠲᠠᠢ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠶᠣᠰᠣᠯᠠᠯ᠎ᠤᠨ ᠠᠩᠭᠢ ᠵᠢ ᠰᠢᠯᠭ᠋ᠠᠨ ᠦᠵᠡᠭᠰᠡᠨ ᠪᠥᠭᠡᠳ ᠵᠢᠭᠰᠠᠭ᠋ᠠᠯ᠎ᠢ ᠰᠣᠨᠢᠷᠬᠠᠪᠠ᠃

       ᠲᠤᠰ ᠡᠳᠦᠷ᠎ᠤᠨ ᠦᠳᠡ᠎ᠳᠤ᠂ ᠰᠢ ᠵᠢᠨ ᠫᠢᠩ ᠪᠣᠯᠣᠨ ᠫᠧᠩ ᠯᠢ ᠶᠤᠸᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠰᠢᠵᠢᠷ ᠠᠯᠳᠠᠨ ᠲᠢᠩᠬᠢᠮ᠎ᠳᠤ ᠠᠯᠢᠶᠧᠹ ᠪᠣᠯᠣᠨ ᠲᠡᠭᠦᠨ᠎ᠤ ᠬᠠᠳᠤᠨ᠎ᠢ ᠤᠭᠲᠤᠬᠤ ᠳᠠᠶ᠋ᠢᠯᠠᠯᠭ᠎ᠠ ᠬᠢᠪᠡ᠃

       ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃

      ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠣᠶᠠᠷ᠎ᠢ ᠬᠦᠷᠢᠶᠡᠯᠡᠬᠦ ᠠᠵᠢᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠴᠡᠷᠢᠭ ᠵᠠᠰᠠᠭ ᠴᠡᠷᠢᠭ ᠠᠷᠠᠳ᠎ᠤᠨ ᠪᠠᠲᠤ ᠪᠡᠬᠢ ᠪᠦᠯᠬᠦᠮᠳᠡᠯ᠎ᠢ ᠪᠡᠬᠢᠵᠢᠭᠦᠯᠦᠨ ᠬᠥᠭᠵᠢᠭᠦᠯᠵᠦ ᠠᠷᠠᠳ ᠲᠦᠮᠡᠨ ᠵᠶ᠋ᠠᠨ ᠬᠠᠢ᠌ᠷᠠᠯᠠᠬᠤ ᠴᠡᠷᠢᠭ ᠵᠶ᠋ᠠᠨ ᠬᠠᠢ᠌ᠷᠠᠯᠠᠬᠤ ᠴᠠᠭ ᠦᠶ᠎ᠡ ᠵᠢᠨ ᠰᠢᠨ᠎ᠡ ᠬᠠᠭᠤᠳᠠᠰᠤ ᠵᠢ ᠬᠠᠮᠲᠤ᠎ᠪᠠᠷ ᠦᠷᠭᠦᠯᠵᠢᠯᠡᠨ ᠪᠢᠴᠢᠭᠯᠡᠬᠦ ᠬᠡᠷᠡᠭᠲᠡᠢ ᠯᠢ ᠴᠢᠶᠠᠩ ᠪᠦᠭᠦ ᠤᠯᠤᠰ᠎ᠤᠨ ᠬᠣᠶᠠᠷ᠎ᠢ ᠬᠦᠷᠢᠶᠡᠯᠡᠬᠦ ᠵᠢᠱ᠌ᠢᠶᠡᠴᠢ ᠬᠤᠲᠠ (ᠰᠢᠶᠠᠨ) ᠵᠢ ᠨᠡᠷᠡᠢ᠌ᠳᠬᠦ ᠶᠡᠬᠡ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯᠳᠤᠭ᠋ᠠᠨ ᠬᠤᠷᠠᠯᠳᠤᠭᠤᠯᠵᠤ ᠣᠳᠣᠬᠠᠨ᠎ᠤ ᠠᠵᠤ ᠠᠬᠤᠢ ᠵᠢᠨ ᠪᠠᠢ᠌ᠳᠠᠯ ᠪᠠ ᠠᠵᠤ ᠠᠬᠤᠢ ᠵᠢᠨ ᠠᠵᠢᠯ᠎ᠢ ᠵᠠᠳᠠᠯᠤᠨ ᠰᠤᠳᠤᠯᠪᠠ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯᠳᠤᠭ᠋ᠠᠨ᠎ᠢ ᠡᠷᠭᠢᠯᠡᠪᠡ
ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠬᠣᠷᠢᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ  ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠪᠠᠷᠢᠮᠲᠠᠯᠠᠵᠤ ᠬᠡᠷᠡᠭᠯᠡᠭᠡᠨ᠎ᠤ ᠤᠳᠤᠷᠢᠳᠤᠮᠵᠢ ᠵᠢ ᠲᠣᠪᠤᠶ᠋ᠢᠯᠭ᠋ᠠᠵᠤ ᠵᠣᠬᠢᠶᠠᠯ ᠣᠶᠤᠨ ᠴᠢᠳᠠᠪᠤᠷᠢ ᠵᠢᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠬᠤ ᠬᠡᠷᠡᠭᠲᠡᠢ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠵᠤ ᠦᠵᠡᠰᠬᠦᠯᠡᠩᠲᠦ ᠰᠠᠢ᠌ᠬᠠᠨ ᠭᠣᠣᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠬᠤ ᠪᠠ ᠪᠦᠲᠦᠭᠡᠨ ᠪᠠᠶ᠋ᠢᠭᠤᠯᠬᠤ ᠵᠡᠷᠭᠡ ᠠᠵᠢᠯᠯᠠᠭ᠋ᠠᠨ ᠥᠷᠨᠢᠭᠦᠯᠬᠦ ᠵᠢ ᠪᠠᠢ᠌ᠷᠢᠯᠠᠭᠤᠯᠪᠠ
ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠵᠢᠴᠢ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠦᠪᠡᠳᠡᠭᠰᠢ ᠶᠡᠬᠡ᠎ᠪᠠᠷ ᠶᠠᠪᠤᠭᠳᠠᠪᠠ
 
            