ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠺᠠᠽᠠᠬᠰᠲ᠋ᠠᠨ᠎ᠤ ᠶᠡᠷᠦᠩᠬᠡᠢ᠌ᠯᠡᠭᠴᠢ ᠲᠦᠸᠸᠺᠠᠶᠸᠹ᠎ᠲᠠᠢ ᠬᠡᠯᠡᠯᠴᠡᠭᠡ ᠬᠢᠪᠡ
ᠨᠡᠶ᠋ᠢᠲᠡᠯᠡᠭᠰᠡᠨ ᠴᠠᠭ᠄ 2025-06-17

      ᠰᠢᠨᠬᠤᠸᠠ  ᠬᠣᠷᠢᠶ᠎ᠠ ᠵᠢᠨ ᠠᠰᠲ᠋ᠠᠨᠠ ᠵᠢᠨ 6 ᠰᠠᠷ᠎ᠠ ᠵᠢᠨ 16᠎ᠤ  ᠴᠠᠬᠢᠯᠭ᠋ᠠᠨ ᠮᠡᠳᠡᠭᠡ   ᠲᠤᠬᠠᠢ ᠵᠢᠨ ᠭᠠᠵᠠᠷ᠎ᠤᠨ ᠴᠠᠭ ᠵᠶ᠋ᠠᠷ 6 ᠰᠠᠷ᠎ᠠ ᠵᠢᠨ 16᠎ᠤ ᠦᠳᠡ ᠵᠢᠨ ᠬᠣᠢ᠌ᠨ᠎ᠠ᠂ ᠺᠠᠽᠠᠬᠰᠲ᠋ᠠᠨ᠎ᠤ ᠶᠡᠷᠦᠩᠬᠡᠢ᠌ᠯᠡᠭᠴᠢ ᠲᠦᠸᠸᠺᠠᠶᠸᠹ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠲᠠᠢ ᠠᠰᠲ᠋ᠠᠨᠠ᠎ᠳᠠᠬᠢ ᠶᠡᠷᠦᠩᠬᠡᠢ᠌ᠯᠡᠭᠴᠢ ᠵᠢᠨ ᠣᠷᠳᠣᠨ᠎ᠳᠤ ᠬᠡᠯᠡᠯᠴᠡᠭᠡ ᠬᠢᠪᠡ᠃


1.png

 

      ᠲᠤᠬᠠᠢ ᠵᠢᠨ ᠭᠠᠵᠠᠷ᠎ᠤᠨ ᠴᠠᠭ ᠵᠶ᠋ᠠᠷ 6 ᠰᠠᠷ᠎ᠠ ᠵᠢᠨ16᠎ᠤ ᠦᠳᠡ ᠵᠢᠨ ᠬᠣᠢ᠌ᠨ᠎ᠠ᠂ ᠺᠠᠽᠠᠬᠰᠲ᠋ᠠᠨ᠎ᠤ ᠶᠡᠷᠦᠩᠬᠡᠢ᠌ᠯᠡᠭᠴᠢ ᠲᠦᠸᠸᠺᠠᠶᠸᠹ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠲᠠᠢ ᠠᠰᠲ᠋ᠠᠨᠠ᠎ᠳᠠᠬᠢ ᠶᠡᠷᠦᠩᠬᠡᠢ᠌ᠯᠡᠭᠴᠢ ᠵᠢᠨ ᠣᠷᠳᠣᠨ᠎ᠳᠤ ᠬᠡᠯᠡᠯᠴᠡᠭᠡ ᠬᠢᠪᠡ᠃

      ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ   ᠬᠤᠸᠠᠩ ᠵᠢᠩ ᠸᠸᠨ   ᠰᠡᠭᠦᠳᠡᠷᠯᠡᠪᠡ

      ᠰᠢ ᠵᠢᠨ ᠫᠢᠩ᠂ ᠳᠤᠮᠳᠠᠳᠤ ᠺᠠᠽᠠᠬᠰᠲ᠋ᠠᠨ᠎ᠤ ᠬᠠᠷᠢᠯᠴᠠᠭ᠎ᠠ ᠳᠡᠯᠡᠬᠡᠢ ᠵᠢᠨ ᠤᠷᠪᠠᠭ᠋ᠠᠨ ᠬᠥᠷᠪᠡᠭᠡᠨ᠎ᠲᠠᠢ ᠪᠠᠢ᠌ᠳᠠᠯ᠎ᠤᠨ ᠰᠢᠯᠭ᠋ᠠᠯᠲᠠ ᠵᠢ ᠲᠤᠭᠤᠯᠵᠤ᠂ ᠢᠮᠠᠭᠲᠠ ᠥᠨᠳᠥᠷ ᠲᠦᠪᠰᠢᠨ ᠪᠦᠬᠦᠢ ᠠᠵᠢᠯᠯᠠᠭ᠋ᠠᠨ ᠵᠶ᠋ᠠᠨ ᠪᠠᠲᠤᠯᠠᠭᠰᠠᠭ᠋ᠠᠷ ᠢᠷᠡᠵᠠᠢ᠂ ᠡᠨᠡ᠎ᠨᠢ ᠠᠭᠤᠯᠠ ᠤᠰᠤ᠎ᠪᠠᠷ ᠵᠶ᠋ᠠᠨ ᠵᠠᠯᠭ᠋ᠠᠯᠳᠤᠭᠰᠠᠨ ᠭᠠᠵᠠᠷ ᠣᠷᠣᠨ᠎ᠤ ᠳᠠᠪᠠᠭᠤᠯᠢᠭ ᠪᠣᠯᠣᠨ ᠦᠶ᠎ᠡ ᠵᠢᠨ ᠦᠶ᠎ᠡ᠎ᠳᠡᠭᠡᠨ ᠨᠥᠭᠦᠷᠰᠡᠭ ᠪᠠᠢ᠌ᠭᠰᠠᠨ ᠲᠡᠦᠬᠡ ᠵᠢᠨ ᠤᠯᠠᠮᠵᠢᠯᠠᠯ᠎ᠠᠴᠠ ᠪᠣᠯᠤᠭᠰᠠᠨ ᠶᠤᠮ᠂ ᠪᠠᠰᠠ ᠴᠤ᠌ ᠬᠣᠶᠠᠷ ᠤᠯᠤᠰ᠎ᠤᠨ ᠬᠠᠮᠲᠤ᠎ᠪᠠᠷ ᠬᠥᠭᠵᠢᠯᠲᠡ ᠵᠢ ᠡᠷᠢᠯᠬᠢᠯᠡᠬᠦ ᠵᠠᠢ᠌ᠯᠠᠰᠢ ᠦᠭᠡᠢ ᠰᠣᠩᠭᠣᠯᠲᠠ ᠪᠣᠯᠣᠨ᠎ᠠ᠃ ᠣᠢ᠌ᠷ᠎ᠠ ᠵᠢᠨ ᠵᠢᠯ᠎ᠠᠴᠠ᠂ ᠪᠢᠳᠡᠨ᠎ᠤ ᠬᠠᠮᠲᠤ ᠵᠢᠨ ᠵᠢᠷᠤᠭ ᠲᠥᠯᠥᠪᠯᠡᠭᠡ ᠳᠣᠣᠷ᠎ᠠ᠂ ᠳᠤᠮᠳᠠᠳᠤ ᠺᠠᠽᠠᠬᠰᠲ᠋ᠠᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠶᠠᠰᠤ ᠴᠢᠨᠠᠷ ᠨᠡᠩ ᠭᠦᠢ᠍ᠴᠡᠳ᠂ ᠠᠭᠤᠯᠤᠭᠳᠠᠬᠤᠨ ᠨᠡᠩ ᠪᠠᠶᠠᠯᠢᠭ ᠪᠣᠯᠵᠤ᠂ ᠦᠨᠡᠨ ᠪᠣᠳᠠᠲᠠᠢ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠦᠷ᠎ᠡ ᠪᠦᠲᠦᠭᠡᠯ ᠦᠷᠭᠦᠯᠵᠢᠯᠡᠨ ᠢᠯᠡᠷᠡᠵᠦ᠂ ᠬᠣᠶᠠᠷ ᠤᠯᠤᠰ᠎ᠤᠨ ᠠᠷᠠᠳ ᠲᠦᠮᠡᠨ᠎ᠤ ᠬᠦᠷᠲᠡᠮᠵᠢ ᠵᠢᠨ ᠲᠥᠷᠥᠭᠳᠡᠯ᠎ᠢ ᠬᠦᠴᠦᠲᠡᠢ ᠳᠡᠭᠡᠭᠰᠢᠯᠡᠭᠦᠯᠪᠡ᠃ ᠳᠤᠮᠳᠠᠳᠤ ᠤᠯᠤᠰ ᠢᠮᠠᠭᠲᠠ ᠪᠠᠢ᠌ᠯᠳᠤᠬᠤ ᠪᠣᠳᠣᠯᠭ᠎ᠠ ᠵᠢᠨ ᠥᠨᠳᠥᠷᠴᠡ ᠪᠣᠯᠣᠨ ᠠᠯᠤᠰ ᠭᠡᠳᠤ ᠵᠢᠨ ᠬᠠᠷᠠᠭ᠋ᠠᠰᠤ᠎ᠠᠴᠠ ᠳᠤᠮᠳᠠᠳᠤ ᠺᠠᠽᠠᠬᠰᠲ᠋ᠠᠨ᠎ᠤ ᠬᠠᠷᠢᠯᠴᠠᠭ᠎ᠠ᠎ᠳᠤ ᠬᠠᠨᠳᠤᠵᠤ᠂ ᠳᠤᠷᠠᠲᠠᠶ᠎ᠠ ᠺᠠᠽᠠᠬᠰᠲ᠋ᠠᠨ᠎ᠤ᠎ᠬᠢᠨ᠎ᠲᠠᠢ ᠬᠠᠮᠲᠤ᠎ᠪᠠᠷ ᠳᠤᠮᠳᠠᠳᠤ ᠺᠠᠽᠠᠬᠰᠲ᠋ᠠᠨ᠎ᠤ ᠨᠥᠬᠥᠷᠯᠡᠯ᠎ᠢ ᠡᠷᠡᠰ ᠭᠤᠢ᠌ᠪᠢᠰᠢ ᠦᠭᠡᠢ ᠪᠡᠬᠢᠵᠢᠭᠦᠯᠵᠦ᠂ ᠳᠤᠮᠳᠠᠳᠤ ᠺᠠᠽᠠᠬᠰᠲ᠋ᠠᠨ᠎ᠤ ᠬᠠᠷᠢᠯᠴᠠᠭ᠋ᠠᠨ᠎ᠤ ᠲᠣᠭᠲᠠᠭᠤᠨ ᠴᠢᠨᠠᠷ ᠪᠣᠯᠣᠨ ᠢᠳᠡᠪᠬᠢ ᠬᠦᠴᠦᠨ ᠵᠶ᠋ᠡᠷ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠵᠢᠨ ᠡᠩᠬᠡ ᠲᠠᠢ᠌ᠪᠤᠩ ᠪᠣᠯᠣᠨ ᠬᠥᠭᠵᠢᠯᠲᠡ᠎ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠦ ᠵᠢᠭ᠋ᠠᠵᠤ   ᠭᠠᠷᠭ᠋ᠠᠪᠠ᠃


2.png

 

      ᠲᠤᠬᠠᠢ ᠵᠢᠨ ᠭᠠᠵᠠᠷ᠎ᠤᠨ ᠴᠠᠭ ᠵᠶ᠋ᠠᠷ 6 ᠰᠠᠷ᠎ᠠ ᠵᠢᠨ 16᠎ᠤ ᠦᠳᠡ ᠵᠢᠨ ᠬᠣᠢ᠌ᠨ᠎ᠠ᠂ ᠺᠠᠽᠠᠬᠰᠲ᠋ᠠᠨ᠎ᠤ ᠶᠡᠷᠦᠩᠬᠡᠢ᠌ᠯᠡᠭᠴᠢ ᠲᠦᠸᠸᠺᠠᠶᠸᠹ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠲᠠᠢ ᠠᠰᠲ᠋ᠠᠨᠠ᠎ᠳᠠᠬᠢ ᠶᠡᠷᠦᠩᠬᠡᠢ᠌ᠯᠡᠭᠴᠢ ᠵᠢᠨ ᠣᠷᠳᠣᠨ᠎ᠳᠤ ᠬᠡᠯᠡᠯᠴᠡᠭᠡ ᠬᠢᠪᠡ᠃ ᠬᠡᠯᠡᠯᠴᠡᠭᠡ ᠲᠡᠭᠦᠰᠦᠭᠰᠡᠨ᠎ᠤ ᠳᠠᠷᠠᠭ᠎ᠠ᠂ ᠬᠣᠶᠠᠷ ᠤᠯᠤᠰ᠎ᠤᠨ ᠲᠡᠷᠢᠭᠦᠨ ᠬᠣᠶᠠᠷ ᠲᠠᠯ᠎ᠠ᠎ᠪᠠᠷ ᠵᠢᠡᠨ 10 ᠭᠠᠷᠤᠢ ᠬᠤᠪᠢ ᠬᠣᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ ᠰᠣᠯᠢᠯᠴᠠᠬᠤ ᠵᠢ ᠬᠠᠮᠲᠤ᠎ᠪᠠᠷ ᠭᠡᠷᠡᠴᠢᠯᠡᠪᠡ᠃  ᠵᠢᠷᠤᠭ ᠪᠣᠯ ᠰᠢ ᠵᠢᠨ ᠫᠢᠩ ᠲᠦᠸᠸᠺᠠᠶᠸᠹ᠎ᠲᠠᠢ ᠭᠠᠷ ᠠᠳᠬᠤᠵᠤ ᠪᠠᠢ᠌ᠭ᠎ᠠ᠎ᠨᠢ᠃ ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ   ᠯᠢ ᠲᠤᠤ ᠰᠡᠭᠦᠳᠡᠷᠯᠡᠪᠡ

      ᠰᠢ ᠵᠢᠨ ᠫᠢᠩ᠂ ᠳᠤᠮᠳᠠᠳᠤ ᠺᠠᠽᠠᠬᠰᠲ᠋ᠠᠨ ᠴᠥᠮ ᠲᠤᠰ ᠲᠤᠰ᠎ᠤᠨ ᠵᠶ᠋ᠠᠨ ᠬᠥᠭᠵᠢᠯ ᠮᠠᠨᠳᠤᠯ᠎ᠤᠨ ᠵᠠᠩᠭᠢᠯᠠᠭ᠎ᠠ ᠵᠢᠨ ᠱᠠᠲᠤᠨ᠎ᠳᠤ ᠣᠷᠣᠰᠢᠵᠤ ᠪᠤᠢ᠂ ᠬᠣᠶᠠᠷ ᠤᠯᠤᠰ ᠵᠶ᠋ᠠᠷ ᠵᠶ᠋ᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠦᠭᠦ ᠲᠠᠯ᠎ᠠ ᠵᠢᠨ ᠬᠠᠮᠲᠤᠷᠠᠯᠴᠠᠭ᠎ᠠ ᠵᠢ ᠠᠬᠢᠭᠤᠯᠤᠶ᠎ᠠ᠃ ᠨᠢᠭᠡ᠎ᠳᠤ᠂ ᠥᠨᠳᠥᠷ ᠲᠦᠪᠰᠢᠨ ᠪᠦᠬᠦᠢ ᠪᠠᠢ᠌ᠯᠳᠤᠬᠤ ᠪᠣᠳᠣᠯᠭ᠎ᠠ ᠵᠢᠨ ᠢᠲᠡᠭᠡᠯᠴᠡᠭᠡ᠎ᠪᠠᠷ ᠬᠣᠶᠠᠷ ᠲᠠᠯ᠎ᠠ ᠵᠢᠨ ᠬᠠᠷᠢᠯᠴᠠᠭ᠎ᠠ ᠵᠢᠨ ᠬᠥᠭᠵᠢᠯᠲᠡ ᠵᠢ ᠬᠥᠲᠥᠯᠥᠨ ᠳᠠᠭ᠋ᠠᠭᠤᠯᠵᠤ᠂ ᠲᠤᠰ ᠲᠤᠰ᠎ᠤᠨ ᠭᠣᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠢ᠌ᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠦᠷᠭᠦᠯᠵᠢᠯᠡᠨ ᠬᠠᠷᠢᠯᠴᠠᠨ ᠡᠷᠡᠰ ᠳᠡᠮᠵᠢᠯᠴᠡᠵᠦ᠂ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠎ᠪᠠᠨ ᠵᠣᠯᠭ᠋ᠠᠭᠤᠯᠬᠤ ᠵᠢ ᠠᠬᠢᠭᠤᠯᠵᠤ᠂ ᠤᠷᠪᠠᠭ᠋ᠠᠨ ᠬᠥᠷᠪᠡᠭᠡᠨ᠎ᠤ ᠳᠤᠮᠳᠠ ᠲᠤᠰ ᠲᠤᠰ᠎ᠤᠨ ᠵᠶ᠋ᠠᠨ ᠪᠠᠲᠤ ᠴᠢᠩᠭ᠎ᠠ ᠥᠮᠥᠭ ᠲᠦᠰᠢᠭ ᠪᠣᠯᠵᠤ᠂ ᠬᠥᠭᠵᠢᠨ ᠮᠠᠨᠳᠤᠬᠤ ᠳᠤᠮᠳᠠ᠎ᠪᠠᠨ ᠬᠠᠷᠢᠯᠴᠠᠨ ᠠᠰᠢᠭᠲᠠᠢ ᠲᠤᠰᠠᠯᠠᠬᠤ ᠬᠦᠴᠦᠨ ᠪᠣᠯᠣᠯᠴᠠᠶ᠎ᠠ᠃ ᠬᠣᠶᠠᠷ᠎ᠲᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠢ᠌ᠲᠠᠢ ᠪᠦᠲᠦᠭᠡᠨ ᠪᠠᠢ᠌ᠭᠤᠯᠵᠤ ᠬᠣᠶᠠᠷ ᠤᠯᠤᠰ᠎ᠤᠨ ᠬᠠᠮᠲᠤᠷᠠᠯᠴᠠᠭ᠋ᠠᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ ᠵᠡᠷᠭᠡ ᠤᠯᠠᠮᠵᠢᠯᠠᠯᠲᠤ ᠬᠠᠮᠲᠤᠷᠠᠯᠴᠠᠭ᠋ᠠᠨ᠎ᠤ ᠳᠠᠪᠠᠭᠤᠯᠢᠭ ᠵᠶ᠋ᠠᠨ ᠪᠡᠬᠢᠵᠢᠭᠦᠯᠵᠦ᠂ ᠬᠢᠯᠢ ᠠᠯᠤᠰᠯᠠᠭᠰᠠᠨ ᠲᠡᠮᠦᠷ ᠵᠠᠮ᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠣᠯᠣᠨ ᠬᠢᠯᠢ ᠵᠢᠨ ᠪᠣᠭᠣᠮᠲᠠ ᠵᠢᠨ ᠰᠠᠭᠤᠷᠢ ᠲᠥᠬᠦᠭᠡᠷᠦᠮᠵᠢ ᠵᠢᠨ ᠥᠭᠡᠷᠡᠴᠢᠯᠡᠯᠲᠡ ᠵᠢ ᠠᠬᠢᠭᠤᠯᠵᠤ᠂ ᠬᠣᠯᠪᠣᠯᠳᠤᠨ ᠨᠡᠪᠲᠡᠷᠡᠯᠴᠡᠬᠦ ᠲᠦᠪᠰᠢᠨ ᠵᠶ᠋ᠡᠨ ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ᠎ᠤᠨ ᠬᠠᠮᠲᠤᠷᠠᠯᠴᠠᠭ᠎ᠠ ᠵᠢ ᠥᠷᠭᠡᠳᠬᠡᠵᠦ᠂ ᠪᠣᠬᠢᠷᠳᠤᠯ ᠦᠭᠡᠢ ᠦᠷᠭᠦᠯᠵᠢᠯᠡᠬᠦ ᠬᠥᠭᠵᠢᠯᠲᠡ ᠵᠢ ᠠᠬᠢᠭᠤᠯᠤᠶ᠎ᠠ᠃ ᠭᠤᠷᠪᠠ᠎ᠳᠤ᠂ ᠪᠦᠭᠦ ᠲᠠᠯ᠎ᠠ ᠵᠢᠨ ᠠᠮᠤᠷ ᠲᠦᠪᠰᠢᠨ᠎ᠤ ᠬᠠᠮᠲᠤᠷᠠᠯᠴᠠᠭ᠎ᠠ᠎ᠪᠠᠷ ᠬᠣᠶᠠᠷ ᠤᠯᠤᠰ᠎ᠤᠨ ᠡᠩᠬᠡ ᠲᠠᠢ᠌ᠪᠤᠩ ᠠᠮᠤᠷ ᠲᠣᠭᠲᠠᠭᠤᠨ᠎ᠢ ᠬᠠᠮᠠᠭ᠋ᠠᠯᠠᠵᠤ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠪᠣᠯᠣᠨ ᠰᠡᠷᠭᠡᠢ᠌ᠯᠡᠯᠲᠡ ᠵᠢᠨ ᠠᠵᠢᠯ᠎ᠤᠨ ᠰᠣᠯᠢᠯᠴᠠᠭ᠎ᠠ᠎ᠪᠠᠨ ᠥᠷᠭᠡᠳᠬᠡᠵᠦ᠂ 《ᠭᠤᠷᠪᠠᠨ ᠵᠦᠢ᠍ᠯ᠎ᠤᠨ ᠬᠦᠴᠦᠨ》᠎ᠳᠤ ᠬᠠᠮᠲᠤ᠎ᠪᠠᠷ ᠴᠣᠬᠢᠯᠲᠠ ᠥᠭᠴᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠪᠣᠯᠣᠨ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠦᠶ᠎ᠡ᠃ ᠳᠥᠷᠪᠡ᠎ᠳᠤ᠂ ᠤᠯᠠᠨ ᠡᠰᠢᠴᠢᠯᠡᠭᠰᠡᠨ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠷ ᠳᠤᠮᠳᠠᠳᠤ ᠺᠠᠽᠠᠬᠰᠲ᠋ᠠᠨ᠎ᠤ ᠨᠥᠬᠥᠷᠯᠡᠯ᠎ᠤᠨ ᠰᠠᠭᠤᠷᠢ ᠵᠢ ᠪᠡᠬᠢᠵᠢᠭᠦᠯᠵᠦ᠂ ᠺᠠᠽᠠᠬᠰᠲ᠋ᠠᠨ᠎ᠤ 《ᠳᠤᠮᠳᠠᠳᠤ ᠤᠯᠤᠰ᠎ᠤᠨ ᠵᠢᠭᠤᠯᠴᠢᠯᠠᠯ᠎ᠤᠨ ᠣᠨ》᠎ᠢ ᠰᠠᠢ᠌ᠲᠤᠷ ᠡᠷᠭᠢᠯᠡᠵᠤ᠂ ᠵᠠᠯᠠᠭᠤᠴᠤᠳ᠂ ᠵᠠᠭᠤᠴᠢᠯᠠᠭᠤᠷ᠂ ᠤᠶᠤᠨ᠎ᠤ ᠬᠥᠮᠥᠷᠭᠡ᠂ ᠣᠷᠣᠨ ᠨᠤᠲᠤᠭ᠎ᠤᠨ᠎ᠬᠢᠨ᠎ᠤ ᠰᠣᠯᠢᠯᠴᠠᠭ᠎ᠠ᠎ᠪᠠᠨ ᠴᠢᠩᠭ᠋ᠠᠳᠬᠠᠬᠤ ᠵᠢ ᠵᠣᠷᠢᠭᠵᠢᠭᠤᠯᠤᠶ᠎ᠠ ᠭᠡᠵᠦ ᠴᠢᠬᠤᠯᠠᠴᠢᠯᠠᠪᠠ᠃

      ᠰᠢ ᠵᠢᠨ ᠫᠢᠩ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠵᠢᠨ ᠪᠠᠢ᠌ᠳᠠᠯ᠎ᠤᠨ ᠡᠮᠦᠨ᠎ᠡ᠂ ᠳᠤᠮᠳᠠᠳᠤ ᠺᠠᠽᠠᠬᠰᠲ᠋ᠠᠨ ᠬᠣᠶᠠᠷ ᠲᠠᠯ᠎ᠠ᠎ᠪᠠᠷ ᠵᠶ᠋ᠠᠨ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠎ᠪᠠᠷ ᠭᠣᠣᠯ ᠪᠤᠯᠭ᠋ᠠᠬᠰᠠᠨ ᠤᠯᠠᠨ ᠤᠯᠤᠰ᠎ᠤᠨ ᠰᠢᠰᠲ᠋ᠧᠮ ᠪᠣᠯᠣᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠡᠮᠬᠢ ᠳᠢᠭᠯᠢᠮ᠎ᠢ ᠡᠷᠡᠰ ᠬᠠᠮᠠᠭ᠋ᠠᠯᠠᠵᠤ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ᠎ᠪᠠᠷ ᠥᠷᠭᠡᠨ ᠤᠯᠠᠨ ᠬᠥᠭᠵᠢᠵᠦ ᠪᠠᠢ᠌ᠭ᠎ᠠ ᠤᠯᠤᠰ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠶ᠎ᠠ᠃ ᠺᠠᠽᠠᠬᠰᠲ᠋ᠠᠨ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ - ᠳᠤᠮᠳᠠ ᠠᠽᠢᠶ᠎ᠠ ᠵᠢᠨ ᠲᠦᠷᠦᠭᠦᠴᠦᠳ᠎ᠤᠨ ᠬᠤᠷᠠᠯ᠎ᠳᠤ ᠶᠡᠬᠡ ᠬᠡᠮᠵᠢᠶᠡᠨ᠎ᠤ ᠪᠡᠯᠡᠳᠬᠡᠯ ᠠᠵᠢᠯ ᠬᠢᠭᠰᠡᠨ᠎ᠢ ᠳᠤᠮᠳᠠᠳᠤ ᠤᠯᠤᠰ ᠳᠡᠭᠡᠳᠦ ᠬᠡᠮᠵᠢᠶ᠎ᠡ᠎ᠪᠠᠷ ᠦᠨᠡᠯᠡᠵᠦ ᠪᠠᠢ᠌ᠨ᠎ᠠ᠂ ᠡᠨᠡ ᠤᠳᠠᠭ᠎ᠠ ᠵᠢᠨ ᠬᠤᠷᠠᠯ᠎ᠨᠢ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠵᠢᠨ ᠬᠠᠮᠲᠤᠷᠠᠯᠴᠠᠭ᠋ᠠᠨ᠎ᠤ ᠰᠢᠨ᠎ᠡ ᠬᠠᠭᠤᠳᠠᠰᠤ ᠵᠢ ᠪᠢᠴᠢᠭᠯᠡᠬᠦ ᠵᠢ ᠢᠲᠡᠭᠡᠵᠦ ᠪᠠᠢ᠌ᠨ᠎ᠠ᠃ ᠡᠭᠦᠨ᠎ᠤ ᠬᠠᠮᠲᠤ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ ᠳᠤᠷᠠᠲᠠᠶ᠎ᠠ ᠡᠯ᠎ᠡ ᠪᠦᠷᠢᠯᠳᠦᠭᠦᠨ ᠤᠯᠤᠰ᠎ᠲᠠᠢ ᠬᠠᠮᠲᠤ᠎ᠪᠠᠷ᠂ ᠡᠨᠡ ᠵᠢᠯ᠎ᠤᠨ ᠲᠢᠶᠠᠨᠵᠢᠨ᠎ᠤ ᠲᠦᠷᠦᠭᠦᠴᠦᠳ᠎ᠤᠨ ᠬᠤᠷᠠᠯ ᠵᠶ᠋ᠠᠷ ᠠᠵᠠ ᠲᠣᠭᠢᠶᠠᠯ ᠪᠤᠯᠭ᠋ᠠᠵᠤ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢ ᠪᠣᠳᠠᠲᠠᠢ᠌ᠵᠢᠭᠤᠯᠤᠨ ᠬᠦᠴᠦᠷᠬᠡᠭᠵᠢᠭᠦᠯᠵᠦ᠂ ᠰᠢᠨ᠎ᠡ ᠬᠥᠭᠵᠢᠯᠲᠡ᠂ ᠰᠢᠨ᠎ᠡ ᠰᠢᠪᠲᠤᠯᠤᠯᠲᠠ᠂ ᠰᠢᠨ᠎ᠡ ᠳᠦᠷᠰᠦ ᠪᠠᠢ᠌ᠳᠠᠯ᠎ᠢ ᠢᠯᠡᠷᠡᠭᠦᠯᠦᠨ᠎ᠡ ᠭᠡᠵᠦ ᠵᠢᠭ᠋ᠠᠵᠤ ᠭᠠᠷᠭ᠋ᠠᠪᠠ᠃

      ᠲᠦᠸᠸᠺᠠᠶᠸᠹ᠂ ᠳᠤᠮᠳᠠᠳᠤ ᠤᠯᠤᠰ ᠪᠣᠯ ᠺᠠᠽᠠᠬᠰᠲ᠋ᠠᠨ᠎ᠤ ᠨᠥᠭᠦᠷᠰᠡᠭ ᠬᠥᠷᠰᠢ᠂ ᠳᠣᠲᠣᠨᠣ ᠨᠠᠢ᠌ᠵᠠ ᠪᠠ ᠨᠠᠢ᠌ᠳᠠᠪᠤᠷᠢᠲᠠᠢ ᠬᠠᠨᠢᠲᠠᠨ ᠮᠥᠨ᠃ ᠺᠠᠽᠠᠬᠰᠲ᠋ᠠᠨ ᠳᠤᠮᠳᠠᠳᠤ ᠵᠢᠨ ᠥᠨᠢᠳᠡ ᠵᠢᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠶᠠᠭ ᠰᠢᠨ᠎ᠡ ᠰᠢᠵᠢᠷ ᠠᠯᠳᠠᠨ ᠴᠠᠭ ᠦᠶ᠎ᠡ᠎ᠳᠤ ᠣᠷᠣᠵᠤ᠂ ᠬᠣᠶᠠᠷ ᠤᠯᠤᠰ᠎ᠤᠨ ᠠᠵᠤ ᠠᠬᠤᠢ ᠨᠡᠢ᠌ᠭᠡᠮ᠎ᠤᠨ ᠦᠷᠭᠦᠯᠵᠢᠯᠡᠬᠦ ᠬᠥᠭᠵᠢᠯᠲᠡ᠎ᠳᠤ ᠬᠦᠴᠦᠨ ᠨᠡᠮᠡᠷᠢᠯᠡᠵᠦ᠂ ᠬᠣᠶᠠᠷ ᠲᠠᠯ᠎ᠠ ᠵᠢᠨ ᠠᠷᠠᠳ ᠲᠦᠮᠡᠨ᠎ᠳᠤ ᠪᠤᠶᠠᠨ ᠦᠢ᠍ᠯᠡᠳᠴᠦ᠂ ᠤᠯᠤᠰ ᠪᠣᠯᠣᠨ ᠤᠯᠤᠰ᠎ᠤᠨ ᠬᠣᠭᠣᠷᠣᠨᠳᠣᠭᠢ ᠬᠠᠷᠢᠯᠴᠠᠭ᠎ᠠ ᠵᠢᠨ ᠬᠡᠪ ᠳᠠᠭᠤᠷᠢᠶᠠᠯ ᠪᠣᠯᠵᠠᠢ᠃ ᠺᠠᠽᠠᠬᠰᠲ᠋ᠠᠨ ᠳᠤᠮᠳᠠᠳᠤ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠴᠢᠩᠭ᠎ᠠ ᠤᠯᠤᠰ ᠲᠦᠷᠦ ᠵᠢᠨ ᠬᠦᠰᠡᠯ᠎ᠲᠠᠢ ᠶᠤᠮ᠂ ᠡᠷᠬᠡ ᠮᠡᠳᠡᠯ᠂ ᠠᠮᠤᠷ ᠲᠦᠪᠰᠢᠨ ᠵᠡᠷᠭᠡ ᠲᠤᠰ ᠲᠤᠰ᠎ᠤᠨ ᠵᠶ᠋ᠠᠨ ᠭᠣᠣᠯᠯᠠᠭᠴᠢ ᠠᠰᠢᠭ ᠲᠤᠰᠠ᠎ᠳᠤ ᠬᠣᠯᠪᠣᠭᠳᠠᠬᠤ ᠠᠰᠠᠭᠤᠳᠠᠯ ᠳᠡᠭᠡᠷ᠎ᠡ ᠢᠮᠠᠭᠲᠠ ᠬᠠᠷᠢᠯᠴᠠᠨ ᠳᠡᠮᠵᠢᠯᠴᠡᠵᠦ᠂ ᠳᠡᠯᠡᠬᠡᠢ ᠵᠢᠨ ᠪᠠᠢ᠌ᠳᠠᠯ᠎ᠤᠨ ᠬᠤᠪᠢᠷᠠᠯᠲᠠ᠎ᠳᠤ ᠨᠥᠯᠥᠭᠡᠯᠡᠭᠳᠡᠬᠦ ᠦᠭᠡᠢ ᠶᠤᠮ᠃ ᠲᠡᠷᠢᠭᠦᠯᠡᠭᠴᠢ ᠰᠢ ᠵᠢᠨ ᠫᠢᠩ᠎ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠢ᠍ᠯᠡᠰ ᠠᠭᠤᠤ ᠶᠡᠬᠡ ᠠᠮᠵᠢᠯᠲᠠ ᠣᠯᠪᠠ᠂ ᠡᠭᠦᠨ᠎ᠳᠤ ᠺᠠᠽᠠᠬᠰᠲ᠋ᠠᠨ᠎ᠤ᠎ᠬᠢᠨ ᠴᠢᠩ ᠰᠡᠳᠬᠢᠯ᠎ᠠᠴᠠ᠎ᠪᠠᠨ ᠪᠠᠶᠠᠷᠯᠠᠵᠤ᠂ ᠳᠤᠮᠳᠠᠳᠤ ᠤᠯᠤᠰ ᠲᠠᠰᠤᠷᠠᠯᠲᠠ ᠦᠭᠡᠢ ᠨᠡᠩ ᠶᠡᠬᠡ ᠬᠥᠭᠵᠢᠯᠲᠡ ᠵᠢᠨ ᠠᠮᠵᠢᠯᠲᠠ ᠣᠯᠬᠤ ᠵᠢ ᠪᠠᠲᠤ ᠢᠲᠡᠭᠡᠵᠦ ᠪᠠᠢ᠌ᠨ᠎ᠠ᠃ ᠺᠠᠽᠠᠬᠰᠲ᠋ᠠᠨ᠎ᠤ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠪᠠᠢ᠌ᠯᠳᠤᠬᠤ ᠪᠣᠳᠣᠯᠭ᠎ᠠ ᠵᠢᠨ ᠢᠲᠡᠭᠡᠯᠴᠡᠭᠡ ᠪᠣᠯᠣᠨ ᠪᠦᠭᠦ ᠲᠠᠯ᠎ᠠ ᠵᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ᠂ ᠬᠣᠶᠠᠷ ᠤᠯᠤᠰ᠎ᠤᠨ ᠬᠠᠷᠢᠯᠴᠠᠭ᠎ᠠ ᠵᠢ ᠰᠢᠨ᠎ᠡ ᠲᠦᠪᠰᠢᠨ᠎ᠳᠤ ᠬᠦᠷᠭᠡᠨ᠎ᠡ᠃ ᠬᠣᠶᠠᠷ ᠤᠯᠤᠰ ᠵᠶ᠋ᠠᠷ ᠵᠶ᠋ᠠᠨ 《ᠨᠢᠭᠡ ᠪᠦᠰᠡ ᠨᠢᠭᠡ ᠵᠠᠮ》᠎ᠢ ᠴᠢᠨᠠᠷ ᠰᠠᠢ᠌ᠲᠠᠢ ᠬᠠᠮᠲᠤ᠎ᠪᠠᠷ ᠪᠦᠲᠦᠭᠡᠨ ᠪᠠᠢ᠌ᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠠᠵᠤ ᠦᠢ᠍ᠯᠡᠳᠪᠦᠷᠢ᠂ ᠬᠥᠳᠡᠭᠡ ᠠᠵᠤ ᠠᠬᠤᠢ᠂ ᠡᠨᠧᠷᠭᠢ᠂ ᠵᠠᠮ ᠬᠠᠷᠢᠯᠴᠠᠭ᠎ᠠ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠥᠷᠭᠡᠳᠬᠡᠵᠦ᠂ ᠰᠣᠶᠣᠯ᠂ ᠰᠤᠷᠭ᠋ᠠᠨ ᠬᠥᠮᠦᠵᠢᠯ᠂ ᠪᠡᠶ᠎ᠡ ᠵᠢᠨ ᠲᠠᠮᠢᠷ᠂ ᠵᠢᠭᠤᠯᠴᠢᠯᠠᠯ ᠵᠡᠷᠭᠡ ᠬᠦᠷᠢᠶᠡᠨ᠎ᠳᠠᠬᠢ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠨ ᠨᠢᠭᠲᠠᠷᠠᠭᠤᠯᠤᠶ᠎ᠠ᠃ ᠺᠠᠽᠠᠬᠰᠲ᠋ᠠᠨ᠎ᠤ᠎ᠬᠢᠨ ᠳᠤᠮᠳᠠᠳᠤ ᠤᠯᠤᠰ᠎ᠤᠨ ᠳᠡᠯᠡᠬᠡᠢ ᠵᠢᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠬᠤ ᠡᠭᠦᠷᠭᠡᠯᠡᠯ ᠴᠢᠷᠮᠠᠢ᠌ᠯᠭ᠎ᠠ ᠵᠢ ᠳᠡᠭᠡᠳᠦ ᠬᠡᠮᠵᠢᠶ᠎ᠡ᠎ᠪᠠᠷ ᠦᠨᠡᠯᠡᠬᠦ ᠵᠢᠨ ᠵᠡᠷᠭᠡ᠎ᠪᠠᠷ ᠢᠳᠡᠪᠬᠢᠲᠡᠢ ᠲᠡᠮᠵᠢᠵᠥ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ᠂ ᠠᠯᠳᠠᠨ ᠲᠣᠭᠣᠰᠭ᠋᠎ᠠ ᠤᠯᠤᠰ᠎ᠤᠳ᠂ ᠳᠤᠮᠳᠠᠳᠤ ᠤᠯᠤᠰ - ᠳᠤᠮᠳᠠ ᠠᠽᠢᠶ᠎ᠠ ᠵᠢᠨ ᠲᠣᠭᠲᠠᠴᠠ᠂ ᠠᠽᠢᠶ᠎ᠠ ᠲᠢᠪ᠎ᠤᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ ᠠᠷᠭ᠎ᠠ ᠬᠡᠮᠵᠢᠶ᠎ᠡ ᠵᠢᠨ ᠬᠤᠷᠠᠯ ᠵᠡᠷᠭᠡ ᠤᠯᠠᠨ ᠲᠠᠯᠠᠲᠤ ᠲᠣᠭᠲᠠᠴᠠ᠎ᠳᠤ ᠦᠷᠭᠦᠯᠵᠢᠯᠡᠨ ᠨᠢᠭᠲᠠ ᠬᠠᠮᠲᠤᠷᠠᠯᠴᠠᠵᠤ᠂ ᠬᠠᠷᠢᠯᠴᠠᠨ ᠲᠡᠮᠵᠢᠵᠥ᠂ ᠤᠯᠠᠨ ᠤᠯᠤᠰ᠎ᠤᠨ ᠡᠮᠬᠢ ᠳᠢᠭᠯᠢᠮ᠎ᠤᠨ ᠨᠡᠩ ᠲᠥᠪ ᠭᠣᠣᠯᠴᠢ ᠵᠦᠢ ᠵᠣᠬᠢᠰᠲᠠᠢ ᠴᠢᠭᠯᠡᠯ ᠲᠡᠢ᠌ᠰᠢ ᠬᠥᠭᠵᠢᠬᠦ ᠵᠢ ᠠᠬᠢᠭᠤᠯᠤᠨ᠎ᠠ ᠭᠡᠵᠦ ᠢᠯᠡᠳᠬᠡᠪᠡ᠃

      ᠬᠡᠯᠡᠯᠴᠡᠭᠡ ᠲᠡᠭᠦᠰᠦᠭᠰᠡᠨ᠎ᠤ ᠳᠠᠷᠠᠭ᠎ᠠ᠂ ᠬᠣᠶᠠᠷ ᠤᠯᠤᠰ᠎ᠤᠨ ᠲᠡᠷᠢᠭᠦᠨ ᠬᠣᠶᠠᠷ ᠲᠠᠯ᠎ᠠ᠎ᠪᠠᠷ ᠵᠶ᠋ᠠᠨ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠪᠣᠭᠣᠮᠲᠠ᠂ ᠵᠢᠭᠤᠯᠴᠢᠯᠠᠯ᠂ ᠵᠠᠭᠤᠴᠢᠯᠠᠭᠤᠷ ᠵᠡᠷᠭᠡ ᠬᠦᠷᠢᠶ᠎ᠡ ᠵᠢ ᠬᠠᠮᠤᠷᠤᠭᠰᠠᠨ 10 ᠭᠠᠷᠤᠢ ᠬᠤᠪᠢ ᠬᠣᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ ᠰᠣᠯᠢᠯᠴᠠᠬᠤ ᠵᠢ ᠬᠠᠮᠲᠤ᠎ᠪᠠᠷ ᠭᠡᠷᠡᠴᠢᠯᠡᠪᠡ᠃

      ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃

      ᠢᠷᠡᠯᠲᠡ᠄ ᠦᠪᠦᠷ  ᠮᠣᠩᠭᠤᠯ᠎ᠤᠨ ᠡᠳᠦᠷ᠎ᠤᠨ ᠰᠣᠨᠢᠨ

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ—ᠳᠤᠮᠳᠠ ᠠᠽᠢᠶ᠎ᠠ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠬᠰᠠᠨ ᠪᠥᠭᠡᠳ ᠭᠣᠣᠯ ᠵᠤᠷᠢᠯᠳᠠᠳᠤ ᠦᠭᠡ ᠬᠡᠯᠡᠪᠡ
            
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠭᠤᠣᠯᠳᠠᠯᠭ᠎ᠠ᠎ᠲᠠᠢ ᠡᠭᠦᠷᠭᠡ ᠵᠢᠨ ᠬᠤᠪᠢᠶᠠᠷᠢᠯᠠᠯ᠎ᠢ ᠲᠣᠭᠲᠠᠭ᠋ᠠᠪᠠ
ᠰᠢ ᠵᠢᠨ ᠫᠢᠩ ᠹᠦᠵᠧᠦ᠎ᠳᠤ ᠪᠠᠶ᠋ᠢᠴᠠᠭ᠋ᠠᠨ ᠰᠤᠳᠤᠯᠤᠯᠲᠠ ᠬᠢᠪᠡ
ᠰᠢ ᠵᠢᠨ ᠫᠢᠩ᠄ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠲᠠᠯ᠎ᠠ᠎ᠪᠠᠷ ᠨᠠᠩ ᠶᠡᠭᠡ ᠵᠢᠳᠬᠦᠯ ᠴᠢᠷᠮᠠᠶ᠋ᠢᠯᠭ᠎ᠠ ᠭᠠᠷᠭ᠋ᠠᠵᠥ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠹᠦᠵᠢᠶᠠᠨ᠎ᠤ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠳᠡᠢ
 
            