ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠮᠣᠰᠺᠸᠠ᠎ᠳᠤ ᠬᠦᠷᠴᠦ ᠣᠷᠣᠰ᠎ᠲᠤ ᠲᠥᠷᠥ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠬᠡ ᠤᠯᠤᠰ ᠵᠶ᠋ᠠᠨ ᠬᠠᠮᠠᠭ᠋ᠠᠯᠠᠬᠤ ᠳᠠᠶ᠋ᠢᠨ ᠢᠯᠠᠯᠲᠠ ᠣᠯᠣᠭᠰᠠᠨ 80 ᠵᠢᠯ᠎ᠤᠨ ᠣᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2025-05-08

      ᠰᠢᠨᠬᠤᠸᠠ ᠬᠣᠷᠢᠶ᠎ᠠ ᠵᠢᠨ ᠮᠣᠰᠺᠸᠠ ᠵᠢᠨ 5 ᠰᠠᠷ᠎ᠠ ᠵᠢᠨ 7᠎ᠤ ᠴᠠᠭᠢᠯᠭ᠋ᠠᠨ ᠮᠡᠳᠡᠭᠡ   ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 7᠎ᠤ ᠣᠷᠣᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ᠂ ᠤᠷᠤᠰ᠎ᠤᠨ ᠶᠡᠷᠦᠩᠬᠡᠢ᠌ᠯᠡᠭᠴᠢ ᠫᠦᠲ᠋ᠢᠨ᠎ᠤ ᠤᠷᠢᠯᠭ᠎ᠠ᠎ᠪᠠᠷ ᠤᠷᠤᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠬᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ ᠢᠯᠠᠯᠲᠠ ᠣᠯᠣᠭᠰᠠᠨ 80 ᠵᠢᠯ᠎ᠤᠨ ᠤᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠤᠯᠴᠠᠬᠤ᠎ᠪᠠᠷ ᠲᠤᠰᠬᠠᠢ ᠨᠢᠰᠬᠡᠯ ᠵᠶ᠋ᠠᠷ ᠮᠣᠰᠺᠸᠠ᠎ᠳᠤ ᠭᠦᠷᠪᠠ᠃


6388229415549788671581054.jpg


   ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 7᠎ᠤ ᠣᠷᠣᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠤᠷᠤᠰ᠎ᠤᠨ ᠶᠡᠷᠦᠩᠬᠡᠢ᠌ᠯᠡᠭᠴᠢ ᠫᠦᠲ᠋ᠢᠨ᠎ᠤ ᠤᠷᠢᠯᠭ᠎ᠠ᠎ᠪᠠᠷ ᠤᠷᠤᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠬᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ ᠢᠯᠠᠯᠲᠠ ᠣᠯᠣᠭᠰᠠᠨ 80 ᠵᠢᠯ᠎ᠤᠨ ᠤᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠤᠯᠴᠠᠬᠤ᠎ᠪᠠᠷ ᠲᠤᠰᠬᠠᠢ ᠨᠢᠰᠬᠡᠯ ᠵᠶ᠋ᠠᠷ ᠮᠣᠰᠺᠸᠠ᠎ᠳᠤ ᠭᠦᠷᠪᠠ᠃ ᠤᠷᠤᠰ᠎ᠤᠨ ᠲᠠᠯ᠎ᠠ ᠵᠢᠨ᠎ᠬᠢᠨ ᠨᠢᠰᠬᠡᠯ᠎ᠤᠨ ᠪᠠᠭᠤᠳᠠᠯ᠎ᠳᠤ ᠦᠪᠡᠳᠡᠭᠰᠢ ᠶᠡᠬᠡ ᠤᠭᠲᠤᠬᠤ ᠶᠣᠰᠣᠯᠠᠯ ᠶᠠᠪᠤᠭᠤᠯᠪᠠ᠃ ᠵᠢᠷᠤᠭ ᠪᠣᠯ ᠰᠢ ᠵᠢᠨ ᠫᠢᠩ ᠶᠣᠰᠣᠯᠠᠯ᠎ᠤᠨ ᠠᠩᠭᠢ ᠵᠢ ᠰᠢᠯᠭ᠋ᠠᠨ ᠦᠵᠡᠵᠦ ᠪᠠᠢ᠌ᠭ᠎ᠠ᠎ᠨᠢ᠃

   ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ

    ᠰᠢ ᠵᠢᠨ ᠫᠢᠩ᠎ᠤᠨ ᠰᠠᠭᠤᠭᠰᠠᠨ ᠲᠤᠰᠬᠠᠢ ᠨᠢᠰᠬᠡᠯ ᠤᠷᠤᠰ᠎ᠤᠨ ᠬᠠᠷᠢᠶ᠎ᠠ ᠣᠭᠲᠠᠷᠭᠤᠢ᠎ᠳᠤ ᠣᠷᠣᠭᠰᠠᠨ᠎ᠤ ᠳᠠᠷᠠᠭ᠎ᠠ᠂ ᠤᠷᠤᠰ᠎ᠤᠨ ᠠᠭ᠋ᠠᠷ᠎ᠤᠨ ᠴᠡᠷᠢᠭ᠎ᠤᠨ ᠪᠠᠢ᠌ᠯᠳᠤᠭ᠋ᠠᠨ᠎ᠤ ᠨᠢᠰᠬᠡᠯ ᠠᠭ᠋ᠠᠷ᠎ᠤᠨ ᠠᠶᠠᠯᠠᠯ᠎ᠢ ᠬᠠᠮᠠᠭ᠋ᠠᠯᠠᠪᠠ᠃

   ᠰᠢ ᠵᠢᠨ ᠫᠢᠩ ᠮᠣᠰᠺᠸᠠ ᠵᠢᠨ ᠹᠦᠨᠦ᠋ᠺᠸᠧᠸ ᠲᠤᠰᠬᠠᠢ ᠨᠢᠰᠬᠡᠯ᠎ᠤᠨ ᠪᠠᠭᠤᠳᠠᠯ᠎ᠳᠤ ᠬᠦᠷᠬᠦ ᠦᠶ᠎ᠡ᠎ᠳᠤ᠂ ᠤᠷᠤᠰ᠎ᠤᠨ ᠳᠡᠳ᠋ ᠶᠡᠷᠦᠩᠬᠡᠢ ᠰᠠᠢ᠌ᠳ ᠭᠧᠯᠢᠺᠸᠧᠠ ᠵᠡᠷᠭᠡ ᠵᠠᠰᠠᠭ᠎ᠤᠨ ᠣᠷᠳᠣᠨ᠎ᠤ ᠳᠡᠭᠡᠳᠦ ᠲᠡᠰ᠎ᠤᠨ ᠠᠯᠪᠠᠨ ᠲᠤᠰᠢᠶᠠᠯᠲᠠᠨ ᠬᠠᠯᠠᠭᠤᠨ ᠵᠶ᠋ᠠᠷ ᠤᠭᠲᠤᠨ ᠠᠪᠤᠪᠠ᠃

   ᠤᠷᠤᠰ᠎ᠤᠨ ᠲᠠᠯ᠎ᠠ ᠵᠢᠨ᠎ᠬᠢᠨ ᠨᠢᠰᠬᠡᠯ᠎ᠤᠨ ᠪᠠᠭᠤᠳᠠᠯ᠎ᠳᠤ ᠦᠪᠡᠳᠡᠭᠰᠢ ᠶᠡᠬᠡ ᠤᠭᠲᠤᠬᠤ ᠶᠣᠰᠣᠯᠠᠯ ᠶᠠᠪᠤᠭᠤᠯᠪᠠ᠃ ᠴᠡᠷᠢᠭ᠎ᠤᠨ ᠬᠥᠭᠵᠢᠮ᠎ᠤᠨ ᠪᠦᠯᠭᠦᠮ ᠳᠤᠮᠳᠠᠳᠤ ᠤᠷᠤᠰ ᠬᠣᠶᠠᠷ ᠤᠯᠤᠰ᠎ᠤᠨ ᠤᠯᠤᠰ᠎ᠤᠨ ᠰᠦᠯᠳᠡ ᠳᠠᠭᠤᠤ ᠵᠢ ᠬᠥᠭᠵᠢᠮᠳᠡᠪᠡ᠃ ᠰᠢ ᠵᠢᠨ ᠫᠢᠩ ᠶᠣᠰᠣᠯᠠᠯ᠎ᠤᠨ ᠠᠩᠭᠢ ᠵᠢ ᠰᠢᠯᠭ᠋ᠠᠨ ᠦᠵᠡᠭᠰᠡᠨ ᠪᠥᠭᠡᠳ ᠵᠢᠭᠰᠠᠭ᠋ᠠᠯ᠎ᠢ ᠰᠣᠨᠢᠷᠬᠠᠪᠠ᠃

   ᠰᠢ ᠵᠢᠨ ᠫᠢᠩ ᠪᠢᠴᠢᠭ᠎ᠤᠨ ᠭᠡᠯᠪᠡᠷᠢ᠎ᠪᠠᠷ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ᠎ᠤ ᠡᠮᠦᠨ᠎ᠡ᠎ᠠᠴᠠ ᠤᠷᠤᠰ᠎ᠤᠨ ᠵᠠᠰᠠᠭ᠎ᠤᠨ ᠣᠷᠳᠣᠨ ᠪᠣᠯᠣᠨ ᠤᠷᠤᠰ᠎ᠤᠨ ᠠᠷᠠᠳ ᠲᠦᠮᠡᠨ᠎ᠳᠤ ᠴᠢᠩ ᠰᠡᠳᠬᠢᠯ᠎ᠤᠨ ᠮᠡᠨᠳᠦᠴᠢᠯᠡᠯ ᠪᠣᠯᠣᠨ ᠰᠠᠢ᠌ᠨ ᠰᠠᠢ᠌ᠬᠠᠨ ᠵᠥᠩᠨᠡᠯ ᠳᠡᠪᠰᠢᠭᠦᠯᠪᠡ᠃

   ᠰᠢ ᠵᠢᠨ ᠫᠢᠩ᠂ ᠳᠤᠮᠳᠠᠳᠤ ᠤᠯᠤᠰ ᠪᠣᠯᠣᠨ ᠤᠷᠤᠰ ᠪᠣᠯ ᠰᠢᠯᠵᠢᠰᠢ ᠦᠭᠡᠢ ᠰᠠᠢ᠌ᠨ ᠬᠥᠷᠰᠢ᠂ ᠵᠣᠪᠠᠭᠤᠷᠢ ᠵᠦᠳᠡᠭᠦᠷᠢ᠎ᠪᠠᠨ ᠬᠠᠮᠲᠤᠳᠬᠠᠭᠰᠠᠨ ᠵᠢᠩᠬᠢᠨᠢ ᠨᠠᠢ᠌ᠵᠠ᠂ ᠬᠠᠷᠢᠯᠴᠠᠨ ᠠᠮᠵᠢᠯᠲᠠ ᠣᠯᠬᠤ ᠵᠢ ᠠᠬᠢᠭᠤᠯᠤᠭᠰᠠᠨ ᠰᠠᠢ᠌ᠨ ᠬᠠᠨᠢᠲᠠᠨ ᠶᠤᠮ᠃ ᠬᠣᠶᠠᠷ ᠲᠠᠯ᠎ᠠ᠎ᠪᠠᠷ ᠵᠶ᠋ᠠᠨ ᠬᠥᠷᠰᠢ ᠵᠡᠷᠭᠡᠯᠡᠳᠡᠭᠡ ᠲᠣᠮᠣ ᠤᠯᠤᠰ᠎ᠤᠨ ᠵᠥᠪ ᠣᠨᠣᠪᠴᠢᠲᠠᠢ ᠬᠠᠷᠢᠯᠴᠠᠬᠤ ᠵᠠᠮ᠎ᠢ ᠨᠢᠭᠡᠨᠲᠡ ᠰᠦᠪᠡᠭᠴᠢᠯᠡᠵᠦ᠂ ᠰᠢᠨ᠎ᠡ ᠴᠠᠭ ᠦᠶ᠎ᠡ ᠵᠢᠨ ᠳᠤᠮᠳᠠᠳᠤ ᠤᠷᠤᠰ᠎ᠤᠨ ᠪᠠᠢ᠌ᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠵᠣᠷᠢᠭ ᠰᠠᠨᠠᠭ᠎ᠠ ᠵᠢ ᠴᠣᠭᠴᠠᠯᠠᠪᠠ᠃ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ᠂ ᠪᠣᠯᠪᠠᠰᠤᠷᠠᠩᠭᠤᠢ ᠪᠥᠭᠡᠳ ᠳᠠᠭ᠋ᠠᠭ᠋ᠠᠮᠠᠭ᠋ᠠᠢ ᠳᠤᠮᠳᠠᠳᠤ ᠣᠷᠣᠰ᠎ᠤᠨ ᠬᠠᠷᠢᠯᠴᠠᠭ᠎ᠠ᠎ᠨᠢ ᠬᠣᠶᠠᠷ ᠤᠯᠤᠰ᠎ᠤᠨ ᠠᠷᠠᠳ ᠲᠦᠮᠡᠨ᠎ᠳᠤ ᠯᠤᠲᠤ ᠶᠡᠬᠡ ᠠᠵᠠ ᠵᠢᠷᠭ᠋ᠠᠯ ᠣᠯᠭᠣᠭᠰᠠᠨ ᠪᠥᠭᠡᠳ ᠪᠠᠰᠠ ᠪᠦᠭᠦ ᠪᠥᠮᠪᠥᠷᠴᠡᠭ᠎ᠤᠨ ᠪᠠᠢ᠌ᠯᠳᠤᠬᠤ ᠪᠣᠳᠣᠯᠭ᠎ᠠ ᠵᠢᠨ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ᠂ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ ᠵᠢᠨ ᠣᠯᠠᠨ ᠲᠤᠶ᠋ᠢᠯᠵᠢᠯᠳᠠ ᠵᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠡᠨᠡ ᠵᠢᠯ ᠪᠣᠯ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠲᠠᠶ᠋ᠢᠨ ᠢᠯᠠᠯᠲᠠ ᠣᠯᠣᠭᠰᠠᠨ 80 ᠵᠢᠯ᠎ᠤᠨ ᠤᠢ ᠪᠠ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠪᠠᠢ᠌ᠭᠤᠯᠤᠭᠳᠠᠭᠰᠠᠨ 80 ᠵᠢᠯ᠎ᠤᠨ ᠤᠢ ᠪᠣᠯᠣᠨ᠎ᠠ᠃ ᠳᠤᠮᠳᠠᠳᠤ ᠤᠷᠤᠰ ᠳᠡᠯᠡᠬᠡᠢ ᠵᠢᠨ ᠭᠣᠣᠯ ᠪᠤᠯᠬᠤ ᠲᠣᠮᠣ ᠤᠯᠤᠰ ᠪᠠ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠶᠤᠯ ᠦᠭᠡᠢ ᠵᠢᠨ ᠵᠥᠪᠯᠡᠯ᠎ᠤᠨ ᠪᠠᠢ᠌ᠩᠭᠤ ᠵᠢᠨ ᠬᠡᠷᠡᠭ ᠡᠷᠭᠢᠯᠡᠭᠴᠢ ᠤᠯᠤᠰ ᠪᠣᠯᠤᠭᠰᠠᠨ᠎ᠤ ᠬᠤᠪᠢ᠎ᠳᠤ᠂ ᠳᠡᠯᠡᠬᠡᠢ ᠵᠢᠨ ᠬᠣᠶᠠᠳᠤᠭ᠋ᠠᠷ ᠶᠡᠬᠡ ᠲᠠᠶ᠋ᠢᠨ᠎ᠤ ᠢᠯᠠᠯᠲᠠ ᠵᠢᠨ ᠦᠷ᠎ᠡ ᠪᠦᠲᠦᠭᠡᠯ᠎ᠢ ᠭᠠᠷ ᠬᠣᠯᠪᠣᠨ ᠬᠠᠮᠠᠭ᠋ᠠᠯᠠᠵᠤ᠂ ᠡᠵᠡᠷᠬᠡᠬᠦ ᠦᠵᠡᠯ ᠪᠠ ᠬᠦᠴᠦᠷᠬᠡᠭᠯᠡᠯ᠎ᠤᠨ ᠤᠯᠤᠰ ᠲᠦᠷᠦ ᠵᠢ ᠡᠷᠡᠰ ᠡᠰᠡᠷᠭᠦᠴᠡᠵᠦ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠨᠡᠩ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠤᠨ᠎ᠠ᠃ ᠪᠢ ᠶᠡᠷᠦᠩᠬᠡᠢ᠌ᠯᠡᠭᠴᠢ ᠫᠦᠲ᠋ᠢᠨ᠎ᠯᠦᠭᠡ ᠬᠣᠶᠠᠷ ᠲᠠᠯ᠎ᠠ ᠵᠢᠨ ᠬᠠᠷᠢᠯᠴᠠᠭ᠎ᠠ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢᠴᠢ ᠬᠠᠮᠲᠤ᠎ᠪᠠᠷ ᠠᠩᠬᠠᠷᠴᠤ ᠪᠠᠢ᠌ᠭ᠎ᠠ ᠳᠡᠯᠡᠬᠡᠢ ᠵᠢᠨ ᠪᠠ ᠭᠠᠵᠠᠷ ᠣᠷᠣᠨ᠎ᠤ ᠠᠰᠠᠭᠤᠳᠠᠯ᠎ᠤᠨ ᠲᠤᠬᠠᠢ ᠭᠦᠨᠵᠡᠭᠡᠢ ᠣᠯᠣᠯᠴᠠᠵᠤ᠂ ᠳᠤᠮᠳᠠᠳᠤ ᠤᠷᠤᠰ᠎ᠤᠨ ᠰᠢᠨ᠎ᠡ ᠴᠠᠭ ᠦᠶ᠎ᠡ ᠵᠢᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢᠨ ᠬᠥᠭᠵᠢᠯᠲᠡ ᠵᠢ ᠠᠬᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ ᠵᠢ ᠬᠦᠰᠡᠵᠦ ᠪᠠᠢ᠌ᠨ᠎ᠠ; ᠣᠯᠠᠨ ᠤᠯᠤᠰ᠎ᠤᠨ ᠤᠳᠤᠷᠢᠳᠬᠤ ᠬᠥᠮᠥᠰ ᠪᠣᠯᠣᠨ ᠣᠷᠣᠰ᠎ᠤᠨ ᠠᠷᠠᠳ ᠲᠦᠮᠡᠨ᠎ᠲᠠᠢ ᠬᠠᠮᠲᠤ᠎ᠪᠠᠷ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠳᠠᠶ᠋ᠢᠨ᠎ᠤ ᠢᠯᠠᠯᠲᠠ ᠵᠢᠨ ᠲᠥᠯᠥᠭᠡ ᠡᠷᠡᠯᠬᠡᠭ ᠪᠠᠭ᠋ᠠᠲᠤᠷᠯᠢᠭ ᠵᠶ᠋ᠠᠷ ᠪᠡᠶ᠎ᠡ ᠦᠷᠡᠭᠳᠡᠭᠰᠡᠨ ᠪᠠᠭ᠋ᠠᠲᠤᠷᠴᠤᠳ᠎ᠢ ᠭᠦᠨ ᠮᠥᠷᠥᠭᠡᠳᠦᠨ ᠰᠠᠨᠠᠭ᠋ᠠᠯᠵᠠᠵᠤ᠂ ᠣᠯᠠᠨ ᠤᠯᠤᠰ᠎ᠤᠨ ᠲᠥᠪ ᠭᠤᠣᠯᠴᠢ ᠰᠢᠳᠤᠷᠭᠤ ᠶᠣᠰᠣ ᠵᠢ ᠬᠠᠮᠠᠭ᠋ᠠᠯᠠᠬᠤ ᠴᠠᠭ ᠦᠶ᠎ᠡ ᠵᠢᠨ ᠬᠦᠴᠦᠷᠬᠡᠭ ᠳᠠᠭᠤᠨ᠎ᠢ ᠬᠠᠮᠲᠤ᠎ᠪᠠᠷ ᠴᠤᠤᠷᠢᠶᠠᠲᠤᠭᠤᠯᠬᠤ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃

    ᠼᠠᠢ ᠴᠢ᠂ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠵᠶ᠋ᠠᠷ ᠬᠠᠮᠲᠤ ᠭᠦᠷᠪᠡ᠃

   ᠤᠷᠤᠰ᠎ᠲᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢ᠌ᠳ ᠵᠠᠩ ᠬᠠᠨ ᠬᠤᠢ ᠪᠠᠰᠠ ᠨᠢᠰᠬᠡᠯ᠎ᠤᠨ ᠪᠠᠭᠤᠳᠠᠯ᠎ᠳᠤ ᠬᠦᠷᠴᠦ ᠤᠭᠲᠤᠵᠠᠢ᠃

   ᠰᠢ ᠵᠢᠨ ᠫᠢᠩ ᠲᠡᠷᠭᠡᠨ᠎ᠳᠤ ᠰᠠᠭᠤᠵᠤ ᠨᠢᠰᠬᠡᠯ᠎ᠤᠨ ᠪᠠᠭᠤᠳᠠᠯ᠎ᠠᠴᠠ ᠪᠠᠭᠤᠳᠠᠯᠯᠠᠬᠤ ᠵᠣᠴᠢᠳ᠎ᠤᠨ ᠪᠠᠭᠤᠳᠠᠯ᠎ᠳᠠᠭᠠᠨ ᠬᠦᠷᠬᠦ ᠵᠠᠮ ᠵᠠᠭᠤᠷ᠎ᠠ᠂ ᠲᠤᠬᠠᠢ ᠵᠢᠨ ᠭᠠᠵᠠᠷ᠎ᠤᠨ ᠠᠷᠠᠳ ᠤᠯᠠᠨ ᠵᠢᠴᠢ ᠳᠤᠮᠳᠠᠳᠤ ᠵᠢᠨ ᠪᠡᠯᠡ ᠣᠷᠣᠭᠤᠯᠤᠭᠰᠠᠨ ᠠᠵᠤ ᠠᠬᠤᠢ᠌ᠯᠠᠯ ᠪᠣᠯᠣᠨ ᠭᠠᠳᠠᠭ᠋ᠠᠳᠤ᠎ᠳᠤ ᠰᠤᠷᠤᠯᠴᠠᠵᠤ ᠪᠠᠢ᠌ᠭ᠎ᠠ ᠰᠤᠷᠤᠬ᠍ᠴᠢᠳ᠎ᠤᠨ ᠲᠥᠯᠥᠭᠡᠯᠡᠭᠴᠢ ᠵᠠᠮ᠎ᠤᠨ ᠬᠣᠶᠠᠷ ᠲᠠᠯ᠎ᠠ᠎ᠳᠤ ᠴᠤᠭᠯᠠᠷᠠᠵᠤ᠂ 《ᠲᠡᠷᠢᠭᠦᠯᠡᠭᠴᠢ ᠰᠢ ᠵᠢᠨ ᠫᠢᠩ᠎ᠤᠨ ᠤᠷᠤᠰ᠎ᠲᠤ ᠠᠶ᠋ᠢᠯᠴᠢᠯᠠᠷ᠎ᠠ ᠢᠷᠡᠭᠰᠡᠨ᠎ᠢ ᠪᠠᠶᠠᠷᠯᠠᠨ ᠤᠭᠲᠤᠶ᠎ᠠ》 ᠭᠡᠬᠦ ᠮᠡᠲᠦ ᠵᠢᠨ ᠤᠯᠠᠭ᠋ᠠᠨ ᠥᠩᠭᠡ ᠵᠢᠨ ᠬᠥᠨᠳᠡᠯᠡᠨ ᠪᠢᠴᠢᠭᠡᠰᠦ ᠡᠷᠭᠦᠵᠦ᠂ ᠳᠤᠮᠳᠠᠳᠤ ᠤᠷᠤᠰ ᠬᠣᠶᠠᠷ ᠤᠯᠤᠰ᠎ᠤᠨ ᠤᠯᠤᠰ᠎ᠤᠨ ᠲᠤᠭ᠎ᠢ ᠬᠤᠷᠤᠢ᠌ᠯᠠᠵᠤ᠂ ᠰᠢ ᠵᠢᠨ ᠫᠢᠩ᠎ᠤᠨ ᠠᠶ᠋ᠢᠯᠴᠢᠯᠠᠷ᠎ᠠ ᠢᠷᠡᠭᠰᠡᠨ᠎ᠢ ᠬᠠᠯᠠᠭᠤᠨ ᠵᠶ᠋ᠠᠷ ᠤᠭᠲᠤᠪᠠ᠃

      ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠤᠷᠤᠰ᠎ᠤᠨ ᠶᠡᠷᠦᠩᠬᠡᠢ᠌ᠯᠡᠭᠴᠢ ᠫᠦᠲ᠋ᠢᠨ᠎ᠲᠠᠢ ᠬᠡᠯᠡᠯᠴᠡᠭᠡ ᠬᠢᠪᠡ
ᠰᠢ ᠵᠢᠨ ᠫᠢᠩ ᠳᠤᠮᠳᠠᠳᠤ ᠤᠯᠤᠰ—ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠢ᠌ᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ
ᠰᠢ ᠵᠢᠨ ᠫᠢᠩ ᠾᠧᠨᠠᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠢᠲᠡᠭᠡᠯ ᠵᠣᠷᠢᠭ ᠵᠶ᠋ᠠᠨ ᠪᠠᠲᠤᠳᠬᠠᠵᠤ ᠴᠢᠨᠠᠷ ᠰᠠᠢ᠌ᠲᠠᠢ ᠬᠥᠭᠵᠢᠯᠲᠡ ᠥᠨᠳᠥᠷ ᠪᠦᠲᠦᠮᠵᠢᠲᠡᠶ ᠵᠠᠰᠠᠯᠲᠠ ᠵᠢ ᠠᠬᠢᠭᠤᠯᠵᠤ ᠳᠤᠮᠳᠠᠳᠤ ᠣᠷᠣᠨ᠎ᠤ ᠡᠬᠡ ᠭᠠᠵᠠᠷ᠎ᠲᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
 
            