ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠵᠤ ᠦᠵᠡᠰᠬᠦᠯᠡᠩᠲᠦ ᠰᠠᠢ᠌ᠬᠠᠨ ᠭᠣᠣᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠬᠤ ᠪᠠ ᠪᠦᠲᠦᠭᠡᠨ ᠪᠠᠶ᠋ᠢᠭᠤᠯᠬᠤ ᠵᠡᠷᠭᠡ ᠠᠵᠢᠯᠯᠠᠭ᠋ᠠᠨ ᠥᠷᠨᠢᠭᠦᠯᠬᠦ ᠵᠢ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2025-04-28

      ᠰᠢᠨᠬᠤᠸᠠ ᠬᠣᠷᠢᠶᠠᠨ᠎ᠤ ᠪᠡᠭᠡᠵᠢᠩ᠎ᠤᠨ 4 ᠳ᠋ᠦ᠍ᠭᠡᠷ ᠰᠠᠷ᠎ᠠ ᠵᠢᠨ 27᠎ᠤ ᠴᠠᠬᠢᠯᠭ᠋ᠠᠨ ᠮᠡᠳᠡᠭᠡ   ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 4 ᠳ᠋ᠦ᠍ᠭᠡᠷ ᠰᠠᠷ᠎ᠠ ᠵᠢᠨ 27᠎ᠤ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ᠂ ᠦᠵᠡᠰᠬᠦᠯᠡᠩᠲᠦ ᠰᠠᠢ᠌ᠬᠠᠨ ᠭᠣᠣᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠬᠤ ᠪᠠ ᠪᠦᠲᠦᠭᠡᠨ ᠪᠠᠶ᠋ᠢᠭᠤᠯᠬᠤ ᠠᠵᠢᠯᠯᠠᠭ᠋ᠠᠨ ᠥᠷᠨᠢᠭᠦᠯᠬᠦ ᠵᠢ ᠪᠠᠢ᠌ᠷᠢᠯᠠᠭᠤᠯᠤᠨ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠬᠤ᠎ᠳᠤ ᠬᠣᠯᠪᠣᠭᠳᠠᠭᠰᠠᠨ ᠠᠷᠭ᠎ᠠ ᠬᠡᠮᠵᠢᠶ᠎ᠡ᠎ᠨᠦᠭᠦᠳ᠎ᠢ ᠰᠤᠳᠤᠯᠵᠤ᠂ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠠᠤᠯᠢ (ᠡᠬᠡ ᠲᠥᠰᠥᠯ)》 ᠵᠢ ᠶᠠᠷᠢᠯᠴᠠᠵᠤ᠂ ᠵᠧᠵᠢᠶᠠᠩ᠎ᠤᠨ ᠰᠠᠨ ᠮᠧᠨ᠎ᠤ ᠭᠤᠷᠪᠠᠳᠤᠭ᠋ᠠᠷ ᠬᠤᠭᠤᠴᠠᠭ᠋ᠠᠨ᠎ᠤ ᠢᠨᠵᠧᠨᠧᠷᠢᠩ ᠵᠡᠷᠭᠡ ᠴᠥᠮ᠎ᠡ ᠵᠢᠨ ᠴᠠᠬᠢᠯᠭ᠋ᠠᠨ᠎ᠤ ᠲᠦᠷᠦᠯ ᠵᠦᠢ᠍ᠯ᠎ᠢ ᠵᠥᠪᠰᠢᠶᠡᠷᠡᠬᠦ᠎ᠪᠠᠷ ᠲᠣᠭᠲᠠᠪᠠ᠃

   ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠣᠢ᠌ᠷ᠎ᠠ ᠵᠢᠨ ᠵᠢᠯ᠎ᠤᠳ᠎ᠤᠨ ᠲᠤᠷᠰᠢ ᠴᠡᠩᠭᠡᠭ ᠤᠰᠤ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠭᠦᠨᠵᠡᠭᠡᠢ ᠥᠷᠨᠢᠭᠦᠯᠦᠭᠰᠡᠨ ᠵᠶ᠋ᠠᠷ ᠮᠠᠨ᠎ᠤ ᠤᠯᠤᠰ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢ᠌ᠵᠢᠷᠠᠪᠠ᠃ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠪᠣᠬᠢᠷᠲᠤᠯ᠎ᠢ ᠣᠨᠣᠪᠴᠢᠲᠠᠢ᠎ᠪᠠᠷ᠂ ᠰᠢᠨᠵᠢᠯᠡᠬᠦ ᠤᠬᠠᠭ᠋ᠠᠨᠴᠢ᠎ᠪᠠᠷ᠂ ᠬᠠᠤᠯᠢ ᠶᠣᠰᠣᠭ᠋ᠠᠷ ᠵᠠᠰᠠᠬᠤ ᠵᠢ ᠪᠠᠷᠢᠮᠲᠠᠯᠠᠵᠤ᠂ ᠤᠰᠤᠨ᠎ᠤ ᠡᠬᠢ ᠰᠤᠷᠪᠤᠯᠵᠢ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠠᠮᠢ ᠠᠬᠤᠢ ᠵᠢᠨ ᠵᠠᠰᠠᠯᠲᠠ ᠵᠢ ᠨᠢᠭᠡᠳᠦᠯᠲᠡᠢ ᠲᠥᠯᠥᠪᠯᠡᠵᠦ᠂ ᠴᠢᠬᠤᠯᠠ ᠰᠠᠪᠠ ᠭᠠᠵᠠᠷ᠎ᠤᠨ ᠳᠡᠭᠡᠳᠦ ᠳᠣᠣᠷᠠᠳᠤ ᠤᠷᠤᠰᠬᠠᠯ᠎ᠤᠨ ᠨᠡᠪᠲᠡᠷᠡᠯᠴᠡᠭᠰᠡᠨ ᠪᠦᠬᠦᠯᠢ ᠴᠣᠭᠴᠠᠲᠤ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠲᠣᠭᠲᠠᠯᠴᠠᠭ᠎ᠠ ᠪᠠᠶ᠋ᠢᠭᠤᠯᠬᠤ ᠵᠢ ᠠᠬᠢᠭᠤᠯᠵᠤ᠂ ᠭᠣᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠵᠢᠨ ᠬᠠᠮᠠᠭ᠋ᠠᠯᠠᠯᠲᠠ ᠬᠢᠭᠡᠳ ᠪᠦᠲᠦᠭᠡᠨ ᠪᠠᠢ᠌ᠭᠤᠯᠤᠯᠲᠠ ᠵᠢ ᠶᠡᠬᠡ᠎ᠪᠠᠷ ᠠᠬᠢᠭᠤᠯᠬᠤ ᠬᠡᠷᠡᠭᠲᠡᠢ᠃ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠎ᠠ ᠠᠳᠬᠤᠵᠤ᠂ ᠥᠷᠭᠡᠨ ᠶᠡᠬᠡ ᠭᠣᠣᠯ ᠮᠥᠷᠡᠨ᠂ ᠴᠢᠬᠤᠯᠠ ᠪᠣᠯᠬᠤ ᠨᠠᠭᠤᠷ ᠴᠥᠭᠦᠷᠥᠮ ᠵᠶ᠋ᠠᠷ ᠭᠣᠣᠯᠳᠠᠯᠭ᠎ᠠ ᠪᠣᠯᠭ᠋ᠠᠨ᠂ ᠬᠢᠨᠠᠨ ᠰᠢᠨᠵᠢᠬᠦ ᠪᠠ ᠡᠬᠢ ᠡᠭᠦᠰᠦᠯ᠎ᠢ᠎ᠨᠢ ᠡᠷᠢᠬᠦ ᠵᠢ ᠴᠢᠩᠭ᠋ᠠᠳᠬᠠᠵᠤ᠂ ᠠᠵᠤ ᠦᠢ᠍ᠯᠡᠳᠪᠦᠷᠢ ᠵᠢᠨ ᠪᠣᠬᠢᠷ ᠤᠰᠤ᠂ ᠠᠮᠢᠳᠤᠷᠠᠯ᠎ᠤᠨ ᠪᠣᠬᠢᠷ ᠤᠰᠤ᠂ ᠲᠠᠷᠢᠶᠠᠯᠠᠩ᠎ᠤᠨ ᠲᠠᠷᠬᠠᠮᠠᠯ ᠡᠬᠢᠲᠦ ᠪᠣᠬᠢᠷᠲᠤᠯ ᠵᠡᠷᠭᠡ ᠪᠠᠷᠢᠮᠵᠢᠶ᠎ᠠ᠎ᠠᠴᠠ ᠬᠡᠲᠦᠷᠡᠭᠦᠯᠦᠭᠰᠡᠨ ᠭᠠᠳᠠᠭᠰᠢᠯᠠᠭᠤᠯᠤᠯᠲᠠ ᠵᠢ ᠴᠢᠩᠭ᠎ᠠ ᠰᠡᠷᠭᠡᠢ᠌ᠯᠡᠬᠦ ᠬᠡᠷᠡᠭᠲᠡᠢ᠃ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠲᠡᠭᠦᠯᠳᠡᠷᠵᠢᠭᠦᠯᠵᠦ᠂ ᠨᠡᠪᠲᠡᠷᠡᠭᠦᠯᠬᠦ ᠪᠠ ᠪᠥᠭᠯᠡᠬᠦ ᠵᠢ᠎ᠨᠢ ᠤᠶᠠᠯᠳᠤᠭᠤᠯᠬᠤ ᠵᠢ ᠪᠠᠷᠢᠮᠲᠠᠯᠠᠵᠤ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠡᠨᠧᠷᠭᠢ ᠠᠷᠪᠢᠯᠠᠵᠤ ᠭᠠᠳᠠᠭᠰᠢᠯᠠᠭᠤᠯᠤᠯᠲᠠ ᠪᠠᠭ᠋ᠠᠰᠬᠠᠬᠤ᠎ᠪᠠᠷ ᠥᠭᠡᠷᠡᠴᠢᠯᠡᠨ ᠰᠠᠢ᠌ᠵᠢᠷᠠᠭᠤᠯᠬᠤ ᠵᠢ ᠬᠡᠷᠡᠭᠵᠢᠭᠦᠯᠦᠨ᠂ ᠣᠷᠣᠨ ᠨᠤᠲᠤᠭ᠎ᠤᠨ᠎ᠬᠢᠨ᠎ᠤ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠳᠤᠲᠠᠭᠤᠳᠠᠯ ᠵᠶ᠋ᠠᠨ ᠨᠥᠬᠥᠪᠦᠷᠢᠯᠡᠬᠦ ᠵᠢ᠎ᠨᠢ ᠳᠡᠮᠵᠢᠵᠦ᠂ ᠪᠦᠬᠦ ᠠᠷᠠᠳ᠎ᠤᠨ ᠭᠣᠣᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠬᠤ ᠤᠬᠠᠮᠰᠠᠷ᠎ᠢ᠎ᠨᠢ ᠴᠢᠩᠭ᠋ᠠᠳᠬᠠᠵᠤ᠂ ᠦᠵᠡᠰᠬᠦᠯᠡᠩᠲᠦ ᠰᠠᠢ᠌ᠬᠠᠨ ᠭᠣᠣᠯ ᠮᠥᠷᠡᠨ ᠨᠠᠭᠤᠷ ᠴᠥᠭᠦᠷᠥᠮ᠎ᠢ ᠬᠠᠮᠲᠤ᠎ᠪᠠᠷ ᠪᠠᠢ᠌ᠭᠤᠯᠵᠤ ᠬᠠᠮᠲᠤ ᠡᠳ᠋ᠯᠡᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ ᠭᠡᠵᠡᠢ᠃

   ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢ ᠴᠢᠩᠭ᠋ᠠᠳᠬᠠᠬᠤ᠎ᠨᠢ ᠬᠡᠦᠬᠡᠳ᠎ᠤᠨ ᠲᠤᠰ ᠪᠡᠶ᠎ᠡ ᠵᠢᠨ ᠠᠰᠢᠭ ᠲᠤᠰᠠ᠂ ᠭᠡᠷ ᠪᠦᠯᠢ ᠵᠢᠨ᠎ᠬᠢᠨ᠎ᠤ ᠡᠶ᠎ᠡ ᠵᠣᠬᠢᠴᠠᠯ ᠵᠣᠯ ᠵᠢᠷᠭ᠋ᠠᠯ᠂ ᠨᠡᠢ᠌ᠭᠡᠮ᠎ᠤᠨ ᠪᠣᠯᠪᠠᠰᠤᠨ᠎ᠤ ᠳᠠᠪᠰᠢᠯᠲᠠ᠎ᠲᠠᠢ ᠬᠣᠯᠪᠣᠭᠳᠠᠨ᠎ᠠ᠃ ᠬᠡᠦᠬᠡᠳ᠎ᠢ ᠤᠷᠢᠳ ᠵᠶ᠋ᠠᠷ ᠬᠥᠭᠵᠢᠭᠦᠯᠬᠦ ᠪᠠ ᠬᠡᠦᠬᠡᠳ᠎ᠲᠤ ᠬᠠᠮᠤᠭ᠎ᠤᠨ ᠠᠰᠢᠭᠲᠠᠢ ᠪᠠᠢ᠌ᠯᠭ᠋ᠠᠬᠤ ᠵᠠᠷᠴᠢᠮ᠎ᠢ ᠪᠠᠷᠢᠮᠲᠠᠯᠠᠵᠤ᠂ ᠬᠠᠷᠢᠭᠤᠴᠠᠯᠭ᠎ᠠ ᠪᠠ ᠬᠠᠢ᠌ᠷ᠎ᠠ ᠰᠡᠳᠬᠢᠯᠭᠡ ᠵᠢ ᠡᠪᠦᠷᠯᠡᠨ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠲᠣᠷᠨᠢᠨ ᠪᠣᠢ᠌ᠵᠢᠬᠤ ᠵᠢ ᠬᠠᠮᠲᠤ᠎ᠪᠠᠷ ᠬᠠᠢ᠌ᠷᠠᠯᠠᠨ ᠬᠠᠯᠠᠮᠵᠢᠯᠠᠬᠤ ᠬᠡᠷᠡᠭᠲᠡᠢ᠃ ᠠᠮᠢᠳᠤᠷᠠᠯ᠎ᠤᠨ ᠦᠨᠳᠦᠰᠦᠨ ᠪᠠᠲᠤᠯᠠᠭ᠎ᠠ᠂ ᠡᠮᠴᠢᠯᠡᠭᠡ ᠡᠷᠡᠭᠦᠯᠵᠢᠯ᠂ ᠣᠯᠠᠨ ᠨᠡᠶ᠋ᠢᠲᠡ ᠵᠢᠨ ᠦᠨᠳᠦᠰᠦᠨ ᠰᠤᠷᠭ᠋ᠠᠨ ᠬᠥᠮᠦᠵᠢᠯ᠂ ᠰᠡᠳᠬᠢᠴᠡ ᠵᠢᠨ ᠡᠷᠡᠭᠦᠯ ᠮᠡᠨᠳᠦ ᠵᠢᠨ ᠬᠠᠯᠠᠮᠵᠢᠯᠠᠯ ᠵᠡᠷᠭᠡ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠡᠷᠡᠭᠴᠡᠭᠡ ᠵᠢ ᠦᠨᠳᠦᠰᠦᠯᠡᠨ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ᠂ ᠠᠰᠠᠷᠠᠮᠵᠢ ᠵᠢᠨ ᠪᠠᠲᠤᠯᠠᠭ᠎ᠠ ᠵᠢᠨ ᠬᠢᠷᠢ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃ ᠠᠮᠢ ᠪᠡᠶ᠎ᠡ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ ᠪᠡᠬᠢᠵᠢᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠬᠠᠯᠳᠠᠭᠰᠠᠨ ᠡᠯ᠎ᠡ ᠵᠦᠢ᠍ᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠰᠡᠷᠭᠡᠢ᠌ᠯᠡᠬᠦ ᠪᠠ ᠬᠠᠤᠯᠢ ᠶᠣᠰᠣᠭ᠋ᠠᠷ ᠴᠢᠩᠭ᠎ᠠ ᠵᠠᠯᠬᠠᠭ᠋ᠠᠨ ᠰᠢᠢ᠍ᠳᠬᠡᠬᠦ ᠬᠡᠷᠡᠭᠲᠡᠢ᠃ ᠠᠵᠢᠯ᠎ᠤᠨ ᠰᠠᠨᠠᠭ᠋ᠠᠴᠢᠯᠠᠭ᠋ᠠᠲᠤ ᠴᠢᠨᠠᠷ᠂ ᠪᠠᠷᠠᠯᠠᠯᠲᠤ ᠴᠢᠨᠠᠷ᠎ᠢ ᠴᠢᠩᠭ᠋ᠠᠳᠬᠠᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ᠌ᠵᠢᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ ᠭᠡᠵᠡᠢ᠃

   ᠬᠤᠷᠠᠯᠳᠤᠭ᠋ᠠᠨ ᠵᠶ᠋ᠠᠷ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠠᠤᠯᠢ (ᠡᠬᠡ ᠲᠥᠰᠥᠯ)》 ᠵᠢ ᠶᠠᠷᠢᠯᠴᠠᠭ᠋ᠠᠳ ᠵᠠᠷᠴᠢᠮ᠎ᠤᠨ ᠲᠠᠯ᠎ᠠ᠎ᠪᠠᠷ ᠪᠠᠲᠤᠯᠠᠵᠤ᠂ ᠡᠬᠡ ᠲᠥᠰᠥᠯ᠎ᠢ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠲᠣᠭᠲᠠᠪᠠ᠃ ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠡᠨᠡ ᠬᠦ᠌ ᠬᠠᠤᠯᠢ ᠲᠣᠭᠲᠠᠭ᠋ᠠᠯᠲᠠ᠎ᠪᠠᠷ ᠲᠣᠬᠢᠶᠠᠯ ᠪᠣᠯᠭ᠋ᠠᠵᠤ᠂ ᠮᠠᠨ᠎ᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠠᠭ᠋ᠠᠳᠬᠠᠯ᠎ᠳᠤ ᠣᠷᠣᠯᠴᠠᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠦᠲᠦᠮᠵᠢᠲᠡᠢ ᠬᠠᠮᠠᠭ᠋ᠠᠯᠠᠵᠤ᠂ ᠠᠷᠠᠳ ᠤᠯᠠᠨ᠎ᠤ ᠡᠪᠡᠳᠴᠢᠯᠡᠪᠡᠯ ᠡᠮᠨᠡᠨ ᠡᠮᠴᠢᠯᠡᠭᠦᠯᠵᠦ ᠪᠠᠢ᠌ᠬᠤ ᠳᠦᠷᠢᠮ᠎ᠤᠨ ᠰᠠᠭᠤᠷᠢ ᠵᠢ ᠪᠠᠲᠤᠳᠬᠠᠬᠤ ᠬᠡᠷᠡᠭᠲᠡᠢ᠃ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠢᠨᠠᠯᠲᠠ ᠲᠠᠯᠪᠢᠵᠤ ᠪᠠᠢ᠌ᠴᠠᠭ᠋ᠠᠬᠤ ᠲᠣᠭᠲᠠᠴᠠ ᠵᠢ ᠪᠦᠷᠢᠨᠰᠢᠭᠦᠯᠵᠦ᠂ ᠬᠤᠳᠠᠯ ᠵᠶ᠋ᠠᠷ ᠣᠨᠣᠰᠢᠯᠠᠨ ᠡᠮᠨᠡᠬᠦ᠂ ᠬᠤᠳᠠᠯ ᠵᠶ᠋ᠠᠷ ᠡᠮ ᠬᠤᠳᠠᠯᠳᠤᠨ ᠠᠪᠬᠤ ᠵᠡᠷᠭᠡ ᠳᠠᠭ᠋ᠠᠳᠬᠠᠯ ᠮᠡᠬᠡᠯᠡᠨ ᠠᠪᠬᠤ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠵᠶ᠋ᠠᠨ ᠴᠢᠩᠭ᠋ᠠᠳᠬᠠᠵᠤ᠂ ᠡᠮᠴᠢᠯᠡᠭᠡᠨ᠎ᠤ ᠪᠠᠢ᠌ᠭᠤᠯᠤᠮᠵᠢ᠂ ᠡᠮᠨᠡᠯᠭᠡ ᠵᠢᠨ ᠠᠵᠢᠯᠲᠠᠨ ᠪᠠ ᠤᠯᠠᠨ ᠲᠦᠮᠡᠨ᠎ᠤ ᠬᠠᠤᠯᠢ ᠵᠢ ᠵᠢᠷᠤᠮᠯᠠᠨ ᠰᠠᠬᠢᠬᠤ ᠤᠬᠠᠮᠰᠠᠷ᠎ᠢ᠎ᠨᠢ ᠳᠡᠭᠡᠭᠰᠢᠯᠡᠭᠦᠯᠵᠦ᠂ ᠡᠪᠡᠳᠴᠢᠨ ᠦᠵᠡᠭᠦᠯᠬᠦ ᠡᠮᠬᠢ ᠵᠢᠷᠤᠮ ᠪᠠ ᠡᠮᠴᠢᠯᠡᠭᠡᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠢ ᠭᠡᠵᠡᠢ᠃

   ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠴᠥᠮ᠎ᠡ ᠵᠢᠨ ᠴᠠᠬᠢᠯᠭ᠋ᠠᠨ᠎ᠢ ᠬᠥᠭᠵᠢᠭᠦᠯᠬᠦ᠎ᠳᠤ ᠠᠮᠤᠷ ᠲᠦᠪᠰᠢᠨ᠎ᠢ ᠡᠷᠬᠡᠪᠰᠢ ᠲᠤᠩ ᠪᠠᠲᠤᠯᠠᠭ᠎ᠠ᠎ᠲᠠᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠂ ᠪᠦᠲᠦᠭᠡᠨ ᠪᠠᠶ᠋ᠢᠭᠤᠯᠬᠤ᠎ᠳᠤ ᠣᠷᠣᠯᠴᠠᠭᠰᠠᠨ ᠨᠢᠭᠡᠴᠢ ᠪᠠ ᠥᠮᠴᠢᠲᠡᠨ ᠨᠢᠭᠡᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠠᠲᠤᠳᠬᠠᠵᠤ᠂ ᠪᠦᠬᠦ ᠪᠥᠮᠪᠥᠷᠴᠡᠭ᠎ᠤᠨ ᠬᠠᠮᠤᠭ᠎ᠤᠨ ᠥᠨᠳᠥᠷ ᠠᠮᠤᠷ ᠲᠦᠪᠰᠢᠨ᠎ᠤ ᠪᠠᠷᠢᠮᠵᠢᠶ᠎ᠠ᠎ᠪᠠᠷ ᠴᠥᠮ᠎ᠡ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢ ᠪᠦᠲᠦᠭᠡᠨ ᠪᠠᠶ᠋ᠢᠭᠤᠯᠬᠤ ᠪᠠ ᠡᠵᠡᠩᠨᠡᠨ ᠠᠵᠢᠯᠯᠠᠭᠤᠯᠵᠤ᠂ ᠠᠮᠤᠷ ᠲᠦᠪᠰᠢᠨ᠎ᠤ ᠬᠢᠨᠠᠨ ᠬᠠᠮᠢᠶᠠᠷᠤᠯᠲᠠ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠴᠥᠮ᠎ᠡ ᠵᠢᠨ ᠴᠠᠬᠢᠯᠭ᠋ᠠᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠲᠣᠣᠷ᠎ᠢ ᠦᠨᠡᠨ ᠬᠦ᠌ ᠪᠠᠲᠤᠳᠬᠠᠬᠤ ᠬᠡᠷᠡᠭᠲᠡᠢ ᠭᠡᠵᠡᠢ᠃

ᠬᠤᠷᠠᠯᠳᠤᠭ᠋ᠠᠨ ᠵᠶ᠋ᠠᠷ ᠪᠠᠰᠠ ᠪᠤᠰᠤᠳ ᠵᠦᠢ᠍ᠯᠡᠰ᠎ᠢ ᠰᠤᠳᠤᠯᠵᠠᠢ᠃

      ᠢᠷᠡᠯᠲᠡ᠄  ᠳᠤᠮᠳᠠᠲᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ 

ᠢᠷᠡᠯᠲᠡ᠄ ᠳᠤᠮᠳᠠᠲᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠵᠢᠴᠢ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠦᠪᠡᠳᠡᠭᠰᠢ ᠶᠡᠬᠡ᠎ᠪᠠᠷ ᠶᠠᠪᠤᠭᠳᠠᠪᠠ
ᠰᠢ ᠵᠢᠨ ᠫᠢᠩ ᠱᠠᠩᠬᠠᠢ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠪᠦᠭᠦ ᠪᠥᠮᠪᠥᠷᠴᠡᠭ᠎ᠤᠨ ᠨᠥᠯᠥᠭᠡᠯᠡᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠥᠨᠳᠥᠷᠯᠢᠭ᠎ᠢ ᠲᠦᠷᠭᠡᠳᠬᠡᠨ ᠪᠠᠢ᠌ᠭᠤᠯᠵᠤ ᠪᠦᠲᠦᠭᠡᠬᠦ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ
ᠰᠢ ᠵᠢᠨ ᠫᠢᠩ ᠮᠣᠰᠺᠸᠠ᠎ᠳᠤ ᠬᠦᠷᠴᠦ ᠣᠷᠣᠰ᠎ᠲᠤ ᠲᠥᠷᠥ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠬᠡ ᠤᠯᠤᠰ ᠵᠶ᠋ᠠᠨ ᠬᠠᠮᠠᠭ᠋ᠠᠯᠠᠬᠤ ᠳᠠᠶ᠋ᠢᠨ ᠢᠯᠠᠯᠲᠠ ᠣᠯᠣᠭᠰᠠᠨ 80 ᠵᠢᠯ᠎ᠤᠨ ᠣᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠪᠠ
ᠰᠢ ᠵᠢᠨ ᠫᠢᠩ ᠤᠷᠤᠰ᠎ᠤᠨ ᠶᠡᠷᠦᠩᠬᠡᠢ᠌ᠯᠡᠭᠴᠢ ᠫᠦᠲ᠋ᠢᠨ᠎ᠲᠠᠢ ᠬᠡᠯᠡᠯᠴᠡᠭᠡ ᠬᠢᠪᠡ
ᠰᠢ ᠵᠢᠨ ᠫᠢᠩ ᠳᠤᠮᠳᠠᠳᠤ ᠤᠯᠤᠰ—ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠢ᠌ᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ
 
            