ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠱᠠᠩᠬᠠᠢ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠪᠦᠭᠦ ᠪᠥᠮᠪᠥᠷᠴᠡᠭ᠎ᠤᠨ ᠨᠥᠯᠥᠭᠡᠯᠡᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠥᠨᠳᠥᠷᠯᠢᠭ᠎ᠢ ᠲᠦᠷᠭᠡᠳᠬᠡᠨ ᠪᠠᠢ᠌ᠭᠤᠯᠵᠤ ᠪᠦᠲᠦᠭᠡᠬᠦ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ
ᠨᠡᠶ᠋ᠢᠲᠡᠯᠡᠭᠰᠡᠨ ᠴᠠᠭ᠄ 2025-04-30

      ᠰᠢᠨᠬᠤᠸᠠ ᠬᠣᠷᠢᠶ᠎ᠠ ᠵᠢᠨ ᠱᠠᠩᠬᠠᠢ ᠵᠢᠨ 4 ᠰᠠᠷ᠎ᠠ ᠵᠢᠨ 29᠎ᠤ ᠴᠠᠭᠢᠯᠭ᠋ᠠᠨ ᠮᠡᠳᠡᠭᠡ

    ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ 29᠎ᠤ ᠡᠳᠦᠷ ᠱᠠᠩᠬᠠᠢ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ᠂ ᠱᠠᠩᠬᠠᠢ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠦᠲᠦᠭᠡᠨ ᠪᠠᠶ᠋ᠢᠭᠤᠯᠬᠤ ᠲᠡᠦᠬᠡᠲᠦ ᠡᠭᠦᠷᠭᠡ ᠵᠢ ᠡᠭᠦᠷᠭᠡᠯᠡᠵᠦ ᠪᠠᠢ᠌ᠨ᠎ᠠ᠂ ᠠᠵᠠ ᠲᠣᠭᠢᠶᠠᠯ᠎ᠢ ᠠᠮᠵᠢᠨ᠂ ᠤᠯᠤᠰ᠎ᠤᠨ ᠪᠠᠢ᠌ᠯᠳᠤᠬᠤ ᠪᠣᠳᠣᠯᠭ᠎ᠠ᠎ᠳᠤ ᠦᠢ᠍ᠯᠡᠴᠢᠯᠡᠬᠦ᠎ᠪᠠᠷ ᠬᠥᠲᠥᠯᠥᠮᠵᠢ ᠪᠤᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠡᠬᠢ ᠰᠤᠷᠪᠤᠯᠵᠢ ᠵᠢᠨ ᠴᠢᠳᠠᠮᠵᠢ ᠪᠣᠯᠣᠨ ᠳᠡᠭᠡᠳᠦ ᠳᠡᠰ᠎ᠤᠨ ᠠᠵᠤ ᠦᠢ᠍ᠯᠡᠰ᠎ᠤᠨ ᠬᠥᠲᠥᠯᠥᠨ ᠳᠠᠭ᠋ᠠᠭᠤᠯᠬᠤ ᠴᠢᠳᠠᠮᠵᠢ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠪᠦᠭᠦ ᠪᠥᠮᠪᠥᠷᠴᠡᠭ᠎ᠤᠨ ᠨᠥᠯᠥᠭᠡᠯᠡᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠥᠨᠳᠥᠷᠯᠢᠭ᠎ᠢ ᠲᠦᠷᠭᠡᠳᠬᠡᠨ ᠪᠠᠢ᠌ᠭᠤᠯᠵᠤ ᠪᠦᠲᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃


11.jpg


    4 ᠰᠠᠷ᠎ᠠ ᠵᠢᠨ 29᠎ᠤ ᠡᠳᠦᠷ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠱᠠᠩᠬᠠᠢ᠎ᠳᠤ ᠰᠢᠨᠵᠢᠯᠡᠨ ᠪᠠᠢ᠌ᠴᠠᠭ᠋ᠠᠪᠠ᠃ ᠵᠢᠷᠤᠭ ᠪᠣᠯ᠂ ᠰᠢᠦᠢ ᠬᠤᠢ ᠲᠣᠭᠣᠷᠢᠭ᠎ᠲᠤ ᠪᠠᠢ᠌ᠷᠢᠯᠠᠵᠤ ᠪᠠᠢ᠌ᠭ᠎ᠠ ᠱᠠᠩᠬᠠᠢ ᠵᠢᠨ 《ᠮᠦᠸᠧ ᠰᠦ᠍ ᠣᠷᠣᠨ ᠵᠠᠢ》 ᠲᠣᠮᠣ ᠵᠠᠭᠪᠤᠷ᠎ᠤᠨ ᠰᠢᠨ᠎ᠡ ᠵᠢ ᠡᠭᠦᠳᠬᠦ ᠠᠮᠢ ᠠᠬᠤᠢ ᠵᠢᠨ ᠨᠡᠢ᠌ᠭᠡᠮ ᠲᠣᠭᠣᠷᠢᠭ᠎ᠤᠨ ᠵᠣᠬᠢᠶᠠᠮᠠᠯ ᠣᠶᠤᠨ ᠴᠢᠳᠠᠪᠤᠷᠢ ᠵᠢᠨ ᠦᠢ᠍ᠯᠡᠳᠬᠦᠨ᠎ᠢ ᠪᠡᠶᠡᠴᠢᠯᠡᠨ ᠣᠢ᠌ᠯᠠᠭ᠋ᠠᠬᠤ ᠳᠡᠯᠭᠡᠭᠦᠷ᠎ᠲᠤ ᠰᠢᠨᠵᠢᠯᠡᠨ ᠪᠠᠢ᠌ᠴᠠᠭ᠋ᠠᠵᠤ ᠪᠠᠢ᠌ᠭ᠎ᠠ᠎ᠨᠢ᠃

    ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ

    29᠎ᠤ ᠦᠳᠡ ᠵᠢᠨ ᠡᠮᠦᠨ᠎ᠡ᠂ ᠰᠢ ᠵᠢᠨ ᠫᠢᠩ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠱᠠᠩᠬᠠᠢ ᠬᠤᠳᠠ ᠵᠢᠨ ᠨᠠᠮ᠎ᠤᠨ ᠬᠣᠷᠢᠶ᠎ᠠ ᠵᠢᠨ ᠱᠦᠵᠢ ᠴᠧᠨ ᠵᠢᠢ ᠨᠢᠩ ᠪᠣᠯᠣᠨ ᠬᠤᠳᠠ ᠵᠢᠨ ᠳᠠᠷᠤᠭ᠎ᠠ ᠭᠦᠩ ᠵᠧᠩ᠎ᠤᠨ ᠪᠠᠷ᠎ᠠ ᠪᠤᠯᠤᠯᠭ᠎ᠠ᠎ᠲᠠᠢ᠎ᠪᠠᠷ ᠰᠢᠦᠢ ᠬᠤᠢ ᠲᠣᠭᠣᠷᠢᠭ᠎ᠲᠤ ᠪᠠᠢ᠌ᠷᠢᠯᠠᠵᠤ ᠪᠠᠢ᠌ᠭ᠎ᠠ ᠱᠠᠩᠬᠠᠢ ᠵᠢᠨ 《ᠮᠦᠸᠧ ᠰᠦ᠍ ᠣᠷᠣᠨ ᠵᠠᠢ》 ᠲᠣᠮᠣ ᠵᠠᠭᠪᠤᠷ᠎ᠤᠨ ᠰᠢᠨ᠎ᠡ ᠵᠢ ᠡᠭᠦᠳᠬᠦ ᠠᠮᠢ ᠠᠬᠤᠢ ᠵᠢᠨ ᠨᠡᠢ᠌ᠭᠡᠮ ᠲᠣᠭᠣᠷᠢᠭ᠎ᠲᠤ ᠪᠠᠢ᠌ᠴᠠᠭ᠋ᠠᠨ ᠰᠤᠳᠤᠯᠤᠯᠲᠠ ᠬᠢᠪᠡ᠃

    《ᠮᠦᠸᠧ ᠰᠦ᠍ ᠣᠷᠣᠨ ᠵᠠᠢ》 ᠪᠣᠯ ᠱᠠᠩᠬᠠᠢ ᠬᠤᠲᠠ ᠵᠢᠨ ᠡᠭᠦᠳᠦᠭᠰᠡᠨ ᠵᠣᠬᠢᠶᠠᠮᠠᠯ ᠣᠶᠤᠨ ᠴᠢᠳᠠᠪᠤᠷᠢ ᠵᠢᠨ ᠲᠣᠮᠣ ᠵᠠᠭᠪᠤᠷ᠎ᠤᠨ ᠲᠤᠰᠬᠠᠢ ᠮᠡᠷᠭᠡᠵᠢᠯ᠎ᠤᠨ ᠨᠡᠪᠴᠢᠭᠦᠯᠬᠦ ᠪᠠ ᠲᠦᠷᠭᠡᠳᠬᠡᠬᠦ ᠲᠠᠪᠴᠠᠩ ᠪᠣᠯᠣᠨ᠎ᠠ᠂ ᠨᠢᠭᠡᠨᠲᠡ 100 ᠭᠠᠷᠤᠢ ᠠᠵᠤ ᠠᠬᠤᠢ᠌ᠯᠠᠯ ᠣᠷᠣᠵᠤ ᠰᠠᠭᠤᠪᠠ᠃ ᠰᠢ ᠵᠢᠨ ᠫᠢᠩ ᠠᠳᠡ ᠢᠷᠡᠵᠦ᠂ ᠸᠢᠳᠢᠤ᠋ ᠣᠬᠣᠷ ᠹᠢᠯᠢᠮ ᠵᠶ᠋ᠠᠷ ᠱᠠᠩᠬᠠᠢ ᠬᠤᠳᠠ ᠵᠢᠨ ᠵᠣᠬᠢᠶᠠᠮᠠᠯ ᠤᠶᠤᠨ ᠴᠢᠳᠠᠪᠤᠷᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠢ ᠣᠢ᠌ᠯᠠᠭ᠋ᠠᠵᠤ᠂ ᠭᠣᠣᠯᠳᠠᠯᠭ᠎ᠠ᠎ᠲᠠᠢ ᠨᠡᠪᠴᠢᠭᠦᠯᠬᠦ ᠠᠵᠤ ᠠᠬᠤᠢ᠌ᠯᠠᠯ᠎ᠤᠨ ᠲᠣᠮᠣ ᠵᠠᠭᠪᠤᠷ᠎ᠤᠨ ᠦᠢ᠍ᠯᠡᠳᠬᠦᠨ᠎ᠤ ᠦᠵᠡᠭᠦᠯᠭᠡ ᠵᠢ ᠪᠠᠢ᠌ᠴᠠᠭ᠋ᠠᠨ ᠦᠵᠡᠵᠦ᠂ ᠬᠣᠯᠪᠣᠭᠳᠠᠯ ᠪᠦᠬᠦᠢ ᠮᠡᠷᠭᠡᠵᠢᠯ᠎ᠤᠨ ᠰᠤᠳᠤᠯᠤᠨ ᠨᠡᠭᠡᠭᠡᠯᠲᠡ ᠪᠠ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠲᠠᠨᠢᠯᠴᠠᠭᠤᠯᠭ᠎ᠠ ᠵᠢ ᠰᠣᠨᠣᠰᠪᠠ᠃

    ᠰᠢ ᠵᠢᠨ ᠫᠢᠩ ᠱᠠᠩᠬᠠᠢ ᠵᠢᠨ ᠵᠣᠬᠢᠶᠠᠮᠠᠯ ᠤᠶᠤᠨ ᠴᠢᠳᠠᠪᠤᠷᠢ ᠵᠢ ᠢᠳᠡᠪᠬᠢᠲᠡᠢ ᠬᠥᠭᠵᠢᠭᠦᠯᠦᠭᠡᠳ ᠣᠯᠣᠭᠰᠠᠨ ᠪᠣᠳᠠᠲᠤ ᠦᠷ᠎ᠡ ᠪᠦᠲᠦᠮᠵᠢ ᠵᠢ ᠨᠤᠲᠠᠯᠠᠪᠠ᠃ ᠲᠡᠷᠡ᠂ ᠵᠣᠬᠢᠶᠠᠮᠠᠯ ᠣᠶᠤᠨ ᠴᠢᠳᠠᠪᠤᠷᠢ ᠵᠢᠨ ᠮᠡᠷᠭᠡᠵᠢᠯ ᠲᠦᠷᠭᠡᠨ ᠰᠢᠨᠡᠴᠢᠯᠡᠭᠳᠡᠵᠦ᠂ ᠶᠠᠭ ᠥᠷᠨᠢᠭᠦᠨ ᠬᠥᠭᠵᠢᠯᠲᠡ᠎ᠪᠠᠨ ᠤᠭᠲᠤᠵᠤ ᠪᠠᠢ᠌ᠨ᠎ᠠ᠂ ᠱᠠᠩᠬᠠᠢ ᠬᠤᠲᠠ ᠵᠢᠨ᠎ᠬᠢᠨ ᠲᠣᠮᠣ ᠵᠠᠭᠪᠤᠷ᠎ᠤᠨ ᠠᠵᠤ ᠦᠢ᠍ᠯᠡᠰ᠎ᠤᠨ ᠠᠮᠢ ᠠᠬᠤᠢ ᠵᠢᠨ ᠰᠢᠰᠲ᠋ᠧᠮ ᠵᠶ᠋ᠠᠷ ᠵᠣᠬᠢᠶᠠᠮᠠᠯ ᠣᠶᠤᠨ ᠴᠢᠳᠠᠪᠤᠷᠢ ᠵᠢᠨ ᠠᠵᠤ ᠦᠢ᠍ᠯᠡᠰ᠎ᠢ ᠨᠡᠪᠴᠢᠭᠦᠯᠦᠭᠰᠡᠨ ᠵᠡᠷᠭᠡ ᠠᠮᠵᠢᠯᠲᠠᠲᠠᠢ ᠲᠤᠷᠰᠢᠯᠭ᠎ᠠ᠎ᠪᠠᠨ ᠰᠠᠢ᠌ᠲᠤᠷ ᠳ᠋ᠦᠩᠨᠡᠵᠦ᠂ ᠰᠦᠪᠡᠭᠴᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠵᠣᠬᠢᠶᠠᠮᠠᠯ ᠣᠶᠤᠨ ᠴᠢᠳᠠᠪᠤᠷᠢ ᠵᠢᠨ ᠬᠥᠭᠵᠢᠯᠲᠡ ᠪᠣᠯᠣᠨ ᠵᠠᠰᠠᠯᠲᠠ ᠵᠡᠷᠭᠡ ᠡᠯ᠎ᠡ ᠲᠠᠯ᠎ᠠ᠎ᠪᠠᠷ ᠡᠮᠦᠨ᠎ᠡ ᠡᠩᠨᠡᠭᠡᠨ᠎ᠳᠤ ᠶᠠᠪᠤᠵᠤ᠂ ᠵᠢᠱ᠌ᠢᠶ᠎ᠡ ᠦᠵᠡᠭᠦᠯᠭᠦ ᠦᠢ᠍ᠯᠡᠳᠦᠯ ᠭᠠᠷᠭ᠋ᠠᠬᠤ᠎ᠪᠠᠷ ᠴᠢᠷᠮᠠᠢ᠌ᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃


6388160504064513308667064.jpg


    4 ᠰᠠᠷ᠎ᠠ ᠵᠢᠨ 29᠎ᠤ ᠡᠳᠦᠷ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠱᠠᠩᠬᠠᠢ᠎ᠳᠤ ᠰᠢᠨᠵᠢᠯᠡᠨ ᠪᠠᠢ᠌ᠴᠠᠭ᠋ᠠᠪᠠ᠃ ᠵᠢᠷᠤᠭ ᠪᠣᠯ᠂ ᠰᠢᠦᠢ ᠬᠤᠢ ᠲᠣᠭᠣᠷᠢᠭ᠎ᠲᠤ ᠪᠠᠢ᠌ᠷᠢᠯᠠᠵᠤ ᠪᠠᠢ᠌ᠭ᠎ᠠ ᠱᠠᠩᠬᠠᠢ ᠵᠢᠨ 《ᠮᠦᠸᠧ ᠰᠦ᠍ ᠣᠷᠣᠨ ᠵᠠᠢ》 ᠲᠣᠮᠣ ᠵᠠᠭᠪᠤᠷ᠎ᠤᠨ ᠰᠢᠨ᠎ᠡ ᠵᠢ ᠡᠭᠦᠳᠬᠦ ᠠᠮᠢ ᠠᠬᠤᠢ ᠵᠢᠨ ᠨᠡᠢ᠌ᠭᠡᠮ ᠲᠣᠭᠣᠷᠢᠭ᠎ᠲᠤ᠂ 《ᠳᠠᠷᠠᠭ᠋ᠠᠴᠢ ᠵᠢᠨ ᠨᠢᠭᠡ ᠦᠶ᠎ᠡ ᠵᠢᠨ ᠣᠶᠤᠨᠴᠢ ᠴᠣᠭᠴᠠ ᠵᠢᠨ ᠪᠡᠶ᠎ᠡ᠎ᠪᠠᠨ ᠳᠠᠭ᠋ᠠᠭ᠋ᠠᠭᠰᠠᠨ ᠬᠤᠪᠢᠰᠤᠯ》 ᠭᠣᠣᠯ ᠰᠡᠳᠦᠪᠲᠦ ᠱᠠᠯᠦ᠋ᠨ᠎ᠳᠤ ᠣᠷᠣᠯᠴᠠᠵᠤ ᠪᠠᠢ᠌ᠭᠰᠠᠨ ᠰᠢᠨ᠎ᠡ ᠵᠢ ᠡᠭᠦᠳᠬᠦ ᠵᠠᠯᠠᠭᠤ ᠴᠢᠳᠠᠪᠤᠷᠢᠲᠠᠨ ᠨᠠᠷ᠎ᠲᠠᠢ ᠳᠣᠲᠣᠨᠣ᠎ᠪᠠᠷ ᠶᠠᠷᠢᠯᠴᠠᠵᠤ ᠪᠠᠢ᠌ᠭ᠎ᠠ᠎ᠨᠢ᠃

    ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ

    《ᠮᠦᠸᠧ ᠰᠦ᠍ ᠣᠷᠣᠨ ᠵᠠᠢ》 ᠵᠢᠨ 3 ᠳᠠᠪᠬᠤᠷᠭ᠎ᠠ᠎ᠳᠤ᠂ 《ᠳᠠᠷᠠᠭ᠋ᠠᠴᠢ ᠵᠢᠨ ᠨᠢᠭᠡ ᠦᠶ᠎ᠡ ᠵᠢᠨ ᠣᠶᠤᠨᠴᠢ ᠴᠣᠭᠴᠠ ᠵᠢᠨ ᠪᠡᠶ᠎ᠡ᠎ᠪᠠᠨ ᠳᠠᠭ᠋ᠠᠭ᠋ᠠᠭᠰᠠᠨ ᠬᠤᠪᠢᠰᠤᠯ》 ᠭᠣᠣᠯ ᠰᠡᠳᠦᠪᠲᠦ ᠱᠠᠯᠦ᠋ᠨ ᠶᠠᠪᠤᠭᠳᠠᠵᠤ ᠪᠠᠢ᠌ᠯ᠎ᠠ᠃ ᠰᠢ ᠵᠢᠨ ᠫᠢᠩ ᠪᠠᠶᠠᠷ᠎ᠲᠠᠢ᠎ᠪᠠᠷ ᠲᠤᠰ ᠱᠠᠯᠦ᠋ᠨ᠎ᠳᠤ ᠣᠷᠣᠯᠴᠠᠵᠤ᠂ ᠲᠤᠬᠠᠢ ᠵᠢᠨ ᠲᠠᠯᠠᠪᠠᠢ᠎ᠳᠤ ᠪᠠᠢ᠌ᠭᠰᠠᠨ ᠰᠢᠨ᠎ᠡ ᠵᠢ ᠡᠭᠦᠳᠬᠦ ᠵᠠᠯᠠᠭᠤ ᠴᠢᠳᠠᠪᠤᠷᠢᠲᠠᠨ ᠨᠠᠷ᠎ᠲᠠᠢ ᠳᠣᠲᠣᠨᠣ᠎ᠪᠠᠷ ᠶᠠᠷᠢᠯᠴᠠᠪᠠ᠃ ᠤᠯᠠᠨ ᠵᠶ᠋ᠠᠷ ᠵᠶ᠋ᠠᠨ ᠶᠡᠷᠦᠩᠬᠡᠢ ᠱᠦᠵᠢ᠎ᠳᠤ ᠥᠪᠡᠷ᠎ᠤᠨ ᠪᠠᠢ᠌ᠭ᠎ᠠ ᠪᠦᠯᠭᠦᠮ᠎ᠤᠨ ᠵᠶ᠋ᠠᠨ ᠵᠣᠬᠢᠶᠠᠮᠠᠯ ᠤᠶᠤᠨ ᠴᠢᠳᠠᠪᠤᠷᠢ ᠵᠢᠨ ᠮᠡᠷᠭᠡᠵᠢᠯ᠎ᠤᠨ ᠰᠤᠳᠤᠯᠭ᠋ᠠᠨ ᠥᠷᠨᠢᠭᠦᠯᠵᠦ ᠪᠠᠢ᠌ᠬᠤ ᠪᠠ ᠠᠵᠤ ᠦᠢ᠍ᠯᠡᠰ᠎ᠤᠨ ᠬᠡᠷᠡᠭᠯᠡᠯᠲᠡ ᠵᠢᠨ ᠲᠤᠬᠠᠢ ᠣᠯᠣᠯᠲᠠ ᠲᠥᠷᠥᠭᠳᠡᠯ ᠵᠶ᠋ᠠᠨ ᠬᠠᠷᠢᠭᠤ ᠮᠡᠳᠡᠭᠦᠯᠪᠡ᠃ ᠰᠢ ᠵᠢᠨ ᠫᠢᠩ ᠤᠯᠠᠨ᠎ᠳᠤ᠂ ᠵᠣᠬᠢᠶᠠᠮᠠᠯ ᠤᠶᠤᠨ ᠴᠢᠳᠠᠪᠤᠷᠢ ᠪᠣᠯ ᠰᠢᠨ᠎ᠡ᠎ᠪᠠᠷ ᠮᠠᠨᠳᠤᠵᠤ ᠪᠠᠢ᠌ᠭ᠎ᠠ ᠦᠢ᠍ᠯᠡᠰ ᠮᠥᠨ᠂ ᠮᠥᠨ ᠴᠤ᠌ ᠵᠠᠯᠠᠭᠤᠴᠤᠳ᠎ᠤᠨ ᠦᠢ᠍ᠯᠡᠰ ᠮᠥᠨ᠃ ᠪᠢᠳᠡ ᠶᠠᠭ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠵᠤ ᠪᠠᠢ᠌ᠨ᠎ᠠ᠂ ᠶᠠᠭ ᠰᠠᠢ᠌ᠬᠠᠨ ᠵᠠᠯᠠᠭᠤ ᠨᠢᠭᠡ ᠦᠶ᠎ᠡ ᠵᠢᠨ᠎ᠬᠢᠨ᠎ᠤ ᠡᠷᠳᠡᠮ ᠴᠢᠳᠠᠪᠤᠷᠢ᠎ᠪᠠᠨ ᠢᠯᠡᠷᠡᠭᠦᠯᠵᠦ᠂ ᠠᠪᠢᠶᠠᠰ ᠴᠢᠳᠠᠪᠤᠷᠢ᠎ᠪᠠᠨ ᠶᠡᠬᠡ᠎ᠪᠠᠷ ᠪᠠᠳᠠᠷᠠᠭᠤᠯᠬᠤ ᠰᠠᠢ᠌ᠨ ᠴᠠᠭ ᠦᠶ᠎ᠡ ᠪᠣᠯᠣᠨ᠎ᠠ᠃ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠬᠦᠰᠡᠯ ᠡᠷᠡᠮᠡᠯᠵᠡᠯ᠎ᠢ ᠪᠡᠶᠡᠯᠡᠭᠦᠯᠬᠦ᠎ᠳᠤ ᠵᠠᠯᠠᠭᠤᠴᠤᠳ᠎ᠲᠤ ᠬᠦᠰᠡᠯ ᠡᠷᠡᠮᠡᠯᠵᠡᠯ ᠵᠶ᠋ᠠᠨ ᠲᠠᠯᠪᠢᠵᠤ ᠪᠠᠢ᠌ᠨ᠎ᠠ᠃ ᠤᠯᠠᠨ ᠵᠶ᠋ᠠᠷ ᠵᠶ᠋ᠠᠨ ᠡᠬᠡ ᠣᠷᠣᠨᠴᠢ ᠰᠡᠳᠬᠢᠯᠭᠡ ᠵᠢ ᠡᠪᠦᠷᠯᠡᠵᠦ᠂ ᠤᠯᠤᠰ᠎ᠲᠠᠭᠠᠨ ᠵᠢᠳᠬᠦᠬᠦ ᠵᠣᠷᠢᠭ᠎ᠢ ᠡᠪᠦᠷᠯᠡᠨ᠂ ᠤᠯᠤᠰ ᠵᠶ᠋ᠠᠨ ᠬᠦᠴᠦᠷᠬᠡᠭᠵᠢᠭᠦᠯᠬᠦ ᠴᠢᠳᠠᠪᠤᠷᠢ᠎ᠪᠠᠨ ᠨᠡᠮᠡᠭᠳᠡᠭᠦᠯᠵᠦ᠂ ᠬᠤᠪᠢ ᠬᠥᠮᠥᠨ᠎ᠤ ᠲᠡᠮᠡᠴᠡᠯ ᠵᠶ᠋ᠠᠨ ᠤᠯᠤᠰ᠎ᠤᠨ ᠢᠷᠡᠭᠡᠳᠦᠢ ᠬᠤᠪᠢ ᠵᠠᠶᠠᠭ᠎ᠠ᠎ᠲᠠᠢ ᠨᠢᠭᠲᠠ ᠬᠣᠯᠪᠣᠵᠤ᠂ ᠲᠡᠦᠬᠡ ᠵᠢᠨ ᠪᠤᠤᠬᠢᠶ᠎ᠠ ᠵᠢ ᠰᠠᠢ᠌ᠲᠤᠷ ᠳᠠᠮᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠥᠷᠭᠡᠨ ᠠᠭᠤᠳᠠᠮ ᠲᠠᠪᠴᠠᠩ ᠳᠡᠭᠡᠷ᠎ᠡ ᠵᠠᠯᠠᠭᠤ ᠨᠠᠰᠤᠨ᠎ᠤ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠬᠡᠷᠡᠭᠲᠡᠢ ᠭᠡᠪᠡ᠃

    ᠳᠠᠷᠠᠭ᠎ᠠ᠎ᠨᠢ᠂ ᠰᠢ ᠵᠢᠨ ᠫᠢᠩ ᠵᠣᠬᠢᠶᠠᠮᠠᠯ ᠣᠶᠤᠨ ᠴᠢᠳᠠᠪᠤᠷᠢ ᠵᠢᠨ ᠦᠢ᠍ᠯᠡᠳᠬᠦᠨ᠎ᠢ ᠪᠡᠶᠡᠴᠢᠯᠡᠨ ᠣᠢ᠌ᠯᠠᠭ᠋ᠠᠬᠤ ᠳᠡᠯᠭᠡᠭᠦᠷ᠎ᠲᠤ ᠣᠷᠣᠪᠠ᠃ ᠯᠠᠩᠭᠦᠢ ᠳᠡᠭᠡᠷ᠎ᠡ ᠲᠠᠯᠪᠢᠭ᠋ᠠᠰᠤᠲᠠᠢ ᠣᠶᠤᠨᠴᠢ ᠨᠢᠳᠦᠨ ᠰᠢᠯ᠂ ᠣᠶᠤᠨᠴᠢ ᠬᠡᠦᠬᠡᠳ᠎ᠤᠨ ᠲᠣᠭᠯᠠᠭ᠋ᠠᠮ᠂ ᠣᠶᠤᠨᠴᠢ ᠬᠥᠭᠵᠢᠮ ᠵᠡᠷᠭᠡ ᠰᠢᠨ᠎ᠡ ᠡᠭᠦᠳᠦᠯᠲᠡ ᠵᠢᠨ ᠦᠢ᠍ᠯᠡᠳᠬᠦᠨ᠎ᠨᠦᠭᠦᠳ ᠠᠩᠬᠠᠷᠤᠯ᠎ᠢ ᠤᠨᠴᠠᠭ᠋ᠠᠢ ᠲᠠᠲᠠᠵᠤ ᠪᠠᠢ᠌ᠯ᠎ᠠ᠂ ᠰᠢ ᠵᠢᠨ ᠫᠢᠩ ᠦᠢ᠍ᠯᠡᠳᠬᠦᠨ᠎ᠤ ᠴᠢᠳᠠᠮᠵᠢ ᠪᠣᠯᠣᠨ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢ ᠨᠠᠷᠢᠨ ᠣᠢ᠌ᠯᠠᠭ᠋ᠠᠭᠰᠠᠨ ᠪᠥᠭᠡᠳ ᠪᠠᠰᠠ ᠤᠷᠮ᠎ᠠ᠎ᠲᠠᠢ᠎ᠪᠠᠷ ᠨᠢᠭᠡᠨ ᠣᠶᠤᠨᠴᠢ ᠨᠢᠳᠦᠨ ᠰᠢᠯ᠎ᠢ ᠠᠪᠴᠤ ᠵᠡᠭᠦᠨ ᠪᠡᠶᠡᠴᠢᠯᠡᠨ ᠣᠢ᠌ᠯᠠᠭ᠋ᠠᠪᠠ᠃ ᠲᠡᠷᠡ᠂ ᠮᠠᠨ᠎ᠤ ᠤᠯᠤᠰ᠎ᠤᠨ ᠳ᠋ᠠᠢ᠌ᠲ᠋ᠠ ᠵᠢᠨ ᠡᠬᠢ ᠪᠠᠶᠠᠯᠢᠭ ᠡᠯᠪᠡᠭ᠂ ᠠᠵᠤ ᠦᠢ᠍ᠯᠡᠰ᠎ᠤᠨ ᠰᠢᠰᠲ᠋ᠧᠮ ᠪᠦᠷᠢᠨ ᠲᠡᠭᠦᠯᠳᠡᠷ᠂ ᠵᠠᠬ᠎ᠠ ᠳᠡᠯᠭᠡᠭᠦᠷ᠎ᠤᠨ ᠣᠷᠣᠨ ᠵᠠᠢ ᠯᠤᠲᠤ ᠶᠡᠬᠡ᠂ ᠵᠣᠬᠢᠶᠠᠮᠠᠯ ᠤᠶᠤᠨ ᠴᠢᠳᠠᠪᠤᠷᠢ ᠵᠢᠨ ᠬᠥᠭᠵᠢᠯᠲᠡ ᠵᠢᠨ ᠢᠷᠡᠭᠡᠳᠦᠢ ᠥᠷᠭᠡᠨ ᠠᠭᠤᠳᠠᠮ ᠪᠠᠢ᠌ᠨ᠎ᠠ᠂ ᠲᠦᠷᠦ ᠵᠢᠨ ᠪᠣᠳᠣᠯᠭ᠎ᠠ ᠵᠢᠨ ᠳᠡᠮᠵᠢᠯᠭᠡ ᠪᠣᠯᠣᠨ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠵᠤ᠂ ᠨᠡᠩ ᠤᠯᠠᠨ ᠠᠮᠤᠷ ᠲᠦᠪᠰᠢᠨ ᠨᠠᠢ᠌ᠳᠠᠪᠤᠷᠢᠲᠠᠢ ᠴᠢᠨᠠᠷ ᠰᠠᠢ᠌ᠲᠠᠢ ᠦᠢ᠍ᠯᠡᠳᠬᠦᠨ᠎ᠢ ᠴᠢᠷᠮᠠᠢ᠌ᠨ ᠨᠡᠭᠡᠭᠡᠨ ᠬᠥᠭᠵᠢᠭᠦᠯᠬᠦ ᠬᠡᠷᠡᠭᠲᠡᠢ ᠭᠡᠵᠦ ᠢᠯᠡᠳᠬᠡᠪᠡ᠃

    ᠠᠶᠠᠷᠯᠠᠬᠤ ᠦᠶ᠎ᠡ᠎ᠳᠤ᠂ ᠰᠢᠨ᠎ᠡ ᠵᠢ ᠡᠭᠦᠳᠬᠦ ᠠᠮᠢ ᠠᠬᠤᠢ ᠵᠢᠨ ᠨᠡᠢ᠌ᠭᠡᠮ ᠲᠣᠭᠣᠷᠢᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ ᠪᠣᠯᠣᠨ ᠠᠵᠤ ᠠᠬᠤᠢ᠌ᠯᠠᠯ᠎ᠤᠨ ᠠᠵᠢᠯᠲᠠᠳ ᠥᠨᠳᠥᠷ ᠲᠠᠭᠤᠨ ᠵᠶ᠋ᠠᠷ ᠶᠡᠷᠦᠩᠬᠡᠢ ᠱᠦᠵᠢ ᠵᠢᠨ ᠠᠮᠤᠷ᠎ᠢ ᠠᠰᠠᠭᠤᠵᠤ᠂ ᠶᠡᠷᠦᠩᠬᠡᠢ ᠱᠦᠵᠢ ᠵᠢᠨ ᠳᠠᠭᠢᠭ᠋ᠠᠳ ᠢᠷᠡᠬᠦ ᠵᠢ ᠪᠠᠶᠠᠷᠯᠠᠨ ᠤᠭᠲᠤᠵᠤ ᠪᠠᠢ᠌ᠬᠤ᠎ᠪᠠᠨ ᠢᠯᠡᠳᠬᠡᠪᠡ᠃ ᠰᠢ ᠵᠢᠨ ᠫᠢᠩ ᠤᠯᠠᠨ᠎ᠤ ᠵᠦᠭ ᠪᠠᠢ᠌ᠨ ᠲᠠᠭᠢᠨ ᠭᠠᠷ ᠳᠠᠯᠠᠯᠤᠨ ᠮᠡᠨᠳᠦᠴᠢᠯᠡᠵᠦ᠂ ᠤᠯᠠᠨ᠎ᠤ 《5 · 1》᠎ᠤ ᠬᠥᠳᠡᠯᠮᠦᠷᠢᠴᠢᠳ᠎ᠤᠨ ᠪᠠᠶᠠᠷ᠎ᠤᠨ ᠡᠳᠦᠷ ᠵᠶ᠋ᠠᠨ ᠪᠠᠶᠠᠷ ᠪᠠᠶᠠᠰᠤᠯ᠎ᠲᠠᠢ ᠥᠩᠭᠡᠷᠡᠭᠦᠯᠬᠦ ᠵᠢ ᠵᠥᠩᠨᠡᠵᠦ᠂ ᠤᠯᠠᠨ᠎ᠢ ᠲᠠᠰᠤᠷᠠᠯᠳᠠ ᠦᠭᠡᠢ ᠰᠢᠨ᠎ᠡ ᠠᠮᠵᠢᠯᠲᠠ ᠪᠦᠲᠦᠮᠵᠢ ᠭᠠᠷᠭ᠋ᠠᠵᠤ᠂ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃

    ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ᠂ ᠲᠥᠪ᠎ᠤᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ᠃

    ᠾᠧ ᠯᠢ ᠹᠧᠩ ᠵᠢᠴᠢ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ᠃

        ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠮᠣᠰᠺᠸᠠ᠎ᠳᠤ ᠬᠦᠷᠴᠦ ᠣᠷᠣᠰ᠎ᠲᠤ ᠲᠥᠷᠥ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠬᠡ ᠤᠯᠤᠰ ᠵᠶ᠋ᠠᠨ ᠬᠠᠮᠠᠭ᠋ᠠᠯᠠᠬᠤ ᠳᠠᠶ᠋ᠢᠨ ᠢᠯᠠᠯᠲᠠ ᠣᠯᠣᠭᠰᠠᠨ 80 ᠵᠢᠯ᠎ᠤᠨ ᠣᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠪᠠ
ᠰᠢ ᠵᠢᠨ ᠫᠢᠩ ᠤᠷᠤᠰ᠎ᠤᠨ ᠶᠡᠷᠦᠩᠬᠡᠢ᠌ᠯᠡᠭᠴᠢ ᠫᠦᠲ᠋ᠢᠨ᠎ᠲᠠᠢ ᠬᠡᠯᠡᠯᠴᠡᠭᠡ ᠬᠢᠪᠡ
ᠰᠢ ᠵᠢᠨ ᠫᠢᠩ ᠳᠤᠮᠳᠠᠳᠤ ᠤᠯᠤᠰ—ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠢ᠌ᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ
ᠰᠢ ᠵᠢᠨ ᠫᠢᠩ ᠾᠧᠨᠠᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠢᠲᠡᠭᠡᠯ ᠵᠣᠷᠢᠭ ᠵᠶ᠋ᠠᠨ ᠪᠠᠲᠤᠳᠬᠠᠵᠤ ᠴᠢᠨᠠᠷ ᠰᠠᠢ᠌ᠲᠠᠢ ᠬᠥᠭᠵᠢᠯᠲᠡ ᠥᠨᠳᠥᠷ ᠪᠦᠲᠦᠮᠵᠢᠲᠡᠶ ᠵᠠᠰᠠᠯᠲᠠ ᠵᠢ ᠠᠬᠢᠭᠤᠯᠵᠤ ᠳᠤᠮᠳᠠᠳᠤ ᠣᠷᠣᠨ᠎ᠤ ᠡᠬᠡ ᠭᠠᠵᠠᠷ᠎ᠲᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
 
            