ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠵᠢᠴᠢ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠦᠪᠡᠳᠡᠭᠰᠢ ᠶᠡᠬᠡ᠎ᠪᠠᠷ ᠶᠠᠪᠤᠭᠳᠠᠪᠠ
ᠨᠡᠶ᠋ᠢᠲᠡᠯᠡᠭᠰᠡᠨ ᠴᠠᠭ᠄ 2025-04-29

      ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ ᠨᠠᠮ᠎ᠤᠨ ᠲᠥᠪ ᠬᠣᠷᠢᠶ᠎ᠠ ᠵᠢᠨ ᠡᠮᠦᠨ᠎ᠡ᠎ᠠᠴᠠ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠵᠢᠯᠴᠢᠨ ᠲᠠᠷᠢᠶᠠᠴᠢᠨ ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ᠂ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠤᠨ ᠵᠣᠬᠢᠶᠠᠨ ᠪᠠᠢ᠌ᠭᠤᠯᠤᠯᠲᠠ ᠪᠣᠯᠣᠨ ᠠᠵᠢᠯᠴᠢᠨ᠎ᠤ ᠡᠪᠯᠡᠯ᠎ᠤᠨ ᠪᠦᠭᠦ ᠠᠵᠢᠯᠲᠠᠨ᠎ᠳᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ! ᠬᠥᠬᠢᠭᠦᠯᠦᠨ ᠰᠠᠢ᠌ᠰᠢᠶᠠᠭᠳᠠᠭᠰᠠᠨ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠳᠤ ᠬᠠᠯᠠᠭᠤᠨ ᠪᠠᠶᠠᠷ ᠬᠦᠷᠭᠡᠵᠦ ᠪᠠᠢ᠌ᠬᠤ᠎ᠪᠠᠨ ᠢᠯᠡᠳᠬᠡᠪᠡ!

      ᠯᠢ ᠴᠢᠶᠠᠩ ᠬᠤᠷᠠᠯ᠎ᠢ ᠡᠷᠭᠢᠯᠡᠵᠦ ᠵᠣᠣ ᠯᠧ ᠵᠢᠢ ᠸᠠᠩ ᠬᠤ᠌ ᠨᠢᠩ ᠳ᠋ᠢᠩ ᠰᠢᠤᠸᠠᠢ ᠰᠢᠶᠠᠩ ᠯᠢ ᠰᠢ ᠬᠤᠷᠠᠯ᠎ᠳᠤ ᠤᠷᠤᠯᠴᠠᠵᠤ ᠼᠠᠢ ᠴᠢ ᠬᠥᠬᠢᠭᠦᠯᠦᠨ ᠰᠠᠢ᠌ᠰᠢᠶᠠᠬᠤ ᠲᠣᠭᠲᠠᠭ᠋ᠠᠯ᠎ᠢ ᠤᠩᠰᠢᠨ ᠨᠡᠢ᠌ᠲᠡᠯᠡᠪᠡ

      ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠵᠢᠴᠢ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ 28᠎ᠤ ᠦᠳᠡ ᠵᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠶᠡᠬᠡ ᠬᠤᠷᠠᠯ᠎ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠡᠷᠬᠡᠪᠰᠢ ᠨᠠᠮ᠎ᠤᠨ ᠭᠣᠣᠯ ᠡᠭᠦᠷᠭᠡ ᠵᠢᠨ ᠲᠣᠭᠣᠷᠢᠨ᠎ᠳᠤ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ ᠡᠷᠡᠮᠡᠬᠡᠢ᠌ᠯᠡᠨ ᠲᠡᠮᠡᠴᠡᠵᠦ ᠬᠤᠪᠢ ᠨᠡᠮᠡᠷᠢ ᠦᠵᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠠᠤᠭ᠎ᠠ ᠲᠥᠰᠥᠪ᠎ᠢ ᠠᠯᠬᠤᠮ ᠠᠯᠬᠤᠮ ᠵᠶ᠋ᠡᠷ ᠯᠠᠪᠳᠠᠭᠤᠨ ᠪᠠᠲᠤᠲᠠᠢ ᠪᠣᠳᠠᠲᠤ ᠠᠬᠤᠢ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃


6388151646988811059444008.png


      4 ᠰᠠᠷ᠎ᠠ ᠵᠢᠨ 28᠎ᠤ ᠡᠳᠦᠷ᠂ ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠵᠢᠴᠢ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠶᠡᠬᠡ ᠬᠤᠷᠠᠯ᠎ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃

      ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠯᠢ ᠰᠢᠤᠸᠠᠢ ᠷᠧᠨ ᠰᠡᠭᠦᠳᠡᠷᠯᠡᠪᠡ

      《5·1》᠎ᠤ ᠳᠡᠯᠡᠬᠡᠢ ᠵᠢᠨ ᠬᠥᠳᠡᠯᠮᠦᠷᠢᠴᠢᠳ᠎ᠤᠨ ᠪᠠᠶᠠᠷ ᠬᠦᠷᠴᠦ ᠢᠷᠡᠬᠦ ᠲᠠᠰᠢᠷᠠᠮ ᠵᠶ᠋ᠠᠷ᠂ ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠡᠮᠦᠨ᠎ᠡ᠎ᠠᠴᠠ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠵᠢᠯᠴᠢᠨ᠂ ᠲᠠᠷᠢᠶᠠᠴᠢᠨ᠂ ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ᠎ᠳᠤ᠂ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠤᠨ ᠵᠣᠬᠢᠶᠠᠨ ᠪᠠᠢ᠌ᠭᠤᠯᠤᠯᠲᠠ ᠪᠣᠯᠣᠨ   ᠠᠵᠢᠯᠴᠢᠨ᠎ᠤ ᠡᠪᠯᠡᠯ᠎ᠤᠨ ᠪᠦᠭᠦ ᠠᠵᠢᠯᠲᠠᠨ᠎ᠳᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ! ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠂ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠂ ᠲᠠᠢ᠌ᠸᠠᠨ ᠣᠷᠣᠨ᠎ᠤ ᠠᠵᠢᠯᠴᠢᠨ᠎ᠤ ᠡᠪᠯᠡᠯ ᠪᠣᠯᠣᠨ ᠬᠥᠳᠡᠯᠮᠦᠷᠢᠴᠢᠳ᠎ᠤᠨ ᠡᠲᠡᠭᠡᠳ᠎ᠤᠨ ᠨᠠᠢ᠌ᠵᠠ ᠨᠠᠷ᠎ᠲᠤ ᠪᠠᠶᠠᠷ᠎ᠤᠨ ᠡᠳᠦᠷ᠎ᠤᠨ ᠵᠥᠩᠨᠡᠯ ᠳᠡᠪᠰᠢᠭᠦᠯᠪᠡ! ᠬᠥᠬᠢᠭᠦᠯᠦᠨ ᠰᠠᠢ᠌ᠰᠢᠶᠠᠭᠳᠠᠭᠰᠠᠨ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠳᠤ ᠬᠠᠯᠠᠭᠤᠨ ᠪᠠᠶᠠᠷ ᠬᠦᠷᠭᠡᠵᠦ ᠪᠠᠢ᠌ᠬᠤ᠎ᠪᠠᠨ ᠢᠯᠡᠳᠬᠡᠪᠡ!

      ᠯᠢ ᠴᠢᠶᠠᠩ ᠶᠡᠬᠡ ᠬᠤᠷᠠᠯ᠎ᠢ ᠡᠷᠭᠢᠯᠡᠵᠦ᠂ ᠵᠤᠤ ᠯᠧ ᠵᠢᠢ᠂ ᠸᠠᠩ ᠬᠤ᠌ ᠨᠢᠩ᠂ ᠳ᠋ᠢᠩ ᠰᠢᠤᠸᠠᠢ ᠰᠢᠶᠠᠩ᠂ ᠯᠢ ᠰᠢ ᠣᠷᠣᠯᠴᠠᠵᠤ᠂ ᠼᠠᠢ ᠴᠢ ᠬᠥᠬᠢᠭᠦᠯᠦᠨ ᠰᠠᠢ᠌ᠰᠢᠶᠠᠬᠤ ᠲᠣᠭᠲᠠᠭ᠋ᠠᠯ᠎ᠢ ᠤᠩᠰᠢᠨ ᠨᠡᠢ᠌ᠲᠡᠯᠡᠪᠡ᠃

      ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠶᠣᠰᠣᠯᠠᠯ᠎ᠤᠨ ᠲᠠᠩᠬᠢᠮ᠎ᠳᠤ ᠦᠪᠡᠳᠡᠭᠰᠢ ᠶᠡᠬᠡ ᠪᠥᠭᠡᠳ ᠭᠦᠷ ᠬᠥᠭᠵᠢᠶᠡᠨ᠎ᠲᠠᠢ ᠠᠭᠤᠷ ᠠᠮᠢᠰᠬᠤᠯ ᠪᠢᠯᠬᠠᠨ᠎ᠠ᠃ ᠲᠡᠷᠢᠭᠦᠯᠡᠭᠴᠢ ᠵᠢᠨ ᠲᠠᠢ᠌ᠰᠠᠨ᠎ᠤ ᠳᠡᠭᠡᠷ᠎ᠡ ᠲᠠᠯ᠎ᠠ᠎ᠳᠤ 《ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢ᠌ᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠴᠢ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ》 ᠭᠡᠰᠡᠨ ᠦᠰᠦᠭ᠎ᠲᠠᠢ᠂ ᠠᠷᠤ ᠬᠥᠰᠢᠭᠡ ᠵᠢᠨ ᠭᠣᠣᠯ ᠳᠤᠮᠳᠠ᠎ᠨᠢ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠤᠨ ᠬᠤᠷᠠᠯ᠎ᠤᠨ ᠰᠦᠯᠳᠡ ᠵᠢ ᠡᠯᠭᠦᠵᠦ᠂ ᠬᠤᠷᠠᠯ᠎ᠤᠨ ᠰᠦᠯᠳᠡ ᠵᠢᠨ ᠳᠣᠣᠷ᠎ᠠ ᠲᠠᠯ᠎ᠠ᠎ᠳᠤ  《1925 -2025》 ᠭᠡᠰᠡᠨ ᠲᠣᠭ᠎ᠠ   ᠡᠯᠭᠦᠵᠦ᠂ 10 ᠤᠯᠠᠭ᠋ᠠᠨ ᠲᠤᠭ᠎ᠢ ᠬᠣᠶᠠᠷ ᠭᠠᠷᠯᠠᠨ ᠵᠢᠭᠰᠠᠭ᠋ᠠᠵᠠᠢ᠃ ᠬᠣᠶᠠᠳᠤᠭ᠋ᠠᠷ ᠳᠠᠪᠬᠤᠷᠯᠢᠭ᠎ᠤᠨ ᠪᠠᠷᠠᠯᠠᠬᠤ ᠲᠠᠢ᠌ᠰᠠᠨ ᠳᠡᠭᠡᠷ᠎ᠡ᠄ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ᠂ ᠭᠤᠢ᠌ᠪᠢᠰᠢ ᠦᠭᠡᠢ᠎ᠪᠠᠷ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠳᠤᠮᠳᠠ ᠠᠵᠢᠯᠴᠢᠨ ᠠᠩᠭᠢ ᠵᠢᠨ ᠭᠣᠣᠯ ᠬᠦᠴᠦᠨ᠎ᠤ ᠦᠢ᠍ᠯᠡᠳᠦᠯ ᠪᠠ ᠠᠵᠢᠯᠴᠢᠨ᠎ᠤ ᠡᠪᠯᠡᠯ᠎ᠤᠨ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠶ᠎ᠠ!》 ᠭᠡᠬᠦ ᠤᠷᠢᠶ᠎ᠠ ᠵᠢ ᠡᠯᠭᠦᠵᠡᠢ᠃

      ᠦᠳᠡ ᠵᠢᠨ ᠡᠮᠦᠨᠡᠬᠢ 10 ᠴᠠᠭ᠎ᠲᠤ ᠶᠡᠬᠡ ᠬᠤᠷᠠᠯ ᠡᠬᠢᠯᠡᠵᠡᠢ᠃ ᠪᠦᠭᠦᠳᠡᠭᠡᠷ ᠵᠶ᠋ᠡᠨ ᠪᠣᠰᠴᠤ ᠵᠣᠭᠰᠣᠨ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ ᠵᠢ ᠳᠠᠭᠤᠯᠠᠪᠠ᠃

      ᠼᠠᠢ ᠴᠢ 《ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠢ᠌ᠰᠢᠶᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠲᠣᠭᠲᠠᠭ᠋ᠠᠯ》᠎ᠢ ᠤᠩᠰᠢᠨ ᠨᠡᠢ᠌ᠲᠡᠯᠡᠪᠡ᠃ 1670 ᠬᠥᠮᠥᠨ᠎ᠳᠤ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠵᠢᠨ ᠴᠣᠯᠠ ᠣᠯᠭᠣᠵᠤ᠂ 756 ᠬᠥᠮᠥᠨ᠎ᠳᠤ ᠪᠦᠭᠦ ᠤᠯᠤᠰ᠎ᠤᠨ ᠲᠡᠷᠢᠭᠦᠨ᠎ᠤ ᠠᠵᠢᠯᠲᠠᠨ᠎ᠤ ᠴᠣᠯᠠ ᠣᠯᠭᠣᠪᠠ᠃

      ᠪᠠᠶᠠᠰᠬᠤᠯᠠᠩᠲᠤ ᠬᠥᠭᠵᠢᠮ᠎ᠤᠨ ᠠᠶᠠᠰ ᠳᠤᠮᠳᠠ᠂ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠤ ᠲᠥᠯᠥᠭᠡᠯᠡᠭᠴᠢ ᠠᠯᠬᠤᠮ ᠲᠠᠷᠠᠭ᠎ᠠ᠎ᠲᠠᠢ ᠲᠡᠷᠢᠭᠦᠯᠡᠭᠴᠢ ᠵᠢᠨ ᠲᠠᠢ᠌ᠰᠠᠨ᠎ᠳᠤ ᠭᠠᠷᠴᠤ᠂ ᠰᠢ ᠵᠢᠨ ᠫᠢᠩ ᠨᠠᠷ ᠲᠡᠳᠡᠨ᠎ᠳᠤ ᠢᠷᠠᠭᠤ ᠠᠯᠳᠠᠷ᠎ᠤᠨ ᠦᠨᠡᠮᠯᠡᠯ ᠭᠠᠷᠳᠠᠭᠤᠯᠪᠠ᠃


6388151655253587907197517.png


      4 ᠰᠠᠷ᠎ᠠ ᠵᠢᠨ 28᠎ᠤ ᠡᠳᠦᠷ᠂ ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠵᠢᠴᠢ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠵᠢᠷᠤᠭ ᠪᠣᠯ᠂ ᠰᠢ ᠵᠢᠨ ᠫᠢᠩ ᠵᠡᠷᠭᠡ ᠨᠠᠮ ᠪᠠ ᠲᠦᠷᠦ ᠵᠢᠨ ᠤᠳᠤᠷᠢᠳᠬᠤ ᠬᠥᠮᠥᠰ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠤ ᠲᠥᠯᠥᠭᠡᠯᠡᠭᠴᠢᠳ᠎ᠲᠤ ᠢᠷᠠᠭᠤ ᠠᠯᠳᠠᠷ᠎ᠤᠨ ᠦᠨᠡᠮᠯᠡᠯ ᠭᠠᠷᠳᠠᠭᠤᠯᠵᠤ ᠪᠠᠢ᠌ᠭ᠎ᠠ᠎ᠨᠢ᠃

      ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ

      ᠳᠤᠮᠳᠠᠳᠤ ᠤᠯᠤᠰ᠎ᠤᠨ ᠡᠯ ᠴᠦᠨᠭ ᠳ᠋ᠧ ᠶᠠᠩ ᠸᠠᠨ ᠬᠠᠩ ᠬᠡᠪ ᠳᠠᠪᠲᠠᠬᠤ ᠺᠤᠮᠫᠠᠨᠢ ᠵᠢᠨ ᠠᠩᠭᠢ ᠵᠢᠨ ᠳᠠᠷᠤᠭ᠎ᠠ ᠶᠧ ᠯᠢᠨ ᠸᠧᠢ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠲᠥᠯᠥᠭᠡᠯᠡᠨ ᠰᠠᠨᠠᠭ᠋ᠠᠴᠢᠯᠠᠭ᠎ᠠ ᠵᠢᠨ ᠪᠢᠴᠢᠭ᠎ᠢ ᠤᠩᠰᠢᠨ ᠨᠡᠢ᠌ᠲᠡᠯᠡᠪᠡ᠃

      ᠲᠠᠯᠠᠪᠠᠢ ᠳᠠᠶᠠᠭ᠋ᠠᠷ᠎ᠤᠨ ᠬᠠᠯᠠᠭᠤᠨ ᠠᠯᠠᠭ᠎ᠠ ᠲᠡᠰᠢᠯᠲᠡ ᠵᠢᠨ ᠳᠤᠮᠳᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢ᠌ᠭᠤᠯᠤᠭᠳᠠᠭᠰᠠᠨ 100 ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ᠎ᠤ ᠠᠵᠢᠯᠴᠢᠨ᠎ᠤ ᠡᠪᠯᠡᠯ ᠨᠠᠮ᠎ᠤᠨ ᠡᠯ᠎ᠡ ᠲᠡᠦᠬᠡᠨ ᠴᠠᠭ ᠦᠶ᠎ᠡ ᠵᠢᠨ ᠭᠣᠣᠯ ᠡᠭᠦᠷᠭᠡ ᠵᠢᠨ ᠲᠣᠭᠣᠷᠢᠨ᠎ᠳᠤ᠂ ᠮᠠᠨ᠎ᠤ ᠤᠯᠤᠰ᠎ᠤᠨ ᠠᠵᠢᠯᠴᠢᠨ ᠠᠩᠭᠢ ᠵᠢ ᠪᠦᠯᠬᠦᠮᠳᠡᠭᠦᠯᠦᠨ ᠳᠠᠢ᠌ᠴᠢᠯᠠᠵᠤ ᠨᠠᠮ᠎ᠤᠨ ᠠᠯᠬᠤᠭ᠎ᠠ ᠵᠢ ᠰᠠᠯᠤᠯ ᠦᠭᠡᠢ ᠳᠠᠭ᠋ᠠᠵᠤ᠂ ᠴᠠᠭ ᠦᠶ᠎ᠡ ᠵᠢᠨ ᠡᠮᠦᠨ᠎ᠡ ᠡᠩᠨᠡᠭᠡᠨ᠎ᠳᠤ ᠶᠠᠪᠤᠵᠤ᠂ ᠬᠤᠪᠢᠰᠬᠠᠯ᠂ ᠪᠦᠲᠦᠭᠡᠨ ᠪᠠᠢ᠌ᠭᠤᠯᠤᠯᠲᠠ᠂ ᠥᠭᠡᠷᠡᠴᠢᠯᠡᠯᠲᠡ ᠵᠢᠨ ᠠᠭᠤᠤ ᠶᠡᠬᠡ ᠦᠢ᠍ᠯᠡᠰ᠎ᠢ ᠠᠬᠢᠭᠤᠯᠬᠤ ᠳᠤᠮᠳᠠ ᠪᠠᠯᠠᠷᠠᠰᠢ ᠦᠭᠡᠢ ᠭᠠᠪᠢᠶ᠎ᠠ ᠵᠢᠳᠬᠦᠯ ᠪᠠᠢ᠌ᠭᠤᠯᠵᠤ᠂ ᠮᠠᠨ᠎ᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠤ ᠢᠷᠠᠭᠤ ᠭᠠᠢ᠌ᠬᠠᠮᠰᠢᠭᠲᠤ ᠬᠠᠭᠤᠳᠠᠰᠤ ᠵᠢ ᠪᠢᠴᠢᠭᠯᠡᠪᠡ ᠭᠡᠵᠦ ᠵᠢᠭ᠋ᠠᠵᠤ ᠭᠠᠷᠭ᠋ᠠᠪᠠ᠃

      ᠰᠢ ᠵᠢᠨ ᠫᠢᠩ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠣᠷᠢᠶ᠎ᠠ ᠠᠵᠢᠯᠴᠢᠨ ᠠᠩᠭᠢ ᠪᠣᠯᠣᠨ ᠠᠵᠢᠯᠴᠢᠨ᠎ᠤ ᠡᠪᠯᠡᠯ᠎ᠤᠨ ᠠᠵᠢᠯ᠎ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠠᠯᠢ ᠤᠯᠠᠨ ᠴᠢᠬᠤᠯᠠ ᠠᠵᠢᠯ᠎ᠢ ᠪᠠᠢ᠌ᠷᠢᠯᠠᠭᠤᠯᠤᠨ ᠠᠬᠢᠭᠤᠯᠵᠤ᠂ ᠠᠯᠢ ᠤᠯᠠᠨ ᠴᠢᠭᠯᠡᠭᠦᠯᠦᠯᠲᠦ ᠴᠢᠨᠠᠷᠲᠠᠢ᠂ ᠦᠨᠳᠦᠰᠦᠨ ᠴᠢᠨᠠᠷᠲᠠᠢ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠰᠠᠭᠤᠳᠠᠯ᠎ᠢ ᠭᠦᠨᠵᠡᠭᠡᠢ ᠬᠠᠷᠢᠭᠤᠯᠵᠤ᠂ ᠨᠠᠮ᠎ᠤᠨ ᠠᠵᠢᠯᠴᠢᠨ᠎ᠤ ᠬᠥᠳᠡᠯᠭᠡᠭᠡᠨ᠎ᠤ ᠤᠨᠤᠯ᠎ᠢ ᠤᠯᠠᠮ ᠪᠠᠶᠠᠯᠢᠭᠵᠢᠭᠤᠯᠤᠨ ᠬᠥᠭᠵᠢᠭᠦᠯᠵᠦ᠂ ᠨᠠᠮ᠎ᠤᠨ ᠠᠵᠢᠯᠴᠢᠨ᠎ᠤ ᠬᠥᠳᠡᠯᠭᠡᠭᠡᠨ᠎ᠤ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠣᠯᠵᠤ᠂ ᠪᠦᠭᠦ ᠲᠠᠯ᠎ᠠ ᠵᠢᠨ ᠲᠠᠪᠰᠢᠯᠳᠠ ᠵᠢ ᠪᠡᠶᠡᠯᠡᠭᠦᠯᠬᠦ ᠵᠢ ᠠᠬᠢᠭᠤᠯᠪᠠ᠃ ᠡᠯ᠎ᠡ ᠱᠠᠲᠤᠨ᠎ᠤ ᠠᠵᠢᠯᠴᠢᠨ᠎ᠤ ᠡᠪᠯᠡᠯ ᠥᠷᠭᠡᠨ ᠣᠯᠠᠨ ᠠᠵᠢᠯᠲᠠᠨ ᠠᠵᠢᠯᠴᠢᠨ᠎ᠢ ᠪᠦᠯᠬᠦᠮᠳᠡᠭᠦᠯᠦᠨ ᠳᠠᠢ᠌ᠴᠢᠯᠠᠵᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠠᠭᠤᠤ ᠶᠡᠬᠡ ᠦᠢ᠍ᠯᠡᠳᠦᠯᠭᠡ ᠳᠤᠮᠳᠠ ᠡᠷᠳᠡᠮ ᠴᠢᠳᠠᠪᠤᠷᠢ᠎ᠪᠠᠨ ᠶᠡᠬᠡ᠎ᠪᠠᠷ ᠪᠠᠳᠠᠷᠠᠭᠤᠯᠵᠤ᠂ ᠲᠣᠭᠲᠠᠭᠰᠠᠨ ᠬᠤᠭᠤᠴᠠᠭ᠋ᠠᠨ᠎ᠳᠤ ᠴᠢᠨᠡᠭᠡᠯᠢᠭ ᠨᠡᠢ᠌ᠭᠡᠮ᠎ᠢ ᠪᠦᠭᠦ ᠲᠠᠯ᠎ᠠ᠎ᠪᠠᠷ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠴᠢᠬᠤᠯᠠᠴᠢᠯᠠᠪᠠ᠃

      ᠰᠢ ᠵᠢᠨ ᠫᠢᠩ᠂ ᠮᠠᠨ᠎ᠤ ᠤᠯᠤᠰ᠎ᠤᠨ ᠠᠵᠢᠯᠴᠢᠨ ᠠᠩᠭᠢ ᠪᠣᠯ ᠨᠡᠷ᠎ᠡ ᠨᠢᠳᠡᠷ᠎ᠲᠡᠭᠡᠨ ᠲᠡᠩᠴᠡᠭᠰᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠪᠠᠲᠤ ᠪᠡᠬᠢ ᠬᠠᠮᠤᠭ᠎ᠤᠨ ᠨᠠᠢ᠌ᠳᠠᠪᠤᠷᠢᠲᠠᠢ ᠠᠩᠭᠢ ᠵᠢᠨ ᠰᠠᠭᠤᠷᠢ ᠮᠥᠨ᠂ ᠨᠡᠷ᠎ᠡ ᠨᠢᠳᠡᠷ᠎ᠲᠡᠭᠡᠨ ᠲᠡᠩᠴᠡᠭᠰᠡᠨ ᠮᠠᠨ᠎ᠤ ᠨᠡᠢ᠌ᠭᠡᠮ ᠵᠢᠷᠤᠮᠲᠤ ᠤᠯᠤᠰ᠎ᠤᠨ ᠤᠳᠤᠷᠢᠳᠬᠤ ᠠᠩᠭᠢ ᠮᠥᠨ᠂ ᠨᠡᠷ᠎ᠡ ᠨᠢᠳᠡᠷ᠎ᠲᠡᠭᠡᠨ ᠲᠡᠩᠴᠡᠭᠰᠡᠨ ᠲᠡᠷᠢᠭᠦᠨ᠎ᠤ ᠦᠢ᠍ᠯᠡᠳᠪᠦᠷᠢᠯᠡᠯ᠎ᠤᠨ ᠬᠦᠴᠦᠨ ᠪᠠ ᠦᠢ᠍ᠯᠡᠳᠪᠦᠷᠢᠯᠡᠯ᠎ᠤᠨ ᠬᠠᠷᠢᠴᠠᠭ᠋ᠠᠨ᠎ᠤ ᠲᠥᠯᠥᠭᠡᠯᠡᠭᠴᠢ ᠮᠥᠨ᠂ ᠨᠡᠷ᠎ᠡ ᠨᠢᠳᠡᠷ᠎ᠲᠡᠭᠡᠨ ᠲᠡᠩᠴᠡᠭᠰᠡᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠭᠣᠣᠯ ᠬᠦᠴᠦᠨ ᠮᠥᠨ ᠭᠡᠳᠡᠭ᠎ᠢ 100 ᠵᠢᠯ᠎ᠤᠨ ᠲᠤᠷᠰᠢᠬᠢ ᠦᠢ᠍ᠯᠡᠳᠦᠯᠭᠡ ᠭᠦᠢ᠍ᠴᠡᠳ ᠭᠡᠷᠡᠴᠢᠯᠡᠪᠡ᠃ ᠮᠠᠨ᠎ᠤ ᠤᠯᠤᠰ᠎ᠤᠨ ᠠᠵᠢᠯᠴᠢᠨ᠎ᠤ ᠡᠪᠯᠡᠯ ᠪᠣᠯ ᠨᠡᠷ᠎ᠡ ᠨᠢᠳᠡᠷ᠎ᠲᠡᠭᠡᠨ ᠲᠡᠩᠴᠡᠭᠰᠡᠨ ᠨᠠᠮ᠎ᠠᠴᠠ ᠠᠵᠢᠯᠲᠠᠨ ᠠᠵᠢᠯᠴᠢᠨ ᠲᠦᠮᠡᠨ᠎ᠲᠠᠢ ᠬᠠᠷᠢᠯᠴᠠᠬᠤ ᠬᠥᠭᠥᠷᠭᠡ ᠪᠠ ᠬᠣᠯᠪᠣᠭ᠋ᠠᠰᠤ ᠮᠥᠨ᠂ ᠨᠡᠷ᠎ᠡ ᠨᠢᠳᠡᠷ᠎ᠲᠡᠭᠡᠨ ᠲᠡᠩᠴᠡᠭᠰᠡᠨ ᠨᠡᠢ᠌ᠭᠡᠮ ᠵᠢᠷᠤᠮᠲᠤ ᠲᠦᠷᠦ ᠵᠢᠨ ᠡᠷᠬᠡ ᠵᠢᠨ ᠨᠡᠢ᠌ᠭᠡᠮ᠎ᠤᠨ ᠴᠢᠬᠤᠯᠠ ᠲᠤᠯᠭ᠋ᠠᠭᠤᠷᠢ ᠮᠥᠨ᠂ ᠨᠡᠷ᠎ᠡ ᠨᠢᠳᠡᠷ᠎ᠲᠡᠭᠡᠨ ᠲᠡᠩᠴᠡᠭᠰᠡᠨ ᠠᠵᠢᠯᠲᠠᠨ ᠠᠵᠢᠯᠴᠢᠨ᠎ᠤ ᠠᠰᠢᠭ ᠲᠤᠰᠠ ᠵᠢᠨ ᠲᠥᠯᠥᠭᠡᠯᠡᠭᠴᠢ ᠪᠠ ᠬᠠᠮᠠᠭ᠋ᠠᠯᠠᠭᠴᠢ ᠮᠥᠨ᠃ ᠴᠠᠭ ᠦᠶ᠎ᠡ ᠵᠢᠨ ᠨᠥᠬᠥᠴᠡᠯ ᠪᠠ ᠨᠡᠢ᠌ᠭᠡᠮ᠎ᠤᠨ ᠬᠠᠮᠲᠤ ᠤᠯᠠᠨ ᠬᠡᠷᠬᠢᠨ ᠬᠥᠭᠵᠢᠨ ᠬᠤᠪᠢᠷᠠᠭᠰᠠᠨ ᠴᠤ᠌ ᠮᠠᠨ᠎ᠤ ᠤᠯᠤᠰ᠎ᠤᠨ ᠠᠵᠢᠯᠴᠢᠨ ᠠᠩᠭᠢ ᠵᠢᠨ ᠪᠠᠢ᠌ᠷᠢ ᠰᠠᠭᠤᠷᠢ ᠪᠠ ᠦᠢ᠍ᠯᠡᠳᠦᠯ᠎ᠢ ᠭᠤᠢ᠌ᠪᠢᠯᠵᠠᠭᠤᠯᠵᠤ ᠪᠤᠯᠬᠤ ᠦᠭᠡᠢ᠂ ᠪᠦᠭᠦ ᠰᠡᠳᠬᠢᠯ ᠪᠦᠭᠦ ᠵᠣᠷᠢᠭ ᠵᠶ᠋ᠠᠷ ᠵᠶ᠋ᠠᠨ ᠠᠵᠢᠯᠴᠢᠨ ᠠᠩᠭᠢ᠎ᠳᠤ ᠲᠦᠰᠢᠭᠯᠡᠬᠦ ᠦᠨᠳᠦᠰᠦᠨ ᠴᠢᠭᠯᠡᠯᠲᠡ ᠵᠢ ᠭᠤᠢ᠌ᠪᠢᠯᠵᠠᠭᠤᠯᠵᠤ ᠪᠤᠯᠬᠤ ᠦᠭᠡᠢ᠂ ᠮᠠᠨ᠎ᠤ ᠤᠯᠤᠰ᠎ᠤᠨ ᠠᠵᠢᠯᠴᠢᠨ᠎ᠤ ᠡᠪᠯᠡᠯ᠎ᠤᠨ ᠰᠢᠨᠵᠢ ᠴᠢᠨᠠᠷ ᠪᠠ ᠡᠭᠦᠷᠭᠡ ᠴᠢᠳᠠᠪᠤᠷᠢ ᠵᠢ ᠭᠤᠢ᠌ᠪᠢᠯᠵᠠᠭᠤᠯᠵᠤ ᠪᠤᠯᠬᠤ ᠦᠭᠡᠢ ᠭᠡᠵᠦ ᠵᠢᠭ᠋ᠠᠵᠤ ᠭᠠᠷᠭ᠋ᠠᠪᠠ᠃

      ᠰᠢ ᠵᠢᠨ ᠫᠢᠩ᠂ 100 ᠵᠢᠯ᠎ᠤᠨ ᠲᠤᠷᠰᠢᠬᠢ ᠨᠠᠮ᠎ᠤᠨ ᠠᠵᠢᠯᠴᠢᠨ᠎ᠤ ᠬᠥᠳᠡᠯᠭᠡᠭᠡᠨ᠎ᠤ ᠦᠢ᠍ᠯᠡᠰ᠎ᠤᠨ ᠤᠨᠤᠯ᠎ᠤᠨ ᠰᠢᠨ᠎ᠡ ᠡᠭᠦᠳᠦᠯᠲᠡ ᠪᠣᠯᠣᠨ ᠦᠢ᠍ᠯᠡᠳᠦᠯᠭᠡ ᠵᠢᠨ ᠬᠥᠭᠵᠢᠯᠲᠡ ᠵᠢᠨ ᠬᠠᠮᠤᠭ᠎ᠤᠨ ᠴᠢᠬᠤᠯᠠ ᠦᠷ᠎ᠡ ᠪᠦᠲᠦᠭᠡᠯ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠠᠵᠢᠯᠴᠢᠨ᠎ᠤ ᠡᠪᠯᠡᠯ᠎ᠤᠨ ᠬᠥᠭᠵᠢᠯᠲᠡ ᠵᠢᠨ ᠵᠠᠮ᠎ᠢ ᠪᠦᠷᠢᠯᠳᠦᠭᠦᠯᠦᠭᠰᠡᠨ ᠶᠠᠪᠤᠳᠠᠯ ᠪᠣᠯᠣᠨ᠎ᠠ᠃ ᠡᠨᠡ ᠬᠦ᠌ ᠵᠠᠮ᠎ᠨᠢ ᠠᠵᠢᠯᠴᠢᠨ᠎ᠤ ᠬᠥᠳᠡᠯᠭᠡᠭᠡᠨ᠎ᠤ ᠦᠢ᠍ᠯᠡᠰ ᠪᠠ ᠠᠵᠢᠯᠴᠢᠨ᠎ᠤ ᠡᠪᠯᠡᠯ᠎ᠤᠨ ᠠᠵᠢᠯ᠎ᠳᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠪᠦᠭᠦ ᠰᠡᠳᠬᠢᠯ ᠪᠦᠭᠦ ᠵᠣᠷᠢᠭ ᠵᠶ᠋ᠠᠷ ᠵᠶ᠋ᠠᠨ ᠠᠵᠢᠯᠴᠢᠨ ᠠᠩᠭᠢ᠎ᠳᠤ ᠲᠦᠰᠢᠭᠯᠡᠬᠦ ᠦᠨᠳᠦᠰᠦᠨ ᠴᠢᠭᠯᠡᠯᠲᠡ ᠵᠢ ᠪᠠᠷᠢᠮᠲᠠᠯᠠᠵᠤ᠂ ᠨᠠᠮ᠎ᠤᠨ ᠭᠣᠣᠯ ᠡᠭᠦᠷᠭᠡ ᠵᠢ ᠲᠠᠭ᠋ᠠᠬᠤ ᠪᠠ ᠲᠡᠭᠦᠨ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠠᠵᠢᠯᠴᠢᠨ᠎ᠤ ᠡᠪᠯᠡᠯ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠲᠥᠷᠥᠴᠢ ᠴᠢᠨᠠᠷ᠂ ᠲᠡᠷᠢᠭᠦᠨ᠎ᠤ ᠴᠢᠨᠠᠷ᠂ ᠤᠯᠠᠨ ᠲᠦᠮᠡᠨᠴᠢ ᠴᠢᠨᠠᠷ᠎ᠢ ᠪᠠᠷᠢᠮᠲᠠᠯᠠᠵᠤ᠂ ᠠᠵᠢᠯᠲᠠᠨ ᠠᠵᠢᠯᠴᠢᠨ ᠲᠦᠮᠡᠨ᠎ᠳᠤ ᠦᠢ᠍ᠯᠡᠴᠢᠯᠡᠬᠦ᠎ᠪᠠᠷ ᠠᠮᠢ ᠨᠠᠰᠤᠨ᠎ᠤ ᠱᠤᠭᠤᠮ ᠪᠤᠯᠭ᠋ᠠᠬᠤ ᠵᠢ ᠪᠠᠷᠢᠮᠲᠠᠯᠠᠵᠤ᠂ ᠬᠠᠤᠯᠢ ᠶᠣᠰᠣᠭ᠋ᠠᠷ ᠳᠦᠷᠢᠮ ᠶᠣᠰᠣᠭ᠋ᠠᠷ ᠠᠵᠢᠯ ᠵᠶ᠋ᠠᠨ ᠥᠷᠨᠢᠭᠦᠯᠬᠦ ᠵᠢ ᠪᠠᠷᠢᠮᠲᠠᠯᠠᠵᠤ᠂ ᠨᠠᠮ᠎ᠠᠴᠠ ᠠᠵᠢᠯᠴᠢᠨ᠎ᠤ ᠬᠥᠳᠡᠯᠭᠡᠭᠡᠨ᠎ᠤ ᠦᠢ᠍ᠯᠡᠰ ᠪᠠ ᠠᠵᠢᠯᠴᠢᠨ᠎ᠤ ᠡᠪᠯᠡᠯ᠎ᠤᠨ ᠠᠵᠢᠯ᠎ᠢ ᠤᠳᠤᠷᠢᠳᠤᠭᠰᠠᠨ ᠡᠷᠬᠢᠮ ᠨᠠᠨᠳᠢᠨ ᠲᠤᠷᠰᠢᠯᠭ᠎ᠠ ᠵᠢᠨ ᠭᠦᠨᠵᠡᠭᠡᠢ ᠳ᠋ᠦᠩᠨᠡᠯᠲᠡ ᠮᠥᠨ᠂ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠢ ᠵᠢᠨ ᠫᠢᠩ᠂ ᠨᠠᠮ᠎ᠤᠨ ᠭᠣᠣᠯ ᠡᠭᠦᠷᠭᠡ ᠪᠣᠯ ᠮᠠᠨ᠎ᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠤ ᠴᠠᠭ ᠦᠶ᠎ᠡ ᠵᠢᠨ ᠭᠣᠣᠯ ᠰᠡᠳᠦᠪ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ᠎ᠳᠤ ᠡᠷᠬᠡᠪᠰᠢ ᠮᠠᠨ᠎ᠤ ᠤᠯᠤᠰ᠎ᠤᠨ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠲᠦᠮᠡᠨ᠎ᠢ ᠤᠯᠠᠮ ᠳᠠᠢ᠌ᠴᠢᠯᠠᠨ ᠵᠣᠷᠢᠭᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠷᠭᠡᠨ ᠤᠯᠠᠨ ᠠᠵᠢᠯᠲᠠᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ᠎ᠤ ᠭᠠᠪᠢᠶ᠎ᠠ ᠪᠠᠢ᠌ᠭᠤᠯᠵᠤ ᠦᠢ᠍ᠯᠡᠰ ᠪᠣᠰᠬᠠᠬᠤ᠂ ᠰᠢᠨ᠎ᠡ ᠵᠢ ᠡᠭᠦᠳᠴᠦ ᠡᠭᠦᠳᠦᠨ ᠪᠦᠲᠦᠭᠡᠬᠦ ᠵᠢ ᠲᠠᠢ᠌ᠴᠢᠯᠠᠨ ᠵᠣᠷᠢᠭᠵᠢᠭᠤᠯᠬᠤ ᠬᠡᠷᠡᠭᠲᠡᠢ᠃ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠣᠨ ᠠᠵᠤ ᠦᠢ᠍ᠯᠡᠰ᠎ᠤᠨ ᠬᠤᠪᠢᠰᠤᠯᠲᠠ᠎ᠳᠤ ᠵᠣᠬᠢᠴᠠᠵᠤ᠂ ᠬᠥᠳᠡᠯᠮᠦᠷᠢᠴᠢᠳ᠎ᠤᠨ ᠬᠡᠪ ᠪᠣᠯᠪᠠᠰᠤᠷᠠᠯ᠎ᠢ ᠪᠦᠭᠦ ᠲᠠᠯ᠎ᠠ᠎ᠪᠠᠷ ᠳᠡᠭᠡᠭᠰᠢᠯᠡᠭᠦᠯᠭᠦ ᠬᠡᠷᠡᠭᠲᠡᠢ᠃ ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠭᠦᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠭᠦᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠲᠠᠷᠬᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠬᠤ ᠬᠡᠷᠡᠭᠲᠡᠢ᠃ ᠬᠠᠮᠲᠤ᠎ᠪᠠᠷ ᠪᠠᠶᠠᠵᠢᠬᠤ ᠵᠢ ᠠᠬᠢᠭᠤᠯᠬᠤ ᠵᠢ ᠠᠩᠬᠠᠷᠴᠤ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ᠎ᠤ ᠠᠵᠠ ᠵᠢᠷᠭ᠋ᠠᠯ᠎ᠢ ᠯᠠᠪᠳᠠᠭᠤᠨ ᠵᠶ᠋ᠠᠷ ᠨᠡᠮᠡᠭᠳᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠰᠢ ᠵᠢᠨ ᠫᠢᠩ᠂ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ ᠪᠣᠯ ᠴᠥᠮ ᠠᠷᠠᠳ ᠲᠦᠮᠡᠨ᠎ᠤ ᠬᠡᠪ ᠳᠠᠭᠤᠷᠢᠶᠠᠯ᠂ ᠤᠯᠤᠰ᠎ᠤᠨ ᠲᠤᠯᠭ᠋ᠠᠭᠤᠷᠢ ᠬᠦᠴᠦᠨ ᠮᠥᠨ᠂ ᠪᠦᠭᠦ ᠨᠡᠢ᠌ᠭᠡᠮ ᠵᠶ᠋ᠡᠷ ᠵᠶ᠋ᠡᠨ ᠳᠡᠳᠡᠨ᠎ᠤ ᠦᠢ᠍ᠯᠡ ᠠᠵᠢᠯᠯᠠᠭ᠎ᠠ ᠵᠢ ᠰᠤᠷᠤᠯᠴᠠᠵᠤ᠂ ᠳᠡᠳᠡᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠬᠡᠷᠡᠭᠲᠡᠢ᠃ ᠭᠦᠳᠡᠯᠮᠦᠷᠢ ᠵᠢᠨ ᠵᠢᠱ᠌ᠢᠶᠡᠴᠢ ᠪᠠ ᠲᠡᠷᠢᠭᠦᠨ᠎ᠤ ᠠᠵᠢᠯᠲᠠᠳ ᠢᠷᠠᠭᠤ ᠠᠯᠳᠠᠷ ᠵᠶ᠋ᠠᠨ ᠨᠠᠨᠳᠢᠩᠨᠠᠨ᠂ ᠮᠥᠨ ᠴᠢᠨᠠᠷ ᠵᠶ᠋ᠠᠨ ᠬᠠᠳᠠᠭ᠋ᠠᠯᠠᠵᠤ᠂ ᠦᠷᠭᠦᠯᠵᠢᠯᠡᠨ ᠴᠢᠷᠮᠠᠢ᠌ᠵᠤ᠂ ᠲᠠᠭᠢᠨ ᠰᠢᠨ᠎ᠡ ᠭᠠᠪᠢᠶ᠎ᠠ ᠪᠠᠢ᠌ᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠢ ᠵᠢᠨ ᠫᠢᠩ᠂ ᠰᠢᠨ᠎ᠡ ᠲᠡᠦᠬᠡ ᠵᠢᠨ ᠭᠠᠷᠤᠭ᠎ᠠ ᠳᠡᠭᠡᠷ᠎ᠡ ᠵᠣᠭᠰᠣᠵᠤ᠂ ᠡᠯ᠎ᠡ ᠱᠠᠲᠤᠨ᠎ᠤ ᠠᠵᠢᠯᠴᠢᠨ᠎ᠤ ᠡᠪᠯᠡᠯ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠢᠯᠴᠢᠨ᠎ᠤ ᠡᠪᠯᠡᠯ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠤᠯᠤᠰ ᠲᠦᠷᠦ ᠵᠢᠨ ᠵᠥᠪ ᠴᠢᠭᠯᠡᠯ᠎ᠢ ᠪᠠᠷᠢᠮᠲᠠᠯᠠᠵᠤ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ᠎ᠢ ᠨᠠᠮ᠎ᠤᠨ ᠲᠣᠭᠣᠷᠢᠨ᠎ᠳᠤ ᠨᠢᠭᠲᠠ ᠪᠦᠯᠬᠦᠮᠳᠡᠭᠦᠯᠬᠦ ᠬᠡᠷᠡᠭᠲᠡᠢ᠃ ᠠᠵᠢᠯᠲᠠᠨ ᠠᠵᠢᠯᠴᠢᠨ ᠵᠶ᠋ᠠᠷ ᠭᠣᠣᠯ ᠪᠤᠯᠭ᠋ᠠᠬᠰᠠᠨ ᠠᠵᠢᠯ᠎ᠤᠨ ᠤᠳᠤᠷᠢᠳᠤᠮᠵᠢ ᠵᠢ ᠪᠠᠷᠢᠮᠲᠠᠯᠠᠵᠤ᠂ ᠠᠵᠢᠯᠲᠠᠨ ᠠᠵᠢᠯᠴᠢᠨ ᠲᠦᠮᠡᠨ᠎ᠳᠤ ᠦᠨᠡᠨ ᠰᠡᠳᠬᠢᠯ᠎ᠠᠴᠠ᠎ᠪᠠᠨ ᠦᠢ᠍ᠯᠡᠴᠢᠯᠡᠵᠦ᠂ ᠠᠵᠢᠯᠲᠠᠨ ᠠᠵᠢᠯᠴᠢᠨ᠎ᠤ ᠪᠦᠭᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠠᠵᠢᠯᠴᠢᠨ᠎ᠤ ᠡᠪᠯᠡᠯ᠎ᠤᠨ ᠥᠭᠡᠷᠡᠴᠢᠯᠡᠯᠲᠡ ᠪᠠ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ᠂ ᠬᠥᠲᠥᠯᠥᠨ ᠳᠠᠭ᠋ᠠᠭᠤᠯᠬᠤ ᠬᠦᠴᠦᠨ᠂ ᠵᠣᠬᠢᠶᠠᠨ ᠪᠠᠶ᠋ᠢᠭᠤᠯᠬᠤ ᠬᠦᠴᠦᠨ᠂ ᠦᠢ᠍ᠯᠡᠴᠢᠯᠡᠬᠦ ᠬᠦᠴᠦᠨ᠎ᠢ ᠲᠠᠰᠤᠷᠠᠯᠳᠠ ᠦᠭᠡᠢ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

      ᠰᠢ ᠵᠢᠨ ᠫᠢᠩ᠂ ᠠᠵᠢᠯᠴᠢᠨ᠎ᠤ ᠬᠥᠳᠡᠯᠭᠡᠭᠡᠨ᠎ᠤ ᠦᠢ᠍ᠯᠡᠰ ᠪᠣᠯ ᠨᠠᠮ᠎ᠤᠨ ᠦᠢ᠍ᠯᠡᠰ᠎ᠤᠨ ᠴᠢᠬᠤᠯᠠ ᠪᠦᠷᠢᠯᠳᠦᠭᠦᠨ ᠬᠡᠰᠡᠭ ᠮᠥᠨ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠠᠵᠢᠯᠴᠢᠨ᠎ᠤ ᠡᠪᠯᠡᠯ᠎ᠳᠠᠬᠢ ᠤᠳᠤᠷᠢᠳᠤᠯᠭ᠎ᠠ᠎ᠪᠠᠨ ᠴᠢᠩᠭ᠋ᠠᠳᠬᠠᠨ ᠰᠠᠢ᠌ᠵᠢᠷᠠᠭᠤᠯᠵᠤ᠂ ᠠᠵᠢᠯᠴᠢᠨ᠎ᠤ ᠡᠪᠯᠡᠯ᠎ᠤᠨ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ᠎ᠳᠤᠨᠢ ᠰᠤᠳᠤᠯᠤᠨ ᠰᠢᠢ᠍ᠳᠪᠦᠷᠢᠯᠡᠵᠦ᠂ ᠠᠵᠢᠯᠴᠢᠨ᠎ᠤ ᠡᠪᠯᠡᠯ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠰᠠᠢ᠌ᠨ ᠰᠠᠢ᠌ᠬᠠᠨ ᠨᠥᠬᠥᠴᠡᠯ᠎ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃(ᠶᠠᠷᠢᠶᠠᠨ᠎ᠤ ᠪᠦᠭᠦ ᠠᠭᠤᠯᠭ᠎ᠠ ᠵᠢ ᠠᠰ᠎ᠲᠤᠨᠢ ᠨᠡᠢ᠌ᠲᠡᠯᠡᠪᠡ)

      ᠯᠢ ᠴᠢᠶᠠᠩ ᠶᠡᠬᠡ ᠬᠤᠷᠠᠯ᠎ᠢ ᠡᠷᠭᠢᠯᠡᠭᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ 100 ᠵᠢᠯ᠎ᠤᠨ ᠲᠤᠷᠰᠢᠬᠢ ᠨᠠᠮ᠎ᠤᠨ ᠤᠳᠤᠷᠢᠳᠤᠭᠰᠠᠨ ᠳᠤᠮᠳᠠᠳᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠤ ᠭᠡᠷᠡᠯ ᠰᠠᠴᠤᠷᠠᠩᠭᠤᠢ ᠥᠩᠭᠡᠷᠡᠯᠲᠡ ᠪᠠ ᠠᠭᠤᠤ ᠶᠡᠬᠡ ᠠᠮᠵᠢᠯᠲᠠ ᠵᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠳᠤᠮᠳᠠᠳᠤ ᠤᠯᠤᠰ᠎ᠤᠨ ᠠᠵᠢᠯᠴᠢᠨ ᠠᠩᠭᠢ ᠪᠣᠯᠣᠨ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠤᠨ ᠨᠠᠮ ᠪᠣᠯᠣᠨ ᠤᠯᠤᠰ᠎ᠤᠨ ᠦᠢ᠍ᠯᠡᠰ᠎ᠤᠨ ᠬᠥᠭᠵᠢᠯᠲᠡ ᠵᠢᠨ ᠪᠦᠭᠦ ᠲᠠᠯ᠎ᠠ᠎ᠳᠠᠬᠢ ᠪᠠᠢ᠌ᠷᠢ ᠰᠠᠭᠤᠷᠢ ᠪᠣᠯᠣᠨ ᠦᠢ᠍ᠯᠡᠳᠦᠯ᠎ᠢ ᠭᠦᠢ᠍ᠴᠡᠳ ᠨᠤᠲᠠᠯᠠᠵᠤ᠂ ᠠᠵᠢᠯᠴᠢᠨ᠎ᠤ ᠬᠥᠳᠡᠯᠭᠡᠭᠡᠨ᠎ᠤ ᠦᠢ᠍ᠯᠡᠰ ᠪᠣᠯᠣᠨ ᠠᠵᠢᠯᠴᠢᠨ᠎ᠤ ᠡᠪᠯᠡᠯ᠎ᠤᠨ ᠠᠵᠢᠯ᠎ᠤᠨ ᠡᠷᠬᠢᠮ ᠨᠠᠨᠳᠢᠨ ᠲᠤᠷᠰᠢᠯᠭ᠎ᠠ ᠵᠢ ᠭᠦᠨᠵᠡᠭᠡᠢ ᠳ᠋ᠦᠩᠨᠡᠵᠦ᠂ ᠮᠠᠨ᠎ᠤ ᠤᠯᠤᠰ᠎ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ᠎ᠳᠤ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠤ ᠠᠵᠢᠯᠴᠢᠨ᠎ᠤ ᠡᠪᠯᠡᠯ᠎ᠤᠨ ᠠᠵᠢᠯ᠎ᠢ ᠰᠠᠢ᠌ᠲᠤᠷ ᠬᠢᠬᠦ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠪᠠ᠃ ᠶᠠᠷᠢᠶᠠᠨ᠎ᠳᠤ ᠨᠠᠮ᠎ᠤᠨ ᠲᠥᠪ ᠬᠣᠷᠢᠶ᠎ᠠ᠎ᠠᠴᠠ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠢ ᠳᠣᠲᠣᠨᠣ᠎ᠪᠠᠷ ᠬᠠᠯᠠᠮᠵᠢᠯᠠᠵᠤ᠂ ᠠᠵᠢᠯᠴᠢᠨ᠎ᠤ ᠬᠥᠳᠡᠯᠭᠡᠭᠡᠨ᠎ᠤ ᠦᠢ᠍ᠯᠡᠰ ᠪᠣᠯᠣᠨ ᠠᠵᠢᠯᠴᠢᠨ᠎ᠤ ᠡᠪᠯᠡᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭ᠋ᠠᠴᠢ ᠴᠢᠨᠠᠷ᠂ ᠪᠠᠢ᠌ᠯᠳᠤᠬᠤ ᠪᠣᠳᠣᠯᠭ᠎ᠠ ᠵᠢᠨ ᠴᠢᠨᠠᠷ᠂ ᠵᠢᠯᠤᠭᠣᠳᠬᠤ ᠴᠢᠨᠠᠷ᠎ᠲᠠᠢ ᠪᠠᠢ᠌ᠵᠤ᠂ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ᠃ ᠪᠢᠳᠡ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠰᠢᠨ᠎ᠡ ᠠᠶᠠᠨ᠎ᠳᠤ ᠲᠠᠭᠢᠨ ᠰᠢᠨ᠎ᠡ ᠭᠠᠪᠢᠶ᠎ᠠ ᠪᠠᠢ᠌ᠭᠤᠯᠤᠨ᠂ ᠲᠠᠭᠢᠨ ᠭᠡᠷᠡᠯ ᠰᠠᠴᠤᠷᠠᠩᠭᠤᠢ ᠠᠮᠵᠢᠯᠲᠠ ᠵᠢ ᠡᠭᠦᠳᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

      ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠤᠨ ᠲᠡᠷᠢᠭᠦᠯᠡᠭᠴᠢ ᠸᠠᠩ ᠳ᠋ᠦᠩ ᠮᠢᠩ ᠶᠡᠬᠡ ᠬᠤᠷᠠᠯ ᠳᠡᠭᠡᠷ᠎ᠡ ᠦᠭᠡ ᠬᠡᠯᠡᠪᠡ᠃

      ᠶᠡᠬᠡ ᠬᠤᠷᠠᠯ ᠰᠦᠷ ᠵᠢᠪᠬᠤᠯᠠᠩᠲᠤ 《ᠢᠨᠲ᠋ᠧᠷᠨᠠᠼᠢᠣᠨᠠᠯ᠎ᠤᠨ ᠳᠠᠭᠤᠤ》 ᠳᠤᠮᠳᠠ ᠲᠡᠭᠦᠰᠪᠡ᠃

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠦᠵᠢ ᠨᠠᠷ᠎ᠤᠨ ᠭᠠᠵᠠᠷ᠎ᠤᠨ ᠱᠦᠵᠢ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠤᠳᠤᠷᠢᠳᠬᠤ ᠨᠥᠬᠥᠳ᠂ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠤᠨ ᠤᠳᠤᠷᠢᠳᠬᠤ ᠲᠤᠰᠢᠶᠠᠯ᠎ᠢ ᠡᠭᠦᠷᠭᠡᠯᠡᠵᠦ ᠥᠩᠭᠡᠷᠡᠭᠰᠡᠨ ᠠᠬᠠᠮᠠᠳ ᠨᠥᠬᠥᠳ ᠬᠤᠷᠠᠯ᠎ᠳᠤ ᠣᠷᠣᠯᠴᠠᠪᠠ᠃

      ᠲᠥᠪ᠎ᠤᠨ ᠨᠠᠮ ᠵᠠᠰᠠᠭ ᠴᠡᠷᠢᠭ ᠤᠯᠠᠨ ᠲᠦᠮᠡᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠡᠭᠡᠵᠢᠩ ᠬᠤᠳᠠ ᠵᠢᠨ ᠬᠠᠷᠢᠭᠤᠴᠠᠯᠭ᠋ᠠᠲᠠᠨ ᠨᠥᠬᠥᠳ᠂ ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠣᠷᠢᠶ᠎ᠠ᠂ ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠬᠠᠷᠢᠭᠤᠴᠠᠯᠭ᠋ᠠᠲᠠᠨ ᠪᠣᠯᠣᠨ ᠨᠠᠮ ᠪᠦᠯᠦᠭ᠎ᠤᠨ ᠪᠤᠰᠤ ᠬᠥᠮᠥᠰ᠎ᠤᠨ ᠲᠥᠯᠥᠭᠡᠯᠡᠭᠴᠢ᠂ ᠡᠯ᠎ᠡ ᠮᠤᠵᠢ ᠵᠢᠨ ᠱᠠᠲᠤᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠲᠥᠯᠥᠭᠡᠯᠡᠭᠴᠢ᠂ 2025 ᠣᠨ᠎ᠤ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠂ ᠥᠩᠭᠡᠷᠡᠭᠰᠡᠨ ᠬᠤᠭᠤᠴᠠᠭ᠋ᠠᠨ᠎ᠤ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠤ ᠲᠥᠯᠥᠭᠡᠯᠡᠭᠴᠢ ᠵᠡᠷᠭᠡ 3000 ᠭᠠᠷᠤᠢ ᠬᠥᠮᠥᠨ ᠶᠡᠬᠡ ᠬᠤᠷᠠᠯ᠎ᠳᠤ ᠣᠷᠣᠯᠴᠠᠵᠠᠢ᠃

      (ᠰᠢᠨᠬᠤᠸᠠ ᠬᠣᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 28᠎ᠤ ᠴᠠᠭᠢᠯᠭ᠋ᠠᠨ ᠮᠡᠳᠡᠭᠡ)

 

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠱᠠᠩᠬᠠᠢ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠪᠦᠭᠦ ᠪᠥᠮᠪᠥᠷᠴᠡᠭ᠎ᠤᠨ ᠨᠥᠯᠥᠭᠡᠯᠡᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠥᠨᠳᠥᠷᠯᠢᠭ᠎ᠢ ᠲᠦᠷᠭᠡᠳᠬᠡᠨ ᠪᠠᠢ᠌ᠭᠤᠯᠵᠤ ᠪᠦᠲᠦᠭᠡᠬᠦ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ
ᠰᠢ ᠵᠢᠨ ᠫᠢᠩ ᠮᠣᠰᠺᠸᠠ᠎ᠳᠤ ᠬᠦᠷᠴᠦ ᠣᠷᠣᠰ᠎ᠲᠤ ᠲᠥᠷᠥ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠬᠡ ᠤᠯᠤᠰ ᠵᠶ᠋ᠠᠨ ᠬᠠᠮᠠᠭ᠋ᠠᠯᠠᠬᠤ ᠳᠠᠶ᠋ᠢᠨ ᠢᠯᠠᠯᠲᠠ ᠣᠯᠣᠭᠰᠠᠨ 80 ᠵᠢᠯ᠎ᠤᠨ ᠣᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠪᠠ
ᠰᠢ ᠵᠢᠨ ᠫᠢᠩ ᠤᠷᠤᠰ᠎ᠤᠨ ᠶᠡᠷᠦᠩᠬᠡᠢ᠌ᠯᠡᠭᠴᠢ ᠫᠦᠲ᠋ᠢᠨ᠎ᠲᠠᠢ ᠬᠡᠯᠡᠯᠴᠡᠭᠡ ᠬᠢᠪᠡ
ᠰᠢ ᠵᠢᠨ ᠫᠢᠩ ᠳᠤᠮᠳᠠᠳᠤ ᠤᠯᠤᠰ—ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠢ᠌ᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ
ᠰᠢ ᠵᠢᠨ ᠫᠢᠩ ᠾᠧᠨᠠᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠢᠲᠡᠭᠡᠯ ᠵᠣᠷᠢᠭ ᠵᠶ᠋ᠠᠨ ᠪᠠᠲᠤᠳᠬᠠᠵᠤ ᠴᠢᠨᠠᠷ ᠰᠠᠢ᠌ᠲᠠᠢ ᠬᠥᠭᠵᠢᠯᠲᠡ ᠥᠨᠳᠥᠷ ᠪᠦᠲᠦᠮᠵᠢᠲᠡᠶ ᠵᠠᠰᠠᠯᠲᠠ ᠵᠢ ᠠᠬᠢᠭᠤᠯᠵᠤ ᠳᠤᠮᠳᠠᠳᠤ ᠣᠷᠣᠨ᠎ᠤ ᠡᠬᠡ ᠭᠠᠵᠠᠷ᠎ᠲᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ
 
            