ᠰᠢᠨᠬᠤᠸᠠ ᠬᠣᠷᠢᠶᠠᠨ᠎ᠤ ᠪᠡᠭᠡᠵᠢᠩ᠎ᠤᠨ 4 ᠳ᠋ᠦ᠍ᠭᠡᠷ ᠰᠠᠷ᠎ᠠ ᠵᠢᠨ 25᠎ᠤ ᠡᠳᠦᠷ᠎ᠤᠨ ᠴᠠᠬᠢᠯᠭ᠋ᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ 4 ᠳ᠋ᠦ᠍ᠭᠡᠷ ᠰᠠᠷ᠎ᠠ ᠵᠢᠨ 25᠎ᠤ ᠡᠳᠦᠷ ᠬᠤᠷᠠᠯᠳᠤᠭ᠋ᠠᠨ ᠬᠤᠷᠠᠯᠳᠤᠭᠤᠯᠵᠤ᠂ ᠣᠳᠣᠬᠠᠨ᠎ᠤ ᠠᠵᠤ ᠠᠬᠤᠢ ᠵᠢᠨ ᠪᠠᠢ᠌ᠳᠠᠯ ᠪᠠ ᠠᠵᠤ ᠠᠬᠤᠢ ᠵᠢᠨ ᠠᠵᠢᠯ᠎ᠢ ᠵᠠᠳᠠᠯᠤᠨ ᠰᠤᠳᠤᠯᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯᠳᠤᠭ᠋ᠠᠨ᠎ᠢ ᠡᠷᠬᠢᠯᠡᠪᠡ᠃
ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ᠂ ᠤᠯᠤᠰ᠎ᠤᠨ ᠳᠣᠲᠣᠭ᠋ᠠᠳᠤ ᠵᠢᠨ ᠠᠵᠤ ᠠᠬᠤᠢ ᠵᠢᠨ ᠠᠵᠢᠯ ᠪᠠ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠲᠡᠮᠡᠴᠡᠯ᠎ᠢ ᠨᠢᠭᠡᠳᠦᠯᠲᠡᠢ ᠲᠥᠯᠥᠪᠯᠡᠵᠦ᠂ ᠥᠪᠡᠷ᠎ᠤᠨ ᠵᠶ᠋ᠠᠨ ᠠᠵᠢᠯ ᠶᠠᠪᠤᠳᠠᠯ᠎ᠢ ᠡᠷᠡᠰ ᠭᠤᠢ᠌ᠪᠢᠰᠢ ᠦᠭᠡᠢ ᠰᠠᠢ᠌ᠲᠤᠷ ᠬᠢᠵᠦ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠡᠷᠡᠰ ᠭᠤᠢ᠌ᠪᠢᠰᠢ ᠦᠭᠡᠢ ᠥᠷᠭᠡᠳᠬᠡᠵᠦ᠂ ᠠᠵᠢᠯ ᠣᠯᠭᠣᠯᠲᠠ᠂ ᠠᠵᠤ ᠠᠬᠤᠢ᠌ᠯᠠᠯ᠂ ᠵᠠᠬ᠎ᠠ ᠳᠡᠯᠭᠡᠭᠦᠷ ᠪᠠ ᠵᠢᠱ᠌ᠢᠯᠲᠡ ᠵᠢ ᠬᠦᠴᠦᠯᠡᠨ ᠲᠣᠭᠲᠠᠪᠤᠷᠢᠵᠢᠭᠤᠯᠵᠤ᠂ ᠴᠢᠨᠠᠷ ᠰᠠᠢ᠌ᠲᠠᠢ ᠬᠥᠭᠵᠢᠯᠲᠡ ᠵᠢᠨ ᠲᠣᠭᠲᠠᠭ᠋ᠠᠯᠲᠤ ᠴᠢᠨᠠᠷ ᠵᠶ᠋ᠠᠷ ᠭᠠᠳᠠᠭ᠋ᠠᠳᠤ ᠣᠷᠴᠢᠨ ᠨᠥᠬᠥᠴᠡᠯ᠎ᠤᠨ ᠲᠦᠷᠭᠡᠨ ᠬᠤᠪᠢᠷᠠᠯᠲᠠ ᠵᠢᠨ ᠲᠣᠭᠲᠠᠭ᠋ᠠᠯᠲᠤ ᠪᠤᠰᠤ ᠴᠢᠨᠠᠷ᠎ᠢ ᠠᠷᠭ᠋ᠠᠴᠠᠭ᠋ᠠᠬᠤ ᠬᠡᠷᠡᠭᠲᠡᠢ ᠭᠡᠵᠡᠢ᠃
ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠣᠷᠸ᠎ᠠ ᠲᠥᠷᠥ ᠵᠢᠨ ᠪᠣᠳᠣᠯᠭ᠎ᠠ ᠵᠢ ᠰᠢᠮᠳᠠᠭᠤᠯᠤᠨ ᠬᠡᠷᠡᠭᠵᠢᠭᠦᠯᠵᠦ᠂ ᠨᠠᠩ ᠢᠳᠡᠪᠬᠢᠲᠡᠢ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠢ᠌ᠯᠭ᠋ᠠᠬᠤ ᠵᠣᠭᠣᠰᠤᠨ᠎ᠤ ᠲᠥᠷᠥ ᠵᠢᠨ ᠪᠣᠳᠣᠯᠭ᠎ᠠ ᠵᠢ ᠰᠠᠢ᠌ᠲᠤᠷ ᠮᠥᠷᠲᠡᠭᠡᠨ ᠭᠦᠢ᠍ᠴᠡᠳ ᠬᠡᠷᠡᠭᠯᠡᠬᠦ ᠬᠡᠷᠡᠭᠲᠡᠢ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ᠂ ᠤᠯᠤᠰ᠎ᠤᠨ ᠬᠡᠳᠦ ᠤᠷᠳᠤ ᠬᠤᠭᠤᠴᠠᠭ᠋ᠠᠲᠤ ᠣᠨᠴᠠᠭ᠋ᠠᠢ ᠵᠢᠭᠡᠯᠡᠯᠭᠡ ᠵᠡᠷᠭᠡ ᠵᠢ ᠲᠠᠷᠬᠠᠭ᠋ᠠᠨ ᠬᠡᠷᠡᠭᠯᠡᠬᠦ ᠵᠢ ᠲᠦᠷᠭᠡᠳᠬᠡᠨ᠎ᠡ᠃ ᠦᠨᠳᠦᠰᠦᠨ ᠱᠠᠲᠤᠨ᠎ᠤ 《ᠭᠤᠷᠪᠠ ᠵᠢ ᠪᠠᠲᠤᠯᠠᠬᠤ》 ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠬᠠᠳᠠᠭ᠋ᠠᠯᠠᠮᠵᠢ ᠵᠢᠨ ᠪᠡᠯᠡᠳᠬᠡᠯ ᠮᠥᠩᠭᠥᠨ᠎ᠤ ᠨᠣᠷᠮ᠎ᠠ ᠪᠠ ᠬᠦᠦ ᠮᠥᠩᠭᠥ ᠵᠢᠨ ᠨᠤᠷᠮ᠎ᠠ ᠵᠢ ᠴᠠᠭᠲᠤᠨᠢ ᠲᠣᠬᠢᠷᠠᠭᠤᠯᠤᠨ ᠪᠠᠭᠤᠷᠠᠭᠤᠯᠵᠤ᠂ ᠬᠥᠳᠡᠯᠭᠡᠭᠡᠨᠲᠦ ᠴᠢᠨᠠᠷ ᠵᠶ᠋ᠠᠷ ᠭᠦᠢ᠍ᠴᠡᠳ ᠪᠠᠢ᠌ᠬᠤ ᠵᠢ ᠪᠠᠲᠤᠯᠠᠵᠤ᠂ ᠪᠣᠳᠠᠲᠤ ᠴᠣᠭᠴᠠ ᠵᠢᠨ ᠠᠵᠤ ᠠᠬᠤᠢ ᠵᠢ ᠬᠦᠴᠦᠯᠡᠨ ᠳᠡᠮᠵᠢᠬᠦ ᠬᠡᠷᠡᠭᠲᠡᠢ᠃ ᠪᠦᠲᠦᠴᠡ ᠵᠢᠨ ᠴᠢᠨᠠᠷᠲᠠᠢ ᠵᠣᠭᠣᠰᠤᠨ᠎ᠤ ᠲᠦᠷᠦ ᠵᠢᠨ ᠪᠣᠳᠣᠯᠭ᠎ᠠ ᠵᠢᠨ ᠰᠢᠨ᠎ᠡ ᠪᠠᠭ᠋ᠠᠵᠢ ᠵᠢ ᠡᠭᠦᠳᠦᠨ ᠲᠣᠬᠢᠷᠠᠭᠤᠯᠵᠤ᠂ ᠰᠢᠨ᠎ᠡ ᠮᠠᠶᠢᠭ᠎ᠤᠨ ᠲᠦᠷᠦ ᠵᠢᠨ ᠪᠣᠳᠣᠯᠭ᠎ᠠ ᠵᠢᠨ ᠴᠢᠨᠠᠷᠲᠠᠢ ᠮᠥᠩᠭᠥᠨ ᠭᠦᠢ᠍ᠯᠭᠡᠭᠡᠨ᠎ᠤ ᠪᠠᠭ᠋ᠠᠵᠢ ᠵᠢ ᠲᠣᠬᠢᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠬᠡᠷᠡᠭᠯᠡᠭᠡ ᠵᠢ ᠥᠷᠭᠡᠳᠬᠡᠬᠦ᠂ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠬᠤ ᠵᠡᠷᠭᠡ ᠵᠢ ᠳᠡᠮᠵᠢᠨ᠎ᠡ ᠭᠡᠵᠡᠢ᠃
ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠳᠤᠮᠳᠠ ᠳᠣᠣᠷ᠎ᠠ ᠣᠷᠣᠯᠭ᠎ᠠ᠎ᠲᠠᠢ ᠬᠥᠮᠥᠰ᠎ᠤᠨ ᠣᠷᠣᠯᠭ᠎ᠠ ᠵᠢ ᠨᠡᠮᠡᠭᠳᠡᠭᠦᠯᠵᠦ᠂ ᠦᠢ᠍ᠯᠡᠴᠢᠯᠡᠭᠡᠨ᠎ᠤ ᠬᠡᠷᠡᠭᠯᠡᠭᠡ ᠵᠢ ᠶᠡᠬᠡ᠎ᠪᠠᠷ ᠬᠥᠭᠵᠢᠭᠦᠯᠵᠦ᠂ ᠠᠵᠤ ᠠᠬᠤᠢ ᠵᠢᠨ ᠨᠡᠮᠡᠭᠳᠡᠯ᠎ᠳᠤ ᠦᠵᠡᠭᠦᠯᠬᠦ ᠬᠡᠷᠡᠭᠯᠡᠭᠡ ᠵᠢᠨ ᠳᠠᠢ᠌ᠴᠢᠯᠠᠬᠤ ᠦᠢ᠍ᠯᠡᠳᠦᠯ᠎ᠢ ᠴᠢᠩᠭ᠋ᠠᠳᠬᠠᠬᠤ ᠬᠡᠷᠡᠭᠲᠡᠢ᠃ ᠬᠡᠷᠡᠭᠯᠡᠭᠡᠨ᠎ᠤ ᠬᠦᠷᠢᠶᠡᠨ᠎ᠳᠠᠬᠢ ᠬᠢᠵᠠᠭ᠋ᠠᠷᠯᠠᠬᠤ ᠴᠢᠨᠠᠷᠲᠠᠢ ᠠᠷᠭ᠎ᠠ ᠬᠡᠮᠵᠢᠶ᠎ᠡ ᠵᠢ ᠲᠦᠷᠭᠡᠬᠡᠨ ᠢᠯᠭ᠋ᠠᠷᠠᠭᠤᠯᠤᠨ ᠲᠢᠭᠯᠡᠵᠦ᠂ ᠦᠢ᠍ᠯᠡᠴᠢᠯᠡᠭᠡᠨ᠎ᠤ ᠬᠡᠷᠡᠭᠯᠡᠭᠡ ᠬᠢᠭᠡᠳ ᠨᠠᠰᠤᠵᠢᠯ᠎ᠤᠨ ᠠᠰᠠᠷᠠᠮᠵᠢ ᠵᠢᠨ ᠳᠠᠬᠢᠯᠲᠠ ᠵᠢᠭᠡᠯᠡᠯᠭᠡ ᠵᠢ ᠲᠣᠬᠢᠷᠠᠭᠤᠯᠤᠨ᠎ᠠ᠃ ᠪᠡᠯᠡ ᠮᠥᠩᠭᠥᠨ᠎ᠤ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠬᠦᠷᠢᠶ᠎ᠡ ᠬᠡᠪᠴᠢᠶ᠎ᠡ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠵᠦ 《ᠰᠢᠨᠡᠳᠬᠡᠬᠦ ᠪᠠ ᠰᠣᠯᠢᠬᠤ》 ᠲᠠᠯ᠎ᠠ᠎ᠪᠠᠷ᠎ᠬᠢ ᠲᠦᠷᠦ ᠵᠢᠨ ᠪᠣᠳᠣᠯᠭ᠎ᠠ ᠵᠢ ᠬᠡᠷᠡᠭᠵᠢᠭᠦᠯᠦᠨ᠂ 《ᠨᠢᠭᠡ ᠴᠢᠬᠤᠯᠠ ᠨᠢᠭᠡ ᠭᠣᠣᠯᠳᠠᠯᠭ᠎ᠠ》 ᠵᠢᠨ ᠪᠦᠲᠦᠭᠡᠨ ᠪᠠᠢ᠌ᠭᠤᠯᠤᠯᠲᠠ ᠵᠢ ᠬᠦᠴᠦᠯᠡᠨ ᠬᠡᠷᠡᠭᠵᠢᠭᠦᠯᠦᠨ᠎ᠡ ᠭᠡᠵᠡᠢ᠃
ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠪᠠᠢ᠌ᠭ᠋ᠠᠳ ᠬᠦᠴᠢᠷᠳᠡᠯᠲᠡᠢ ᠠᠵᠤ ᠠᠬᠤᠢ᠌ᠯᠠᠯ᠎ᠢ ᠬᠠᠪᠰᠤᠷᠤᠨ ᠲᠡᠳᠬᠦᠬᠦ ᠬᠡᠷᠡᠭᠲᠡᠢ᠃ ᠪᠡᠯᠡ ᠲᠣᠬᠢᠷᠠᠭᠤᠯᠭ᠎ᠠ ᠵᠢᠨ ᠳᠡᠮᠵᠢᠯᠭᠡ ᠵᠢ ᠴᠢᠩᠭ᠋ᠠᠳᠬᠠᠨ᠎ᠠ᠃ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢ ᠨᠢᠭᠡ ᠴᠣᠭᠴᠠᠵᠢᠭᠤᠯᠬᠤ᠎ᠪᠠᠨ ᠲᠦᠷᠭᠡᠪᠴᠢᠯᠡᠨ ᠠᠬᠢᠭᠤᠯᠤᠨ᠎ᠠ᠃ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠨᠢᠭᠡ ᠪᠦᠯᠦᠭ ᠰᠢᠨ᠎ᠡ᠎ᠪᠠᠷ ᠡᠭᠦᠰᠦᠭᠰᠡᠨ ᠲᠤᠯᠭ᠋ᠠᠭᠤᠷᠢ ᠠᠵᠤ ᠦᠢ᠍ᠯᠡᠰ᠎ᠢ ᠪᠤᠢ ᠪᠣᠯᠭ᠋ᠠᠨ᠎ᠠ᠃ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ ᠰᠢᠢ᠍ᠳᠪᠦᠷᠢᠯᠡᠬᠦ ᠵᠢ ᠦᠷᠭᠦᠯᠵᠢᠯᠡᠨ ᠬᠦᠴᠦᠯᠡᠨ ᠠᠬᠢᠭᠤᠯᠵᠤ᠂ ᠵᠢᠭᠡᠯᠡᠯᠭᠡ ᠵᠢᠨ ᠲᠡᠮᠳᠡᠭᠲᠦ ᠵᠢᠨ ᠵᠠᠬ᠎ᠠ ᠳᠡᠯᠭᠡᠭᠦᠷ᠎ᠤᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠮᠪᠠᠷ᠎ᠠ》 ᠵᠢ ᠰᠢᠨ᠎ᠡ᠎ᠪᠠᠷ ᠡᠭᠦᠳᠦᠨ ᠭᠠᠷᠭ᠋ᠠᠵᠤ᠂ 《ᠵᠣᠬᠢᠶᠠᠮᠠᠯ ᠤᠶᠤᠨ +》 ᠠᠵᠢᠯᠯᠠᠭ᠎ᠠ ᠵᠢ ᠲᠦᠷᠭᠡᠪᠴᠢᠯᠡᠨ ᠬᠡᠷᠡᠭᠵᠢᠭᠦᠯᠦᠨ᠎ᠡ ᠭᠡᠵᠡᠢ᠃
ᠬᠤᠷᠠᠯᠳᠤᠭ᠋ᠠᠨ ᠵᠶ᠋ᠠᠷ ᠪᠠᠰᠠ ᠪᠤᠰᠤᠳ ᠵᠦᠢ᠍ᠯᠡᠰ᠎ᠢ ᠰᠤᠳᠤᠯᠵᠠᠢ᠃
ᠢᠷᠡᠯᠲᠡ᠄ ᠳᠤᠮᠳᠠᠳᠤ ᠤᠯᠤᠰ᠎ᠤᠨ ᠵᠠᠰᠠᠭ ᠤᠨ ᠣᠷᠳᠣᠨ᠎ᠤ ᠰᠦᠯᠵᠢᠶ᠎ᠡ