ᠰᠢᠨᠬᠤᠸᠠ ᠬᠣᠷᠢᠶᠠᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 13᠎ᠤ ᠡᠳᠦᠷ᠎ᠤᠨ ᠴᠠᠬᠢᠯᠭ᠋ᠠᠨ ᠮᠡᠳᠡᠭᠡ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 6 ᠳ᠋ᠤᠭ᠋ᠠᠷ ᠰᠠᠷ᠎ᠠ ᠵᠢᠨ 13᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠤᠯᠤᠰ (ᠱᠠᠩᠬᠠᠢ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠬᠢᠬᠦ ᠣᠷᠣᠨ᠎ᠤ ᠲᠤᠷᠰᠢᠯᠲᠠ ᠵᠢᠨ ᠴᠡᠭ᠎ᠤᠨ ᠠᠷᠭ᠎ᠠ ᠬᠡᠮᠵᠢᠶ᠎ᠡ ᠵᠢ ᠬᠠᠭᠤᠯᠪᠤᠷᠢᠯᠠᠨ ᠳᠡᠯᠭᠡᠷᠡᠭᠦᠯᠬᠦ ᠠᠵᠢᠯ᠎ᠢ ᠪᠠᠢ᠌ᠷᠢᠯᠠᠭᠤᠯᠵᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠬᠡᠪ ᠵᠠᠭᠪᠤᠷ᠎ᠢ ᠪᠠᠶ᠋ᠢᠭᠤᠯᠬᠤ ᠪᠠ ᠰᠠᠢ᠌ᠨ ᠭᠡᠷ ᠪᠠᠢ᠌ᠰᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠬᠣᠯᠪᠣᠭᠳᠠᠯ ᠪᠦᠬᠦᠢ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ 《ᠢᠲᠡᠭᠡᠮᠵᠢ ᠵᠢᠨ ᠢᠯᠭ᠋ᠠᠷᠠᠭᠤᠯᠤᠨ ᠰᠡᠷᠭᠦᠭᠡᠬᠦ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠬᠢᠨᠠᠨ ᠶᠠᠷᠢᠯᠴᠠᠵᠤ ᠪᠠᠲᠤᠯᠠᠨ᠂ ᠡᠮ᠎ᠤᠨ ᠵᠦᠢ᠍ᠯ ᠪᠠ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠵᠢᠨ ᠬᠣᠯᠪᠣᠭᠳᠠᠯ ᠪᠦᠬᠦᠢ ᠠᠷᠭ᠎ᠠ ᠬᠡᠮᠵᠢᠶ᠎ᠡ᠎ᠪᠠᠨ ᠰᠢᠯᠢᠳᠡᠭᠵᠢᠭᠦᠯᠬᠦ ᠵᠢ ᠰᠤᠳᠤᠯᠪᠠ᠃
ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠳᠤ ᠳᠤᠮᠳᠠᠳᠤ ᠤᠯᠤᠰ (ᠱᠠᠩᠬᠠᠢ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠬᠢᠬᠦ ᠣᠷᠣᠨ ᠵᠶ᠋ᠠᠨ ᠪᠦᠬᠦ ᠲᠠᠯ᠎ᠠ᠎ᠪᠠᠷ ᠵᠣᠯᠭ᠋ᠠᠭᠤᠯᠤᠭᠰᠠᠨ ᠲᠤᠷᠰᠢᠯᠲᠠ ᠵᠢᠨ ᠴᠡᠭ᠎ᠤᠨ ᠲᠤᠷᠰᠢᠯᠭ᠎ᠠ ᠵᠢ ᠰᠠᠢ᠌ᠲᠤᠷ ᠠᠰᠢᠭᠯᠠᠵᠤ᠂ ᠨᠡᠩ ᠶᠡᠬᠡ ᠬᠡᠪᠴᠢᠶᠡᠨ᠎ᠳᠤ ᠳᠦᠷᠢᠮ᠎ᠤᠨ ᠰᠢᠨ᠎ᠡ ᠡᠭᠦᠳᠦᠯᠲᠡ ᠵᠢᠨ ᠴᠡᠪᠡᠷ ᠠᠰᠢᠭ᠎ᠢ ᠪᠠᠳᠠᠷᠠᠭᠤᠯᠵᠤ᠂ ᠥᠨᠳᠥᠷ ᠲᠦᠪᠰᠢᠨ᠎ᠲᠠᠢ ᠨᠡᠭᠡᠭᠡᠯᠲᠡ᠎ᠪᠠᠷ ᠭᠦᠨᠵᠡᠭᠡᠢ ᠥᠭᠡᠷᠡᠴᠢᠯᠡᠯᠲᠡ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠲᠤᠬᠠᠢ ᠵᠢᠨ ᠭᠠᠵᠠᠷ᠎ᠤᠨ ᠪᠠᠢ᠌ᠳᠠᠯᠳᠤᠨᠢ ᠲᠣᠬᠢᠷᠠᠭᠤᠯᠤᠨ ᠬᠠᠭᠤᠯᠪᠤᠷᠢᠯᠠᠨ ᠳᠡᠯᠭᠡᠷᠡᠭᠦᠯᠬᠦ ᠠᠵᠢᠯ᠎ᠢ ᠰᠠᠢ᠌ᠲᠤᠷ ᠬᠢᠵᠦ᠂ ᠡᠯ᠎ᠡ ᠭᠠᠵᠠᠷ᠎ᠤᠨ ᠪᠣᠳᠠᠲᠠᠢ ᠪᠠᠢ᠌ᠳᠠᠯ᠎ᠢ ᠭᠦᠢ᠍ᠴᠡᠳ ᠪᠣᠳᠣᠯᠬᠢᠯᠠᠨ᠂ ᠠᠵᠤ ᠠᠬᠤᠢ᠌ᠯᠠᠯ ᠪᠠ ᠤᠯᠠᠨ ᠲᠦᠮᠡᠨ᠎ᠳᠤ ᠪᠠᠴᠢᠮ ᠱᠠᠭ᠋ᠠᠷᠳᠠᠭᠳᠠᠵᠤ ᠪᠠᠢ᠌ᠭ᠎ᠠ ᠲᠤᠷᠰᠢᠯᠲᠠ ᠵᠢᠨ ᠴᠡᠭ᠎ᠤᠨ ᠠᠷᠭ᠎ᠠ ᠬᠡᠮᠵᠢᠶ᠎ᠡ ᠵᠢ ᠭᠣᠣᠯᠳᠠᠯᠭ᠎ᠠ᠎ᠲᠠᠢ᠎ᠪᠠᠷ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠵᠢᠨ ᠲᠤᠷᠰᠢᠯᠲᠠ ᠵᠢᠨ ᠴᠡᠭ᠎ᠤᠨ ᠪᠤᠰᠤᠳ ᠠᠷᠭ᠎ᠠ ᠬᠡᠮᠵᠢᠶ᠎ᠡ᠎ᠯᠦᠭᠡ ᠵᠣᠬᠢᠴᠠᠭᠤᠯᠬᠤ ᠪᠠ ᠵᠣᠯᠭ᠋ᠠᠭᠤᠯᠬᠤ ᠵᠢ ᠰᠠᠢ᠌ᠲᠤᠷ ᠬᠢᠬᠦ ᠬᠡᠷᠡᠭᠲᠡᠢ᠃ ᠲᠦᠭᠰᠢᠭᠦᠷᠢ ᠵᠢᠨ ᠬᠣᠷᠢᠭ᠎ᠠ ᠱᠤᠭᠤᠮ᠎ᠢ ᠪᠠᠲᠤ ᠰᠠᠬᠢᠭᠰᠠᠨ ᠤᠷᠢᠲᠠᠯ ᠳᠣᠣᠷ᠎ᠠ᠂ ᠳᠦᠷᠢᠮ᠎ᠤᠨ ᠬᠡᠯᠪᠡᠷᠢ ᠪᠦᠬᠦᠢ ᠨᠡᠭᠡᠭᠡᠯᠲᠡ ᠬᠢᠬᠦ ᠲᠤᠷᠰᠢᠯᠲᠠ ᠵᠢ ᠨᠡᠩ ᠴᠢᠩᠭ᠎ᠠ ᠡᠷᠴᠢᠮ᠎ᠲᠠᠢ ᠥᠷᠨᠢᠭᠦᠯᠵᠦ᠂ ᠨᠡᠩ ᠥᠨᠳᠥᠷ ᠲᠦᠪᠰᠢᠨ᠎ᠲᠠᠢ ᠨᠡᠭᠡᠭᠡᠯᠲᠡᠲᠤ ᠬᠡᠯᠪᠡᠷᠢ ᠪᠦᠬᠦᠢ ᠠᠵᠤ ᠠᠬᠤᠢ ᠵᠢᠨ ᠰᠢᠨ᠎ᠡ ᠪᠠᠢ᠌ᠭᠤᠯᠤᠯ᠎ᠢ ᠲᠦᠷᠭᠡᠨ ᠪᠠᠶ᠋ᠢᠭᠤᠯᠬᠤ ᠬᠡᠷᠡᠭᠲᠡᠢ ᠭᠡᠵᠡᠢ᠃
ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠭᠡᠷ ᠪᠠᠢ᠌ᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠬᠡᠪ ᠵᠠᠭᠪᠤᠷ᠎ᠢ ᠪᠠᠶ᠋ᠢᠭᠤᠯᠬᠤ᠎ᠨᠢ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ᠂ ᠡᠷᠡᠭᠦᠯ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠂ ᠠᠯᠤᠰ᠎ᠢ ᠪᠣᠳᠣᠯᠬᠢᠯᠠᠨ᠂ ᠲᠣᠭᠲᠠᠭᠤᠨ᠎ᠤ ᠳᠤᠮᠳᠠ ᠤᠷᠤᠭᠰᠢᠯᠠᠬᠤ᠂ ᠤᠷᠢᠳ ᠵᠶ᠋ᠠᠷ ᠰᠢᠨ᠎ᠡ ᠵᠢ ᠪᠠᠢ᠌ᠭᠤᠯᠤᠨ ᠳᠠᠷᠠᠭ᠎ᠠ᠎ᠨᠢ ᠬᠠᠭᠤᠴᠢᠨ᠎ᠢ ᠠᠷᠢᠯᠭ᠋ᠠᠬᠤ᠎ᠪᠠᠨ ᠪᠠᠷᠢᠮᠲᠠᠯᠠᠵᠤ᠂ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ᠎ᠢ ᠡᠮᠬᠢ ᠵᠢᠷᠤᠮ᠎ᠲᠠᠢ ᠪᠠᠶ᠋ᠢᠭᠤᠯᠬᠤ ᠬᠡᠷᠡᠭᠲᠡᠢ᠃ 《ᠰᠠᠢ᠌ᠨ ᠭᠡᠷ ᠪᠠᠢ᠌ᠰᠢᠩ》᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠬᠦᠴᠦᠲᠡᠢ ᠠᠬᠢᠭᠤᠯᠵᠤ᠂ ᠬᠤᠲᠠ ᠵᠢᠨ ᠰᠢᠨᠡᠳᠬᠡᠬᠦ ᠲᠣᠭᠲᠠᠴᠠ᠎ᠳᠤ ᠣᠷᠣᠭᠤᠯᠤᠭ᠋ᠠᠳ ᠠᠵᠢᠯ ᠵᠶ᠋ᠠᠨ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠵᠤ᠂ ᠲᠥᠯᠦᠪᠵᠢᠭᠦᠯᠭᠡ᠂ ᠭᠠᠵᠠᠷ ᠰᠢᠷᠣᠢ᠂ ᠡᠳ᠋᠎ᠤᠨ ᠵᠠᠰᠠᠭ᠂ ᠮᠥᠩᠭᠥᠨ ᠭᠦᠢ᠍ᠯᠭᠡᠭᠡ ᠵᠡᠷᠭᠡ ᠲᠠᠯ᠎ᠠ᠎ᠪᠠᠷ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ ᠬᠡᠷᠡᠭᠲᠡᠢ᠃ ᠪᠥᠬᠦ ᠤᠯᠤᠰ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠨᠢᠭᠡᠨᠲᠡ ᠬᠠᠩᠭ᠋ᠠᠭᠰᠠᠨ ᠭᠠᠵᠠᠷ ᠰᠢᠷᠣᠢ ᠪᠠ ᠪᠠᠢ᠌ᠭᠤᠯᠵᠤ ᠪᠠᠢ᠌ᠭ᠎ᠠ ᠲᠥᠷᠥᠯ ᠵᠦᠢ᠍ᠯ᠎ᠤᠨ ᠪᠠᠢ᠌ᠳᠠᠯ᠎ᠢ ᠣᠢ᠌ᠯᠠᠭ᠋ᠠᠵᠤ᠂ ᠣᠲᠣ ᠵᠢᠨ ᠬᠡᠷᠡᠭᠵᠢᠭᠦᠯᠵᠦ ᠪᠠᠢ᠌ᠭ᠎ᠠ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠥᠷᠥ ᠵᠢᠨ ᠪᠣᠳᠣᠯᠭ᠎ᠠ ᠬᠡᠷᠡᠭᠵᠢᠭᠦᠯᠬᠦ ᠰᠢᠰᠲ᠋ᠧᠮᠲᠦ ᠴᠢᠨᠠᠷ ᠪᠠ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ᠂ ᠣᠯᠠᠨ ᠠᠷᠭ᠎ᠠ ᠵᠢ ᠵᠡᠷᠭᠡ᠎ᠪᠠᠷ ᠬᠡᠷᠡᠭᠯᠡᠵᠦ ᠪᠠᠢ᠌ᠭ᠋ᠠᠳ ᠵᠢᠱ᠌ᠢᠯᠲᠡ ᠵᠢ ᠲᠣᠭᠲᠠᠪᠤᠷᠢᠵᠢᠭᠤᠯᠤᠨ᠂ ᠬᠡᠷᠡᠭᠴᠡᠭᠡ ᠵᠢ ᠬᠥᠭᠵᠢᠭᠡᠨ᠂ ᠬᠠᠩᠭ᠋ᠠᠯᠭ᠎ᠠ ᠵᠢ ᠰᠢᠯᠢᠳᠡᠭᠵᠢᠭᠦᠯᠦᠨ᠂ ᠲᠦᠭᠰᠢᠭᠦᠷᠢ ᠵᠢ ᠠᠷᠢᠯᠭ᠋ᠠᠵᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠯᠲᠠ ᠵᠢ ᠵᠣᠭᠰᠣᠭ᠋ᠠᠵᠤ ᠲᠣᠭᠲᠠᠭᠤᠨ ᠪᠠᠢ᠌ᠳᠠᠯ᠎ᠳᠤ ᠣᠷᠣᠭᠤᠯᠬᠤ ᠵᠢ ᠨᠠᠩ ᠴᠢᠩᠭ᠎ᠠ ᠡᠷᠴᠢᠮ᠎ᠲᠠᠢ ᠠᠬᠢᠭᠤᠯᠬᠤ ᠬᠡᠷᠡᠭᠲᠡᠢ ᠭᠡᠵᠡᠢ᠃
ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠨᠢᠭᠡᠳᠦᠯᠲᠡᠢ ᠵᠢᠷᠤᠮᠵᠢᠭᠤᠯᠬᠤ᠂ ᠬᠠᠮᠵᠢᠯᠴᠠᠨ ᠬᠠᠮᠲᠤ᠎ᠪᠠᠷ ᠡᠳ᠋ᠯᠡᠬᠦ᠂ ᠰᠢᠨᠵᠢᠯᠡᠬᠦ ᠤᠬᠠᠭ᠋ᠠᠨᠴᠢ ᠥᠨᠳᠥᠷ ᠪᠦᠲᠦᠮᠵᠢᠲᠡᠢ ᠪᠠᠢ᠌ᠯᠭ᠋ᠠᠬᠤ ᠢᠲᠡᠭᠡᠮᠵᠢ ᠵᠢᠨ ᠢᠯᠭ᠋ᠠᠷᠠᠭᠤᠯᠤᠨ ᠰᠡᠷᠭᠦᠭᠡᠬᠦ ᠲᠣᠭᠲᠠᠴᠠ ᠵᠢ ᠲᠡᠭᠦᠯᠳᠡᠷᠵᠢᠭᠦᠯᠬᠦ᠎ᠪᠠᠨ ᠲᠦᠷᠭᠡᠳᠬᠡᠵᠦ᠂ ᠢᠲᠡᠭᠡᠯ ᠠᠯᠳᠠᠭᠰᠠᠨ ᠭᠣᠣᠯ ᠴᠣᠭᠴᠠ ᠵᠢᠨ ᠢᠲᠡᠭᠡᠮᠵᠢ᠎ᠪᠠᠨ ᠳᠠᠬᠢᠨᠲᠠ ᠴᠣᠭᠴᠠᠯᠠᠬᠤ ᠵᠢ᠎ᠨᠢ ᠨᠡᠩ ᠰᠠᠢ᠌ᠲᠤᠷ ᠬᠠᠪᠰᠤᠷᠬᠤ ᠬᠡᠷᠡᠭᠲᠡᠢ᠃ ᠳᠦᠷᠢᠮ᠎ᠢ ᠨᠢᠭᠡᠳᠦᠯᠲᠡᠢ ᠢᠯᠭ᠋ᠠᠷᠠᠭᠤᠯᠤᠨ ᠰᠡᠷᠭᠦᠭᠡᠵᠦ᠂ ᠬᠢᠷᠢ ᠬᠡᠮ᠎ᠢ ᠬᠢᠨᠠᠨ ᠪᠠᠢ᠌ᠴᠠᠭ᠋ᠠᠬᠤ᠂ ᠶᠠᠪᠤᠴᠠ᠎ᠳᠤ ᠬᠢᠨᠠᠯᠲᠠ ᠲᠠᠯᠪᠢᠬᠤ᠂ ᠦᠷ᠎ᠡ ᠳ᠋ᠦᠩ᠎ᠢ ᠦᠨᠡᠯᠡᠬᠦ ᠵᠡᠷᠭᠡ ᠭᠣᠭᠴᠣᠭ᠋ᠠᠨ᠎ᠤ ᠪᠠᠷᠢᠮᠵᠢᠶ᠎ᠠ ᠪᠠ ᠵᠢᠷᠤᠮᠵᠢᠯ᠎ᠢ᠎ᠨᠢ ᠪᠦᠷᠢᠨᠰᠢᠭᠦᠯᠬᠦ ᠬᠡᠷᠡᠭᠲᠡᠢ᠃ ᠳ᠋ᠠᠢ᠌ᠲ᠋ᠠ ᠵᠢᠨ ᠬᠣᠷᠢᠭ᠎ᠠ ᠰᠠᠭ᠋ᠠᠳ᠎ᠢ ᠠᠷᠢᠯᠭ᠋ᠠᠨ᠂ ᠳ᠋ᠠᠢ᠌ᠲ᠋ᠠ ᠵᠢ ᠬᠠᠮᠲᠤ᠎ᠪᠠᠷ ᠡᠳ᠋ᠯᠡᠬᠦ ᠬᠡᠪᠴᠢᠶ᠎ᠡ᠂ ᠠᠷᠭ᠎ᠠ᠂ ᠳᠠᠪᠲᠠᠮᠵᠢ ᠵᠢ ᠲᠦᠷᠭᠡᠬᠡᠨ ᠲᠣᠳᠣᠷᠬᠠᠢ᠌ᠯᠠᠵᠤ᠂ ᠬᠠᠮᠢᠶ᠎ᠠ ᠪᠦᠬᠦᠢ ᠬᠦᠷᠢᠶᠡᠨ᠎ᠳᠠᠬᠢ ᠨᠡᠢ᠌ᠭᠡᠮ᠎ᠤᠨ ᠳ᠋ᠠᠢ᠌ᠲ᠋ᠠ ᠵᠢᠨ ᠬᠣᠯᠪᠣᠯᠳᠤᠨ ᠨᠡᠪᠲᠡᠷᠡᠯᠴᠡᠬᠦ ᠵᠢ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ᠎ᠤᠳ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠭᠥᠯᠢᠶᠡᠨ ᠠᠪᠴᠤ ᠭᠦᠢ᠍ᠴᠡᠳᠬᠡᠬᠦ᠂ ᠰᠢᠨᠡᠳᠬᠡᠨ ᠬᠠᠷᠢᠭᠤ ᠲᠤᠰᠬᠠᠬᠤ᠂ ᠣᠨᠳᠣᠣ ᠰᠠᠨᠠᠯ᠎ᠢ ᠰᠢᠢ᠍ᠳᠪᠦᠷᠢᠯᠡᠬᠦ ᠵᠡᠷᠭᠡ ᠠᠵᠢᠯ᠎ᠳᠤ᠎ᠪᠠᠨ ᠨᠢᠭᠲᠠ ᠬᠠᠮᠵᠢᠯᠴᠠᠵᠤ᠂ ᠨᠡᠢ᠌ᠯᠡᠯ ᠬᠦᠴᠦᠨ᠎ᠢ ᠪᠦᠷᠢᠯᠳᠦᠭᠦᠯᠬᠦ ᠬᠡᠷᠡᠭᠲᠡᠢ ᠭᠡᠵᠡᠢ᠃
ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠡᠮ᠎ᠤᠨ ᠵᠦᠢ᠍ᠯ ᠪᠠ ᠬᠣᠷᠣᠭᠳᠠᠯ ᠮᠠᠲ᠋ᠧᠷᠢᠶᠠᠯ᠎ᠤᠨ ᠲᠥᠪᠯᠡᠷᠡᠭᠦᠯᠦᠨ ᠬᠤᠳᠠᠯᠳᠤᠨ ᠠᠪᠬᠤ ᠲᠦᠷᠦ ᠵᠢᠨ ᠪᠣᠳᠣᠯᠭ᠎ᠠ ᠵᠢ ᠦᠨᠡᠯᠡᠨ ᠵᠢᠱ᠌ᠢᠬᠦ᠎ᠪᠠᠨ ᠴᠢᠩᠭ᠋ᠠᠳᠬᠠᠵᠤ᠂ ᠲᠤᠷᠰᠢᠯᠭ᠎ᠠ᠎ᠪᠠᠨ ᠳ᠋ᠦᠩᠨᠡᠨ᠂ ᠳᠤᠲᠠᠭᠤᠳᠠᠯ ᠵᠶ᠋ᠠᠨ ᠨᠥᠬᠥᠪᠦᠷᠢᠯᠡᠵᠦ᠂ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠵᠢᠷᠤᠮᠵᠢᠭᠤᠯᠤᠨ ᠳᠦᠷᠢᠮᠵᠢᠭᠦᠯᠵᠦ ᠪᠠᠢ᠌ᠩᠭᠤᠰᠢᠭᠤᠯᠤᠨ ᠥᠷᠨᠢᠭᠦᠯᠬᠦ ᠵᠢ ᠠᠬᠢᠭᠤᠯᠬᠤ ᠬᠡᠷᠡᠭᠲᠡᠢ᠃ ᠡᠮᠴᠢᠯᠡᠭᠡ᠂ ᠡᠮᠴᠢᠯᠡᠭᠡᠨ᠎ᠤ ᠪᠠᠲᠤᠯᠠᠭ᠎ᠠ᠂ ᠡᠮ ᠡᠮᠨᠡᠯᠭᠡ ᠵᠢᠨ ᠬᠠᠮᠵᠢᠯᠴᠠᠭᠰᠠᠨ ᠬᠥᠭᠵᠢᠯᠲᠡ ᠪᠠ ᠵᠠᠰᠠᠯᠲᠠ ᠵᠢ ᠨᠠᠩ ᠰᠠᠢ᠌ᠲᠤᠷ ᠠᠬᠢᠭᠤᠯᠵᠤ᠂ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶᠠᠨ᠎ᠤ ᠨᠥᠬᠥᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠦᠨ᠂ ᠡᠮ ᠡᠮᠨᠡᠯᠭᠡ ᠵᠢᠨ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ᠎ᠨᠢ ᠳᠡᠮᠵᠢᠵᠦ᠂ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮ ᠬᠡᠷᠡᠭᠯᠡᠬᠦ ᠣᠯᠠᠨ ᠡᠰᠢᠴᠢᠯᠡᠭᠰᠡᠨ ᠬᠡᠷᠡᠭᠴᠡᠭᠡ ᠵᠢ ᠨᠠᠩ ᠰᠠᠢ᠌ᠲᠤᠷ ᠬᠠᠩᠭ᠋ᠠᠬᠤ ᠬᠡᠷᠡᠭᠲᠡᠢ᠃ ᠡᠮ᠎ᠤᠨ ᠵᠦᠢ᠍ᠯ ᠪᠠ ᠬᠣᠷᠣᠭᠳᠠᠯ ᠮᠠᠲ᠋ᠧᠷᠢᠶᠠᠯ᠎ᠤᠨ ᠦᠢ᠍ᠯᠡᠳᠪᠦᠷᠢᠯᠡᠯ᠂ ᠭᠦᠢ᠍ᠯᠭᠡᠭᠡ᠂ ᠬᠡᠷᠡᠭᠯᠡᠯᠲᠡ ᠵᠢᠨ ᠪᠦᠬᠦ ᠬᠡᠯᠬᠢᠶᠡᠨ᠎ᠳᠠᠬᠢ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠳᠠᠭᠤᠷᠢᠶᠠᠮᠠᠯ ᠡᠮ᠎ᠤᠨ ᠶᠠᠰᠤ ᠴᠢᠨᠠᠷ ᠪᠠ ᠡᠮᠴᠢᠯᠡᠭᠡᠨ᠎ᠤ ᠦᠢ᠍ᠯᠡᠳᠦᠯ᠎ᠤᠨ ᠨᠢᠭᠡᠳᠦᠯᠲᠡᠢ ᠴᠢᠨᠠᠷ᠎ᠤᠨ ᠦᠨᠡᠯᠡᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠯᠠᠨ᠎ᠤ ᠰᠠᠨᠠᠭ᠎ᠠ ᠠᠮᠤᠷ ᠡᠮ ᠬᠡᠷᠡᠭᠯᠡᠬᠦ ᠵᠢ ᠪᠠᠲᠤᠯᠠᠬᠤ ᠬᠡᠷᠡᠭᠲᠡᠢ ᠭᠡᠵᠡᠢ᠃
ᠬᠤᠷᠠᠯᠳᠤᠭ᠋ᠠᠨ ᠵᠶ᠋ᠠᠷ ᠪᠠᠰᠠ ᠪᠤᠰᠤᠳ ᠵᠦᠢ᠍ᠯᠡᠰ᠎ᠢ ᠰᠤᠳᠤᠯᠵᠠᠢ᠃
ᠢᠷᠡᠯᠲᠡ᠄ ᠰᠢᠨᠬᠤᠸᠠ ᠬᠣᠷᠢᠶ᠎ᠠ