ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠾᠧᠨᠠᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠢᠲᠡᠭᠡᠯ ᠵᠣᠷᠢᠭ ᠵᠶ᠋ᠠᠨ ᠪᠠᠲᠤᠳᠬᠠᠵᠤ ᠴᠢᠨᠠᠷ ᠰᠠᠢ᠌ᠲᠠᠢ ᠬᠥᠭᠵᠢᠯᠲᠡ ᠥᠨᠳᠥᠷ ᠪᠦᠲᠦᠮᠵᠢᠲᠡᠶ ᠵᠠᠰᠠᠯᠲᠠ ᠵᠢ ᠠᠬᠢᠭᠤᠯᠵᠤ ᠳᠤᠮᠳᠠᠳᠤ ᠣᠷᠣᠨ᠎ᠤ ᠡᠬᠡ ᠭᠠᠵᠠᠷ᠎ᠲᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ
ᠨᠡᠶ᠋ᠢᠲᠡᠯᠡᠭᠰᠡᠨ ᠴᠠᠭ᠄ 2025-05-22

      ᠰᠢᠨᠬᠤᠸᠠ ᠬᠣᠷᠢᠶ᠎ᠠ ᠵᠢᠨ ᠵᠧᠩᠵᠧᠦ ᠵᠢᠨ 5 ᠰᠠᠷ᠎ᠠ ᠵᠢᠨ 20᠎ᠤ ᠴᠠᠭᠢᠯᠭ᠋ᠠᠨ ᠮᠡᠳᠡᠭᠡ   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠢ᠌ᠷ᠎ᠠ ᠵᠢᠨ ᠡᠳᠦᠷ ᠾᠧᠨᠠᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ᠂ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠾᠧᠨᠠᠨ ᠮᠤᠵᠢ ᠵᠢᠨ᠎ᠬᠢᠨ ᠨᠠᠮ᠎ᠤᠨ ᠲᠥᠪ ᠬᠣᠷᠢᠶ᠎ᠠ ᠵᠢᠨ ᠳᠤᠮᠳᠠᠳᠤ ᠣᠷᠣᠨ᠎ᠢ ᠲᠦᠷᠭᠡᠨ ᠬᠥᠭᠵᠢᠭᠦᠯᠬᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠡᠷᠭᠡ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ ᠪᠠ ᠬᠥᠳᠡᠭᠡ ᠠᠵᠤ ᠠᠬᠤᠢ ᠵᠢᠨ ᠬᠦᠴᠦᠷᠬᠡᠭ ᠮᠤᠵᠢ ᠵᠢ ᠬᠦᠴᠦᠯᠡᠨ ᠪᠠᠢ᠌ᠭᠤᠯᠵᠤ᠂ ᠠᠷᠠᠳ᠎ᠤᠨ ᠠᠮᠢᠳᠤᠷᠠᠯ᠎ᠢ ᠬᠦᠴᠦᠯᠡᠨ ᠰᠠᠢ᠌ᠵᠢᠷᠠᠭᠤᠯᠵᠤ᠂ ᠨᠡᠢ᠌ᠭᠡᠮ᠎ᠤᠨ ᠵᠠᠰᠠᠯᠲᠠ ᠵᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠦᠴᠦᠯᠡᠨ ᠴᠢᠩᠭ᠋ᠠᠳᠬᠠᠵᠤ᠂ ᠰᠣᠶᠣᠯ᠎ᠤᠨ ᠴᠡᠴᠡᠭᠯᠡᠯ ᠬᠥᠭᠵᠢᠯ᠎ᠢ ᠬᠦᠴᠦᠯᠡᠨ ᠠᠬᠢᠭᠤᠯᠵᠤ᠂ ᠴᠢᠨᠠᠷ ᠰᠠᠢ᠌ᠲᠠᠢ ᠬᠥᠭᠵᠢᠯᠲᠡ ᠪᠠ ᠥᠨᠳᠥᠷ ᠪᠦᠲᠦᠮᠵᠢᠲᠡᠢ ᠵᠠᠰᠠᠯᠲᠠ᠎ᠪᠠᠷ ᠳᠤᠮᠳᠠᠳᠤ ᠣᠷᠣᠨ᠎ᠤ ᠡᠬᠡ ᠭᠠᠵᠠᠷ᠎ᠲᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃


11.jpg


    5 ᠰᠠᠷ᠎ᠠ ᠵᠢᠨ 19᠎ᠠᠴᠠ 20᠎ᠤ ᠡᠳᠦᠷ ᠪᠤᠯᠳᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠾᠧᠨᠠᠨ᠎ᠳᠤ ᠰᠢᠨᠵᠢᠯᠡᠨ ᠪᠠᠢ᠌ᠴᠠᠭ᠋ᠠᠪᠠ᠃ ᠵᠢᠷᠤᠭ ᠪᠣᠯ 19᠎ᠤ ᠦᠳᠡ ᠵᠢᠨ ᠬᠣᠢ᠌ᠨ᠎ᠠ᠂ ᠰᠢ ᠵᠢᠨ ᠫᠢᠩ ᠯᠦᠧᠧᠶᠠᠩ᠎ᠤᠨ ᠬᠣᠯᠬᠣᠪᠴᠢ ᠵᠢᠨ ᠪᠦᠯᠦᠭᠯᠡᠯ ᠬᠤᠪᠢᠴᠠᠭ᠋ᠠᠳᠤ ᠬᠢᠵᠠᠭ᠋ᠠᠷᠲᠤ ᠺᠤᠮᠫᠠᠨᠢ ᠵᠢᠨ ᠣᠶᠤᠨᠴᠢ ᠦᠢ᠍ᠯᠡᠳᠪᠦᠷᠢ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠲᠠᠢ ᠬᠠᠮᠲᠤ ᠪᠠᠢ᠌ᠭ᠎ᠠ᠎ᠨᠢ᠃

    ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠶᠠᠨ ᠶᠠᠨ ᠰᠡᠭᠦᠳᠡᠷᠯᠡᠪᠡ

    5 ᠰᠠᠷ᠎ᠠ ᠵᠢᠨ 19᠎ᠠᠴᠠ 20᠎ᠤ ᠡᠳᠦᠷ ᠪᠤᠯᠲᠠᠯ᠎ᠠ᠂ ᠰᠢ ᠵᠢᠨ ᠫᠢᠩ ᠾᠧᠨᠠᠨ ᠮᠤᠵᠢ ᠵᠢᠨ ᠨᠠᠮ᠎ᠤᠨ ᠬᠣᠷᠢᠶ᠎ᠠ ᠵᠢᠨ ᠱᠦᠵᠢ ᠯᠢᠦ ᠨᠢᠩ ᠪᠣᠯᠣᠨ ᠮᠤᠵᠢ ᠵᠢᠨ ᠳᠠᠷᠤᠭ᠎ᠠ ᠸᠠᠩ ᠺᠠᠢ ᠵᠢᠨ ᠪᠠᠷ᠎ᠠ ᠪᠤᠯᠣᠯᠭ᠎ᠠ᠎ᠲᠠᠢ᠎ᠪᠠᠷ ᠤᠷᠢᠳ ᠬᠣᠵᠢᠳ ᠯᠦᠧᠧᠶᠠᠩ᠂ ᠵᠧᠩᠵᠧᠦ᠎ᠳᠤ ᠬᠦᠷᠴᠦ ᠰᠢᠨᠵᠢᠯᠡᠨ ᠪᠠᠢ᠌ᠴᠠᠭ᠋ᠠᠪᠠ᠃


22.jpg


    5 ᠰᠠᠷ᠎ᠠ ᠵᠢᠨ 19᠎ᠠᠴᠠ 20᠎ᠤ ᠡᠳᠦᠷ ᠪᠤᠯᠳᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠾᠧᠨᠠᠨ᠎ᠳᠤ ᠰᠢᠨᠵᠢᠯᠡᠨ ᠪᠠᠢ᠌ᠴᠠᠭ᠋ᠠᠪᠠ᠃ ᠵᠢᠷᠤᠭ ᠪᠣᠯ 19᠎ᠤ ᠦᠳᠡ ᠵᠢᠨ ᠬᠣᠢ᠌ᠨ᠎ᠠ᠂ ᠰᠢ ᠵᠢᠨ ᠫᠢᠩ ᠯᠦᠧᠧᠶᠠᠩ᠎ᠤᠨ ᠯᠦᠩᠮᠧᠨ᠎ᠤ ᠴᠢᠯᠠᠭᠤᠨ ᠠᠭᠤᠢ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠵᠢᠭᠤᠯᠴᠢᠯᠠᠬᠰᠡᠳ᠎ᠲᠠᠢ ᠳᠣᠲᠣᠨᠣ᠎ᠪᠠᠷ ᠶᠠᠷᠢᠯᠴᠠᠵᠤ ᠪᠠᠢ᠌ᠭ᠎ᠠ᠎ᠨᠢ᠃

    ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ

    19᠎ᠤ ᠦᠳᠡ ᠵᠢᠨ ᠬᠣᠢ᠌ᠨ᠎ᠠ᠂ ᠰᠢ ᠵᠢᠨ ᠫᠢᠩ ᠡᠩ ᠲᠡᠷᠢᠭᠦᠨ᠎ᠳᠤ ᠯᠦᠧᠧᠶᠠᠩ᠎ᠤᠨ ᠬᠣᠯᠬᠣᠪᠴᠢ ᠵᠢᠨ ᠪᠦᠯᠦᠭᠯᠡᠯ ᠬᠤᠪᠢᠴᠠᠭ᠋ᠠᠳᠤ ᠬᠢᠵᠠᠭ᠋ᠠᠷᠲᠤ ᠺᠤᠮᠫᠠᠨᠢ᠎ᠳᠤ ᠬᠦᠷᠴᠦ ᠰᠢᠨᠵᠢᠯᠡᠨ ᠪᠠᠢ᠌ᠴᠠᠭ᠋ᠠᠪᠠ᠃ ᠲᠤᠰ ᠺᠤᠮᠫᠠᠨᠢ ᠪᠣᠯ 《ᠠᠩᠬᠠᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠪᠠᠢ᠌ᠭᠤᠯᠤᠭᠳᠠᠭᠰᠠᠨ ᠤᠤᠯ᠎ᠤᠨ ᠯᠦᠧᠧᠶᠠᠩ᠎ᠤᠨ ᠬᠣᠯᠬᠣᠪᠴᠢ ᠵᠢᠨ ᠦᠢ᠍ᠯᠡᠳᠪᠦᠷᠢ ᠪᠣᠯᠣᠨ᠎ᠠ᠃ ᠣᠶᠤᠨᠴᠢ ᠦᠢ᠍ᠯᠡᠳᠪᠦᠷᠢ᠎ᠳᠤ᠂ ᠰᠢ ᠵᠢᠨ ᠫᠢᠩ ᠠᠵᠤ ᠠᠬᠤᠢ᠌ᠯᠠᠯ᠎ᠤᠨ ᠬᠥᠭᠵᠢᠯᠲᠡ ᠵᠢᠨ ᠶᠠᠪᠤᠴᠠ ᠵᠢ ᠣᠢ᠌ᠯᠠᠭ᠋ᠠᠵᠤ᠂ ᠠᠳᠠᠯᠢ ᠪᠤᠰᠤ ᠲᠥᠷᠥᠯ ᠭᠡᠯᠪᠡᠷᠢ ᠵᠢᠨ ᠬᠣᠯᠬᠣᠪᠴᠢ ᠵᠢᠨ ᠦᠢ᠍ᠯᠡᠳᠬᠦᠨ᠎ᠤ ᠬᠡᠷᠡᠭᠴᠡᠭᠡ ᠪᠣᠯᠣᠨ ᠴᠢᠳᠠᠮᠵᠢ ᠵᠢᠨ ᠲᠠᠨᠢᠯᠴᠠᠭᠤᠯᠭ᠎ᠠ ᠵᠢ ᠰᠣᠨᠣᠰᠴᠤ᠂ ᠦᠢ᠍ᠯᠡᠳᠪᠦᠷᠢᠯᠡᠯ᠎ᠤᠨ ᠱᠤᠭᠤᠮ᠎ᠤᠨ ᠳᠡᠷᠭᠡᠳᠡ ᠬᠦᠷᠴᠦ ᠦᠢ᠍ᠯᠡᠳᠪᠦᠷᠢᠯᠡᠯ᠎ᠤᠨ ᠶᠠᠪᠤᠴᠠ ᠵᠢ ᠪᠠᠢ᠌ᠴᠠᠭ᠋ᠠᠨ ᠦᠵᠡᠪᠡ᠃ ᠲᠡᠷᠡ ᠬᠦᠷᠢᠶᠡᠯᠡᠨ ᠢᠷᠡᠭᠰᠡᠨ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠳᠤ᠂ ᠦᠢ᠍ᠯᠡᠳᠬᠦ ᠦᠢ᠍ᠯᠡᠰ ᠪᠣᠯ ᠤᠯᠤᠰ ᠠᠷᠠᠳ᠎ᠤᠨ ᠠᠵᠤ ᠠᠬᠤᠢ ᠵᠢᠨ ᠴᠢᠬᠤᠯᠠ ᠲᠤᠯᠭ᠋ᠠᠭᠤᠷᠢ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠡᠷᠬᠡᠪᠰᠢ ᠦᠢ᠍ᠯᠡᠳᠬᠦ ᠦᠢ᠍ᠯᠡᠰ᠎ᠤᠨ ᠳᠠᠪᠠᠭᠤᠯᠢᠭ ᠵᠦᠢ ᠵᠣᠬᠢᠰᠲᠠᠢ ᠬᠤᠪᠢ ᠵᠢᠨ ᠵᠢᠩ᠎ᠢ ᠪᠠᠲᠤᠯᠠᠬᠤ ᠬᠡᠷᠡᠭᠲᠡᠢ᠃ ᠤᠳᠤ ᠦᠶ᠎ᠡ ᠵᠢᠨ ᠦᠢ᠍ᠯᠡᠳᠬᠦ ᠦᠢ᠍ᠯᠡᠰ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠦᠴᠦᠨ ᠣᠯᠭᠣᠬᠤ᠎ᠠᠴᠠ ᠰᠠᠯᠵᠤ ᠴᠢᠳᠠᠬᠤ ᠦᠭᠡᠢ ᠶᠤᠮ᠂ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠵᠢ ᠶᠡᠬᠡ᠎ᠪᠠᠷ ᠴᠢᠩᠭ᠋ᠠᠳᠬᠠᠵᠤ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠬᠥᠭᠵᠢᠯᠲᠡ ᠵᠢᠨ ᠵᠠᠮ ᠵᠶ᠋ᠠᠷ ᠵᠠᠮᠨᠠᠬᠤ ᠬᠡᠷᠡᠭᠲᠡᠢ ᠭᠡᠵᠦ ᠬᠡᠯᠡᠪᠡ᠃ ᠲᠡᠷᠡ ᠠᠵᠢᠯᠲᠠᠨ ᠠᠵᠢᠯᠴᠢᠨ᠎ᠢ ᠡᠵᠡᠨ ᠬᠥᠮᠥᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠵᠤ ᠠᠬᠤᠢ᠌ᠯᠠᠯ᠎ᠢ ᠬᠥᠭᠵᠢᠭᠦᠯᠬᠦ᠎ᠪᠠᠷ ᠴᠢᠷᠮᠠᠢ᠌ᠨ ᠠᠵᠢᠯᠯᠠᠵᠤ᠂ ᠢᠯᠡᠭᠦᠬᠡᠨ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃

      ᠲᠠᠷᠠᠭ᠎ᠠ᠎ᠨᠢ᠂ ᠰᠢ ᠵᠢᠨ ᠫᠢᠩ ᠵᠡᠭᠦᠨ ᠬᠠᠨ ᠤᠯᠤᠰ᠎ᠤᠨ ᠦᠶ᠎ᠡ᠎ᠳᠤ ᠪᠠᠢ᠌ᠭᠤᠯᠤᠭᠰᠠᠨ ᠴᠠᠭ᠋ᠠᠨ ᠮᠣᠷᠢᠨ ᠰᠦᠮ᠎ᠡ᠎ᠳᠤ ᠬᠦᠷᠴᠦ ᠰᠢᠨᠵᠢᠯᠡᠨ ᠪᠠᠢ᠌ᠴᠠᠭ᠋ᠠᠵᠤ᠂ ᠪᠤᠷᠬᠠᠨ ᠱᠠᠰᠢᠨ᠎ᠤ ᠳᠤᠮᠳᠠᠳᠤ ᠤᠯᠤᠰᠴᠢᠯᠠᠭᠰᠠᠨ ᠪᠠ ᠰᠦᠮ᠎ᠡ ᠬᠡᠢ᠌ᠳ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠪᠠᠢ᠌ᠳᠠᠯ᠎ᠢ ᠨᠠᠷᠢᠨ ᠣᠢ᠌ᠯᠠᠭ᠋ᠠᠪᠠ᠃ ᠲᠡᠷᠡ᠂ ᠴᠠᠭ᠋ᠠᠨ ᠮᠣᠷᠢᠨ ᠰᠦᠮ᠎ᠡ᠎ᠨᠢ ᠪᠤᠷᠬᠠᠨ ᠱᠠᠰᠢᠨ ᠤᠯᠠᠮᠵᠢᠯᠠᠭᠳᠠᠨ ᠢᠷᠡᠵᠤ᠂ ᠬᠥᠭᠵᠢᠭᠰᠡᠨ ᠪᠠ ᠲᠠᠰᠤᠷᠠᠯᠲᠠ ᠦᠭᠡᠢ ᠳᠤᠮᠳᠠᠳᠤ ᠤᠯᠤᠰᠴᠢᠯᠠᠭᠰᠠᠨ ᠠᠬᠢᠴᠠ ᠵᠢ ᠭᠡᠷᠡᠴᠢᠯᠡᠵᠦ ᠪᠤᠢ᠃ ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠬᠤ ᠪᠣᠯ ᠪᠦᠷᠢᠮᠦᠰᠦᠨ ᠵᠥᠪ ᠭᠡᠳᠡᠭ᠎ᠢ ᠲᠡᠦᠬᠡ ᠭᠡᠷᠡᠴᠢᠯᠡᠪᠡ᠂ ᠱᠠᠰᠢᠨ ᠰᠤᠷᠲᠠᠬᠤᠨ᠎ᠢ ᠢᠳᠡᠪᠬᠢᠲᠡᠢ ᠬᠥᠲᠥᠯᠥᠨ ᠵᠢᠯᠤᠭᠣᠳᠴᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠯᠤᠭ᠎ᠠ ᠠᠭᠤᠰᠤᠯᠴᠠᠭᠤᠯᠵᠤ᠂ ᠨᠡᠢ᠌ᠭᠡᠮ ᠵᠢᠷᠤᠮᠲᠤ ᠨᠡᠢ᠌ᠭᠡᠮ᠎ᠯᠦᠭᠡ ᠵᠣᠬᠢᠴᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃

  1500 ᠭᠠᠷᠤᠢ ᠵᠢᠯ᠎ᠤᠨ ᠲᠡᠦᠬᠡ᠎ᠲᠠᠢ ᠯᠦᠩᠮᠧᠨ᠎ᠤ ᠴᠢᠯᠠᠭᠤᠨ ᠠᠭᠤᠢ ᠪᠣᠯ ᠳᠡᠯᠡᠬᠡᠢ ᠵᠢᠨ ᠴᠢᠬᠤᠯᠠ ᠰᠣᠶᠣᠯ᠎ᠤᠨ ᠥᠪ ᠪᠣᠯᠣᠨ᠎ᠠ᠃ ᠰᠢ ᠵᠢᠨ ᠫᠢᠩ ᠠᠳᠡ ᠢᠷᠡᠵᠤ᠂ ᠴᠢᠯᠠᠭᠤᠨ ᠠᠭᠤᠢ ᠵᠢᠨ ᠪᠦᠬᠦᠯᠢ ᠴᠣᠭᠴᠠ ᠵᠢᠨ ᠪᠠᠢ᠌ᠷᠢᠰᠢᠭᠤᠯᠤᠯᠲᠠ ᠵᠢᠨ ᠳᠦᠷᠰᠦ ᠪᠠᠢ᠌ᠳᠠᠯ ᠪᠣᠯᠣᠨ ᠲᠥᠯᠥᠭᠡᠯᠡᠬᠦ ᠴᠢᠨᠠᠷᠲᠠᠢ ᠠᠭᠤᠢ ᠵᠢᠨ ᠭᠦᠩᠭ᠋ᠠᠷᠠᠪᠠ᠂ ᠭᠦᠷᠦᠭ ᠵᠢᠷᠤᠭ᠎ᠢ ᠪᠠᠢ᠌ᠴᠠᠭ᠋ᠠᠨ ᠦᠵᠡᠵᠦ᠂ ᠲᠤᠬᠠᠢ ᠵᠢᠨ ᠲᠠᠯᠠᠪᠠᠢ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯᠲᠠᠳ᠎ᠲᠠᠢ ᠳᠣᠲᠣᠨᠣ᠎ᠪᠠᠷ ᠶᠠᠷᠢᠯᠴᠠᠪᠠ᠃ ᠲᠡᠷᠡ᠂ ᠡᠳᠡᠭᠡᠷ ᠳᠤᠮᠳᠠᠳᠤ ᠵᠢᠨ ᠰᠣᠶᠣᠯ᠎ᠤᠨ ᠦᠨᠡᠲᠦ ᠡᠷᠳᠡᠨᠢ ᠵᠢ ᠰᠠᠢ᠌ᠲᠤᠷ ᠬᠠᠮᠠᠭ᠋ᠠᠯᠠᠵᠤ᠂ ᠰᠠᠢ᠌ᠲᠤᠷ ᠤᠯᠠᠮᠵᠢᠯᠠᠵᠤ᠂ ᠰᠠᠢ᠌ᠲᠤᠷ ᠵᠠᠯᠭ᠋ᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠢᠭᠤᠯᠴᠢᠯᠠᠬᠰᠠᠳ ᠶᠡᠷᠦᠩᠬᠡᠢ ᠱᠦᠵᠢ ᠵᠢ ᠣᠯᠵᠤ ᠦᠵᠡᠭᠡᠳ ᠮᠠᠰᠢ ᠪᠠᠶᠠᠷᠯᠠᠵᠤ ᠶᠡᠷᠦᠩᠬᠡᠢ ᠱᠦᠵᠢ᠎ᠲᠠᠢ ᠮᠡᠨᠳᠦᠴᠢᠯᠡᠵᠦ ᠪᠠᠢ᠌ᠯ᠎ᠠ᠃ ᠰᠢ ᠵᠢᠨ ᠫᠢᠩ ᠪᠠᠢ᠌ᠨ ᠪᠠᠢ᠌ᠨ ᠤᠯᠠᠨ᠎ᠲᠠᠢ ᠰᠠᠨᠠᠯ ᠵᠶ᠋ᠠᠨ ᠰᠣᠯᠢᠯᠴᠠᠵᠤ᠂ ᠪᠢᠴᠢᠬᠠᠨ ᠨᠠᠢ᠌ᠵᠠ ᠨᠠᠷ᠎ᠢ ᠲᠤᠬᠠᠢ ᠵᠢᠨ ᠭᠠᠵᠠᠷ᠎ᠲᠤᠨᠢ ᠢᠯᠡᠭᠦᠬᠡᠨ ᠣᠴᠢᠵᠤ ᠳᠤᠮᠳᠠᠳᠤ ᠵᠢᠨ ᠰᠣᠶᠣᠯ᠎ᠢ ᠡᠷᠢᠯᠬᠢᠯᠡᠵᠦ᠂ ᠬᠠᠷᠠᠬᠠᠨ ᠪᠠᠭ᠎ᠠ᠎ᠠᠴᠠ᠎ᠪᠠᠨ ᠰᠣᠶᠣᠯ᠎ᠤᠨ ᠢᠲᠡᠭᠡᠯ᠎ᠢ ᠪᠤᠢ ᠪᠤᠯᠭ᠋ᠠᠬᠤ ᠵᠢ ᠣᠨᠴᠠᠭ᠋ᠠᠢ᠌ᠯᠠᠨ ᠵᠣᠷᠢᠭᠵᠢᠭᠤᠯᠪᠠ᠃ ᠲᠡᠷᠡ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠢᠷᠡᠭᠡᠳᠦᠢ ᠭᠡᠭᠡᠨ ᠰᠠᠷᠠᠭᠤᠯ ᠶᠤᠮ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠦᠨᠡᠨ ᠬᠦ᠌ ᠲᠤᠯᠭ᠋ᠠᠭᠤᠷᠢ ᠠᠵᠤ ᠦᠢ᠍ᠯᠡᠰ᠂ ᠠᠷᠠᠳ᠎ᠤᠨ ᠠᠮᠢᠳᠤᠷᠠᠯ᠎ᠤᠨ ᠠᠵᠤ ᠦᠢ᠍ᠯᠡᠰ᠂ ᠵᠣᠯ ᠵᠢᠷᠭ᠋ᠠᠯᠲᠤ ᠠᠵᠤ ᠦᠢ᠍ᠯᠡᠰ ᠪᠣᠯᠭ᠋ᠠᠨ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃

  20᠎ᠤ ᠦᠳᠡ ᠵᠢᠨ ᠡᠮᠦᠨ᠎ᠡ᠂ ᠰᠢ ᠵᠢᠨ ᠫᠢᠩ ᠾᠧᠨᠠᠨ ᠮᠤᠵᠢ ᠵᠢᠨ ᠨᠠᠮ᠎ᠤᠨ ᠬᠣᠷᠢᠶ᠎ᠠ ᠪᠣᠯᠣᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠾᠧᠨᠠᠨ᠎ᠤ ᠡᠯ᠎ᠡ ᠲᠠᠯ᠎ᠠ ᠵᠢᠨ ᠣᠯᠣᠭᠰᠠᠨ ᠠᠮᠵᠢᠯᠲᠠ ᠵᠢ ᠨᠤᠲᠠᠯᠠᠵᠤ᠂ ᠳᠠᠷᠠᠭ᠋ᠠᠴᠢ ᠵᠢᠨ ᠠᠯᠬᠤᠮ᠎ᠤᠨ ᠠᠵᠢᠯ᠎ᠳᠤ ᠱᠠᠭ᠋ᠠᠷᠳᠠᠯᠭ᠎ᠠ ᠳᠤᠷᠠᠳᠪᠠ᠃

   ᠰᠢ ᠵᠢᠨ ᠫᠢᠩ᠂ ᠴᠢᠨᠠᠷ ᠰᠠᠢ᠌ᠲᠠᠢ ᠬᠥᠭᠵᠢᠯᠲᠡ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠃ ᠨᠠᠷᠢᠨ ᠪᠤᠳᠤᠯᠢᠶᠠᠨᠲᠠᠢ ᠭᠠᠳᠠᠭ᠋ᠠᠳᠤ ᠣᠷᠴᠢᠨ᠎ᠳᠤ ᠬᠠᠨᠳᠤᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠥᠪᠡᠷ᠎ᠤᠨ ᠶᠠᠪᠤᠳᠠᠯ ᠵᠶ᠋ᠠᠨ ᠡᠷᠡᠰ ᠭᠤᠢ᠌ᠪᠢᠰᠢ ᠦᠭᠡᠢ ᠰᠠᠢ᠌ᠲᠤᠷ ᠬᠢᠵᠦ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠡᠷᠡᠰ ᠭᠤᠢ᠌ᠪᠢᠰᠢ ᠦᠭᠡᠢ ᠥᠷᠭᠡᠳᠬᠡᠵᠦ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠤ ᠠᠬᠤᠢ᠌ᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ ᠵᠢ ᠲᠣᠭᠲᠠᠪᠤᠷᠢᠵᠢᠭᠤᠯᠬᠤ᠎ᠪᠠᠷ ᠬᠦᠴᠦᠯᠡᠵᠦ᠂ ᠴᠢᠨᠠᠷ ᠰᠠᠢ᠌ᠲᠠᠢ ᠬᠥᠭᠵᠢᠯᠲᠡ ᠵᠢᠨ ᠲᠣᠬᠲᠠᠭ᠋ᠠᠯᠲᠤ ᠴᠢᠨᠠᠷ ᠵᠶ᠋ᠠᠷ ᠡᠯ᠎ᠡ ᠵᠦᠢ᠍ᠯ᠎ᠤᠨ ᠲᠣᠬᠲᠠᠭ᠋ᠠᠯᠲᠤ ᠪᠤᠰᠤ ᠴᠢᠨᠠᠷ᠎ᠢ ᠠᠷᠭ᠋ᠠᠴᠠᠭ᠋ᠠᠬᠤ ᠬᠡᠷᠡᠭᠲᠡᠢ᠃ ᠾᠧᠨᠠᠨ ᠠᠵᠤ ᠠᠬᠤᠢ ᠵᠢᠨ ᠲᠣᠮᠣ ᠮᠤᠵᠢ ᠪᠣᠯᠤᠭᠰᠠᠨ᠎ᠤ ᠬᠤᠪᠢ᠎ᠳᠤ᠂ ᠪᠣᠳᠠᠲᠤ ᠴᠣᠭᠴᠠ ᠵᠢᠨ ᠠᠵᠤ ᠠᠬᠤᠢ ᠭᠡᠬᠦ ᠡᠨᠡ ᠬᠦ᠌ ᠰᠠᠭᠤᠷᠢ ᠵᠢ ᠤᠯᠠᠮ ᠨᠢᠭᠡ ᠠᠯᠬᠤᠮ ᠪᠡᠬᠢᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠤᠳᠤᠷᠢᠳᠤᠮᠵᠢ ᠪᠤᠯᠭ᠋ᠠᠵᠤ᠂ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠤᠨ ᠴᠢᠨᠠᠷ ᠰᠠᠢ᠌ᠲᠠᠢ ᠬᠥᠭᠵᠢᠯᠲᠡ᠎ᠳᠠᠬᠢ ᠲᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠠ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢ ᠪᠠᠲᠤ ᠡᠭᠦᠷᠭᠡᠯᠡᠨ᠂ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠵᠤ᠂ ᠬᠤᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ᠎ᠪᠠᠷ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠳᠠᠶ᠋ᠢᠴᠢᠯᠠᠨ᠂ ᠬᠤᠲᠠ ᠬᠥᠳᠡᠭᠡ ᠵᠢᠨ ᠬᠠᠮᠲᠤ᠎ᠪᠠᠷ ᠪᠠᠶᠠᠵᠢᠬᠤ ᠵᠢ ᠠᠬᠢᠭᠤᠯᠬᠤ ᠬᠡᠷᠡᠭᠲᠡᠢ᠃ ᠭᠣᠣᠯᠳᠠᠯᠭ᠎ᠠ᠎ᠲᠠᠢ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠠᠰᠠᠯᠲᠠ ᠵᠢ ᠴᠥᠬᠥᠷᠡᠰᠢ ᠦᠭᠡᠢ ᠴᠢᠩᠭ᠋ᠠᠳᠬᠠᠵᠤ᠂ ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠤᠯᠲᠠ ᠵᠢ ᠭᠦᠨᠵᠡᠭᠡᠢ᠌ᠷᠡᠭᠦᠯᠦᠨ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

   ᠰᠢ ᠵᠢᠨ ᠫᠢᠩ᠂ ᠾᠧᠨᠠᠨ᠎ᠤ ᠬᠥᠮᠥᠨ ᠠᠮᠠ ᠵᠢᠨ ᠶᠡᠷᠦᠩᠬᠡᠢ ᠬᠡᠮᠵᠢᠶ᠎ᠡ᠂ ᠬᠥᠮᠥᠨ ᠠᠮᠠ ᠵᠢᠨ ᠨᠢᠭᠲᠠᠴᠠ᠂ ᠬᠥᠮᠥᠨ ᠠᠮᠠ ᠵᠢᠨ ᠨᠡᠭᠦᠳᠡᠯ᠎ᠤᠨ ᠬᠡᠮᠵᠢᠶ᠎ᠡ ᠪᠦᠷ ᠨᠡᠯᠢᠶᠡᠳ ᠶᠡᠬᠡ᠂ ᠨᠡᠢ᠌ᠭᠡᠮ᠎ᠤᠨ ᠠᠰᠠᠭᠤᠳᠠᠯ ᠨᠠᠷᠢᠨ ᠪᠤᠳᠤᠯᠢᠶᠠᠨᠲᠠᠢ ᠤᠯᠠᠨ ᠶᠠᠩᠵᠤ ᠵᠢᠨ ᠪᠠᠢ᠌ᠳᠠᠭ ᠪᠣᠯᠬᠣᠷ ᠡᠷᠬᠡᠪᠰᠢ ᠨᠡᠢ᠌ᠭᠡᠮ᠎ᠤᠨ ᠵᠠᠰᠠᠯᠲᠠ ᠵᠢ ᠯᠠᠪᠳᠠᠭᠤᠨ ᠪᠠᠲᠤᠲᠠᠢ ᠴᠢᠩᠭ᠋ᠠᠳᠬᠠᠬᠤ ᠬᠡᠷᠡᠭᠲᠡᠢ᠃ ᠨᠠᠮ᠎ᠤᠨ ᠤᠳᠤᠷᠢᠳᠤᠯᠭ᠎ᠠ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠨᠡᠢ᠌ᠭᠡᠮ᠎ᠤᠨ ᠵᠠᠰᠠᠯᠲᠠ ᠵᠢᠨ ᠪᠠᠢ᠌ᠭᠤᠯᠤᠯ ᠲᠣᠭᠲᠠᠴᠠ ᠵᠢ ᠪᠦᠷᠢᠨᠰᠢᠭᠦᠯᠵᠦ᠂ ᠰᠢᠨ᠎ᠡ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠂ ᠰᠢᠨ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠰᠢᠨ᠎ᠡ᠎ᠪᠠᠷ ᠠᠵᠢᠯ ᠣᠯᠣᠭᠰᠠᠨ ᠬᠥᠮᠥᠰ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠴᠢᠩᠭ᠋ᠠᠳᠬᠠᠬᠤ ᠬᠡᠷᠡᠭᠲᠡᠢ᠃ ᠤᠯᠠᠨ ᠲᠦᠮᠡᠨ᠎ᠳᠤ ᠨᠡᠩ ᠰᠠᠢ᠌ᠲᠤᠷ ᠦᠢ᠍ᠯᠡᠴᠢᠯᠡᠨ ᠤᠯᠠᠨ ᠲᠦᠮᠡᠨ᠎ᠢ ᠨᠡᠩ ᠰᠠᠢ᠌ᠲᠤᠷ ᠨᠢᠭᠲᠠᠷᠠᠭᠤᠯᠵᠤ᠂ ᠤᠯᠠᠨ ᠲᠦᠮᠡᠨ᠎ᠤ ᠠᠰᠢᠭ ᠲᠤᠰᠠ ᠵᠢ ᠵᠣᠬᠢᠴᠠᠭᠤᠯᠬᠤ ᠲᠣᠭᠲᠠᠴᠠ ᠵᠢ ᠪᠦᠷᠢᠨᠰᠢᠭᠦᠯᠦᠨ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ᠂ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ᠎ᠢ ᠰᠡᠳᠬᠢᠯ ᠲᠠᠯᠪᠢᠨ ᠰᠢᠢ᠍ᠳᠪᠦᠷᠢᠯᠡᠬᠦ ᠬᠡᠷᠡᠭᠲᠡᠢ᠃ ᠦᠨᠳᠦᠰᠦᠨ ᠱᠠᠲᠤ ᠵᠢ ᠠᠳᠬᠤᠬᠤ᠂ ᠰᠠᠭᠤᠷᠢ ᠵᠢ ᠪᠡᠬᠢᠵᠢᠭᠦᠯᠬᠦ᠂ ᠦᠨᠳᠦᠰᠦ ᠵᠢ ᠪᠡᠬᠢᠵᠢᠭᠦᠯᠬᠦ ᠵᠢ ᠲᠤᠪᠤᠶ᠋ᠢᠯᠭ᠋ᠠᠵᠤ᠂ ᠡᠬᠢ ᠪᠠᠶᠠᠯᠢᠭ᠂ ᠦᠢ᠍ᠯᠡᠴᠢᠯᠡᠭᠡ᠂ ᠬᠠᠮᠢᠶᠠᠷᠤᠯᠲᠠ ᠵᠢ ᠳᠣᠷᠣᠭᠰᠢ ᠪᠠᠭᠤᠯᠭ᠋ᠠᠬᠤ ᠵᠢ ᠠᠬᠢᠭᠤᠯᠵᠤ᠂ ᠨᠡᠢ᠌ᠭᠡᠮ᠎ᠤᠨ ᠵᠠᠰᠠᠯᠲᠠ ᠵᠢᠨ ᠡᠯ᠎ᠡ ᠵᠦᠢ᠍ᠯ᠎ᠤᠨ ᠠᠵᠢᠯ᠎ᠢ ᠡᠴᠦᠰ᠎ᠲᠤᠨᠢ ᠲᠤᠯᠲᠠᠯ᠎ᠠ ᠬᠢᠬᠦ᠂ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠬᠠᠤᠯᠢ᠎ᠪᠠᠷ ᠵᠠᠰᠠᠬᠤ ᠪᠠ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠡᠢ᠌ᠭᠡᠮ᠎ᠤᠨ ᠵᠠᠰᠠᠯᠲᠠ᠎ᠳᠠᠬᠢ ᠬᠠᠤᠯᠢ᠎ᠪᠠᠷ ᠵᠠᠰᠠᠬᠤ ᠵᠢᠨ ᠵᠢᠷᠤᠮᠵᠢᠯ ᠪᠠ ᠪᠠᠲᠤᠯᠠᠭ᠎ᠠ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠦᠨᠡᠨᠴᠢ ᠢᠲᠡᠭᠡᠮᠵᠢᠲᠡᠢ ᠪᠠᠢ᠌ᠬᠤ ᠦᠷᠳᠡᠭ᠎ᠤᠨ ᠵᠢᠯᠣᠭᠣᠳᠤᠯᠭ᠎ᠠ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠦᠨᠡᠨᠴᠢ ᠢᠲᠡᠭᠡᠮᠵᠢ᠂ ᠠᠵᠤ ᠠᠬᠤᠢ᠌ᠯᠠᠯ᠎ᠤᠨ ᠦᠨᠡᠨᠴᠢ ᠢᠲᠡᠭᠡᠮᠵᠢ᠂ ᠨᠡᠢ᠌ᠭᠡᠮ᠎ᠤᠨ ᠦᠨᠡᠨᠴᠢ ᠢᠲᠡᠭᠡᠮᠵᠢ ᠵᠢᠨ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠠᠶᠤᠯ ᠲᠦᠭᠰᠢᠭᠦᠷᠢ ᠭᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠪᠠ ᠵᠠᠰᠠᠬᠤ ᠵᠢ ᠴᠢᠩᠭ᠎ᠠ ᠠᠩᠬᠠᠷᠴᠤ᠂ ᠨᠡᠢ᠌ᠭᠡᠮ᠎ᠤᠨ ᠠᠮᠤᠷ ᠲᠦᠪᠰᠢᠨ᠎ᠢ ᠪᠦᠬᠦᠯᠢ ᠴᠣᠭᠴᠠ᠎ᠪᠠᠷ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠢ᠌ᠯᠡᠨ ᠠᠷᠢᠯᠭ᠋ᠠᠵᠤ᠂ ᠨᠡᠢ᠌ᠭᠡᠮ᠎ᠤᠨ ᠡᠶ᠎ᠡ ᠵᠣᠬᠢᠴᠠᠩᠭᠤᠢ ᠲᠣᠭᠲᠠᠭᠤᠨ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠨᠡᠢ᠌ᠭᠡᠮ᠎ᠤᠨ ᠵᠠᠰᠠᠯᠲᠠ ᠵᠢ ᠠᠬᠢᠭᠤᠯᠬᠤ ᠳᠤᠮᠳᠠ ᠰᠢᠨ᠎ᠡ ᠪᠠᠢ᠌ᠳᠠᠯ ᠳᠣᠣᠷᠠᠬᠢ ᠨᠠᠮ᠎ᠤᠨ ᠤᠯᠠᠨ ᠲᠦᠮᠡᠨ᠎ᠤ ᠠᠵᠢᠯ᠎ᠤᠨ ᠵᠢᠮ᠎ᠡ ᠶᠣᠰᠣ ᠵᠢ ᠳ᠋ᠦᠩᠨᠡᠬᠦ᠎ᠳᠡᠭᠡᠨ ᠴᠢᠳᠠᠮᠠᠭ᠋ᠠᠢ ᠪᠠᠢ᠌ᠵᠤ᠂ ᠠᠳᠠᠯᠢ ᠪᠤᠰᠤ ᠨᠡᠢ᠌ᠭᠡᠮ᠎ᠤᠨ ᠬᠠᠮᠲᠤᠯᠢᠭ᠎ᠤᠨ ᠣᠨᠴᠠᠯᠢᠭ᠎ᠲᠤ ᠴᠢᠭᠯᠡᠭᠦᠯᠦᠨ ᠠᠵᠢᠯ ᠵᠶ᠋ᠠᠨ ᠨᠠᠷᠢᠯᠢᠭ ᠪᠣᠳᠠᠲᠠᠢ ᠬᠢᠬᠦ ᠬᠡᠷᠡᠭᠲᠡᠢ᠃ ᠬᠡᠯᠪᠡᠷᠢᠴᠢ ᠦᠵᠡᠯ᠎ᠢ ᠦᠨᠡᠨ ᠬᠦ᠌ ᠴᠡᠭᠴᠡᠯᠡᠨ ᠵᠠᠰᠠᠬᠤ᠎ᠪᠠᠷ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠦᠨᠳᠦᠰᠦᠨ ᠱᠠᠲᠤᠨ᠎ᠤ ᠺᠠᠳ᠋ᠷᠴᠤᠳ᠎ᠤᠨ ᠵᠣᠷᠢᠭᠲᠠᠢ᠎ᠪᠠᠷ ᠠᠵᠢᠯ ᠬᠢᠵᠦ᠂ ᠢᠲᠡᠭᠡᠯ ᠬᠦᠨᠳᠦ᠎ᠲᠠᠢ ᠪᠤᠯᠬᠤ ᠵᠢ ᠳᠡᠮᠵᠢᠵᠦ᠂ ᠣᠯᠠᠨ ᠲᠦᠮᠡᠨ᠎ᠤ ᠥᠪᠡᠷ᠎ᠤᠨ ᠬᠦᠴᠦᠨ᠎ᠳᠡᠭᠡᠨ ᠲᠦᠰᠢᠭᠯᠡᠨ ᠨᠡᠢ᠌ᠭᠡᠮ᠎ᠤᠨ ᠵᠠᠰᠠᠯᠲᠠ᠎ᠳᠠᠬᠢ ᠠᠰᠠᠭᠤᠳᠠᠯ᠎ᠢ ᠰᠢᠢ᠍ᠳᠪᠦᠷᠢᠯᠡᠬᠦ ᠵᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃

   ᠰᠢ ᠵᠢᠨ ᠫᠢᠩ᠂ ᠲᠥᠪ᠎ᠤᠨ ᠨᠠᠢ᠍ᠮᠠᠨ ᠲᠣᠭᠲᠠᠭ᠋ᠠᠯ ᠪᠣᠯ ᠨᠠᠮ᠎ᠤᠨ ᠲᠥᠪ ᠬᠣᠷᠢᠶ᠎ᠠ ᠵᠢᠨ ᠢᠲᠡᠭᠡᠯ ᠬᠦᠨᠳᠦ᠎ᠲᠠᠢ ᠠᠵᠢᠯᠯᠠᠭ᠎ᠠ ᠮᠥᠨ᠂ ᠰᠢᠨ᠎ᠡ ᠴᠠᠭ ᠦᠶ᠎ᠡ ᠵᠢᠨ ᠨᠠᠮ᠎ᠢ ᠬᠠᠮᠢᠶᠠᠷᠴᠤ ᠨᠠᠮ᠎ᠢ ᠵᠠᠰᠠᠬᠤ ᠪᠡᠯᠭᠡ ᠲᠡᠮᠳᠡᠭ᠎ᠤᠨ ᠴᠢᠨᠠᠷᠲᠠᠢ ᠠᠷᠭ᠎ᠠ ᠬᠡᠮᠵᠢᠶ᠎ᠡ ᠮᠥᠨ᠃ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠡᠨᠡ ᠵᠢᠯ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠮᠥᠨ᠃ ᠰᠤᠷᠤᠯᠴᠠᠬᠤ ᠪᠠᠢ᠌ᠴᠠᠭ᠋ᠠᠬᠤ ᠴᠡᠭᠴᠡᠯᠡᠨ ᠰᠠᠢ᠌ᠵᠢᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ ᠣᠷᠣᠭᠤᠯᠵᠤ᠂ ᠨᠠᠮ᠎ᠤᠨ ᠭᠡᠰᠢᠭᠦᠨ ᠺᠠᠳ᠋ᠷ᠎ᠤᠨ ᠬᠤᠪᠢ ᠬᠥᠮᠥᠨ᠎ᠤ ᠪᠠᠢ᠌ᠴᠠᠭ᠋ᠠᠨ ᠳᠡᠯᠭᠡᠵᠦ ᠴᠡᠭᠴᠡᠯᠡᠨ ᠰᠠᠢ᠌ᠵᠢᠷᠠᠭᠤᠯᠬᠤ ᠵᠢ ᠵᠣᠬᠢᠶᠠᠨ ᠪᠠᠢ᠌ᠭᠤᠯᠤᠯᠲᠠ ᠵᠢᠨ ᠪᠠᠢ᠌ᠴᠠᠭ᠋ᠠᠨ ᠳᠡᠯᠭᠡᠵᠦ ᠴᠡᠭᠴᠡᠯᠡᠨ ᠰᠠᠢ᠌ᠵᠢᠷᠠᠭᠤᠯᠬᠤ᠎ᠲᠠᠢ ᠨᠢᠭᠲᠠ ᠤᠶᠠᠯᠳᠤᠭᠤᠯᠵᠤ᠂ ᠣᠪᠣᠷ ᠰᠤᠷᠲᠠᠯ᠎ᠤᠨ ᠴᠢᠩᠭ᠎ᠠ ᠱᠠᠭ᠋ᠠᠷᠳᠠᠯᠭ᠎ᠠ ᠵᠢ ᠦᠨᠡᠨ ᠬᠦ᠌ ᠬᠠᠲᠠᠭᠤ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠵᠤ᠂ ᠲᠡᠮᠦᠷ ᠮᠡᠲᠦ ᠶᠣᠰᠣ ᠳᠦᠷᠢᠮ᠎ᠢ ᠪᠤᠢ ᠪᠤᠯᠭ᠋ᠠᠵᠤ᠂ ᠰᠤᠷᠤᠯᠴᠠᠪᠠᠯ ᠴᠢᠨᠠᠷ ᠰᠠᠢ᠌ᠲᠠᠢ᠂ ᠪᠠᠢ᠌ᠴᠠᠭ᠋ᠠᠪᠠᠯ ᠡᠷᠴᠢᠮ᠎ᠲᠠᠢ᠂ ᠰᠠᠢ᠌ᠵᠢᠷᠠᠭᠤᠯᠪᠠᠯ ᠦᠷ᠎ᠡ ᠪᠦᠲᠦᠮᠵᠢᠲᠡᠢ ᠪᠠᠢ᠌ᠬᠤ ᠵᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ᠎ᠤᠨ ᠲᠥᠪ᠎ᠤᠨ ᠵᠢᠯᠤᠭᠣᠳᠬᠤ ᠳᠤᠭᠤᠢ᠌ᠯᠠᠩ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠠᠵᠢᠯ᠎ᠤᠨ ᠭᠣᠣᠯᠳᠠᠯᠭ᠎ᠠ᠎ᠪᠠᠨ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠳᠡᠭᠡᠷ᠎ᠡ ᠲᠠᠯᠪᠢᠵᠤ᠂ ᠨᠠᠷᠢᠯᠢᠭ ᠣᠨᠣᠴᠠᠲᠠᠢ ᠵᠢᠯᠤᠭᠣᠳᠴᠤ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

   ᠰᠢ ᠵᠢᠨ ᠫᠢᠩ᠂ ᠡᠨᠡ ᠵᠢᠯ᠎ᠠᠴᠠ ᠨᠠᠭ᠋ᠠᠰᠢ᠂ ᠮᠠᠨ᠎ᠤ ᠤᠯᠤᠰ᠎ᠤᠨ ᠵᠠᠷᠢᠮ ᠭᠠᠵᠠᠷ ᠣᠷᠣᠨ᠎ᠳᠤ ᠭᠠᠩ ᠬᠠᠭᠰᠠᠷᠠᠭ᠋ᠠᠨ ᠡᠭᠦᠰᠴᠦ᠂ ᠵᠠᠷᠢᠮ᠎ᠨᠢ ᠪᠠᠰᠠ ᠦᠷᠭᠦᠯᠵᠢᠯᠡᠵᠦ ᠪᠤᠢ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠨᠢᠭᠲᠠ ᠬᠠᠮᠵᠢᠯᠴᠠᠨ᠂ ᠤᠰᠤ ᠬᠡᠷᠡᠭᠯᠡᠬᠦ ᠲᠣᠬᠢᠷᠠᠭᠤᠯᠤᠯᠲᠠ ᠵᠢ ᠴᠢᠩᠭ᠋ᠠᠳᠬᠠᠵᠤ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠲᠤ ᠤᠰᠤ ᠬᠠᠩᠭ᠋ᠠᠬᠤ ᠪᠠ ᠲᠠᠷᠢᠶᠠᠯᠠᠩ᠎ᠤᠨ ᠤᠰᠤᠯᠠᠯᠲᠠ ᠵᠢᠨ ᠬᠡᠷᠡᠭᠴᠡᠭᠡ ᠵᠢ ᠪᠠᠲᠤᠯᠠᠬᠤ ᠬᠡᠷᠡᠭᠲᠡᠢ᠃ ᠭᠠᠩ ᠪᠠᠢ᠌ᠪᠠᠯ ᠤᠰᠤᠲᠤᠯ ᠪᠠᠢ᠌ᠵᠤ ᠮᠡᠳᠡᠨ᠎ᠡ᠂ ᠭᠠᠩᠳᠠᠯ᠎ᠠᠴᠠ ᠤᠰᠤᠳᠤᠯ ᠪᠣᠯᠵᠤ ᠬᠤᠪᠢᠷᠠᠬᠤ ᠵᠢ ᠴᠢᠩᠭ᠎ᠠ ᠰᠡᠷᠭᠡᠢ᠌ᠯᠡᠬᠦ ᠬᠡᠷᠡᠭᠲᠡᠢ᠃ ᠦᠶᠡᠷ᠎ᠤᠨ ᠬᠤᠭᠤᠴᠠᠭ᠎ᠠ ᠨᠢᠭᠡᠨᠲᠡ ᠬᠦᠷᠴᠦ ᠢᠷᠡᠪᠡ᠂ ᠡᠯ᠎ᠡ ᠭᠠᠵᠠᠷ᠎ᠤᠨ᠎ᠬᠢᠨ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠬᠦ᠎ᠳᠤ ᠡᠷᠬᠡᠪᠰᠢ ᠨᠠᠷᠢᠨ ᠨᠢᠮᠪᠠᠢ ᠪᠡᠯᠡᠳᠬᠡᠯ ᠬᠢᠵᠦ᠂ ᠪᠡᠯᠡᠳᠬᠡᠯ ᠲᠥᠰᠥᠯ ᠭᠦᠢ᠍ᠴᠡᠳ᠂ ᠠᠷᠭ᠋ᠠᠴᠠᠭ᠋ᠠᠬᠤ᠎ᠳᠠᠭᠠᠨ ᠯᠠᠪᠳᠠᠭᠤᠨ ᠲᠣᠭᠲᠠᠭᠤᠨ ᠪᠠᠢ᠌ᠬᠤ ᠵᠢ ᠪᠠᠲᠤᠯᠠᠬᠤ ᠬᠡᠷᠡᠭᠲᠡᠢ᠃ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ ᠵᠡᠷᠭᠡ ᠪᠠᠢ᠌ᠭ᠋ᠠᠯᠢ ᠵᠢᠨ ᠭᠠᠮᠰᠢᠭ ᠠᠮᠠᠷᠬᠠᠨ ᠡᠭᠦᠰᠬᠦ ᠭᠠᠵᠠᠷ ᠣᠷᠣᠨ᠎ᠳᠤ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠬᠠᠷᠢᠭᠤᠴᠠᠯᠭ᠎ᠠ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

   ᠾᠧ ᠯᠢ ᠹᠧᠩ ᠵᠢᠴᠢ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠥᠪ᠎ᠤᠨ ᠬᠣᠶᠠᠳᠤᠭ᠋ᠠᠷ ᠵᠢᠯᠤᠭᠣᠳᠬᠤ ᠳᠤᠭᠤᠢ᠌ᠯᠠᠩ᠎ᠤᠨ ᠬᠠᠷᠢᠭᠤᠴᠠᠯᠭ᠋ᠠᠲᠠᠨ ᠨᠥᠬᠥᠳ ᠬᠠᠷᠢᠭᠤ ᠮᠡᠳᠡᠭᠦᠯᠦᠯᠲᠡ ᠵᠢᠨ ᠬᠤᠷᠠᠯ᠎ᠳᠤ ᠣᠷᠣᠯᠴᠠᠵᠠᠢ᠃

      ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠺᠠᠽᠠᠬᠰᠲ᠋ᠠᠨ᠎ᠤ ᠶᠡᠷᠦᠩᠬᠡᠢ᠌ᠯᠡᠭᠴᠢ ᠲᠦᠸᠸᠺᠠᠶᠸᠹ᠎ᠲᠠᠢ ᠬᠡᠯᠡᠯᠴᠡᠭᠡ ᠬᠢᠪᠡ
ᠰᠢ ᠵᠢᠨ ᠫᠢᠩ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ—ᠳᠤᠮᠳᠠ ᠠᠽᠢᠶ᠎ᠠ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠬᠰᠠᠨ ᠪᠥᠭᠡᠳ ᠭᠣᠣᠯ ᠵᠤᠷᠢᠯᠳᠠᠳᠤ ᠦᠭᠡ ᠬᠡᠯᠡᠪᠡ
            
 
            